ᠬᠢᠩᠭᠠᠨ ᠠᠶᠢᠮᠠᠭ ᠤᠨ ︽ᠠᠨᠳᠠ ᠶᠢᠨ ᠨᠠᠶᠢᠷ︾ ᠤᠨ ᠰᠢᠷᠢᠰ ᠠᠵᠢᠯᠯᠠᠭ᠎ᠠ 2018 · ᠬᠤᠷᠴᠢᠨ ᠤ ᠲᠦᠷᠪᠡᠨ ᠤᠳᠠᠰᠤᠳᠤ ᠬᠤᠭᠤᠷ ᠤᠨ ᠤᠷᠠᠯᠢᠭ ᠤᠨ ᠬᠠᠮ ᠲᠤᠭᠯᠠᠯᠳᠠ ᠨᠢᠵᠢᠬᠢᠷ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2018-11-01
  ᠲᠠᠩᠰᠤᠭ ᠨᠠᠮᠤᠷ ᠤᠨ ᠲᠠᠪᠠᠳᠠᠢ ᠰᠠᠶᠢᠬᠠᠨ ᠤᠯᠠᠷᠢᠯ ᠤᠨ 10 ᠰᠠᠷ᠎ᠠ ᠶᠢᠨ 29 ᠤ ᠡᠳᠤᠷ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠰᠤᠶᠤᠯ ᠪᠡᠶ᠎ᠠ ᠲᠠᠮᠢᠷ ᠤᠨ ᠲᠦᠪ ᠲᠤ ᠬᠢᠩᠭᠠᠨ ᠠᠶᠢᠮᠠᠭ ᠤᠨ ︽ᠠᠨᠳᠠ ᠶᠢᠨ ᠨᠠᠶᠢᠷ ︾ ᠤᠨ ᠰᠢᠷᠢᠰ ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ ᠨᠢᠭᠡ ᠪᠤᠯᠬᠤ 2018 · ᠬᠤᠷᠴᠢᠨ ᠤ ᠲᠦᠷᠪᠡᠨ ᠤᠳᠠᠰᠤᠳᠤ ᠬᠤᠭᠤᠷ ᠤᠨ ᠤᠷᠠᠯᠢᠭ ᠤᠨ ᠬᠠᠮ ᠲᠤᠭᠯᠠᠯᠳᠠ ᠶᠠᠪᠤᠭᠳᠠᠵᠤ᠂ ᠠᠶᠢᠮᠠᠭ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠠᠴᠠ ᠭᠤᠥᠯᠯᠡᠨ ᠡᠷᠬᠢᠯᠡᠵᠤ᠂ ᠠᠶᠢᠮᠠᠭ ᠤᠨ ᠤᠯᠠᠨ ᠲᠦᠮᠡᠨᠴᠢ ᠤᠷᠠᠯᠢᠭ ᠤᠨ ᠤᠷᠳᠤᠨ᠂ ᠠᠶᠢᠮᠠᠭ ᠤᠨ ᠲᠠᠭᠤᠥ ᠬᠦᠭᠵᠢᠮᠴᠢᠳ ᠤᠨ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠵᠤ᠂ ᠠᠶᠢᠮᠠᠭ ᠤᠨ ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ᠂ ᠤᠯᠠᠭᠠᠨᠬᠤᠳᠠ ᠶᠢᠨ ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ᠂ ᠵᠠᠯᠠᠶᠢᠳ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ ᠠᠴᠠ ᠬᠠᠮᠵᠢᠯᠴᠠᠨ ᠡᠷᠬᠢᠯᠡᠭᠰᠡᠨ ᠪᠠᠶᠢᠨ᠎ᠠ᠃    ᠲᠦᠷᠪᠡᠨ ᠤᠳᠠᠰᠤᠳᠤ ᠬᠤᠭᠤᠷ ᠤᠨ ᠤᠷᠠᠯᠢᠭ ᠨᠢ ᠮᠠᠨ ᠤ ᠠᠶᠢᠮᠠᠭ ᠲᠤ ᠦᠷᠭᠡᠨ ᠬᠡᠪᠴᠢᠶᠡᠨ ᠤ ᠤᠯᠠᠨ ᠲᠦᠮᠡᠨᠴᠢ ᠰᠠᠭᠤᠷᠢ ᠪᠠ ᠬᠦᠨᠵᠡᠭᠡᠢ ᠰᠤᠶᠤᠯ ᠤᠨ ᠠᠭᠤᠯᠬᠤᠨ ᠲᠠᠢ ᠪᠠᠶᠢᠳᠠᠭ᠃ ᠲᠤᠰ ᠤᠳᠠᠭᠠᠨ ᠤ ᠬᠤᠷᠴᠢᠨ ᠤ ᠲᠦᠷᠪᠡᠨ ᠤᠳᠠᠰᠤᠳᠤ ᠬᠤᠭᠤᠷ ᠤᠨ ᠤᠷᠠᠯᠢᠭ ᠤᠨ ᠬᠠᠮ ᠲᠤᠭᠯᠠᠯᠳᠠ ᠳᠤ᠂ ᠪᠦᠬᠦ ᠠᠶᠢᠮᠠᠭ ᠤᠨ ᠬᠤᠳᠠ ᠬᠦᠳᠡᠭᠡ ᠠᠴᠠ ᠬᠦᠷᠤᠯᠴᠠᠨ ᠢᠷᠡᠭᠰᠡᠨ 300 ᠭᠠᠷᠤᠢ ᠲᠦᠷᠪᠡᠨ ᠤᠳᠠᠰᠤᠳᠤ ᠬᠤᠭᠤᠷ ᠤᠨ ᠪᠠᠭ᠋ᠠᠳᠠᠳ ᠤᠷᠤᠯᠴᠠᠵᠤ ᠂ ᠲᠠᠭᠤᠥ ᠪᠦᠵᠢᠭ᠂ ᠦᠯᠢᠭᠡᠷᠳᠤ ᠠᠷᠠᠳ ᠤᠨ ᠲᠠᠭᠤᠥ᠂ ᠲᠦᠷᠪᠡᠨ ᠤᠳᠠᠰᠤᠳᠤ ᠬᠤᠭᠤᠷ ᠤᠨ ᠭᠤᠴᠤᠯᠠᠯ ︵ᠬᠤᠥᠰᠯᠡᠯ︶ ᠬᠦᠭᠵᠢᠮ᠂ ᠴᠦᠷᠭᠡᠯᠡᠭᠡ ᠲᠠᠭᠤᠯᠠᠬᠤ ᠠᠷᠠᠳ ᠤᠨ ᠲᠠᠭᠤᠥ᠂ ᠲᠦᠷᠪᠡᠨ ᠤᠳᠠᠰᠤᠳᠤ ᠬᠤᠭᠤᠷ ᠤᠨ ᠨᠠᠶᠢᠷᠠᠯ ᠬᠦᠭᠵᠢᠮ᠂ ᠬᠤᠯᠪᠤᠭ᠎ᠠ ᠵᠡᠷᠭᠡ ᠠᠭᠤᠯᠭ᠎ᠠ ᠪᠠᠶᠠᠯᠢᠭ᠂ ᠬᠡᠯᠪᠡᠷᠢ ᠰᠢᠨ᠎ᠠ ᠰᠤᠷᠭᠤᠭ 27 ᠲᠤᠭᠯᠠᠯᠳᠠ ᠭᠠᠷᠭᠠᠵᠤ᠂ ᠦᠵᠡᠭᠴᠢ ᠰᠤᠨᠤᠰᠤᠭᠴᠢᠳ ᠤᠨ ᠬᠠᠷᠠᠭ᠎ᠠ ᠰᠤᠨᠤᠷ ᠢ ᠪᠠᠶᠠᠰᠬᠠᠵᠤ ᠪᠢᠯᠠ᠃    ︽ᠰᠢ ᠶᠢᠨ ᠫᠢᠩ ᠶᠡᠷᠤᠩᠬᠡᠢ ᠱᠦᠵᠢ ᠶᠢᠨ ᠤᠳᠬ᠎ᠠ ᠤᠷᠠᠯᠢᠭ ᠤᠨ ᠬᠢᠨ ᠤ ᠬᠤᠷᠠᠯ ᠲᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠥᠱᠯᠠᠭᠤᠯᠬᠤ ᠪᠠᠷ᠂ ᠳᠤᠰ ᠤᠳᠠᠭᠠᠨ ᠤ ᠬᠤᠷᠴᠢᠨ ᠤ ᠲᠦᠷᠪᠡᠨ ᠤᠳᠠᠰᠤᠳᠤ ᠬᠤᠭᠤᠷ ᠤᠨ ᠤᠷᠠᠯᠢᠭ ᠤᠨ ᠬᠠᠮ ᠲᠤᠭᠯᠠᠯᠳᠠ ᠶᠢ ᠡᠷᠬᠢᠯᠡᠵᠤ᠂ ᠭᠤᠥᠯ ᠨᠢ ᠲᠦᠷᠪᠡᠨ ᠤᠳᠠᠰᠤᠳᠤ ᠬᠤᠭᠤᠷ ᠤᠨ ᠤᠷᠠᠯᠢᠭ ᠢ ᠤᠯᠠᠮᠵᠢᠯᠠᠨ ᠲᠡᠯᠭᠡᠷᠡᠬᠦᠯᠬᠦ ᠲᠠᠪᠴᠠᠩ ᠬᠠᠩᠭᠠᠵᠤ ᠦᠭᠬᠦ ᠭᠡᠰᠡᠨ ᠶᠤᠮ᠃ ᠤᠳᠤᠬᠠᠨ ᠳᠤ ᠮᠠᠨ ᠤ ᠠᠶᠢᠮᠠᠭ ᠲᠤ 3 ᠲᠦᠮᠠ ᠭᠠᠷᠤᠢ ᠬᠦᠮᠦᠨ ᠲᠦᠷᠪᠡᠨ ᠤᠳᠠᠰᠤᠳᠤ ᠬᠤᠭᠤᠷ ᠲᠠᠳᠠᠵᠤ ᠴᠢᠳᠠᠬᠤ ᠪᠠᠶᠢᠵᠤ᠂ ᠲᠤᠰ ᠲᠤᠭᠯᠠᠯᠳᠠ ᠪᠠᠷ ᠲᠠᠮᠵᠢᠨ᠂ ᠤᠯᠠᠨ ᠲᠦᠮᠡᠨ ᠳᠤ ᠦᠪᠠᠷ ᠤᠨ ᠦᠨᠳᠤᠰᠤᠳᠡᠨ ᠤ ᠰᠤᠶᠤᠯ ᠢᠶᠠᠨ ᠨᠡᠩ ᠬᠠᠶᠢᠷᠠᠯᠠᠨ ᠬᠦᠨᠳᠤᠳᠭᠡᠵᠤ᠂ ᠰᠤᠶᠤᠯ ᠤᠨ ᠢᠳᠡᠭᠡᠯ ᠢ ᠨᠢ ᠨᠡᠮᠡᠭᠳᠡᠬᠦᠯᠵᠤ ᠴᠢᠳᠠᠬᠤ ᠶᠤᠮ︾ ᠭᠡᠵᠤ ᠠᠶᠢᠮᠠᠭ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠲᠡᠳ᠋ ᠲᠠᠷᠤᠭ᠎ᠠ ᠳ᠋ᠠᠢ ᠬᠤᠩ ᠠᠴᠠ ᠲᠠᠨᠢᠯᠴᠠᠭᠤᠯᠤᠨ᠎ᠠ᠃    ︽ᠡ᠊ᠨᠠ ᠤᠳᠠᠭᠠᠨ ᠤ ᠲᠦᠷᠪᠡᠨ ᠤᠳᠠᠰᠤᠳᠤ ᠬᠤᠭᠤᠷ ᠤᠨ ᠤᠷᠠᠯᠢᠭ ᠤᠨ ᠬᠠᠮ ᠲᠤᠭᠯᠠᠯᠳᠠ ᠶᠢ ᠬᠦᠨᠳᠤᠳᠭᠡᠨ ᠴᠢᠬᠤᠯᠠᠴᠢᠯᠠᠵᠤ᠂ 300 ᠭᠠᠷᠤᠢ ᠬᠦᠮᠤᠡ ᠤᠷᠤᠯᠴᠠᠭᠰᠠᠨ ᠨᠢ ᠮᠠᠨ ᠤ ᠬᠤᠷᠴᠢᠨ ᠨᠤᠳᠤᠭ ᠤᠨ ᠲᠦᠷᠪᠡᠨ ᠤᠳᠠᠰᠤᠳᠤ ᠬᠤᠭᠤᠷ ᠤᠨ ᠲᠡᠥᠬᠡᠨ ᠲᠡᠭᠡᠷ᠎ᠠ ᠠᠩᠬᠠᠳᠤᠭᠠᠷ ᠤᠳᠠᠭ᠎ᠠ ᠪᠤᠯᠤᠨ᠎ᠠ᠃ ᠲᠦᠷᠪᠡᠨ ᠤᠳᠠᠰᠤᠳᠤ ᠬᠤᠭᠤᠷ ᠡ᠊ᠨᠠ ᠲᠠᠶᠢᠰᠠᠨ ᠳᠤ ᠲᠠᠭᠤᠷᠢᠰᠬᠤ ᠶᠢ ᠲᠠᠭᠠᠯᠳᠤᠨ᠂ ᠮᠠᠨ ᠤ ᠬᠤᠷᠴᠢᠨ ᠤ ᠮᠤᠩᠭᠤᠯᠴᠤᠳ ᠰᠡᠳᠬᠢᠯ ᠪᠠᠶᠠᠰᠬᠬᠤ ᠪᠠᠷ ᠪᠠᠷᠠᠬᠤ ᠦᠭᠡᠢ ᠡᠬᠦᠨ ᠢᠶᠠᠷ ᠲᠠᠮᠵᠢᠨ᠂ ᠲᠦᠷᠪᠡᠨ ᠤᠳᠠᠰᠤᠳᠤ ᠬᠤᠭᠤᠷ ᠬᠤᠵᠢᠮ ᠤᠯᠠᠮ ᠢᠶᠠᠷ ᠬᠦᠭᠵᠢᠨ ᠪᠠᠳᠠᠷᠠᠵᠤ᠂ ᠪᠢᠳᠠᠨ ᠳᠤ ᠨᠡᠩ ᠤᠯᠠᠨ ᠤᠶᠤᠨ ᠰᠠᠨᠠᠭᠠᠨ ᠤ ᠵᠤᠯ ᠵᠢᠷᠭᠠᠯ ᠢ ᠤᠯᠭᠤᠵᠤ ᠦᠭᠬᠦ ᠶᠤᠮ︾ ᠭᠡᠵᠤ ᠠᠶᠢᠮᠠᠭ ᠤᠨ ᠲᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ ᠤᠨ ᠲᠡᠳ᠋ ᠲᠠᠷᠤᠭ᠎ᠠ᠂ ᠤᠯᠤᠰ ᠤᠨ ᠲᠦᠷᠪᠡᠨ ᠤᠳᠠᠰᠤᠳᠤ ᠬᠤᠭᠤᠷ ᠤᠨ ᠤᠷᠠᠯᠢᠭ ᠤᠨ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠵᠠᠯᠭᠠᠮᠵᠢᠯᠠᠭᠴᠢ ᠲᠤᠭᠳᠠᠬᠤ ᠠᠴᠠ ᠶᠠᠷᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号