ᠷᠠᠰᠢᠶᠠᠨ ᠤ ᠵᠤᠭᠠᠴᠠᠯ ᠲᠦᠷᠪᠡᠨ ᠤᠯᠠᠷᠢᠯ ᠳᠤ ᠪᠦᠷ ︽ᠭᠤᠶᠤᠬᠠᠨ︾
ᠨᠡᠶᠢᠲᠡᠯᠡᠭᠰᠡᠨ ᠴᠠᠭ᠄
2018-11-14
— ᠷᠠᠰᠢᠶᠠᠨ ᠬᠤᠳᠠ ᠶᠢᠨ ᠵᠤᠭᠠᠴᠠᠯ ᠤᠨ ᠬᠦᠭᠵᠢᠯᠳᠠ ᠶᠢᠨ ᠲᠤᠬᠠᠢ ᠲᠡᠮᠳᠡᠭᠯᠡᠪᠡ    ᠠᠯᠳᠠᠨ ᠰᠢᠷᠭᠠᠯ ᠨᠠᠮᠤᠷ ᠤᠨ ᠷᠠᠰᠢᠶᠠᠨ ᠤ ᠦᠩᠭᠡ ᠦᠵᠡᠮᠵᠢ ᠵᠢᠷᠤᠭ ᠮᠡᠳᠤ ᠭᠤᠶᠤᠬᠠᠨ᠃ 9 ᠰᠠᠷ᠎ᠠ ᠶᠢᠨ 16 — 17 ᠤ ᠡᠳᠤᠷ᠂ ᠷᠠᠰᠢᠶᠠᠨ ᠤ ᠶᠠᠷᠢᠶᠠᠨ ᠤ ᠲᠠᠪᠴᠠᠩ ᠮᠠᠨ ᠤ ᠠᠶᠢᠮᠠᠭ ᠤᠨ ᠷᠠᠰᠢᠶᠠᠨ ᠬᠤᠳᠠ ᠳᠤ ᠶᠠᠪᠤᠭᠳᠠᠭᠰᠠᠨ ᠪᠠᠶᠢᠨ᠎ᠠ᠃ ᠷᠠᠰᠢᠶᠠᠨ ᠤ ᠶᠠᠷᠢᠶᠠᠨ ᠤ ᠲᠠᠪᠴᠠᠩ ᠨᠢ ᠠᠯᠪᠠᠨ ᠤ ᠪᠤᠰᠤ᠂ ᠠᠰᠢᠭ ᠤᠷᠤᠯᠭ᠎ᠠ ᠡᠬᠦᠳᠬᠦ ᠪᠤᠰᠤ᠂ ᠲᠤᠭᠳᠠᠭᠰᠠᠨ ᠬᠤᠭᠤᠴᠠᠭ᠎ᠠ ᠲᠠᠢ᠂ ᠲᠤᠭᠳᠠᠭᠰᠠᠨ ᠭᠠᠵᠠᠷ ᠲᠠᠢ᠂ ᠨᠡᠭᠡᠭᠡᠯᠳᠡᠳᠤ ᠤᠯᠠᠨ ᠤᠯᠤᠰ ᠤᠨ ᠬᠤᠷᠠᠯ ᠤᠨ ᠵᠤᠬᠢᠶᠠᠨ ᠪᠠᠶᠢᠭᠤᠯᠤᠯᠳᠠ ᠪᠤᠯᠤᠭᠰᠠᠨ ᠤ ᠬᠤᠪᠢ ᠳᠤ᠂ ᠵᠡᠬᠦᠨ ᠬᠤᠶᠢᠳᠤ ᠠᠽᠢᠶ᠎ᠠ ᠶᠢᠨ ᠤᠷᠤᠨ ᠤ ᠡᠩᠬᠡ ᠲᠠᠶᠢᠪᠤᠩ ᠬᠢᠭᠡᠳ ᠬᠦᠭᠵᠢᠯᠳᠠ ᠵᠢᠴᠢ ᠡᠯ᠎ᠠ ᠤᠯᠤᠰ ᠤᠨ ᠬᠤᠭᠤᠷᠤᠨᠳᠤᠬᠢ ᠡᠷᠭᠡ ᠲᠡᠭᠰᠢ᠂ ᠬᠠᠷᠢᠯᠴᠠᠨ ᠠᠰᠢᠭ ᠬᠦᠷᠳᠡᠬᠦ᠂ ᠬᠠᠮᠳᠤᠷᠠᠯᠴᠠᠨ ᠤ ᠬᠠᠮᠳᠤ ᠪᠠᠷ ᠠᠰᠢᠭ ᠬᠦᠷᠳᠡᠬᠦ ᠪᠠᠷ ᠭᠤᠥᠯ ᠵᠤᠷᠢᠯᠳᠠ ᠪᠠᠨ ᠪᠤᠯᠭᠠᠵᠤ᠂ ᠭᠠᠵᠠᠷ ᠤᠷᠤᠨ ᠠᠯᠤᠰᠯᠠᠭᠰᠠᠨ ᠰᠤᠶᠤᠯ ᠤᠨ ᠤᠯᠠᠮᠵᠢᠯᠠᠯ ᠪᠠ ᠰᠤᠯᠢᠯᠴᠠᠭ᠎ᠠ ᠪᠠᠷ ᠲᠠᠮᠵᠢᠨ᠂ ᠠᠵᠤ ᠠᠬᠤᠢ ᠶᠢᠨ ᠬᠦᠷᠢᠶ ᠎ᠠ ᠴᠠᠷ᠎ᠠ ᠳᠠᠬᠢ ᠬᠠᠮᠳᠤᠷᠠᠯᠴᠠᠨ ᠬᠠᠷᠢᠯᠴᠠᠨ ᠠᠰᠢᠭ ᠬᠦᠷᠳᠡᠬᠦ ᠶᠢ ᠠᠬᠢᠭᠤᠯᠵᠤ᠂ ᠰᠢᠯᠢᠳᠡᠭ ᠰᠤᠶᠤᠯ ᠢ ᠭᠠᠳᠠᠭᠰᠢ ᠭᠠᠷᠭᠠᠬᠤ ᠪᠤᠶᠤ ᠤᠷᠤᠭᠤᠯᠤᠨ ᠠᠪᠴᠢᠷᠨᠬᠤ ᠶᠢ ᠠᠬᠢᠭᠤᠯᠤᠬᠰᠠᠨ ᠪᠠᠶᠢᠨ᠎ᠠ᠃ ᠷᠠᠰᠢᠶᠠᠨ ᠤ ᠶᠠᠷᠢᠶᠠᠨ ᠤ ᠲᠠᠪᠴᠠᠩ ᠨᠢ ︽ᠲᠦᠷᠪᠠᠨ ᠤᠯᠠᠷᠢᠯ ᠳᠠᠭᠠᠨ ᠪᠦᠷ ᠭᠤᠶᠤᠬᠠᠨ︾ ᠷᠠᠰᠢᠶᠠᠨ ᠢ ᠲᠠᠬᠢᠨᠳᠠ ᠲᠡᠯᠡᠬᠡᠢ ᠶᠢᠨ ᠠᠩᠬᠠᠷᠤᠯ ᠳᠤ ᠬᠦᠷᠭᠡᠯ᠎ᠠ᠃    ᠤᠢᠢᠷ᠎ᠠ ᠶᠢᠨ ᠬᠡᠳᠤᠨ ᠵᠢᠯ᠂ ᠷᠠᠰᠢᠶᠠᠨ ᠬᠤᠳᠠ ᠨᠡᠷᠡᠳᠤ ᠲᠡᠮᠳᠡᠭ ᠤᠨ ᠨᠦᠯᠤᠭᠡᠯᠡᠬᠦ ᠬᠦᠴᠤᠨ ᠪᠠ ᠵᠠᠬ᠎ᠠ ᠲᠡᠯᠭᠡᠬᠦᠷ ᠤᠨ ᠦᠷᠢᠰᠤᠯᠳᠤᠬᠦ ᠬᠦᠴᠤᠨ ᠢᠶᠠᠨ ᠲᠡᠭᠡᠭᠰᠢᠯᠡᠬᠦᠯᠤᠨ᠂ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠵᠤ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠪᠡᠶᠡᠯᠡᠬᠦᠯᠬᠦ ᠪᠠᠷ᠂ ᠷᠠᠰᠢᠶᠠᠨ ᠬᠤᠳᠠ ᠤᠷᠤᠨ ᠪᠦᠰᠠ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ᠂ ᠰᠢᠯᠢᠳᠡᠭ ᠰᠠᠶᠢᠨ ᠵᠤᠭᠠᠴᠠᠯ ᠤᠨ ᠲᠤᠭᠤᠷᠢᠨ ᠳᠤ᠂ ᠰᠤᠶᠤᠯ ᠤᠨ ᠡᠬᠢ ᠪᠠᠶᠠᠯᠢᠭ ᠢᠶᠠᠨ ᠢᠳᠡᠪᠬᠢᠳᠠᠢ ᠠᠭᠤᠳᠠᠯᠯᠠᠨ᠂ ᠰᠤᠶᠤᠯ ᠤᠨ ᠨᠡᠷᠡᠳᠤ ᠲᠡᠮᠳᠡᠭ ᠢ ᠡᠬᠦᠳᠴᠤ᠂ ᠪᠠᠶᠠᠷ ᠲᠤᠷᠠᠰᠬᠠᠯ ᠤᠨ ᠡᠳᠤᠷ ᠤᠨ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ ᠵᠤᠭᠠᠴᠠᠭᠰᠠᠳ ᠢ ᠲᠠᠳᠠᠨ ᠠᠪᠴᠢᠷᠠᠵᠤ ᠪᠤᠢ᠃ ᠤᠨᠴᠠᠭᠠᠢᠢᠯᠠᠨ ᠡ᠊ᠨᠠ ᠵᠢᠯ ᠤᠨ ᠵᠤᠨ ᠤ ᠤᠯᠠᠷᠢᠯ ᠤᠨ ᠷᠠᠰᠢᠶᠠᠨ ᠤ ᠵᠤᠭᠠᠴᠠᠯ ᠨᠢ ︽ᠷᠠᠰᠢᠶᠠᠨ ᠤ ᠵᠤᠭᠠᠴᠠᠯ ᠦᠨᠡᠬᠡᠷ ᠬᠦᠭᠵᠢᠶᠡᠨ ᠲᠠᠢ ᠪᠤᠯᠤᠭᠰᠠᠨ︾ ᠤ ᠪᠤᠳᠠᠳᠤ ᠢᠯᠡᠷᠡᠯ ᠪᠤᠯᠤᠭᠰᠠᠨ ᠪᠠᠶᠢᠨ᠎ᠠ᠃    7 ᠰᠠᠷ᠎ᠠ ᠶᠢᠨ 15 — 8 ᠰᠠᠷ᠎ᠠ ᠶᠢᠨ 15 ᠤ ᠡᠳᠤᠷ ᠪᠤᠯᠳᠠᠯ᠎ᠠ᠂ ᠷᠠᠰᠢᠶᠠᠨ ᠬᠤᠳᠠ 98.8 ᠲᠦᠮᠡᠨ ᠬᠦᠮᠤᠨ ︵ᠤᠳᠠᠭ᠎ᠠ︶ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠤ᠂ 16.9 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠡᠬᠦᠳᠴᠤ᠂ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠵᠠᠢ᠃ ᠡᠬᠦᠨ ᠳᠤ᠂ ᠬᠤᠨᠤᠭ ᠦᠩᠭᠡᠷᠡᠬᠦᠯᠥᠭᠰᠡᠨ ᠵᠤᠭᠠᠴᠠᠭᠰᠠᠳ 59.3 ᠲᠦᠮᠡᠨ ᠬᠦᠮᠤᠨ ︵ᠤᠳᠠᠭ᠎ᠠ︶ ᠳᠤ ᠲᠤᠯᠵᠤ᠂ ᠨᠢᠭᠡ ᠡᠳᠤᠷ ᠵᠤᠭᠠᠴᠠᠭᠰᠠᠨ ᠵᠤᠭᠠᠴᠠᠭᠰᠠᠳ 39.5 ᠲᠦᠮᠡᠨ ᠬᠦᠮᠤᠨ ︵ᠤᠳᠠᠭ᠎ᠠ︶ ᠳᠤ ᠬᠦᠷᠴᠠᠢ᠃ ᠦᠵᠡᠮᠵᠢ ᠶᠢᠨ ᠤᠷᠤᠨ ᠤ ᠪᠦᠷᠢᠳᠭᠡᠯ ᠢ ᠦᠨᠳᠤᠰᠤᠯᠡᠪᠡᠯ᠂ 8 ᠰᠠᠷ᠎ᠠ ᠶᠢᠨ 4 — 10 ᠤ ᠡᠳᠤᠷ ᠪᠤᠯᠳᠠᠯ᠎ᠠ᠂ ᠦᠷᠭᠦᠯᠵᠢᠯᠡᠨ 7 ᠡᠳᠤᠷ 1.3 ᠲᠦᠮᠡᠨ ᠬᠦᠮᠤᠨ ᠠᠴᠠ ᠲᠡᠭᠡᠭᠰᠢ ᠵᠤᠭᠠᠴᠠᠭᠰᠠᠳ ᠦᠵᠡᠮᠵᠢ ᠶᠢᠨ ᠤᠷᠤᠨ ᠳᠤ ᠲᠤᠭᠤᠷᠢᠨ ᠵᠤᠭᠠᠴᠠᠵᠤ᠂ ᠲᠡᠥᠬᠡ ᠶᠢᠨ ᠰᠢᠨ᠎ᠠ ᠲᠡᠮᠳᠡᠭᠯᠡᠯ ᠢ ᠡᠬᠦᠳᠥᠭᠰᠡᠨ ᠪᠠᠶᠢᠨ᠎ᠠ᠃    ᠪᠦᠷᠢᠨ ᠪᠤᠰᠤ ᠪᠦᠷᠢᠳᠭᠡᠯ ᠢ ᠦᠨᠳᠤᠰᠤᠯᠡᠪᠡᠯ᠂ ᠪᠦᠬᠦ ᠤᠯᠤᠰ ᠤᠨ ᠡᠯ᠎ᠠ ᠭᠠᠵᠠᠷ ᠤᠨ ᠵᠤᠭᠠᠴᠠᠭᠰᠠᠳ ᠤᠨ ᠲᠤᠮᠳᠠ ᠪᠡᠭᠡᠵᠢᠩ ᠤᠨ ᠵᠤᠭᠠᠴᠠᠭᠰᠠᠳ ᠤᠨ ᠡᠵᠡᠯᠡᠬᠦ ᠬᠠᠷᠢᠴᠠᠯ ᠨᠢ ᠬᠠᠮᠤᠭ ᠠᠷᠪᠢᠨ ᠪᠠᠶᠢᠵᠤ᠂ ᠡ᠊ᠨᠠ ᠨᠢ ᠷᠠᠰᠢᠶᠠᠨ ᠬᠤᠳᠠ ᠶᠢᠨ ᠡᠵᠡᠩᠨᠡᠨ ᠪᠤᠷᠤᠯᠠᠭᠤᠯᠬᠤ ᠤᠬᠠᠭᠤᠯᠭ᠎ᠠ ᠲᠠᠢ ᠨᠢᠭᠳᠠ ᠬᠤᠯᠪᠤᠭ᠎ᠠ ᠲᠠᠢ ᠪᠠᠶᠢᠳᠠᠭ᠃    2017 ᠤᠨ ᠤ ᠰᠡᠬᠦᠯᠴᠢ ᠠᠴᠠ 2018 ᠤᠨ ᠤ ᠡᠬᠢᠨ ᠬᠦᠷᠳᠠᠯ᠎ᠠ᠂ ᠷᠠᠰᠢᠶᠠᠨ ᠬᠤᠳᠠ ᠲᠤᠮᠳᠠᠳᠤ ᠤᠯᠤᠰ · ᠷᠠᠰᠢᠶᠠᠨ ᠤᠯᠠᠨ ᠤᠯᠤᠰ ᠤᠨ ᠪᠡᠶ᠎ᠠ ᠰᠤᠪᠢᠯᠠᠬᠤ ᠮᠦᠰᠤ ᠴᠠᠰᠤᠨ ᠤ ᠨᠠᠶᠢᠷ᠂ ᠦᠪᠤᠷ ᠮᠤᠩᠭᠤᠯ ᠤᠨ ᠴᠡᠴᠡᠭᠳᠤ ᠤᠯᠠᠷᠢᠯ ᠤᠨ ᠵᠤᠭᠠᠴᠠᠯ ᠵᠢᠴᠢ ᠷᠠᠰᠢᠶᠠᠨ ᠤ ᠬᠢᠩᠭᠠᠨ ᠬᠤᠷᠴᠠ ᠤᠯᠠᠭᠠᠨ ᠴᠡᠴᠡᠭ ᠤᠨ ᠨᠠᠶᠢᠷ ᠵᠡᠷᠭᠡ ᠠᠵᠢᠯᠯᠠᠭ᠎ᠠ ᠶᠢ ᠦᠷᠨᠢᠬᠦᠯᠵᠠᠢ᠃ ᠮᠦᠰᠤ ᠴᠠᠰᠤᠨ ᠤ ᠨᠠᠶᠢᠷ ᠪᠠ ᠬᠤᠷᠴᠠ ᠤᠯᠠᠭᠠᠨ ᠴᠡᠴᠡᠭ ᠤᠨ ᠨᠠᠶᠢᠷ ᠤᠨ ᠬᠤᠭᠤᠴᠠᠭᠠᠨ ᠳᠤ᠂ ᠷᠠᠰᠢᠶᠠᠨ ᠬᠤᠳᠠ ᠨᠡᠶᠢᠳᠠ 49 ᠲᠦᠮᠡᠨ ᠬᠦᠮᠤᠨ ︵ᠤᠳᠠᠭ᠎ᠠ︶ ᠬᠦᠯᠢᠶᠠᠨ ᠠᠪᠴᠤ᠂ ᠰᠢᠨᠬᠤᠸᠠ ᠬᠤᠷᠢᠶ᠎ᠠ᠂ ︽ᠠᠷᠠᠳ ᠤᠨ ᠡᠳᠤᠷ ᠤᠨ ᠰᠤᠨᠢᠨ︾᠂ ᠲᠦᠪ ᠤᠨ ᠲᠧᠯᠸᠢᠰ ᠬᠤᠷᠢᠶ᠎ᠠ ᠵᠡᠷᠭᠡ ᠭᠤᠥᠯ ᠵᠠᠭᠤᠴᠢᠯᠠᠭᠤᠷ ᠲᠡᠭᠡᠷ᠎ᠠ 200 ᠭᠠᠷᠤᠢ ᠵᠤᠷᠪᠤᠰ ᠰᠤᠨᠢᠨ ᠮᠡᠳᠡᠭᠡ ᠨᠡᠶᠢᠳᠡᠯᠡᠭᠰᠠᠨ ᠪᠠᠶᠢᠨ᠎ᠠ᠃ ᠬᠠᠷᠠᠮᠦ᠋ᠷᠡᠨ᠂ ᠬᠢᠷᠢᠨ᠂ ᠯᠢᠶᠤᠤᠨᠢᠩ᠂ ᠪᠡᠭᠡᠵᠢᠩ᠂ ᠲᠢᠶᠠᠨᠵᠢᠨ᠂ ᠡᡁᠧᠪᠸᠢ ᠵᠡᠷᠭᠡ ᠮᠤᠵᠢ ᠬᠤᠳᠠ ᠶᠢᠨ ᠵᠠᠭᠤᠴᠢᠯᠠᠭᠤᠷ ᠳᠡᠭᠡᠷ᠎ᠠ ᠷᠠᠰᠢᠶᠠᠨ ᠬᠤᠳᠠ ᠶᠢᠨ ᠲᠤᠬᠠᠢ ᠫᠷᠥᠭᠷᠠᠮ ᠢ 55 ᠵᠤᠷᠪᠤᠰ ᠨᠡᠶᠢᠳᠡᠯᠡᠵᠠᠢ᠃ ᠪᠦᠬᠦ ᠤᠯᠤᠰ ᠤᠨ 334 ᠬᠦᠳᠡᠯᠭᠡᠬᠦᠷ ᠲᠡᠷᠭᠡᠨ ᠦᠷᠳᠡᠭᠡ ᠳᠤ ᠷᠠᠰᠢᠶᠠᠨ ᠤ ᠵᠤᠭᠠᠴᠠᠯ ᠤᠨ ᠡᠬᠢ ᠪᠠᠶᠠᠯᠢᠭ ᠢ ᠤᠬᠠᠭᠤᠯᠵᠤ᠂ ᠤᠯᠤᠰ ᠤᠨ ᠵᠤᠭᠠᠴᠠᠯ ᠤᠨ ᠪᠦᠯᠥᠭᠯᠡᠯ ᠲᠠᠢ ᠬᠠᠮᠳᠤᠷᠠᠨ 20 ᠵᠤᠭᠠᠴᠠᠯ ᠤᠨ ᠦᠢᠯᠡᠳᠬᠦᠨ ᠪᠠ ᠵᠠᠮ ᠱᠤᠭᠤᠮ ᠢ ᠳᠤᠬᠢᠷᠠᠭᠤᠯᠵᠠᠢ᠃ ᠪᠡᠭᠡᠵᠢᠩ ᠤᠨ ᠸᠠᠩ ᠹᠦ᠋ ᠵᠢᠩ ᠵᠡᠭᠡᠯᠢ ᠳᠤ ︽ᠷᠠᠰᠢᠶᠠᠨ ᠤ ᠲᠦᠷᠪᠡᠨ ᠤᠯᠠᠷᠢᠯ ᠤᠨ ᠦᠩᠭᠡ ᠦᠵᠡᠮᠵᠢ︾ ᠶᠢᠨ ᠭᠡᠷᠡᠯ ᠵᠢᠷᠤᠭ ᠤᠨ ᠦᠵᠡᠬᠦᠯᠤᠯᠭᠡ ᠶᠢ ᠤᠷᠢᠳ ᠬᠤᠵᠢᠳ 200 ᠲᠦᠮᠡᠨ ᠬᠦᠮᠤᠨ ︵ᠤᠳᠠᠭ᠎ᠠ︶ ᠦᠵᠡᠵᠤ ᠰᠤᠨᠢᠷᠬᠠᠭᠰᠠᠨ ᠪᠠᠶᠢᠨ᠎ᠠ᠃ ᠤᠯᠠᠨ ᠶᠠᠩᠵᠤᠳᠤ ᠡᠵᠡᠩᠨᠡᠨ ᠪᠤᠷᠤᠯᠠᠭᠤᠯᠬᠤ ᠠᠷᠭ᠎ᠠ ᠠᠪᠴᠠᠯ ᠨᠢ ᠷᠠᠰᠢᠶᠠᠨ ᠬᠤᠳᠠ ᠶᠢᠨ ᠵᠤᠭᠠᠴᠠᠯ ᠤᠨ ᠨᠦᠯᠤᠭᠡᠯᠡᠬᠦ ᠬᠦᠴᠤᠨ ᠢ ᠶᠡᠬᠡᠪᠠᠷ ᠨᠡᠮᠡᠭᠳᠡᠬᠦᠯᠵᠤ ᠴᠢᠳᠠᠵᠠᠢ᠃    ᠵᠤᠨ ᠤ ᠤᠯᠠᠷᠢᠯ ᠠᠴᠠ ᠨᠠᠰᠢ᠂ ᠡᠮᠤᠨᠡᠳᠤ ᠤᠷᠤᠨ ᠳᠤ ᠦᠷᠬᠦᠯᠵᠢᠯᠠᠨ ᠦᠨᠳᠤᠷ ᠲᠤᠯᠠᠭᠠᠨ᠂ ᠪᠤᠷᠤᠭᠠᠨ ᠤᠷᠤᠬᠤ ᠵᠡᠷᠭᠡ ᠴᠠᠭ ᠠᠭᠤᠷ ᠤᠨ ᠪᠠᠶᠢᠳᠠᠯ ᠲᠤᠤᠷ᠎ᠠ ᠵᠤᠭᠠᠴᠠᠯ ᠤᠨ ᠦᠢᠯᠡᠰ ᠲᠤ ᠶᠡᠭᠡ ᠨᠦᠯᠤᠭᠡᠯᠡᠯ ᠪᠤᠯᠵᠠᠢ᠃ ᠡᠶᠢᠮᠤᠷᠬᠦ ᠪᠠᠶᠢᠳᠠᠯ ᠳᠤ᠂ ᠵᠤᠭᠠᠴᠠᠭᠰᠠᠳ ᠠᠭᠠᠵᠢᠮ ᠢᠶᠠᠷ ᠵᠤᠭᠠᠴᠠᠬᠤ ᠭᠠᠵᠠᠷ ᠢᠶᠠᠨ ᠵᠤᠰᠠᠯᠠᠩ᠂ ᠰᠡᠯᠡᠬᠦᠴᠠᠯ ᠵᠡᠷᠭᠡ ᠶᠢ ᠬᠠᠮᠤᠷᠤᠭᠰᠠᠨ ᠰᠢᠨ᠎ᠠ ᠪᠠᠷ ᠪᠤᠢ ᠪᠤᠯᠤᠭᠰᠠᠨ ᠦᠵᠡᠮᠵᠢ ᠶᠢᠨ ᠤᠷᠤᠨ ᠲᠡᠰᠢ ᠬᠡᠯᠪᠠᠶᠢᠪᠡ᠃ ᠷᠠᠰᠢᠶᠠᠨ ᠬᠤᠳᠠ ᠨᠢ ᠦᠯᠢᠭᠡᠷᠯᠡᠰᠢ ᠦᠭᠡᠢ ᠵᠤᠰᠠᠯᠠᠩ ᠤᠨ ᠨᠡᠷᠡᠳᠤ ᠲᠡᠮᠳᠡᠭ ᠢᠶᠠᠷ ᠢᠶᠠᠨ ᠤᠯᠠᠨ ᠵᠤᠭᠠᠴᠠᠭᠰᠠᠳ ᠤᠨ ᠲᠡᠷᠢᠬᠦᠨ ᠳᠤ ᠰᠤᠩᠭᠤᠬᠤ ᠵᠤᠭᠠᠴᠠᠯ ᠤᠨ ᠬᠠᠷᠠᠯᠳᠠᠳᠤ ᠭᠠᠵᠠᠷ ᠪᠤᠯᠤᠭᠰᠠᠨ ᠪᠠᠶᠢᠨ᠎ᠠ᠃ ᠤᠨᠴᠠᠭᠠᠢᠢᠯᠠᠨ 7 ᠰᠠᠷ᠎ᠠ ᠳᠤ ᠂ ᠰᠤᠷᠤᠭᠴᠢᠳ ᠤᠨ ᠵᠤᠨ ᠤ ᠠᠮᠠᠷᠠᠯᠳᠠ ᠶᠢᠨ ᠬᠤᠭᠤᠴᠠᠭᠠᠨ ᠳᠤ᠂ ᠷᠠᠰᠢᠶᠠᠨ ᠤ ᠵᠤᠭᠠᠴᠠᠯ ᠤᠨ ᠵᠠᠬ᠎ᠠ ᠲᠡᠯᠭᠡᠬᠦᠷ ᠲᠦᠢᠯ ᠤᠨ ᠬᠦᠭᠵᠢᠶᠡᠨᠳᠠᠢ ᠪᠤᠯᠵᠤ᠂ ᠭᠤᠥᠯ ᠦᠵᠡᠮᠵᠢ ᠶᠢᠨ ᠤᠷᠤᠨ ᠤ ᠡᠳᠤᠷ ᠲᠤ ᠲᠤᠭᠤᠷᠢᠨ ᠵᠤᠭᠠᠴᠠᠬᠤ ᠬᠦᠮᠤᠨ ᠤ ᠲᠤᠭ᠎ᠠ 1 ᠲᠦᠮᠡ ᠢᠯᠡᠬᠦᠥ ᠳᠤ ᠬᠦᠷᠴᠤ᠂ ᠲᠡᠥᠬᠡ ᠶᠢᠨ ᠰᠢᠨ᠎ᠠ ᠲᠡᠮᠳᠡᠭᠯᠡᠯ ᠢ ᠡᠬᠦᠳᠪᠡ᠃    ᠲᠤᠰᠬᠠᠢ ᠭᠠᠯᠳᠤ ᠲᠡᠷᠭᠡ᠂ ᠠᠶᠠᠨᠴᠢᠨ ᠲᠡᠭᠡᠭᠡᠪᠤᠷᠢᠯᠡᠬᠦ ᠭᠠᠯᠳᠤ ᠲᠡᠷᠭᠡ ᠶᠢᠨ ᠡᠵᠡᠩᠨᠡᠯᠳᠠ ᠡᠳᠤᠷ ᠢᠷᠡᠬᠦᠶ᠎ᠠ ᠰᠠᠶᠢᠵᠢᠷᠠᠵᠤ᠂ ᠵᠠᠮ ᠱᠤᠭᠤᠮ ᠢ ᠵᠠᠰᠠᠨ ᠰᠢᠨᠡᠳᠭᠡᠬᠦ ᠪᠠᠷ ᠲᠠᠮᠵᠢᠨ᠂ ᠪᠠᠶᠢᠴᠧᠩ — ᠷᠠᠰᠢᠶᠠᠨ᠂ ᠴᠠᠩᠴᠦ᠋ᠨ — ᠷᠠᠰᠢᠶᠠᠨ᠂ ᠱᠧᠨᠶᠠᠩ — ᠷᠠᠰᠢᠶᠠᠨ ᠬᠦᠷᠬᠦ ᠠᠶᠠᠨᠴᠢᠨ ᠲᠡᠭᠡᠭᠡᠪᠤᠷᠢᠯᠡᠬᠦ ᠭᠠᠯᠳᠤ ᠲᠡᠷᠭᠡ ᠪᠦᠬᠦ ᠱᠤᠭᠤᠮ ᠤᠨ ᠬᠤᠷᠳᠤᠴᠠ ᠪᠠᠨ ᠲᠦᠷᠭᠡᠳᠭᠡᠵᠤ᠂ ᠷᠠᠰᠢᠶᠠᠨ — ᠬᠠᠶᠢᠯᠠᠷ ᠬᠦᠷᠬᠦ ᠭᠠᠯᠳᠤ ᠲᠡᠷᠭᠡ ᠦᠷᠬᠦᠯᠵᠢ ᠶᠢᠨ ᠴᠢᠨᠠᠷᠳᠠᠢ ᠶᠠᠪᠤᠬᠤ ᠪᠤᠯᠵᠤ᠂ ᠵᠤᠭᠠᠴᠠᠭᠰᠠᠳ ᠤᠨ ᠷᠠᠰᠢᠶᠠᠨ ᠬᠤᠳᠠ ᠳᠤ ᠬᠦᠷᠬᠦ ᠵᠠᠮ ᠱᠤᠭᠤᠮ ᠢ ᠰᠠᠭᠠᠳ ᠦᠭᠡᠢ ᠪᠤᠯᠭᠠᠭᠰᠠᠨ ᠪᠠᠶᠢᠨ᠎ᠠ᠃ ᠵᠤᠭᠠᠴᠠᠯ ᠤᠨ ᠲᠤᠰᠬᠠᠢ ᠭᠠᠯᠳᠤ ᠲᠡᠷᠭᠡ ᠶᠢᠨ ᠤᠯᠠᠰᠢᠷᠠᠬᠤ ᠶᠢ ᠲᠠᠭᠠᠯᠳᠤᠨ᠂ ᠲᠠᠮᠤᠷ ᠵᠠᠮ ᠤᠨ ᠰᠠᠯᠠᠭ᠎ᠠ ᠮᠦᠴᠢᠷ ᠪᠠ ᠵᠤᠭᠠᠴᠠᠯ ᠤᠨ ᠬᠤᠷᠰᠢᠶ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠂ 6 ᠰᠠᠷ᠎ᠠ ᠠᠴᠠ ᠨᠠᠰᠢ᠂ ᠲᠤᠰᠪᠤᠷᠢ ᠪᠡᠭᠡᠵᠢᠩ᠂ ᠳ᠋ᠠᠯᠢᠶᠠᠨ᠂ ᠰᠧᠴᠤᠸᠠᠨ᠂ ᠴᠢᠨ ᠬᠤᠸᠠᠩ ᠳ᠋ᠤᠤ ᠵᠡᠷᠭᠡ ᠵᠤᠭᠠᠴᠠᠯ ᠤᠨ ᠲᠤᠰᠬᠠᠢ ᠭᠠᠯᠳᠤ ᠲᠡᠷᠭᠡ ᠶᠢ 80 ᠤᠳᠠᠭ᠎ᠠ ᠨᠡᠪᠳᠡᠷᠡᠬᠦᠯᠵᠤ᠂ 13342 ᠬᠦᠮᠤᠨ ︵ᠤᠳᠠᠭ᠎ᠠ︶ ᠢ ᠬᠦᠯᠢᠶᠡᠨ ᠠᠪᠤᠭᠰᠠᠨ ᠪᠠᠶᠢᠨ᠎ᠠ᠃ ᠷᠠᠰᠢᠶᠠᠨ ᠨᠢᠰᠭᠡᠯ ᠤᠨ ᠪᠠᠭᠤᠳᠠᠯ ᠨᠢ ᠡᠴᠤᠰ ᠤᠨ ᠦᠷᠳᠡᠭᠡ ᠠᠴᠠ ᠠᠭᠠᠵᠢᠮ ᠢᠶᠠᠷ ᠲᠡᠷᠭᠡ ᠰᠤᠯᠢᠬᠤ ᠦᠷᠳᠡᠭᠡ ᠪᠤᠯᠵᠤ ᠂ ᠨᠢᠭᠡᠨᠳᠠ ᠷᠠᠰᠢᠶᠠᠨ ᠠᠴᠠ ᠪᠡᠭᠡᠵᠢᠩ᠂ ᠬᠦᠬᠡᠬᠤᠳᠠ᠂ ᠪᠤᠭᠤᠳᠤ᠂ ᠰᠢ ᠠᠨ᠂ ᠲᠢᠶᠠᠨᠵᠢᠨ᠂ ᠬᠠᠷᠪᠢᠨ᠂ ᠤᠯᠠᠭᠠᠨᠬᠤᠳᠠ᠂ ᠮᠠᠨᠵᠤᠥᠷ ᠵᠡᠷᠭᠡ ᠨᠢᠰᠭᠡᠯ ᠤᠨ ᠱᠤᠭᠤᠮ ᠢ ᠨᠡᠭᠡᠭᠡᠵᠤ᠂ ᠡᠬᠦᠨ ᠤ ᠬᠠᠮᠳᠤ᠂ ᠲᠤᠬᠠᠢ ᠶᠢᠨ ᠦᠶ᠎ᠠ ᠶᠢᠨ ᠪᠠᠶᠢᠳᠠᠯ ᠢ ᠦᠨᠳᠤᠰᠤᠯᠡᠨ ᠵᠤᠭᠠᠴᠠᠯ ᠤᠨ ᠨᠢᠰᠭᠡᠯ ᠬᠦᠯᠤᠰᠤᠯᠡᠵᠤ ᠪᠤᠯᠤᠨ᠎ᠠ᠃    ᠵᠤᠭᠠᠴᠠᠯ ᠤᠨ ᠬᠦᠭᠵᠢᠶᠡᠨᠳᠠᠢ ᠴᠠᠭ ᠲᠤ᠂ ᠷᠠᠰᠢᠶᠠᠨ ᠬᠤᠳᠠ ᠠᠴᠠ ᠪᠦᠬᠦ ᠬᠤᠳᠠ ᠶᠢᠨ ᠬᠡᠪᠴᠢᠶᠡᠨ ᠳᠤ ᠵᠤᠭᠠᠴᠠᠯ ᠤᠨ ᠤᠷᠴᠢᠨ ᠲᠤᠭᠤᠷᠢᠨ ᠤ ᠶᠡᠷᠤᠩᠬᠡᠶᠢᠯᠡᠭᠰᠡᠨ ᠵᠠᠰᠠᠨ ᠴᠡᠭᠴᠡᠯᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠬᠤᠳᠠ ᠶᠢᠨ ᠲᠤᠭᠤᠷᠢᠭ᠂ ᠦᠵᠡᠮᠵᠢ ᠶᠢᠨ ᠤᠷᠤᠨ ᠤ ᠪᠠᠭᠤᠳᠠᠯ ᠪᠠ ᠬᠤᠭᠤᠯᠠᠨ ᠭᠡᠷ ᠵᠡᠷᠭᠡ ᠡᠵᠡᠩᠨᠡᠯᠳᠠ ᠦᠢᠯᠡᠴᠢᠯᠡᠭᠡ ᠶᠢᠨ ᠲᠠᠯᠠᠪᠠᠢ ᠳᠤ ᠪᠠᠶᠢᠴᠠᠭᠠᠯᠳᠠ ᠬᠢᠵᠤ᠂ ᠪᠠᠶᠢᠴᠠᠭᠠᠯᠳᠠ ᠶᠢᠨ ᠲᠤᠮᠳᠠ ᠢᠯᠡᠷᠡᠭᠰᠡᠨ ᠠᠰᠠᠭᠤᠳᠠᠯ ᠢ ᠵᠠᠰᠠᠨ ᠴᠡᠭᠴᠡᠯᠡᠬᠦ ᠱᠠᠭᠠᠷᠳᠠᠯᠭ᠎ᠠ ᠲᠤᠷᠠᠳᠴᠤ᠂ ᠪᠦᠬᠦ ᠬᠤᠳᠠ ᠶᠢᠨ ᠵᠤᠭᠠᠴᠠᠯ ᠤᠨ ᠵᠠᠬ᠎ᠠ ᠲᠡᠯᠭᠡᠬᠦᠷ ᠤᠨ ᠡᠮᠬᠢ ᠲᠢᠭᠯᠢᠮ ᠢ ᠤᠯᠠᠮ ᠨᠢᠭᠡ ᠠᠯᠬᠤᠮ ᠲᠦᠷᠢᠮᠵᠢᠬᠦᠯᠵᠤ᠂ ᠦᠢᠯᠡᠴᠢᠯᠡᠭᠡ ᠶᠢᠨ ᠶᠠᠰᠤ ᠴᠢᠨᠠᠷ ᠢ ᠲᠡᠭᠡᠭᠰᠢᠯᠡᠬᠦᠯᠵᠤ᠂ ᠵᠤᠭᠠᠴᠠᠯ ᠤᠨ ᠤᠷᠴᠢᠨ ᠲᠤᠭᠤᠷᠢᠨ ᠢ ᠰᠢᠯᠢᠳᠡᠭᠵᠢᠬᠦᠯᠪᠡ᠃    ᠷᠠᠰᠢᠶᠠᠨ ᠬᠤᠳᠠ 1996 ᠤᠨ ᠳᠤ ᠪᠠᠶᠢᠭᠤᠯᠤᠭᠳᠠᠭᠰᠠᠨ ᠠᠴᠠ ᠨᠠᠰᠢ᠂ ᠲᠤᠮᠳᠠᠳᠤ ᠤᠯᠤᠰ ᠤᠨ ᠰᠢᠯᠢᠳᠡᠭ ᠵᠤᠭᠠᠴᠠᠯ ᠤᠨ ᠬᠤᠳᠠ᠂ ᠤᠯᠤᠰ ᠤᠨ ᠭᠠᠯᠳᠤ ᠠᠭᠤᠯᠠ ᠶᠢᠨ ᠬᠠᠯᠠᠭᠤᠨ ᠷᠠᠰᠢᠶᠠᠨ ᠤ ᠭᠠᠵᠠᠷ ᠰᠢᠨᠵᠢᠯᠡᠭᠡᠨ ᠤ ᠴᠡᠴᠡᠷᠯᠢᠭ᠂ ᠤᠯᠤᠰ ᠤᠨ ᠤᠢ ᠰᠢᠭᠤᠷᠢ ᠶᠢᠨ ᠵᠤᠭᠠᠴᠠᠯ ᠤᠨ ᠵᠢᠱᠢᠶ᠎ᠠ ᠦᠵᠡᠬᠦᠯᠬᠦ ᠤᠷᠤᠨ᠂ ᠦᠪᠠᠷᠳᠡᠭᠡᠨ ᠵᠠᠰᠠᠬᠤ ᠤᠷᠤᠨ ᠤ ᠴᠠᠰᠤᠨ ᠳᠤ ᠭᠤᠯᠭᠤᠬᠤ ᠨᠤᠳᠤᠭ᠂ ᠪᠦᠬᠦ ᠤᠯᠤᠰ ᠤᠨ ᠤᠷᠤᠨ ᠪᠦᠰᠠ ᠶᠢᠨ ᠵᠤᠭᠠᠴᠠᠯ ᠤᠨ ᠵᠢᠱᠢᠶ᠎ᠠ ᠦᠵᠡᠬᠦᠬᠦ ᠤᠷᠤᠨ ᠵᠡᠷᠭᠡ ᠢᠷᠠᠭᠤ ᠠᠯᠳᠠᠷ ᠨᠢ ᠷᠠᠰᠢᠶᠠᠨ ᠬᠤᠳᠠ ᠶᠢᠨ ᠬᠤᠪᠢᠷᠠᠯᠳᠠ ᠶᠢ ᠲᠡᠮᠳᠡᠭᠯᠡᠵᠤ᠂ ᠨᠡᠩ ᠴᠤ ᠷᠠᠰᠢᠶᠠᠨ ᠬᠤᠳᠠ ᠨᠢ ᠦᠪᠤᠷ ᠮᠤᠩᠭᠤᠯ ᠤᠨ ᠦᠪᠠᠷᠳᠡᠭᠡᠨ ᠵᠠᠰᠬᠠᠤ ᠤᠷᠤᠨ ᠤ ᠲᠠᠯ᠎ᠠ ᠨᠤᠳᠤᠭ ᠤᠨ ᠰᠤᠶᠤᠯ᠂ ᠤᠮᠠᠷᠠᠳᠤ ᠶᠢᠨ ᠤᠨᠴᠠᠯᠢᠭᠳᠤ ᠵᠤᠭᠠᠴᠠᠯ᠂ ᠰᠡᠯᠡᠬᠦᠴᠡᠨ ᠠᠮᠠᠷᠠᠬᠤ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ ᠲᠦᠯᠬᠢᠨ ᠠᠬᠢᠭᠤᠯᠤᠭᠰᠠᠨ ᠪᠠᠶᠢᠨ᠎ᠠ᠃ 2016 ᠤᠨ ᠳᠤ᠂ ᠷᠠᠰᠢᠶᠠᠨ ᠬᠤᠳᠠ ᠪᠦᠬᠦ ᠤᠯᠤᠰ ᠤᠨ ᠠᠩᠬᠠᠳᠤᠭᠠᠷ ᠪᠦᠯᠥᠭ ︽ᠤᠯᠤᠰ ᠤᠨ ᠤᠷᠤᠨ ᠪᠦᠰᠠ ᠶᠢᠨ ᠵᠤᠭᠠᠴᠠᠯ ᠤᠨ ᠵᠢᠱᠢᠶ᠎ᠠ ᠦᠵᠡᠬᠦᠯᠬᠦ ᠤᠷᠤᠨ︾ ᠢᠶᠠᠷ ᠰᠤᠩᠭᠤᠭᠳᠠᠵᠤ᠂ ︽ᠲᠤᠮᠳᠠᠳᠤ ᠤᠯᠤᠰ ᠤᠯᠠᠨ ᠤᠯᠤᠰ ᠤᠨ ᠤᠨᠴᠠᠯᠢᠭᠳᠤ ᠵᠤᠭᠠᠴᠠᠯ ᠤᠨ ᠬᠠᠷᠠᠯᠳᠠᠳᠤ ᠤᠷᠤᠨ︾ ᠤ ᠪᠦᠳᠤᠭᠡᠨ ᠪᠠᠶᠢᠭᠤᠯᠤᠯᠳᠠ ᠶᠢᠨ ᠪᠠᠶᠢᠭᠤᠯᠤᠯᠭ᠎ᠠ ᠶᠢᠨ ᠡᠩᠨᠡᠭᠡ ᠳᠤ ᠰᠤᠩᠭᠤᠭᠳᠠᠨ ᠤᠷᠤᠵᠠᠢ᠃ 2017 ᠤᠨ ᠤ 2 ᠰᠠᠷ᠎ᠠ ᠳᠤ᠂ ᠷᠠᠰᠢᠶᠠᠨ — ᠴᠠᠢ ᠡᡁᠧ ᠵᠤᠭᠠᠴᠠᠯ ᠤᠨ ᠦᠵᠡᠮᠵᠢ ᠶᠢᠨ ᠤᠷᠤᠨ ᠨᠢ ᠤᠯᠤᠰ ᠤᠨ 5A ᠲᠡᠰ ᠤᠨ ᠵᠤᠭᠠᠴᠠᠯ ᠤᠨ ᠦᠵᠡᠮᠵᠢ ᠶᠢᠨ ᠤᠷᠤᠨ ᠪᠤᠯᠵᠤ ᠲᠡᠰ ᠲᠡᠪᠰᠢᠵᠤ᠂ 2017 ᠤᠨ ᠤ 5 ᠰᠠᠷ᠎ᠠ ᠳᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠰᠢᠨᠵᠢᠯᠡᠬᠦ ᠤᠬᠠᠭᠠᠨ ᠰᠤᠶᠤᠯ ᠰᠤᠷᠭᠠᠨ ᠬᠦᠮᠤᠵᠢᠯ ᠤᠨ ᠵᠤᠬᠢᠶᠠᠨ ᠪᠠᠶᠢᠭᠤᠯᠤᠯᠳᠠ ᠶᠢᠨ ᠬᠡᠷᠡᠭᠵᠢᠬᠦᠯᠬᠦ ᠲᠤᠪᠴᠢᠶ᠎ᠠ ᠶᠢᠨ 201 ᠤᠳᠠᠭᠠᠨ ᠤ ᠬᠤᠷᠠᠯ ᠳᠤ ᠲᠤᠭᠳᠠᠭᠠᠭᠰᠠᠨ ᠢᠶᠠᠷ᠂ ᠷᠠᠰᠢᠶᠠᠨ ᠬᠤᠳᠠ ᠨᠢ ᠮᠠᠨ ᠤ ᠤᠯᠤᠰ ᠤᠨ 34 ᠳ᠋ᠤᠭᠡᠷ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠰᠢᠨᠵᠢᠯᠡᠬᠦ ᠤᠬᠠᠭᠠᠨ ᠰᠤᠶᠤᠯ ᠰᠤᠷᠭᠠᠨ ᠬᠦᠮᠤᠵᠢᠯ ᠤᠨ ᠵᠤᠬᠢᠶᠠᠨ ᠪᠠᠶᠢᠭᠤᠯᠤᠯᠳᠠ ᠶᠢᠨ ᠲᠡᠯᠡᠬᠡᠢ ᠶᠢᠨ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠪᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号