ᠬᠠᠭᠤᠷᠠᠢ ᠬᠦᠭᠡ ᠡᠪᠡᠰᠤ ᠶᠢ ᠳᠠᠷᠤᠰᠢᠭᠤᠯᠤᠨ ᠤᠷᠳᠤ ᠳᠦᠷᠪᠡᠯᠵᠢᠨ ᠪᠤᠶᠤ ᠪᠦᠭᠡᠷᠡᠩᠬᠡᠢ ᠬᠡᠯᠪᠡᠷᠢᠳᠠᠢ ᠡᠪᠡᠰᠤᠨ | ᠤᠪᠤᠭ᠎ᠠ ᠪᠤᠯᠭᠠᠵᠤ ᠬᠠᠳᠠᠭᠠᠯᠠᠨ᠎ᠠ᠃ ᠶᠡᠷᠦ ᠳᠡᠭᠡᠨ ᠡᠪᠡᠰᠤᠨ ᠤᠪᠤᠭᠠᠨ ᠤ ᠨᠢᠭᠳᠠᠴᠠ ᠨᠢ ᠪᠤᠰᠤᠭ᠎ᠠ ᠳᠦᠷᠪᠡᠯᠵᠢᠨ | ᠮᠧᠳ᠋ᠷ ᠪᠦᠷᠢ ᠳᠤ 80 — 130 ᠺᠢᠯᠦᠭᠷᠡᠮ ᠠᠴᠠ ᠳᠡᠭᠡᠭᠰᠢ ᠪᠠᠶᠢᠯᠭᠠᠨ᠎ᠠ᠃ ᠦᠨᠳᠤᠷ ᠳᠠᠷᠤᠯᠳᠠᠳᠤ | ᠪᠤᠭᠤᠵᠢᠯᠠᠬᠤ ᠮᠠᠰᠢᠨ ᠢ ᠠᠰᠢᠭᠯᠠᠨ ᠡᠪᠡᠰᠤᠨ ᠤᠪᠤᠭᠠᠨ ᠤ ᠨᠢᠭᠳᠠᠴᠠ ᠶᠢ ᠪᠤᠰᠤᠭ᠎ᠠ ᠳᠦᠷᠪᠡᠯᠵᠢᠨ ᠮᠧᠳ᠋ᠷ ᠪᠦᠷᠢ ᠳᠤ | 200 ᠺᠢᠯᠦᠭᠷᠡᠮ ᠠᠴᠠ ᠳᠡᠭᠡᠭᠰᠢ ᠪᠠᠶᠢᠯᠭᠠᠵᠤ᠂ ᠭᠠᠳᠠᠭᠠᠳᠤ ᠤᠷᠴᠢᠨ ᠲᠠᠢ ᠬᠦᠷᠦᠯᠴᠡᠬᠦ ᠳᠠᠯᠠᠪᠠᠢ ᠶᠢ ᠪᠠᠭᠠᠰᠬᠠᠵᠤ᠂ | ᠰᠢᠮ᠎ᠡ ᠳᠡᠵᠢᠭᠡᠯ ᠤᠨ ᠢᠰᠦᠯᠳᠦᠬᠦ ᠶᠢ ᠬᠢᠵᠠᠭᠠᠷᠯᠠᠨ᠎ᠠ᠃ ᠬᠠᠭᠤᠷᠠᠢ ᠡᠪᠡᠰᠤ ᠶᠢ ᠪᠤᠭᠤᠵᠢᠯᠠᠨ ᠬᠠᠳᠠᠭᠠᠯᠠᠬᠤ ᠨᠢ ᠰᠤᠯᠠ | ᠬᠠᠳᠠᠭᠠᠯᠠᠬᠤ ᠠᠴᠠ ᠰᠢᠮ᠎ᠡ ᠳᠡᠵᠢᠭᠡᠯ ᠤᠨ ᠰᠦᠢᠳᠦᠯ ᠢ 30% — 40% ᠪᠠᠭᠠᠰᠬᠠᠨ᠎ᠠ᠃ ᠪᠠᠭᠠᠰᠬᠠᠬᠤ ᠶᠢᠨ | ᠬᠠᠮᠳᠤ ᠵᠦᠭᠡᠭᠡᠪᠦᠷᠢᠯᠡᠬᠦ ᠪᠠ ᠬᠠᠳᠠᠭᠠᠯᠠᠬᠤ ᠳᠤ ᠳᠦᠭᠦᠮ ᠪᠠᠶᠢᠳᠠᠭ᠃ ᠶᠠᠮᠠᠷ ᠴᠤ ᠬᠠᠳᠠᠭᠠᠯᠠᠬᠤ ᠠᠷᠭ᠎ᠠ ᠬᠡᠷᠡᠭᠯᠡᠭᠰᠡᠨ | ᠴᠤ ᠦᠷᠭᠦᠯᠵᠢ ᠬᠠᠭᠤᠷᠠᠢ ᠡᠪᠡᠰᠤᠨ ᠤᠪᠤᠭᠠᠨ ᠤ ᠤᠰᠤᠨ ᠤ ᠠᠭᠤᠯᠤᠭᠳᠠᠴᠠ ᠪᠠ ᠳᠤᠯᠠᠭᠠᠨ ᠤ ᠬᠡᠮᠵᠢᠶ᠎ᠡ ᠶᠢ | ᠠᠩᠬᠠᠷᠬᠤ ᠬᠡᠷᠡᠭᠳᠡᠢ᠃ | ᠬᠠᠭᠤᠷᠠᠢ ᠡᠪᠡᠰᠤᠨ ᠤ ᠳᠠᠯᠬ᠎ᠠ ᠶᠢ ᠬᠠᠳᠠᠭᠠᠯᠠᠬᠤ ᠬᠤᠶᠠᠷ ᠵᠦᠢᠯ ᠤᠨ ᠠᠷᠭ᠎ᠠ ᠪᠠᠶᠢᠳᠠᠭ᠃ ᠨᠢᠭᠡ ᠳᠤ | ᠬᠠᠭᠤᠷᠠᠢ ᠪᠠᠷ ᠳᠤᠤᠷ᠎ᠠ ᠳᠤᠯᠠᠭᠠᠨ ᠳᠤ ᠬᠠᠳᠠᠭᠠᠯᠠᠬᠤ᠃ ᠤᠰᠤᠨ ᠤ ᠠᠭᠤᠯᠤᠭᠳᠠᠴᠠ ᠨᠢ 12% ᠦᠶᠡᠰ | ᠳᠤᠯᠠᠭᠠᠨ ᠨᠢ 15 ᠭᠷᠡᠳᠦ᠋ᠰ ᠳᠤᠷᠤᠭᠰᠢ᠂ ᠤᠰᠤᠨ ᠠᠭᠤᠯᠤᠭᠳᠠᠴᠠ ᠨᠢ 13% ᠦᠶᠡᠰ ᠳᠤᠯᠠᠭᠠᠨ ᠤ ᠬᠡᠮᠵᠢᠶ᠎ᠡ ᠨᠢ | 5 — 10 ᠭᠷᠡᠳᠦ᠋ᠰ ᠠᠴᠠ ᠳᠤᠷᠤᠭᠰᠢ ᠪᠠᠶᠢᠪᠠᠯ ᠵᠤᠬᠢᠨ᠎ᠠ᠃ ᠬᠤᠶᠠᠷ ᠲᠤ ᠳᠤᠤᠷ᠎ᠠ ᠳᠤᠯᠠᠭᠠᠨ ᠳᠤ | ᠪᠢᠳᠡᠭᠦᠮᠵᠢᠯᠡᠨ ᠬᠠᠳᠠᠭᠠᠬᠤ᠂ ᠡᠨᠡ ᠨᠢ ᠬᠤᠯᠤᠤᠪᠠᠩ ᠤᠨ ᠡᠳ᠋᠂ ᠤᠭᠤᠷᠠᠭ ᠤᠨ ᠰᠦᠢᠳᠦᠯ ᠢ ᠶᠡᠭᠡ ᠬᠡᠮᠵᠢᠶ᠎ᠡ ᠪᠠᠷ | ᠪᠠᠭᠠᠰᠬᠠᠵᠤ ᠴᠢᠳᠠᠨ᠎ᠠ᠃ ᠭᠦᠢᠳᠡᠨ ᠭᠠᠵᠠᠷ ᠤᠷᠤᠨ ᠳᠤ ᠪᠠᠶᠢᠭᠠᠯᠢᠯᠢᠭ ᠨᠦᠬᠦᠴᠡᠯ ᠢ ᠠᠰᠢᠭᠯᠠᠨ ᠳᠤᠯᠠᠭᠠᠨ ᠢ | ᠳᠤᠷᠤᠭᠰᠢᠯᠠᠭᠤᠯᠤᠭᠰᠠᠨ ᠤ ᠳᠠᠷᠠᠭ᠎ᠠ ᠳᠠᠬᠢᠨ ᠪᠢᠳᠡᠭᠦᠮᠵᠢᠯᠡᠨ᠎ᠡ᠃ | ᠬᠠᠭᠤᠷᠠᠢ ᠡᠪᠡᠰᠤ ᠶᠢ ᠠᠰᠢᠭᠯᠠᠬᠤ ᠳᠤ ︽ᠤᠷᠢᠳᠠᠪᠠᠷ ᠬᠠᠭᠤᠴᠢᠨ ᠡᠪᠡᠰᠤ ᠬᠤᠶᠢᠨ᠎ᠠ ᠨᠢ ᠰᠢᠨ᠎ᠡ ᠡᠪᠡᠰᠤ᠂ | ᠤᠷᠢᠳᠠᠪᠠᠷ ᠪᠦᠳᠦᠭᠦᠯᠢᠭ ᠡᠪᠡᠰᠤ ᠬᠤᠶᠢᠨ᠎ᠠ ᠨᠢ ᠨᠠᠷᠢᠯᠢᠭ ᠡᠪᠡᠰᠤ᠂ ᠬᠠᠭᠤᠴᠢᠨ ᠪᠦᠳᠦᠭᠦᠯᠢᠭ ᠡᠪᠡᠰᠤ ᠪᠠᠷ ᠪᠤᠳᠠ | ᠮᠠᠯ ᠢ ᠳᠡᠵᠢᠭᠡᠵᠤ ᠰᠢᠨ᠎ᠡ ᠨᠠᠷᠢᠯᠢᠭ ᠡᠪᠡᠰᠤ ᠪᠠᠷ ᠪᠤᠭ ᠮᠠᠯ᠂ ᠡᠭᠦᠯᠳᠡᠷ ᠰᠠᠶᠢᠵᠢᠷᠠᠭᠤᠯᠤᠭᠰᠠᠨ ᠰᠢᠯᠢᠳᠡᠭ ᠤᠢᠷ᠎ᠠ ᠶᠢᠨ | ᠮᠠᠯ ᠪᠠ ᠦᠨᠢᠶ᠎ᠡ ᠶᠢ ᠳᠡᠵᠢᠭᠡᠨ᠎ᠡ᠂ ᠵᠦᠭᠡᠯᠡᠨ ᠡᠪᠡᠰᠤ ᠪᠠᠷ ᠳᠦᠯ ᠢ ᠳᠡᠵᠢᠭᠡᠵᠤ ᠪᠦᠳᠦᠭᠦᠯᠢᠭ ᠡᠰᠢ ᠰᠦᠷᠡᠯ ᠢᠶᠠᠷ | ᠪᠤᠳᠠ ᠮᠠᠯ ᠢ ᠳᠡᠵᠢᠭᠡᠨ᠎ᠡ︾ ᠭᠡᠬᠦ ᠵᠠᠷᠴᠢᠮ ᠢ ᠪᠠᠷᠢᠮᠳᠠᠯᠠᠬᠤ ᠬᠡᠷᠡᠭᠳᠡᠢ᠃ ᠭᠡᠪᠡᠴᠤ ᠬᠠᠭᠤᠷᠠᠢ ᠬᠦᠭᠡ ᠡᠪᠡᠰᠤ ᠶᠢ | ᠳᠡᠵᠢᠭᠡᠬᠦ ᠠᠴᠠ ᠡᠮᠦᠨ᠎ᠡ ᠡᠷᠬᠡᠪᠰᠢ ᠬᠡᠷᠴᠢᠬᠦ ᠬᠡᠷᠡᠭᠳᠡᠢ᠃ ᠬᠡᠷᠴᠢᠬᠦ ᠤᠷᠳᠤ ᠶᠢᠨ ᠬᠡᠮᠵᠢᠶ᠎ᠡ ᠶᠢ ᠪᠤᠳᠠ ᠮᠠᠯ ᠳᠤ 2 | — 3 ᠰᠡᠨᠲ᠋ᠢᠮᠧᠳ᠋ᠷ︔ ᠪᠤᠭ ᠮᠠᠯ ᠳᠤ 1 — 2 ᠰᠡᠨᠲ᠋ᠢᠮᠧᠳ᠋ᠷ᠃ ᠬᠠᠭᠤᠷᠠᠢ ᠡᠪᠡᠰᠤ ᠶᠢ ᠨᠠᠷᠢᠯᠢᠭ ᠪᠤᠷᠳᠤᠭ᠎ᠠ᠂ | ᠡᠷᠦᠳᠡᠰᠤ᠂ ᠸᠢᠲ᠋ᠠᠮᠢᠨ ᠲᠠᠢ ᠬᠤᠯᠢᠮᠠᠭ ᠪᠤᠷᠳᠤᠭ᠎ᠠ ᠪᠤᠯᠭᠠᠵᠤ ᠪᠤᠯᠬᠤ ᠦᠭᠡᠢ᠃ ᠶᠡᠷᠦ ᠳᠡᠭᠡᠨ 60% — | 80% ᠶᠢᠨ ᠬᠠᠭᠤᠷᠠᠢ ᠡᠪᠡᠰᠤᠨ ᠳᠠᠯᠬ᠎ᠠ᠂ 17% — 37% ᠶᠢᠨ ᠨᠠᠷᠢᠯᠢᠭ ᠪᠤᠷᠳᠤᠭ᠎ᠠ ᠪᠠ 3% ᠶᠢᠨ | ᠡᠷᠦᠳᠠᠰᠤ ᠪᠤᠳᠠᠰ᠂ ᠸᠢᠲ᠋ᠠᠮᠢᠨ ᠢᠶᠠᠷ ᠨᠠᠶᠢᠷᠠᠭᠤᠯᠤᠨ ᠪᠦᠳᠦᠭᠡᠨ᠎ᠡ᠃ ᠪᠠᠰᠠ ᠮᠠᠰᠢᠨ ᠢ ᠠᠰᠢᠭᠯᠠᠨ ᠮᠦᠬᠦᠯᠢᠭ | ᠬᠡᠯᠪᠡᠷᠢ ᠲᠠᠢ᠂ ᠬᠡᠰᠡᠭᠯᠢᠭ ᠬᠠᠪᠳᠠᠰᠤ ᠬᠡᠯᠪᠡᠷᠢ ᠲᠠᠢ᠂ ᠬᠠᠪᠳᠠᠭᠠᠢ ᠬᠡᠯᠪᠡᠷᠢ ᠲᠠᠢ ᠭᠡᠬᠦ ᠵᠡᠷᠭᠡ ᠶᠢᠨ ᠪᠤᠷᠳᠤᠭ᠎ᠠ ᠪᠤᠯᠭᠠᠨ | ᠨᠠᠶᠢᠷᠠᠭᠤᠯᠵᠤ ᠪᠤᠯᠤᠨ᠎ᠠ᠃ ᠢᠩᠬᠢᠵᠤ ᠨᠠᠶᠢᠷᠠᠭᠤᠯᠤᠭᠰᠠᠨ ᠪᠤᠷᠳᠤᠭ᠎ᠠ ᠨᠢ ᠮᠠᠯ ᠳᠡᠵᠢᠭᠡᠪᠦᠷᠢ ᠶᠢᠨ ᠢᠳᠡᠰᠢ ᠭᠤᠯᠤᠬᠤ᠂ | ᠢᠳᠡᠰᠢ ᠰᠤᠩᠭᠤᠬᠤ ᠦᠵᠡᠭᠳᠡᠯ ᠡᠭᠦᠰᠬᠦ ᠠᠴᠠ ᠰᠡᠷᠭᠡᠶᠢᠯᠡᠵᠤ᠂ ᠳᠡᠵᠢᠭᠡᠯ ᠪᠤᠷᠳᠤᠭᠠᠨ ᠤ ᠰᠢᠮ᠎ᠡ ᠳᠡᠵᠢᠭᠡᠯ ᠤᠨ | ᠪᠦᠷᠢᠨ ᠭᠦᠢᠴᠡᠳ ᠪᠠᠶᠢᠬᠤ ᠶᠢ ᠪᠠᠳᠤᠯᠠᠵᠤ᠂ ᠮᠠᠯ ᠳᠡᠵᠢᠭᠡᠪᠦᠷᠢ ᠪᠤᠯᠪᠠᠰᠤᠷᠠᠭᠤᠯᠬᠤ ᠪᠠ ᠰᠢᠩᠭᠡᠭᠡᠬᠦ᠂ ᠤᠭᠤᠳᠠᠯᠠᠬᠤ᠂ | ᠵᠦᠭᠡᠭᠡᠪᠦᠷᠢᠯᠡᠬᠦ᠂ ᠬᠠᠳᠠᠭᠠᠯᠠᠬᠤ ᠳᠤ ᠠᠰᠢᠭᠳᠠᠢ ᠪᠠᠶᠢᠳᠠᠭ᠃ ᠭᠡᠪᠡᠴᠤ ᠪᠤᠷᠳᠤᠭ᠎ᠠ ᠶᠢ ᠢᠩᠬᠢᠵᠤ ᠬᠡᠯᠪᠡᠷᠢᠵᠢᠭᠦᠯᠬᠦ ᠨᠢ | ᠶᠡᠭᠡ ᠬᠡᠮᠵᠢᠶᠡᠨ ᠤ ᠪᠤᠯᠪᠠᠰᠤᠷᠠᠭᠤᠯᠬᠤ ᠮᠠᠰᠢᠨ ᠬᠡᠷᠡᠭᠯᠡᠬᠦ ᠠᠴᠠ ᠪᠤᠷᠳᠤᠭᠠᠨ ᠤ ᠦᠪᠡᠷ ᠤᠨ ᠦᠷᠳᠡᠭ ᠢ | ᠳᠡᠭᠡᠭᠰᠢᠯᠡᠭᠦᠯᠳᠡᠭ᠃ |