ᠲᠤᠮᠳᠠᠳᠤ ᠬᠤᠰᠢᠭᠤ ᠤᠨᠴᠠᠯᠢᠬᠳᠤ ᠰᠤᠶᠤᠯ ᠵᠤᠭᠠᠴᠠᠯ ᠤᠨ ᠦᠢᠯᠡᠰ ᠢ ᠬᠦᠴᠤᠯᠠᠨ ᠬᠦᠭᠵᠢᠬᠦᠯᠵᠤ ᠪᠤᠢ
ᠨᠡᠶᠢᠲᠡᠯᠡᠭᠰᠡᠨ ᠴᠠᠭ᠄
2018-11-27
    ᠭᠤᠶᠢᠳᠠ ᠰᠠᠶᠢᠬᠠᠨ ᠲᠠᠯ᠎ᠠ ᠨᠤᠳᠤᠭ ᠤᠨ ᠦᠵᠡᠮᠵᠢ ᠲᠠᠢ᠂ ᠬᠦᠨ ᠵᠤᠵᠠᠭᠠᠨ ᠦᠨᠳᠤᠰᠤᠳᠡᠨ ᠤ ᠲᠡᠥᠬᠡ ᠰᠤᠶᠤᠯ ᠲᠠᠢ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠵᠤᠭᠠᠴᠠᠯ ᠨᠢ ᠨᠢᠭᠡᠨᠳᠠ ᠨᠡᠩ ᠤᠯᠠᠨ ᠬᠦᠮᠤᠰ ᠤᠨ ᠠᠩᠬᠠᠷᠤᠯ ᠢ ᠲᠠᠳᠠᠵᠤ᠂ ᠲᠦᠷᠪᠡᠨ ᠵᠦᠭ ᠨᠠᠢᠮᠠᠨ ᠵᠤᠪᠬᠢᠰ ᠠᠴᠠ ᠬᠦᠷᠤᠯᠴᠠᠨ ᠢᠷᠡᠭᠰᠡᠨ ᠵᠤᠭᠠᠴᠠᠭᠰᠠᠳ ᠲᠤᠮᠳᠠᠳᠤ ᠬᠤᠰᠢᠭᠤᠨ ᠳᠤ ᠵᠤᠭᠠᠴᠠᠨ᠂ ᠴᠦᠬᠡᠨ ᠲᠤᠭᠠᠳᠤ ᠦᠨᠳᠤᠰᠤᠳᠡᠨ ᠤ ᠰᠤᠶᠤᠯ ᠵᠤᠭᠠᠴᠠᠯ ᠳᠤ ᠨᠡᠩ ᠤᠢᠢᠯᠠᠭᠠᠯᠳᠠ ᠲᠠᠢ ᠪᠤᠯᠤᠭᠰᠠᠨ ᠪᠠᠶᠢᠨ᠎ᠠ᠃     ᠤᠢᠢᠷ᠎ᠠ ᠶᠢᠨ ᠬᠡᠳᠤᠨ ᠵᠢᠯ ᠳᠤ᠂ ᠲᠤᠮᠳᠠᠳᠤ ᠬᠤᠰᠢᠭᠤ ᠰᠤᠶᠤᠯ ᠪᠠ ᠵᠤᠭᠠᠴᠠᠯ ᠢ ᠠᠭᠤᠰᠤᠯᠴᠠᠭᠤᠯᠤᠨ ᠬᠦᠭᠵᠢᠬᠦᠯᠬᠦ ᠵᠠᠮ ᠢ ᠲᠠᠰᠤᠷᠠᠯᠳᠠ ᠦᠭᠡᠢ ᠰᠦᠪᠡᠭᠴᠢᠯᠡᠵᠤ᠂ ︽ᠵᠤᠭᠠᠴᠠᠯ + ᠰᠤᠶᠤᠯ︾ ︽ᠵᠤᠭᠠᠴᠠᠯ + ᠪᠡᠶ᠎ᠠ ᠲᠠᠮᠢᠷ︾ ︽ᠵᠤᠭᠠᠴᠠᠯ + ᠶᠠᠳᠠᠭᠤ ᠶᠢ ᠲᠡᠳᠬᠦᠬᠦ︾ ᠵᠡᠷᠭᠡ ᠬᠡᠪ ᠵᠠᠭᠪᠤᠷ ᠢ ᠲᠦᠯᠬᠢᠨ ᠠᠬᠢᠭᠤᠯᠵᠤ᠂ ᠰᠤᠶᠤᠯ ᠵᠤᠭᠠᠴᠠᠯ ᠤᠨ ᠬᠦᠭᠵᠢᠯᠳᠠ ᠶᠢ ᠲᠦᠷᠭᠡᠳᠭᠡᠵᠤ ᠪᠤᠢ᠃ ᠨᠢᠳᠤᠨᠤᠨ ᠵᠢᠯ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠢ ᠡᠷᠬᠢᠯᠡᠵᠤ ᠪᠠᠶᠢᠭ᠎ᠠ ᠬᠦᠮᠤᠰ 3000 ᠶᠢ ᠲᠠᠪᠠᠵᠤ᠂ ᠪᠦᠬᠦ ᠵᠢᠯ ᠳᠤ 88.95 ᠲᠦᠮᠡᠨ ᠬᠦᠮᠤᠨ ︵ᠤᠳᠠᠭ᠎ᠠ︶ ᠶᠢ ᠬᠦᠯᠢᠶᠡᠨ ᠠᠪᠴᠤ᠂ 5.11 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠡᠬᠦᠳᠴᠠᠢ ᠃ ᠡ᠊ᠨᠠ ᠵᠢᠯ ᠤᠨ 1 — 8 ᠰᠠᠷ᠎ᠠ ᠳᠤ᠂ ᠲᠤᠰ ᠬᠤᠰᠢᠭᠤ 54.85 ᠲᠦᠮᠡᠨ ᠬᠦᠮᠤᠨ ︵ᠤᠳᠠᠭ᠎ᠠ︶ ᠢ ᠬᠦᠯᠢᠶᠡᠨ ᠠᠪᠴᠤ᠂ ᠵᠤᠭᠠᠴᠠᠯ ᠤᠨ ᠶᠡᠷᠤᠩᠬᠡᠢ ᠤᠷᠤᠯᠭ᠎ᠠ 3 ᠳ᠋ᠦᠩᠰᠢᠭᠤᠷ ᠲᠦᠬᠦᠷᠢᠭ ᠲᠤ ᠲᠤᠯᠤᠭᠰᠠᠨ ᠪᠠᠶᠢᠨ᠎ᠠ᠃    ︽ᠮᠤᠩᠭᠤᠯ ᠦᠨᠳᠤᠰᠤᠳᠡᠨ ᠤ ᠦᠬᠦᠯᠡᠨ ᠲᠠᠭᠤᠯᠠᠬᠤ ᠤᠷᠠᠯᠢᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ︾᠂ ᠬᠤᠷᠴᠢᠨ ︽ᠠᠷᠠᠳ ᠤᠨ ᠲᠠᠭᠤᠥ ᠶᠢᠨ ᠨᠤᠳᠤᠭ︾᠂ ︽ᠬᠤᠪᠴᠠᠰᠤ ᠵᠠᠰᠠᠯ ᠤᠨ ᠨᠤᠳᠤᠭ︾᠂ ︽ᠠᠨᠳᠠᠢ ᠪᠦᠵᠢᠭ ᠤᠨ ᠨᠤᠳᠤᠭ︾᠂ ︽ᠲᠦᠷᠪᠡᠨ ᠤᠳᠠᠰᠤᠳᠤ ᠬᠤᠭᠤᠷ ᠤᠨ ᠨᠤᠳᠤᠭ︾᠂ ︽ᠮᠤᠷᠢᠨ ᠤᠷᠤᠯᠳᠤᠭᠠᠨ ᠤ ᠨᠤᠳᠤᠭ︾᠂ ︽ᠮᠤᠩᠭᠤᠯ ᠤᠷᠠᠨ ᠪᠢᠴᠢᠯᠭᠡ ᠶᠢᠨ ᠨᠤᠳᠤᠭ︾ ᠵᠡᠷᠭᠡ ᠨᠡᠷᠡᠶᠢᠳᠤᠯ ᠨᠢ ᠲᠤᠮᠳᠠᠳᠤ ᠬᠤᠰᠢᠭᠤᠨ ᠤ ᠬᠦᠨ ᠬᠦᠨᠵᠡᠭᠡᠢ ᠰᠤᠶᠤᠯ ᠤᠨ ᠠᠭᠤᠯᠬᠤᠨ ᠢ ᠢᠯᠡᠷᠡᠬᠦᠯᠵᠤ ᠴᠢᠳᠠᠨ᠎ᠠ᠃    ᠲᠦᠰᠢᠶᠡᠳᠤ ᠸᠠᠩ ᠤᠨ ᠤᠷᠳᠤᠨ ᠨᠢ ᠪᠠᠶᠠᠨᠬᠤᠰᠢᠭᠤ ᠪᠠᠯᠭᠠᠰᠤ ᠠᠴᠠ 20 ᠺᠢᠯᠥᠮᠧᠳ᠋ᠷ ᠵᠠᠶᠢᠳᠠᠢ ᠲᠠᠶᠢᠴᠢᠨᠳᠠᠯ᠎ᠠ ᠰᠤᠮᠤᠨ ᠳᠤ ᠪᠤᠢ᠃ ᠤᠳᠤᠬᠠᠨ ᠠᠴᠠ 130 ᠭᠠᠷᠤᠢ ᠵᠢᠯ ᠤᠨ ᠲᠡᠥᠬᠡ ᠲᠠᠢ ᠪᠠᠶᠢᠵᠤ᠂ 2013 ᠤᠨ ᠳᠤ ᠲᠠᠬᠢᠨ ᠪᠠᠶᠢᠭᠤᠯᠵᠤ᠂ 2017 ᠤᠨ ᠳᠤ ᠵᠢᠩᠬᠢᠨᠢ ᠪᠠᠷ ᠠᠰᠢᠭᠯᠠᠯᠳᠠ ᠳᠤ ᠤᠷᠤᠵᠠᠢ᠃ ᠸᠠᠩ ᠤᠨ ᠰᠦᠮ᠎ᠠ ᠤᠨ ᠦᠨᠳᠤᠷ ᠰᠦᠷᠯᠢᠭ ᠬᠤᠳᠠ ᠶᠢᠨ ᠬᠡᠷᠡᠮ᠂ ᠬᠦᠷᠢᠶᠡᠨ ᠳᠠᠬᠢ ᠤᠷᠳᠤ ᠬᠤᠩᠬᠢᠯ᠂ ᠠᠯᠳᠠᠨ ᠵᠢᠭᠠᠰᠤ᠂ ᠡᠷᠳᠡᠨ ᠤ ᠮᠤᠳᠤ ᠁ ᠵᠡᠷᠭᠡ ᠦᠵᠡᠮᠵᠢ ᠪᠦᠷᠢ ᠨᠢ ᠲᠡᠥᠬᠡ ᠶᠢᠨ ᠬᠤᠪᠢᠷᠠᠯᠳᠠ ᠶᠢ ᠢᠯᠡᠷᠡᠬᠦᠯᠵᠤ ᠪᠠᠶᠢᠳᠠᠭ᠃ ᠡᠬᠦᠨ ᠤ ᠬᠠᠮᠳᠤ᠂ ᠲᠦᠰᠢᠶᠡᠳᠤ ᠸᠠᠩ ᠤᠨ ᠤᠷᠳᠤᠨ ᠳᠠᠬᠢ ᠮᠦᠩᠬᠦᠨ ᠡᠳ᠋ᠯᠡᠯ ᠤᠨ ᠵᠤᠬᠢᠶᠠᠨ ᠦᠢᠯᠡᠳᠬᠦ᠂ ᠲᠦᠮᠬᠠᠦ᠋ᠯᠵᠠᠢ ᠶᠢᠨ ᠮᠤᠷᠢᠨ ᠡᠳ᠋ᠯᠠᠯ ᠤᠨ ᠵᠤᠬᠢᠶᠠᠨ ᠦᠢᠯᠡᠳᠬᠦ᠂ ᠸᠠᠩ ᠰᠢᠶᠤᠥ ᠬᠤᠩ ᠤᠨ ᠤᠨᠴᠠᠯᠢᠭᠳᠤ ᠴᠠᠭᠠᠰᠤᠨ ᠬᠠᠶᠢᠴᠢᠯᠠᠮᠠᠯ᠂ ᠲᠤᠯᠬᠢᠶᠠᠨ ᠤ ᠮᠤᠩᠭᠤᠯ ᠤᠷᠠᠨ ᠪᠢᠴᠢᠯᠭᠡ᠂ ᠲᠦᠰᠢᠶᠡᠳᠤ ᠸᠠᠩ ᠤᠨ ᠤᠷᠳᠤᠨ ᠤ ᠬᠠᠳᠬᠤᠮᠠᠯ ᠵᠡᠷᠭᠡ ᠦᠨᠳᠤᠰᠤᠳᠡᠨ ᠤ ᠭᠠᠷ ᠤᠷᠠᠯᠠᠯ ᠨᠢ ᠵᠤᠭᠠᠴᠠᠭᠰᠠᠳ ᠤᠨ ᠠᠩᠬᠠᠷᠤᠯ ᠢ ᠲᠠᠳᠠᠨ᠎ᠠ᠃     ᠤᠢᠢᠯᠠᠭᠠᠭᠰᠠᠨ ᠢᠶᠠᠷ᠂ ᠲᠤᠮᠳᠠᠳᠤ ᠬᠤᠰᠢᠭᠤᠨ ᠳᠤ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ 4᠂ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ 14᠂ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ 33᠂ ᠬᠤᠰᠢᠭᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ 67 ᠪᠤᠢ᠃ ᠡᠳᠡᠭᠡᠷ ᠲᠦᠷᠤᠯ ᠵᠦᠢᠯ ᠨᠢ ᠵᠤᠭᠠᠴᠠᠯ ᠤᠨ ᠦᠢᠯᠡᠰ ᠤᠨ ᠬᠦᠭᠵᠢᠯᠳᠠ ᠶᠢᠨ ᠲᠤᠮᠳᠠ ᠢᠳᠡᠪᠬᠢᠳᠠᠢ ᠲᠦᠯᠬᠢᠴᠠ ᠦᠢᠯᠡᠳᠤᠯ ᠦᠵᠡᠬᠦᠯᠵᠤ ᠪᠠᠶᠢᠨ᠎ᠠ᠃    ᠲᠤᠮᠳᠠᠳᠤ ᠬᠤᠰᠢᠭᠤᠨ ᠳᠤ ᠤᠨᠴᠠ ᠪᠠᠶᠢᠬᠤ ᠪᠠᠳᠤᠴᠠᠭᠠᠨ ᠪᠤᠯ ᠮᠤᠳᠤᠨ ᠨᠠᠪᠴᠢ ᠨᠢ ᠦᠩᠭᠡ ᠢᠯᠭᠠᠷᠠᠮ᠎ᠠ ᠭᠤᠶᠢᠳᠠ ᠰᠠᠶᠢᠬᠠᠨ ᠢᠶᠠᠷ ᠢᠶᠠᠨ ᠠᠯᠳᠠᠷᠰᠢᠵᠠᠢ᠃ ᠵᠢᠯ ᠪᠦᠷᠢ ᠶᠢᠨ 10 ᠰᠠᠷ᠎ᠠ ᠳᠤ᠂ ᠪᠠᠳᠤᠴᠠᠭᠠᠨ ᠨᠢ ᠤᠨᠴᠠᠯᠢᠭᠳᠤ ᠦᠩᠭᠡ ᠦᠵᠡᠮᠵᠢ ᠪᠠᠷ ᠢᠶᠠᠨ ᠪᠦᠬᠦ ᠤᠯᠤᠰ ᠤᠨ ᠡᠯ᠎ᠠ ᠭᠠᠵᠠᠷ ᠲᠠᠬᠢ ᠵᠤᠭᠠᠴᠠᠭᠰᠠᠳ ᠢ ᠲᠠᠳᠠᠨ ᠠᠪᠴᠢᠷᠠᠳᠠᠭ ᠪᠠᠶᠢᠯ᠎ᠠ    ᠬᠠᠩᠭᠠᠯ ᠤᠰᠤᠨ ᠴᠦᠬᠦᠷᠡᠮ ᠤᠨ ᠠᠮᠢ ᠠᠬᠤᠢ ᠶᠢᠨ ᠵᠤᠭᠠᠴᠠᠯ ᠤᠨ ᠤᠷᠤᠨ᠂ ᠲᠦᠰᠢᠶᠡᠳᠤ ᠮᠤᠷᠢᠨ ᠤᠷᠤᠯᠳᠤᠭᠠᠨ ᠤ ᠲᠠᠯᠠᠪᠠᠢ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠮᠦᠽᠸᠢ ᠵᠡᠷᠭᠡ ᠦᠩᠭᠡ ᠦᠵᠡᠮᠵᠢ᠂ ᠮᠤᠷᠢᠨ ᠤᠷᠤᠯᠳᠤᠭᠠᠨ ᠡᠷᠬᠢᠯᠡᠬᠦ᠂ ᠬᠤᠷᠴᠢᠨ ᠰᠤᠶᠤᠯ ᠤᠨ ᠦᠵᠡᠬᠦᠯᠤᠯᠭᠡ ᠠᠴᠠ ᠲᠤᠮᠳᠠᠳᠤ ᠬᠤᠰᠢᠭᠤᠨ ᠤ ᠰᠤᠶᠤᠯ ᠵᠤᠭᠠᠴᠠᠯ ᠢ ᠤᠢᠢᠯᠠᠭᠠᠵᠤ ᠮᠡᠳᠡᠬᠦ ᠪᠤᠯᠤᠨ᠎ᠠ᠃    ᠲᠤᠮᠳᠠᠳᠤ ᠬᠤᠰᠢᠭᠤ ᠪᠤᠯ ᠲᠤᠮᠳᠠᠳᠤ ᠤᠯᠤᠰ ᠤᠨ ︽ᠮᠤᠷᠢᠨ ᠤᠷᠤᠯᠳᠤᠭᠠᠨ ᠤ ᠨᠤᠳᠤᠭ︾ ᠭᠡᠳᠡᠭ ᠠᠯᠳᠠᠷ ᠲᠠᠢ ᠮᠦᠷᠳᠡᠬᠡᠨ 2018 ᠤᠨ ᠪᠤᠯᠳᠠᠯ᠎ᠠ᠂ ᠲᠤᠮᠳᠠᠳᠤ ᠬᠤᠰᠢᠭᠤ ᠦᠷᠬᠦᠯᠵᠢᠯᠡᠨ 10 ᠵᠢᠯ ᠬᠤᠷᠳᠤᠨ ᠮᠤᠷᠢᠨ ᠤ ᠤᠷᠤᠯᠳᠤᠭᠠᠨ ᠢ ᠡᠷᠬᠢᠯᠡᠵᠤ᠂ ᠠᠩᠭ᠍ᠯᠢ᠂ ᠠᠦ᠋ᠰᠳ᠋ᠷᠡᠯᠢᠶ᠎ᠠ᠂ ᠰᠢᠨ᠎ᠠ ᠽᠧᠯᠠᠨᠳ᠋ ᠵᠡᠷᠭᠡ ᠤᠯᠤᠰ ᠠᠴᠠ ᠤᠷᠤᠯᠳᠤᠭᠴᠢ ᠢᠷᠡᠵᠤ᠂ ᠤᠷᠤᠯᠳᠤᠭᠠᠨ ᠳᠤ ᠤᠷᠤᠯᠴᠠᠵᠤ ᠪᠠᠶᠢᠨ᠎ᠠ᠃ ᠤᠳᠤᠬᠠᠨ ᠳᠤ᠂ ᠲᠤᠰ ᠤᠷᠤᠯᠳᠤᠭᠠᠨ ᠨᠢ ᠨᠢᠭᠡᠨᠳᠠ ᠲᠤᠮᠳᠠᠳᠤ ᠬᠤᠰᠢᠭᠤᠨ ᠤ ᠰᠤᠶᠤᠯ ᠵᠤᠭᠠᠴᠠᠯ ᠤᠨ ᠤᠨᠴᠠᠯᠢᠭᠳᠤ ᠨᠡᠷ᠎ᠠ ᠶᠢᠨ ᠬᠠᠭᠤᠳᠠᠰᠤ ᠪᠤᠯᠵᠠᠢ᠃    ᠲᠤᠮᠳᠠᠳᠤ ᠬᠤᠰᠢᠭᠤ ᠨᠢ ᠦᠨᠳᠤᠰᠤᠳᠡᠨ ᠤ ᠪᠡᠶ᠎ᠠ ᠲᠠᠮᠢᠷ ᠤᠨ ᠦᠢᠯᠡᠰ ᠤᠨ ᠬᠦᠭᠵᠢᠯᠳᠠ ᠶᠢ ᠶᠡᠭᠡ ᠬᠦᠴᠤᠨ ᠢᠶᠠᠷ ᠬᠦᠭᠵᠢᠬᠦᠯᠬᠦ ᠪᠠᠷ ᠲᠠᠮᠵᠢᠨ᠂ ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠠ ᠶᠢ ᠠᠬᠢᠭᠤᠯᠵᠤ ᠪᠠᠶᠢᠨ᠎ᠠ᠃ ᠵᠢᠯ ᠪᠦᠷᠢ ᠶᠢᠨ ᠤᠷᠤᠯᠳᠤᠭᠠᠨ ᠡᠷᠬᠢᠯᠡᠵᠤ ᠪᠠᠶᠢᠭ᠎ᠠ ᠬᠤᠭᠤᠴᠠᠭᠠᠨ ᠳᠤ᠂ ᠲᠤᠮᠳᠠᠳᠤ ᠬᠤᠰᠢᠭᠤ ᠨᠢ ᠠᠷᠠᠯᠵᠢᠶᠠᠴᠢᠨ ᠤᠷᠢᠵᠤ ᠲᠡᠯᠭᠡᠷᠡᠬᠦᠯᠤᠨ ᠲᠠᠨᠢᠯᠴᠠᠭᠤᠯᠬᠤ ᠬᠤᠷᠠᠯ᠂ ᠤᠯᠠᠨ ᠤᠯᠤᠰ ᠤᠨ ᠠᠳᠤᠭᠤᠨ ᠦᠢᠯᠡᠰ ᠤᠨ ᠶᠠᠷᠢᠶᠠᠨ ᠤ ᠲᠠᠪᠴᠠᠩ᠂ ᠬᠤᠷᠴᠢᠨ ᠲᠠᠯ᠎ᠠ ᠨᠤᠳᠤᠭ ᠤᠨ ᠰᠡᠯᠡᠬᠦᠴᠡᠯ ᠵᠤᠭᠠᠴᠠᠯ ᠤᠨ ᠨᠠᠶᠢᠷ᠂ ᠬᠤᠷᠴᠢᠨ ᠠᠮᠳᠠᠳᠤ ᠢᠳᠡᠭᠡᠨ ᠤ ᠨᠠᠶᠢᠷ ᠵᠡᠷᠭᠡ ᠰᠢᠷᠢᠰ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ ᠨᠡᠩ ᠤᠯᠠᠨ ᠵᠤᠭᠠᠴᠠᠭᠰᠠᠳ ᠢ ᠲᠡᠳᠡᠨ ᠠᠪᠴᠢᠷᠠᠵᠤ ᠪᠤᠢ᠃ ᠨᠢᠳᠤᠨᠤᠨ ᠵᠢᠯ ᠳᠤ᠂ ᠬᠤᠷᠳᠤᠨ ᠮᠤᠷᠢᠨ ᠤ ᠤᠷᠤᠯᠳᠤᠭᠠᠨ ᠳᠤ ᠲᠤᠮᠳᠠᠳᠤ ᠬᠤᠰᠢᠭᠤᠨ ᠳᠤ 11 ᠲᠦᠮᠡᠨ ᠵᠤᠭᠠᠴᠠᠭᠰᠠᠳ ᠬᠦᠷᠤᠯᠴᠠᠨ ᠢᠷᠡᠵᠤ᠂ 1000 ᠭᠠᠷᠤᠢ ᠲᠦᠮᠡᠨ ᠲᠦᠬᠦᠷᠢᠭ ᠤᠨ ᠤᠷᠤᠯᠭ᠎ᠠ ᠶᠢ ᠡᠬᠦᠳᠥᠭᠰᠡᠨ ᠪᠠᠶᠢᠨ᠎ᠠ᠃    ᠤᠢᠢᠷ᠎ᠠ ᠶᠢᠨ ᠬᠡᠳᠤᠨ ᠵᠢᠯ ᠳᠤ᠂ ᠲᠤᠮᠳᠠᠳᠤ ᠬᠤᠰᠢᠭᠤ ᠬᠤᠳᠠ ᠬᠦᠳᠡᠭᠡ ᠶᠢᠨ ᠬᠦᠭᠵᠢᠯᠳᠠ ᠶᠢ ᠨᠢᠭᠡᠳᠤᠯᠳᠠᠢ ᠲᠦᠯᠤᠪᠵᠢᠬᠦᠯᠬᠦ ᠶᠢᠨ ᠲᠤᠮᠳᠠ᠂ ᠠᠮᠢ ᠠᠬᠤᠢ ᠶᠢᠨ ᠵᠤᠭᠠᠴᠠᠯ ᠢᠶᠠᠷ ᠰᠠᠭᠤᠷᠢᠯᠠᠨ᠂ ᠤᠨᠴᠠᠯᠢᠭᠳᠤ ᠠᠮᠢ ᠠᠬᠤᠢ ᠶᠢᠨ ᠡᠬᠢ ᠪᠠᠶᠠᠯᠢᠭ ᠲᠤ ᠲᠦᠰᠢᠭᠯᠡᠵᠤ᠂ ᠭᠤᠶᠢᠳᠠ ᠰᠠᠶᠢᠬᠠᠨ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠪᠠᠶ᠋ᠬᠠᠤᠪᠤᠭ᠎ᠠ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ ᠢ ᠪᠠᠶᠢᠭᠤᠯᠤᠭᠰᠨ ᠪᠠᠶᠢᠨ᠎ᠠ᠃ ᠡᠳᠤᠭᠡ᠂ ᠪᠠᠶ᠋ᠬᠠᠤᠪᠤᠭ᠎ᠠ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ ᠨᠢ ᠤᠰᠤᠨ ᠲᠡᠭᠡᠷᠡᠬᠢ ᠬᠤᠭᠤᠯᠠᠨ ᠭᠡᠷ᠂ ᠲᠠᠷᠢᠵᠤ ᠤᠷᠭᠤᠭᠤᠯᠵᠤ ᠲᠡᠬᠦᠬᠦ ᠬᠦᠷᠢᠶᠡᠯᠡᠩ᠂ ᠰᠡᠯᠡᠬᠦᠴᠡᠨ ᠴᠡᠩᠭᠡᠨ ᠨᠠᠭᠠᠳᠬᠤ᠂ ᠲᠤᠭᠤᠷᠢᠨ ᠦᠵᠡᠵᠤ ᠵᠤᠭᠠᠴᠠᠬᠤ ᠵᠡᠷᠭᠡ ᠤᠯᠠᠨ ᠲᠠᠯ᠎ᠠ ᠪᠠᠷ ᠬᠦᠭᠵᠢᠬᠦᠯᠥᠭᠰᠡᠨ ᠬᠦᠳᠡᠭᠡ ᠲᠤᠰᠬᠤᠨ ᠤ ᠵᠤᠭᠠᠴᠠᠯ ᠤᠨ ᠰᠢᠨ᠎ᠠ ᠪᠠᠶᠢᠷᠢᠯᠠᠭᠤᠯᠤᠯᠳᠠ ᠶᠢ ᠪᠤᠢ ᠪᠤᠯᠭᠠᠵᠠᠢ᠃ ᠪᠦᠷᠢᠳᠭᠡᠯ ᠢ ᠦᠨᠳᠤᠰᠤᠯᠡᠪᠡᠯ᠂ ᠨᠢᠳᠤᠨᠤᠨ ᠵᠢᠯ᠂ ᠲᠤᠰ ᠵᠤᠭᠠᠴᠠᠯ ᠤᠨ ᠤᠷᠤᠨ ᠨᠢ 30 ᠲᠦᠮᠡ ᠭᠠᠷᠤᠢ ᠬᠦᠮᠤᠨ ︵ᠤᠳᠠᠭ᠎ᠠ︶ ᠢ ᠬᠦᠯᠢᠶᠡᠨ ᠠᠪᠴᠤ᠂ 300 ᠭᠠᠷᠤᠢ ᠲᠦᠮᠡᠨ ᠲᠦᠬᠦᠷᠢᠭ ᠤᠨ ᠤᠷᠤᠯᠭ᠎ᠠ ᠶᠢ ᠡᠬᠦᠳᠴᠤ᠂ 2018 ᠤᠨ ᠤ 1 — 8 ᠰᠠᠷ᠎ᠠ ᠳᠤ᠂ 30 ᠲᠦᠮᠡᠨ ᠬᠦᠮᠤᠨ ︵ᠤᠳᠠᠭ᠎ᠠ︶ ᠢ ᠬᠦᠯᠢᠶᠡᠨ ᠠᠪᠴᠤ᠂ 300 ᠲᠦᠮᠡᠨ ᠲᠦᠬᠦᠷᠢᠭ ᠤᠨ ᠤᠷᠤᠯᠭ᠎ᠠ ᠶᠢ ᠡᠬᠦᠳᠥᠭᠰᠡᠨ ᠪᠠᠶᠢᠨ᠎ᠠ᠃ ᠡᠬᠦᠨ ᠤ ᠬᠠᠮᠳᠤ᠂ ᠲᠤᠰ ᠵᠤᠭᠠᠴᠠᠯ ᠤᠨ ᠤᠷᠤᠨ ᠨᠢ ᠪᠠᠶ᠋ᠬᠠᠤᠪᠤᠭ᠎ᠠ ᠭᠠᠴᠠᠭ᠎ᠠ ᠶᠢᠨ ᠠᠷᠠᠳ ᠤᠨ ᠠᠵᠢᠯ ᠤᠯᠭᠤᠬᠤ ᠶᠢ ᠲᠠᠶᠢᠴᠢᠯᠠᠭᠰᠠᠨ ᠤ ᠬᠠᠮᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠵᠤ ᠴᠢᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号