ᠮᠠᠨ ᠤ ᠠᠶᠢᠮᠠᠭ ︽ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠪᠠᠳᠠᠷᠠᠭᠤᠯᠵᠦ ᠤᠯᠠᠨ ᠲᠦᠮᠡᠨ ᠤ ᠳᠤᠮᠳᠠ ᠭᠦᠨᠵᠡᠭᠡᠶᠢᠷᠡᠬᠦ︾ ᠦᠨᠳᠦᠰᠦᠨ ᠱᠠᠲᠦᠨ ᠤ ᠶᠡᠷᠦᠩᠬᠡᠢ ᠤᠢᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠶᠠᠪᠤᠬᠳᠠᠭᠤᠯᠪᠠ
ᠨᠡᠶᠢᠲᠡᠯᠡᠭᠰᠡᠨ ᠴᠠᠭ᠄
2018-10-14
    11 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠳᠠᠭᠠᠭᠠᠴᠢᠯᠡᠨ ᠡᠷᠬᠢᠯᠡᠭᠰᠡᠨ ᠮᠠᠨ ᠤ ᠠᠶᠢᠮᠠᠭ ᠤᠨ ︽ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠪᠠᠳᠠᠷᠠᠭᠤᠯᠵᠦ ᠤᠯᠠᠨ ᠲᠦᠮᠡᠨ ᠤ ᠳᠤᠮᠳᠠ ᠭᠦᠨᠵᠡᠭᠡᠶᠢᠷᠡᠬᠦ︾ ᠦᠨᠳᠦᠰᠦᠨ ᠱᠠᠲᠦᠨ ᠤ ᠶᠡᠷᠦᠩᠬᠡᠢ ᠤᠢᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠡᠮᠤᠨᠡᠲᠦ ᠬᠤᠰᠢᠭᠤᠨ ᠤ ᠰᠢᠩ ᠺᠧ ᠨᠡᠶᠢᠭᠡᠮ ᠲᠤᠭᠤᠷᠢᠬ ᠲᠤ ᠠᠮᠵᠢᠯᠲᠠᠲᠠᠢ ᠶᠠᠪᠤᠬᠳᠠᠪᠠ᠃    ᠡᠬᠢᠯᠡᠯᠲᠡ ᠶᠢᠨ ᠶᠤᠰᠤᠯᠠᠯ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠬᠦᠭᠡ ᠪᠠ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠵᠢᠴᠢ ᠡᠯ᠎ᠠ ᠬᠤᠰᠢᠭᠤ ᠰᠢᠶᠠᠨ ᠬᠤᠲᠠ ᠶᠢᠨ ᠲᠠᠯ᠎ᠠ ᠨᠤᠲᠤᠭ ᠤᠨ ᠶᠡᠷᠦᠩᠬᠡᠢ ᠤᠢᠢᠯᠡᠴᠢᠯᠡᠭᠡᠨ ᠤ ᠬᠦᠡᠭᠭᠡᠨ ᠮᠤᠷᠢᠲᠦ ᠴᠡᠷᠢᠭ ᠤᠨ ᠠᠩᠬᠢ᠂ ᠠᠶᠢᠮᠠᠭ ᠤᠨ ᠰᠢᠭᠤᠳ ᠬᠠᠷᠢᠶ᠎ᠠ ᠲᠠᠯ᠎ᠠ ᠨᠤᠲᠤᠭ ᠤᠨ ᠶᠡᠷᠦᠩᠬᠡᠢ ᠤᠢᠢᠯᠡᠴᠢᠯᠡᠭᠡᠨ ᠤ ᠬᠦᠡᠭᠭᠡᠨ ᠮᠤᠷᠢᠲᠦ ᠴᠡᠷᠢᠭ ᠤᠨ ᠪᠦᠬᠦ ᠭᠡᠰᠢᠭᠦᠨ ᠤᠷᠤᠯᠴᠠᠬᠰᠠᠨ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠶᠢ ᠰᠢ ᠶᠢᠨ ᠫᠢᠡᠭ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ ᠤᠢᠢᠯᠡᠰ ᠤᠨ ᠬᠦᠭᠵᠢᠯᠲᠠ ᠶᠢᠨ ᠲᠤᠬᠠᠢ ᠴᠢᠬᠤᠯᠠ ᠵᠢᠭᠠᠪᠦᠷᠢ ᠶᠢᠨ ᠵᠤᠷᠢᠬ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠦᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠠᠶᠢᠮᠠᠭ ᠤᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠠᠤᠯᠢ ᠴᠠᠭᠠᠵᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠰᠤᠶᠤᠯ ᠪᠡᠶ᠎ᠠ ᠲᠠᠮᠢᠷ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠤᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶ᠎ᠠ᠂ ᠶᠠᠳᠠᠭᠤ ᠶᠢ ᠲᠡᠳᠭᠦᠬᠦ ᠠᠯᠪᠠᠨ ᠭᠡᠷ ᠠᠴᠠ ᠬᠠᠮᠳᠦᠷᠠᠨ ᠡᠷᠬᠢᠯᠡᠵᠠᠢ᠃    ᠲᠤᠰ ᠤᠳᠠᠭᠠᠨ ᠤ ᠠᠵᠢᠯᠯᠠᠭ᠎ᠠ ᠨᠢ ᠪᠦᠬᠦ ᠨᠡᠶᠢᠭᠡᠮ ᠢᠶᠠᠷ ᠢᠶᠠᠨ ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠤᠯᠠᠮᠵᠢᠯᠡᠨ ᠪᠠᠳᠠᠷᠠᠭᠤᠯᠵᠦ᠂ ︽ᠤᠯᠠᠭᠠᠨᠮᠦ᠋ᠴᠢᠷ +︾ ᠬᠡᠯᠪᠡᠷᠢ ᠪᠠᠷ ᠲᠠᠯ᠎ᠠ ᠨᠤᠲᠤᠭ ᠤᠨ ᠬᠦᠡᠭᠭᠡᠨ ᠮᠤᠷᠢᠲᠦ ᠴᠡᠷᠢᠭ ᠤᠨ ᠶᠡᠷᠦᠩᠬᠡᠢ ᠤᠢᠢᠯᠡᠴᠢᠯᠡᠭᠡᠨ ᠤ ᠠᠩᠬᠢ ᠶᠢ ᠵᠤᠬᠢᠶᠠᠨ ᠪᠠᠶᠢᠭᠤᠯᠵᠦ᠂ ᠦᠨᠳᠦᠰᠦᠨ ᠱᠠᠲᠦ ᠪᠠᠷ ᠭᠦᠡᠵᠡᠭᠡᠶᠢᠷᠡᠵᠦ ᠤᠬᠠᠭᠤᠯᠤᠨ ᠲᠠᠶᠢᠯᠪᠦᠷᠢᠯᠡᠬᠤ᠂ ᠬᠠᠪᠰᠦᠷᠦᠨ ᠤᠳᠤᠷᠢᠳᠬᠤ᠂ ᠤᠢᠢᠯᠡᠴᠢᠯᠡᠭᠡ ᠬᠢᠵᠦ᠂ ᠮᠠᠯᠴᠢᠨ ᠲᠠᠷᠢᠶᠠᠴᠢᠨ ᠲᠦᠮᠡᠨ ᠪᠠ ᠨᠡᠶᠢᠭᠡᠮ ᠲᠤᠭᠤᠷᠢᠬ ᠤᠨ ᠰᠠᠭᠤᠭᠠᠯᠢ ᠠᠷᠡᠳ ᠤᠨ ᠰᠤᠶᠤᠯ ᠤᠨ ᠠᠮᠢᠳᠦᠷᠠᠯ ᠤᠨ ᠱᠠᠭᠠᠷᠳᠠᠯᠭ᠎ᠠ ᠶᠢ ᠨᠡᠩ ᠰᠠᠶᠢᠳᠦᠷ ᠬᠠᠨᠭ᠍ᠭᠠᠵᠦ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠤ ᠬᠦᠭᠵᠢᠭᠦᠯᠦᠯᠲᠠ ᠳᠤ ᠬᠦᠴᠦ ᠨᠡᠮᠠᠷᠢᠯᠠᠵᠦ᠂ ᠵᠤᠯ ᠵᠢᠷᠭᠠᠯᠲᠦ ᠬᠢᠨᠭ᠍ᠭᠠᠨ ᠤ ᠪᠦᠲᠦᠭᠡᠨ ᠪᠠᠶᠢᠭᠤᠯᠦᠯᠲᠡ ᠶᠢ ᠲᠦᠷᠭᠡᠳᠭᠡᠬᠦ ᠳᠤ ᠤᠶᠤᠨ ᠰᠠᠨᠠᠭᠠᠨ ᠤ ᠲᠤᠯᠭᠠᠭᠤᠷᠢᠯᠡᠯ ᠢ ᠬᠠᠨᠭ᠍ᠭᠠᠬᠤ ᠪᠠᠷ ᠵᠤᠷᠢᠯᠭ᠎ᠠ ᠪᠠᠨ ᠪᠤᠯᠭᠠᠪᠠ᠃    ᠡᠬᠢᠯᠡᠯᠲᠡ ᠶᠢᠨ ᠶᠤᠰᠤᠯᠡᠯ ᠤᠨ ᠲᠡᠷᠢᠭᠦᠨ ᠳᠤ᠂ ᠠᠶᠢᠮᠠᠬ ᠤᠨ ᠨᠠᠮ ᠤᠨ ᠬᠤᠷᠢᠶ᠎ᠠ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠬᠦᠭᠡ ᠠᠴᠠ ᠡᠯ᠎ᠠ ᠪᠠᠶᠢᠭᠤᠯᠤᠯᠭ᠎ᠠ ᠨᠢᠭᠡᠴᠡ ᠶᠢ ᠤᠯᠠᠭᠠᠨᠮᠦ᠋ᠴᠢᠷ ᠤᠨ ᠵᠤᠷᠢᠬ ᠰᠠᠨᠠᠭ᠎ᠠ ᠶᠢ ᠤᠯᠠᠮ ᠢᠯᠡᠭᠦᠦ ᠪᠠᠳᠠᠷᠠᠭᠤᠯᠵᠦ᠂ ᠦᠨᠳᠦᠰᠦᠨ ᠱᠠᠲᠦ ᠪᠠᠷ ᠭᠦᠨᠵᠡᠭᠡᠶᠢᠷᠡᠵᠦ ᠤᠯᠠᠨ ᠲᠦᠮᠡᠨ ᠤ ᠠᠮᠢᠳᠦᠷᠠᠯ ᠲᠠᠢ ᠤᠢᠢᠷᠠᠳᠦᠵᠦ᠂ ᠤᠯᠠᠨ ᠲᠦᠮᠡᠨ ᠳᠤ ᠰᠠᠶᠢᠳᠦᠷ ᠤᠢᠢᠯᠡᠴᠢᠯᠡᠬᠦ ᠲᠤᠬᠠᠢ ᠦᠭᠡ ᠶᠠᠷᠢᠬᠰᠠᠨ ᠪᠠᠶᠢᠨ᠎ᠠ᠃ ᠳᠠᠷᠠᠭ᠎ᠠ ᠳᠤᠨᠢ ᠠᠶᠢᠮᠠᠭ ᠤᠨ ᠰᠢᠭᠤᠳ ᠬᠠᠷᠢᠶ᠎ᠠ ᠲᠠᠯ᠎ᠠ ᠨᠤᠲᠤᠭ ᠤᠨ ᠶᠡᠷᠦᠩᠬᠡᠢ ᠤᠢᠢᠯᠡᠴᠢᠯᠡᠭᠡᠨ ᠤ ᠬᠦᠡᠭᠭᠡᠨ ᠮᠤᠷᠢᠲᠦ ᠴᠡᠷᠢᠭ ᠤᠨ 16 ᠪᠦᠬᠦ ᠭᠡᠰᠢᠭᠦᠨ ᠲᠠᠶᠢᠰᠠᠨ ᠳᠤ ᠭᠠᠷᠴᠦ ᠤᠯᠠᠨ ᠲᠦᠮᠡᠨ ᠲᠠᠢ ᠪᠠᠨ ᠵᠤᠯᠭᠠᠵᠦ᠂ ᠤᠳᠤᠷᠢᠳᠤᠯᠭ᠎ᠠ ᠨᠠᠷ ᠠᠴᠠ ᠵᠢᠷᠭᠤᠭᠠᠨ ᠬᠤᠰᠢᠭᠤ ᠰᠢᠶᠠᠨ ᠬᠤᠲᠠ ᠪᠠ ᠠᠶᠢᠮᠠᠭ ᠤᠨ ᠰᠢᠭᠤᠳ ᠬᠠᠷᠢᠶ᠎ᠠ ᠶᠢᠨ 13 ᠲᠠᠯ᠎ᠠ ᠨᠤᠲᠤᠭ ᠤᠨ ᠶᠡᠷᠦᠩᠬᠡᠢ ᠤᠢᠢᠯᠡᠴᠢᠯᠡᠭᠡᠨ ᠤ ᠬᠦᠡᠭᠭᠡᠨ ᠮᠤᠷᠢᠲᠦ ᠴᠡᠷᠢᠭ ᠤᠨ ᠤᠢᠢᠯᠡᠴᠢᠯᠡᠭᠡᠨ ᠤ ᠠᠩᠬᠢ ᠶᠢᠨ ᠳᠠᠷᠤᠭ᠎ᠠ ᠨᠡᠷ ᠲᠤ ᠲᠤᠭ ᠤᠯᠭᠤᠵᠠᠢ᠃ ᠬᠠᠮᠤᠭ ᠰᠡᠭᠦᠯ ᠳᠤᠨᠢ ᠡᠮᠤᠨᠡᠲᠦ ᠬᠤᠰᠢᠭᠤᠨ ᠤ ᠲᠠᠯ᠎ᠠ ᠨᠤᠲᠤᠭ ᠤᠨ ᠶᠡᠷᠦᠩᠬᠡᠢ ᠤᠢᠢᠯᠡᠴᠢᠯᠡᠭᠡᠨ ᠤ ᠬᠦᠡᠭᠭᠡᠨ ᠮᠤᠷᠢᠲᠦ ᠴᠡᠷᠢᠭ ᠤᠨ ᠤᠢᠢᠯᠡᠴᠢᠯᠡᠭᠡᠨ ᠤ ᠠᠩᠬᠢ ᠶᠢᠨ ᠳᠠᠷᠤᠭ᠎ᠠ ᠠᠴᠠ ᠪᠦᠬᠦ ᠠᠶᠢᠮᠠᠭ ᠤᠨ ᠲᠠᠯ᠎ᠠ ᠨᠤᠲᠤᠭ ᠤᠨ ᠶᠡᠷᠦᠩᠬᠡᠢ ᠤᠢᠢᠯᠡᠴᠢᠯᠡᠭᠡᠨ ᠤ ᠬᠦᠡᠭᠭᠡᠨ ᠮᠤᠷᠢᠲᠦ ᠴᠡᠷᠢᠭ ᠢᠶᠠᠨ ᠲᠦᠯᠦᠭᠡᠯᠡᠨ ᠵᠤᠷᠢᠬ ᠢᠶᠠᠨ ᠢᠯᠡᠳᠭᠡᠵᠦ᠂ ᠡᠬᠢᠯᠡᠯᠲᠡ ᠶᠢᠨ ᠶᠤᠰᠤᠯᠠᠯ ᠢᠶᠠᠨ ᠲᠡᠭᠦᠰᠭᠡᠭᠰᠡᠨ ᠪᠠᠶᠢᠨ᠎ᠠ᠃ ᠡᠬᠢᠯᠡᠯᠲᠡ ᠶᠢᠨ ᠶᠤᠰᠤᠯᠠᠯ ᠤᠨ ᠳᠠᠷᠠᠭ᠎ᠠ ᠬᠢᠨᠭ᠍ᠭᠠᠨ ᠤᠯᠠᠭᠠᠨᠮᠦ᠋ᠴᠢᠷ ᠠᠴᠠ ᠤᠷᠠᠨ ᠰᠠᠶᠢᠬᠠᠨ ᠤ ᠲᠤᠬᠯᠠᠯᠲᠠ ᠭᠠᠷᠭᠠᠵᠦ᠂ ᠬᠦᠷᠦᠯᠴᠡᠨ ᠢᠷᠡᠭᠰᠡᠨ ᠪᠦᠬᠦᠨ ᠤ ᠪᠠᠨ ᠬᠠᠷᠠᠭ᠎ᠠ ᠰᠤᠨᠤᠷ ᠢ ᠪᠠᠶᠠᠰᠬᠠᠬᠤ ᠶᠢᠨ ᠬᠠᠮᠲᠦ ᠰᠤᠶᠤᠯ ᠤᠨ ᠠᠮᠢᠳᠦᠷᠠᠯ ᠢ ᠨᠢ ᠪᠠᠶᠠᠯᠢᠬᠵᠢᠭᠤᠯᠵᠦ ᠦᠷᠭᠡᠨ ᠤᠯᠠᠨ ᠤ ᠪᠠᠨ ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ ᠢᠳᠡ ᠬᠦᠭ ᠲᠠᠢ ᠶᠠᠪᠤᠬᠳᠠᠬᠰᠠᠨ ᠪᠠᠶᠢᠨ᠎ᠠ᠃    ᠡᠨᠡᠬᠦ ᠠᠵᠢᠯᠯᠠᠭ᠎ᠠ ᠨᠢ ᠤᠳᠤ ᠠᠴᠠ ᠡᠬᠢᠯᠡᠨ ᠵᠢᠯ ᠤᠨ ᠡᠴᠤᠰ ᠪᠤᠯᠳᠠᠯ᠎ᠠ ᠶᠠᠪᠤᠬᠳᠠᠬᠤ ᠪᠤᠯᠤᠨ᠎ᠠ᠃ᠵᠢᠷᠤᠬ ᠪᠤᠯ᠂ ᠬᠢᠨᠭ᠍ᠭᠠᠨ ᠤᠯᠠᠭᠠᠨᠮᠦ᠋ᠴᠢᠷ ᠠᠴᠠ ᠤᠷᠠᠨ ᠰᠠᠶᠢᠬᠠᠨ ᠤ ᠳᠤᠬᠯᠠᠯᠳᠠ ᠭᠠᠷᠭᠠᠵᠤ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号