ᠮᠠᠨ ᠤ ᠠᠶᠢᠮᠠᠭ ᠤᠨ ︽ᠠᠨᠳᠠ ᠶᠢᠨ ᠨᠠᠶᠢᠷ︾ ᠰᠢᠷᠢᠰ ᠠᠵᠢᠯᠯᠠᠭ᠎ᠠ 2018 · ᠬᠤᠷᠴᠢᠨ ᠤᠯᠠᠮᠵᠢᠯᠠᠯᠲᠦ ᠰᠤᠶᠤᠯ ᠤᠨ ᠬᠠᠮᠠᠭᠠᠯᠠᠯ ᠪᠠ ᠬᠦᠭᠵᠢᠭᠦᠯᠦᠯ ᠤᠨ ᠰᠤᠳᠤᠯᠤᠨ ᠶᠠᠷᠢᠯᠴᠠᠬᠤ ᠬᠤᠷᠠᠯ ᠠᠮᠵᠢᠯᠲᠠᠲᠠᠢ ᠶᠠᠪᠤᠬᠳᠠᠪᠠ
ᠨᠡᠶᠢᠲᠡᠯᠡᠭᠰᠡᠨ ᠴᠠᠭ᠄
2018-11-22
    11 ᠰᠠᠷ᠎ᠠ ᠶᠢᠨ 14 ᠤ ᠡᠳᠦᠷ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠰᠤᠳᠤᠯᠤᠯ ᠤᠨ ᠨᠡᠶᠢᠭᠡᠮᠯᠢᠭ᠂ ᠠᠶᠢᠮᠠᠭ ᠤᠨ ᠬᠤᠷᠴᠢᠨ ᠰᠤᠶᠤᠯ ᠰᠤᠳᠤᠯᠤᠯ ᠤᠨ ᠨᠡᠶᠢᠭᠡᠮᠯᠢᠭ ᠠᠴᠠ ᠵᠤᠬᠢᠶᠠᠨ ᠪᠠᠶᠢᠭᠤᠯᠤᠨ ᠶᠠᠪᠤᠬᠳᠠᠭᠤᠯᠤᠬᠰᠠᠨ ᠮᠠᠨ ᠤ ᠠᠶᠢᠮᠠᠭ ᠤᠨ ︽ᠠᠨᠳᠠ ᠶᠢᠨ ᠨᠠᠶᠢᠷ︾ ᠰᠢᠷᠢᠰ ᠠᠵᠢᠯᠯᠠᠭ᠎ᠠ 2018 · ᠬᠤᠷᠴᠢᠨ ᠤᠯᠠᠮᠵᠢᠯᠠᠯᠲᠦ ᠰᠤᠶᠤᠯ ᠤᠨ ᠬᠠᠮᠠᠭᠠᠯᠠᠯ ᠪᠠ ᠬᠦᠭᠵᠢᠭᠦᠯᠦᠯ ᠤᠨ ᠰᠤᠳᠤᠯᠤᠨ ᠶᠠᠷᠢᠯᠴᠠᠬᠤ ᠬᠤᠷᠠᠯ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠳᠤ ᠠᠮᠵᠢᠯᠲᠠᠲᠠᠢ ᠶᠠᠪᠤᠬᠳᠠᠪᠠ᠃    ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠤᠶᠤᠯ ᠢ ᠤᠯᠠᠮ ᠨᠢᠭᠡ ᠠᠯᠬᠤᠮ ᠬᠠᠮᠠᠭᠠᠯᠠᠬᠤ ᠪᠠ ᠬᠦᠭᠵᠢᠬᠦᠯᠦᠨ ᠂ ᠰᠢ ᠶᠢᠨ ᠫᠢᠡᠭ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢ ᠶᠢᠨ ᠪᠦᠯᠬᠦᠮ ᠤᠨ ᠬᠢᠨᠡᠨ ᠵᠦᠪᠯᠡᠬᠦ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠦᠲᠦᠭᠡᠬᠦ ᠠᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠪᠤᠯᠤᠨ ᠬᠢᠯᠢ ᠤᠷᠤᠨ ᠤ ᠯᠠᠪᠳᠠᠭᠤᠨ ᠪᠠᠲᠦᠲᠠᠢ ᠪᠠᠶᠢᠬᠤ ᠶᠢ ᠲᠦᠯᠬᠢᠨ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠦ᠂ ᠤᠷᠤᠨ ᠤ ᠭᠠᠳᠠᠨ᠎ᠠ ᠳᠤᠳᠤᠨᠠᠬᠢ ᠬᠤᠷᠴᠢᠨ ᠰᠤᠶᠤᠯ ᠰᠤᠳᠤᠯᠤᠯ ᠤᠨ ᠲᠤᠰᠬᠠᠢ ᠮᠡᠷᠭᠡᠵᠢᠯᠲᠠᠨ᠂ ᠡᠷᠳᠡᠮᠳᠡᠨ ᠪᠠ ᠬᠤᠷᠴᠢᠨ ᠰᠤᠶᠤᠯ ᠳᠠᠭᠠᠨ ᠳᠤᠷ᠎ᠠ ᠪᠠᠭ᠋ᠠᠲᠡᠳ ᠢ ᠵᠤᠬᠢᠶᠠᠨ ᠪᠠᠶᠢᠭᠤᠯᠤᠨ ᠶᠠᠪᠤᠬᠳᠠᠭᠤᠯᠤᠬᠰᠠᠨ ᠬᠤᠷᠴᠢᠨ ᠤᠯᠠᠮᠵᠢᠯᠠᠯᠲᠦ ᠰᠤᠶᠤᠯ ᠤᠨ ᠬᠠᠮᠠᠭᠠᠯᠠᠯ ᠪᠠ ᠬᠦᠭᠵᠢᠭᠦᠯᠦᠯ ᠤᠨ ᠰᠤᠳᠤᠯᠤᠨ ᠶᠠᠷᠢᠯᠴᠠᠬᠤ ᠬᠤᠷᠠᠯ ᠪᠤᠯᠤᠨ᠎ᠠ᠃    ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠡᠬᠢᠯᠡᠯᠲᠡ ᠶᠢᠨ ᠶᠤᠰᠤᠯᠠᠯ ᠶᠠᠪᠤᠬᠳᠠᠵᠦ ᠳᠠᠭᠤᠰᠤᠬᠰᠠᠨ ᠤ ᠳᠠᠷᠠᠭ᠎ᠠ᠂ ᠲᠤᠰᠬᠠᠢ ᠮᠡᠷᠭᠡᠵᠢᠯᠲᠡᠨ ᠪᠠᠭᠰᠢᠨᠠᠷ ᠠᠴᠠ ︽ᠬᠤᠷᠴᠢᠨ ᠰᠤᠶᠤᠯ ᠤᠨ ᠭᠤᠯᠤᠮᠲᠠ ᠪᠤᠯᠤᠬᠰᠠᠨ ᠲᠦᠰᠢᠶᠡᠲᠦ ᠤᠯᠠᠭᠠᠨᠬᠤᠲᠠ ᠶᠢᠨ ᠲᠤᠬᠠᠢ︾᠂ ︽ᠬᠦᠭᠵᠢᠨ ᠪᠠᠳᠠᠷᠠᠬᠰᠠᠨ ᠠᠯᠳᠠᠨ ᠬᠢᠨᠭ᠍ᠭᠠᠨ ᠤ ᠤᠳᠤ ᠦᠶ᠎ᠠ ᠶᠢᠨ ᠮᠤᠩᠭᠤᠯ ᠤᠷᠠᠨ ᠵᠤᠬᠢᠶᠠᠯ︾᠂ ︽ᠦᠭᠡᠷᠡᠴᠢᠯᠡᠯᠲᠡ ᠨᠡᠭᠡᠭᠡᠯᠲᠠ ᠶᠢᠨ ᠦᠶ᠎ᠠ ᠠᠴᠠ ᠨᠠᠭᠠᠰᠢᠬᠢ ᠬᠤᠷᠴᠢᠨ ᠤ ᠤᠷᠠᠨ ᠵᠤᠬᠢᠶᠠᠯ ᠤᠨ ᠬᠦᠭᠵᠢᠯ ᠤᠨ ᠲᠦᠯᠦᠪ︾᠂ ︽ᠬᠤᠷᠴᠢᠨ ᠤ ᠬᠦᠳᠡᠭᠡ ᠰᠤᠶᠤᠯ ᠤᠨ ᠢᠮ ᠳᠡᠮᠳᠡᠭ ᠤᠨ ᠮᠦᠷᠲᠡᠯ︾ ᠵᠡᠷᠭᠡ ᠬᠤᠷᠴᠢᠨ ᠤᠯᠠᠮᠵᠢᠯᠠᠯᠲᠦ ᠰᠤᠶᠤᠯ ᠤᠨ ᠬᠠᠮᠠᠭᠠᠯᠠᠯ ᠪᠠ ᠬᠦᠭᠵᠢᠭᠦᠯᠦᠯ ᠤᠨ ᠰᠤᠳᠤᠯᠤᠨ ᠶᠠᠷᠢᠯᠴᠠᠬᠤ ᠬᠤᠷᠠᠯ ᠤᠨ ᠭᠤᠤᠯ ᠰᠡᠳᠦᠪᠲᠦ ᠢᠯᠡᠳᠭᠡᠯ ᠬᠢᠭᠰᠡᠨ ᠮᠦᠷᠲᠡᠭᠡᠨ ᠬᠤᠷᠴᠢᠨ ᠤᠯᠠᠮᠵᠢᠯᠠᠯᠲᠦ ᠰᠤᠶᠤᠯ ᠤᠨ ᠬᠠᠮᠠᠭᠠᠯᠠᠯ ᠪᠠ ᠬᠦᠭᠵᠢᠭᠦᠯᠦᠯ ᠤᠨ ᠰᠤᠳᠤᠯᠤᠨ ᠶᠠᠷᠢᠯᠴᠠᠬᠤ ᠬᠤᠷᠠᠯ ᠤᠨ ᠰᠠᠯᠪᠦᠷᠢ ᠬᠤᠷᠠᠯ ᠪᠤᠯᠬᠤ ᠠᠮᠠᠨ ᠵᠤᠬᠢᠶᠠᠯ᠂ ᠵᠠᠩ ᠤᠢᠢᠯᠡ᠂ ᠰᠤᠶᠤᠯ ᠤᠷᠠᠯᠢᠭ ᠤᠨ ᠰᠠᠯᠪᠦᠷᠢ ᠬᠤᠷᠠᠯ ᠪᠠ ᠲᠡᠤᠭᠡ᠂ ᠭᠦᠨ ᠤᠬᠠᠭᠠᠨ᠂ ᠬᠡᠯᠡ᠂ ᠤᠳᠬ᠎ᠠ ᠵᠤᠬᠢᠶᠠᠯ ᠤᠨ ᠰᠠᠯᠪᠦᠷᠢ ᠬᠤᠷᠠᠯ ᠳᠤ ᠤᠷᠤᠯᠴᠠᠬᠰᠠᠨ ᠪᠠᠭᠰᠢᠨᠠᠷ ᠠᠴᠠ ᠲᠤᠰ ᠲᠤᠰ ᠶᠠᠷᠢᠶ᠎ᠠ ᠢᠯᠡᠳᠭᠡᠯ ᠬᠢᠭᠰᠡᠨ ᠪᠠᠶᠢᠨ᠎ᠠ᠃ ᠬᠠᠮᠤᠭ ᠰᠡᠭᠦᠯ ᠳᠤᠨᠢ ᠠᠮᠠᠨ ᠵᠤᠬᠢᠶᠠᠯ᠂ ᠵᠠᠩ ᠤᠢᠢᠯᠡ᠂ ᠰᠤᠶᠤᠯ ᠤᠷᠠᠯᠢᠭ ᠤᠨ ᠰᠠᠯᠪᠦᠷᠢ ᠬᠤᠷᠠᠯ ᠪᠠ ᠲᠡᠤᠭᠡ᠂ ᠭᠦᠨ ᠤᠬᠠᠭᠠᠨ᠂ ᠬᠡᠯᠡ᠂ ᠤᠳᠬ᠎ᠠ ᠵᠤᠬᠢᠶᠠᠯ ᠤᠨ ᠰᠠᠯᠪᠦᠷᠢ ᠬᠤᠷᠠᠯ ᠤᠨ ᠪᠠᠭᠰᠢ ᠠᠴᠠ ᠳ᠋ᠦᠡᠭᠨᠡᠯᠲᠡ ᠬᠢᠵᠦ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠠᠴᠠ ᠮᠡᠳᠡᠬᠦᠯᠤᠯᠳᠠ ᠬᠢᠭᠰᠡᠨ ᠮᠦᠷᠲᠡᠭᠡᠨ ᠡᠷᠳᠡᠮᠳᠡᠨ ᠪᠠᠭᠰᠢ ᠠᠴᠠ ᠪᠦᠬᠦ ᠬᠤᠷᠠᠯ ᠤᠨ ᠲᠡᠶᠢᠯᠦᠮᠵᠢ ᠬᠢᠵᠦ ᠬᠤᠷᠠᠯ ᠢᠶᠠᠨ ᠳᠡᠭᠦᠰ ᠠᠮᠵᠢᠯᠲᠠᠲᠠᠢ ᠶᠠᠪᠤᠬᠳᠠᠭᠤᠯᠵᠠᠢ᠃    ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ 2 ᠰᠠᠷ᠎ᠠ ᠶᠢᠨ ᠬᠤᠭᠤᠴᠠᠭᠠᠨ ᠤ ᠪᠡᠯᠡᠳᠭᠡᠯ ᠢᠶᠠᠷ ᠨᠡᠶᠢᠲᠡ 62 ᠡᠷᠳᠡᠮ ᠰᠢᠨᠵᠢᠯᠡᠭᠡᠨ ᠤ ᠦᠬᠦᠯᠡᠯ ᠢ ᠬᠤᠷᠢᠶᠠᠨ ᠡᠮᠬᠢᠳᠭᠡᠵᠦ ᠳᠡᠪᠳᠡᠷ ᠪᠤᠯᠭᠠᠨ ᠬᠡᠪᠯᠡᠭᠰᠡᠨ ᠪᠠᠶᠢᠨ᠎ᠠ᠃ ᠬᠤᠷᠠᠯ ᠳᠤ᠂ ᠲᠤᠰᠬᠠᠢ ᠮᠡᠷᠭᠡᠵᠢᠯᠲᠠᠨ ᠤ ᠲᠤᠭᠤᠢᠢᠯᠠᠩ ᠠᠴᠠ ᠲᠤᠰᠢᠶᠠᠨ ᠦᠭᠭᠦᠭᠰᠡᠨ ᠡᠷᠳᠡᠮ ᠰᠢᠨᠵᠢᠯᠡᠭᠡᠨ ᠤ ᠦᠷ᠎ᠠ ᠪᠦᠲᠦᠭᠡᠯ ᠪᠠ ᠦᠬᠦᠯᠡᠯ ᠳᠤ ᠰᠤᠳᠤᠯᠤᠯᠲᠠ ᠬᠢᠭᠰᠡᠨ ᠮᠦᠷᠲᠡᠭᠡᠨ ᠦᠨᠡᠯᠡᠯᠲᠡ ᠦᠭᠭᠦᠭᠰᠡᠨ ᠪᠠᠶᠢᠨ᠎ᠠ᠃ ᠡᠭᠦᠨ ᠳᠤ᠂ ᠬᠤᠷᠴᠢᠨ ᠰᠤᠶᠤᠯ ᠤᠨ ᠭᠤᠯᠤᠮᠲᠠ ᠪᠤᠯᠤᠬᠰᠠᠨ ᠲᠦᠰᠢᠶᠡᠲᠦ ᠤᠯᠠᠭᠠᠨᠬᠤᠲᠠ ᠶᠢᠨ ᠲᠤᠬᠠᠢ︾᠂ ︽ᠬᠦᠭᠵᠢᠨ ᠪᠠᠳᠠᠷᠠᠬᠰᠠᠨ ᠠᠯᠳᠠᠨ ᠬᠢᠨᠭ᠍ᠭᠠᠨ ᠤ ᠤᠳᠤ ᠦᠶ᠎ᠠ ᠶᠢᠨ ᠮᠤᠩᠭᠤᠯ ᠤᠷᠠᠨ ᠵᠤᠬᠢᠶᠠᠯ︾᠂ ︽ᠦᠭᠡᠷᠡᠴᠢᠯᠡᠯᠲᠡ ᠨᠡᠭᠡᠭᠡᠯᠲᠠ ᠶᠢᠨ ᠦᠶ᠎ᠠ ᠠᠴᠠ ᠨᠠᠭᠠᠰᠢᠬᠢ ᠬᠤᠷᠴᠢᠨ ᠤ ᠤᠷᠠᠨ ᠵᠤᠬᠢᠶᠠᠯ ᠤᠨ ᠬᠦᠭᠵᠢᠯ ᠤᠨ ᠲᠦᠯᠦᠪ︾ ᠵᠡᠷᠭᠡ ᠦᠬᠦᠯᠡᠯ ᠨᠢ ᠰᠢᠯᠢᠳᠡᠭ ᠦᠭᠦᠯᠡᠯ ᠢᠶᠠᠷ ᠦᠨᠡᠯᠡᠭᠳᠡᠭᠰᠡᠨ ᠪᠠᠶᠢᠨ᠎ᠠ᠃ ᠲᠠᠬᠢᠭᠠᠳ ᠰᠢᠯᠢᠳᠡᠭ ᠦᠬᠦᠯᠡᠯ ᠢᠶᠠᠷ ᠦᠨᠡᠯᠡᠭᠳᠡᠭᠰᠡᠨ ᠦᠬᠦᠯᠡᠯ ᠤᠳ ᠢ ︽ᠬᠤᠷᠴᠢᠨ ᠤ ᠤᠯᠠᠮᠵᠢᠯᠠᠯᠲᠦ ᠰᠤᠶᠤᠯ ᠤᠨ ᠬᠠᠮᠠᠭᠠᠯᠠᠯ ᠪᠠ ᠬᠦᠭᠵᠢᠭᠦᠯᠦᠯ ᠤᠨ ᠰᠢᠯᠢᠳᠡᠭ ᠦᠬᠦᠯᠡᠯ ᠤᠨ ᠲᠡᠭᠦᠪᠦᠷᠢ︾ ᠪᠤᠯᠭᠠᠨ ᠬᠡᠪᠯᠡᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号