ᠬᠢᠩᠭᠠᠨ ᠠᠶᠢᠮᠠᠭ ᠤᠨ ᠤᠯᠤᠰ ᠠᠷᠠᠳ ᠤᠨ ᠠᠵᠥ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ | ᠭᠤᠷᠪᠠᠳᠤᠭᠠᠷ ᠲᠠᠪᠤᠨ ᠵᠢᠯ ᠤᠨ ᠲᠦᠯᠥᠪᠵᠢᠬᠦᠯᠬᠡ ᠶᠢᠨ ᠬᠦᠳᠦᠯᠪᠤᠷᠢ | | ᠲᠤᠮᠳᠠᠳᠤ ᠤᠯᠤᠰ ᠤᠨ ᠡᠪ ᠬᠠᠮᠳᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠬᠢᠩᠭᠠᠨ ᠠᠶᠢᠮᠠᠭ ᠤᠨ ᠵᠠᠬᠢᠷᠭ᠎ᠠ | ︵2016 ᠤᠨ ᠤ 3 ᠰᠠᠷ᠎ᠠ︶ | ᠭᠠᠷᠴᠠᠭ | ᠨᠢᠬᠡᠳᠤᠭᠡᠷ ᠠᠩᠭᠢᠯᠠᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠡᠷᠬᠢᠴᠡᠬᠦᠯᠥᠯ | ᠨᠢᠬᠡᠳᠤᠭᠡᠷ ᠪᠦᠯᠥᠭ ᠬᠦᠭᠵᠢᠯᠳᠡ ᠶᠢᠨ ᠰᠠᠭᠤᠷᠢ ᠪᠠ ᠨᠦᠬᠦᠴᠡᠯ | ᠨᠢᠬᠡᠳᠤᠭᠡᠷ ᠬᠡᠰᠡᠭ ᠬᠦᠭᠵᠢᠯᠳᠡ ᠶᠢᠨ ᠰᠠᠭᠤᠷᠢ ᠬᠤᠶᠠᠳᠤᠭᠠᠷ ᠬᠡᠰᠡᠭ ᠬᠦᠭᠵᠢᠯᠳᠡ ᠶᠢᠨ ᠨᠦᠬᠦᠴᠡᠯ | ᠬᠤᠶᠠᠳᠤᠭᠠᠷ ᠬᠡᠰᠡᠭ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠠᠤᠭ᠎ᠠ ᠲᠥᠰᠦᠪ | ᠬᠤᠶᠠᠳᠤᠭᠠᠷ ᠠᠩᠭᠢᠯᠠᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠶᠡᠷᠤᠩᠬᠡᠢ ᠱᠠᠭᠠᠷᠳᠠᠯᠭ᠎ᠠ | ᠨᠢᠬᠡᠳᠤᠭᠡᠷ ᠬᠡᠰᠡᠭ ᠬᠦᠭᠵᠢᠯᠳᠡ ᠶᠢᠨ ᠪᠠᠶᠢᠳᠠᠯ | ᠬᠤᠶᠠᠳᠤᠭᠠᠷ ᠬᠡᠰᠡᠭ ᠵᠢᠯᠤᠭᠤᠳᠬᠤ ᠦᠵᠡᠯ ᠰᠠᠨᠠᠭ᠎ᠠ | ᠭᠤᠷᠪᠠᠳᠤᠭᠠᠷ ᠬᠡᠰᠡᠭ ᠬᠦᠭᠵᠢᠯᠳᠡ ᠶᠢᠨ ᠵᠠᠷᠴᠢᠮ | ᠲᠦᠷᠪᠡᠳᠤᠭᠡᠷ ᠬᠡᠰᠡᠭ ᠬᠦᠭᠵᠢᠯᠳᠡ ᠶᠢᠨ ᠤᠢᠢᠯᠠᠭᠠᠭᠳᠠᠬᠤᠨ | ᠲᠠᠪᠤᠳᠤᠭᠠᠷ ᠬᠡᠰᠡᠭ ᠬᠦᠭᠵᠢᠯᠳᠡ ᠶᠢᠨ ᠪᠠᠶᠢᠷᠢ ᠲᠤᠭᠳᠠᠭᠠᠯᠳᠠ | ᠵᠢᠷᠭᠤᠳᠤᠭᠠᠷ ᠬᠡᠰᠡᠭ ᠬᠦᠭᠵᠢᠯᠳᠡ ᠶᠢᠨ ᠬᠠᠷᠠᠯᠳᠡ | ᠭᠤᠷᠪᠠᠳᠤᠭᠠᠷ ᠠᠩᠭᠢᠯᠠᠯ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠥ ᠠᠵᠥ ᠠᠬᠤᠢ ᠶᠢᠨ | ᠶᠡᠷᠤᠩᠬᠡᠶᠢᠯᠡᠭᠰᠡᠨ ᠪᠤᠳᠠᠳᠤ ᠬᠦᠴᠦᠨ ᠢ ᠪᠤᠵᠠᠭᠠᠢᠢᠷᠠᠭᠤᠯᠤᠨ᠎ᠠ | ᠭᠤᠷᠪᠠᠳᠤᠭᠠᠷ ᠪᠦᠯᠥᠭ ᠪᠦᠳᠦᠮᠵᠢᠳᠡᠢ ᠬᠡᠷᠡᠭᠴᠡᠭᠡ ᠶᠢ ᠴᠢᠷᠮᠠᠶᠢᠨ ᠦᠷᠭᠡᠳᠭᠡᠨ᠎ᠡ | ᠨᠢᠬᠡᠳᠤᠭᠡᠷ ᠬᠡᠰᠡᠭ ᠨᠡᠮᠡᠭᠳᠡᠯ ᠳᠤ ᠦᠵᠡᠬᠦᠯᠬᠦ ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠦᠯ ᠢ ᠬᠦᠢᠴᠡᠳ | ᠪᠠᠳᠠᠷᠠᠭᠤᠯᠤᠨ᠎ᠠ | ᠬᠤᠶᠠᠳᠤᠭᠠᠷ ᠬᠡᠰᠡᠭ ᠨᠡᠮᠡᠭᠳᠡᠯ ᠳᠤ ᠦᠵᠡᠬᠦᠯᠬᠦ ᠬᠡᠷᠡᠭᠯᠡᠭᠡᠨ ᠤ ᠰᠠᠭᠤᠷᠢ ᠦᠢᠯᠡᠳᠦᠯ ᠢ ᠪᠦᠳᠦᠮᠵᠢᠳᠡᠢ ᠪᠠᠳᠠᠷᠠᠭᠤᠯᠤᠨ᠎ᠠ | | ᠭᠤᠷᠪᠠᠳᠤᠭᠠᠷ ᠬᠡᠰᠡᠭ ᠨᠡᠮᠡᠭᠳᠡᠯ ᠳᠤ ᠦᠵᠡᠬᠦᠯᠬᠦ ᠭᠠᠳᠠᠭᠠᠳᠤ ᠭᠠᠷᠭᠠᠯᠳᠡ ᠶᠢᠨ ᠠᠬᠢᠭᠤᠯᠬᠤ ᠦᠢᠯᠡᠳᠦᠯ ᠢ ᠢᠳᠡᠪᠬᠢᠳᠡᠢ | ᠪᠠᠳᠠᠷᠠᠭᠤᠯᠤᠨ᠎ᠠ | ᠲᠦᠷᠪᠡᠳᠤᠭᠡᠷ ᠪᠦᠯᠥᠭ ᠠᠵᠥ ᠦᠢᠯᠡᠰ ᠤᠨ ᠬᠦᠭᠵᠢᠯᠳᠡ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠤᠨ᠎ᠡ | ᠨᠢᠬᠡᠳᠤᠭᠡᠷ ᠬᠡᠰᠡᠭ ︽ᠬᠤᠶᠠᠷ ᠲᠡᠩᠬᠡᠯᠢᠭ ︾ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠎ᠡ | ᠬᠤᠶᠠᠳᠤᠭᠠᠷ ᠬᠡᠰᠡᠭ ︽ᠲᠦᠷᠪᠡᠨ ᠲᠤᠭᠤᠷᠢᠬ︾ ᠤᠨ ᠬᠦᠭᠵᠢᠯᠳᠡ ᠶᠢ ᠲᠦᠷᠬᠡᠳᠭᠡᠨ ᠠᠬᠢᠭᠤᠯᠤᠨ᠎ᠡ | ᠲᠠᠪᠤᠳᠤᠭᠠᠷ ᠪᠦᠯᠥᠭ ᠲᠠᠷᠢᠶᠠᠯᠠᠩ ᠮᠠᠯ ᠠᠵᠥ ᠠᠬᠤᠢ ᠶᠢᠨ ᠤᠳᠤᠬᠢᠴᠢᠯᠠᠯᠳᠠ ᠶᠢ ᠠᠬᠢᠭᠤᠯᠤᠨ᠎ᠡ | ᠨᠢᠬᠡᠳᠤᠭᠡᠷ ᠬᠡᠰᠡᠭ ᠲᠠᠷᠢᠶᠠᠯᠠᠩ ᠮᠠᠯ ᠠᠵᠥ ᠠᠬᠤᠢ ᠶᠢᠨ ᠶᠡᠷᠤᠩᠬᠡᠶᠢᠯᠡᠭᠰᠡᠡ ᠦᠢᠯᠡᠳᠪᠤᠷᠢᠯᠡᠯ ᠤᠨ ᠴᠢᠳᠠᠪᠤᠷᠢ ᠶᠢ | ᠲᠡᠭᠡᠭᠰᠢᠯᠡᠬᠦᠯᠤᠨ᠎ᠡ | ᠬᠤᠶᠠᠳᠤᠭᠠᠷ ᠬᠡᠰᠡᠭ ᠲᠠᠷᠢᠶᠠᠯᠠᠩ ᠮᠠᠯ ᠠᠵᠥ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠤᠨ᠎ᠡ | ᠭᠤᠷᠪᠠᠳᠤᠭᠠᠷ ᠬᠡᠰᠡᠭ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠥ ᠠᠬᠤᠢ ᠶᠢᠨ ᠡᠵᠡᠩᠨᠡᠯᠳᠡ ᠶᠢᠨ ᠰᠢᠰᠲ᠋ᠧᠮ ᠢ | ᠪᠠᠶᠢᠭᠤᠯᠤᠨ᠎ᠠ | ᠲᠦᠷᠪᠡᠳᠤᠭᠡᠷ ᠬᠡᠰᠡᠭ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠪᠠᠳᠤᠯᠠᠪᠤᠷᠢ ᠶᠢᠨ ᠠᠷᠭ᠎ᠠ ᠬᠡᠮᠵᠢᠶ᠎ᠡ ᠶᠢ | ᠴᠢᠩᠭᠠᠳᠬᠠᠨ᠎ᠠ | ᠵᠢᠷᠭᠤᠳᠤᠭᠠᠷ ᠪᠦᠯᠥᠭ ᠲᠠᠪᠠᠭᠤᠯᠢᠭ ᠤᠨᠴᠠᠯᠢᠬᠳᠤ ᠠᠵᠥ ᠦᠢᠯᠡᠰ ᠤᠨ ᠬᠦᠭᠵᠢᠯᠳᠡ ᠶᠢ ᠲᠦᠷᠬᠡᠳᠭᠡᠨ᠎ᠡ | ᠨᠢᠬᠡᠳᠤᠭᠡᠷ ᠬᠡᠰᠡᠭ ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠪᠦᠳᠦᠭᠡᠭᠳᠡᠬᠦᠨ ᠢ | ᠡᠳ᠋ᠰᠢᠬᠦᠯᠬᠦ ᠦᠢᠯᠡᠰ | ᠬᠤᠶᠠᠳᠤᠭᠠᠷ ᠬᠡᠰᠡᠭ ᠠᠮᠢ ᠠᠬᠤᠢ ᠰᠤᠶᠤᠯ ᠵᠤᠭᠠᠴᠠᠯ ᠤᠨ ᠦᠢᠯᠡᠰ | ᠭᠤᠷᠪᠠᠳᠤᠭᠠᠷ ᠬᠡᠰᠡᠭ ᠨᠡᠬᠦᠷᠡᠰᠤ ᠶᠢ ᠠᠷᠢᠭᠤᠨ ᠴᠡᠪᠡᠷ ᠦᠨᠳᠤᠷ ᠦᠷ᠎ᠡ ᠠᠰᠢᠭᠲᠠᠢ ᠪᠠᠷ ᠬᠡᠷᠡᠭᠯᠡᠬᠦ ᠠᠵᠥ ᠦᠢᠯᠡᠰ | ᠲᠦᠷᠪᠡᠳᠤᠭᠡᠷ ᠬᠡᠰᠡᠭ ᠲᠡᠮᠦᠷᠯᠢᠭ ᠪᠠ ᠪᠠᠷᠢᠯᠭ᠎ᠠ ᠶᠢᠨ ᠮᠠᠲ᠋ᠧᠷᠢᠶᠠᠯ ᠤᠨ ᠠᠵᠥ ᠦᠢᠯᠡᠰ | ᠲᠠᠪᠤᠳᠤᠭᠠᠷ ᠬᠡᠰᠡᠭ ᠲᠠᠷᠢᠮᠠᠯ ᠤᠨ ᠡᠰᠢ ᠰᠦᠷᠡᠯ ᠤᠨ ᠠᠵᠥ ᠦᠢᠯᠡᠰ | ᠲᠤᠯᠤᠳᠤᠭᠠᠷ ᠪᠦᠯᠥᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠠ ᠠᠵᠥ ᠦᠢᠯᠡᠰ ᠢ | ᠢᠳᠡᠪᠬᠢᠳᠡᠢ ᠬᠦᠭᠵᠢᠬᠦᠯᠤᠨ᠎ᠡ | ᠨᠢᠬᠡᠳᠤᠭᠡᠷ ᠬᠡᠰᠡᠭ ᠦᠪᠡᠷᠮᠢᠴᠡ ᠤᠨᠴᠠᠯᠢᠬᠳᠤ ᠠᠮᠢᠳᠤ ᠪᠤᠳᠠᠰ ᠤᠨ ᠡᠮ ᠦᠢᠯᠡᠳᠬᠦ ᠠᠵᠥ ᠦᠢᠯᠡᠰ | ᠬᠤᠶᠠᠳᠤᠭᠠᠷ ᠬᠡᠰᠡᠭ ᠠᠮᠢᠳᠤ ᠪᠤᠳᠠᠰ ᠤᠨ ᠡᠬᠦᠯᠳᠡᠷ ᠪᠤᠶᠢᠵᠢᠭᠤᠯᠬᠤ ᠠᠵᠥ ᠦᠢᠯᠡᠰ | ᠭᠤᠷᠪᠠᠳᠤᠭᠠᠷ ᠬᠡᠰᠡᠭ ᠰᠢᠨ᠎ᠡ ᠡᠨᠧᠷᠬᠢ ᠶᠢᠨ ᠠᠵᠥ ᠦᠢᠯᠡᠰ ᠲᠦᠷᠪᠡᠳᠤᠭᠡᠷ ᠬᠡᠰᠡᠭ ᠲᠤᠨᠤᠬᠯᠠᠯ ᠦᠢᠯᠡᠳᠬᠦ ᠦᠢᠯᠡᠰ | ᠲᠠᠪᠤᠳᠤᠭᠠᠷ ᠬᠡᠰᠡᠭ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠥ ᠦᠢᠯᠡᠰ | ᠨᠠᠢᠮᠠᠳᠤᠭᠠᠷ ᠪᠦᠯᠥᠭ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ | ᠨᠢᠬᠡᠳᠤᠭᠡᠷ ᠬᠡᠰᠡᠭ ᠦᠢᠯᠡᠳᠪᠤᠷᠢᠯᠡᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠶᠡᠬᠡᠪᠡᠷ ᠬᠦᠭᠵᠢᠬᠦᠯᠤᠨ᠎ᠠ | ᠬᠤᠶᠠᠳᠤᠭᠠᠷ ᠬᠡᠰᠡᠭ ᠠᠮᠢᠳᠤᠷᠠᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠢᠳᠡᠪᠬᠢᠳᠡᠢ ᠬᠦᠭᠵᠢᠭᠦᠯᠤᠨ᠎ᠡ | ᠶᠢᠰᠦᠳᠦᠭᠡᠷ ᠪᠦᠯᠥᠭ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ | ᠨᠢᠬᠡᠳᠤᠭᠡᠷ ᠬᠡᠰᠡᠭ ᠶᠡᠷᠤᠩᠬᠡᠶᠢᠯᠡᠭᠰᠡᠡ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ | ᠬᠤᠶᠠᠳᠤᠭᠠᠷ ᠬᠡᠰᠡᠭ ᠤᠰᠤᠨ ᠠᠰᠢᠬᠯᠠᠯᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ | ᠭᠤᠷᠪᠠᠳᠤᠭᠠᠷ ᠬᠡᠰᠡᠭ ᠮᠡᠳᠡᠭᠡ ᠵᠠᠩᠬᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ | ᠲᠦᠷᠪᠡᠳᠤᠭᠡᠷ ᠬᠡᠰᠡᠭ ᠡᠨᠧᠷᠬᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ | ᠠᠷᠪᠠᠳᠤᠭᠠᠷ ᠪᠦᠯᠥᠭ ᠠᠵᠥ ᠦᠢᠯᠡᠰ ᠤᠨ ᠬᠦᠭᠵᠢᠯᠳᠡ ᠶᠢᠨ ᠰᠢᠨ᠎ᠡ ᠤᠷᠤᠨ ᠵᠠᠢ ᠶᠢ ᠦᠷᠭᠡᠳᠭᠡᠨ᠎ᠡ | ᠨᠢᠬᠡᠳᠤᠭᠡᠷ ᠬᠡᠰᠡᠭ ᠬᠦᠷᠢᠶᠡᠯᠡᠩ ᠲᠤᠭᠤᠷᠢᠭ ᠤᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠤᠨ᠎ᠡ | ᠬᠤᠶᠠᠳᠤᠭᠠᠷ ᠬᠡᠰᠡᠭ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠤᠮᠵᠢ ᠪᠠ ᠤᠯᠠᠨ ᠨᠡᠶᠢᠳᠡ ᠶᠢᠨ | ᠦᠢᠯᠡᠴᠢᠯᠡᠭᠡ ᠶᠢ ᠲᠡᠭᠦᠯᠳᠡᠷᠵᠢᠭᠦᠯᠤᠨ᠎ᠡ | ᠲᠦᠷᠪᠡᠳᠤᠭᠡᠷ ᠠᠩᠭᠢᠯᠠᠯ ᠰᠢᠨ᠎ᠡ ᠶᠢ ᠡᠬᠦᠳᠬᠦ ᠬᠦᠭᠵᠢᠯᠳᠡ ᠶᠢ ᠪᠠᠷᠢᠮᠳᠡᠯᠡᠵᠥ ᠬᠦᠭᠵᠢᠯᠳᠡ ᠶᠢᠨ ᠶᠠᠰᠤ ᠴᠢᠨᠠᠷ ᠪᠤᠯᠤᠨ | ᠦᠷ᠎ᠡ ᠠᠰᠢᠬ ᠢ ᠲᠡᠭᠡᠭᠰᠢᠯᠡᠬᠦᠯᠤᠨ᠎ᠡ | ᠠᠷᠪᠠᠨ ᠨᠢᠬᠡᠳᠤᠭᠡᠷ ᠪᠦᠯᠥᠭ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠤᠨ᠎ᠡ | ᠨᠢᠬᠡᠳᠤᠭᠡᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ᠎ᠡ | ᠬᠤᠶᠠᠳᠤᠭᠠᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠤᠨᠳᠤᠤᠰᠢᠭᠤᠯᠬᠤ ᠶᠢ ᠠᠬᠢᠭᠤᠯᠤᠨ᠎ᠡ | ᠭᠤᠷᠪᠠᠳᠤᠭᠠᠷ ᠬᠡᠰᠡᠭ ᠤᠯᠠᠨ ᠢᠶᠠᠷ ᠢᠶᠠᠨ ᠦᠢᠯᠡᠰ ᠪᠤᠰᠬᠠᠵᠥ ᠨᠡᠶᠢᠳᠡ ᠪᠠᠷ ᠢᠶᠠᠨ ᠰᠢᠨ᠎ᠡ ᠶᠢ ᠡᠬᠦᠳᠬᠦ ᠶᠢ | ᠠᠬᠢᠭᠤᠯᠤᠨ᠎ᠡ | ᠠᠷᠪᠠᠨ ᠬᠤᠶᠠᠳᠤᠭᠠᠷ ᠪᠦᠯᠥᠭ ᠪᠠᠶᠢᠭᠤᠯᠤᠮᠵᠢ ᠲᠤᠭᠳᠠᠴᠠ ᠶᠢᠨ ᠦᠭᠡᠷᠡᠴᠢᠯᠡᠯᠳᠡ ᠶᠢ ᠲᠦᠷᠭᠡᠳᠭᠡᠨ᠎ᠡ | ᠨᠢᠬᠡᠳᠤᠭᠡᠷ ᠬᠡᠰᠡᠭ ᠠᠵᠥ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠤᠨ᠎ᠡ | ᠬᠤᠶᠠᠳᠤᠭᠠᠷ ᠬᠡᠰᠡᠭ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠤᠨ᠎ᠡ | ᠭᠤᠷᠪᠠᠳᠤᠭᠠᠷ ᠬᠡᠰᠡᠭ ᠤᠳᠤ ᠦᠶ᠎ᠡ ᠶᠢᠨ ᠵᠠᠬ᠎ᠠ ᠲᠡᠯᠭᠡᠬᠦᠷ ᠤᠨ ᠰᠢᠰᠲ᠋ᠧᠮ ᠢ ᠲᠦᠷᠭᠡᠨ ᠲᠡᠬᠦᠯᠳᠡᠷᠵᠢᠬᠦᠯᠤᠨ᠎ᠡ | ᠲᠦᠷᠪᠡᠳᠤᠭᠡᠷ ᠬᠡᠰᠡᠭ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠡ | ᠲᠠᠪᠤᠳᠤᠭᠠᠷ ᠬᠡᠰᠡᠭ ᠨᠡᠶᠢᠭᠡᠮ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠡ | ᠵᠢᠷᠭᠤᠳᠤᠭᠠᠷ ᠬᠡᠰᠡᠭ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠡ | ᠠᠷᠪᠠᠨ ᠭᠤᠷᠪᠠᠳᠤᠭᠠᠷ ᠪᠦᠯᠥᠭ ᠢᠨᠲ᠋ᠧᠷ ᠰᠦᠯᠵᠢᠶᠡᠨ ᠤ ᠠᠵᠥ ᠠᠬᠤᠢ ᠶᠢ ᠬᠦᠭᠵᠢᠬᠦᠯᠨᠡ | ᠨᠢᠬᠡᠳᠤᠭᠡᠷ ᠬᠡᠰᠡᠭ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠦᠯᠥᠪᠯᠡᠭᠡ ᠶᠢ ᠶᠡᠬᠡᠪᠡᠷ ᠬᠡᠷᠡᠭᠵᠢᠬᠦᠯᠤᠨ᠎ᠡ | ᠬᠤᠶᠠᠳᠤᠭᠠᠷ ᠬᠡᠰᠡᠭ ᠲᠤᠮᠤ ᠳ᠋ᠠᠶᠢᠲ᠋ᠠ ᠶᠢᠨ ᠬᠦᠭᠵᠢᠯᠳᠡ ᠶᠢ ᠠᠬᠢᠭᠤᠯᠤᠨ᠎ᠠ | ᠲᠠᠪᠤᠳᠤᠭᠠᠷ ᠠᠩᠭᠢᠯᠠᠯ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠵᠥ ᠬᠦᠭᠵᠢᠯᠳᠡ ᠶᠢᠨ ᠪᠦᠬᠦᠯᠢ ᠴᠤᠭᠴᠠᠳᠤ | ᠴᠢᠨᠠᠷ ᠢ ᠲᠡᠭᠡᠭᠰᠢᠯᠡᠬᠦᠯᠤᠨ᠎ᠡ | ᠠᠷᠪᠠᠨ ᠲᠦᠷᠪᠡᠳᠦᠭᠡᠷ ᠪᠦᠯᠥᠭ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠡ | ᠨᠢᠬᠡᠳᠤᠭᠡᠷ ᠬᠡᠰᠡᠭ ᠬᠤᠰᠢᠭᠤ ᠰᠢᠶᠠᠨ ᠤ ᠠᠵᠥ ᠠᠬᠤᠢ ᠶᠢᠨ ᠬᠦᠭᠵᠢᠯᠳᠡ ᠶᠢ ᠠᠬᠢᠭᠤᠯᠤᠨ᠎ᠡ | ᠬᠤᠶᠠᠳᠤᠭᠠᠷ ᠬᠡᠰᠡᠭ ᠬᠢᠯᠢ ᠲᠠᠭᠠᠤ ᠭᠠᠵᠠᠷ ᠤᠷᠤᠨ ᠤ ᠬᠦᠭᠵᠢᠯᠳᠡ ᠶᠢ ᠠᠬᠢᠭᠤᠯᠤᠨ᠎ᠡ | ᠭᠤᠷᠪᠠᠳᠤᠭᠠᠷ ᠬᠡᠰᠡᠭ ᠤᠨᠴᠠ ᠬᠦᠴᠢᠷᠳᠡᠯᠳᠡᠢ ᠭᠠᠵᠠᠷ ᠤᠷᠤᠨ ᠤ ᠬᠦᠭᠵᠢᠯᠳᠡ ᠶᠢ ᠲᠦᠷᠬᠡᠳᠭᠡᠨ᠎ᠡ | ᠠᠷᠪᠠᠨ ᠲᠠᠪᠤᠳᠤᠭᠠᠷ ᠪᠦᠯᠥᠭ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠡ | ᠨᠢᠬᠡᠳᠤᠭᠡᠷ ᠬᠡᠰᠡᠭ ᠬᠤᠳᠠ ᠪᠠᠯᠭᠠᠰᠤᠨ ᠤ ᠰᠢᠰᠲ᠋ᠧᠮ ᠢ ᠲᠡᠬᠦᠯᠳᠡᠷᠵᠢᠬᠦᠯᠤᠨ᠎ᠡ | ᠬᠤᠶᠠᠳᠤᠭᠠᠷ ᠬᠡᠰᠡᠭ ᠬᠤᠳᠠ ᠪᠠᠯᠭᠠᠰᠤᠨ ᠤ ᠦᠷᠬᠦᠯᠵᠢᠯᠡᠨ ᠬᠦᠭᠵᠢᠬᠦ ᠴᠢᠳᠠᠪᠤᠷᠢ ᠶᠢ ᠲᠡᠭᠡᠭᠰᠢᠯᠡᠬᠦᠯᠤᠨ᠎ᠡ | ᠭᠤᠷᠪᠠᠳᠤᠭᠠᠷ ᠬᠡᠰᠡᠭ ᠲᠠᠷᠢᠶᠠᠯᠠᠩ ᠮᠠᠯ ᠠᠵᠥ ᠠᠬᠤᠢ ᠠᠴᠠ ᠰᠢᠯᠵᠢᠭᠰᠡᠨ ᠬᠦᠮᠥᠨ ᠠᠮᠠ ᠶᠢ ᠬᠤᠳᠠ ᠶᠢᠨ ᠠᠷᠠᠳ | ᠪᠤᠯᠭᠠᠬᠤ ᠶᠢ ᠡᠮᠬᠢ ᠲᠢᠭᠯᠢᠮ ᠲᠠᠢ ᠠᠬᠢᠭᠤᠯᠤᠨ᠎ᠡ | ᠲᠦᠷᠪᠡᠳᠤᠭᠡᠷ ᠬᠡᠰᠡᠭ ᠬᠤᠳᠠ ᠬᠦᠳᠡᠭᠡ ᠶᠢᠨ ᠬᠦᠭᠵᠢᠯᠳᠡ ᠶᠢ ᠨᠢᠬᠡ ᠴᠤᠭᠴᠠᠵᠢᠭᠤᠯᠬᠤ ᠶᠢ ᠠᠬᠢᠭᠤᠯᠤᠨ᠎ᠡ | ᠲᠠᠪᠤᠳᠤᠭᠠᠷ ᠬᠡᠰᠡᠭ ᠦᠵᠡᠰᠬᠦᠯᠡᠩᠳᠤ ᠰᠠᠶᠢᠬᠠᠨ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ | ᠲᠤᠬᠳᠠᠭᠤᠨ ᠢᠶᠠᠷ ᠠᠬᠢᠭᠤᠯᠤᠨ᠎ᠡ | ᠠᠷᠪᠠᠨ ᠵᠢᠷᠭᠤᠳᠤᠭᠠᠷ ᠪᠦᠯᠥᠭ ᠪᠤᠳᠠᠰ ᠤᠨ ᠪᠤᠯᠪᠠᠰᠤᠨ ᠪᠤᠯᠤᠨ ᠤᠶᠤᠨ ᠤ ᠪᠤᠯᠪᠠᠰᠤᠨ ᠤ ᠵᠤᠬᠢᠴᠠᠨᠭᠤᠢ | ᠬᠦᠭᠵᠢᠯᠳᠡ ᠶᠢ ᠠᠬᠢᠭᠤᠯᠤᠨ᠎ᠠ | ᠨᠢᠬᠡᠳᠤᠭᠡᠷ ᠬᠡᠰᠡᠭ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠎ᠠ | ᠬᠤᠶᠠᠳᠤᠭᠠᠷ ᠬᠡᠰᠡᠭ ᠶᠠᠷᠢᠶ᠎ᠠ ᠬᠡᠯᠡᠯᠴᠡᠬᠡᠨ ᠤ ᠵᠢᠯᠤᠭᠤᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ | ᠭᠤᠷᠪᠠᠳᠤᠭᠠᠷ ᠬᠡᠰᠡᠭ ᠰᠤᠶᠤᠯ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ | ᠲᠦᠷᠪᠡᠳᠤᠭᠡᠷ ᠬᠡᠰᠡᠭ ᠰᠤᠶᠤᠯ ᠤᠨ ᠠᠵᠥ ᠦᠢᠯᠡᠰ ᠢ ᠪᠤᠶᠢᠵᠢᠭᠤᠯᠤᠨ ᠪᠤᠵᠠᠭᠠᠢᠢᠷᠠᠭᠤᠯᠤᠨ᠎ᠠ | ᠵᠢᠷᠭᠤᠳᠤᠭᠠᠷ ᠠᠩᠭᠢᠯᠠᠯ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠡᠯᠡᠵᠥ ᠮᠠᠨ ᠤ ᠤᠯᠤᠰ ᠤᠨ ᠤᠮᠠᠷᠠᠳᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠤᠨ᠎ᠡ | ᠠᠷᠪᠠᠨ ᠲᠤᠯᠤᠳᠤᠭᠠᠷ ᠪᠦᠯᠥᠭ ᠭᠤᠤᠯ ᠴᠤᠭᠴᠠ ᠶᠢᠨ ᠴᠢᠳᠡᠮᠵᠢᠳᠤ ᠤᠷᠤᠨ ᠤ ᠪᠦᠳᠦᠭᠡᠨ ᠪᠠᠶᠢᠭᠤᠯᠤᠯᠳᠠ ᠶᠢ | ᠲᠦᠷᠬᠡᠳᠭᠡᠨ᠎ᠡ | ᠨᠢᠬᠡᠳᠤᠭᠡᠷ ᠬᠡᠰᠡᠭ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠨᠡᠬᠡᠬᠡᠨ ᠠᠰᠢᠬᠯᠠᠬᠤ ᠪᠠᠶᠢᠷᠢᠰᠢᠯ ᠢ | ᠰᠢᠯᠢᠳᠡᠭᠵᠢᠬᠦᠯᠤᠨ᠎ᠡ | ᠬᠤᠶᠠᠳᠤᠭᠠᠷ ᠬᠡᠰᠡᠭ ᠤᠷᠤᠨ ᠪᠦᠰᠡ ᠶᠢᠨ ᠵᠦᠷᠢᠶᠡᠳᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠤᠨ᠎ᠡ | ᠭᠤᠷᠪᠠᠳᠤᠭᠠᠷ ᠬᠡᠰᠡᠭ ᠬᠢᠨᠠᠨ ᠰᠢᠯᠭᠠᠵᠥ ᠦᠨᠡᠯᠡᠬᠦ ᠠᠷᠭ᠎ᠠ ᠶᠢ ᠪᠦᠷᠢᠨᠰᠢᠬᠦᠯᠤᠨ᠎ᠡ | ᠠᠷᠪᠠᠨ ᠨᠠᠢᠮᠠᠳᠤᠭᠠᠷ ᠪᠦᠯᠥᠭ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠥ ᠰᠡᠷᠬᠦᠬᠡᠨ᠎ᠡ | ᠨᠢᠬᠡᠳᠤᠭᠡᠷ ᠬᠡᠰᠡᠭ ᠤᠢ ᠰᠢᠭᠤᠢ ᠶᠢᠨ ᠭᠤᠤᠯᠳᠠᠯᠭ᠎ᠠ ᠲᠠᠢ ᠢᠨᠵᠧᠨᠧᠷᠢᠩ ᠪᠠ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ | ᠬᠤᠶᠠᠳᠤᠭᠠᠷ ᠬᠡᠰᠡᠭ ᠲᠠᠷᠢᠶᠠᠯᠠᠩ ᠮᠠᠯ ᠠᠵᠥ ᠠᠬᠤᠢ ᠶᠢᠨ ᠭᠤᠤᠯᠳᠠᠯᠭ᠎ᠠ ᠲᠠᠢ ᠢᠨᠵᠧᠨᠧᠷᠢᠩ ᠪᠠ ᠲᠦᠷᠦᠯ | ᠵᠦᠢᠯ ᠤᠨ ᠪᠦᠳᠦᠭᠡᠨ ᠪᠠᠶᠢᠭᠤᠯᠤᠯᠳᠠ | ᠭᠤᠷᠪᠠᠳᠤᠭᠠᠷ ᠬᠡᠰᠡᠭ ᠤᠰᠤ ᠰᠢᠷᠤᠢ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ | ᠠᠷᠪᠠ ᠶᠢᠰᠦᠳᠦᠭᠡᠷ ᠪᠦᠯᠥᠭ ᠪᠤᠬᠢᠷᠳᠤᠯ ᠢ ᠰᠡᠷᠬᠡᠶᠢᠯᠡᠨ ᠵᠠᠰᠠᠬᠤ ᠡᠵᠢᠯ ᠢ ᠪᠦᠬᠦ ᠲᠠᠯ᠎ᠠ ᠪᠠᠷ ᠠᠬᠢᠭᠤᠯᠤᠨ᠎ᠠ | ᠨᠢᠬᠡᠳᠤᠭᠡᠷ ᠬᠡᠰᠡᠭ ᠠᠭᠠᠷ ᠮᠠᠨᠳᠠᠯ ᠤᠨ ᠤᠷᠴᠢᠨ ᠲᠤᠭᠤᠷᠢᠨ ᠤ ᠬᠠᠮᠠᠭᠠᠯᠠᠯᠳᠠ | ᠬᠤᠶᠠᠳᠤᠭᠠᠷ ᠬᠡᠰᠡᠭ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ | ᠭᠤᠷᠪᠠᠳᠤᠭᠠᠷ ᠬᠡᠰᠡᠭ ᠠᠭᠤᠷᠬᠠᠢ ᠶᠢᠨ ᠤᠷᠴᠢᠨ ᠲᠤᠭᠤᠷᠢᠨ ᠤ ᠬᠠᠮᠠᠭᠠᠯᠠᠯᠳᠠ | ᠲᠦᠷᠪᠡᠳᠤᠭᠡᠷ ᠬᠡᠰᠡᠭ ᠢᠳᠡᠭᠡᠨ ᠤ ᠠᠮᠤᠷ ᠲᠦᠪᠰᠢᠨ ᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠥᠨ᠎ᠡ | ᠲᠠᠪᠤᠳᠤᠭᠠᠷ ᠬᠡᠰᠡᠭ ᠮᠠᠯᠵᠢᠬᠤ ᠲᠠᠷᠢᠶᠠᠯᠠᠬᠤ ᠤᠷᠤᠨ ᠨᠡᠶᠢᠭᠡᠮ ᠲᠤᠭᠤᠷᠢᠭ ᠤᠨ ᠪᠤᠬᠢᠷᠳᠤᠯ ᠢ ᠰᠡᠷᠬᠡᠶᠢᠯᠡᠨ ᠵᠠᠰᠠᠬᠤ | ᠢᠨᠵᠧᠨᠧᠷᠢᠩ ᠢ ᠬᠡᠷᠡᠭᠵᠢᠭᠦᠯᠤᠨ᠎ᠡ | ᠬᠤᠷᠢᠳᠤᠭᠠᠷ ᠪᠦᠯᠥᠭ ᠡᠬᠢ ᠪᠠᠶᠠᠯᠢᠭ ᠢ ᠠᠷᠪᠢᠯᠠᠨ ᠠᠰᠢᠬᠯᠠᠨ᠎ᠠ | ᠨᠢᠬᠡᠳᠤᠭᠡᠷ ᠬᠡᠰᠡᠭ ᠡᠨᠧᠷᠬᠢ ᠶᠢ ᠠᠷᠪᠢᠯᠠᠨ ᠠᠰᠢᠬᠯᠠᠬᠤ ᠶᠢ ᠠᠬᠢᠭᠤᠯᠤᠨ᠎ᠠ | ᠬᠤᠶᠠᠳᠤᠭᠠᠷ ᠬᠡᠰᠡᠭ ᠤᠰᠤᠨ ᠤ ᠡᠬᠢ ᠪᠠᠶᠠᠯᠢᠬ ᠢ ᠠᠷᠪᠢᠯᠠᠨ ᠠᠰᠢᠬᠯᠠᠬᠤ ᠶᠢ ᠠᠬᠢᠭᠤᠯᠤᠨ᠎ᠠ | ᠭᠤᠷᠪᠠᠳᠤᠭᠠᠷ ᠬᠡᠰᠡᠭ ᠭᠠᠵᠠᠷ ᠰᠢᠷᠤᠢ ᠶᠢ ᠠᠷᠪᠢᠯᠠᠵᠥ ᠡᠷᠴᠢᠮᠵᠢᠬᠦᠯᠤᠨ ᠠᠰᠢᠬᠯᠠᠬᠤ ᠶᠢ ᠠᠬᠢᠭᠤᠯᠤᠨ᠎ᠠ | ᠲᠦᠷᠪᠡᠳᠤᠭᠡᠷ ᠬᠡᠰᠡᠭ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠨ᠎ᠠ | ᠬᠤᠷᠢᠨ ᠨᠢᠬᠡᠳᠤᠭᠡᠷ ᠪᠦᠯᠥᠭ ᠡᠷᠬᠢᠯᠳᠡᠳᠤ ᠠᠵᠥ ᠠᠬᠤᠢ ᠶᠢ ᠬᠦᠭᠵᠢᠬᠦᠯᠥᠨ᠎ᠡ | ᠨᠢᠬᠡᠳᠤᠭᠡᠷ ᠬᠡᠰᠡᠭ ᠡᠷᠬᠢᠯᠳᠡᠳᠤ ᠮᠠᠶ᠋ᠢᠭ ᠤᠨ ᠠᠵᠥ ᠦᠢᠯᠡᠳᠪᠤᠷᠢ ᠶᠢᠨ ᠰᠢᠰᠲ᠋ᠧᠮ ᠢ ᠬᠦᠭᠵᠢᠬᠦᠯᠥᠨ᠎ᠡ | ᠬᠤᠶᠠᠳᠤᠭᠠᠷ ᠬᠡᠰᠡᠭ ᠠᠮᠢ ᠠᠬᠤᠢ ᠶᠢᠨ ᠡᠷᠬᠢᠯᠳᠡᠳᠤ ᠲᠠᠷᠢᠶᠠᠯᠠᠩ ᠮᠠᠯ ᠠᠵᠥ ᠠᠬᠤᠢ ᠶᠢᠨ ᠰᠢᠰᠲ᠋ᠧᠮ ᠢ ᠪᠠᠶᠢᠭᠤᠯᠤᠨ᠎ᠠ | | ᠭᠤᠷᠪᠠᠳᠤᠭᠠᠷ ᠬᠡᠰᠡᠭ ᠡᠷᠬᠢᠯᠳᠡᠳᠤ ᠮᠠᠶ᠋ᠢᠭ ᠤᠨ ᠬᠤᠳᠠ ᠪᠠ ᠨᠡᠶᠢᠭᠡᠮ ᠲᠤᠭᠤᠷᠢᠭ ᠢ ᠪᠦᠳᠦᠭᠡᠨ ᠪᠠᠶᠢᠭᠤᠯᠤᠨ᠎ᠠ | ᠲᠤᠯᠤᠳᠤᠭᠠᠷ ᠠᠩᠭᠢᠯᠠᠯ ᠨᠡᠬᠡᠬᠡᠯᠳᠡᠳᠤ ᠬᠦᠭᠵᠢᠯᠳᠡ ᠶᠢ ᠪᠠᠷᠢᠮᠳᠠᠯᠠᠵᠥ ᠭᠠᠳᠠᠭᠠᠳᠤ ᠯᠤᠭ᠎ᠠ ᠬᠠᠮᠵᠢᠯᠴᠠᠬᠤ | ᠲᠦᠪᠰᠢᠨ ᠢᠶᠠᠨ ᠲᠡᠭᠡᠭᠰᠢᠯᠡᠬᠦᠯᠥᠨ᠎ᠡ | ᠬᠤᠷᠢᠨ ᠬᠤᠶᠠᠳᠤᠭᠠᠷ ᠪᠦᠯᠥᠭ ᠭᠠᠳᠠᠭᠠᠳᠤ ᠨᠡᠬᠡᠬᠡᠯᠳᠡ ᠪᠠᠨ ᠦᠷᠭᠡᠳᠭᠡᠨ᠎ᠡ | ᠨᠢᠬᠡᠳᠤᠭᠡᠷ ᠬᠡᠰᠡᠭ ︽ᠨᠢᠬᠡ ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠨ᠎ᠠ | ᠬᠤᠶᠠᠳᠤᠭᠠᠷ ᠬᠡᠰᠡᠭ ᠲᠤᠮᠳᠠᠳᠤ ᠮᠤᠩᠭᠤᠯ ᠤᠷᠤᠰ ᠤᠨ ᠠᠵᠥ ᠠᠬᠤᠢ ᠶᠢᠨ ᠬᠤᠩᠬᠢᠯ ᠤᠨ ᠪᠦᠳᠦᠭᠡᠨ | ᠪᠠᠶᠢᠭᠤᠯᠤᠯᠳᠠ ᠶᠢ ᠬᠦᠨᠵᠡᠬᠡᠢ ᠠᠭᠤᠰᠤᠯᠴᠠᠭᠤᠯᠤᠨ᠎ᠠ | ᠬᠤᠷᠢᠨ ᠭᠤᠷᠪᠠᠳᠤᠭᠠᠷ ᠪᠦᠯᠥᠭ ᠤᠯᠤᠰ ᠤᠨ ᠲᠤᠳᠤᠭᠠᠳᠤ ᠶᠢᠨ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠥᠨ᠎ᠡ | ᠨᠢᠬᠡᠳᠤᠭᠡᠷ ᠬᠡᠰᠡᠭ ᠬᠤᠤᠯᠢᠨ ᠭᠤᠤᠯ ᠤᠯᠠᠭᠠᠢ ᠬᠠᠷᠠᠨᠢᠭᠤᠷ ᠤᠨ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠥᠨ᠎ᠡ | ᠬᠤᠶᠠᠳᠤᠭᠠᠷ ᠬᠡᠰᠡᠭ ︽ᠬᠢᠩᠭᠠᠨ ᠠᠶᠢᠮᠠᠭ ᠪᠠᠢ ᠴᠧᠩ ᠴᠢᠴᠢᠬᠠᠷ︾ ᠤᠨ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠥᠨ᠎ᠡ | ᠭᠤᠷᠪᠠᠳᠤᠭᠠᠷ ᠬᠡᠰᠡᠭ ᠤᠯᠤᠰ ᠤᠨ ᠲᠤᠳᠤᠭᠠᠳᠤ ᠶᠢᠨ ᠦᠷᠭᠡᠨ ᠲᠡᠯᠭᠡᠷ ᠬᠠᠮᠳᠤᠷᠠᠯᠴᠠᠭ᠎ᠠ ᠶᠢ ᠠᠬᠢᠭᠤᠯᠤᠨ᠎ᠠ | ᠨᠠᠢᠮᠠᠳᠤᠭᠠᠷ ᠠᠩᠭᠢᠯᠠᠯ ᠬᠠᠮᠳᠤ ᠪᠠᠷ ᠡᠳ᠋ᠯᠡᠬᠦ ᠬᠦᠭᠵᠢᠯᠳᠡ ᠶᠢ ᠪᠠᠷᠢᠮᠳᠠᠯᠠᠵᠥ ᠠᠷᠠᠳ ᠲᠦᠮᠡᠨ ᠤ ᠠᠵᠠ ᠵᠢᠷᠭᠠᠯ ᠢ | ᠲᠠᠰᠤᠷᠠᠯᠳᠡ ᠦᠭᠡᠢ ᠨᠡᠮᠡᠭᠳᠡᠬᠦᠯᠥᠨ᠎ᠡ | ᠬᠤᠷᠢᠨ ᠲᠦᠷᠪᠡᠳᠤᠭᠡᠷ ᠪᠦᠯᠥᠭ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠢ | ᠬᠡᠷᠡᠭᠵᠢᠬᠦᠯᠥᠨ᠎ᠡ | ᠨᠢᠬᠡᠳᠤᠭᠡᠷ ᠬᠡᠰᠡᠭ ᠶᠠᠳᠠᠭᠤ ᠶᠢ ᠲᠡᠳᠬᠦᠵᠥ ᠨᠡᠬᠡᠬᠡᠨ ᠬᠦᠭᠵᠢᠬᠦᠯᠬᠦ ᠪᠡᠯᠡ ᠮᠥᠩᠬᠦ ᠶᠢ ᠤᠯᠠᠨ ᠠᠷᠭ᠎ᠠ ᠵᠠᠮ ᠢᠶᠠᠷ | ᠬᠤᠷᠠᠮᠳᠤᠭᠤᠯᠤᠨ᠎ᠠ | ᠬᠤᠶᠠᠳᠤᠭᠠᠷ ᠬᠡᠰᠡᠭ ᠤᠨᠢᠨ ᠲᠡᠭᠡᠷ ᠡ ᠨᠢ ᠶᠠᠳᠠᠭᠤ ᠶᠢ ᠲᠡᠳᠬᠦᠬᠦ ᠶᠢ ᠬᠡᠷᠡᠭᠵᠢᠬᠦᠯᠥᠨ᠎ᠡ | ᠭᠤᠷᠪᠠᠳᠤᠭᠠᠷ ᠬᠡᠰᠡᠭ ᠶᠠᠳᠠᠭᠤ ᠶᠢ ᠲᠡᠳᠬᠦᠬᠦ ᠪᠠᠶᠢᠭᠤᠯᠤᠮᠵᠢ ᠲᠤᠭᠳᠠᠴᠠ ᠶᠢᠨ ᠰᠢᠨ᠎ᠡ ᠶᠢ ᠡᠬᠦᠳᠦᠨ᠎ᠡ | ᠬᠤᠷᠢᠨ ᠲᠠᠪᠤᠳᠤᠭᠠᠷ ᠪᠦᠯᠥᠭ ᠨᠡᠶᠢᠭᠡᠮ ᠤᠨ ᠦᠢᠯᠡᠰ ᠢ ᠬᠦᠭᠵᠢᠭᠦᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ | | ᠨᠢᠬᠡᠳᠤᠭᠡᠷ ᠬᠡᠰᠡᠭ ᠰᠤᠷᠭᠠᠨ ᠬᠦᠮᠥᠵᠢᠯ ᠤᠨ ᠦᠢᠯᠡᠰ ᠢ ᠬᠦᠭᠵᠢᠬᠦᠯᠥᠨ᠎ᠡ | ᠬᠤᠶᠠᠳᠤᠭᠠᠷ ᠬᠡᠰᠡᠭ ᠦᠢᠯᠡᠰ ᠪᠤᠰᠬᠠᠵᠤ ᠠᠵᠢᠯ ᠤᠯᠭᠤᠬᠤ ᠶᠢ ᠠᠬᠢᠭᠤᠯᠤᠨ᠎ᠠ | ᠭᠤᠷᠪᠠᠳᠤᠭᠠᠷ ᠬᠡᠰᠡᠭ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠢ ᠲᠡᠬᠦᠯᠳᠡᠷᠵᠢᠬᠦᠯᠥᠨ᠎ᠡ | ᠲᠦᠷᠪᠡᠳᠤᠭᠡᠷ ᠬᠡᠰᠡᠭ ᠡᠷᠡᠬᠦᠯ ᠡᠩᠬᠡ ᠬᠢᠩᠭᠠᠨ ᠠᠶᠢᠮᠠᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ | ᠲᠠᠪᠤᠳᠤᠭᠠᠷ ᠬᠡᠰᠡᠭ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠶᠢ ᠲᠡᠭᠡᠭᠰᠢᠯᠡᠬᠦᠯᠥᠨ᠎ᠡ | ᠶᠢᠰᠦᠳᠦᠭᠡᠷ ᠠᠩᠭᠢᠯᠠᠯ ᠡᠶ᠎ᠡ ᠵᠤᠬᠢᠴᠠᠩᠭᠤᠢ ᠬᠢᠩᠭᠠᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠵᠥ ᠡᠬᠡ ᠤᠯᠤᠰ ᠤᠨ | ᠠᠮᠤᠷ ᠲᠦᠪᠰᠢᠨ ᠲᠤᠭᠳᠠᠭᠤᠨ ᠬᠠᠯᠬᠠᠪᠴᠢ ᠶᠢ ᠪᠠᠳᠤ ᠴᠤᠬᠴᠠᠯᠠᠨ᠎ᠠ | ᠬᠤᠷᠢᠨ ᠵᠢᠷᠭᠤᠳᠤᠭᠠᠷ ᠪᠦᠯᠥᠭ ᠬᠠᠤᠯᠢᠵᠢᠯ ᠬᠢᠩᠭᠠᠨ ᠢ ᠪᠦᠳᠦᠭᠡᠨ ᠪᠠᠶᠢᠭᠤᠯᠤᠨ᠎ᠠ | ᠨᠢᠬᠡᠳᠤᠭᠡᠷ ᠬᠡᠰᠡᠭ ᠠᠷᠠᠳᠴᠢᠯᠠᠯ ᠲᠠᠢ ᠬᠠᠤᠯᠢᠵᠢᠯ ᠨᠡᠶᠢᠭᠡᠮ ᠢ ᠪᠠᠶᠢᠭᠤᠯᠤᠨ᠎ᠠ | ᠬᠤᠶᠠᠳᠤᠭᠠᠷ ᠬᠡᠰᠡᠭ ᠬᠠᠤᠯᠢ ᠪᠠᠷ ᠵᠠᠰᠠᠭ ᠶᠠᠪᠤᠭᠤᠯᠬᠤ ᠶᠢ ᠠᠬᠢᠭᠤᠯᠤᠨ᠎ᠠ | ᠬᠤᠷᠢᠨ ᠲᠤᠯᠤᠳᠤᠭᠠᠷ ᠪᠦᠯᠥᠭ ᠠᠮᠤᠷ ᠠᠮᠤᠭᠤᠯᠠᠩ ᠬᠢᠩᠭᠠᠨ ᠢ ᠪᠦᠳᠦᠭᠡᠨ ᠪᠠᠶᠢᠭᠤᠯᠤᠨ᠎ᠠ | ᠨᠢᠬᠡᠳᠤᠭᠡᠷ ᠬᠡᠰᠡᠭ ᠤᠮᠠᠷᠠᠳᠤ ᠬᠢᠯᠢ ᠶᠢᠨ ᠠᠮᠤᠷ ᠲᠦᠪᠰᠢᠨ ᠲᠤᠭᠳᠠᠭᠤᠨ ᠪᠠᠶᠢᠳᠠᠯ ᠢ ᠬᠠᠮᠠᠭᠠᠯᠠᠨ᠎ᠠ | ᠬᠤᠶᠠᠳᠤᠭᠠᠷ ᠬᠡᠰᠡᠭ ᠨᠡᠶᠢᠭᠡᠮ ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ ᠠᠵᠢᠯ ᠢ ᠬᠦᠨᠵᠡᠬᠡᠢ ᠠᠬᠢᠭᠤᠯᠤᠨ᠎ᠠ | ᠭᠤᠷᠪᠠᠳᠤᠭᠠᠷ ᠬᠡᠰᠡᠭ ᠨᠡᠶᠢᠭᠡᠮ ᠤᠨ ᠵᠦᠷᠢᠴᠡᠯ ᠢ ᠪᠠᠶᠢᠴᠠᠭᠠᠵᠥ ᠨᠠᠮᠳᠠᠭᠤᠯᠬᠤ ᠲᠤᠭᠳᠠᠴᠠ ᠶᠢ ᠲᠡᠭᠦᠯᠳᠡᠷᠵᠢᠭᠦᠯᠤᠨ᠎ᠡ | ᠲᠦᠷᠪᠡᠳᠤᠭᠡᠷ ᠬᠡᠰᠡᠭ ᠤᠯᠠᠨ ᠨᠡᠶᠢᠳᠡ ᠶᠢᠨ ᠠᠮᠤᠷ ᠲᠦᠪᠰᠢᠨ ᠤ ᠪᠠᠳᠤᠯᠠᠪᠤᠷᠢ ᠶᠢᠨ ᠲᠦᠪᠰᠢᠨ ᠢ ᠲᠡᠭᠡᠭᠰᠢᠯᠡᠬᠦᠯᠥᠨ᠎ᠡ | ᠬᠤᠷᠢᠨ ᠨᠠᠢᠮᠠᠳᠤᠭᠠᠷ ᠪᠦᠯᠥᠭ ᠦᠨᠳᠦᠰᠦᠳᠡᠨ ᠤ ᠪᠦᠯᠬᠦᠮᠳᠡᠯ ᠢ ᠠᠬᠢᠭᠤᠯᠤᠨ᠎ᠠ | ᠨᠢᠬᠡᠳᠤᠭᠡᠷ ᠬᠡᠰᠡᠭ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ | ᠬᠤᠶᠠᠳᠤᠭᠠᠷ ᠬᠡᠰᠡᠭ ᠡᠶ᠎ᠡ ᠵᠤᠬᠢᠴᠠᠩᠭᠤᠢ ᠦᠨᠳᠦᠰᠦᠳᠡᠨ ᠤ ᠬᠠᠷᠢᠴᠠᠭ᠎ᠠ ᠶᠢᠨ ᠪᠠᠶᠢᠭᠤᠯᠤᠯᠳᠠ ᠶᠢ ᠠᠬᠢᠭᠤᠯᠤᠨ᠎ᠠ | ᠠᠷᠪᠠᠳᠤᠭᠠᠷ ᠠᠩᠭᠢᠯᠠᠯ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠥ ᠲᠦᠯᠥᠪᠵᠢᠬᠦᠯᠬᠡ ᠶᠢᠨ ᠤᠷᠤᠭᠰᠢᠳᠠᠢ | ᠬᠡᠷᠡᠭᠵᠢᠬᠦᠯᠥᠭᠳᠡᠬᠦ ᠶᠢ ᠪᠠᠳᠤᠯᠠᠨ᠎ᠠ | ᠬᠤᠷᠢ ᠶᠢᠰᠦᠳᠦᠭᠡᠷ ᠪᠦᠯᠥᠭ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠎ᠠ | ᠨᠢᠬᠡᠳᠤᠭᠡᠷ ᠬᠡᠰᠡᠭ ᠨᠠᠮ ᠤᠨ ᠰᠢᠢᠳᠪᠤᠷᠢᠳᠤ ᠪᠤᠳᠤᠯᠭ᠎ᠠ ᠶᠢ ᠲᠤᠤᠱᠯᠠᠭᠤᠯᠤᠨ᠎ᠠ | ᠬᠤᠶᠠᠳᠤᠭᠠᠷ ᠬᠡᠰᠡᠭ ᠴᠢᠳᠠᠪᠤᠷᠢᠳᠡᠨ ᠤ ᠪᠠᠳᠤᠯᠠᠪᠤᠷᠢ ᠶᠢ ᠴᠢᠩᠭᠠᠳᠬᠠᠨ᠎ᠠ | ᠭᠤᠷᠪᠠᠳᠤᠭᠠᠷ ᠬᠡᠰᠡᠭ ᠰᠢᠯᠢᠳᠡᠭ ᠰᠤᠷᠳᠠᠯ ᠢ ᠪᠤᠢ ᠪᠤᠯᠭᠠᠨ᠎ᠠ | ᠭᠤᠴᠢᠳᠤᠭᠠᠷ ᠪᠦᠯᠥᠭ ᠲᠦᠯᠥᠪᠵᠢᠬᠦᠯᠬᠡ ᠶᠢᠨ ᠬᠡᠷᠡᠭᠵᠢᠬᠦᠯᠥᠯᠳᠡ ᠬᠠᠮᠢᠶᠠᠷᠤᠯᠳᠠ ᠶᠢ ᠴᠢᠩᠭᠠᠳᠬᠠᠨ᠎ᠠ | ᠨᠢᠬᠡᠳᠤᠭᠡᠷ ᠬᠡᠰᠡᠭ ᠲᠦᠯᠥᠪᠵᠢᠬᠦᠯᠬᠡ ᠶᠢᠨ ᠰᠢᠰᠲ᠋ᠧᠮ ᠢ ᠲᠡᠬᠦᠯᠳᠡᠷᠵᠢᠬᠦᠯᠥᠨ᠎ᠡ | ᠬᠤᠶᠠᠳᠤᠭᠠᠷ ᠬᠡᠰᠡᠭ ᠲᠦᠯᠥᠪᠵᠢᠬᠦᠯᠬᠡ ᠶᠢᠨ ᠵᠤᠯᠭᠠᠭᠤᠯᠤᠯᠳᠠ ᠶᠢ ᠴᠢᠩᠭᠠᠳᠬᠠᠨ᠎ᠠ | ᠭᠤᠴᠢᠨ ᠨᠢᠬᠡᠳᠤᠭᠡᠷ ᠪᠦᠯᠥᠭ ᠬᠢᠨᠠᠯᠳᠠ ᠲᠠᠯᠪᠢᠵᠥ ᠦᠨᠡᠯᠡᠨ ᠵᠢᠱᠢᠬᠦ ᠶᠢ ᠴᠢᠩᠭᠠᠳᠬᠠᠨ᠎ᠠ | ᠨᠢᠬᠡᠳᠤᠭᠡᠷ ᠬᠡᠰᠡᠭ ᠦᠨᠡᠯᠡᠵᠥ ᠬᠢᠨᠠᠨ ᠰᠢᠯᠭᠠᠬᠤ ᠪᠠ ᠬᠢᠨᠠᠯᠳᠠ ᠲᠠᠯᠪᠢᠬᠤ ᠲᠦᠷᠢᠮ ᠢ ᠪᠦᠷᠢᠨᠰᠢᠬᠦᠯᠥᠨᠡ | ᠬᠤᠶᠠᠳᠤᠭᠠᠷ ᠬᠡᠰᠡᠭ ᠲᠦᠯᠥᠪᠵᠢᠬᠦᠯᠬᠡ ᠶᠢ ᠬᠡᠷᠡᠭᠵᠢᠬᠦᠯᠬᠦ ᠶᠢ ᠬᠢᠨᠠᠨ ᠰᠢᠯᠭᠠᠬᠤ ᠦᠨᠡᠯᠡᠬᠦ ᠲᠦᠷᠢᠮ ᠢ | ᠵᠢᠷᠤᠮᠵᠢᠭᠤᠯᠤᠨ᠎ᠠ | | ᠨᠢᠬᠡᠳᠤᠭᠡᠷ ᠠᠩᠭᠢᠯᠠᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠡᠷᠬᠢᠴᠡᠬᠦᠯᠥᠯ | ᠨᠢᠬᠡᠳᠤᠭᠡᠷ ᠪᠦᠯᠥᠭ ᠬᠦᠭᠵᠢᠯᠳᠡ ᠶᠢᠨ ᠰᠠᠭᠤᠷᠢ ᠪᠠ ᠨᠦᠬᠦᠴᠡᠯ | ᠨᠢᠬᠡᠳᠤᠭᠡᠷ ᠬᠡᠰᠡᠭ ᠬᠦᠭᠵᠢᠯᠳᠡ ᠶᠢᠨ ᠰᠠᠭᠤᠷᠢ | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠠᠵᠠ ᠲᠤᠬᠢᠶᠠᠯ ᠢ | ᠠᠮᠵᠢᠵᠥ᠂ ᠡᠯ᠎ᠡ ᠵᠦᠢᠯ ᠤᠨ ᠬᠦᠴᠢᠷ ᠪᠡᠷᠭᠡᠰᠢᠶᠡᠯ ᠪᠤᠯᠤᠨ ᠦᠷᠢᠰᠦᠯᠳᠦᠬᠡᠨ ᠢ ᠴᠢᠷᠮᠠᠶᠢᠨ ᠠᠷᠭᠠᠴᠠᠵᠥ᠂ ᠲᠦᠪ ᠤᠨ | ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠬᠦᠭᠵᠢᠯᠳᠡ ᠶᠢᠨ ᠤᠢᠢᠯᠠᠭᠠᠭᠳᠠᠬᠤᠨ ᠢᠶᠠᠨ ᠲᠦᠷᠭᠡᠨ | ᠬᠤᠪᠢᠷᠠᠭᠤᠯᠵᠥ᠂ ᠬᠦᠭᠵᠢᠯᠳᠡ ᠶᠢᠨ ᠰᠡᠳᠬᠢᠴᠡ ᠪᠠᠨ ᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠠᠵᠥ ᠠᠬᠤᠢ | ᠨᠡᠶᠢᠭᠡᠮ ᠤᠨ ᠬᠦᠭᠵᠢᠯᠳᠡ ᠴᠢᠬᠤᠯᠠ ᠶᠡᠭᠡ ᠠᠬᠢᠴᠠ ᠲᠠᠢ ᠪᠤᠯᠵᠥ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠠᠶᠢᠨ ᠰᠠᠶᠢᠬᠠᠨ ᠰᠠᠭᠤᠷᠢ ᠶᠢ | ᠲᠠᠯᠪᠢᠵᠤ ᠦᠭᠴᠠᠢ᠃ ᠶᠡᠷᠤᠩᠬᠡᠶᠢᠯᠡᠭᠰᠡᠡ ᠠᠵᠥ ᠠᠬᠤᠢ ᠶᠢᠨ ᠪᠤᠳᠠᠳᠤ ᠬᠦᠴᠦᠨ ᠲᠠᠰᠤᠷᠠᠯᠳᠡ ᠦᠭᠡᠢ ᠲᠡᠭᠡᠭᠰᠢᠯᠡᠪᠡ᠃ | 2015 ᠤᠨ ᠳᠤ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 502.3 ᠳ᠋ᠦᠩᠰᠢᠭᠤᠷ | ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 14% ᠨᠡᠮᠡᠭᠳᠡᠪᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ | ᠲᠦᠰᠦᠪ ᠤᠨ ᠤᠷᠤᠯᠭ᠎ᠠ 26.6 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 21% ᠨᠡᠮᠡᠭᠳᠡᠪᠡ | ︔ 500 ᠲᠦᠮᠡᠨ ᠲᠦᠬᠦᠷᠢᠭ ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 425 | ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 23% ᠨᠡᠮᠡᠭᠳᠡᠵᠥ᠂ ᠨᠡᠶᠢᠳᠡ 1500 | ᠳ᠋ᠦᠩᠰᠢᠭᠤᠷ ᠰᠢᠬᠠᠮ ᠲᠦᠬᠦᠷᠢᠭ ᠢ ᠪᠡᠶᠡᠯᠡᠬᠦᠯᠪᠡ᠃ | ᠠᠵᠥ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠢᠯᠡᠳᠳᠡ ᠦᠷ᠎ᠡ ᠪᠦᠳᠦᠮᠵᠢ ᠤᠯᠪᠠ᠃ ᠭᠤᠷᠪᠠᠨ ᠠᠵᠥ | ᠦᠢᠯᠡᠰ ᠤᠨ ᠬᠠᠷᠢᠴᠠᠯ 32᠄ 34᠄ 34 ᠪᠠᠶᠢᠭᠰᠠᠠ ᠠᠴᠠ ᠪᠠᠨ 25᠄ 40᠄ 35 ᠪᠤᠯᠤᠨ ᠬᠤᠪᠢᠷᠠᠵᠥ᠂ | ᠲᠠᠷᠢᠶᠠᠯᠠᠩ ᠮᠠᠯ ᠠᠵᠥ ᠠᠬᠤᠢ ᠶᠢᠨ ᠤᠳᠤᠬᠢᠴᠢᠯᠠᠯᠳᠠ ᠲᠤᠭᠳᠠᠭᠤᠨ ᠢᠶᠠᠷ ᠠᠬᠢᠵᠥ᠂ ᠠᠵᠥ ᠦᠢᠯᠡᠳᠪᠤᠷᠢ ᠶᠢᠨ | ᠲᠠᠶᠢᠴᠢᠯᠠᠬᠤ ᠬᠦᠴᠦᠨ ᠠᠯᠬᠤᠮ ᠠᠯᠬᠤᠮ ᠢᠶᠠᠷ ᠲᠡᠭᠡᠭᠰᠢᠯᠡᠵᠥ᠂ ᠦᠢᠯᠡᠴᠢᠯᠡᠬᠡᠨ ᠤ ᠦᠢᠯᠡᠰ ᠲᠦᠷᠭᠡᠨ ᠬᠦᠭᠵᠢᠪᠡ᠃ | ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠴᠢᠬᠤᠯᠠ ᠶᠡᠭᠡ ᠠᠬᠢᠴᠠ ᠲᠠᠢ ᠪᠤᠯᠪᠠ᠃ | ᠶᠡᠷᠤᠩᠬᠡᠶᠢᠯᠡᠭᠰᠡᠡ ᠵᠦᠬᠡᠬᠡᠪᠤᠷᠢ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠵᠥ᠂ ᠵᠠᠰᠠᠮᠠᠯ ᠵᠠᠮ ᠤᠨ ᠪᠦᠬᠦ | ᠤᠷᠳᠤ ᠶᠢᠨ ᠬᠡᠮᠵᠢᠶ᠎ᠡ 11466 ᠺᠢᠯᠥᠮᠧᠲᠷ ᠲᠤ ᠬᠦᠷᠴᠦ᠂ ᠲᠡᠮᠤᠷ ᠵᠠᠮ ᠤᠨ ᠪᠦᠬᠦ ᠤᠷᠳᠤ ᠶᠢᠨ ᠬᠡᠮᠵᠢᠶ᠎ᠡ 732. | 6 ᠺᠢᠯᠥᠮᠧᠲᠷ ᠲᠤ ᠬᠦᠷᠴᠦ᠂ ᠷᠠᠰᠢᠶᠠᠨ ᠤ ᠨᠢᠰᠭᠡᠯ ᠤᠨ ᠪᠠᠭᠤᠳᠠᠯ ᠠᠰᠢᠬᠯᠠᠯᠳᠡ ᠳᠤ ᠤᠷᠤᠵᠥ᠂ | ᠤᠯᠠᠭᠠᠨᠬᠤᠳᠠ ᠶᠢᠨ ᠨᠢᠰᠬᠡᠯ ᠤᠨ ᠪᠠᠭᠤᠳᠠᠯ ᠢ ᠦᠭᠡᠷᠡᠴᠢᠯᠡᠵᠥ ᠦᠷᠭᠡᠳᠭᠡᠨ ᠪᠠᠶᠢᠭᠤᠯᠬᠤ ᠪᠠᠷᠢᠯᠭ᠎ᠠ ᠲᠠᠭᠤᠰᠴᠥ᠂ | ᠠᠶᠢᠮᠠᠭ ᠤᠨ ᠲᠤᠳᠤᠷ᠎ᠠ ᠭᠠᠳᠠᠨᠠᠬᠢ ᠠᠭᠠᠷ ᠤᠨ ᠠᠶᠠᠯᠠᠯ ᠤᠨ ᠱᠤᠭᠤᠮ 9 ᠪᠤᠯᠪᠠ᠃ ᠨᠢᠬᠡ ᠪᠦᠯᠥᠭ 220 | ᠺᠢᠯᠥᠸᠤᠯᠲ ᠤᠨ ᠴᠠᠬᠢᠯᠭᠠᠨ ᠬᠦᠷᠬᠡᠬᠦ ᠬᠦᠴᠦᠳᠠᠯ ᠦᠭᠡᠷᠡᠴᠢᠯᠡᠬᠦ ᠪᠠᠷᠢᠯᠭ᠎ᠠ ᠶᠢ ᠪᠦᠳᠦᠭᠡᠨ ᠪᠠᠶᠢᠭᠤᠯᠤᠨ | ᠬᠡᠷᠡᠭᠵᠢᠬᠦᠯᠵᠥ᠂ 500 ᠺᠢᠯᠥᠸᠤᠯᠲ ᠤᠨ ᠬᠦᠴᠦᠳᠡᠯ ᠦᠭᠡᠷᠡᠴᠯᠡᠬᠦ ᠦᠷᠳᠡᠭᠡ ᠦᠭᠡᠢ ᠠᠴᠠ ᠪᠠᠨ ᠪᠠᠶᠢᠬᠤ ᠪᠤᠯᠵᠥ᠂ | ᠴᠠᠬᠢᠯᠭᠠᠨ ᠲᠤᠤᠷ ᠤᠨ ᠪᠦᠳᠦᠴᠡ ᠰᠢᠯᠢᠳᠡᠭᠵᠢᠨ ᠲᠡᠰ ᠲᠡᠪᠰᠢᠪᠡ᠃ ᠦᠨᠳᠡᠭᠡᠨ ᠤᠰᠤᠨ ᠴᠦᠬᠦᠷᠤᠮ᠂ ᠴᠤᠤᠯ | ᠤᠰᠤᠨ ᠴᠦᠬᠦᠷᠤᠮ ᠤᠨ ᠦᠪᠤᠷ ᠮᠤᠩᠭᠤᠯ ᠳᠠᠬᠢ ᠲᠤᠤᠷᠠᠳᠤ ᠤᠷᠤᠰᠬᠠᠯ ᠤᠨ ᠤᠰᠤᠯᠠᠯᠳᠠ ᠶᠢᠨ ᠤᠷᠤᠨ ᠵᠡᠷᠬᠡ | ᠲᠦᠷᠦᠯ ᠵᠦᠢᠯ ᠤᠷᠤᠭᠰᠢᠳᠠᠢ ᠶᠠᠪᠤᠬᠳᠠᠵᠤ᠂ ᠤᠰᠤᠨ ᠠᠰᠢᠬᠯᠠᠯᠳᠠ ᠶᠢᠨ ᠲᠦᠬᠦᠭᠡᠷᠤᠮᠵᠢ ᠶᠢᠨ ᠪᠦᠳᠦᠭᠡᠨ | ᠪᠠᠶᠢᠭᠤᠯᠤᠯᠳᠠ ᠴᠢᠬᠤᠯᠠ ᠶᠡᠭᠡ ᠰᠢᠪᠳᠤᠯᠤᠯᠳᠠ ᠲᠠᠢ ᠪᠤᠯᠪᠠ᠃ | ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠪᠦᠳᠦᠭᠡᠨ ᠪᠠᠶᠢᠭᠤᠯᠤᠯᠳᠠ ᠢᠯᠡᠳᠳᠡ | ᠦᠷ᠎ᠡ ᠪᠦᠳᠦᠮᠵᠢ ᠤᠯᠪᠠ᠃ ᠪᠠᠶᠢᠭᠠᠯᠢ ᠶᠢᠨ ᠤᠢ ᠶᠢᠨ ᠬᠠᠮᠠᠭᠠᠯᠠᠯᠳᠠ᠂ ᠲᠠᠷᠢᠶᠠᠯᠠᠬᠤ ᠪᠠᠨ ᠵᠤᠭᠰᠤᠵᠥ ᠮᠤᠳᠤ | ᠲᠠᠷᠢᠬᠤ᠂ ︽ ᠤᠮᠠᠷᠠᠳᠤ ᠶᠢᠨ ᠭᠤᠷᠪᠠᠨ ᠤᠷᠤᠨ︾ ᠤ ᠬᠠᠯᠬᠠᠪᠴᠢ ᠤᠢ ᠵᠡᠷᠬᠡ ᠭᠤᠤᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠥ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ 31. | 16% ᠳᠤ ᠬᠦᠷᠴᠦ᠂ ᠨᠤᠳᠤᠭ ᠪᠡᠯᠴᠢᠭᠡᠷ ᠤᠨ ᠤᠷᠭᠤᠮᠠᠯ ᠤᠨ ᠪᠦᠷᠬᠦᠴᠡ 68.2% ᠳᠤ ᠬᠦᠷᠪᠠ᠃ ᠤᠷᠴᠢᠨ | ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠥ᠂ ᠡᠨᠧᠷᠬᠢ ᠠᠷᠪᠢᠯᠠᠵᠥ ᠪᠤᠬᠢᠷᠳᠤᠯ ᠢ ᠪᠠᠭᠠᠰᠬᠠᠬᠤ ᠲᠠᠯ᠎ᠠ ᠪᠠᠷ | ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠲᠤᠭᠳᠠᠭᠠᠭᠰᠠᠠ ᠬᠠᠷᠠᠯᠳᠡ ᠶᠢ ᠲᠤᠭᠳᠠᠭᠰᠠᠠ ᠬᠤᠭᠤᠴᠠᠭᠠᠨ ᠳᠤ | ᠪᠡᠶᠡᠯᠡᠬᠦᠯᠪᠡ᠃ | ᠠᠷᠠᠳ ᠲᠦᠮᠡᠨ ᠤ ᠠᠮᠢᠳᠤᠷᠠᠯ ᠤᠨ ᠲᠦᠪᠰᠢᠨ ᠮᠡᠳᠡᠭᠳᠡᠮ᠎ᠡ ᠲᠡᠭᠡᠭᠰᠢᠯᠡᠪᠡ᠃ ᠬᠤᠳᠠ ᠬᠦᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠡᠵᠡᠮᠳᠡᠵᠥ ᠪᠤᠯᠬᠤ ᠤᠷᠤᠯᠭ᠎ᠠ ᠲᠤᠰ ᠲᠤᠰ | 22397 ᠲᠦᠬᠦᠷᠢᠭ ᠪᠤᠯᠤᠨ 7894 ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 14.3% ᠪᠤᠯᠤᠨ 16. | 3% ᠨᠡᠮᠡᠭᠳᠡᠪᠡ᠃ ᠨᠡᠶᠢᠭᠡᠮ ᠤᠨ ᠬᠡᠷᠡᠭᠯᠡᠬᠡᠨ ᠤ ᠵᠢᠵᠢᠭᠯᠡᠨ ᠬᠤᠳᠠᠯᠳᠤᠭᠰᠠᠠ ᠬᠡᠮᠵᠢᠶ᠎ᠡ 209.7 ᠳ᠋ᠦᠩᠰᠢᠭᠤᠷ | ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 13.9% ᠨᠡᠮᠡᠭᠳᠡᠵᠥ᠂ ᠬᠡᠷᠡᠭᠯᠡᠭᠡᠨ ᠤ ᠲᠦᠪᠰᠢᠨ ᠢᠯᠡᠳᠳᠡ | ᠲᠡᠭᠡᠭᠰᠢᠯᠡᠪᠡ᠃ ᠪᠠᠳᠤᠯᠠᠪᠤᠷᠢ ᠶᠢᠨ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠡᠷᠴᠢᠮ ᠴᠢᠩᠭᠠᠷᠠᠵᠥ᠂ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠤᠷᠤᠨ ᠰᠠᠭᠤᠴᠠ ᠶᠢᠨ ᠲᠠᠯᠠᠪᠠᠢ 31. | 65 ᠲᠡᠭᠰᠢ ᠲᠦᠷᠪᠡᠯᠵᠢᠨ ᠮᠧᠲᠷ ᠢ ᠲᠠᠪᠠᠵᠥ ᠂ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠬᠦᠮᠥᠨ | ᠲᠤᠮᠳᠠᠴᠢ ᠶᠢᠨ ᠤᠷᠤᠨ ᠰᠠᠭᠤᠴᠠ ᠶᠢᠨ ᠲᠠᠯᠠᠪᠠᠢ 28 ᠲᠡᠭᠰᠢ ᠲᠦᠷᠪᠡᠯᠵᠢᠨ ᠮᠧᠲᠷ ᠢ ᠲᠠᠪᠠᠵᠥ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠬᠦᠴᠡᠯ ᠰᠠᠶᠢᠵᠢᠷᠠᠪᠠ᠃ ︽ᠲᠦᠷᠪᠡᠨ ᠨᠢᠬᠡ︾ | ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦ ᠪᠠᠷ ᠢᠶᠠᠨ ᠠᠬᠢᠭᠤᠯᠵᠥ ︽ᠠᠷᠪᠠ ᠶᠢ ᠪᠦᠷᠬᠦᠬᠦᠯᠬᠦ︾ | ᠢᠨᠵᠧᠨᠧᠷᠢᠩ ᠢ ᠢᠳᠡᠪᠬᠢᠳᠡᠢ ᠬᠡᠷᠡᠭᠵᠢᠬᠦᠯᠵᠥ᠂ ︽ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠬᠡ ᠳᠤ | ᠬᠦᠷᠭᠡᠬᠦ︾ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ | ᠂ 9.4 ᠲᠦᠮᠡᠨ ᠬᠦᠮᠥᠨ ᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠪᠡ᠃ | ᠨᠡᠶᠢᠭᠡᠮ ᠤᠨ ᠪᠠᠶᠢᠭᠤᠯᠤᠯᠳᠠ ᠢᠯᠡᠳᠳᠡ ᠦᠷ᠎ᠡ ᠪᠦᠳᠦᠮᠵᠢ ᠤᠯᠪᠠ᠃ ᠲᠦᠬᠦᠮ ᠪᠦᠳᠦᠴᠡᠳᠤ ᠤᠷᠤᠨ | ᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠢᠨᠵᠧᠨᠧᠷᠢᠩ ᠲᠦᠷᠭᠡᠨ ᠠᠬᠢᠵᠥ᠂ ᠤᠨᠴᠠᠭᠠᠢᠢᠯᠠᠨ ᠶᠡᠷᠤᠩᠬᠡᠢ ᠱᠦᠵᠢ | ᠰᠢ ᠶᠢᠨ ᠫᠢᠩ ᠤᠨ ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ | ᠰᠠᠨᠠᠭᠠᠨ ᠤ ᠵᠢᠯᠤᠭᠤᠳᠤᠯᠭ᠎ᠠ ᠲᠤᠤᠷ᠎ᠠ᠂ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠢ | ᠦᠭᠡᠷᠡᠴᠢᠯᠡᠬᠦ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠤᠯᠤᠰ᠂ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠡᠬᠡᠳᠤ ᠬᠡᠮᠵᠢᠶ᠎ᠡ ᠪᠠᠷ ᠴᠢᠬᠤᠯᠠᠴᠢᠯᠠᠭᠳᠠᠵᠥ᠂ ᠨᠡᠩ | ᠬᠦᠴᠦᠳᠠᠢ ᠲᠡᠮᠵᠢᠯᠭᠡ ᠶᠢ ᠤᠯᠵᠥ᠂ ᠪᠠᠳᠤᠯᠠᠪᠤᠷᠢ ᠶᠢᠨ ᠴᠢᠳᠠᠪᠤᠷᠢ ᠤᠯᠠᠮ ᠴᠢᠨᠠᠭᠰᠢᠳᠠ ᠲᠡᠭᠡᠭᠰᠢᠯᠡᠭᠰᠡᠡ ᠪᠠᠶᠢᠨ᠎ᠠ᠃ | ᠨᠡᠶᠢᠭᠡᠮ ᠤᠨ ᠪᠠᠶᠢᠭᠤᠯᠤᠯᠳᠠ ᠶᠢᠨ ᠡᠷᠴᠢᠮ ᠲᠠᠰᠤᠷᠠᠯᠳᠡ ᠦᠭᠡᠢ ᠴᠢᠩᠭᠠᠷᠠᠵᠥ᠂ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠦᠷᠬᠦᠯᠵᠢᠯᠡᠨ ᠲᠡᠬᠦᠯᠳᠡᠷᠵᠢᠵᠥ᠂ ᠴᠢᠮᠡᠭᠡ ᠬᠤᠯᠪᠤᠭ᠎ᠠ ᠰᠦᠯᠵᠢᠶ ᠡ | ᠤᠯᠠᠮ ᠲᠦᠬᠡᠮᠡᠯᠵᠢᠵᠥ᠂ ᠨᠡᠶᠢᠭᠡᠮ ᠤᠨ ᠲᠠᠭᠠᠳᠬᠠᠯ ᠤᠨ ᠪᠦᠷᠬᠦᠴᠡ ᠶᠢᠨ ᠬᠡᠪᠴᠢᠶ᠎ᠡ ᠲᠠᠰᠤᠷᠠᠯᠳᠡ ᠦᠭᠡᠢ | ᠦᠷᠭᠡᠵᠢᠵᠥ᠂ ᠪᠠᠳᠤᠯᠠᠪᠤᠷᠢ ᠶᠢᠨ ᠪᠠᠷᠢᠮᠵᠢᠶ᠎ᠠ ᠠᠯᠬᠤᠮ ᠠᠯᠬᠤᠮ ᠢᠶᠠᠷ ᠲᠡᠭᠡᠭᠰᠢᠯᠡᠪᠡ᠃ ᠦᠨᠳᠦᠰᠦᠳᠡᠨ ᠤ | ᠪᠦᠯᠬᠦᠮᠳᠡᠯ ᠪᠤᠯᠤᠨ ᠲᠤᠭᠳᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠪᠦᠬᠦ | ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠠᠶᠢᠮᠠᠭ ᠢ ᠡᠬᠦᠳᠦᠨ ᠪᠠᠶᠢᠭᠤᠯᠬᠤ | ᠠᠵᠢᠯ ᠪᠦᠬᠦ ᠲᠠᠯ᠎ᠠ ᠪᠠᠷ ᠦᠷᠨᠢᠪᠡ᠃ | ᠦᠭᠡᠷᠡᠴᠢᠯᠡᠯᠳᠡ ᠨᠡᠬᠡᠬᠡᠯᠳᠡ ᠶᠢᠨ ᠠᠯᠬᠤᠴᠠ ᠲᠦᠷᠬᠡᠳᠪᠡ᠃ ᠵᠠᠰᠠᠭ ᠢ ᠴᠤᠮᠬᠠᠳᠬᠠᠵᠥ ᠡᠷᠬᠡ ᠶᠢ ᠲᠠᠯᠪᠢᠬᠤ | ᠡᠷᠴᠢᠮ ᠢ ᠴᠢᠩᠭᠠᠷᠠᠭᠤᠯᠵᠥ᠂ ᠠᠶᠢᠮᠠᠭ ᠤᠨ ᠱᠠᠳᠤᠨ ᠤ ᠬᠢᠨᠠᠨ ᠵᠦᠪᠰᠢᠶᠡᠷᠡᠬᠦ ᠵᠦᠢᠯ ᠢ 13 ᠬᠦᠴᠦᠨ ᠦᠭᠡᠢ | ᠪᠤᠯᠭᠠᠵᠥ᠂ 53 ᠵᠦᠯ ᠢ ᠲᠤᠷᠤᠭᠰᠢ ᠲᠠᠯᠪᠢᠵᠥ᠂ 265 ᠵᠦᠢᠯ ᠪᠠᠶᠢᠭᠰᠠᠠ ᠢ ᠴᠤᠮᠬᠠᠳᠬᠠᠭᠠᠳ 190 ᠵᠦᠢᠯ | ᠪᠤᠯᠭᠠᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠥ᠂ ᠡᠷᠡᠬᠦᠯ | ᠬᠠᠮᠠᠭᠠᠯᠠᠯ ᠲᠦᠯᠥᠪᠯᠡᠭᠡᠳᠤ ᠦᠷᠡᠵᠢᠯ ᠵᠡᠷᠬᠡ ᠰᠠᠯᠠᠭ᠎ᠠ ᠮᠦᠴᠢᠷ ᠤᠨ ᠪᠠᠶᠢᠭᠤᠯᠤᠮᠵᠢ ᠶᠢ ᠨᠡᠶᠢᠯᠡᠬᠦᠯᠬᠦ ᠪᠠ | ᠦᠢᠯᠡᠳᠪᠤᠷᠢ ᠬᠤᠳᠠᠯᠳᠤᠭ᠎ᠠ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠢᠳᠡᠭᠡᠨ ᠪᠠ ᠡᠮ ᠤᠨ ᠵᠦᠢᠯ ᠢ | ᠤᠷᠤᠨ ᠨᠤᠳᠤᠭ ᠲᠤ ᠰᠢᠯᠵᠢᠬᠦᠯᠬᠦ ᠠᠵᠢᠯ ᠢ ᠪᠡᠶᠡᠯᠡᠬᠦᠯᠪᠡ᠃ ᠮᠦᠩᠬᠦᠨ ᠬᠦᠢᠯᠬᠡᠬᠡᠨ ᠤ ᠦᠭᠡᠷᠡᠴᠢᠯᠡᠯᠳᠡ᠂ | ᠴᠠᠬᠢᠯᠭᠠᠨ ᠤ ᠦᠨ᠎ᠡ ᠶᠢᠨ ᠦᠭᠡᠷᠡᠴᠢᠯᠡᠯᠳᠡ᠂ ᠤᠰᠤᠨ ᠤ ᠦᠨ᠎ᠡ ᠶᠢᠨ ᠦᠭᠡᠷᠡᠴᠢᠯᠡᠯᠳᠡ᠂ ᠦᠢᠯᠡᠳᠪᠤᠷᠢ | ᠬᠤᠳᠠᠯᠳᠤᠭ᠎ᠠ ᠶᠢᠨ ᠲᠠᠩᠰᠠᠯᠠᠭᠤᠯᠬᠤ ᠲᠦᠷᠢᠮ ᠤᠨ ᠦᠭᠡᠷᠡᠴᠢᠯᠡᠯᠳᠡ᠂ ᠤᠯᠤᠰ ᠤᠨ ᠦᠮᠴᠢᠯᠡᠯ ᠤᠨ ᠡᠳ᠋ | ᠬᠦᠷᠦᠩᠬᠡ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠴᠦ ᠮᠠᠰᠢ ᠰᠠᠶᠢᠨ ᠦᠷ᠎ᠡ ᠪᠦᠳᠦᠮᠵᠢ | ᠤᠯᠪᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠯᠠᠪᠳᠠᠭᠤᠨ ᠢᠶᠠᠷ ᠠᠬᠢᠪᠠ᠃ | ᠮᠤᠩᠭᠤᠯ ᠤᠯᠤᠰ ᠯᠤᠭ᠎ᠠ ᠶᠢᠨ ᠠᠵᠥ ᠠᠬᠤᠢ ᠠᠷᠠᠯᠵᠢᠶᠠᠨ ᠤ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ᠂ ᠷᠠᠰᠢᠶᠠᠨ | ᠪᠤᠭᠤᠮᠳᠠ ᠶᠢᠨ ᠬᠢᠯᠢ ᠪᠠᠷ ᠦᠩᠬᠡᠷᠡᠬᠦᠯᠬᠦ ᠴᠢᠳᠠᠪᠤᠷᠢ ᠤᠯᠠᠮ ᠲᠡᠭᠡᠭᠰᠢᠯᠡᠭᠰᠡᠡ ᠪᠠᠶᠢᠨ᠎ᠠ᠃ | ᠵᠠᠰᠠᠭ ᠪᠠᠷᠢᠬᠤ ᠴᠢᠳᠠᠪᠤᠷᠢ ᠲᠠᠰᠤᠷᠠᠯᠳᠡ ᠦᠭᠡᠢ ᠲᠡᠭᠡᠭᠰᠢᠯᠡᠪᠡ᠃ ᠲᠦᠷᠢᠮ ᠲᠤᠭᠳᠠᠭᠠᠯ ᠲᠤᠭᠳᠠᠭᠠᠬᠤ ᠶᠢ | ᠴᠢᠩᠭᠠᠷᠠᠭᠤᠯᠵᠥ᠂ ︽ᠵᠠᠬᠢᠷᠭ᠎ᠠ ᠶᠢᠨ ᠠᠵᠢᠯ ᠤᠨ ᠲᠦᠷᠢᠮ︾ ᠵᠡᠷᠬᠡ ᠲᠦᠷᠢᠮ ᠳᠤ ᠲᠠᠬᠢᠵᠥ ᠵᠠᠰᠠᠪᠤᠷᠢ ᠤᠷᠤᠭᠤᠯᠪᠠ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠶᠤᠰᠤᠭᠠᠷ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ | ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ ᠬᠦᠯᠢᠶᠡᠵᠥ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠦᠯᠥᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠵᠦᠪᠯᠡᠯᠬᠡ᠂ | ᠰᠠᠨᠠᠯ ᠲᠤᠷᠠᠳᠤᠯᠭ᠎ᠠ ᠶᠢ ᠰᠢᠢᠳᠪᠤᠷᠢᠯᠡᠭᠰᠡᠡ ᠨᠤᠷᠮ᠎ᠡ 100% ᠳᠤ ᠬᠦᠷᠪᠡ᠃ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢ ᠶᠡᠬᠡᠪᠡᠷ ᠠᠬᠢᠭᠤᠯᠵᠥ᠂ ᠵᠠᠰᠠᠭ ᠤᠨ ᠤᠷᠳᠤᠨ ᠤ ᠰᠦᠯᠵᠢᠶᠡᠨ ᠤ ᠦᠷᠳᠡᠭᠡ ᠶᠢᠨ ᠪᠠᠶᠢᠭᠤᠯᠤᠯᠳᠠ ᠶᠢ | ᠴᠢᠩᠭᠠᠳᠬᠠᠪᠠ᠃ ᠬᠢᠨᠠᠨ ᠪᠤᠳᠤᠬᠤ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠥ᠂ ᠲᠤᠰᠬᠠᠢ ᠪᠡᠯᠡ | ᠮᠥᠩᠬᠦ ᠶᠢ ᠵᠦᠢ ᠵᠤᠬᠢᠰᠳᠠᠢ ᠦᠨᠳᠤᠷ ᠦᠷ᠎ᠡ ᠠᠰᠢᠭᠳᠠᠢ ᠪᠠᠷ ᠬᠡᠷᠡᠭᠯᠡᠬᠦ ᠶᠢ ᠪᠠᠳᠤᠯᠠᠪᠠ᠃ ᠲᠦᠪ ᠤᠨ ︽ᠨᠠᠢᠮᠠᠨ | ᠲᠤᠭᠳᠠᠭᠠᠯ︾᠂ ᠦᠪᠡᠷᠳᠡᠭᠡᠨ ᠵᠠᠰᠠᠬᠤ ᠤᠷᠤᠨ ᠤ 28 ᠢᠵᠢ ᠪᠦᠷᠢᠳᠦᠭᠦᠯᠬᠦ ᠲᠤᠭᠳᠠᠭᠠᠯ ᠪᠤᠯᠤᠨ ᠠᠶᠢᠮᠠᠭ ᠤᠨ | ᠨᠠᠮ ᠤᠨ ᠬᠤᠷᠢᠶᠠᠨ ᠤ ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠭᠡᠷᠡᠭᠵᠢᠬᠦᠯᠵᠥ᠂ ᠠᠯᠪᠠᠨ ᠤ ᠲᠡᠷᠭᠡ ᠪᠤᠯᠤᠨ | ᠠᠯᠪᠠᠨ ᠤ ᠭᠡᠷ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠪᠡ᠃ | ᠬᠤᠶᠠᠳᠤᠭᠠᠷ ᠬᠡᠰᠡᠭ ᠨᠡᠮᠡᠭᠳᠡᠯ ᠳᠤ ᠦᠵᠡᠭᠦᠯᠬᠦ ᠬᠡᠷᠡᠭᠯᠡᠬᠡᠨ ᠤ ᠰᠠᠭᠤᠷᠢ ᠦᠢᠯᠡᠳᠦᠯ ᠢ ᠪᠦᠳᠦᠮᠵᠢᠳᠠᠢ | ᠪᠠᠳᠠᠷᠠᠭᠤᠯᠤᠨ᠎ᠠ | ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠠᠬᠢ ᠵᠠᠬ᠎ᠠ ᠲᠡᠯᠭᠡᠭᠦᠷ ᠤᠨ ᠰᠢᠢᠳᠪᠤᠷᠢᠯᠡᠭᠴᠢ ᠴᠢᠨᠠᠷᠲᠠᠢ | ᠦᠢᠯᠡᠳᠦᠯ ᠢ ᠪᠠᠳᠠᠷᠠᠭᠤᠯᠵᠦ᠂ ᠤᠯᠠᠨ ᠲᠦᠮᠡᠨ ᠤ ᠬᠡᠷᠡᠭᠯᠡᠭᠡᠨ ᠤ ᠲᠡᠰ ᠲᠡᠪᠰᠢᠬᠦ ᠬᠡᠷᠡᠭᠴᠡᠭᠡ ᠱᠠᠭᠠᠷᠳᠠᠯᠭ᠎ᠠ ᠶᠢ | ᠢᠲᠡᠪᠬᠢᠲᠠᠢ ᠤᠯᠵᠦ ᠮᠡᠳᠡᠬᠦ ᠪᠦᠭᠡᠳ ᠬᠠᠨᠭ᠍ᠭᠠᠵᠦ᠂ ᠪᠠᠶᠢᠭᠤᠯᠤᠮᠵᠢ ᠲᠤᠭᠲᠠᠴᠠ ᠶᠢᠨ ᠰᠢᠨ᠎ᠡ ᠶᠢ ᠡᠭᠦᠳᠬᠦ ᠪᠠᠷ | ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠵᠦ᠂ ᠬᠡᠷᠡᠭᠯᠡᠭᠡᠨ ᠤ ᠤᠷᠴᠢᠨ ᠲᠤᠭᠤᠷᠢᠨ ᠢ ᠰᠠᠶᠢᠵᠢᠷᠠᠭᠤᠯᠬᠤ ᠪᠠ | ᠵᠠᠬ᠎ᠠ ᠲᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ ᠪᠠᠷ ᠲᠡᠮᠵᠢᠭᠤᠯᠤᠨ ᠰᠢᠨ᠎ᠡ ᠤᠷᠤᠨ ᠵᠠᠢ ᠭᠠᠷᠭᠠᠵᠦ᠂ | ᠰᠢᠨ᠎ᠡ ᠶᠢ ᠡᠭᠦᠳᠬᠦ ᠪᠠᠷ ᠦᠢᠯᠡᠳᠬᠦᠨ ᠤ ᠲᠡᠰ ᠲᠡᠪᠰᠢᠬᠦ ᠪᠠ ᠠᠵᠦ ᠦᠢᠯᠡᠰ ᠤᠨ ᠬᠦᠭᠵᠢᠯᠲᠡ ᠶᠢ ᠲᠠᠶᠢᠴᠢᠯᠠᠵᠦ᠂ | ᠬᠡᠷᠡᠭᠯᠡᠭᠡ ᠪᠤᠯᠤᠨ ᠪᠡᠯᠡ ᠤᠷᠤᠭᠤᠯᠤᠯᠲᠠ ᠶᠢᠨ ᠰᠠᠶᠢᠨ ᠬᠤᠷᠰᠢᠯ᠂ ᠠᠵᠦ ᠦᠢᠯᠡᠰ ᠤᠨ ᠲᠡᠰ ᠲᠡᠪᠰᠢᠯᠲᠠ ᠪᠤᠯᠤᠨ | ᠬᠡᠷᠡᠭᠯᠡᠭᠡᠨ ᠤ ᠲᠡᠰ ᠲᠡᠪᠰᠢᠯᠲᠡ ᠶᠢᠨ ᠬᠠᠮᠵᠢᠯᠴᠠᠨ ᠠᠬᠢᠬᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠪᠠ | ᠠᠵᠦ ᠠᠬᠤᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠪᠦᠲᠦᠮᠵᠢᠲᠠᠢ ᠪᠠᠷ ᠵᠤᠯᠭᠠᠭᠤᠯᠬᠤ ᠶᠢ ᠠᠬᠢᠭᠤᠯᠵᠦ᠂ | ᠬᠡᠷᠡᠭᠯᠡᠭᠡ ᠲᠡᠰ ᠲᠡᠪᠰᠢᠬᠦ᠂ ᠪᠦᠲᠦᠮᠵᠢᠲᠠᠢ ᠪᠡᠯᠡ ᠤᠷᠤᠭᠤᠯᠬᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ᠂ | ᠠᠵᠦ ᠠᠬᠤᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠤᠷᠭᠠᠨᠢᠭ ᠢᠶᠠᠷ ᠤᠶᠠᠯᠳᠤᠭᠤᠯᠤᠭᠰᠠᠨ ᠬᠦᠭᠵᠢᠯᠲᠡ ᠶᠢᠨ | ᠵᠠᠮ ᠢ ᠭᠠᠷᠭᠠᠵᠦ᠂ ᠠᠵᠦ ᠠᠬᠤᠢ ᠶᠢᠨ ᠶᠠᠰᠤ ᠴᠢᠨᠠᠷ ᠰᠠᠶᠢᠵᠢᠷᠠᠵᠦ ᠦᠷ᠎ᠡ ᠠᠰᠢᠭ ᠨᠡᠮᠡᠭᠳᠡᠵᠦ ᠲᠡᠰ ᠲᠡᠪᠰᠢᠬᠦ ᠳᠤ | ᠤᠯᠠᠮ ᠤᠳᠠᠭᠠᠨ ᠲᠠᠭᠠᠭᠠᠮᠠᠭᠠᠢ᠂ ᠤᠯᠠᠮ ᠢᠳᠡ ᠬᠦᠴᠦᠲᠠᠢ ᠬᠦᠳᠡᠯᠭᠡᠬᠦ ᠬᠦᠴᠦ ᠶᠢ ᠬᠠᠨᠭ᠍ᠭᠠᠨ᠎ᠠ᠃ ᠰᠤᠷᠭᠠᠨ | ᠬᠦᠮᠦᠵᠢᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠤᠭᠠᠴᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ | ᠦᠷᠭᠡᠳᠭᠡᠨ᠂ ᠤᠷᠤᠨ ᠠᠯᠤᠰᠯᠠᠵᠦ ᠬᠢᠯᠢ ᠠᠯᠤᠰᠯᠠᠭᠰᠠᠨ᠂ ᠰᠦᠯᠵᠢᠶᠡᠨ ᠲᠡᠭᠡᠷᠡᠬᠢ ᠪᠠ ᠰᠦᠯᠵᠢᠶᠡᠨ ᠤ ᠭᠠᠳᠠᠨᠠᠬᠢ᠂ | ᠲᠦᠷᠦᠭᠳᠡᠯ ᠢ ᠬᠤᠪᠢᠶᠠᠯᠴᠠᠨ ᠡᠳ᠋ᠯᠡᠬᠦ ᠵᠡᠷᠭᠡ ᠡᠯ᠎ᠡ ᠬᠦᠷᠢᠶᠡᠨ ᠤ ᠤᠯᠠᠨ ᠵᠦᠢᠯ ᠤᠨ ᠮᠡᠳᠡᠭᠡ ᠵᠠᠩᠭᠢ ᠶᠢᠨ | ᠬᠡᠷᠡᠭᠯᠡᠭᠡ ᠶᠢ ᠪᠤᠢ ᠪᠤᠯᠭᠠᠨ ᠲᠠᠶᠢᠴᠢᠯᠠᠵᠦ᠂ ᠠᠮᠢ ᠠᠬᠤᠢ ᠶᠢᠨ ᠤᠷᠭᠠᠨᠢᠭ ᠢᠳᠡᠭᠡᠨ ᠤ ᠭᠡᠷᠡᠭᠯᠡᠭᠡ ᠠᠴᠠ ᠠᠪᠤᠭᠠᠳ | ᠠᠭᠠᠷ ᠢ ᠴᠡᠪᠡᠷᠰᠢᠬᠦᠯᠬᠦ᠂ ᠡᠨᠧᠷᠬᠢ ᠤᠰᠤ ᠶᠢ ᠠᠷᠪᠢᠯᠠᠬᠤ᠂ ᠪᠤᠬᠢᠷᠳᠤᠯ ᠦᠭᠡᠢ ᠤᠷᠤᠨ ᠰᠠᠭᠤᠴᠠ᠂ ᠪᠤᠬᠢᠷᠳᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠤᠬᠢᠷᠳᠤᠯ ᠦᠭᠡᠢ ᠬᠡᠷᠡᠭᠯᠡᠭᠡᠨ ᠤ ᠤᠷᠤᠨ ᠵᠠᠢ ᠶᠢ ᠦᠷᠭᠡᠳᠭᠡᠵᠦ᠂ | ᠦᠪᠡᠷᠮᠢᠴᠡ ᠤᠨᠴᠠᠯᠢᠭ ᠲᠠᠢ᠂ ᠤᠯᠠᠨ ᠶᠠᠩᠵᠦ ᠶᠢᠨ ᠲᠠᠧᠠᠷ ᠪᠤᠯᠤᠨ ᠦᠢᠯᠡᠴᠢᠯᠡᠭᠡᠨ ᠤ ᠴᠠᠭ ᠤᠨ ᠦᠡᠭᠭᠡ ᠶᠢ | ᠲᠠᠭᠠᠭᠰᠠᠨ ᠬᠡᠷᠡᠭᠯᠡᠭᠡ ᠶᠢ ᠠᠬᠢᠭᠤᠯᠵᠦ᠂ ᠤᠯᠠᠮ ᠠᠮᠤᠷ ᠲᠦᠪᠰᠢᠨ ᠬᠡᠷᠡᠭᠯᠡᠬᠦ ᠳᠤ ᠰᠠᠶᠢᠨ᠂ ᠤᠯᠠᠮ ᠲᠠᠭᠠᠯᠠᠮᠵᠢᠲᠠᠢ | ᠰᠠᠶᠢᠬᠠᠨ᠂ ᠤᠯᠠᠮ ᠭᠤᠶᠤ ᠬᠡᠪ ᠨᠠᠮᠪᠠ ᠲᠠᠢ ᠵᠡᠷᠭᠡ ᠲᠠᠧᠠᠷ ᠤᠨ ᠰᠢᠨᠵᠢ ᠴᠢᠨᠠᠷ ᠤᠨ ᠬᠡᠷᠡᠭᠯᠡᠭᠡ ᠶᠢ ᠵᠤᠷᠢᠬᠵᠢᠭᠤᠯᠵᠦ᠂ | ᠵᠠᠮ ᠬᠠᠷᠢᠯᠴᠠᠭ᠎ᠠ ᠴᠢᠮᠡᠭᠡ ᠬᠤᠯᠪᠤᠭ᠎ᠠ᠂ ᠰᠤᠶᠤᠯ ᠵᠤᠭ᠎ᠠ ᠴᠡᠩᠭᠡᠯ᠂ ᠪᠤᠬᠢᠷᠳᠤᠯ ᠦᠭᠡᠢ ᠤᠷᠴᠢᠨ ᠲᠤᠭᠤᠷᠢᠨ ᠤ | ᠬᠠᠮᠠᠭᠠᠯᠠᠯᠲᠠ᠂ ᠬᠡᠷᠡᠭᠯᠡᠬᠦ ᠳᠤ ᠲᠤᠬᠢᠷᠠᠮᠵᠢᠲᠠᠢ ᠤᠷᠤᠨ ᠰᠠᠭᠤᠴᠠ᠂ ᠪᠠᠭ᠎ᠠ ᠮᠠᠰᠢᠨ ᠲᠡᠷᠭᠡ ᠵᠡᠷᠭᠡ ᠲᠠᠯ᠎ᠠ ᠶᠢᠨ | ᠬᠦᠳᠡᠭᠡ ᠲᠤᠰᠬᠤᠨ ᠤ ᠬᠡᠷᠡᠭᠯᠡᠭᠡ ᠶᠢ ᠦᠷᠭᠡᠳᠬᠡᠵᠦ ᠲᠡᠭᠡᠭᠰᠢᠯᠡᠭᠦᠯᠦᠨ᠎ᠡ᠃ ᠴᠠᠯᠢᠩ ᠲᠠᠢ ᠠᠮᠠᠷᠠᠬᠤ ᠲᠦᠷᠢᠮ ᠢ | ᠨᠠᠶᠢᠳᠠᠪᠤᠷᠢᠵᠢᠭᠤᠯᠵᠦ᠂ ᠬᠡᠷᠡᠭᠯᠡᠭᠡ ᠶᠢ ᠤᠯᠠᠮ ᠴᠢᠨᠠᠭᠰᠢᠳᠠ ᠲᠠᠶᠢᠴᠢᠯᠠᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠬᠤᠭᠤᠴᠠᠭᠠᠨ ᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢᠨ ᠵᠢᠯ ᠤᠨ | ᠲᠤᠮᠳᠠᠴᠢ ᠨᠡᠮᠡᠭᠳᠡᠯ ᠢ 11% ᠰᠢᠬᠠᠮ ᠳᠤ ᠬᠦᠷᠭᠡᠬᠦ ᠪᠠᠷ ᠴᠢᠷᠮᠠᠶᠢᠨ᠎ᠠ᠃ | ᠭᠤᠷᠪᠠᠳᠤᠭᠠᠷ ᠬᠡᠰᠡᠭ ᠨᠡᠮᠡᠭᠳᠡᠯ ᠳᠤ ᠦᠵᠡᠭᠦᠯᠬᠦ ᠭᠠᠳᠠᠭᠠᠳᠦ ᠭᠠᠷᠭᠠᠯᠳᠠ ᠶᠢᠨ ᠠᠬᠢᠭᠤᠯᠬᠤ ᠦᠢᠯᠡᠳᠦᠯ ᠢ | ᠢᠲᠡᠪᠬᠢᠲᠠᠢ ᠪᠠᠳᠠᠷᠠᠭᠤᠯᠤᠨ᠎ᠠ | ᠨᠡᠮᠡᠭᠳᠡᠯ ᠳᠤ ᠦᠵᠡᠭᠦᠯᠬᠦ ᠭᠠᠳᠠᠭᠠᠳᠦ ᠭᠠᠷᠭᠠᠯᠳᠠ ᠶᠢᠨ ᠠᠬᠢᠭᠤᠯᠬᠤ ᠦᠢᠯᠡᠳᠦᠯ ᠢ ᠢᠲᠡᠪᠬᠢᠲᠠᠢ | ᠪᠠᠳᠠᠷᠠᠭᠤᠯᠵᠦ᠂ ᠭᠠᠳᠠᠭᠠᠳᠦ ᠳᠤ ᠪᠡᠯᠡ ᠤᠷᠤᠭᠤᠯᠬᠤ ᠪᠠ ᠭᠠᠳᠠᠭᠠᠳᠦ ᠭᠠᠷᠭᠠᠯᠳᠠ ᠶᠢ ᠦᠷᠭᠡᠳᠭᠡᠬᠦ ᠶᠢ | ᠤᠶᠠᠯᠳᠤᠭᠤᠯᠬᠤ ᠬᠡᠮᠵᠢᠶ᠎ᠡ ᠶᠢ ᠨᠡᠮᠡᠭᠳᠡᠬᠦᠯᠵᠦ᠂ ᠮᠡᠷᠭᠡᠵᠢᠯ᠂ ᠪᠡᠷᠢᠮᠵᠢᠶ᠎ᠡ᠂ ᠲᠦᠷᠦᠯ ᠲᠡᠮᠳᠡᠭ᠂ ᠶᠠᠰᠦ ᠴᠢᠨᠠᠷ᠂ | ᠦᠢᠯᠡᠴᠢᠯᠡᠭᠡ ᠪᠠᠷ ᠭᠤᠤᠯ ᠪᠤᠯᠭᠠᠭᠰᠠᠨ ᠭᠠᠳᠠᠭᠠᠳᠦ ᠠᠵᠦ ᠠᠬᠤᠢ ᠶᠢᠨ ᠰᠢᠨ᠎ᠡ ᠲᠠᠪᠠᠭᠤᠯᠢᠭ ᠢ ᠪᠤᠶᠢᠵᠢᠭᠤᠯᠤᠨ᠎ᠠ᠃ | ᠬᠦᠳᠡᠯᠮᠤᠷᠢ ᠪᠤᠯᠤᠨ ᠡᠬᠢ ᠪᠠᠶᠠᠯᠢᠭ ᠲᠦᠪᠯᠡᠷᠡᠭᠰᠡᠨ ᠦᠢᠯᠡᠳᠬᠦᠨ ᠤ ᠨᠡᠮᠡᠯᠲᠡ ᠦᠷᠲᠡᠭ ᠢ ᠨᠡᠮᠡᠭᠳᠡᠬᠦᠯᠵᠦ᠂ | ᠤᠷᠭᠠᠨᠢᠭ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠬ ᠰᠢᠮ᠎ᠡ ᠵᠡᠷᠭᠡ | ᠤᠯᠠᠮᠵᠢᠯᠠᠯᠲᠦ ᠲᠠᠪᠠᠭᠤᠯᠢᠭ ᠪᠦᠲᠦᠭᠳᠡᠬᠦᠨ ᠤ ᠭᠠᠳᠠᠭᠠᠳᠦ ᠭᠠᠷᠭᠠᠯᠳᠠ ᠶᠢ ᠲᠤᠭᠲᠠᠪᠤᠷᠢᠵᠢᠭᠤᠯᠵᠦ᠂ ᠰᠤᠶᠤᠯ | ᠤᠷᠠᠯᠢᠭ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠡᠷᠭᠡ ᠶᠢᠨ ᠦᠢᠯᠡᠴᠢᠯᠡᠭᠡ ᠶᠢ ᠭᠠᠳᠠᠭᠠᠳᠦ ᠳᠤ | ᠭᠠᠷᠭᠠᠬᠤ ᠶᠢ ᠠᠬᠢᠭᠤᠯᠤᠨ᠎ᠠ᠃ ᠴᠢᠨᠠᠷ ᠰᠠᠶᠢᠲᠠᠢ ᠶᠢ ᠤᠷᠤᠭᠤᠯᠵᠤ ᠴᠢᠨᠠᠷ ᠰᠠᠶᠢᠲᠠᠢ ᠶᠢ ᠭᠠᠷᠭᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠦᠨ᠂ ᠠᠵᠦ ᠠᠬᠤᠢᠢᠯᠠᠯ ᠤᠨ ︽ᠭᠠᠳᠠᠬᠰᠢ ᠭᠠᠷᠴᠤ︾ ᠬᠢᠯᠢ ᠶᠢᠨ ᠭᠠᠳᠠᠨ᠎ᠠ ᠡᠬᠢ | ᠪᠠᠶᠠᠯᠢᠭ ᠢ ᠨᠡᠭᠡᠭᠡᠨ ᠠᠰᠢᠬᠯᠠᠵᠦ ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠲᠡᠮᠵᠢᠵᠦ᠂ ᠪᠠᠷᠢᠯᠭ᠎ᠠ | ᠲᠠᠭᠠᠭᠠᠴᠢᠯᠠᠬᠤ ᠪᠠ ᠬᠦᠳᠡᠯᠮᠤᠷᠢ ᠦᠢᠯᠡᠴᠢᠯᠡᠭᠡ ᠶᠢᠨ ᠬᠠᠮᠲᠤᠷᠠᠯᠴᠠᠭ᠎ᠠ ᠬᠢᠬᠦ ᠠᠵᠢᠯ ᠦᠷᠨᠢᠬᠦᠯᠵᠦ᠂ ᠲᠦᠬᠦᠭᠡᠷᠦᠮᠵᠢ᠂ | ᠮᠠᠲ᠋ᠧᠷᠢᠶᠠᠯ᠂ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠭᠠᠳᠠᠭᠠᠳᠦ ᠳᠤ ᠭᠠᠷᠭᠠᠬᠤ ᠶᠢ ᠲᠠᠶᠢᠴᠢᠯᠠᠵᠦ᠂ | ᠮᠠᠨ ᠤ ᠠᠶᠢᠮᠠᠭ ᠤᠨ ᠢᠶᠠᠨ ᠲᠠᠪᠠᠭᠤᠯᠢᠬ ᠤᠨᠴᠠᠯᠢᠬᠳᠤ ᠠᠵᠦ ᠦᠢᠯᠡᠰ ᠤᠨ ᠵᠡᠭᠦᠨ ᠬᠤᠶᠢᠲᠦ ᠠᠽᠢᠶ᠎ᠠ ᠶᠢᠨ ᠠᠵᠦ | ᠠᠬᠤᠢ ᠶᠢᠨ ᠲᠤᠭᠤᠷᠢᠬ ᠤᠨ ᠦᠨ᠎ᠡ ᠦᠷᠲᠡᠭ ᠤᠨ ᠬᠡᠯᠬᠢᠶᠡᠰᠦ ᠳᠠᠬᠢ ᠪᠠᠶᠢᠷᠢ ᠰᠠᠭᠤᠷᠢ ᠶᠢ ᠲᠡᠭᠡᠭᠰᠢᠯᠡᠭᠦᠯᠦᠨ᠎ᠡ᠃ | 2020 ᠤᠨ ᠪᠤᠯᠬᠤ ᠳᠤ᠂ ᠭᠠᠳᠠᠭᠠᠳᠦ ᠠᠷᠠᠯᠵᠢᠶ᠎ᠠ ᠶᠢᠨ ᠭᠠᠳᠠᠭᠠᠳᠦ ᠭᠠᠷᠭᠠᠯᠳᠠ ᠶᠢᠨ ᠶᠡᠷᠦᠩᠬᠡᠢ ᠬᠡᠮᠵᠢᠶ᠎ᠡ ᠶᠢ 1. | 5 ᠳ᠋ᠦᠩᠰᠢᠭᠤᠷ ᠰᠢᠬᠠᠮ ᠳ᠋ᠤᠯᠯᠠᠷ ᠲᠤ ᠬᠦᠷᠭᠡᠬᠦ ᠪᠠᠷ ᠴᠢᠷᠮᠠᠶᠢᠨ᠎ᠠ᠃ | ᠲᠦᠷᠪᠡᠳᠦᠭᠡᠷ ᠪᠦᠯᠦᠭ ᠠᠵᠦ ᠦᠢᠯᠡᠰ ᠤᠨ ᠬᠦᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠤᠨ᠎ᠡ | | ᠨᠢᠭᠡᠳᠦᠭᠡᠷ ᠬᠡᠰᠡᠭ ︽ᠬᠤᠶᠠᠷ ᠲᠡᠩᠭᠡᠯᠢᠭ︾ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠤᠨ᠎ᠠ | | ᠤᠯᠠᠭᠠᠨᠬᠤᠲᠠ — ᠰᠢᠨ ᠯᠢᠨ ᠤ ᠲᠦᠷᠭᠡᠨ ᠤ ᠵᠠᠮ ᠪᠤᠯᠤᠨ ᠮᠤᠵᠢ ᠶᠢᠨ ᠬᠤᠭᠤᠷᠤᠨᠳᠤᠬᠢ ᠵᠠᠮ ᠲᠠᠭᠠᠤ | ᠱᠤᠭᠤᠮ ᠤᠨ ᠤᠯᠠᠭᠠᠨᠬᠤᠲᠠ᠂ ᠬᠤᠷᠴᠢᠨ ᠪᠠᠯᠭᠠᠰᠦ᠂ ᠲᠦᠴᠢᠤᠸᠠᠨ ᠪᠠᠯᠭᠠᠰᠦ᠂ ᠪᠠᠶᠠᠨᠬᠤᠰᠢᠭᠤ ᠪᠠᠯᠭᠠᠰᠦ᠂ ᠢᠨᠳᠡᠷ | ᠪᠠᠯᠭᠠᠰᠦ ᠪᠠᠷ ᠭᠤᠤᠯᠳᠠᠯᠭ᠎ᠠ ᠪᠤᠯᠭᠠᠭᠰᠠᠨ ᠬᠤᠲᠠ ᠪᠠᠯᠭᠠᠰᠦ ᠶᠢᠨ ᠬᠦᠭᠵᠢᠯᠲᠡ ᠶᠢᠨ ᠪᠦᠰᠡ ᠳᠤ ᠲᠦᠰᠢᠭᠯᠡᠨ᠂ | ᠮᠠᠨ ᠤ ᠠᠶᠢᠮᠠᠭ ᠤᠨ ᠵᠠᠰᠠᠮᠠᠯ ᠵᠠᠮ ᠲᠠᠭᠠᠤ ᠬᠦᠭᠵᠢᠯᠲᠡ ᠶᠢᠨ ᠲᠡᠩᠭᠡᠯᠢᠭ ᠢ ᠪᠦᠷᠢᠯᠳᠦᠭᠦᠯᠤᠨ᠎ᠡ︔ ᠪᠠᠶᠢᠴᠧᠩ | ᠷᠠᠰᠢᠶᠠᠨ ᠤ ᠲᠡᠮᠦᠷ ᠵᠠᠮ ᠢᠶᠠᠷ ᠬᠤᠯᠪᠤᠭᠠᠰᠦ ᠪᠤᠯᠭᠠᠨ᠂ ᠷᠠᠰᠢᠶᠠᠨ᠂ ᠰᠤᠯᠤᠨ᠂ ᠳᠠᠪᠰᠡᠭ᠂ ᠳ᠋ᠠᠱᠢᠵᠠᠢ᠂ ᠭᠦᠢᠯᠠᠷ᠂ | ᠬᠡᠬᠡᠨ ᠰᠦᠮ᠎ᠡ ᠵᠡᠷᠭᠡ ᠴᠢᠬᠤᠯᠠ ᠬᠤᠲᠠ ᠪᠠᠯᠭᠠᠰᠦ ᠶᠢ ᠬᠤᠯᠪᠤᠵᠦ᠂ ᠲᠡᠭᠦᠨ ᠢ ᠬᠦᠭᠵᠢᠭᠦᠯᠦᠭᠡᠳ ᠮᠠᠨ ᠤ | ᠠᠶᠢᠮᠠᠭ ᠤᠨ ᠲᠡᠮᠦᠷ ᠵᠠᠮ ᠲᠠᠭᠠᠤ ᠬᠦᠭᠵᠢᠯᠲᠡ ᠶᠢᠨ ᠲᠡᠩᠭᠡᠯᠢᠭ ᠪᠤᠯᠭᠠᠨ᠎ᠠ᠃ ︽ᠬᠤᠶᠠᠷ ᠲᠡᠩᠭᠡᠯᠢᠭ︾ ᠤᠨ ᠭᠠᠵᠠᠷ | ᠤᠷᠤᠨ ᠨᠢ ᠵᠠᠰᠠᠮᠠᠯ ᠵᠠᠮ᠂ ᠲᠡᠮᠦᠷ ᠵᠠᠮ ᠵᠡᠷᠭᠡ ᠵᠠᠮ ᠬᠠᠷᠢᠯᠴᠠᠭᠠᠨ ᠤ ᠭᠤᠤᠯ ᠱᠤᠭᠤᠮ ᠢᠶᠠᠷ ᠲᠡᠩᠭᠡᠯᠢᠭ ᠱᠤᠭᠤᠮ | ᠪᠤᠯᠭᠠᠵᠦ᠂ ᠤᠯᠠᠭᠠᠨᠬᠤᠲᠠ ᠤᠷᠤᠨ ᠢᠶᠠᠷ ᠲᠡᠩᠭᠡᠯᠢᠭ ᠱᠤᠭᠤᠮ ᠪᠤᠯᠭᠠᠵᠦ᠂ ᠬᠤᠲᠠ ᠪᠠᠯᠭᠠᠰᠦ᠂ ᠬᠦᠷᠢᠶᠡᠯᠡᠩ | ᠲᠤᠭᠤᠷᠢᠭ ᠢᠶᠠᠷ ᠲᠤᠯᠭᠠᠭᠤᠷᠢᠯᠠᠬᠤ ᠴᠢᠬ ᠪᠤᠯᠭᠠᠵᠦ᠂ ᠠᠵᠦ ᠦᠢᠯᠡᠳᠪᠤᠷᠢ ᠶᠢᠨ ᠪᠠᠶᠢᠷᠢᠰᠢᠭᠤᠯᠤᠯᠲᠠ ᠶᠢ ᠵᠦᠢ | ᠵᠤᠬᠢᠰᠲᠠᠢ ᠲᠦᠯᠦᠪᠵᠢᠬᠦᠯᠵᠦ᠂ ᠠᠵᠦ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠵᠦᠭ ᠬᠦᠲᠦᠯᠦᠨ | ᠵᠢᠯᠤᠭᠤᠳᠴᠤ ᠲᠦᠪᠯᠡᠷᠡᠭᠦᠯᠦᠨ᠎ᠡ᠃ ᠰᠢᠨ᠎ᠡ ᠪᠠᠷ ᠡᠷᠬᠢᠯᠡᠭᠰᠡᠨ ᠠᠵᠦ ᠦᠢᠯᠡᠳᠪᠤᠷᠢ ᠶᠢᠨ ᠠᠵᠦ ᠠᠬᠤᠢᠢᠯᠠᠯ ᠢ | ᠵᠠᠷᠴᠢᠮ ᠳᠡᠭᠡᠷ᠎ᠡ ᠪᠠᠨ ᠠᠶᠢᠮᠠᠭ ᠤᠨ ᠱᠠᠲᠦ ᠪᠤᠯᠤᠨ ᠲᠡᠭᠦᠨ ᠠᠴᠠ ᠲᠡᠭᠡᠭᠰᠢᠬᠢ ᠠᠵᠦ ᠦᠢᠯᠡᠳᠪᠤᠷᠢ ᠶᠢᠨ ᠬᠦᠷᠢᠶᠡᠯᠡᠩ | ᠲᠤᠭᠤᠷᠢᠭ ᠲᠤ ᠲᠤᠬᠢᠷᠠᠭᠤᠯᠤᠨ᠎ᠠ︔ ᠬᠠᠮᠲᠦ ᠶᠢᠨ ᠴᠢᠭᠯᠡᠯ ᠲᠠᠢ ᠠᠵᠦ ᠦᠢᠯᠡᠰ ᠢ ᠬᠦᠲᠦᠯᠦᠨ ᠵᠢᠯᠤᠭᠤᠳᠴᠤ | ᠤᠨᠴᠠᠭᠠᠢ ᠲᠠᠪᠠᠭᠤᠯᠢᠭ ᠲᠠᠢ ᠭᠠᠵᠠᠷ ᠤᠷᠤᠨ ᠵᠦᠭ ᠲᠦᠪᠯᠡᠷᠡᠭᠦᠯᠵᠦ᠂ ᠲᠠᠪᠠᠭᠤᠯᠢᠭ ᠠᠵᠦ ᠦᠢᠯᠡᠰ ᠤᠨ | ᠬᠠᠷᠢᠴᠠᠩᠭᠤᠢ ᠲᠦᠪᠯᠡᠷᠡᠯ ᠢ ᠠᠬᠢᠭᠤᠯᠵᠦ᠂ ᠭᠠᠵᠠᠷ ᠰᠢᠷᠤᠢ ᠨᠢ ᠡᠷᠴᠢᠮᠯᠢᠭ᠂ ᠲᠡᠰ ᠲᠠᠪᠬᠤᠷᠭ᠎ᠠ ᠨᠢ ᠵᠤᠬᠢᠰᠲᠠᠢ | ᠠᠵᠦ ᠦᠢᠯᠡᠰ ᠲᠦᠪᠯᠡᠷᠡᠭᠰᠡᠨ ᠪᠦᠰᠡ ᠪᠤᠯᠭᠠᠨ᠎ᠠ᠃ | ᠬᠤᠶᠠᠳᠤᠭᠠᠷ ᠬᠡᠰᠡᠭ ︽ᠲᠦᠷᠪᠡᠨ ᠲᠤᠭᠤᠷᠢᠭ︾ ᠤᠨ ᠬᠦᠭᠵᠢᠯᠲᠡ ᠶᠢ ᠲᠦᠷᠭᠡᠳᠭᠡᠨ ᠠᠬᠢᠭᠤᠯᠤᠨ᠎ᠠ | ᠡᠬᠢ ᠪᠠᠶᠠᠯᠢᠭ ᠤᠨ ᠪᠤᠰᠤ ᠠᠵᠦ ᠦᠢᠯᠡᠳᠪᠤᠷᠢ ᠶᠢᠨ ᠴᠤᠭᠯᠠᠷᠠᠯ ᠤᠨ ᠲᠤᠭᠤᠷᠢᠭ᠃ ᠤᠯᠠᠭᠠᠨᠬᠤᠲᠠ ᠶᠢᠨ ᠠᠵᠦ | ᠦᠢᠯᠡᠳᠪᠤᠷᠢ ᠶᠢᠨ ᠠᠵᠦ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠶᠡᠭᠡ ᠪᠠᠭ᠎ᠠ ᠬᠢᠨᠭ᠍ᠭᠠᠨ ᠲᠠᠪᠠᠭᠠᠨ ᠤ ᠰᠢᠭᠤᠢᠢᠲᠦ ᠤᠷᠤᠨ ᠤ ᠠᠵᠦ ᠠᠬᠤᠢ ᠶᠢᠨ ᠠᠷᠭ᠎ᠠ ᠬᠡᠯᠪᠡᠷᠢ ᠶᠢ | ᠬᠤᠪᠢᠷᠠᠭᠤᠯᠤᠨ ᠵᠠᠯᠭᠠᠵᠦ ᠠᠪᠬᠤ ᠠᠵᠦ ᠦᠢᠯᠡᠰ ᠤᠨ ᠬᠦᠷᠢᠶᠡᠯᠡᠩ ᠲᠤᠭᠤᠷᠢᠭ ᠲᠤ ᠲᠦᠰᠢᠭᠯᠡᠨ᠂ ᠲᠤᠨᠤᠭᠯᠠᠯ | ᠦᠢᠯᠡᠳᠬᠦ ᠂ ᠡᠮ ᠡᠮᠨᠡᠯᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠬ ᠰᠢᠮ᠎ᠡ ᠡᠳ᠋ᠰᠢᠬᠦᠯᠬᠦ᠂ ᠢᠳᠡᠭᠡᠨ | ᠡᠳ᠋ᠰᠢᠬᠦᠯᠬᠦ᠂ ᠡᠳ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢᠨ ᠠᠵᠢᠯ ᠲᠦᠷᠦᠯ ᠵᠡᠷᠭᠡ ᠠᠵᠦ ᠦᠢᠯᠡᠰ ᠢ | ᠭᠤᠤᠯᠳᠠᠯᠭ᠎ᠠ ᠪᠤᠯᠭᠠᠨ ᠬᠦᠭᠵᠢᠭᠦᠯᠦᠨ᠎ᠡ︔ ᠡᠯᠧᠺᠲᠷᠤᠨ᠂ ᠲᠡᠭᠡᠳᠦ ᠲᠡᠰ ᠤᠨ ᠦᠢᠯᠡᠳᠬᠦ ᠦᠢᠯᠡᠰ᠂ ᠠᠮᠢᠳᠤ | ᠪᠤᠳᠠᠰ ᠤᠨ ᠡᠮ ᠬᠢᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠠᠵᠦ ᠦᠢᠯᠡᠰ ᠢ ᠢᠲᠡᠪᠬᠢᠲᠠᠢ | ᠪᠤᠶᠢᠵᠢᠭᠤᠯᠤᠨ᠎ᠠ᠃ | ᠨᠡᠭᠦᠷᠡᠰᠦ ᠶᠢ ᠴᠡᠪᠡᠷ ᠪᠦᠭᠡᠳ ᠦᠨᠳᠦᠷ ᠪᠦᠲᠦᠮᠵᠢᠲᠠᠢ ᠠᠰᠢᠬᠯᠠᠬᠤ᠂ ᠦᠡᠭᠭᠡᠲᠦ ᠲᠡᠮᠦᠷᠯᠢᠭ ᠢ | ᠬᠠᠶᠢᠯᠤᠭᠤᠯᠵᠦ ᠡᠳ᠋ᠰᠢᠭᠦᠯᠬᠦ ᠲᠦᠪᠯᠡᠷᠡᠯ ᠤᠨ ᠲᠤᠭᠤᠷᠢᠭ᠃ ᠠᠶᠢᠮᠠᠭ ᠤᠨ ᠠᠵᠦ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠤᠭᠤᠷᠢᠭ᠂ ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤᠨ ᠤ ᠪᠠᠶᠠᠵᠢᠨ᠎ᠠ ᠠᠵᠦ | ᠦᠢᠯᠡᠳᠪᠤᠷᠢ ᠶᠢᠨ ᠡᠷᠬᠢᠯᠲᠡᠲᠦ ᠠᠵᠦ ᠠᠬᠤᠢ ᠶᠢᠨ ᠬᠦᠷᠢᠶᠡᠯᠡᠩ ᠲᠤᠭᠤᠷᠢᠭ ᠢᠶᠠᠷ ᠭᠤᠤᠯ ᠪᠤᠯᠭᠠᠵᠦ᠂ ᠲᠡᠭᠦᠨ ᠤ | ᠬᠦᠷᠰᠢ ᠵᠡᠷᠭᠡᠯᠡᠳᠡᠭᠡ ᠨᠡᠭᠦᠷᠡᠰᠦᠨ ᠤ ᠡᠬᠢ ᠪᠠᠶᠠᠯᠢᠭ ᠤᠨ ᠲᠤᠭᠤᠷᠢᠭ᠂ ᠤᠰᠤ ᠨᠡᠭᠦᠷᠡᠰᠦ ᠶᠢᠨ ᠨᠡᠶᠢᠯᠡᠯ ᠤᠨ | ᠨᠦᠬᠦᠴᠡᠯ ᠢᠶᠠᠷ ᠨᠡᠯᠢᠶᠡᠳ ᠰᠠᠶᠢᠨ᠂ ᠲᠡᠮᠦᠷ ᠵᠠᠮ᠂ ᠵᠠᠰᠠᠮᠠᠯ ᠵᠠᠮ ᠲᠦᠬᠦᠮ ᠪᠠᠶᠢᠬᠤ ᠵᠡᠷᠭᠡ ᠠᠰᠢᠬᠲᠠᠢ | ᠨᠦᠬᠦᠴᠡᠯ ᠤᠨ ᠲᠠᠪᠠᠭᠤᠯᠢᠭ ᠢ ᠪᠠᠳᠠᠷᠠᠭᠤᠯᠵᠦ᠂ ᠡᠨᠧᠷᠬᠢ᠂ ᠰᠢᠨ᠎ᠡ ᠮᠠᠶ᠋ᠢᠭ ᠤᠨ ᠨᠡᠭᠦᠷᠡᠰᠦ ᠬᠢᠮᠢ ᠶᠢᠨ ᠠᠵᠤ | ᠦᠢᠯᠡᠳᠪᠤᠷᠢ ᠂ ᠦᠡᠭᠭᠡᠲᠦ ᠲᠡᠮᠦᠷᠯᠢᠭ ᠬᠠᠶᠢᠯᠤᠭᠤᠯᠵᠦ ᠡᠳ᠋ᠰᠢᠬᠦᠯᠬᠦ ᠪᠠᠷ ᠭᠤᠤᠯ ᠪᠤᠯᠭᠠᠭᠰᠠᠨ ᠠᠵᠦ ᠦᠢᠯᠡᠰ ᠤᠨ | ᠴᠤᠭᠯᠠᠷᠠᠯ ᠢ ᠬᠦᠭᠵᠢᠬᠦᠯᠵᠦ᠂ ᠨᠡᠭᠦᠷᠡᠰᠦ ᠪᠠᠷ ᠬᠡᠢ ᠦᠢᠯᠡᠳᠪᠤᠷᠢᠯᠡᠬᠦ᠂ ᠨᠡᠭᠦᠷᠡᠰᠦ ᠪᠠᠷ ᠲᠤᠰᠤ ᠦᠢᠯᠡᠳᠪᠤᠷᠢᠯᠡᠬᠦ᠂ | ᠢᠯᠴᠢ ᠶᠢᠨ ᠴᠠᠬᠢᠯᠭᠠᠨ᠂ ᠨᠡᠭᠦᠷᠡᠰᠦ ᠴᠠᠬᠢᠯᠭᠠᠨ ᠬᠦᠡᠭᠭᠡᠨ ᠴᠠᠭᠠᠨ᠂ ᠵᠡᠰ ᠴᠠᠶᠢᠷ ᠬᠠᠶᠢᠯᠤᠭᠤᠯᠬᠤ ᠪᠠ ᠰᠢᠷᠢᠰ | ᠦᠢᠯᠡᠳᠬᠦᠨ ᠢ ᠨᠠᠷᠢᠯᠢᠭ ᠡᠳ᠋ᠰᠢᠬᠦᠯᠬᠦ ᠵᠡᠷᠭᠡ ᠬᠢᠮᠢ ᠶᠢᠨ ᠠᠵᠦ ᠦᠢᠯᠡᠳᠪᠤᠷᠢ ᠶᠢᠨ ᠦᠢᠯᠡᠳᠪᠤᠷᠢᠯᠡᠯ ᠪᠤᠯᠤᠨ | ᠦᠡᠭᠭᠡᠲᠦ ᠲᠡᠮᠦᠷᠯᠢᠭ ᠬᠠᠶᠢᠯᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠭᠤᠤᠯᠳᠠᠯᠭ᠎ᠠ ᠲᠠᠢ | ᠪᠤᠶᠢᠵᠢᠭᠤᠯᠤᠨ᠎ᠠ᠃ | ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠬ ᠰᠢᠮ᠎ᠡ ᠶᠢ ᠡᠳ᠋ᠰᠢᠭᠦᠯᠬᠦ ᠲᠦᠪᠯᠡᠷᠡᠯ ᠤᠨ | ᠲᠤᠭᠤᠷᠢᠭ᠃ ᠲᠤᠰᠪᠤᠷᠢ ᠲᠦᠴᠢᠤᠸᠠᠨ ᠰᠢᠶᠠᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠦ | ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠷ ᠲᠦᠪ ᠪᠤᠯᠭᠠᠵᠤ᠂ ᠭᠠᠵᠠᠷ ᠰᠢᠷᠤᠢ ᠶᠢᠨ ᠡᠬᠢ | ᠪᠠᠶᠠᠯᠢᠭ ᠲᠦᠪᠯᠡᠷᠡᠩᠭᠦᠢ᠂ ᠤᠰᠤᠨ ᠤ ᠡᠬᠢ ᠪᠠᠶᠠᠯᠢᠭ ᠡᠯᠪᠡᠭ ᠪᠠᠶᠢᠬᠤ ᠠᠰᠢᠬᠲᠠᠢ ᠨᠦᠬᠦᠴᠡᠯ ᠳᠤ ᠲᠦᠰᠢᠭᠯᠡᠨ᠂ ︽ | ᠲᠦᠪᠯᠡᠷᠡᠭᠦᠯᠦᠨ ᠵᠠᠯᠭᠠᠯᠳᠤᠭᠤᠯᠵᠦ ᠨᠡᠭᠡᠭᠡᠨ ᠬᠦᠭᠵᠢᠭᠦᠯᠬᠦ︾᠂ ︽ᠲᠤᠯᠤᠭᠠᠢᠢᠯᠠᠭᠴᠢ ᠠᠵᠦ ᠠᠬᠤᠢᠢᠯᠠᠯ ᠢᠶᠠᠷ | ᠲᠠᠶᠢᠴᠢᠯᠠᠬᠤ︾ ᠵᠡᠷᠭᠡ ᠬᠦᠭᠵᠢᠯᠲᠡ ᠶᠢᠨ ᠵᠠᠭᠪᠤᠷ ᠢ ᠬᠡᠷᠡᠭᠯᠡᠵᠤ᠂ ᠤᠳᠤ ᠦᠶ᠎ᠡ ᠶᠢᠨ ᠪᠤᠬᠢᠷᠳᠤᠯ ᠦᠭᠡᠢ ᠲᠠᠷᠢᠶᠠᠯᠠᠩ | ᠮᠠᠯ ᠠᠵᠦ ᠠᠬᠤᠢ᠂ ᠥᠪᠡᠷᠮᠢᠴᠡ ᠤᠨᠴᠠᠯᠢᠭ ᠲᠠᠢ ᠲᠠᠷᠢᠵᠦ ᠲᠡᠵᠢᠭᠡᠬᠦ ᠦᠢᠯᠡᠰ ᠪᠤᠯᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠬ ᠰᠢᠮ᠎ᠡ ᠶᠢ ᠡᠳ᠋ᠰᠢᠬᠦᠯᠬᠦ ᠠᠵᠦ ᠦᠢᠯᠡᠳᠪᠤᠷᠢ ᠶᠢ ᠭᠤᠤᠯᠳᠠᠯᠭ᠎ᠠ ᠲᠠᠢ | ᠬᠦᠭᠵᠢᠬᠦᠯᠵᠦ᠂ ᠮᠠᠨ ᠤ ᠠᠶᠢᠮᠠᠭ ᠤᠨ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠳᠡᠬᠦᠨ ᠮᠠᠯ ᠤᠨ ᠠᠰᠢᠬ | ᠰᠢᠮ᠎ᠡ ᠶᠢ ᠡᠳ᠋ᠰᠢᠭᠦᠯᠬᠦ ᠦᠢᠯᠡᠰ ᠤᠨ ᠲᠦᠢᠯ ᠢ ᠪᠠᠶᠢᠭᠤᠯᠤᠨ᠎ᠠ᠃ | ᠠᠮᠢ ᠠᠬᠤᠢ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠤᠭᠤᠷᠢᠭ᠃ ᠬᠠᠯᠠᠭᠤᠨ ᠷᠠᠰᠢᠶᠠᠨ ᠤ ᠡᠬᠢ ᠪᠠᠶᠠᠯᠢᠭ᠂ | ᠭᠠᠯᠲᠦ ᠠᠭᠤᠯᠠ ᠶᠢᠨ ᠭᠠᠵᠠᠷ ᠤᠨ ᠡᠬᠢ ᠪᠠᠶᠠᠯᠢᠭ᠂ ᠮᠦᠰᠦ ᠴᠠᠰᠤᠨ ᠤ ᠡᠬᠢ ᠪᠠᠶᠠᠯᠢᠭ᠂ ᠤᠢ ᠰᠢᠭᠤᠢ ᠶᠢᠨ | ᠦᠵᠡᠮᠵᠢ ᠵᠡᠷᠭᠡ ᠥᠪᠡᠷᠮᠢᠴᠡ ᠤᠨᠴᠠᠯᠢᠭ ᠲᠠᠢ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠰᠡᠯᠡᠭᠦᠴᠡᠯ | ᠠᠮᠠᠷᠠᠯᠲᠠ ᠶᠢᠨ ᠵᠤᠭᠠᠴᠠᠯ᠂ ᠪᠠᠷᠲᠠᠭ᠎ᠠ ᠰᠢᠨᠵᠢᠯᠡᠨ ᠰᠢᠨᠵᠢᠯᠡᠬᠦ ᠤᠬᠠᠭᠠᠨ ᠤ ᠪᠠᠶᠢᠴᠠᠭᠠᠯᠲᠠ ᠬᠢᠬᠦ ᠵᠤᠭᠠᠴᠠᠯ ᠵᠢᠴᠢ | ᠤᠯᠠᠨ ᠤᠯᠤᠰ ᠤᠨ ᠬᠤᠷᠠᠯ ᠦᠵᠡᠰᠭᠦᠯᠡᠩ ᠤᠨ ᠬᠤᠯᠪᠤᠭᠳᠠᠯ ᠪᠦᠬᠦᠢ ᠠᠵᠦ ᠦᠢᠯᠡᠰ ᠢ ᠭᠤᠤᠯᠳᠠᠯᠭ᠎ᠠ ᠲᠠᠢ ᠨᠡᠭᠡᠭᠡᠨ | ᠬᠦᠭᠵᠢᠭᠦᠯᠦᠨ᠎ᠡ᠃ ᠷᠠᠰᠢᠶᠠᠨ ᠬᠤᠲᠠ ᠪᠠᠷ ᠲᠦᠪ ᠪᠤᠯᠭᠠᠨ᠂ ᠦ᠋ ᠴᠠ ᠭᠧᠤ᠂ ᠲᠢᠶᠠᠨ ᠤᠤᠢ᠂ ᠪᠠᠢ ᠯᠠᠩ ᠪᠤᠯᠤᠨ | ᠮᠢᠩ ᠱᠦᠢ ᠵᠡᠷᠭᠡ ᠬᠤᠲᠠ ᠪᠠᠯᠭᠠᠰᠦ ᠶᠢ ᠪᠦᠷᠬᠦᠭᠦᠯᠵᠦ᠂ ᠷᠠᠰᠢᠶᠠᠨ ᠤ ᠠᠮᠢ ᠠᠬᠤᠢ ᠶᠢᠨ ᠵᠤᠭᠠᠴᠠᠯ ᠤᠨ ᠠᠵᠦ | ᠠᠬᠤᠢ ᠶᠢᠨ ᠵᠢᠱᠢᠶ᠎ᠡ ᠦᠵᠡᠭᠦᠯᠬᠦ ᠲᠤᠭᠤᠷᠢᠭ ᠢ ᠪᠠᠶᠢᠭᠤᠯᠤᠨ᠎ᠠ᠃ ᠡᠭᠦᠨ ᠤ ᠬᠠᠮᠲᠦ ᠤᠯᠠᠭᠠᠨᠬᠤᠲᠠ ᠶᠢᠨ | ᠬᠤᠪᠢᠰᠬᠠᠯ ᠤᠨ ᠤᠯᠠᠮᠵᠢᠯᠠᠯ ᠤᠨ ᠰᠤᠶᠤᠯ ᠤᠨ ᠵᠤᠭᠠᠴᠠᠯ ᠪᠤᠯᠤᠨ ᠡᠯ᠎ᠡ ᠬᠤᠰᠢᠭᠤ ᠰᠢᠶᠠᠨ ᠤ ᠠᠰ ᠠᠰ ᠤᠨ | ᠤᠨᠴᠠᠯᠢᠭ ᠲᠠᠢ ᠵᠤᠭᠠᠴᠠᠯ ᠤᠨ ᠲᠦᠷᠦᠯ ᠲᠡᠮᠳᠡᠭ ᠢ ᠪᠠᠶᠢᠭᠤᠯᠵᠦ᠂ ᠵᠤᠭᠠᠴᠠᠯ ᠤᠨ ᠠᠵᠦ ᠦᠢᠯᠡᠰ ᠢ | ᠪᠤᠵᠠᠭᠠᠢᠢᠷᠠᠭᠤᠯᠵᠦ ᠬᠦᠴᠦᠷᠬᠡᠭᠵᠢᠭᠦᠯᠦᠨ᠎ᠡ᠃ | ᠲᠠᠪᠤᠳᠤᠭᠠᠷ ᠪᠦᠯᠦᠭ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠲᠠ ᠶᠢ ᠠᠬᠢᠭᠤᠯᠤᠨ᠎ᠠ | ᠨᠢᠭᠡᠳᠦᠭᠡᠷ ᠬᠡᠰᠡᠭ ᠲᠠᠷᠢᠶᠠᠯᠠᠩ ᠮᠠᠯ ᠠᠵᠦ ᠠᠬᠤᠢ ᠶᠢᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ | ᠲᠡᠭᠡᠭᠰᠢᠯᠡᠭᠦᠯᠤᠨ᠎ᠡ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠲᠤᠭᠲᠠᠪᠤᠷᠢᠵᠢᠭᠤᠯᠤᠨ᠎ᠠ᠃ ᠠᠮᠤ | ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢᠳᠤ ᠤᠷᠤᠨ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠤᠷᠢᠯᠡᠯ ᠤᠨ ᠬᠠᠮᠠᠭᠠᠯᠠᠯᠲᠠ ᠶᠢᠨ ᠤᠷᠤᠨ ᠢ ᠪᠠᠶᠢᠭᠤᠯᠬᠤ ᠶᠠᠪᠤᠳᠠᠯ ᠢ ᠬᠠᠶᠢᠨ ᠰᠦᠪᠡᠭᠴᠢᠯᠡᠵᠤ᠂ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠤᠨ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠤᠰᠤ ᠠᠷᠪᠢᠯᠠᠨ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯᠯᠠᠭ᠎ᠠ᠂ ᠤᠯᠤᠰ ᠤᠨ ᠮᠢᠩᠭᠠᠨ ᠳ᠋ᠦᠩᠰᠢᠭᠤᠷ ᠵᠢᠩ ᠠᠮᠤ | ᠪᠤᠳᠠᠭ᠎ᠠ ᠦᠢᠯᠡᠳᠪᠤᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ | ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ︔ ᠵᠠᠭᠤᠨ ᠲᠦᠮᠡᠨ ᠮᠥ ᠤᠰᠤᠨ ᠲᠤᠲᠤᠷᠭ᠎ᠠ᠂ | ᠵᠠᠭᠤᠨ ᠲᠦᠮᠡᠨ ᠮᠥ ᠰᠢᠬᠢᠷ ᠯᠤᠤᠪᠠᠩ ᠵᠡᠷᠭᠡ ᠦᠢᠯᠡᠳᠪᠤᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠲᠦᠷᠭᠡᠨ ᠠᠬᠢᠭᠤᠯᠤᠨ᠎ᠠ︔ ᠲᠤᠮᠳᠠ ᠲᠤᠤᠷ᠎ᠠ ᠤᠨᠠᠯᠲᠠᠲᠦ ᠲᠠᠷᠢᠶ᠎ᠠ ᠶᠢ ᠬᠠᠯᠠᠨ ᠰᠠᠶᠢᠵᠢᠷᠠᠭᠤᠯᠬᠤ ᠪᠠ | ᠦᠨᠳᠦᠷ ᠪᠠᠷᠢᠮᠵᠢᠶᠠᠲᠦ ᠲᠠᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠪᠦᠲᠦᠮᠵᠢ | ᠰᠠᠶᠢᠲᠠᠢ ᠤᠰᠤ ᠠᠷᠪᠢᠯᠠᠬᠤ ᠦᠭᠡᠷᠡᠴᠢᠯᠡᠯᠲᠡ ᠶᠢ ᠴᠢᠷᠮᠠᠶᠢᠨ ᠠᠬᠢᠭᠤᠯᠵᠦ᠂ ᠤᠰᠤᠨ ᠳᠤ ᠠᠷᠪᠢᠲᠠᠢ ᠲᠠᠷᠢᠶᠠᠯᠠᠩ ᠢ | ᠬᠦᠭᠵᠢᠬᠦᠯᠦᠨ᠎ᠡ︔ ᠲᠦᠬᠦᠭᠡᠷᠦᠮᠵᠢᠲᠦ ᠲᠠᠷᠢᠶᠠᠯᠠᠩ ᠢ ᠲᠦᠷᠭᠡᠨ ᠬᠦᠭᠵᠢᠬᠦᠯᠵᠦ᠂ ᠲᠦᠪᠯᠡᠷᠡᠭᠦᠯᠦᠨ | ᠵᠠᠯᠭᠠᠯᠳᠤᠭᠤᠯᠬᠤ ᠲᠠᠯᠠᠪᠠᠢ ᠶᠢ ᠦᠷᠭᠡᠳᠭᠡᠨ᠎ᠡ︔ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡᠴᠢᠯᠡᠯᠲᠡ ᠶᠢ ᠴᠢᠩᠭᠠᠳᠬᠠᠵᠦ᠂ ᠪᠤᠬᠢᠷᠳᠤᠯ ᠦᠭᠡᠢ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢ ᠶᠡᠬᠡᠪᠡᠷ | ᠲᠡᠯᠭᠡᠷᠡᠭᠦᠯᠦᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠠᠮᠤ ᠪᠤᠳᠠᠭ᠎ᠠ ᠲᠠᠷᠢᠬᠤ | ᠲᠠᠯᠠᠪᠠᠢ ᠶᠢ ᠲᠤᠭᠲᠠᠪᠤᠷᠢᠵᠢᠭᠤᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 100 ᠳ᠋ᠦᠩᠰᠢᠭᠤᠷ ᠵᠢᠩ ᠠᠴᠠ | ᠲᠡᠭᠡᠭᠰᠢ ᠬᠡᠮᠵᠢᠶᠡᠨ ᠳᠤ ᠲᠤᠭᠲᠠᠪᠤᠷᠢᠵᠢᠭᠤᠯᠤᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠢᠨᠵᠧᠨᠧᠷᠢᠩ ᠢ | ᠬᠡᠷᠡᠭᠵᠢᠬᠦᠯᠬᠦ ᠶᠢ ᠠᠬᠢᠭᠤᠯᠵᠦ᠂ ᠤᠳᠤ ᠦᠶ᠎ᠡ ᠶᠢᠨ ᠲᠠᠷᠢᠶᠠᠯᠠᠩ ᠤᠨ ᠮᠠᠰᠢᠨ ᠢ ᠲᠦᠭᠡᠮᠡᠯᠵᠢᠬᠦᠯᠬᠦ ᠪᠠ ᠲᠡᠯᠭᠡᠷᠡᠭᠦᠯᠬᠦ | ᠠᠵᠢᠯ ᠢ ᠴᠢᠩᠭᠠᠳᠬᠠᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠤᠯᠠᠮ | ᠲᠤᠭᠲᠠᠪᠤᠷᠢᠵᠢᠭᠤᠯᠤᠨ ᠲᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠦᠬᠦᠪᠤᠷᠢ | ᠦᠭᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠬᠦᠯᠦᠨ᠎ᠡ᠃ 2020 ᠤᠨ ᠪᠤᠯᠬᠤ ᠳᠤ ᠲᠠᠷᠢᠶᠠᠯᠠᠩ ᠤᠨ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠲᠦᠪᠰᠢᠨ ᠢ 80% ᠠᠴᠠ ᠲᠡᠭᠡᠭᠰᠢ ᠳᠤ ᠬᠦᠷᠭᠡᠨ᠎ᠡ᠃ | ᠤᠳᠤ ᠦᠶ᠎ᠡ ᠶᠢᠨ ᠮᠠᠯ ᠠᠵᠦ ᠠᠬᠤᠢ ᠶᠢ ᠲᠦᠷᠭᠡᠨ ᠬᠦᠭᠵᠢᠬᠦᠯᠦᠨ᠎ᠡ᠃ ᠮᠠᠯ ᠤᠨ ᠠᠰᠢᠭ ᠰᠢᠮ᠎ᠡ ᠶᠢᠨ | ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠲᠤᠭᠲᠠᠪᠤᠷᠢᠵᠢᠭᠤᠯᠵᠤ ᠲᠡᠭᠡᠭᠰᠢᠯᠡᠭᠦᠯᠬᠦ ᠪᠠᠷ ᠭᠤᠤᠯ ᠪᠤᠯᠭᠠᠵᠦ | ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ ᠪᠠᠷᠢᠮᠵᠢᠶᠠᠵᠢᠭᠰᠠᠨ ᠬᠡᠪᠴᠢᠶᠡᠵᠢᠯ ᠲᠠᠢ ᠲᠡᠵᠢᠭᠡᠵᠦ ᠦᠷᠡᠵᠢᠬᠦᠯᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠤᠯᠭᠠᠵᠦ᠂ ᠲᠠᠷᠢᠶᠠᠯᠠᠩ ᠮᠠᠯ ᠠᠵᠦ ᠠᠬᠤᠢ ᠶᠢᠨ | ᠤᠶᠠᠯᠳᠤᠯ ᠤᠨ ᠬᠤᠶᠠᠷ ᠲᠠᠪᠠᠭᠤᠯᠢᠭ ᠢ ᠪᠠᠳᠠᠷᠠᠭᠤᠯᠵᠦ᠂ ᠪᠡᠯᠴᠢᠭᠡᠷ ᠤᠨ ᠮᠠᠯ ᠠᠵᠦ ᠠᠬᠤᠢ ᠪᠤᠯᠤᠨ ᠲᠠᠷᠢᠶᠠᠯᠠᠬᠤ | ᠤᠷᠤᠨ ᠤ ᠮᠠᠯ ᠠᠵᠦ ᠠᠬᠤᠢ ᠶᠢ ᠰᠢᠯᠢᠳᠡᠭᠵᠢᠬᠦᠯᠵᠦ ᠬᠦᠴᠦᠷᠬᠡᠭᠵᠢᠬᠦᠯᠦᠨ᠎ᠡ᠃ ᠵᠠᠭᠤᠨ ᠲᠦᠮᠡᠨ ᠠᠯᠠᠰᠢᠨ ᠦᠭᠡᠷ᠂ | ᠮᠢᠩᠭᠠᠨ ᠲᠦᠮᠡᠨ ᠠᠯᠠᠰᠢᠨ ᠬᠤᠨᠢ ᠮᠠᠯᠵᠢᠵᠦ ᠦᠷᠡᠵᠢᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ | ᠲᠠᠷᠢᠵᠦ ᠲᠡᠵᠢᠭᠡᠬᠦ ᠶᠢ ᠤᠶᠠᠯᠳᠤᠭᠤᠯᠤᠭᠰᠠᠨ ᠨᠡᠶᠢᠲᠡᠯᠢᠭ ᠮᠠᠯ ᠠᠵᠦ ᠠᠬᠤᠢ ᠶᠢᠨ ᠲᠡᠵᠢᠭᠡᠵᠦ ᠦᠷᠡᠵᠢᠬᠦᠯᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠡᠪᠡᠰᠦᠨ ᠤ ᠠᠵᠦ ᠦᠢᠯᠡᠰ ᠢ ᠲᠦᠷᠭᠡᠨ ᠬᠦᠭᠵᠢᠬᠦᠯᠵᠦ᠂ | ᠨᠤᠭᠤᠭᠠᠨ ᠢᠶᠠᠷ ᠲᠠᠷᠤᠰᠢᠭᠤᠯᠬᠤ ᠡᠷᠳᠡᠨᠢ ᠰᠢᠰᠢ ᠪᠤᠯᠤᠨ ᠪᠤᠷᠤ ᠬᠤᠰᠢᠶᠠᠩᠭᠤᠷ ᠵᠡᠷᠭᠡ ᠡᠪᠡᠰᠦ ᠪᠤᠷᠲᠤᠭ᠎ᠠ | ᠲᠠᠷᠢᠬᠤ ᠶᠢ ᠲᠡᠮᠵᠢᠨ᠎ᠡ᠃ ᠲᠠᠷᠢᠶᠠᠨ ᠡᠰᠢ ᠰᠦᠷᠡᠯ ᠢ ᠲᠡᠵᠢᠭᠡᠯ ᠡᠪᠡᠰᠦ ᠪᠤᠯᠭᠠᠬᠤ᠂ ᠪᠤᠷᠳᠤᠭᠤᠷ ᠪᠤᠯᠭᠠᠬᠤ ᠠᠵᠦ | ᠦᠢᠯᠡᠰ ᠤᠨ ᠬᠦᠭᠵᠢᠯᠲᠡ ᠶᠢ ᠲᠡᠮᠵᠢᠨ ᠲᠡᠳᠭᠦᠨ᠎ᠡ᠃ ᠮᠠᠯ ᠤᠨ ᠡᠭᠦᠯᠳᠡᠷ ᠢ ᠰᠠᠶᠢᠵᠢᠷᠠᠭᠤᠯᠬᠤ ᠪᠠ ᠰᠠᠶᠢᠨ | ᠡᠭᠦᠯᠳᠡᠷ ᠤᠨ ᠮᠠᠯ ᠢ ᠬᠠᠮᠠᠭᠠᠯᠠᠬᠤ ᠠᠵᠢᠯ ᠢ ᠴᠢᠩᠭᠠᠳᠬᠠᠵᠦ᠂ ᠲᠠᠷᠢᠶᠠᠯᠠᠬᠤ ᠤᠷᠤᠨ ᠤ ᠮᠠᠯ ᠠᠵᠦ ᠠᠬᠤᠢ ᠶᠢᠨ | ᠬᠤᠪᠢ ᠶᠢᠨ ᠵᠢᠩ ᠢ ᠬᠦᠴᠦᠯᠡᠨ ᠨᠡᠮᠡᠭᠳᠡᠭᠦᠯᠦᠨ᠎ᠡ᠃ ᠤᠯᠠᠮᠵᠢᠯᠠᠯᠲᠦ ᠮᠠᠯ ᠠᠵᠦ ᠠᠬᠤᠢ ᠶᠢᠨ ᠬᠦᠭᠵᠢᠯᠲᠡ ᠶᠢᠨ | ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠭᠡᠨ ᠠᠬᠢᠭᠤᠯᠵᠦ᠂ ᠪᠡᠯᠴᠢᠭᠡᠵᠦ ᠮᠠᠯᠵᠢᠵᠦ | ᠪᠠᠶᠢᠭᠰᠠᠨ ᠠᠴᠠ ᠪᠠᠨ ᠪᠦᠲᠦᠭᠡᠨ ᠪᠠᠶᠢᠭᠤᠯᠤᠯᠲᠠ ᠬᠢᠵᠦ ᠮᠠᠯᠵᠢᠬᠤ᠂ ᠲᠠᠷᠠᠬᠠᠢ ᠪᠤᠲᠠᠷᠬᠠᠢ ᠡᠵᠡᠩᠨᠡᠵᠦ | ᠪᠠᠶᠢᠬᠰᠠᠨ ᠠᠴᠠ ᠪᠠᠨ ᠵᠤᠬᠢᠬᠤ ᠬᠡᠪᠴᠢᠶᠡᠲᠦ ᠡᠵᠡᠩᠨᠡᠯᠲᠡ ᠬᠢᠬᠦ᠂ ᠲᠤᠭ᠎ᠠ ᠲᠤᠯᠤᠭᠠᠢ ᠶᠢ ᠨᠡᠮᠡᠭᠳᠡᠬᠦᠯᠵᠦ | ᠪᠠᠶᠢᠭᠰᠠᠨ ᠠᠴᠠ ᠪᠠᠨ ᠶᠠᠰᠦ ᠴᠢᠨᠠᠷ ᠦᠷ᠎ᠡ ᠠᠰᠢᠭ ᠢ ᠨᠡᠮᠡᠭᠳᠡᠭᠦᠯᠬᠦ ᠪᠤᠯᠭᠠᠨ ᠬᠤᠪᠢᠷᠠᠭᠤᠯᠤᠨ᠎ᠠ᠃ ᠮᠠᠯ | ᠰᠦᠷᠦᠭ ᠤᠨ ᠡᠭᠦᠯᠳᠡᠷ ᠤᠨ ᠭᠠᠵᠠᠷ ᠤᠷᠤᠨ ᠳᠠᠬᠢ ᠪᠠᠶᠢᠷᠢᠰᠢᠭᠤᠯᠤᠯᠲᠠ ᠶᠢ ᠰᠢᠯᠢᠳᠡᠭᠵᠢᠬᠦᠯᠵᠦ᠂ ᠪᠤᠬᠢᠷᠳᠤᠯ ᠦᠭᠡᠢ | ᠬᠢᠩᠭᠠᠨ ᠢᠶᠠᠷ ᠭᠤᠤᠯᠳᠠᠭᠤᠯᠤᠨ᠂ ᠲᠠᠪᠠᠭᠤᠯᠢᠬᠲᠦ ᠮᠠᠯ ᠤᠨ ᠠᠰᠢᠭ ᠰᠢᠮ᠎ᠡ ᠶᠢᠨ ᠦᠢᠯᠡᠳᠪᠤᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠮᠠᠯ ᠠᠵᠦ ᠠᠬᠤᠢ ᠶᠢᠨ ᠦᠷ᠎ᠡ ᠠᠰᠢᠭ ᠢ ᠨᠡᠮᠡᠭᠳᠡᠬᠦᠯᠦᠨ᠎ᠡ | ᠃ 2020 ᠤᠨ ᠪᠤᠯᠬᠤ ᠳᠤ᠂ ᠮᠠᠯ ᠠᠵᠦ ᠠᠬᠤᠢ ᠶᠢᠨ ᠤᠨ ᠤ ᠮᠠᠯ ᠤᠨ ᠲᠤᠭ᠎ᠠ ᠶᠢ 1500 ᠲᠦᠮᠡ ᠳᠤ | ᠬᠦᠷᠦᠭᠦᠯᠦᠨ᠎ᠡ᠃ | | ᠬᠢᠩᠭᠠᠨ ᠠᠶᠢᠮᠠᠭ ᠤᠨ ᠤᠯᠤᠰ ᠠᠷᠠᠳ ᠤᠨ ᠠᠵᠥ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ | ᠭᠤᠷᠪᠠᠳᠤᠭᠠᠷ ᠲᠠᠪᠤᠨ ᠵᠢᠯ ᠤᠨ ᠲᠦᠯᠥᠪᠵᠢᠬᠦᠯᠬᠡ ᠶᠢᠨ ᠬᠦᠳᠦᠯᠪᠤᠷᠢ | ᠬᠤᠶᠠᠳᠤᠭᠠᠷ ᠬᠡᠰᠡᠭ ᠲᠠᠷᠢᠶᠠᠯᠠᠩ ᠮᠠᠯ ᠠᠵᠦ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢ | ᠠᠬᠢᠭᠤᠯᠤᠨ᠎ᠠ | ᠲᠠᠷᠢᠶᠠᠯᠠᠩ ᠮᠠᠯ ᠠᠵᠦ ᠠᠬᠤᠢ ᠶᠢᠨ ᠪᠦᠲᠦᠴᠡ ᠶᠢ ᠢᠲᠡᠪᠬᠢᠲᠠᠢ ᠲᠤᠬᠢᠷᠠᠭᠤᠯᠵᠦ ᠰᠢᠯᠢᠳᠡᠭᠵᠢᠬᠦᠯᠦᠨ᠎ᠡ᠃ ᠵᠠᠬ᠎ᠠ | ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠪᠤᠯᠤᠨ ᠡᠬᠢ ᠪᠠᠶᠠᠯᠢᠭ ᠤᠨ ᠲᠦᠷᠦᠯᠬᠢ ᠶᠢᠨ | ᠤᠨᠴᠠᠯᠢᠭ ᠢ ᠦᠨᠳᠦᠰᠦᠯᠡᠨ᠂ ︽ᠠᠮᠤ ᠪᠤᠳᠠᠭ᠎ᠠ ᠶᠢ ᠲᠡᠵᠢᠭᠡᠯ ᠪᠤᠷᠳᠤᠭ᠎ᠠ ᠪᠤᠯᠭᠠᠨ ᠬᠤᠪᠢᠷᠠᠭᠤᠯᠬᠤ︾ ᠪᠠ ︽ | ᠬᠤᠨᠢ ᠶᠢ ᠲᠤᠭᠲᠠᠪᠤᠷᠢᠵᠢᠭᠤᠯᠵᠦ ᠦᠭᠡᠷ ᠢ ᠦᠰᠭᠡᠬᠦ︾ ᠬᠦᠭᠵᠢᠯᠲᠡ ᠶᠢᠨ ᠲᠦᠯᠦᠪᠵᠢᠬᠦᠯᠭᠡ ᠶᠢ ᠬᠦᠴᠦᠯᠡᠨ | ᠬᠡᠷᠡᠭᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ︽ᠨᠢᠭᠡ ᠵᠦᠢᠯ ᠤᠨ ᠠᠮᠤ ᠪᠤᠳᠠᠭ᠎ᠠ ᠶᠢ ᠯᠡ ᠶᠡᠭᠡ ᠲᠠᠷᠢᠵᠦ︾ | ᠂ ︽ᠨᠢᠭᠡ ᠲᠦᠷᠦᠯ ᠤᠨ ᠮᠠᠯ ᠢ ᠯᠠ ᠶᠡᠭᠡ ᠮᠠᠯᠵᠢᠵᠦ︾ ᠪᠠᠶᠢᠳᠠᠭ ᠲᠠᠩ ᠭᠠᠭᠴᠠ ᠲᠠᠷᠢᠵᠦ ᠮᠠᠯᠵᠢᠬᠤ | ᠪᠦᠲᠦᠴᠡ ᠶᠢ ᠬᠤᠪᠢᠷᠠᠭᠤᠯᠤᠨ᠎ᠠ᠃ ᠤᠨᠠᠯᠲᠠ ᠶᠡᠬᠡᠲᠠᠢ᠂ ᠴᠢᠨᠠᠷ ᠰᠠᠶᠢᠲᠠᠢ᠂ ᠦᠷ᠎ᠡ ᠪᠦᠲᠦᠮᠵᠢ ᠰᠠᠶᠢᠲᠠᠢ᠂ ᠠᠮᠢ | ᠠᠬᠤᠢ ᠳᠤ ᠠᠰᠢᠬᠲᠠᠢ᠂ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠤᠰᠤᠭᠠᠷ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠭᠠᠵᠠᠷ ᠤᠷᠤᠨ ᠳᠠᠬᠢ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠲᠤᠭᠲᠠᠭᠠᠵᠦ᠂ ᠲᠠᠷᠢᠬᠤ ᠮᠠᠯᠵᠢᠬᠤ ᠶᠢᠨ ᠪᠦᠲᠦᠴᠡ᠂ ᠪᠦᠲᠦᠭᠡᠭᠳᠡᠬᠦᠨ ᠤ ᠪᠦᠲᠦᠴᠡ᠂ ᠭᠠᠵᠠᠷ ᠤᠷᠤᠨ ᠳᠠᠬᠢ | ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠤᠨ᠎ᠠ᠃ 2020 ᠤᠨ ᠪᠤᠯᠬᠤ ᠳᠤ᠂ ᠮᠠᠯ ᠠᠵᠦ ᠠᠬᠤᠢ ᠶᠢᠨ | ᠠᠰᠢᠭ ᠰᠢᠮ᠎ᠡ ᠶᠢᠨ ᠦᠷᠲᠡᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠷᠲᠡᠭ ᠲᠠᠬᠢ | ᠬᠤᠪᠢ ᠶᠢᠨ ᠵᠢᠩ ᠢ 50% ᠠᠴᠠ ᠲᠡᠭᠡᠭᠰᠢ ᠳᠤ ᠬᠦᠷᠭᠡᠨ᠎ᠡ᠃ | ᠲᠠᠷᠢᠮᠠᠯ ᠤᠨ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠦᠨ᠎ᠡ᠃ | ᠪᠤᠬᠢᠷᠳᠤᠯ ᠦᠭᠡᠢ᠂ ᠤᠷᠭᠠᠨᠢᠭ ᠲᠠᠷᠢᠶᠠᠯᠠᠩ ᠢ ᠶᠡᠬᠡᠪᠡᠷ ᠬᠦᠭᠵᠢᠬᠦᠯᠵᠦ᠂ ᠴᠢᠨᠠᠷ ᠰᠠᠶᠢᠲᠠᠢ᠂ ᠦᠷ᠎ᠡ ᠪᠦᠲᠦᠮᠵᠢ | ᠰᠠᠶᠢᠲᠠᠢ ᠲᠠᠷᠢᠮᠠᠯ ᠤᠨ ᠵᠦᠢᠯ ᠢ ᠢᠲᠡᠪᠬᠢᠲᠠᠢ ᠲᠡᠯᠭᠡᠷᠡᠭᠦᠯᠵᠦ᠂ ᠴᠢᠨᠠᠷ ᠰᠠᠶᠢᠲᠠᠢ᠂ ᠤᠨᠠᠯᠲᠠ ᠶᠡᠬᠡᠲᠠᠢ᠂ ᠪᠦᠲᠦᠮᠵᠢ | ᠰᠠᠶᠢᠲᠠᠢ ᠲᠠᠷᠢᠮᠠᠯ ᠤᠨ ᠬᠤᠪᠢ ᠶᠢᠨ ᠵᠢᠩ ᠢ ᠴᠢᠷᠮᠠᠶᠢᠨ ᠨᠡᠮᠡᠭᠳᠡᠭᠦᠯᠵᠦ᠂ ᠲᠦᠮᠦᠰᠦ ᠶᠢ ᠭᠤᠤᠯ ᠢᠳᠡᠭᠡᠨ ᠪᠤᠯᠭᠠᠬᠤ | ᠠᠵᠢᠯ ᠢ ᠢᠲᠡᠪᠬᠢᠲᠠᠢ ᠠᠬᠢᠭᠤᠯᠤᠨ᠎ᠠ᠃ ᠠᠮᠤ ᠪᠤᠳᠠᠭ᠎ᠠ ᠶᠢᠨ ᠪᠤᠰᠤ ᠲᠠᠷᠢᠶᠠᠯᠠᠩ ᠪᠤᠯᠤᠨ ᠡᠨᠧᠷᠬᠢ ᠶᠢᠨ | ᠲᠠᠷᠢᠶᠠᠯᠠᠩ ᠢ ᠵᠤᠬᠢᠰᠲᠠᠢ ᠬᠦᠭᠵᠢᠭᠦᠯᠵᠦ᠂ ᠤᠷᠭᠠᠨᠢᠭ ᠤᠰᠤᠨ ᠲᠤᠲᠤᠷᠭ᠎ᠠ᠂ ᠰᠢᠬᠢᠷᠯᠢᠭ ᠡᠷᠲᠡᠨᠢ ᠰᠢᠰᠢ᠂ ᠰᠢᠬᠢᠷ | ᠯᠤᠤᠪᠠᠩ᠂ ᠡᠷᠡᠨᠳᠠ᠂ ᠯᠤᠬᠠᠱᠧᠩ᠂ ᠬᠢᠲᠠᠳ ᠡᠪᠡᠰᠤᠨ ᠡᠮ ᠵᠡᠷᠭᠡ ᠦᠷ᠎ᠡ ᠪᠦᠲᠦᠮᠵᠢ ᠰᠠᠶᠢᠲᠠᠢ ᠠᠵᠦ ᠠᠬᠤᠢ ᠶᠢᠨ | ᠲᠠᠷᠢᠮᠠᠯ ᠲᠠᠷᠢᠬᠤ ᠲᠠᠯᠠᠪᠠᠢ ᠶᠢ ᠦᠷᠭᠡᠳᠭᠡᠨ᠎ᠡ᠃ ᠠᠭᠤᠯᠠᠷᠬᠠᠭ ᠤᠷᠤᠨ ᠭᠠᠩᠳᠠᠮᠠᠯ ᠤᠷᠤᠨ ᠤ ᠤᠷᠭᠠᠨᠢᠭ ᠪᠤᠬᠢᠷᠳᠤᠯ | ᠦᠭᠡᠢ ᠲᠠᠷᠢᠶᠠᠯᠠᠩ ᠪᠤᠯᠤᠨ ᠲᠦᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠦᠭᠵᠢᠭᠦᠯᠵᠦ᠂ ᠲᠦᠬᠦᠭᠡᠷᠦᠮᠵᠢᠲᠦ | ᠨᠡᠶᠢᠲᠡ ᠳᠤ ᠬᠤᠤᠷ ᠬᠦᠨᠦᠭᠡᠯ ᠦᠭᠡᠢ ᠢᠳᠡᠰᠢᠨ ᠨᠤᠭᠤᠭ᠎ᠠ᠂ ᠭᠤᠸ᠎ᠠ ᠵᠢᠮᠢᠰ ᠲᠠᠷᠢᠬᠤ ᠵᠡᠷᠭᠡ ᠦᠪᠡᠷᠮᠢᠴᠡ | ᠤᠨᠴᠠᠯᠢᠬᠲᠦ ᠲᠠᠷᠢᠮᠠᠯ ᠤᠨ ᠦᠢᠯᠡᠰ ᠢ ᠭᠤᠤᠯᠳᠠᠯᠭ᠎ᠠ ᠲᠠᠢ ᠲᠡᠯᠭᠡᠷᠡᠭᠦᠯᠦᠨ᠎ᠡ᠃ 2020 ᠤᠨ ᠪᠤᠯᠬᠤ ᠳᠤ᠂ | ᠲᠦᠬᠦᠭᠡᠷᠦᠮᠵᠢᠲᠦ ᠲᠠᠷᠢᠶᠠᠯᠠᠩ ᠤᠨ ᠲᠠᠯᠠᠪᠠᠢ ᠶᠢ 20 ᠲᠦᠮᠡᠨ ᠮᠥ ᠠᠴᠠ ᠲᠡᠭᠡᠭᠰᠢ ᠳᠤ ᠬᠦᠷᠭᠡᠵᠤ᠂ ᠪᠦᠬᠦ | ᠠᠶᠢᠮᠠᠭ ᠤᠨ ᠥᠪᠡᠷᠮᠢᠴᠡ ᠤᠨᠴᠠᠯᠢᠬᠲᠦ ᠲᠠᠷᠢᠮᠠᠯ ᠤᠨ ᠲᠠᠯᠠᠪᠠᠢ ᠶᠢ 150 ᠲᠦᠮᠡᠨ ᠮᠥ ᠳᠤ ᠬᠦᠷᠭᠡᠨ᠎ᠡ ᠃ | ᠮᠠᠯ ᠠᠵᠦ ᠠᠬᠤᠢ ᠶᠢᠨ ᠦᠢᠯᠡᠳᠪᠤᠷᠢᠯᠡᠯ ᠤᠨ ᠠᠷᠭ᠎ᠠ ᠮᠠᠶ᠋ᠢᠭ ᠪᠤᠯᠤᠨ ᠪᠦᠲᠦᠴᠡ ᠶᠢ ᠲᠠᠰᠤᠷᠠᠯᠲᠠ ᠦᠭᠡᠢ | ᠲᠤᠬᠢᠷᠠᠭᠤᠯᠤᠨ ᠰᠢᠯᠢᠳᠡᠭᠵᠢᠭᠦᠯᠦᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠯ | ᠠᠵᠦ ᠠᠬᠤᠢ ᠶᠢᠨ ᠦᠢᠯᠡᠳᠪᠤᠷᠢᠯᠡᠯ ᠤᠨ ᠠᠷᠭ᠎ᠠ ᠮᠠᠶ᠋ᠢᠭ ᠢ ᠲᠦᠷᠭᠡᠨ ᠬᠤᠪᠢᠷᠠᠭᠤᠯᠵᠦ᠂ ᠬᠠᠰᠢᠶᠠᠯᠠᠨ ᠮᠠᠯᠵᠢᠬᠤ ᠮᠠᠯ | ᠠᠵᠦ ᠠᠬᠤᠢ ᠪᠤᠯᠤᠨ ᠲᠠᠷᠢᠶᠠᠯᠠᠬᠤ ᠤᠷᠤᠨ ᠤ ᠮᠠᠯ ᠠᠵᠦ ᠠᠬᠤᠢ ᠶᠢ ᠶᠡᠬᠡᠪᠡᠷ ᠬᠦᠭᠵᠢᠬᠦᠯᠵᠦ᠂ ᠮᠠᠯ ᠤᠨ ︽ | ᠡᠭᠦᠯᠳᠡᠷ︾ ᠤᠨ ᠢᠨᠵᠧᠨᠧᠷᠢᠩ ᠢ ᠰᠠᠶᠢᠲᠤᠷ ᠠᠳᠬᠤᠵᠦ᠂ ᠮᠠᠯ ᠰᠦᠷᠦᠭ ᠤᠨ ᠪᠦᠲᠦᠴᠡ ᠶᠢ ᠲᠤᠬᠢᠷᠠᠭᠤᠯᠤᠨ | ᠰᠢᠯᠢᠳᠡᠭᠵᠢᠭᠦᠯᠵᠦ᠂ ᠮᠠᠯ ᠤᠨ ᠡᠭᠦᠯᠳᠡᠷ ᠢ ᠰᠠᠶᠢᠵᠢᠷᠠᠭᠤᠯᠤᠭᠰᠠᠨ ᠨᠤᠷᠮ᠎ᠠ ᠶᠢ 95% ᠠᠴᠠ ᠲᠡᠭᠡᠭᠰᠢ ᠳᠤ | ᠬᠦᠷᠭᠡᠬᠦ ᠶᠢ ᠦᠨᠡᠨᠬᠦ ᠪᠠᠲᠤᠯᠠᠵᠦ᠂ ᠮᠢᠬᠠᠨ ᠤ ᠦᠭᠡᠷ᠂ ᠮᠢᠬᠠᠨ ᠤ ᠬᠤᠨᠢ᠂ ᠰᠠᠭᠠᠯᠢ ᠶᠢᠨ ᠦᠨᠢᠶ᠎ᠡ᠂ ᠭᠠᠭ᠋ᠠᠢ᠂ | ᠵᠢᠭᠦᠷᠲᠡᠨ ᠤ ᠲᠦᠷᠦᠯ ᠢ ᠬᠡᠪᠴᠢᠶᠡᠵᠢᠭᠦᠯᠦᠨ ᠮᠠᠯᠵᠢᠬᠤ ᠶᠢ ᠲᠤᠪᠤᠶᠢᠮ᠎ᠠ ᠬᠦᠭᠵᠢᠭᠦᠯᠵᠦ᠂ ᠮᠠᠯ ᠮᠠᠯᠵᠢᠭᠰᠠᠨ ᠲᠤᠮᠤ | ᠡᠷᠦᠬᠡ ᠶᠢ ᠪᠤᠶᠢᠵᠢᠭᠤᠯᠵᠦ᠂ ᠲᠤᠰᠬᠠᠢ ᠪᠠᠭ᠎ᠠ ᠲᠤᠭᠤᠷᠢᠭ ᠪᠠᠶᠢᠭᠤᠯᠵᠦ᠂ ᠬᠡᠪᠴᠢᠶᠡᠵᠢᠬᠦᠯᠦᠨ ᠮᠠᠯᠵᠢᠬᠤ ᠠᠵᠢᠯ ᠤᠨ | ᠬᠤᠪᠢ ᠶᠢᠨ ᠵᠢᠩ ᠢ 80 % ᠠᠴᠠ ᠲᠡᠭᠡᠭᠰᠢ ᠪᠤᠯᠲᠠᠯ᠎ᠠ ᠨᠡᠮᠡᠭᠳᠡᠭᠦᠯᠦᠨ᠎ᠡ᠃ | ᠭᠤᠷᠪᠠᠳᠤᠭᠠᠷ ᠬᠡᠰᠡᠭ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ | ᠪᠠᠶᠢᠭᠤᠯᠤᠨ᠎ᠠ | ᠲᠠᠷᠢᠶᠠᠯᠠᠬᠤ ᠮᠠᠯᠵᠢᠬᠤ ᠤᠷᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠷᠢᠮᠲᠠᠯᠠᠵᠦ᠂ ᠲᠠᠷᠢᠶᠠᠴᠢᠨ | ᠮᠠᠯᠴᠢᠨ ᠤ ᠭᠡᠷ ᠪᠦᠯᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠦ᠂ ᠭᠠᠵᠠᠷ | ᠰᠢᠷᠤᠢ ᠡᠪᠡᠰᠦ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠡᠷᠬᠢᠯᠳᠦᠭᠦᠯᠬᠦ ᠶᠢ ᠯᠠᠪᠳᠠᠭᠤᠨ | ᠪᠠᠲᠤᠲᠠᠢ ᠠᠬᠢᠭᠤᠯᠵᠦ᠂ ᠲᠠᠷᠢᠶᠠᠯᠠᠬᠤ ᠮᠠᠯᠵᠢᠬᠤ ᠤᠷᠤᠨ ᠤ ᠪᠤᠳᠠᠰ ᠤᠨ ᠡᠷᠬᠡ ᠶᠢ ᠮᠦᠩᠭᠦᠨ ᠬᠦᠢᠯᠭᠡᠭᠡ ᠪᠠᠷ | ᠲᠠᠭᠠᠭᠠᠵᠦ ᠪᠠᠲᠤᠯᠠᠬᠤ ᠰᠢᠰᠲ᠋ᠧᠮ ᠢ ᠲᠡᠭᠦᠯᠳᠡᠷᠵᠢᠬᠦᠯᠵᠦ᠂ ᠠᠮᠤ ᠪᠤᠳᠠᠭ᠎ᠠ ᠲᠠᠷᠢᠬᠤ ᠲᠤᠮᠤ ᠡᠷᠦᠬᠡ᠂ ᠭᠡᠷ | ᠪᠦᠯᠢ ᠶᠢᠨ ᠲᠠᠷᠢᠶᠠᠯᠠᠩ ᠮᠠᠯ ᠠᠵᠦ ᠠᠬᠤᠢ ᠶᠢᠨ ᠲᠠᠯᠠᠪᠠᠢ᠂ ᠲᠠᠷᠢᠶᠠᠴᠢᠨ ᠮᠠᠯᠴᠢᠨ ᠤ ᠬᠤᠷᠰᠢᠶ᠎ᠠ ᠵᠡᠷᠭᠡ ᠰᠢᠨ᠎ᠡ | ᠮᠠᠶ᠋ᠢᠭ ᠤᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠬᠦᠭᠵᠢᠬᠦᠯᠬᠦ ᠶᠢ | ᠵᠤᠷᠢᠬᠵᠢᠭᠤᠯᠤᠨ᠂ ᠤᠯᠠᠨ ᠵᠦᠢᠯ ᠤᠨ ᠬᠡᠯᠪᠡᠷᠢ ᠶᠢᠨ ᠬᠡᠪᠴᠢᠶᠡᠲᠦ ᠡᠵᠡᠩᠨᠡᠯᠲᠡ ᠶᠢ ᠬᠦᠭᠵᠢᠬᠦᠯᠦᠨ᠎ᠡ᠃ | ᠦᠢᠯᠡᠳᠪᠤᠷᠢ ᠬᠤᠳᠠᠯᠳᠤᠭᠠᠨ ᠤ ᠬᠦᠷᠦᠩᠭᠡ ᠶᠢ ᠲᠠᠷᠢᠶᠠᠯᠠᠬᠤ ᠮᠠᠯᠵᠢᠬᠤ ᠤᠷᠤᠨ ᠳᠤ ᠲᠠᠳᠠᠨ ᠠᠪᠠᠴᠢᠵᠦ ᠠᠵᠦ | ᠠᠬᠤᠶᠢᠯᠠᠯᠴᠢᠯᠠᠭᠰᠠᠨ ᠡᠵᠡᠩᠨᠡᠯᠲᠡ ᠬᠢᠬᠦ ᠳᠤ ᠲᠤᠬᠢᠷᠠᠮᠵᠢᠲᠠᠢ ᠤᠳᠤ ᠦᠶ᠎ᠡ ᠶᠢᠨ ᠲᠠᠷᠢᠮᠠᠯ ᠤᠨ ᠦᠢᠯᠡᠰ ᠢ | ᠬᠦᠭᠵᠢᠬᠦᠯᠬᠦ ᠶᠢ ᠵᠤᠷᠢᠬᠵᠢᠭᠤᠯᠵᠦ ᠬᠦᠲᠦᠯᠦᠨ ᠵᠢᠯᠤᠭᠤᠳᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠠᠵᠦ | ᠦᠢᠯᠡᠰᠴᠢᠯᠡᠭᠰᠡᠨ ᠡᠵᠡᠩᠨᠡᠯᠲᠡ ᠶᠢ ᠶᠡᠬᠡᠪᠡᠷ ᠠᠬᠢᠭᠤᠯᠵᠦ᠂ ᠲᠤᠯᠤᠭᠠᠶᠢᠯᠠᠭᠴᠢ ᠠᠵᠦ ᠠᠬᠤᠶᠢᠯᠠᠯ ᠢ ᠲᠡᠳᠭᠦᠨ | ᠲᠡᠮᠵᠢᠵᠦ ᠪᠤᠵᠠᠭᠠᠶᠢᠷᠠᠭᠤᠯᠤᠨ᠂ ᠨᠠᠷᠢᠯᠢᠭ ᠭᠦᠨ ᠡᠳ᠋ᠰᠢᠭᠦᠯᠬᠦ ᠠᠵᠦ ᠦᠢᠯᠡᠰ ᠤᠨ ᠬᠡᠯᠬᠢᠶᠡᠰᠦ ᠶᠢ ᠪᠠᠶᠢᠭᠤᠯᠵᠦ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠲᠦᠪᠰᠢᠨ ᠢ | ᠲᠡᠭᠡᠭᠰᠢᠯᠡᠭᠦᠯᠵᠦ ᠂ 2020 ᠤᠨ ᠪᠤᠯᠬᠤ ᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠭᠦᠯᠵᠦ ᠬᠤᠪᠢᠷᠠᠭᠤᠯᠤᠭᠰᠠᠨ ᠨᠤᠷᠮ᠎ᠠ ᠶᠢ 40% ᠠᠴᠠ ᠲᠡᠭᠡᠭᠰᠢ ᠳᠤ ᠬᠦᠷᠭᠡᠨ᠎ᠡ᠃ | ᠲᠦᠪᠡᠳᠦᠭᠡᠷ ᠬᠡᠰᠡᠭ ᠲᠠᠷᠢᠶᠠᠯᠠᠩ ᠮᠠᠯ ᠠᠵᠦ ᠠᠬᠤᠢ ᠶᠢᠨ ᠨᠡᠶᠢᠭᠡᠮᠴᠢᠯᠡᠭᠰᠡᠨ ᠪᠠᠲᠤᠯᠠᠪᠤᠷᠢ ᠶᠢᠨ ᠠᠷᠭ᠎ᠠ | ᠬᠡᠮᠵᠢᠶ᠎ᠡ ᠶᠢ ᠴᠢᠩᠭᠠᠳᠬᠠᠨ᠎ᠠ | ᠥᠪᠡᠷᠮᠢᠴᠡ ᠤᠨᠴᠠᠯᠢᠬᠲᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠵᠡᠩᠨᠡᠯᠲᠡ | ᠪᠤᠷᠤᠯᠠᠭᠤᠯᠭ᠎ᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠵᠡᠩᠨᠡᠯᠲᠡ ᠪᠤᠷᠤᠯᠠᠭᠤᠯᠭ᠎ᠠ ᠶᠢᠨ | ᠤᠯᠠᠮᠵᠢᠯᠠᠯᠲᠦ ᠠᠷᠭ᠎ᠠ ᠵᠠᠮ ᠤᠨ ᠰᠠᠭᠤᠷᠢᠨ ᠳᠤ᠂ ︽ ᠡᠯᠧᠺᠲᠷᠣᠨ ᠬᠤᠳᠠᠯᠳᠤᠭᠠᠨ ᠤ ᠲᠠᠪᠴᠠᠩ + ᠰᠢᠭᠤᠳ | ᠪᠤᠷᠤᠯᠠᠭᠤᠯᠬᠤ ᠲᠦᠪ + ᠵᠢᠵᠢᠭᠯᠡᠨ ᠬᠤᠳᠠᠯᠳᠤᠬᠤ ᠦᠢᠯᠡᠭᠠᠯᠲᠠ︾ ᠶᠢ ᠨᠢᠭᠡ ᠴᠤᠭᠴᠠ ᠪᠤᠯᠭᠠᠭᠰᠠᠨ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠤᠷᠳᠠᠯ ᠤᠬᠠᠭᠤᠯᠭ᠎ᠠ᠂ ᠲᠡᠯᠭᠡᠨ ᠦᠵᠡᠭᠦᠯᠬᠦ᠂ | ᠡᠵᠡᠩᠨᠡᠯᠲᠡ ᠪᠤᠷᠤᠯᠠᠭᠤᠯᠭ᠎ᠠ ᠶᠢᠨ ᠲᠠᠪᠴᠠᠩ ᠢ ᠪᠠᠶᠢᠭᠤᠯᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠬᠦᠮᠦᠷᠭᠡᠯᠡᠬᠦ ᠡᠳ᠋ ᠪᠠᠷᠠᠭᠠᠨ ᠤ ᠭᠦᠢᠯᠭᠡᠭᠡᠨ ᠤ ᠲᠦᠬᠦᠭᠡᠷᠦᠮᠵᠢ ᠶᠢᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ | ᠨᠢᠷᠤᠭᠤᠪᠴᠢ ᠰᠦᠯᠵᠢᠶ᠎ᠡ ᠶᠢ ᠲᠦᠷᠭᠡᠨ ᠪᠠᠶᠢᠭᠤᠯᠵᠦ᠂ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠭ | ᠰᠢᠮ᠎ᠡ ᠶᠢ ᠴᠤᠭᠯᠠᠭᠤᠯᠵᠦ ᠲᠠᠷᠠᠭᠠᠬᠤ ᠭᠠᠵᠠᠷ ᠪᠤᠯᠤᠨ ᠠᠷᠠᠯᠵᠢᠶᠠᠨ ᠤ ᠵᠠᠬ᠎ᠠ ᠳᠡᠯᠭᠡᠭᠦᠷ ᠢ ᠲᠡᠭᠦᠯᠳᠡᠷᠵᠢᠭᠦᠯᠦᠨ᠎ᠡ᠃ | ᠤᠤᠯ ᠭᠠᠷᠤᠯᠳᠠ ᠶᠢᠨ ᠭᠠᠵᠠᠷ ᠪᠤᠯᠤᠨ ᠪᠦᠳᠦᠭᠡᠭᠳᠡᠬᠦᠨ ᠤ ᠪᠡᠯᠭᠡ ᠲᠡᠮᠳᠡᠭ ᠪᠤᠯᠤᠭᠰᠠᠨ ᠪᠦᠲᠦᠭᠡᠭᠳᠡᠬᠦᠨ ᠢ | ᠬᠠᠮᠠᠭᠠᠯᠠᠬᠤ ᠠᠵᠢᠯ ᠢ ᠴᠢᠩᠭᠠᠳᠬᠠᠵᠦ᠂ ᠨᠢᠭᠡ ᠪᠦᠯᠦᠭ ᠤᠷᠭᠠᠨᠢᠭ᠂ ᠪᠤᠬᠢᠷᠳᠤᠯ ᠦᠭᠡᠢ᠂ ᠨᠡᠶᠢᠲᠡ ᠳᠤ ᠬᠤᠤᠷ | ᠬᠦᠨᠦᠭᠡᠯ ᠦᠭᠡᠢ ᠪᠦᠲᠦᠭᠡᠭᠳᠡᠬᠦᠨ ᠢ ᠬᠡᠷᠡᠴᠢᠯᠡᠬᠦ ᠶᠢ ᠠᠬᠢᠭᠤᠯᠤᠨ᠂ ᠢᠳᠡᠭᠡᠨ ᠤ ᠤᠤᠯ ᠭᠠᠷᠤᠯᠳᠠ ᠶᠢᠨ ᠭᠠᠵᠠᠷ ᠢ | ᠮᠦᠷᠳᠡᠵᠦ ᠪᠤᠯᠬᠤ ᠲᠦᠷᠢᠮ ᠪᠤᠯᠤᠨ ᠶᠠᠰᠦ ᠴᠢᠨᠠᠷ ᠤᠨ ᠲᠡᠮᠳᠡᠭ ᠤᠨ ᠲᠦᠷᠢᠮ ᠢ ᠲᠤᠭᠲᠠᠭᠠᠵᠦ᠂ ᠪᠤᠬᠢᠷᠳᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠦᠷᠢᠰᠦᠯᠳᠦᠬᠦ ᠴᠢᠳᠠᠪᠤᠷᠢ ᠶᠢ | ᠲᠡᠭᠡᠭᠰᠢᠯᠡᠭᠦᠯᠦᠨ᠎ᠡ᠃ ᠤᠰᠤᠨ ᠲᠤᠲᠤᠷᠭ᠎ᠠ᠂ ᠡᠷᠳᠡᠨᠢ ᠰᠢᠰᠢ᠂ ᠪᠤᠷᠴᠠᠭ᠂ ᠲᠦᠮᠦᠰᠦ ᠵᠡᠷᠭᠡ ᠶᠡᠭᠡ ᠬᠡᠮᠵᠢᠶᠡᠨ ᠤ | ᠲᠠᠷᠢᠮᠠᠯ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠠᠵᠢᠯ ᠢ ᠰᠠᠶᠢᠲᠤᠷ ᠬᠢᠵᠦ᠂ ᠮᠠᠨ ᠤ | ᠠᠶᠢᠮᠠᠬ ᠤᠨ ᠪᠤᠳᠠᠲᠦ ᠪᠠᠶᠢᠳᠠᠯ ᠳᠤ ᠨᠡᠶᠢᠴᠡᠭᠰᠡᠨ ᠲᠦᠬᠦᠭᠡᠷᠦᠮᠵᠢᠲᠦ ᠲᠠᠷᠢᠶᠠᠯᠠᠩ ᠮᠠᠯ ᠠᠵᠦ ᠠᠬᠤᠢ᠂ ᠰᠠᠭᠤᠷᠢ | ᠡᠮ᠎ᠡ ᠬᠤᠨᠢ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠦ ᠠᠬᠤᠢ ᠶᠢᠨ ᠪᠠᠲᠤᠯᠠᠭᠠᠲᠦ ᠪᠦᠲᠦᠭᠡᠭᠳᠡᠬᠦᠨ ᠢ | ᠢᠲᠡᠪᠬᠢᠲᠠᠢ ᠬᠠᠶᠢᠨ ᠰᠦᠪᠡᠭᠴᠢᠯᠡᠨ᠎ᠡ᠃ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠲᠦᠴᠢᠤᠸᠠᠨ ᠰᠢᠶᠠᠨ ᠢᠶᠠᠷ ᠭᠤᠤᠯ ᠪᠤᠯᠭᠠᠭᠰᠠᠨ ᠢᠳᠡᠰᠢᠨ ᠨᠤᠭᠤᠭ᠎ᠠ ᠶᠢᠨ ᠳᠤᠯᠠᠭᠠᠨ ᠬᠦᠯᠡᠮᠵᠢ ᠶᠢᠨ | ᠪᠠᠶᠢᠭᠤᠯᠤᠯᠲᠠ ᠶᠢ ᠢᠲᠡᠪᠬᠢᠲᠠᠢ ᠲᠡᠳᠭᠦᠨ ᠲᠡᠮᠵᠢᠵᠦ᠂ ︽ᠬᠤᠯᠢᠰᠢᠨ ᠢᠳᠡᠭᠡᠨ︾ ᠤ ᠢᠨᠵᠧᠨᠧᠷᠢᠩ ᠢ | ᠠᠬᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠰᠢᠰᠲ᠋ᠧᠮ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠦ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | | ᠵᠢᠷᠭᠤᠳᠤᠭᠠᠷ ᠪᠦᠯᠦᠭ ᠲᠠᠪᠠᠭᠤᠯᠢᠬ ᠤᠨᠴᠠᠯᠢᠬᠳᠤ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ | ᠨᠢᠭᠡᠳᠦᠭᠡᠷ ᠬᠡᠰᠡᠭ ᠪᠤᠬᠢᠷᠳᠤᠯ ᠦᠭᠡᠢ ᠲᠠᠷᠢᠶᠠᠯᠠᠩ ᠮᠠᠯ ᠠᠵᠦ ᠠᠬᠤᠢ ᠤᠢ ᠰᠢᠭᠤᠢ ᠶᠢᠨ ᠪᠦᠲᠦᠭᠡᠭᠳᠡᠬᠦᠨ ᠢ | ᠡᠳ᠋ᠰᠢᠭᠦᠯᠬᠦ ᠦᠢᠯᠡᠰ | ᠪᠤᠬᠢᠷᠳᠤᠯ ᠦᠭᠡᠢ ᠡᠬᠢ ᠪᠠᠶᠠᠯᠢᠭ ᠤᠨ ᠲᠠᠪᠠᠭᠤᠯᠢᠭ ᠪᠠ ᠤᠳᠤ ᠪᠠᠶᠢᠬᠤ ᠪᠤᠬᠢᠷᠳᠤᠯ ᠦᠭᠡᠢ ᠠᠵᠦ | ᠦᠢᠯᠡᠰ ᠲᠡᠭᠡᠨ ᠰᠠᠭᠤᠷᠢᠯᠠᠵᠤ᠂ ᠤᠷᠭᠠᠨᠢᠭ ᠢᠳᠡᠭᠡᠨ᠂ ᠨᠡᠶᠢᠲᠡ ᠳᠤ ᠬᠤᠤᠷ ᠬᠦᠨᠦᠭᠡᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠪᠤᠯᠤᠨ ᠭᠠᠵᠠᠷ ᠤᠨ ᠪᠡᠯᠭᠡ ᠲᠡᠮᠳᠡᠭ ᠪᠤᠯᠤᠭᠰᠠᠨ ᠪᠦᠲᠦᠭᠡᠭᠳᠡᠬᠦᠨ ᠢ ᠬᠦᠭᠵᠢᠭᠦᠯᠬᠦ ᠪᠠᠷ ᠭᠤᠤᠯ | ᠰᠢᠪᠲᠤᠯᠬᠤ ᠴᠢᠭᠯᠡᠯ ᠪᠤᠯᠭᠠᠨ᠎ᠠ᠃ ᠰᠦ᠂ ᠮᠢᠬ᠎ᠠ᠂ ᠨᠤᠤᠰᠤ ᠨᠤᠯᠤᠤᠷ᠂ ᠠᠮᠤ ᠪᠤᠳᠠᠭ᠎ᠠ ᠢᠳᠡᠰᠢᠨ ᠲᠤᠰᠤ᠂ | ᠲᠦᠮᠦᠰᠦ᠂ ᠷᠠᠰᠢᠶᠠᠨ ᠤᠰᠤ᠂ ᠠᠷᠠᠰᠦ ᠰᠢᠷᠢ ᠵᠡᠷᠭᠡ ᠶᠢ ᠡᠳ᠋ᠰᠢᠬᠦᠯᠬᠦ ᠪᠠᠷ ᠭᠤᠤᠯᠳᠠᠯᠭ᠎ᠠ ᠪᠤᠯᠭᠠᠵᠦ᠂ ᠲᠠᠷᠢᠶᠠᠯᠠᠩ | ᠮᠠᠯ ᠠᠵᠦ ᠠᠬᠤᠢ ᠶᠢᠨ ᠲᠤᠯᠤᠭᠠᠶᠢᠯᠠᠭᠴᠢ ᠠᠵᠦ ᠠᠬᠤᠶᠢᠯᠠᠯ ᠢ ᠤᠷᠤᠭᠤᠯᠤᠨ ᠠᠪᠴᠢᠷᠠᠬᠤ ᠪᠠ ᠪᠤᠶᠢᠵᠢᠭᠤᠯᠬᠤ | ᠡᠷᠴᠢᠮ ᠢ ᠦᠷᠭᠦᠯᠵᠢᠯᠡᠨ ᠴᠢᠩᠭᠠᠷᠠᠭᠤᠯᠵᠦ᠂ ᠾᠧᠩ ᠳ᠋ᠠ᠂ ᠸᠠᠨ ᠵᠢᠶᠠ᠂ ᠮᠧᠩ ᠨᠢᠦ᠂ ᠮᠧᠩ ᠶᠠᠩ᠂ ᠮᠧᠩ ᠪᠧᠨ | ᠂ ᠠᠨ ᠳ᠋ᠠ ᠮᠠᠯ ᠠᠵᠦ ᠠᠬᠤᠢ᠂ ᠠ ᠮᠠ ᠮᠠᠯᠵᠢᠯ ᠤᠨ ᠲᠠᠯᠠᠪᠠᠢ᠂ ᠱᠠᠩ ᠳ᠋ᠧ ᠸᠧᠢ ᠺᠠᠩ᠂ ᠯᠠᠨ ᠬᠠᠢ ᠷᠠᠰᠢᠶᠠᠨ | ᠤᠰᠤ᠂ ᠾᠧ ᠮᠠ ᠰᠢᠬᠢᠷ ᠤᠨ ᠦᠢᠯᠡᠰ᠂ ᠮᠧᠩ ᠵᠢᠶᠠ ᠠᠮᠤ ᠪᠤᠳᠠᠭ᠎ᠠ ᠢᠳᠡᠰᠢᠨ ᠲᠤᠰᠤ᠂ ᠡᠯ ᠯᠦᠨ ᠲᠦᠨ | ᠵᠡᠷᠭᠡ ᠭᠤᠤᠯᠳᠠᠯᠭ᠎ᠠ ᠪᠤᠯᠬᠤ ᠲᠤᠯᠤᠭᠠᠶᠢᠯᠠᠭᠴᠢ ᠠᠵᠦ ᠠᠬᠤᠶᠢᠯᠠᠯ ᠢ ᠶᠡᠬᠡᠪᠡᠷ ᠲᠡᠳᠭᠦᠨ ᠲᠡᠮᠵᠢᠵᠦ | ᠦᠢᠯᠡᠳᠪᠤᠷᠢᠯᠡᠯ ᠤᠨ ᠬᠡᠪᠴᠢᠶ᠎ᠡ ᠶᠢ ᠨᠢ ᠦᠷᠭᠡᠳᠭᠡᠨ᠂ ᠮᠡᠷᠭᠡᠵᠢᠯ ᠤᠨ ᠰᠢᠨᠡᠴᠢᠯᠡᠯᠲᠡ ᠪᠤᠯᠤᠨ ᠰᠢᠨ᠎ᠡ ᠦᠢᠯᠡᠳᠬᠦᠨ | ᠰᠤᠳᠤᠯᠵᠦ ᠭᠠᠷᠭᠠᠬᠤ ᠠᠵᠢᠯ ᠢ ᠴᠢᠷᠮᠠᠶᠢᠨ ᠠᠬᠢᠭᠤᠯᠵᠦ᠂ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ | ᠠᠰᠢᠭ ᠰᠢᠮ᠎ᠡ ᠶᠢ ᠡᠳ᠋ᠰᠢᠬᠦᠯᠬᠦ ᠦᠢᠯᠡᠰ ᠢ ᠰᠢᠯᠢᠳᠡᠭᠵᠢᠬᠦᠯᠵᠦ ᠬᠦᠴᠦᠷᠬᠡᠭᠵᠢᠬᠦᠯᠦᠨ᠎ᠡ︔ ᠲᠤᠮᠳᠠ ᠪᠠᠭ᠎ᠠ ᠠᠵᠦ | ᠠᠬᠤᠶᠢᠯᠠᠯ ᠤᠨ ᠬᠤᠯᠪᠤᠭᠠᠯᠠᠵᠦ ᠪᠠᠶᠢᠭᠠᠳ ᠲᠠᠬᠢᠨ ᠪᠠᠶᠢᠭᠤᠯᠤᠯᠴᠠᠬᠤ᠂ ᠮᠡᠷᠭᠡᠵᠢᠯ ᠤᠨ ᠰᠢᠨᠡᠴᠢᠯᠡᠯᠲᠡ ᠬᠢᠬᠦ ᠵᠡᠷᠭᠡ | ᠠᠷᠭ᠎ᠠ ᠮᠠᠶ᠋ᠢᠭ ᠢᠶᠠᠷ ᠤᠳᠤ ᠪᠠᠶᠢᠬᠤ ᠬᠦᠷᠦᠩᠭᠡ ᠪᠠᠨ ᠠᠮᠢᠳᠤᠯᠢᠭᠵᠢᠭᠤᠯᠵᠦ᠂ ᠬᠡᠪᠴᠢᠶ᠎ᠡ ᠪᠠᠨ ᠦᠷᠭᠡᠳᠭᠡᠬᠦ ᠶᠢ | ᠵᠤᠷᠢᠬᠵᠢᠭᠤᠯᠤᠨ ᠲᠡᠮᠵᠢᠨ᠎ᠡ᠃ ᠲᠠᠷᠢᠶᠠᠯᠠᠩ ᠮᠠᠯ ᠠᠵᠦ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ᠂ | ᠢᠳᠡᠭᠡᠨ ᠡᠳ᠋ᠰᠢᠭᠦᠯᠬᠦ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠲᠡᠮᠵᠢᠵᠦ᠂ ᠤᠯᠤᠰ ᠪᠤᠯᠤᠨ ᠥᠪᠡᠷᠳᠡᠭᠡᠨ | ᠵᠠᠰᠠᠬᠤ ᠤᠷᠤᠨ ᠤ ᠲᠡᠰ ᠤᠨ ᠨᠢᠭᠡ ᠪᠦᠯᠦᠭ ᠪᠤᠬᠢᠷᠳᠤᠯ ᠦᠭᠡᠢ᠂ ᠠᠯᠳᠠᠷᠲᠦ ᠲᠠᠧᠠᠷ ᠤᠨ ᠲᠦᠷᠦᠯ ᠲᠡᠮᠳᠡᠭ ᠢ | ᠪᠦᠷᠢᠯᠳᠦᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠬ ᠰᠢᠮ᠎ᠡ ᠶᠢᠨ ᠦᠢᠯᠡᠳᠪᠤᠷᠢᠯᠡᠯ | ᠡᠳ᠋ᠰᠢᠬᠦᠯᠤᠯᠳᠡ ᠭᠠᠷᠭᠠᠯᠳᠠ ᠶᠢ ᠪᠤᠬᠢᠷᠳᠤᠯ ᠦᠭᠡᠢ ᠪᠤᠯᠭᠠᠬᠤ᠂ ᠪᠠᠷᠢᠮᠵᠢᠶᠠᠵᠢᠭᠤᠯᠬᠤ᠂ ᠠᠮᠢ ᠠᠬᠤᠢ ᠶᠢᠨ ᠪᠤᠯᠭᠠᠬᠤ | ᠂ ᠠᠮᠤᠷ ᠲᠦᠪᠰᠢᠨ ᠪᠤᠯᠭᠠᠬᠤ᠂ ᠲᠡᠭᠡᠳᠦ ᠲᠡᠰ ᠤᠨ ᠪᠤᠯᠭᠠᠬᠤ ᠶᠢ ᠪᠡᠶᠡᠯᠡᠭᠦᠯᠵᠦ᠂ ᠥᠪᠤᠷ ᠮᠤᠩᠭᠤᠯ ᠤᠷᠤᠨ ᠤ | ᠶᠡᠷᠦᠩᠬᠡᠢ ᠲᠦᠯᠦᠪᠵᠢᠭᠦᠯᠭᠡ ᠨᠡᠯᠢᠶᠡᠳ ᠶᠡᠭᠡ᠂ ᠭᠠᠷ ᠤᠷᠠᠯᠠᠯ ᠤᠨ ᠮᠡᠷᠭᠡᠵᠢᠯ ᠲᠤᠨᠤᠭᠯᠠᠯ ᠲᠠᠪᠰᠢᠩᠭᠤᠢ᠂ | ᠤᠨᠳᠤᠤᠰᠢᠭᠤᠯᠵᠦ ᠦᠷᠲᠡᠭ ᠢ ᠨᠢ ᠨᠡᠮᠡᠭᠳᠡᠬᠦᠯᠬᠦ ᠴᠢᠳᠠᠪᠤᠷᠢ ᠪᠠᠷ ᠴᠢᠩᠭ᠎ᠠ᠂ ᠲᠦᠷᠦᠯ ᠲᠡᠮᠳᠡᠭ ᠤᠨ ᠠᠯᠳᠠᠷᠰᠢᠯ | ᠨᠡᠯᠢᠶᠡᠳ ᠶᠡᠭᠡ᠂ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠠᠲᠤᠯᠠᠭ᠎ᠠ ᠰᠠᠶᠢᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠵᠦ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠤᠢ ᠰᠢᠭᠤᠢ ᠶᠢᠨ ᠠᠵᠦ ᠦᠢᠯᠡᠰ ᠪᠤᠯᠤᠨ ᠤᠢ ᠰᠢᠭᠤᠢ ᠳᠠᠬᠢ ᠠᠵᠦ ᠠᠬᠤᠢ ᠶᠢ ᠬᠦᠭᠵᠢᠭᠦᠯᠦᠨ | ᠪᠤᠵᠠᠭᠠᠢᠢᠷᠠᠭᠤᠯᠬᠤ ᠶᠢ ᠲᠡᠮᠵᠢᠵᠦ᠂ ᠤᠢ ᠰᠢᠭᠤᠢ ᠶᠢᠨ ᠪᠦᠲᠦᠭᠡᠭᠳᠡᠬᠦᠨ ᠤ ᠪᠤᠬᠢᠷᠳᠤᠯ ᠦᠭᠡᠢ ᠲᠦᠷᠦᠯ ᠲᠡᠮᠳᠡᠭ ᠢ | ᠢᠲᠡᠪᠬᠢᠲᠠᠢ ᠪᠤᠢ ᠪᠤᠯᠭᠠᠨ᠎ᠠ᠃ 2020 ᠤᠨ ᠪᠤᠯᠬᠤ ᠳᠤ᠂ ᠲᠠᠷᠢᠶᠠᠯᠠᠩ ᠮᠠᠯ ᠠᠵᠦ ᠠᠬᠤᠢ ᠤᠢ ᠰᠢᠭᠤᠢ ᠶᠢᠨ | ᠪᠤᠬᠢᠷᠳᠤᠯ ᠦᠭᠡᠢ ᠪᠦᠲᠦᠭᠡᠭᠳᠡᠬᠦᠨ ᠢ ᠡᠳ᠋ᠰᠢᠭᠦᠯᠦᠭᠰᠡᠨ ᠦᠷᠲᠡᠭ ᠢ ᠪᠦᠬᠦ ᠠᠵᠦ ᠦᠢᠯᠡᠳᠪᠤᠷᠢ ᠶᠢᠨ ᠦᠢᠯᠡᠳᠬᠦᠨ ᠤ | ᠦᠷᠲᠡᠭ ᠤᠨ 35% ᠲᠤ ᠬᠦᠷᠭᠡᠵᠦ᠂ ᠪᠦᠬᠦ ᠠᠶᠢᠮᠠᠭ ᠤᠨ ᠲᠠᠪᠠᠭᠤᠯᠢᠭ᠂ ᠤᠨᠴᠠᠯᠢᠬᠳᠤ᠂ ᠲᠤᠯᠭᠠᠭᠤᠷᠢᠯᠠᠬᠤ | ᠴᠢᠨᠠᠷᠲᠠᠢ ᠠᠵᠦ ᠦᠢᠯᠡᠰ ᠪᠤᠯᠭᠠᠨ᠎ᠠ᠃ | ᠬᠤᠶᠠᠳᠤᠭᠠᠷ ᠬᠡᠰᠡᠭ ᠠᠮᠢ ᠠᠬᠤᠢ ᠰᠤᠶᠤᠯ ᠵᠤᠭᠠᠴᠠᠯ ᠤᠨ ᠦᠢᠯᠡᠰ | ᠵᠤᠭᠠᠴᠠᠯ ᠪᠤᠯᠤᠨ ᠰᠤᠶᠤᠯ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠡᠯᠪᠡᠭ ᠪᠠᠶᠠᠯᠢᠭ ᠠᠮᠢ | ᠠᠬᠤᠢ ᠶᠢᠨ ᠡᠬᠢ ᠪᠠᠶᠠᠯᠢᠭ ᠲᠤ ᠲᠦᠰᠢᠭᠯᠡᠨ᠂ ᠤᠢ ᠰᠢᠭᠤᠢ᠂ ᠬᠠᠯᠠᠭᠤᠨ ᠷᠠᠰᠢᠶᠠᠨ᠂ ᠮᠦᠰᠦ ᠴᠠᠰᠦ᠂ ᠨᠤᠭᠤ | ᠭᠠᠵᠠᠷ᠂ ᠲᠠᠯ᠎ᠠ ᠨᠤᠲᠤᠭ᠂ ᠭᠠᠯᠲᠦ ᠠᠭᠤᠯᠠ ᠶᠢᠨ ᠭᠠᠵᠠᠷ ᠤᠨ ᠭᠠᠶᠢᠬᠠᠮᠰᠢᠬᠲᠦ ᠦᠵᠡᠭᠳᠡᠯ᠂ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠵᠡᠷᠭᠡ ᠠᠮᠢ ᠠᠬᠤᠢ ᠶᠢᠨ ᠡᠬᠢ ᠪᠠᠶᠠᠯᠢᠭ ᠤᠨ ᠲᠡᠤᠬᠡ ᠶᠢᠨ ᠡᠭᠦᠰᠦᠯ ᠪᠤᠯᠤᠨ ᠮᠤᠩᠭᠤᠯ | ᠶᠤᠸᠠᠨ ᠤ ᠰᠤᠶᠤᠯ ᠤᠨ ᠠᠭᠤᠯᠤᠬᠳᠠᠬᠤᠨ ᠢ ᠭᠤᠤᠯᠳᠠᠯᠭ᠎ᠠ ᠲᠠᠢ ᠠᠭᠤᠳᠠᠯᠵᠦ᠂ ᠰᠤᠶᠤᠯ ᠪᠤᠯᠤᠨ ᠵᠤᠭᠠᠴᠠᠯ ᠤᠨ | ᠦᠢᠯᠡᠰ ᠤᠨ ᠬᠦᠨᠵᠡᠬᠡᠢ ᠠᠭᠤᠰᠤᠯᠴᠠᠨ ᠬᠦᠭᠵᠢᠬᠦ ᠶᠢ ᠠᠬᠢᠭᠤᠯᠵᠦ᠂ ᠠᠮᠢ ᠠᠬᠤᠢ ᠶᠢᠨ ᠰᠤᠶᠤᠯ᠂ ᠬᠤᠪᠢᠰᠬᠠᠯ ᠤᠨ | ᠤᠯᠠᠮᠵᠢᠯᠠᠯ ᠤᠨ ᠰᠤᠶᠤᠯ ᠤᠨ ᠠᠵᠦ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠦ᠂ ᠲᠡᠯᠡᠬᠡᠢ ᠶᠢᠨ ᠲᠡᠰ ᠤᠨ ᠤᠢ | ᠰᠢᠭᠤᠢ᠂ ᠲᠠᠯ᠎ᠠ ᠨᠤᠲᠤᠭ᠂ ᠰᠡᠷᠢᠭᠦᠴᠡᠬᠦ ᠭᠠᠵᠠᠷ᠂ ᠬᠠᠯᠠᠭᠤᠨ ᠷᠠᠰᠢᠶᠠᠨ᠂ ᠴᠠᠰᠤᠨ ᠳᠡᠭᠡᠷ᠎ᠡ ᠭᠤᠯᠭᠤᠬᠤ ᠵᠡᠷᠭᠡ | ᠭᠤᠤᠯ ᠰᠡᠳᠦᠪᠲᠦ ᠵᠤᠭᠠᠴᠠᠯ ᠤᠨ ᠪᠦᠲᠦᠭᠡᠭᠳᠡᠬᠦᠨ ᠵᠤᠭᠠᠴᠠᠯ ᠤᠨ ᠵᠤᠷᠢᠭᠰᠠᠨ ᠭᠠᠵᠠᠷ ᠢ ᠪᠠᠶᠢᠭᠤᠯᠤᠨ᠎ᠠ᠃ ᠪᠠᠶᠠᠷ | ᠲᠤᠷᠠᠰᠬᠠᠯ ᠤᠨ ᠠᠵᠢᠯᠯᠠᠭ᠎ᠠ ᠪᠤᠯᠤᠨ ᠲᠤᠰᠬᠠᠢ ᠦᠵᠡᠰᠭᠦᠯᠡᠩ ᠴᠤᠬᠯᠠᠭᠠᠨ ᠵᠡᠷᠭᠡ ᠬᠡᠯᠪᠡᠷᠢ ᠪᠠᠷ ᠡᠵᠡᠩᠨᠡᠯᠲᠠ | ᠪᠤᠷᠤᠯᠠᠭᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠦ᠂ ︽ᠬᠢᠨᠭ᠍ᠭᠠᠨ ᠤ ᠵᠤᠭᠠᠴᠠᠯ︾ ᠤᠨ ᠠᠯᠳᠠᠷᠰᠢᠯ ᠪᠤᠯᠤᠨ | ᠨᠦᠯᠦᠭᠡᠯᠡᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠵᠤᠭᠠᠴᠠᠯ ᠤᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ ᠷᠠᠰᠢᠶᠠᠨ ᠤ ᠵᠤᠭᠠᠴᠠᠯ ᠤᠨ ᠨᠡᠮᠡᠭᠳᠡᠯ ᠤᠨ ᠲᠦᠢᠯ ᠢ ᠪᠠᠶᠢᠭᠤᠯᠵᠦ᠂ ᠷᠠᠰᠢᠶᠠᠨ ᠤ | ᠤᠯᠤᠰ ᠤᠨ ᠲᠡᠰ ᠤᠨ ᠭᠠᠯᠲᠦ ᠠᠭᠤᠯᠠ ᠬᠠᠯᠠᠭᠤᠨ ᠷᠠᠰᠢᠶᠠᠨ ᠤ ᠭᠠᠵᠠᠷ ᠰᠢᠨᠵᠢᠯᠡᠭᠡᠨ ᠤ ᠴᠡᠴᠡᠷᠯᠢᠭ ᠢ ᠲᠡᠯᠡᠬᠡᠢ ᠶᠢᠨ | ᠭᠠᠵᠠᠷ ᠰᠢᠨᠵᠢᠯᠡᠭᠡᠨ ᠤ ᠴᠡᠴᠡᠷᠯᠢᠭ ᠪᠤᠯᠭᠠᠨ ᠲᠡᠪᠰᠢᠭᠦᠯᠵᠦ᠂ ᠬᠢᠨᠭ᠍ᠭᠠᠨ ᠤ ᠪᠦᠬᠦ ᠭᠠᠵᠠᠷ ᠢ ᠨᠦᠯᠦᠭᠡᠯᠡᠨ ᠲᠠᠶᠢᠴᠢᠯᠠᠵᠦ | ᠂ ᠤᠯᠠᠭᠠᠨᠬᠤᠲᠠ ᠶᠢᠨ ᠪᠦᠬᠦ ᠠᠶᠢᠮᠠᠭ ᠤᠨ ᠵᠤᠭᠠᠴᠠᠯ ᠳᠤ ᠦᠵᠡᠭᠦᠯᠬᠦ ᠴᠤᠭᠯᠠᠭᠤᠯᠵᠦ ᠲᠠᠷᠠᠭᠠᠬᠤ ᠴᠢᠳᠠᠮᠵᠢ ᠶᠢ | ᠨᠡᠮᠡᠭᠳᠡᠭᠦᠯᠵᠦ᠂ ᠷᠠᠰᠢᠶᠠᠨ — ᠰᠦᠮᠪᠤᠷ ᠤᠨ ᠬᠢᠯᠢ ᠠᠯᠤᠰᠯᠠᠭᠰᠠᠨ ᠵᠤᠭᠠᠴᠠᠯ ᠤᠨ ᠬᠠᠮᠲᠤᠷᠠᠯᠴᠠᠭᠠᠨ ᠤ ᠤᠷᠤᠨ ᠤ | ᠪᠠᠶᠢᠭᠤᠯᠤᠯᠲᠠ ᠶᠢ ᠲᠦᠷᠭᠡᠳᠭᠡᠨ᠎ᠡ᠃ ᠬᠤᠪᠢ ᠶᠢᠨ ᠲᠡᠷᠭᠡ ᠪᠠᠷ ᠵᠤᠭᠠᠴᠠᠬᠤ ᠭᠠᠵᠠᠷ ᠤᠨ ᠰᠢᠰᠲ᠋ᠧᠮ ᠢᠶᠠᠷ | ᠨᠢᠷᠤᠭᠤᠪᠴᠢ ᠪᠤᠯᠭᠠᠵᠦ᠂ ᠤᠶᠤᠨᠴᠢ ᠵᠤᠭᠠᠴᠠᠯ ᠢᠶᠠᠷ ᠭᠤᠤᠯ ᠬᠦᠢᠰᠦ ᠪᠤᠯᠭᠠᠵᠦ᠂ ᠳᠤᠮᠳᠠᠳᠦ — ᠤᠷᠤᠰ — | ᠮᠤᠩᠭᠤᠯ ᠤᠨ ᠵᠤᠭᠠᠴᠠᠯ ᠤᠨ ᠬᠠᠮᠲᠤᠷᠠᠯᠴᠠᠭᠠᠨ ᠤ ᠤᠷᠤᠨ ᠢᠶᠠᠷ ᠴᠤᠩᠬᠤ ᠪᠤᠯᠭᠠᠵᠦ᠂ ᠲᠦᠰᠢᠭ ᠲᠤᠯᠭᠠᠭᠤᠷᠢ | ᠪᠤᠯᠭᠠᠵᠦ᠂ 5 ᠠᠮᠢ ᠠᠬᠤᠢ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠤᠭᠤᠷᠢᠭ ᠢᠶᠠᠷ ᠲᠦᠰᠢᠭ ᠲᠤᠯᠭᠠᠭᠤᠷᠢ | ᠪᠤᠯᠭᠠᠵᠦ᠂ ᠤᠯᠠᠨ ᠵᠦᠢᠯ ᠤᠨ ᠵᠤᠭᠠᠴᠠᠯ ᠰᠡᠯᠡᠭᠦᠴᠡᠯ ᠠᠮᠠᠷᠠᠯᠲᠠ ᠶᠢᠨ ᠦᠢᠯᠡᠳᠬᠦᠨ ᠢᠶᠠᠷ ᠲᠡᠮᠳᠡᠷᠢᠭᠳᠡᠯ ᠴᠡᠭ | ᠪᠤᠯᠭᠠᠵᠦ᠂ ︽+ ᠵᠤᠭᠠᠴᠠᠯ︾ ︽ᠵᠤᠭᠠᠴᠠᠯ +︾ ᠤᠢᠢᠯᠠᠭᠠᠭᠳᠠᠬᠤᠨ ᠢ ᠰᠠᠨᠠᠭᠠᠴᠢᠯᠠᠨ᠂ ᠳᠤᠮᠳᠠᠳᠦ ᠤᠯᠤᠰ • | ᠦᠵᠡᠰᠭᠦᠯᠡᠩᠲᠦ ᠰᠠᠶᠢᠬᠠᠨ ᠬᠢᠨᠭ᠍ᠭᠠᠨ ᠤ ᠠᠮᠢ ᠠᠬᠤᠢ ᠶᠢᠨ ᠪᠤᠯᠪᠠᠰᠤᠨ ᠤ ᠤᠢᠢᠯᠠᠭᠠᠯᠲᠠ ᠶᠢᠨ ᠲᠤᠭᠤᠷᠢᠭ ᠢ | ᠪᠠᠶᠢᠭᠤᠯᠤᠨ᠎ᠠ᠃ | ᠵᠤᠭᠠᠴᠠᠯ ᠤᠨ ᠦᠢᠯᠡᠴᠢᠯᠡᠭᠡᠨ ᠤ ᠡᠯᠧᠮᠧᠨ᠋ᠲ ᠢ ᠲᠡᠭᠦᠯᠳᠡᠷᠵᠢᠬᠦᠯᠦᠨ᠎ᠡ᠃ ︽ᠲᠠᠯ᠎ᠠ ᠨᠤᠲᠤᠭ ᠤᠨ ᠰᠤᠶᠤᠯ ᠢ | ᠬᠠᠷᠠᠭᠤᠯᠤᠭᠰᠠᠨ᠂ ᠤᠮᠠᠷᠠᠲᠦ ᠬᠢᠯᠢ ᠶᠢᠨ ᠤᠨᠴᠠᠯᠢᠭ ᠲᠠᠢ ᠵᠤᠭᠠᠴᠠᠬᠤ ᠰᠤᠨᠢᠷᠬᠠᠬᠤ ᠰᠡᠯᠡᠭᠦᠴᠡᠬᠦ ᠠᠮᠠᠷᠠᠬᠤ ᠰᠠᠭᠤᠷᠢᠨ | ᠭᠠᠵᠠᠷ ᠢ ᠪᠠᠶᠢᠭᠤᠯᠬᠤ︾ ᠬᠠᠷᠠᠯᠲᠠ ᠶᠢᠨ ᠱᠠᠭᠠᠷᠳᠠᠯᠭ᠎ᠠ ᠪᠠᠷ ᠭᠤᠤᠯᠳᠠᠭᠤᠯᠵᠤ᠂ ᠪᠡᠯᠡ ᠤᠷᠤᠭᠤᠯᠤᠯᠲᠠ ᠶᠢ | ᠨᠡᠮᠡᠭᠳᠡᠬᠦᠯᠵᠦ᠂ ᠦᠪᠡᠷᠮᠢᠴᠡ ᠤᠨᠴᠠᠯᠢᠭ ᠲᠠᠢ ᠵᠤᠭᠠᠴᠠᠯ ᠤᠨ ᠦᠢᠯᠡᠳᠬᠦᠨ ᠢ ᠬᠠᠨᠭ᠍ᠭᠠᠵᠦ᠂ ︽ᠢᠳᠡᠬᠦ᠂ ᠬᠤᠨᠤᠬᠤ᠂ | ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ ᠵᠤᠭᠠᠴᠠᠯ ᠤᠨ ᠵᠢᠷᠭᠤᠭᠠᠨ ᠡᠯᠧᠮᠧᠨ᠋ᠲ ᠢ | ᠲᠡᠭᠦᠯᠳᠡᠷᠵᠢᠬᠦᠯᠵᠦ᠂ ︽ ᠬᠤᠳᠠᠯᠳᠤᠭ᠎ᠠ᠂ ᠰᠤᠪᠢᠯᠠᠯᠲᠠ᠂ ᠰᠤᠷᠬᠤ᠂ ᠰᠡᠯᠡᠭᠦᠴᠡᠬᠦ᠂ ᠰᠡᠳᠭᠢᠯᠭᠡ᠂ ᠬᠠᠴᠢᠷᠬᠠᠯ︾ | ᠭᠡᠬᠦ ᠵᠤᠭᠠᠴᠠᠯ ᠤᠨ 6 ᠰᠢᠨ᠎ᠡ ᠡᠯᠧᠮᠧᠨ᠋ᠲ ᠤᠨ ᠬᠦᠭᠵᠢᠯᠲᠡ ᠶᠢᠨ ᠤᠷᠤᠨ ᠵᠠᠢ ᠶᠢ ᠦᠷᠭᠡᠳᠭᠡᠵᠦ᠂ ᠪᠠᠷᠢᠮᠵᠢᠶ᠎ᠠ᠂ | ᠲᠡᠰ ᠪᠤᠯᠤᠨ ᠲᠦᠭᠦᠷᠴᠢᠯᠡᠭᠰᠡᠨ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠭᠤᠤᠯᠳᠠᠯᠭ᠎ᠠ ᠪᠤᠯᠬᠤ ᠵᠤᠭᠠᠴᠠᠯ ᠤᠨ | ᠲᠤᠭᠤᠷᠢᠭ ᠢ ᠬᠤᠯᠪᠤᠭᠰᠠᠨ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠦᠵᠡᠮᠵᠢ ᠶᠢᠨ ᠤᠷᠤᠨ ᠤ | ᠲᠤᠲᠤᠷᠠᠬᠢ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠪᠦᠬᠦ ᠠᠶᠢᠮᠠᠭ ᠤᠨ ᠲᠡᠰ ᠤᠨ ᠦᠵᠡᠮᠵᠢ ᠶᠢᠨ | ᠤᠷᠤᠨ᠂ ᠵᠤᠭᠠᠴᠠᠯ ᠤᠨ ᠭᠤᠤᠯ ᠵᠠᠮ᠂ ᠴᠢᠬᠤᠯᠠ ᠴᠡᠭ᠂ ᠭᠤᠤᠯ ᠪᠤᠯᠬᠤ ᠱᠤᠭᠤᠮ ᠲᠠᠭᠠᠤ ᠵᠤᠭᠠᠴᠠᠯ ᠤᠨ ᠰᠠᠭᠤᠷᠢ | ᠲᠦᠬᠦᠭᠡᠷᠦᠮᠵᠢ ᠪᠤᠯᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠵᠤᠭᠠᠴᠠᠯ ᠤᠨ | ᠦᠶ᠋ᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠦ᠂ ᠵᠤᠭᠠᠴᠠᠯ ᠤᠨ ᠮᠡᠳᠡᠭᠡ ᠵᠠᠩᠭᠢ ᠶᠢ | ᠯᠠᠪᠯᠠᠨ ᠠᠰᠠᠭᠤᠬᠤ ᠦᠢᠯᠡᠴᠢᠯᠡᠭᠡᠨ ᠤ ᠲᠠᠪᠴᠠᠩ᠂ ᠵᠤᠭᠠᠴᠠᠯ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠰᠢᠰᠲ᠋ᠧᠮ | ᠂ ᠵᠤᠭᠠᠴᠠᠯ ᠤᠨ ᠬᠠᠤᠯᠢ ᠬᠡᠷᠡᠭᠵᠢᠭᠦᠯᠬᠦ ᠡᠩᠨᠡᠭᠡ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠬᠦᠯᠦᠨ᠎ᠡ᠃ ᠡᠬᠢ ᠪᠠᠶᠠᠯᠢᠭ ᠤᠨ ᠲᠠᠪᠠᠭᠤᠯᠢᠭ ᠢ ᠠᠭᠤᠳᠠᠯᠤᠨ᠂ ᠨᠤᠲᠤᠭ ᠤᠨ ᠤᠨᠴᠠ ᠭᠠᠷᠤᠯᠲᠠ᠂ | ᠬᠤᠪᠢᠰᠬᠠᠯ ᠤᠨ ᠤᠯᠠᠮᠵᠢᠯᠠᠯ ᠤᠨ ᠲᠤᠷᠠᠳᠬᠠᠯ᠂ ᠬᠢᠯᠢ ᠶᠢᠨ ᠭᠠᠳᠠᠨᠠᠬᠢ ᠲᠠᠸᠠᠷ᠂ ᠪᠤᠬᠢᠷᠳᠤᠯ ᠦᠭᠡᠢ ᠡᠷᠡᠭᠦᠯᠵᠢᠯ | ᠢᠳᠡᠭᠡᠨ ᠵᠡᠷᠭᠡ ᠦᠪᠡᠷᠮᠢᠴᠡ ᠤᠨᠴᠠᠯᠢᠬᠲᠦ ᠵᠤᠭᠠᠴᠠᠯ ᠤᠨ ᠲᠠᠸᠠᠷ ᠢ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠦᠨ᠎ᠡ᠃ | 2020 ᠤᠨ ᠪᠤᠯᠬᠤ ᠳᠤ᠂ ᠪᠦᠬᠦ ᠠᠶᠢᠮᠠᠭ ᠤᠨ ᠵᠤᠭᠠᠴᠠᠭᠰᠠᠳ ᠤᠨ ᠲᠤᠭ᠎ᠠ ᠶᠢ 1000 ᠲᠦᠮᠡᠨ ᠬᠦᠮᠦᠨ | ᠤᠳᠠᠭ᠎ᠠ ᠠᠴᠠ ᠳᠡᠭᠡᠭᠰᠢ ᠳᠤ ᠬᠦᠷᠭᠡᠨ᠎ᠡ︔ ᠵᠤᠭᠠᠴᠠᠯ ᠤᠨ ᠶᠡᠷᠦᠩᠬᠡᠢ ᠤᠷᠤᠯᠭ᠎ᠠ ᠶᠢ 85.8 ᠳ᠋ᠦᠩᠰᠢᠭᠤᠷ | ᠲᠦᠭᠦᠷᠢᠭ ᠲᠤ ᠬᠦᠷᠭᠡᠵᠤ᠂ ᠵᠢᠯ ᠲᠤᠮᠳᠠᠴᠢ ᠪᠠᠷ 11% ᠨᠡᠮᠡᠭᠳᠡᠭᠦᠯᠵᠦ᠂ ᠪᠦᠬᠦ ᠠᠶᠢᠮᠠᠭ ᠤᠨ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠦᠷᠲᠡᠭ ᠢ 20% ᠠᠴᠠ ᠳᠡᠭᠡᠭᠰᠢ ᠶᠢ ᠡᠵᠡᠯᠡᠬᠦ ᠪᠤᠯᠭᠠᠨ᠎ᠠ᠃ ᠵᠤᠭᠠᠴᠠᠯ ᠤᠨ ᠠᠵᠦ | ᠦᠢᠯᠡᠰ ᠤᠨ ᠰᠢᠭᠤᠳ ᠠᠵᠢᠯ ᠬᠢᠭᠰᠡᠳ ᠤᠨ ᠲᠤᠭ᠎ᠠ ᠶᠢ 8 ᠲᠦᠮᠡᠨ ᠬᠦᠮᠦᠨ ᠠᠴᠠ ᠲᠡᠭᠡᠭᠰᠢ ᠳᠤ ᠬᠦᠷᠭᠡᠵᠤ᠂ | ᠲᠠᠮ ᠢᠶᠠᠷ ᠠᠵᠢᠯ ᠬᠢᠭᠰᠡᠳ ᠤᠨ ᠲᠤᠭ᠎ᠠ ᠶᠢ 20 ᠲᠦᠮᠡᠨ ᠬᠦᠮᠦᠨ ᠠᠴᠠ ᠲᠡᠭᠡᠭᠰᠢ ᠳᠤ ᠬᠦᠷᠭᠡᠨ᠎ᠡ᠃᠃ | ᠭᠤᠷᠪᠠᠳᠤᠭᠠᠷ ᠬᠡᠰᠡᠭ ᠨᠡᠭᠦᠷᠡᠰᠤ ᠶᠢ ᠠᠷᠢᠭᠤᠨ ᠴᠡᠪᠡᠷ ᠦᠨᠳᠦᠷ ᠦᠷ᠎ᠡ ᠠᠰᠢᠬᠳᠠᠢ ᠪᠠᠷ ᠬᠡᠷᠡᠭᠯᠡᠬᠦ ᠠᠵᠦ | ᠦᠢᠯᠡᠰ | ︽ᠠᠷᠪᠢᠲᠠᠢ᠂ ᠠᠷᠢᠭᠤᠨ ᠴᠡᠪᠡᠷ᠂ ᠦᠨᠳᠦᠷ ᠦᠷ᠎ᠡ ᠠᠰᠢᠬᠳᠠᠢ᠂ ᠠᠮᠤᠷ ᠲᠦᠪᠰᠢᠨ ᠪᠠᠶᠢᠯᠭᠠᠬᠤ︾ | ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠠᠷᠢᠮᠲᠠᠯᠠᠵᠤ᠂ ᠡᠨᠧᠷᠬᠢ ᠶᠢᠨ ᠦᠢᠯᠡᠳᠪᠤᠷᠢᠯᠡᠯ ᠪᠤᠯᠤᠨ ᠬᠡᠷᠡᠭᠯᠡᠭᠡᠨ ᠤ | ᠬᠤᠪᠢᠰᠬᠠᠯ ᠢ ᠠᠬᠢᠭᠤᠯᠤᠨ᠎ᠠ᠃ ᠥᠪᠡᠷᠳᠡᠭᠡᠨ ᠵᠠᠰᠠᠬᠤ ᠤᠷᠤᠨ ᠤ ᠲᠤᠬᠢᠷᠠᠭᠤᠯᠤᠭᠰᠠᠨ ᠮᠠᠨ ᠤ ᠠᠶᠢᠮᠠᠭ ᠤᠨ | ᠨᠡᠭᠦᠷᠡᠰᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ ᠰᠠᠶᠢᠲᠤᠷ ᠠᠰᠢᠬᠯᠠᠵᠦ᠂ ᠨᠢᠭᠡ | ᠪᠦᠯᠦᠭ ᠠᠵᠦ ᠦᠢᠯᠡᠰ ᠤᠨ ᠲᠦᠷᠦᠯ ᠵᠦᠢᠯ ᠢ ᠲᠦᠰᠦᠪᠯᠡᠵᠦ᠂ ᠤᠯᠤᠰ ᠤᠨ ᠲᠤᠲᠤᠭᠠᠳᠦ ᠭᠠᠳᠠᠭᠠᠳᠦ ᠶᠢᠨ ᠨᠢᠭᠡ | ᠪᠦᠯᠦᠭ ᠲᠡᠷᠢᠭᠦᠨ ᠤ ᠠᠵᠦ ᠠᠬᠤᠢᠢᠯᠠᠯ ᠢ ᠤᠷᠤᠭᠤᠯᠤᠨ ᠠᠪᠴᠢᠷᠠᠵᠦ᠂ ᠨᠡᠭᠦᠷᠡᠰᠦ ᠶᠢ ᠭᠦᠨ ᠡᠳ᠋ᠰᠢᠭᠦᠯᠬᠦ | ᠲᠡᠷᠢᠭᠦᠨ ᠤ ᠮᠡᠷᠭᠡᠵᠢᠯ ᠪᠤᠯᠤᠨ ᠤᠷᠴᠢᠨ ᠲᠤᠭᠤᠷᠢᠨ ᠳᠤ ᠨᠠᠶᠢᠷᠰᠠᠬ ᠪᠠᠶᠢᠬᠤ ᠦᠢᠯᠡᠳᠪᠤᠷᠢᠯᠡᠯ ᠤᠨ ᠠᠷᠭ᠎ᠠ ᠮᠠᠶ᠋ᠢᠭ ᠢ | ᠬᠡᠷᠡᠭᠯᠡᠨ᠂ ᠤᠰᠤ ᠨᠡᠭᠦᠷᠡᠰᠦ ᠶᠢᠨ ᠨᠡᠶᠢᠯᠡᠯᠲᠡ ᠶᠢᠨ ᠲᠠᠪᠠᠭᠤᠯᠢᠭ ᠢ ᠪᠠᠳᠠᠷᠠᠭᠤᠯᠤᠨ᠂ ᠨᠡᠭᠦᠷᠡᠰᠦ ᠪᠠᠷ ᠰᠢᠲᠠᠮᠠᠬᠠᠢ ᠬᠡᠢ | ᠦᠢᠯᠡᠳᠪᠤᠷᠢᠯᠡᠬᠦ᠂ ᠬᠦᠷᠡᠩ ᠨᠡᠭᠦᠷᠡᠰᠦ ᠶᠢᠨ ᠴᠢᠨᠠᠷ ᠢ ᠲᠡᠭᠡᠭᠰᠢᠯᠡᠭᠦᠯᠬᠦ᠂ ᠬᠦᠷᠡᠩ ᠨᠡᠭᠦᠷᠡᠰᠦ ᠶᠢ ᠶᠡᠷᠦᠩᠬᠡᠶᠢᠯᠡᠨ | ᠠᠰᠢᠬᠯᠠᠬᠤ᠂ ᠲᠤᠰᠤ ᠬᠡᠢ ᠶᠢ ᠬᠠᠮᠲᠤᠷᠠᠭᠤᠯᠤᠨ ᠦᠢᠯᠡᠳᠪᠤᠷᠢᠯᠡᠬᠦ᠂ ᠨᠡᠭᠦᠷᠡᠰᠦ ᠪᠠᠷ ᠬᠢᠮᠢ ᠶᠢᠨ ᠪᠤᠷᠳᠤᠭᠤᠷ | ᠦᠢᠯᠡᠳᠪᠤᠷᠢᠯᠡᠬᠦ᠂ ᠨᠡᠭᠦᠷᠡᠰᠦ ᠪᠠᠷ ᠮᠧᠲ᠋ᠢᠯ ᠠᠯᠺᠤᠤᠯ ᠦᠢᠯᠡᠳᠪᠤᠷᠢᠯᠡᠬᠦ᠂ ᠨᠡᠭᠦᠷᠡᠰᠦ ᠪᠠᠷ ᠠᠯᠺᠧᠨ ᠦᠢᠯᠡᠳᠪᠤᠷᠢᠯᠡᠬᠦ | ᠲᠦᠷᠦᠯ ᠵᠦᠢᠯ ᠢ ᠲᠦᠷᠭᠡᠨ ᠠᠬᠢᠭᠤᠯᠤᠨ᠎ᠠ᠃ 2020 ᠤᠨ ᠪᠤᠯᠬᠤ ᠳᠤ᠂ ᠪᠦᠬᠦ ᠠᠶᠢᠮᠠᠭ ᠤᠨ ᠨᠡᠭᠦᠷᠡᠰᠦᠨ ᠤ | ᠭᠠᠷᠤᠯᠲᠠ ᠶᠢ 450 ᠲᠦᠮᠡᠨ ᠲᠤᠨ ᠳᠤ ᠬᠦᠷᠭᠡᠵᠦ᠂ ᠤᠯᠠᠭᠠᠨ ᠪᠦᠯᠦᠭᠯᠡᠯ ᠤᠨ 135 ᠲᠦᠮᠡᠨ ᠲᠤᠨ ᠤ | ᠨᠡᠶᠢᠯᠡᠮᠡᠯ ᠰᠢᠪᠲᠤᠷ ᠤᠨ 240 ᠲᠦᠮᠡᠨ ᠲᠤᠨ ᠤ ᠰᠢᠭᠡᠰᠦᠯᠢᠭ ᠡᠳ᠋ ᠤᠨ ᠲᠦᠷᠦᠯ ᠵᠦᠢᠯ᠂ ᠪᠦᠸᠧ ᠶᠤᠸᠠᠨ | ᠪᠦᠯᠦᠭᠯᠡᠯ ᠤᠨ 30 ᠲᠦᠮᠡᠨ ᠲᠤᠨ ᠤ ᠨᠡᠶᠢᠯᠡᠮᠡᠯ ᠰᠢᠪᠲᠤᠷ ᠤᠨ 52 ᠲᠦᠮᠡᠨ ᠲᠤᠨ ᠤ ᠰᠢᠭᠡᠰᠦᠯᠢᠭ ᠡᠳ᠋ ᠤᠨ | ᠲᠦᠷᠦᠯ ᠵᠦᠢᠯ᠂ ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤᠨ ᠤ 100 ᠲᠦᠮᠡᠨ ᠲᠤᠨ ᠤ ᠠᠯᠺᠤᠤᠯ ᠤᠨ | ᠲᠦᠷᠦᠯ ᠵᠦᠢᠯ ᠢ ᠪᠠᠶᠢᠭᠤᠯᠤᠨ᠎ᠠ︔ ᠥᠪᠤᠷ ᠮᠤᠩᠭᠤᠯ ᠤᠨ ᠠᠭᠤᠷᠬᠠᠢ ᠶᠢᠨ ᠦᠢᠯᠡᠰ ︵ᠪᠦᠯᠦᠭᠯᠡᠯ︶ ᠤᠨ | ᠬᠢᠨᠭ᠍ᠭᠠᠨ ᠤ ᠡᠨᠧᠷᠬᠢ ᠬᠢᠮᠢ ᠶᠢᠨ ᠠᠵᠦ ᠦᠢᠯᠡᠳᠪᠤᠷᠢ ᠶᠢᠨ ᠬᠢᠵᠠᠭᠠᠷᠲᠦ ᠺᠤᠮᠫᠠᠨᠢ ᠶᠢᠨ 40 ᠳ᠋ᠦᠩᠰᠢᠭᠤᠷ ᠪᠤᠰᠤᠭ᠎ᠠ | ᠲᠦᠷᠪᠡᠯᠵᠢᠨ ᠮᠧᠲᠷ ᠤᠨ ᠨᠡᠭᠦᠷᠡᠰᠦ ᠪᠠᠷ ᠰᠢᠲᠠᠮᠠᠬᠠᠢ ᠭᠡᠢ ᠦᠢᠯᠡᠳᠪᠤᠷᠢᠯᠡᠬᠦ ᠲᠦᠷᠦᠯ ᠵᠦᠢᠯ ᠢ ᠦᠨᠳᠦᠰᠦᠨ ᠳᠡᠭᠡᠨ | ᠪᠠᠶᠢᠭᠤᠯᠤᠨ᠎ᠠ︔ ᠬᠢᠨᠭ᠍ᠭᠠᠨ ᠤ ᠪᠦᠸᠧ ᠶᠤᠸᠠᠨ ᠪᠡᠯᠡ ᠤᠷᠤᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠳᠤ | ᠺᠤᠮᠫᠠᠨᠢ ᠶᠢᠨ 300 ᠲᠦᠮᠡᠨ ᠲᠤᠨ ᠤ ᠬᠦᠷᠡᠩ ᠨᠡᠭᠦᠷᠡᠰᠦ ᠶᠢ ᠶᠡᠷᠦᠩᠬᠡᠶᠢᠯᠡᠨ ᠠᠰᠢᠬᠯᠠᠵᠦ ᠲᠤᠰᠤ ᠬᠡᠢ ᠶᠢᠨ | ᠭᠠᠷᠤᠯᠲᠠ ᠶᠢ ᠬᠤᠯᠪᠤᠭᠳᠠᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ᠂ 120 ᠲᠦᠮᠡᠨ ᠲᠤᠨ ᠤ ᠨᠡᠭᠦᠷᠡᠰᠦ ᠪᠠᠷ | ᠠᠯᠺᠧᠨ ᠦᠢᠯᠡᠳᠪᠤᠷᠢᠯᠡᠬᠦ ᠲᠦᠷᠦᠯ ᠵᠦᠢᠯ ᠢ ᠬᠢᠵᠦ ᠡᠬᠢᠯᠡᠬᠦ ᠪᠠᠷ ᠴᠢᠷᠮᠠᠶᠢᠨ᠎ᠠ᠂ ᠡᠭᠦᠨ ᠤ ᠬᠠᠮᠲᠦ ᠰᠢᠷᠢᠰ | ᠦᠢᠯᠡᠳᠬᠦᠨ ᠢ ᠭᠦᠨ ᠡᠳ᠋ᠰᠢᠭᠦᠯᠬᠦ ᠲᠦᠷᠦᠯ ᠵᠦᠢᠯ ᠢ ᠨᠡᠭᠡᠭᠡᠨ ᠠᠰᠢᠬᠯᠠᠵᠦ᠂ ᠠᠵᠦ ᠦᠢᠯᠡᠰ ᠤᠨ ᠬᠡᠯᠬᠢᠶᠡᠰᠦ ᠶᠢ | ᠤᠷᠳᠤᠳᠬᠠᠵᠦ᠂ ᠡᠷᠬᠢᠯᠲᠡᠲᠦ ᠠᠵᠦ ᠠᠬᠤᠢ ᠶᠢ ᠶᠡᠬᠡᠪᠡᠷ ᠬᠦᠭᠵᠢᠬᠦᠯᠵᠦ᠂ ᠦᠢᠯᠡᠳᠬᠦᠨ ᠤ ᠨᠡᠮᠡᠯᠳᠡ ᠦᠷᠳᠡᠭ | ᠪᠤᠯᠤᠨ ᠠᠵᠦ ᠠᠬᠤᠢ ᠶᠢᠨ ᠦᠷ᠎ᠡ ᠠᠰᠢᠭ ᠢ ᠲᠡᠭᠡᠭᠰᠢᠯᠡᠬᠦᠯᠦᠨ᠎ᠡ᠃ | ᠮᠧᠩ ᠨᠧᠩ ᠠᠴᠠ ᠪᠡᠯᠡ ᠤᠷᠤᠭᠤᠯᠤᠬᠰᠠᠨ 2 × 66 ᠲᠦᠮᠡᠨ ᠺᠢᠯᠤᠧᠠᠲ ᠤᠨ ᠴᠠᠬᠢᠯᠭᠠᠨ ᠦ᠋ᠯᠡᠳᠪᠤᠷᠢ᠂ | ᠥᠪᠤᠷ ᠮᠤᠩᠭᠤᠯ ᠤᠨ ᠵᠢᠩ ᠺᠧ ᠴᠠᠬᠢᠯᠭᠠᠨ ᠭᠠᠷᠭᠠᠬᠤ ᠬᠢᠵᠠᠭᠠᠷᠲᠦ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ | 1 × 35 ᠲᠦᠮᠡᠨ ᠺᠢᠯᠤᠧᠠᠲ ᠤᠨ ᠢᠯᠴᠢ ᠶᠢᠨ ᠴᠠᠬᠢᠯᠭᠠᠨ ᠤ ᠬᠠᠮᠲᠤᠷᠠᠭᠰᠠᠨ ᠲᠦᠷᠦᠯ ᠵᠦᠢᠯ ᠢ ᠪᠠᠶᠢᠭᠤᠯᠤᠨ᠎ᠠ᠃ | | ᠲᠦᠷᠪᠡᠳᠤᠭᠡᠷ ᠭᠡᠰᠡᠭ ᠳᠡᠮᠤᠷ ᠬᠠᠶᠢᠯᠤᠭᠤᠯᠬᠤ ᠵᠢᠴᠢ ᠪᠠᠷᠢᠯᠭ᠎ᠠ ᠶᠢᠨ ᠮᠠᠲᠧᠷᠢᠶᠠᠯ ᠤᠨ ᠦᠢᠯᠡᠰ | ᠲᠡᠮᠦᠷᠯᠢᠭ ᠬᠠᠶᠢᠯᠤᠭᠤᠯᠬᠤ ᠦᠢᠯᠡᠳᠬᠦᠨ ᠤ ᠲᠡᠰ ᠲᠡᠪᠰᠢᠬᠦ ᠶᠢ ᠢᠲᠡᠪᠬᠢᠲᠠᠢ ᠠᠬᠢᠭᠤᠯᠤᠨ᠎ᠠ᠃ ᠲᠡᠷᠢᠭᠦᠨ ᠤ | ᠮᠡᠷᠭᠡᠵᠢᠯ ᠢ ᠬᠡᠷᠡᠭᠯᠡᠨ᠂ ᠵᠡᠰ᠂ ᠴᠠᠶᠢᠷ ᠵᠡᠷᠭᠡ ᠦᠡᠭᠭᠡᠲᠦ ᠲᠡᠮᠦᠷᠯᠢᠭ ᠢ ᠬᠠᠶᠢᠯᠤᠭᠤᠯᠵᠦ ᠡᠳ᠋ᠰᠢᠬᠦᠯᠬᠦ ᠲᠦᠷᠦᠯ | ᠵᠦᠢᠯ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠡᠪᠴᠢᠶᠠᠵᠢᠯ ᠤᠨ ᠲᠠᠪᠠᠭᠤᠯᠢᠭ ᠢ ᠡᠷᠲᠡᠬᠡᠨ | ᠪᠦᠷᠢᠯᠳᠦᠭᠦᠯᠵᠦ᠂ ᠦᠡᠭᠭᠡᠲᠦ ᠲᠡᠮᠦᠷᠯᠢᠭ ᠬᠠᠷ᠎ᠠ ᠲᠡᠮᠦᠷᠯᠢᠭ ᠢ ᠠᠩᠬ᠎ᠠ ᠵᠡᠷᠭᠡ ᠶᠢᠨ ᠲᠡᠮᠦᠷᠯᠢᠭ ᠬᠠᠶᠢᠯᠤᠭᠤᠯᠬᠤ | ᠪᠠᠶᠢᠭᠰᠠᠨ ᠠᠴᠠ ᠨᠢ ᠶᠡᠷᠦᠩᠬᠡᠶᠢᠯᠡᠨ ᠡᠳ᠋ᠰᠢᠭᠦᠯᠬᠦ ᠲᠡᠰᠢ ᠲᠡᠪᠰᠢᠭᠦᠯᠦᠨ᠎ᠡ︔ ᠤᠯᠠᠭᠠᠨᠬᠤᠲᠠ ᠶᠢᠨ ᠪᠤᠯᠤᠳ | ᠲᠡᠮᠦᠷ ᠤᠨ ᠺᠤᠮᠫᠠᠨᠢ ᠨᠢ ᠤᠷᠴᠢᠨ ᠲᠤᠭᠤᠷᠢᠨ ᠢ ᠬᠠᠮᠠᠭᠠᠯᠠᠬᠤ ᠮᠡᠷᠭᠡᠵᠢᠯ ᠤᠨ ᠰᠢᠨᠡᠴᠢᠯᠡᠯᠲᠡ ᠶᠢᠨ ᠲᠦᠷᠦᠯ ᠵᠦᠢᠯ ᠢ | ᠪᠡᠶᠡᠯᠡᠭᠦᠯᠦᠭᠰᠡᠨ ᠰᠠᠭᠤᠷᠢᠨ ᠳᠤ ᠦᠢᠯᠡᠳᠬᠦᠨ ᠤ ᠪᠦᠲᠦᠴᠡ ᠳᠡᠭᠡᠨ ᠢᠲᠡᠪᠬᠢᠲᠠᠢ ᠲᠤᠬᠢᠷᠠᠭᠤᠯᠤᠯᠲᠠ ᠬᠢᠵᠦ᠂ | ᠤᠨᠴᠠ ᠲᠦᠷᠦᠯ ᠤᠨ ᠪᠤᠯᠤᠳ ᠮᠠᠲ᠋ᠧᠷᠢᠶᠠᠯ ᠤᠨ ᠦᠢᠯᠡᠳᠪᠤᠷᠢᠯᠡᠯ ᠢ ᠨᠡᠭᠡᠭᠡᠨ ᠬᠦᠭᠵᠢᠬᠦᠯᠵᠦ᠂ ᠨᠡᠭᠦᠵᠦ ᠰᠢᠯᠵᠢᠬᠦ | ᠦᠭᠡᠷᠡᠴᠢᠯᠡᠯᠲᠡ ᠶᠢᠨ ᠡᠮᠦᠨ᠎ᠡ ᠬᠤᠭᠤᠴᠠᠭᠠᠨ ᠤ ᠠᠵᠢᠯ ᠢ ᠬᠢᠵᠦ ᠡᠬᠢᠯᠡᠨ᠎ᠡ᠃ ︽ᠮᠠᠯᠲᠠᠬᠤ — ᠰᠤᠩᠭᠤᠬᠤ | — ᠬᠠᠶᠢᠯᠤᠭᠤᠯᠬᠤ — ᠡᠳ᠋ᠰᠢᠭᠦᠯᠬᠦ ︾ ᠦᠡᠭᠭᠡᠲᠦ ᠲᠡᠮᠦᠷᠯᠢᠭ ᠤᠨ ᠠᠵᠦ ᠦᠢᠯᠡᠰ ᠤᠨ ᠬᠡᠯᠬᠢᠶᠡᠰᠦ ᠶᠢ | ᠲᠦᠷᠭᠡᠨ ᠪᠠᠶᠢᠭᠤᠯᠵᠦ᠂ ᠬᠦᠡᠭᠭᠡᠨ ᠴᠠᠭᠠᠨ᠂ ᠴᠠᠶᠢᠷ᠂ ᠵᠡᠰ᠂ ᠮᠠᠬᠨᠢ ᠶᠢ ᠭᠦᠨ ᠡᠳ᠋ᠰᠢᠭᠦᠯᠬᠦ ᠠᠵᠦ ᠦᠢᠯᠡᠰ ᠤᠨ | ᠬᠦᠭᠵᠢᠯᠲᠡ ᠶᠢ ᠲᠦᠷᠭᠡᠳᠬᠡᠵᠦ᠂ ᠬᠦᠡᠭᠭᠡᠨ ᠴᠠᠭᠠᠨ ᠤ ᠬᠠᠶᠢᠯᠤᠰᠢ ᠬᠠᠪᠲᠠᠰᠦ᠂ ᠬᠦᠡᠭᠭᠡᠨ ᠴᠠᠭᠠᠨ ᠤ ᠬᠠᠶᠢᠯᠤᠰᠢ | ᠪᠦᠰᠡ᠂ ᠢᠯᠳᠠᠰᠦ ᠵᠢᠴᠢ ᠬᠦᠡᠭᠭᠡᠨ ᠴᠠᠭᠠᠨ ᠴᠠᠶᠢᠷ ᠤᠨ ᠬᠠᠶᠢᠯᠤᠰᠢ ᠬᠠᠪᠲᠠᠰᠦ᠂ ᠬᠦᠡᠭᠭᠡᠨ ᠴᠠᠭᠠᠨ ᠴᠠᠶᠢᠷ ᠬᠤᠪᠤᠷ | ᠰᠢᠷᠤᠢ ᠶᠢᠨ ᠬᠠᠶᠢᠯᠤᠰᠢ᠂ ᠵᠠᠰ ᠬᠠᠪᠲᠠᠰᠦ᠂ ᠵᠡᠰ ᠢᠯᠳᠠᠰᠦ᠂ ᠴᠠᠬᠢᠯᠭᠠᠨ ᠲᠡᠭᠡᠰᠦ ᠪᠠ ᠮᠠᠬᠨᠢ ᠬᠦᠡᠭᠭᠡᠨ ᠴᠠᠭᠠᠨ ᠤ | ᠬᠠᠶᠢᠯᠤᠰᠢ ᠵᠡᠷᠭᠡ ᠶᠡᠭᠡ ᠨᠡᠮᠡᠯᠲᠡ ᠦᠷᠲᠡᠭ ᠪᠦᠬᠦᠢ ᠲᠤᠤᠷᠠᠳᠤ ᠦᠢᠯᠡᠳᠬᠦᠨ ᠢ ᠭᠤᠤᠯᠳᠠᠯᠭ᠎ᠠ ᠪᠤᠯᠭᠠᠨ ᠨᠡᠭᠡᠭᠡᠨ | ᠬᠦᠭᠵᠢᠭᠦᠯᠦᠨ᠎ᠡ᠃ ᠡᠷᠬᠢᠨ ᠲᠤᠭᠤᠷᠢᠨ ᠤ ᠭᠠᠵᠠᠷ ᠤᠷᠤᠨ ᠪᠤᠯᠤᠨ ᠬᠢᠯᠢ ᠶᠢᠨ ᠭᠠᠳᠠᠨᠠᠬᠢ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠨ᠎ᠠ᠃ | ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠤᠨ ᠬᠦᠭᠵᠢᠯᠲᠡ ᠶᠢ ᠢᠲᠡᠪᠬᠢᠲᠠᠢ ᠠᠬᠢᠭᠤᠯᠤᠨ᠎ᠠ᠃ | ᠬᠦᠡᠭᠭᠡᠨ ᠴᠠᠭᠠᠨ ᠰᠦᠯᠢᠶᠤᠤ ᠬᠠᠪᠲᠠᠰᠦ᠂ ᠬᠦᠡᠭᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ᠂ ᠬᠦᠡᠭᠭᠡᠨ ᠴᠠᠭᠠᠨ | ᠮᠤᠳᠦ ᠶᠢᠨ ᠨᠡᠶᠢᠯᠡᠮᠡᠯ ᠮᠠᠲ᠋ᠧᠷᠢᠶᠠᠯ ᠵᠡᠷᠭᠡ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠤᠨ | ᠬᠦᠭᠵᠢᠯᠲᠡ ᠶᠢ ᠢᠲᠡᠪᠬᠢᠲᠠᠢ ᠠᠬᠢᠭᠤᠯᠤᠨ᠎ᠠ︔ ᠰᠢᠨ᠎ᠡ ᠮᠠᠶ᠋ᠢᠭ ᠤᠨ ᠱᠦᠢᠨᠢ ᠪᠠᠷᠢᠯᠭ᠎ᠠ ᠶᠢᠨ ᠮᠠᠲ᠋ᠧᠷᠢᠶᠠᠯ ᠤᠨ ᠠᠵᠦ | ᠦᠢᠯᠡᠳᠪᠤᠷᠢ ᠶᠢ ᠲᠦᠷᠭᠡᠨ ᠬᠦᠭᠵᠢᠬᠦᠯᠵᠦ᠂ ᠬᠡᠮᠬᠡᠳᠡᠭ ᠨᠡᠭᠦᠷᠡᠰᠦ ᠶᠢᠨ ᠦᠨᠡᠰᠦ᠂ ᠭᠦᠧᠧᠯᠦ ᠶᠢᠨ ᠰᠢᠭᠠᠷᠤ ᠪᠤᠯᠤᠨ | ᠬᠦᠬᠦᠷᠳᠤ ᠴᠤᠬᠤᠢ ᠵᠡᠷᠭᠡ ᠠᠵᠦ ᠦᠢᠯᠡᠳᠪᠤᠷᠢ ᠶᠢᠨ ᠬᠠᠶᠠᠭᠳᠠᠮᠠᠯ ᠪᠤᠳᠠᠰ ᠢ ᠠᠰᠢᠬᠯᠠᠨ ᠬᠡᠮᠬᠡᠳᠡᠭ ᠨᠡᠭᠦᠷᠡᠰᠦ ᠶᠢᠨ | ᠦᠨᠡᠰᠦ ᠶᠡᠭᠡ ᠬᠤᠯᠢᠭᠰᠠᠨ ᠱᠦᠢᠨᠢ᠂ ᠱᠦᠢᠨᠢ ᠶᠢᠨ ᠢᠳᠡᠭᠡᠰᠢᠭᠰᠡᠨ ᠮᠠᠲ᠋ᠧᠷᠢᠶᠠᠯ ᠪᠤᠯᠤᠨ ᠪᠠᠷᠢᠯᠭ᠎ᠠ ᠳᠤ ᠬᠡᠷᠡᠭᠯᠡᠬᠦ | ᠬᠦᠨᠳᠡᠢ ᠭᠤᠤᠯ ᠲᠠᠢ ᠬᠡᠷᠴᠢᠮᠡᠯ᠂ ᠬᠡᠢ ᠤᠷᠤᠭᠤᠯᠤᠭᠰᠠᠨ ᠪᠧᠲ᠋ᠤᠨ ᠤ ᠬᠡᠷᠴᠢᠮᠡᠯ ᠵᠡᠷᠭᠡ ᠰᠢᠨ᠎ᠡ ᠮᠠᠶ᠋ᠢᠭ ᠤᠨ | ᠪᠠᠷᠢᠯᠭ᠎ᠠ ᠶᠢᠨ ᠮᠠᠲ᠋ᠧᠷᠢᠶᠠᠯ ᠢ ᠦᠢᠯᠡᠳᠪᠤᠷᠢᠯᠡᠵᠦ᠂ ︽ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ ᠶᠢ ᠨᠡᠭᠡᠭᠡᠨ | ᠠᠰᠢᠬᠯᠠᠬᠤ — ᠡᠳ᠋ᠰᠢᠬᠦᠯᠬᠦ — ᠶᠡᠷᠦᠩᠬᠡᠶᠢᠯᠡᠨ ᠠᠰᠢᠬᠯᠠᠬᠤ︾ ᠠᠵᠦ ᠦᠢᠯᠡᠰ ᠤᠨ ᠬᠡᠯᠬᠢᠶᠡᠰᠦ ᠶᠢ | ᠪᠠᠶᠢᠭᠤᠯᠤᠨ᠎ᠠ︔ ᠭᠤᠤ ᠯᠢᠩ ᠰᠢᠷᠤᠢ᠂ ᠴᠠᠭᠠᠨ ᠯᠠᠭ ᠤᠨ ᠡᠬᠢ ᠪᠠᠶᠠᠯᠢᠭ ᠢ ᠠᠰᠢᠬᠯᠠᠨ᠂ ᠪᠠᠷᠢᠯᠭ᠎ᠠ ᠶᠢᠨ ᠱᠠᠭᠠᠵᠠᠩ | ᠲᠤᠭᠤᠰᠬ᠎ᠠ ᠶᠢᠨ ᠮᠠᠲ᠋ᠧᠷᠢᠶᠠᠯ ᠤᠨ ᠠᠵᠦ ᠦᠢᠯᠡᠰ ᠢ ᠢᠲᠡᠪᠬᠢᠲᠠᠢ ᠬᠦᠭᠵᠢᠬᠦᠯᠦᠨ᠎ᠡ᠃ | ᠲᠠᠪᠤᠳᠤᠭᠠᠷ ᠬᠡᠰᠡᠭ ᠲᠠᠷᠢᠮᠠᠯ ᠤᠨ ᠡᠰᠢ ᠰᠦᠷᠡᠯ ᠤᠨ ᠠᠵᠦ ᠦᠢᠯᠡᠰ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ ᠶᠢᠨ ᠲᠦᠪᠰᠢᠨ ᠢ ᠲᠡᠭᠡᠭᠰᠢᠯᠡᠭᠦᠯᠵᠦ᠂ | ᠲᠠᠷᠢᠮᠠᠯ ᠤᠨ ᠡᠰᠢ ᠰᠦᠷᠡᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠠᠵᠢᠯ ᠢ ᠠᠬᠢᠭᠤᠯᠤᠨ᠂ | ᠲᠠᠷᠢᠶᠠᠯᠠᠩ ᠤᠨ ᠬᠠᠷᠢᠴᠠᠭᠤᠯᠤᠭᠰᠠᠨ ᠦᠷ᠎ᠡ ᠠᠰᠢᠬ ᠪᠤᠯᠤᠨ ᠤᠨᠠᠯᠲᠠ ᠶᠢᠨ ᠠᠰᠢᠬᠯᠠᠮᠵᠢ ᠶᠢ ᠲᠡᠭᠡᠭᠰᠢᠯᠡᠭᠦᠯᠦᠨ᠎ᠡ᠃ | ᠮᠠᠨ ᠤ ᠠᠶᠢᠮᠠᠭ ᠤᠨ ᠡᠯᠪᠡᠭ ᠪᠠᠶᠠᠯᠢᠭ ᠲᠠᠷᠢᠮᠠᠯ ᠤᠨ ᠡᠰᠢ ᠰᠦᠷᠡᠯ ᠤᠨ ᠡᠬᠢ ᠪᠠᠶᠠᠯᠢᠭ ᠢ ᠠᠰᠢᠬᠯᠠᠨ᠂ ᠪᠤᠷᠳᠤᠭ᠎ᠠ᠂ | ᠪᠤᠷᠳᠤᠭᠤᠷ᠂ ᠴᠠᠭᠠᠰᠦ ᠬᠢᠬᠦ᠂ ᠬᠡᠪᠰᠢᠭᠦᠯᠦᠭᠰᠡᠨ ᠰᠢᠲᠠᠭᠠᠯᠭ᠎ᠠ᠂ ᠨᠠᠮᠤᠭ ᠤᠨ ᠬᠡᠢ ᠪᠤᠯᠤᠨ ᠰᠢᠩᠭᠡᠨᠵᠢᠭᠦᠯᠦᠭᠰᠡᠨ | ᠰᠢᠲᠠᠮᠠᠬᠠᠢ ᠬᠡᠢ᠂ ᠴᠠᠬᠢᠯᠭᠠᠨ ᠭᠠᠷᠭᠠᠬᠤ᠂ ᠰᠢᠷᠬᠡᠭᠯᠢᠭ ᠡᠳ᠋ ᠢᠶᠠᠷ ᠬᠢᠭᠰᠡᠨ ᠡᠲ᠋ᠢᠯ ᠠᠯᠺᠤᠤᠯ᠂ ᠪᠠᠷᠢᠯᠭ᠎ᠠ ᠶᠢᠨ | ᠮᠠᠲ᠋ᠧᠷᠢᠶᠠᠯ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ᠂ ᠢᠳᠡᠭᠡᠨ ᠤ ᠮᠦᠬᠦ ᠶᠢᠨ ᠰᠠᠭᠤᠷᠢ ᠮᠠᠲ᠋ᠧᠷᠢᠶᠠᠯ | ᠵᠡᠷᠭᠡ ᠠᠷᠪᠠᠨ ᠶᠡᠭᠡ ᠰᠢᠷᠢᠰ ᠠᠵᠦ ᠦᠢᠯᠡᠰ ᠢ ᠬᠦᠭᠵᠢᠭᠦᠯᠦᠨ᠎ᠡ᠂ 2020 ᠤᠨ ᠪᠤᠯᠬᠤ ᠳᠤ᠂ ᠪᠦᠬᠦ ᠠᠶᠢᠮᠠᠭ ᠤᠨ | ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠭᠰᠠᠨ ᠨᠤᠷᠮ᠎ᠠ ᠶᠢ 80% ᠲᠤ ᠬᠦᠷᠭᠡᠵᠦ᠂ ᠤᠯᠤᠰ ᠤᠨ | ᠲᠡᠰ ᠤᠨ ᠲᠠᠷᠢᠮᠠᠯ ᠤᠨ ᠡᠰᠢ ᠰᠦᠷᠡᠯ ᠤᠨ ᠠᠵᠦ ᠦᠢᠯᠡᠰ ᠤᠨ ᠵᠢᠱᠢᠶ᠎ᠡ ᠦᠵᠡᠬᠦᠯᠬᠦ ᠲᠤᠭᠤᠷᠢᠭ ᠪᠤᠯᠭᠠᠨ᠎ᠠ᠃ | | ᠲᠤᠯᠤᠳᠤᠭᠠᠷ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠦ ᠦᠢᠯᠡᠰ ᠢ | ᠢᠲᠡᠪᠬᠢᠲᠠᠢ ᠬᠦᠭᠵᠢᠭᠦᠯᠦᠨ᠎ᠡ | ᠨᠢᠭᠡᠳᠦᠭᠡᠷ ᠬᠡᠰᠡᠭ ᠥᠪᠡᠷᠮᠢᠴᠡ ᠤᠨᠴᠠᠯᠢᠬᠲᠦ ᠠᠮᠢᠳᠤ ᠪᠤᠳᠠᠰ ᠤᠨ ᠡᠮ ᠦᠢᠯᠡᠳᠬᠦ ᠠᠵᠦ ᠦᠢᠯᠡᠰ | ᠤᠯᠠᠭᠠᠨᠬᠤᠲᠠ ᠶᠢᠨ ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠢᠶᠠᠷ ᠠᠴᠢᠶᠠᠯᠠᠪᠤᠷᠢ ᠪᠤᠯᠭᠠᠵᠦ᠂ | ᠥᠪᠤᠷ ᠮᠤᠩᠭᠤᠯ ᠤᠨ ᠤᠲᠠᠴᠢ ᠮᠤᠩᠭᠤᠯ ᠡᠮ ᠤᠨ ᠬᠤᠪᠢ ᠨᠡᠶᠢᠯᠡᠭᠦᠯᠦᠭᠰᠡᠨ ᠺᠤᠮᠫᠠᠨᠢ᠂ ᠥᠪᠤᠷ ᠮᠤᠩᠭᠤᠯ ᠤᠨ ᠪᠠᠢ | ᠢ ᠡᠮ ᠦᠢᠯᠡᠳᠬᠦ ᠬᠤᠪᠢ ᠨᠡᠶᠢᠯᠡᠭᠦᠯᠦᠭᠰᠡᠨ ᠺᠤᠮᠫᠠᠨᠢ ᠵᠡᠷᠭᠡ ᠲᠤᠯᠤᠭᠠᠢᠢᠯᠠᠭᠴᠢ ᠠᠵᠦ ᠠᠬᠤᠢᠢᠯᠠᠯ ᠢᠶᠠᠷ ᠲᠦᠰᠢᠭ | ᠪᠤᠯᠭᠠᠵᠦ᠂ ᠡᠯᠪᠡᠭ ᠪᠠᠶᠠᠯᠢᠭ ᠡᠮ ᠳᠤ ᠤᠷᠤᠬᠤ ᠤᠷᠭᠤᠮᠠᠯ ᠪᠤᠯᠤᠨ ᠠᠮᠢᠳᠠᠨ ᠤ ᠡᠷᠬᠡᠲᠡᠨ ᠵᠡᠷᠭᠡ ᠡᠬᠢ ᠪᠠᠶᠠᠯᠢᠭ ᠢ | ᠬᠦᠢᠴᠡᠳ ᠠᠰᠢᠬᠯᠠᠨ᠂ ᠠᠮᠢᠳᠤ ᠪᠤᠳᠠᠰ ᠤᠨ ᠲᠤᠷᠰᠢᠬᠤ ᠡᠮ᠂ ᠠᠮᠢᠳᠤ ᠪᠤᠳᠠᠰ ᠤᠨ ᠪᠠᠭᠠᠵᠢ ᠬᠡᠷᠡᠭᠯᠡᠭᠦᠷ ᠤᠨ | ᠢᠰᠭᠡᠭᠦᠷ ᠪᠤᠯᠤᠨ ᠤᠯᠠᠨ ᠵᠦᠢᠯ ᠤᠨ ᠠᠮᠢᠳᠤ ᠪᠤᠳᠠᠰ ᠬᠢᠮᠢ ᠶᠢᠨ ᠲᠦᠭᠦᠬᠡᠢ ᠮᠠᠲ᠋ᠧᠷᠢᠶᠠᠯ ᠤᠨ ᠡᠮ ᠢ ᠢᠲᠡᠪᠬᠢᠲᠠᠢ | ᠰᠤᠳᠤᠯᠵᠦ ᠭᠠᠷᠭᠠᠨ᠎ᠠ᠃ ᠠᠮᠢᠳᠤ ᠪᠤᠳᠠᠰ ᠤᠨ ᠡᠮ ᠡᠮᠨᠡᠯᠭᠡ ᠶᠢᠨ ᠠᠵᠦ ᠦᠢᠯᠡᠰ ᠤᠨ ᠴᠤᠭᠯᠠᠷᠠᠯ ᠤᠨ | ᠪᠠᠶᠢᠭᠤᠯᠤᠯᠲᠠ ᠶᠢ ᠲᠦᠷᠭᠡᠳᠭᠡᠨ᠂ ᠠᠮᠢᠳᠤ ᠪᠤᠳᠠᠰ ᠤᠨ ᠡᠮ ᠦᠢᠯᠡᠳᠬᠦ ᠠᠵᠦ ᠠᠬᠤᠢᠢᠯᠠᠯ ᠤᠨ ᠲᠠᠷᠠᠬᠠᠢ᠂ ᠵᠢᠵᠢᠭ | ᠂ ᠪᠠᠭᠤᠷᠠᠢ ᠪᠠᠶᠢᠬᠤ ᠪᠠᠶᠢᠳᠠᠯ ᠢ ᠬᠤᠪᠢᠷᠠᠭᠤᠯᠤᠨ᠎ᠠ ᠃ ᠬᠢᠲᠠᠳ ᠮᠤᠩᠭᠤᠯ ᠡᠮ ᠡᠮᠨᠡᠯᠭᠡ ᠶᠢᠨ ᠠᠵᠦ ᠦᠢᠯᠡᠰ ᠢ | ᠶᠡᠬᠡᠪᠡᠷ ᠬᠦᠭᠵᠢᠬᠦᠯᠵᠦ᠂ ᠭᠠᠵᠠᠷ ᠤᠷᠤᠨ ᠤ ᠤᠨᠴᠠᠯᠢᠭ ᠲᠠᠢ᠂ ᠦᠨᠳᠦᠰᠦᠲᠡᠨ ᠤ ᠤᠨᠴᠠᠯᠢᠭ ᠲᠠᠢ᠂ ᠪᠡᠶ᠎ᠡ ᠪᠠᠨ | ᠲᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠬᠡ ᠲᠠᠢ ᠰᠢᠨ᠎ᠡ ᠡᠮ ᠪᠤᠯᠤᠨ ᠬᠢᠲᠠᠳ ᠮᠤᠩᠭᠤᠯ ᠡᠮ ᠤᠨ ᠬᠠᠪᠲᠠᠭᠠᠢ | ᠡᠮ ᠢ ᠭᠤᠤᠯᠳᠠᠯᠭ᠎ᠠ ᠪᠤᠯᠭᠠᠨ ᠰᠤᠳᠤᠯᠵᠦ ᠭᠠᠷᠭᠠᠨ᠂ ᠬᠢᠲᠠᠳ ᠮᠤᠩᠭᠤᠯ ᠡᠮ ᠤᠨ ᠨᠡᠷᠡᠲᠦ ᠲᠦᠷᠦᠯ ᠲᠡᠮᠳᠡᠭ ᠢ | ᠴᠢᠷᠮᠠᠶᠢᠨ ᠡᠭᠦᠳᠦᠨ᠎ᠡ᠃ 2020 ᠤᠨ ᠪᠤᠯᠬᠤ ᠳᠤ᠂ ᠪᠤᠷᠤᠯᠠᠭᠤᠯᠭ᠎ᠠ ᠶᠢᠨ ᠤᠷᠤᠯᠭ᠎ᠠ ᠨᠢ ᠮᠢᠩᠭᠠᠨ ᠲᠦᠮᠡᠨ | ᠲᠦᠭᠦᠷᠢᠭ ᠢ ᠲᠠᠪᠠᠭᠰᠠᠨ ᠬᠢᠲᠠᠳ ᠮᠤᠩᠭᠤᠯ ᠡᠮ ᠦᠢᠯᠡᠳᠬᠦ ᠠᠵᠦ ᠠᠬᠤᠢᠢᠯᠠᠯ ᠢ 5 — 6 ᠪᠤᠶᠢᠵᠢᠭᠤᠯᠵᠦ᠂ | ᠪᠦᠬᠦ ᠠᠶᠢᠮᠠᠭ ᠤᠨ ᠠᠮᠢᠳᠤ ᠪᠤᠳᠠᠰ ᠤᠨ ᠡᠮ ᠦᠢᠯᠡᠳᠬᠦ ᠦᠢᠯᠡᠰ ᠤᠨ ᠨᠡᠮᠡᠭᠳᠡᠯ ᠦᠷᠲᠡᠭ ᠢ 4 ᠳ᠋ᠦᠩᠰᠢᠭᠤᠷ | ᠲᠦᠭᠦᠷᠢᠭ ᠲᠤ ᠬᠦᠷᠭᠡᠵᠦ᠂ ᠴᠢᠷᠮᠠᠶᠢᠵᠦ ᠪᠠᠶᠢᠭᠠᠳ ᠬᠢᠨᠭ᠍ᠭᠠᠨ ᠠᠶᠢᠮᠠᠭ ᠢᠶᠠᠨ ᠪᠦᠬᠦ ᠤᠷᠤᠨ ᠤ ᠭᠤᠤᠯ ᠪᠤᠯᠬᠤ | ᠮᠤᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠤᠯᠤᠨ ᠦᠢᠯᠡᠳᠪᠤᠷᠢᠯᠡᠯ ᠤᠨ ᠰᠠᠭᠤᠷᠢᠨ ᠭᠠᠵᠠᠷ | ᠪᠤᠯᠭᠠᠨ᠎ᠠ᠃ | ᠬᠤᠶᠠᠳᠤᠭᠠᠷ ᠬᠡᠰᠡᠭ ᠠᠮᠢᠳᠤ ᠪᠤᠳᠠᠰ ᠤᠨ ᠡᠭᠦᠯᠳᠡᠷ ᠪᠤᠶᠢᠵᠢᠭᠤᠯᠬᠤ ᠠᠵᠦ ᠦᠢᠯᠡᠰ | ᠮᠠᠨ ᠤ ᠠᠶᠢᠮᠠᠭ ᠤᠨ ᠲᠠᠷᠢᠶᠠᠯᠠᠩ ᠮᠠᠯ ᠠᠵᠦ ᠠᠬᠤᠢ ᠶᠢᠨ ᠠᠮᠢᠳᠤ ᠪᠤᠳᠠᠰ ᠤᠨ ᠡᠯᠪᠡᠭ ᠲᠡᠯᠪᠡᠭ | ᠡᠬᠢ ᠪᠠᠶᠠᠯᠢᠭ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠠᠮᠢᠳᠤ ᠪᠤᠳᠠᠰ ᠤᠨ ᠡᠭᠦᠯᠳᠡᠷ ᠪᠤᠶᠢᠵᠢᠭᠤᠯᠬᠤ | ᠪᠠ ᠲᠠᠷᠢᠶᠠᠯᠠᠩ ᠳᠤ ᠬᠡᠷᠡᠭᠯᠡᠬᠦ ᠠᠮᠢᠳᠤ ᠪᠤᠳᠠᠰ ᠤᠨ ᠪᠦᠲᠦᠭᠡᠭᠳᠡᠬᠦᠨ ᠤ ᠮᠡᠷᠭᠡᠵᠢᠯ ᠢ ᠤᠷᠤᠭᠤᠯᠤᠨ ᠠᠪᠴᠢᠷᠠᠬᠤ ᠪᠠ | ᠰᠤᠳᠤᠯᠵᠦ ᠭᠠᠷᠭᠠᠬᠤ ᠠᠵᠢᠯ ᠢ ᠴᠢᠩᠭᠠᠳᠬᠠᠨ᠎ᠠ᠃ ᠲᠠᠷᠢᠶᠠᠯᠠᠩ ᠤᠢ ᠰᠢᠭᠤᠢ ᠠᠮᠢᠲᠠᠨ ᠤᠷᠭᠤᠮᠠᠯ ᠤᠨ ᠭᠠᠷᠤᠯᠲᠠ | ᠶᠡᠬᠡᠲᠠᠢ᠂ ᠴᠢᠨᠠᠷ ᠰᠠᠶᠢᠲᠠᠢ᠂ ᠪᠦᠲᠦᠮᠵᠢ ᠶᠡᠬᠡᠲᠠᠢ ᠰᠢᠨ᠎ᠡ ᠡᠭᠦᠯᠳᠡᠷ ᠢ ᠶᠡᠬᠡᠪᠡᠷ ᠨᠡᠭᠡᠭᠡᠨ ᠬᠦᠭᠵᠢᠬᠦᠯᠵᠦ᠂ ᠮᠠᠨ ᠤ | ᠠᠶᠢᠮᠠᠭ ᠤᠨ ᠦᠭᠡᠷ᠂ ᠬᠤᠨᠢ᠂ ᠭᠠᠭ᠋ᠠᠢ᠂ ᠵᠢᠭᠦᠷᠲᠡᠨ ᠪᠤᠯᠤᠨ ᠡᠷᠳᠡᠨᠢ ᠰᠢᠰᠢ᠂ ᠤᠰᠤᠨ ᠲᠤᠲᠤᠷᠭ᠎ᠠ᠂ ᠪᠤᠭᠤᠲᠠᠢ᠂ | ᠪᠤᠷᠴᠠᠭ᠂ ᠰᠢᠯᠢᠮᠳᠡᠭ᠂ ᠲᠦᠮᠦᠰᠦ ᠵᠡᠷᠭᠡ ᠠᠮᠢᠲᠠᠨ ᠤᠷᠭᠤᠮᠠᠯ ᠤᠨ ᠴᠢᠬᠤᠯᠠ ᠶᠡᠭᠡ ᠰᠢᠨ᠎ᠡ ᠡᠭᠦᠯᠳᠡᠷ ᠢ | ᠪᠤᠶᠢᠵᠢᠭᠤᠯᠬᠤ᠂ ᠦᠷᠡᠵᠢᠬᠦᠯᠬᠦ ᠪᠠ ᠠᠵᠦ ᠦᠢᠯᠡᠰᠵᠢᠭᠦᠯᠬᠦ ᠠᠵᠢᠯ ᠢ ᠭᠤᠤᠯᠳᠠᠯᠭ᠎ᠠ ᠲᠠᠢ ᠠᠬᠢᠭᠤᠯᠤᠨ᠎ᠠ᠃ | ᠮᠤᠯᠧᠺᠦ᠋ᠯ ᠢᠶᠠᠷ ᠡᠭᠦᠯᠳᠡᠷ ᠪᠤᠶᠢᠵᠢᠭᠤᠯᠬᠤ᠂ ᠡᠰ ᠢᠶᠠᠷ ᠡᠭᠦᠯᠳᠡᠷ ᠪᠤᠶᠢᠵᠢᠭᠤᠯᠬᠤ᠂ ᠰᠠᠨᠰᠠᠷ ᠤᠨ ᠠᠶᠠᠯᠠᠯ ᠤᠨ | ᠠᠮᠢᠳᠤ ᠪᠤᠳᠠᠰ ᠤᠨ ᠢᠨᠵᠧᠨᠧᠷᠢᠩ᠂ ᠬᠦᠪᠦᠷᠡᠯ ᠰᠢᠯᠵᠢᠬᠦᠯᠬᠦ ᠵᠡᠷᠭᠡ ᠤᠳᠤ ᠦᠶ᠎ᠡ ᠶᠢᠨ ᠠᠮᠢᠳᠤ ᠪᠤᠳᠠᠰ ᠤᠨ | ᠮᠡᠷᠭᠡᠵᠢᠯ ᠢ ᠤᠷᠤᠭᠤᠯᠤᠨ ᠠᠪᠴᠢᠷᠠᠵᠦ᠂ ᠡᠩ ᠤᠨ ᠡᠭᠦᠯᠳᠡᠷ ᠪᠤᠶᠢᠵᠢᠭᠤᠯᠬᠤ ᠮᠠᠷᠭᠡᠵᠢᠯ ᠲᠠᠢ ᠤᠶᠠᠯᠳᠤᠭᠤᠯᠤᠨ | ᠬᠡᠷᠡᠭᠯᠡᠵᠦ᠂ ᠤᠨᠴᠠᠭᠠᠢ ᠶᠡᠭᠡ ᠤᠨᠠᠯᠲᠠ ᠲᠠᠢ᠂ ᠬᠠᠳᠠᠭᠠᠯᠠᠬᠤ ᠳᠤ ᠠᠮᠠᠷᠬᠠᠨ ᠪᠦᠭᠡᠳ ᠲᠡᠰᠪᠤᠷᠢᠲᠠᠢ᠂ ᠰᠢᠮ᠎ᠡ | ᠲᠡᠵᠢᠭᠡᠯ ᠶᠡᠭᠡ ᠵᠡᠷᠭᠡ ᠰᠢᠨ᠎ᠡ ᠡᠭᠦᠯᠳᠡᠷ ᠢ ᠪᠤᠶᠢᠵᠢᠭᠤᠯᠤᠨ ᠭᠠᠷᠭᠠᠨ᠎ᠠ᠃ ᠵᠢᠮᠢᠰ ᠢᠳᠡᠰᠢᠨ ᠨᠤᠭᠤᠭ᠎ᠠ᠂ | ᠦᠵᠡᠮᠤᠷᠢ ᠶᠢᠨ ᠡᠪᠡᠰᠦ ᠴᠡᠴᠡᠭ ᠪᠤᠯᠤᠨ ᠤᠢ ᠮᠤᠳᠤ ᠵᠡᠷᠭᠡ ᠠᠮᠢᠳᠤ ᠪᠤᠳᠠᠰ ᠤᠨ ᠡᠭᠦᠯᠳᠡᠷ ᠪᠤᠶᠢᠵᠢᠭᠤᠯᠬᠤ ᠲᠡᠭᠡᠳᠦ | ᠲᠡᠰ ᠤᠨ ᠮᠡᠷᠭᠡᠵᠢᠯ ᠢ ᠶᠡᠬᠡᠪᠡᠷ ᠤᠷᠤᠭᠤᠯᠤᠨ ᠠᠪᠴᠢᠷᠠᠵᠦ ᠲᠡᠯᠭᠡᠷᠡᠭᠦᠯᠦᠨ᠎ᠡ᠃ 2020 ᠤᠨ ᠪᠤᠯᠬᠤ ᠳᠤ᠂ 1 | — 2 ᠠᠮᠢᠳᠤ ᠪᠤᠳᠠᠰ ᠤᠨ ᠡᠭᠦᠯᠳᠡᠷ ᠪᠤᠶᠢᠵᠢᠭᠤᠯᠬᠤ ᠲᠤᠯᠤᠭᠠᠶᠢᠯᠠᠭᠴᠢ ᠠᠵᠦ ᠠᠬᠤᠶᠢᠯᠠᠯ ᠢ ᠪᠤᠶᠢᠵᠢᠭᠤᠯᠤᠨ᠎ᠠ᠃ | | ᠭᠤᠷᠪᠠᠳᠤᠭᠠᠷ ᠬᠡᠰᠡᠭ ᠰᠢᠨ᠎ᠡ ᠡᠨᠧᠷᠭᠢ ᠶᠢᠨ ᠠᠵᠦ ᠦᠢᠯᠡᠰ | ᠲᠡᠷᠢᠭᠦᠨ ᠤ ᠮᠡᠷᠭᠡᠵᠢᠯ ᠢ ᠢᠲᠡᠪᠬᠢᠲᠠᠢ ᠬᠡᠷᠡᠭᠯᠡᠨ᠂ ᠰᠠᠯᠬᠢᠨ ᠤ ᠬᠦᠴᠦ ᠶᠢᠨ ᠴᠠᠬᠢᠯᠭᠠᠨ᠂ ᠨᠠᠷᠠᠨ ᠤ | ᠡᠨᠧᠷᠭᠢ᠂ ᠠᠮᠢᠳᠤ ᠪᠤᠳᠠᠰ ᠤᠨ ᠡᠨᠧᠷᠭᠢ ᠵᠡᠷᠭᠡ ᠲᠠᠬᠢᠨ ᠡᠭᠦᠰᠴᠤ ᠪᠤᠯᠬᠤ ᠡᠨᠧᠷᠬᠢ ᠶᠢ ᠨᠡᠭᠡᠭᠡᠨ ᠠᠰᠢᠬᠯᠠᠬᠤ | ᠠᠵᠢᠯ ᠢ ᠴᠢᠩᠭᠠᠳᠬᠠᠵᠦ᠂ ᠲᠠᠷᠬᠠᠯᠲᠠ ᠶᠢᠨ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠬᠡᠷᠡᠭᠯᠡᠯᠲᠡ ᠶᠢ | ᠢᠲᠡᠪᠬᠢᠲᠠᠢ ᠲᠡᠯᠭᠡᠷᠡᠭᠦᠯᠦᠨ᠎ᠡ᠃ ᠲᠤᠬᠤᠮ ᠪᠤᠯᠤᠨ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠵᠠᠭᠤᠨ | ᠲᠦᠮᠡᠨ ᠺᠢᠯᠤᠸᠠᠲ ᠤᠨ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ︔ ᠬᠡᠷᠡᠯ ᠴᠡᠨᠡᠭ ᠢᠶᠠᠷ ᠶᠠᠳᠠᠭᠤ ᠶᠢ ᠲᠡᠳᠭᠦᠬᠦ ᠪᠠ | ᠲᠦᠬᠦᠭᠡᠷᠦᠮᠵᠢᠲᠦ ᠲᠠᠷᠢᠶᠠᠯᠠᠩ ᠮᠠᠯ ᠠᠵᠦ ᠠᠬᠤᠢ ᠶᠢ ᠤᠶᠠᠯᠳᠤᠭᠤᠯᠬᠤ ᠪᠠᠷ ᠭᠤᠤᠯᠳᠠᠯᠭ᠎ᠠ ᠪᠤᠯᠭᠠᠵᠦ᠂ ᠨᠠᠷᠠᠨ ᠤ | ᠡᠨᠧᠷᠬᠢ ᠪᠠᠷ ᠴᠠᠬᠢᠯᠭᠠᠨ ᠭᠠᠷᠭᠠᠬᠤ ᠠᠵᠢᠯ ᠢ ᠢᠲᠡᠪᠬᠢᠲᠠᠢ ᠬᠦᠭᠵᠢᠭᠦᠯᠦᠨ᠎ᠡ︔ ᠰᠤᠯᠤᠨ ᠤ 120 ᠲᠦᠮᠡᠨ | ᠺᠢᠯᠤᠸᠠᠲ ᠤᠨ ᠤᠰᠤ ᠲᠠᠲᠠᠵᠦ ᠡᠨᠧᠷᠬᠢ ᠬᠠᠳᠠᠭᠠᠯᠠᠬᠤ ᠴᠠᠬᠢᠯᠭᠠᠨ ᠰᠲ᠋ᠠᠨ᠋ᠽᠢ ᠶᠢ ᠪᠠᠶᠢᠭᠤᠯᠵᠦ ᠡᠬᠢᠯᠡᠬᠦ ᠪᠠᠷ | ᠴᠢᠷᠮᠠᠶᠢᠨ᠎ᠠ︔ ᠠᠮᠢᠳᠦ ᠪᠤᠳᠠᠰ ᠤᠨ ᠰᠢᠲᠠᠮᠠᠬᠠᠢ ᠬᠡᠢ ᠶᠢᠨ ᠲᠦᠷᠦᠯ ᠵᠦᠢᠯ ᠢ ᠶᠡᠬᠡᠪᠡᠷ ᠬᠦᠭᠵᠢᠬᠦᠯᠤᠨ᠎ᠠ᠂ | ᠭᠤᠤᠯᠳᠠᠯᠭ᠎ᠠ ᠨᠢ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠤᠸᠠᠨ | ᠰᠢᠶᠠᠨ ᠳᠤ ᠠᠮᠢᠳᠦ ᠪᠤᠳᠠᠰ ᠤᠨ ᠰᠢᠲᠠᠮᠠᠬᠠᠢ ᠬᠡᠢ ᠶᠢᠨ ᠲᠦᠷᠦᠯ ᠵᠦᠢᠯ ᠢ ᠲᠦᠯᠦᠪᠯᠡᠵᠦ ᠪᠠᠶᠢᠭᠤᠯᠤᠨ᠎ᠠ᠃ 2020 | ᠤᠨ ᠪᠤᠯᠬᠤ ᠳᠤ᠂ ᠪᠦᠬᠦ ᠠᠶᠢᠮᠠᠭ ᠤᠨ ᠴᠡᠪᠡᠷ ᠡᠨᠧᠷᠭᠢ ᠪᠤᠯᠭᠠᠨ ᠬᠤᠪᠢᠷᠠᠭᠤᠯᠬᠤ ᠴᠠᠬᠢᠯᠭᠠᠨ ᠬᠦᠴᠦᠨ ᠤ ᠮᠠᠰᠢᠨ | ᠴᠤᠭᠴᠠᠯᠠᠪᠤᠷᠢ ᠶᠢᠨ ᠬᠡᠪᠴᠢᠶ᠎ᠡ ᠶᠢ 585 ᠲᠦᠮᠡᠨ ᠺᠢᠯᠤᠸᠠᠲ ᠲᠤ ᠬᠦᠷᠭᠡᠨ᠎ᠡ᠂ ᠡᠭᠦᠨ ᠳᠤ ᠰᠠᠯᠬᠢᠨ ᠤ ᠬᠦᠴᠦᠨ ᠤ | ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠬᠡᠪᠴᠢᠶ᠎ᠡ ᠶᠢ 400 ᠲᠦᠮᠡᠨ ᠺᠢᠯᠦᠸᠠᠲ ᠲᠤ ᠬᠦᠷᠭᠡᠵᠦ᠂ ᠬᠡᠷᠡᠯ | ᠴᠡᠨᠡᠭ ᠤᠨ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠬᠡᠪᠴᠢᠶ᠎ᠡ ᠶᠢ 60 ᠲᠦᠮᠡᠨ ᠺᠢᠯᠤᠸᠠᠲ ᠲᠤ | ᠬᠦᠷᠭᠡᠵᠦ᠂ ᠤᠰᠤᠨ ᠤ ᠬᠦᠴᠦᠨ ᠤ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠬᠡᠪᠴᠢᠶ᠎ᠡ ᠶᠢ 125 ᠲᠦᠮᠡᠨ | ᠺᠢᠯᠦᠸᠠᠲ ᠲᠤ ᠬᠦᠷᠭᠡᠨ᠎ᠡ᠃ ᠴᠡᠪᠡᠷ ᠡᠨᠧᠷᠬᠢ ᠬᠦᠷᠭᠡᠬᠦ ᠬᠡᠪᠴᠢᠶ᠎ᠡ ᠶᠢ ᠦᠷᠭᠡᠳᠭᠡᠵᠦ᠂ ᠬᠢᠩᠭᠠᠨ ᠠᠶᠢᠮᠠᠭ ᠢᠶᠠᠨ | ᠥᠪᠤᠷ ᠮᠤᠩᠭᠤᠯ ᠤᠨ ᠵᠡᠭᠦᠨ ᠤᠷᠤᠨ ᠤ ᠴᠡᠪᠡᠷ ᠡᠨᠧᠷᠬᠢ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ | ᠪᠤᠯᠭᠠᠨ᠎ᠠ᠃ | ᠲᠦᠷᠪᠡᠳᠦᠭᠡᠷ ᠬᠡᠰᠡᠭ ᠲᠤᠨᠤᠭᠯᠠᠯ ᠦᠢᠯᠡᠳᠬᠦ ᠦᠢᠯᠡᠰ | ︽ᠲᠤᠮᠳᠠᠳᠦ ᠤᠯᠤᠰ ᠤᠨ ᠦᠢᠯᠡᠳᠬᠦ ᠦᠢᠯᠡᠰ 2025︾ ᠶᠢ ᠬᠦᠨᠵᠡᠭᠡᠢ ᠬᠡᠷᠡᠭᠵᠢᠭᠦᠯᠵᠦ᠂ ᠲᠠᠷᠢᠶᠠᠯᠠᠩ | ᠮᠠᠯ ᠠᠵᠦ ᠠᠬᠤᠢ ᠶᠢᠨ ᠮᠧᠬᠠᠨᠢᠭ᠂ ᠮᠠᠰᠢᠨ ᠲᠡᠷᠭᠡ ᠪᠠ ᠮᠠᠰᠢᠨ ᠤ ᠰᠡᠯᠪᠢᠭ ᠲᠤᠨᠤᠭ᠂ ᠰᠠᠯᠬᠢᠨ ᠤ ᠬᠦᠴᠤ ᠪᠠᠷ | ᠴᠠᠬᠢᠯᠭᠠᠨ ᠭᠠᠷᠭᠠᠬᠤ ᠲᠤᠨᠤᠭᠯᠠᠯ ᠢᠶᠠᠷ ᠭᠤᠤᠯᠳᠠᠯᠭ᠎ᠠ ᠪᠤᠯᠭᠠᠵᠦ᠂ ᠵᠡᠭᠦᠨ ᠬᠤᠶᠢᠲᠦ ᠤᠷᠤᠨ ᠤ ᠲᠤᠨᠤᠭᠯᠠᠯ | ᠦᠢᠯᠡᠳᠬᠦ ᠭᠤᠤᠯᠯᠠᠭᠴᠢ ᠠᠵᠦ ᠠᠬᠤᠶᠢᠯᠠᠯ ᠪᠤᠶᠤ ᠬᠠᠮᠵᠢᠯᠴᠠᠨ ᠢᠵᠢ ᠪᠦᠷᠢᠳᠦᠬᠦᠯᠬᠦ ᠲᠦᠷᠦᠯ ᠵᠦᠢᠯ ᠢ | ᠢᠲᠡᠪᠬᠢᠲᠠᠢ ᠪᠠᠷ ᠤᠷᠤᠭᠤᠯᠤᠨ ᠠᠪᠴᠢᠷᠠᠵᠦ᠂ ᠲᠤᠰ ᠭᠠᠵᠠᠷ ᠤᠨ ᠢᠶᠠᠨ ᠠᠵᠦ ᠠᠬᠤᠶᠢᠯᠠᠯ ᠤᠨ ᠦᠢᠯᠡᠳᠬᠦᠨ ᠤ | ᠲᠦᠷᠦᠯ ᠪᠠ ᠮᠡᠷᠭᠡᠵᠢᠯ ᠤᠨ ᠠᠭᠤᠯᠤᠭᠳᠠᠴᠠ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠲᠤᠯᠤᠭᠠᠶᠢᠯᠠᠭᠴᠢ ᠠᠵᠦ | ᠠᠬᠤᠶᠢᠯᠠᠯ ᠢ ᠪᠤᠶᠢᠵᠢᠭᠤᠯᠬᠤ ᠶᠢ ᠲᠤᠪᠤᠶᠢᠯᠭᠠᠵᠦ᠂ ᠲᠦᠷᠦ ᠶᠢᠨ ᠪᠤᠳᠤᠯᠭ᠎ᠠ᠂ ᠮᠡᠷᠭᠡᠵᠢᠯ᠂ ᠪᠡᠯᠡ ᠮᠦᠩᠭᠦ ᠵᠡᠷᠭᠡ ᠪᠠᠷ | ᠲᠡᠳᠭᠦᠨ ᠲᠡᠮᠵᠢᠵᠦ᠂ ᠬᠤᠩ ᠳ᠋ᠠ ᠬᠡᠪᠰᠢᠭᠦᠯᠦᠨ ᠴᠢᠳᠬᠤᠬᠤ᠂ ᠠᠢ ᠯᠠᠩ ᠰᠠᠯᠬᠢᠨ ᠤ ᠬᠦᠴᠦᠨ ᠤ ᠴᠠᠬᠢᠯᠭᠠᠨ ᠤ | ᠮᠠᠰᠢᠨ ᠪᠤᠯᠤᠨ ᠦ᠋ ᠲᠦᠸᠧ ᠺᠤᠮᠫᠠᠨᠢ ᠵᠡᠷᠭᠡ ᠭᠤᠤᠯᠳᠠᠯᠭ᠎ᠠ ᠪᠤᠯᠬᠤ ᠮᠠᠰᠢᠨ ᠦᠢᠯᠡᠳᠬᠦ ᠠᠵᠦ ᠠᠬᠤᠶᠢᠯᠠᠯ ᠤᠨ | ᠮᠡᠷᠭᠡᠵᠢᠯ ᠤᠨ ᠰᠢᠨᠡᠴᠢᠯᠡᠯᠲᠡ ᠶᠢ ᠠᠬᠢᠭᠤᠯᠤᠨ᠂ ᠮᠠᠰᠢᠨ ᠲᠡᠷᠭᠡ᠂ ᠰᠠᠯᠬᠢᠨ ᠤ ᠬᠦᠴᠦᠨ ᠤ ᠴᠠᠬᠢᠯᠭᠠᠨ ᠮᠠᠰᠢᠨ | ᠪᠤᠯᠤᠨ ᠲᠠᠷᠢᠶᠠᠯᠠᠩ ᠤᠨ ᠮᠠᠰᠢᠨ ᠵᠡᠷᠭᠡ ᠶᠢᠨ ᠰᠡᠯᠪᠢᠭ ᠲᠤᠨᠤᠭ ᠢ ᠡᠳ᠋ᠰᠢᠬᠦᠯᠵᠦ ᠢᠵᠢ ᠪᠦᠷᠢᠳᠦᠭᠦᠯᠬᠦ ᠦᠢᠯᠡᠳᠬᠦᠨ | ᠰᠤᠳᠤᠯᠵᠦ ᠦᠢᠯᠡᠳᠪᠤᠷᠢᠯᠡᠬᠦ ᠴᠢᠳᠠᠪᠤᠷᠢ ᠪᠤᠯᠤᠨ ᠦᠢᠯᠡᠳᠪᠤᠷᠢᠯᠡᠯ ᠤᠨ ᠴᠢᠳᠠᠪᠤᠷᠢ ᠶᠢ ᠲᠡᠭᠡᠭᠰᠢᠯᠡᠭᠦᠯᠵᠦ᠂ ᠵᠡᠭᠦᠨ | ᠬᠤᠶᠢᠲᠦ ᠤᠷᠤᠨ ᠤ ᠠᠵᠦ ᠠᠬᠤᠢ ᠶᠢᠨ ᠲᠤᠭᠤᠷᠢᠭ ᠤᠨ ᠲᠤᠨᠤᠭᠯᠠᠯ ᠦᠢᠯᠡᠳᠬᠦ ᠦᠢᠯᠡᠰ ᠤᠨ ᠭᠠᠵᠠᠷ ᠤᠷᠤᠨ ᠤ | ᠠᠵᠢᠯ ᠤᠨ ᠬᠤᠪᠢᠶᠠᠷᠢᠯᠠᠯ ᠳᠤ ᠤᠷᠤᠯᠴᠠᠵᠦ᠂ ᠨᠢᠬᠲᠠ ᠬᠤᠯᠪᠤᠯᠴᠠᠭ᠎ᠠ ᠪᠦᠬᠦᠢ ᠠᠵᠦ ᠦᠢᠯᠡᠰ ᠤᠨ ᠬᠡᠯᠬᠢᠶᠡᠰᠦ ᠶᠢ | ᠴᠢᠷᠮᠠᠶᠢᠨ ᠪᠤᠢ ᠪᠤᠯᠭᠠᠨ᠎ᠠ᠃ ᠡᠯ᠎ᠡ ᠬᠤᠰᠢᠭᠤ ᠰᠢᠶᠠᠨ ︵ᠬᠤᠲᠠ︶ ᠤ ᠠᠵᠦ ᠦᠢᠯᠡᠳᠪᠤᠷᠢ ᠶᠢᠨ ᠬᠦᠷᠢᠶᠡᠯᠡᠩ | ᠲᠤᠭᠤᠷᠢᠭ ᠢᠶᠠᠷ ᠭᠤᠤᠯᠳᠠᠯᠭ᠎ᠠ ᠪᠤᠯᠭᠠᠵᠦ᠂ ᠲᠠᠪᠠᠭᠤᠯᠢᠬᠲᠦ ᠠᠵᠦ ᠦᠢᠯᠡᠰ ᠤᠨ ᠰᠢᠯᠵᠢᠬᠦ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠢᠲᠡᠪᠬᠢᠲᠠᠢ ᠵᠤᠯᠭᠠᠭᠤᠯᠵᠦ ᠂ ᠰᠢᠨ᠎ᠡ ᠡᠨᠧᠷᠭᠢ ᠶᠢᠨ | ᠮᠠᠰᠢᠨ ᠲᠡᠷᠭᠡ ᠪᠤᠯᠤᠨ ᠴᠠᠬᠢᠯᠭᠠᠨ ᠬᠠᠳᠠᠭᠠᠯᠠᠬᠤ ᠴᠠᠬᠢᠯᠭᠠᠨ ᠵᠠᠢ ︵ᠳ᠋ᠢᠶᠠᠨ ᠤᠤᠢ︶ ᠶᠢᠨ ᠦᠢᠯᠡᠳᠪᠤᠷᠢᠯᠡᠯ ᠤᠨ | ᠲᠦᠷᠦᠯ ᠵᠦᠢᠯ ᠢ ᠤᠷᠤᠭᠤᠯᠤᠨ ᠠᠪᠴᠢᠷᠠᠵᠦ᠂ ᠲᠤᠨᠤᠭᠯᠠᠯ ᠦᠢᠯᠡᠳᠬᠦ ᠦᠢᠯᠡᠰ ᠤᠨ ᠶᠡᠷᠦᠩᠬᠡᠢ ᠲᠦᠪᠰᠢᠨ ᠢ | ᠲᠡᠭᠡᠭᠰᠢᠯᠡᠭᠦᠯᠦᠨ᠎ᠡ᠃ | ᠲᠠᠪᠤᠳᠤᠭᠠᠷ ᠬᠡᠰᠡᠭ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠦ ᠦᠢᠯᠡᠰ | ᠦᠩᠭᠡᠲᠦ ᠲᠡᠮᠦᠷᠯᠢᠭ ᠪᠠ ᠬᠠᠷ᠎ᠠ ᠲᠡᠮᠦᠷᠯᠢᠭ ᠬᠠᠶᠢᠯᠤᠭᠤᠯᠬᠤ ᠠᠵᠢᠯ ᠲᠦᠷᠦᠯ ᠤᠨ ᠲᠡᠮᠦᠷᠯᠢᠭ ᠤᠨ | ᠰᠢᠨ᠎ᠡ ᠮᠠᠲ᠋ᠧᠷᠢᠶᠠᠯ ᠲᠡᠰᠢ ᠦᠷᠭᠡᠵᠢᠬᠦ ᠶᠢ ᠠᠬᠢᠭᠤᠯᠵᠦ᠂ ᠠᠩᠬ᠎ᠠ ᠵᠡᠷᠭᠡ ᠶᠢᠨ ᠲᠡᠮᠦᠷᠯᠢᠭ ᠬᠠᠶᠢᠯᠤᠭᠤᠯᠬᠤ ᠠᠴᠠ | ᠰᠢᠨ᠎ᠡ ᠬᠡᠯᠪᠡᠷᠢ ᠶᠢᠨ ᠮᠠᠲ᠋ᠧᠷᠢᠶᠠᠯ ᠲᠡᠰᠢ ᠲᠡᠰ ᠲᠡᠪᠰᠢᠬᠦ ᠶᠢ ᠪᠡᠶᠡᠯᠡᠭᠦᠯᠦᠨ᠎ᠡ︔ ᠦᠷ᠎ᠡ ᠪᠦᠲᠦᠮᠵᠢ ᠰᠠᠶᠢᠲᠠᠢ᠂ | ᠦᠪᠡᠷ ᠤᠨ ᠦᠷᠲᠡᠭ ᠪᠠᠭ᠎ᠠ᠂ ᠡᠨᠧᠷᠬᠢ ᠳᠤ ᠠᠷᠪᠢᠲᠠᠢ ᠤᠷᠴᠢᠨ ᠲᠤᠭᠤᠷᠢᠨ ᠢ ᠬᠠᠮᠠᠭᠠᠯᠠᠬᠤ ᠳᠤ ᠠᠰᠢᠬᠲᠠᠢ | ᠴᠠᠬᠢᠭᠤᠷ ᠤᠨ ᠮᠠᠲ᠋ᠧᠷᠢᠶᠠᠯ ᠢ ᠲᠦᠷᠭᠡᠨ ᠬᠦᠭᠵᠢᠬᠦᠯᠵᠦ᠂ ᠤᠯᠠᠨ ᠲᠠᠯᠠᠰᠲᠦ ᠴᠠᠬᠢᠭᠤᠷ ᠲᠠᠩ ᠲᠠᠯᠠᠰᠲᠦ | ᠴᠠᠬᠢᠭᠤᠷ ᠤᠨ ᠬᠡᠷᠴᠢᠮᠡᠯ ᠪᠤᠯᠤᠨ ᠬᠡᠷᠡᠯ ᠴᠡᠨᠡᠭ ᠤᠨ ᠮᠠᠲ᠋ᠧᠷᠢᠶᠠᠯ᠂ ᠭᠡᠷᠡᠯ ᠴᠡᠨᠡᠭ ᠤᠨ ᠴᠠᠬᠢᠯᠭᠠᠨ ᠵᠠᠢ ︵ᠳ᠋ᠢᠶᠠᠨ | ᠤᠤᠢ︶ ᠶᠢᠨ ᠪᠦᠷᠢᠯᠳᠤᠴᠡ ᠰᠢᠷᠢᠰ ᠦᠢᠯᠡᠳᠬᠦᠨ ᠢ ᠢᠲᠡᠪᠬᠢᠲᠠᠢ ᠨᠡᠭᠡᠭᠡᠨ ᠬᠦᠭᠵᠢᠭᠦᠯᠦᠨ᠎ᠡ︔ ᠵᠠᠯᠠᠶᠢᠳ | ᠬᠤᠰᠢᠭᠤᠨ ᠤ ᠡᠯᠪᠡᠭ ᠪᠠᠶᠠᠯᠢᠭ ᠴᠢᠨᠠᠷ ᠰᠠᠶᠢᠲᠠᠢ ᠴᠤᠬᠤᠢ ᠶᠢᠨ ᠡᠬᠢ ᠪᠠᠶᠠᠯᠢᠭ ᠢ ᠠᠰᠢᠬᠯᠠᠨ᠂ ᠨᠡᠭᠦᠷᠡᠰᠦ | ᠬᠦᠴᠢᠯ ᠤᠨ ᠺᠠᠯᠼ ᠢ ᠨᠠᠷᠢᠯᠢᠭ ᠡᠳ᠋ᠰᠢᠭᠦᠯᠬᠦ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠴᠢᠯᠠᠭᠤᠨ ᠴᠠᠭᠠᠰᠦ᠂ | ᠲᠦᠷᠭᠡᠨ ᠲᠠᠮᠵᠢᠭᠤᠯᠬᠤ ᠡᠷᠬᠢᠯᠲᠡ ᠶᠢᠨ ᠪᠤᠭᠤᠳᠠᠯ ᠪᠠᠭᠯᠠᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠵᠠᠰᠠᠯ | ᠴᠢᠮᠡᠭᠯᠡᠯ ᠤᠨ ᠮᠠᠲ᠋ᠧᠷᠢᠶᠠᠯ ᠵᠡᠷᠭᠡ ᠰᠢᠨ᠎ᠡ ᠦᠢᠯᠡᠳᠬᠦᠨ ᠢ ᠰᠤᠳᠤᠯᠤᠨ ᠦᠢᠯᠡᠳᠪᠤᠷᠢᠯᠡᠵᠦ᠂ ᠰᠢᠨ᠎ᠡ ᠮᠠᠶ᠋ᠢᠭ ᠤᠨ | ᠮᠠᠲ᠋ᠧᠷᠢᠶᠠᠯ ᠤᠨ ᠠᠵᠦ ᠦᠢᠯᠡᠰ ᠤᠨ ᠬᠡᠯᠬᠢᠶᠡᠰᠦ ᠶᠢ ᠪᠦᠷᠢᠯᠳᠦᠭᠦᠯᠦᠨ᠎ᠡ᠃ | ᠨᠠᠢᠮᠠᠳᠤᠭᠠᠷ ᠪᠦᠯᠦᠭ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠤᠨ᠎ᠠ | ᠨᠢᠭᠡᠳᠦᠭᠡᠷ ᠬᠡᠰᠡᠭ ᠦᠢᠯᠡᠳᠪᠤᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠬᠦᠯᠦᠨ᠎ᠡ | ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠤᠪᠤᠶᠢᠮ᠎ᠠ ᠬᠦᠭᠵᠢᠬᠦᠯᠦᠨ᠎ᠡ᠃ ᠮᠦᠩᠭᠦᠨ | ᠭᠦᠢᠯᠭᠡᠭᠡᠨ ᠤ ᠠᠵᠦ ᠦᠢᠯᠡᠰ ᠤᠨ ᠬᠡᠪᠴᠢᠶᠡᠵᠢᠯ ᠢ ᠶᠡᠭᠡ ᠪᠤᠯᠭᠠᠬᠤ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ | ᠪᠤᠳᠠᠲᠦ ᠠᠵᠦ ᠠᠬᠤᠢ ᠶᠢᠨ ᠴᠢᠳᠠᠪᠤᠷᠢ ᠶᠢ ᠲᠡᠭᠡᠭᠰᠢᠯᠡᠭᠦᠯᠬᠦ ᠪᠠᠷ ᠬᠠᠷᠠᠯᠲᠠ ᠪᠤᠯᠭᠠᠨ᠂ ᠲᠦᠷᠦᠯ ᠵᠦᠢᠯ ᠪᠦᠷᠢᠨ᠂ | ᠦᠢᠯᠡᠴᠢᠯᠡᠭᠡ ᠦᠨᠳᠦᠷ ᠦᠷ᠎ᠡ ᠪᠦᠲᠦᠮᠵᠢᠲᠠᠢ᠂ ᠠᠮᠤᠷ ᠲᠦᠪᠰᠢᠨ ᠲᠤᠭᠲᠠᠭᠤᠨ᠂ ᠠᠵᠦ ᠠᠬᠤᠢ ᠨᠡᠶᠢᠭᠡᠮ ᠤᠨ | ᠬᠦᠭᠵᠢᠯᠲᠡ ᠶᠢᠨ ᠤᠯᠠᠨ ᠲᠡᠰ ᠲᠠᠪᠬᠤᠷᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠲᠤᠬᠢᠷᠠᠭᠰᠠᠨ ᠮᠦᠩᠭᠦᠨ | ᠭᠦᠢᠯᠭᠡᠭᠡᠨ ᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠤᠷᠤᠭᠤᠯᠤᠨ ᠠᠪᠴᠢᠷᠠᠬᠤ ᠪᠠ ᠥᠪᠡᠷ ᠢᠶᠠᠨ | ᠪᠤᠶᠢᠵᠢᠭᠤᠯᠬᠤ ᠶᠢ ᠵᠡᠷᠭᠡᠪᠡᠷ ᠴᠢᠬᠤᠯᠠᠴᠢᠯᠠᠬᠤ᠂ ᠡᠷᠬᠡ ᠠᠰᠢᠬ ᠤᠨ ᠬᠦᠷᠦᠩᠭᠡ ᠶᠢᠨ ᠪᠡᠯᠡ ᠤᠷᠤᠭᠤᠯᠤᠯᠲᠠ᠂ ᠠᠶᠤᠯ | ᠲᠦᠭᠰᠢᠭᠦᠷᠢ ᠶᠢᠨ ᠪᠡᠯᠡ ᠤᠷᠤᠭᠤᠯᠤᠯᠲᠠ᠂ ᠦᠢᠯᠡᠰ ᠪᠤᠰᠬᠠᠬᠤ ᠪᠡᠯᠡ ᠤᠷᠤᠭᠤᠯᠤᠯᠲᠠ᠂ ᠰᠲ᠋ᠤᠺ ᠤᠨ ᠡᠷᠬᠡ ᠶᠢᠨ | ᠪᠡᠯᠡ ᠤᠷᠤᠭᠤᠯᠤᠯᠲᠠ᠂ ᠠᠵᠦ ᠦᠢᠯᠡᠰ ᠤᠨ ᠪᠡᠯᠡ ᠤᠷᠤᠭᠤᠯᠤᠯᠲᠠ ᠵᠡᠷᠭᠡ ᠡᠯ᠎ᠡ ᠲᠦᠷᠦᠯ ᠤᠨ ᠪᠡᠯᠡ | ᠤᠷᠤᠭᠤᠯᠤᠯᠲᠠ ᠶᠢᠨ ᠰᠠᠭᠤᠷᠢ ᠮᠦᠩᠭᠦ ᠶᠢ ᠤᠷᠤᠭᠤᠯᠤᠨ ᠠᠪᠴᠢᠷᠠᠵᠦ᠂ ᠠᠵᠦ ᠦᠢᠯᠡᠰ ᠤᠨ ᠬᠦᠭᠵᠢᠯᠲᠡ ᠶᠢᠨ | ᠰᠠᠭᠤᠷᠢ ᠮᠦᠩᠭᠦ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠦᠩᠭᠦ᠂ ᠡᠬᠢ ᠪᠠᠶᠠᠯᠢᠭ ᠢ ᠨᠦᠬᠡᠴᠡᠯᠡᠵᠤ ᠬᠠᠳᠠᠭᠠᠯᠠᠬᠤ ᠪᠡᠯᠡ | ᠤᠷᠤᠭᠤᠯᠤᠯᠲᠠ ᠶᠢᠨ ᠰᠠᠭᠤᠷᠢ ᠮᠦᠩᠭᠦ ᠶᠢ ᠪᠤᠶᠢᠵᠢᠭᠤᠯᠤᠨ᠎ᠠ᠃ | ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠦᠢᠯᠡᠳᠬᠦᠨ ᠪᠤᠯᠤᠨ ᠦᠢᠯᠡᠴᠢᠯᠡᠭᠡᠨ ᠤ ᠰᠢᠨᠡᠴᠢᠯᠡᠯᠲᠡ ᠶᠢ | ᠴᠢᠩᠭᠠᠳᠬᠠᠵᠦ᠂ ᠤᠯᠠᠨ ᠵᠦᠢᠯ ᠤᠨ ᠪᠡᠯᠡ ᠴᠤᠬᠯᠠᠭᠤᠯᠬᠤ ᠠᠷᠭ᠎ᠠ ᠵᠠᠮ ᠢ ᠦᠷᠭᠡᠳᠭᠡᠵᠦ᠂ ᠤᠯᠠᠨ ᠲᠠᠪᠬᠤᠷᠭᠠᠲᠦ | ᠬᠦᠷᠦᠩᠭᠡ ᠶᠢᠨ ᠵᠠᠬ᠎ᠠ ᠲᠡᠯᠭᠡᠭᠦᠷ ᠢ ᠲᠦᠷᠭᠡᠨ ᠬᠦᠭᠵᠢᠬᠦᠯᠵᠦ᠂ ᠪᠠᠩᠬᠢ ᠶᠢᠨ ᠢᠲᠡᠭᠡᠮᠵᠢ᠂ ᠦᠨᠡᠲᠦ ᠲᠡᠮᠳᠡᠭᠲᠦ ᠶᠢᠨ | ᠬᠤᠭᠤᠴᠠᠭᠠᠲᠦ ᠪᠠᠷᠠᠭ᠎ᠠ᠂ ᠳᠠᠭᠠᠳᠬᠠᠯ ᠪᠤᠯᠤᠨ ᠪᠤᠰᠤᠳ ᠮᠦᠩᠭᠦᠨ ᠭᠦᠢᠯᠭᠡᠭᠡᠨ ᠤ ᠦᠢᠯᠡᠰ ᠢ ᠵᠡᠷᠭᠡᠪᠡᠷ | ᠬᠦᠭᠵᠢᠭᠦᠯᠬᠦ ᠲᠤᠮᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠲᠠᠪᠠᠭᠤᠯᠢᠭ ᠡᠬᠢ | ᠪᠠᠶᠠᠯᠢᠭ ᠪᠤᠯᠤᠨ ᠡᠳ᠋ ᠬᠦᠷᠦᠩᠭᠡ ᠶᠢ ᠴᠡᠭᠴᠡᠯᠡᠨ ᠨᠡᠶᠢᠳᠭᠡᠬᠦ ᠠᠵᠦ ᠦᠢᠯᠡᠰ ᠤᠨ ᠰᠠᠭᠤᠷᠢ ᠮᠦᠩᠭᠦ ᠪᠤᠶᠤ ᠪᠡᠯᠡ | ᠴᠤᠭᠯᠠᠭᠤᠯᠬᠤ ᠲᠠᠪᠴᠠᠩ ᠢ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ | ᠰᠡᠷᠭᠡᠶᠢᠯᠡᠯᠲᠠ ᠶᠢ ᠴᠢᠩᠭᠠᠳᠬᠠᠵᠦ᠂ ᠮᠦᠩᠭᠦᠨ ᠬᠦᠢᠯᠭᠡᠭᠡᠨ ᠤ ᠲᠤᠭᠲᠠᠭᠤᠨ ᠪᠠᠶᠢᠳᠠᠯ ᠪᠤᠯᠤᠨ ᠠᠮᠤᠷ ᠲᠦᠪᠰᠢᠨ ᠢ | ᠬᠠᠮᠠᠭᠠᠯᠠᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠨᠦᠬᠦᠴᠡᠯ ᠢ ᠠᠭᠤᠵᠢᠮ ᠲᠠᠯᠪᠢᠵᠤ᠂ ᠮᠦᠩᠭᠦᠨ | ᠭᠦᠢᠯᠭᠡᠭᠡᠨ ᠤ ᠦᠢᠯᠡᠴᠢᠯᠡᠭᠡᠨ ᠤ ᠲᠤᠤᠷ ᠴᠢᠭ᠋ ᠢ ᠪᠦᠬᠦ ᠠᠶᠢᠮᠠᠭ ᠤᠨ ᠵᠠᠰᠠᠭ ᠵᠠᠬᠢᠷᠭᠠᠨ ᠤ ᠭᠠᠴᠠᠭ᠎ᠠ ᠪᠦᠬᠦᠨ ᠳᠤ | ᠪᠦᠷᠬᠦᠭᠦᠯᠦᠨ᠎ᠡ᠃ | ᠬᠤᠳᠠᠯᠳᠤᠭ᠎ᠠ ᠠᠷᠠᠯᠵᠢᠶ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ | ᠤᠯᠠᠭᠠᠨᠬᠤᠲᠠ ᠵᠡᠷᠭᠡ ᠭᠠᠵᠠᠷ ᠤᠷᠤᠨ ᠤ ᠴᠢᠨᠠᠷᠲᠠᠢ ᠤᠳᠤ ᠦᠶ᠎ᠡ ᠶᠢᠨ ᠦᠢᠯᠡᠴᠢᠯᠡᠭᠡᠨ ᠤ ᠲᠦᠪ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠦ᠂ ᠲᠤᠮᠤ ᠤᠯᠠᠭᠠᠨᠬᠤᠲᠠ ᠶᠢᠨ ᠬᠤᠳᠠᠯᠳᠤᠭ᠎ᠠ ᠠᠷᠠᠯᠵᠢᠶ᠎ᠠ ᠶᠢᠨ ᠲᠦᠪ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠮᠤ ᠬᠡᠯᠬᠢᠶ᠎ᠡ ᠠᠵᠦ ᠠᠬᠤᠶᠢᠯᠠᠯ ᠢ ᠢᠲᠡᠪᠬᠢᠲᠠᠢ ᠪᠠᠷ ᠤᠷᠤᠭᠤᠯᠤᠨ | ᠠᠪᠴᠢᠷᠠᠨ᠎ᠠ᠃ ᠠᠶᠢᠮᠠᠭ᠂ ᠬᠤᠰᠢᠭᠤ ᠰᠢᠶᠠᠨ ︵ᠬᠤᠲᠠ︶᠂ ᠰᠤᠮᠤ ᠰᠢᠶᠠᠨ ᠪᠠᠯᠭᠠᠰᠤ ︵ᠨᠡᠶᠢᠭᠡᠮ ᠲᠤᠭᠤᠷᠢᠭ︶᠂ | ᠭᠠᠴᠠᠭ᠎ᠠ ᠲᠤᠰᠬᠤᠨ ᠲᠦᠷᠪᠡᠨ ᠲᠡᠰ ᠲᠠᠪᠬᠤᠷᠭ᠎ᠠ ᠶᠢᠨ ᠬᠤᠳᠠᠯᠳᠤᠭᠠᠨ ᠤ ᠦᠢᠯᠡᠴᠢᠯᠡᠭᠡᠨ ᠤ ᠰᠦᠯᠵᠢᠶ᠎ᠡ ᠶᠢ | ᠪᠠᠶᠢᠭᠤᠯᠤᠨ ᠲᠡᠭᠦᠯᠳᠡᠷᠵᠢᠬᠦᠯᠵᠦ᠂ ᠬᠤᠲᠠ ᠬᠦᠳᠡᠭᠡ ᠶᠢᠨ ᠬᠤᠳᠠᠯᠳᠤᠭ᠎ᠠ ᠠᠷᠠᠯᠵᠢᠶᠠᠨ ᠤ ᠬᠦᠢᠯᠭᠡᠭᠡ ᠶᠢ | ᠬᠦᠭᠵᠢᠶᠡᠨ ᠲᠠᠢ ᠪᠤᠯᠭᠠᠨ᠎ᠠ᠃ ᠨᠢᠭᠡ ᠪᠦᠯᠦᠭ ᠤᠳᠤᠬᠢᠴᠢᠯᠠᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠭᠦᠷ᠂ ᠪᠤᠯᠤᠳ ᠮᠠᠲ᠋ᠧᠷᠢᠶᠠᠯ ᠪᠠᠷᠢᠯᠭ᠎ᠠ ᠶᠢᠨ ᠮᠠᠲ᠋ᠧᠷᠢᠶᠠᠯ | ᠂ ᠮᠠᠰᠢᠨ ᠲᠡᠷᠭᠡ ᠶᠢᠨ ᠰᠡᠯᠪᠢᠭ ᠲᠤᠨᠤᠭ ᠮᠠᠰᠢᠨ ᠲᠡᠷᠭᠡ ᠶᠢᠨ ᠠᠷᠠᠯᠵᠢᠶᠠᠨ ᠤ ᠵᠠᠬ᠎ᠠ ᠲᠡᠯᠭᠡᠭᠦᠷ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠲᠡᠯᠭᠡᠭᠦᠷ ᠵᠡᠷᠭᠡ ᠲᠤᠰ ᠲᠤᠰ ᠤᠨ ᠤᠨᠴᠠᠯᠢᠭ ᠲᠠᠢ ᠲᠤᠰᠬᠠᠢ ᠵᠠᠬ᠎ᠠ ᠲᠡᠯᠭᠡᠭᠦᠷ ᠢ ᠲᠦᠷᠭᠡᠨ | ᠪᠠᠶᠢᠭᠤᠯᠵᠦ᠂ ᠤᠯᠠᠭᠠᠨᠬᠤᠲᠠ ᠶᠢᠨ ᠨᠤᠤᠰᠤ ᠨᠤᠯᠤᠤᠷ ᠤᠨ ᠴᠤᠭᠯᠠᠭ᠎ᠠ ᠮᠠᠶᠢᠮᠠᠢ ᠶᠢᠨ ᠡᠳ᠋ᠰᠢᠭᠦᠯᠬᠦ ᠬᠦᠷᠢᠶᠡᠯᠡᠩ | ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠲᠡᠪᠬᠢᠲᠠᠢ ᠲᠡᠳᠭᠦᠨ ᠲᠡᠮᠵᠢᠨ᠎ᠡ᠃ ᠲᠡᠮᠦᠷ ᠵᠠᠮ ᠵᠠᠰᠠᠮᠠᠯ ᠵᠠᠮ | ᠲᠠᠭᠠᠤ᠂ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠤᠤᠯ | ᠭᠠᠷᠤᠯᠲᠠ ᠶᠢᠨ ᠤᠷᠤᠨ ᠳᠤ ᠠᠳᠠᠯᠢ ᠪᠤᠰᠤ ᠬᠡᠯᠪᠡᠷᠢ ᠮᠠᠶ᠋ᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠠᠷᠠᠯᠵᠢᠶᠠᠨ ᠤ ᠵᠠᠬ᠎ᠠ ᠲᠡᠯᠭᠡᠭᠦᠷ ᠢ ᠪᠠᠶᠢᠭᠤᠯᠤᠨ᠎ᠠ᠃ ᠠᠮᠤ ᠪᠤᠳᠠᠭᠠᠨ ᠤ ᠬᠦᠮᠦᠷᠭᠡᠯᠡᠯᠲᠡ ᠡᠳ᠋ | ᠪᠠᠷᠠᠭᠠᠨ ᠤ ᠭᠦᠢᠯᠭᠡᠭᠡ᠂ ᠴᠠᠶᠢᠯᠭᠠᠭᠰᠠᠨ ᠠᠮᠤ ᠪᠤᠳᠠᠭ᠎ᠠ ᠢᠳᠡᠰᠢᠨ ᠲᠤᠰᠤ ᠶᠢᠨ ᠠᠷᠠᠯᠵᠢᠶᠠᠨ ᠤ ᠵᠠᠬ᠎ᠠ ᠲᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠬᠦᠢᠯᠭᠡᠭᠡ ᠡᠳ᠋ᠰᠢᠭᠦᠯᠭᠡ᠂ ᠡᠳ᠋ ᠪᠠᠷᠠᠭᠠᠨ ᠤ ᠭᠦᠢᠯᠭᠡᠭᠡ | ᠲᠤᠬᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡᠨ ᠤ ᠴᠢᠳᠠᠮᠵᠢ ᠶᠢ ᠦᠷᠭᠡᠳᠭᠡᠬᠦ ᠪᠠ ᠤᠷᠲᠤᠳᠬᠠᠬᠤ ᠪᠠᠷ | ᠭᠤᠤᠯᠳᠠᠯᠭ᠎ᠠ ᠪᠤᠯᠭᠠᠵᠤ᠂ ᠭᠠᠵᠠᠷ ᠤᠷᠤᠨ ᠤ ᠴᠢᠨᠠᠷᠲᠠᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠭᠦᠷ ᠢ | ᠪᠠᠶᠢᠭᠤᠯᠵᠦ᠂ ᠬᠤᠳᠠᠯᠳᠤᠭ᠎ᠠ ᠠᠷᠠᠯᠵᠢᠶ᠎ᠠ ᠶᠢᠨ ᠭᠦᠢᠯᠭᠡᠭᠡᠨ ᠤ ᠦᠢᠯᠡᠰ ᠤᠨ ᠴᠤᠭᠯᠠᠷᠠᠯ ᠤᠨ ᠬᠦᠭᠵᠢᠯᠲᠡ ᠶᠢ | ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠤᠷᠤᠨ ᠤ ᠬᠤᠳᠠᠯᠳᠤᠭ᠎ᠠ ᠠᠷᠠᠯᠵᠢᠶ᠎ᠠ ᠶᠢᠨ ᠭᠦᠢᠯᠭᠡᠭᠡᠨ ᠤ ᠰᠦᠯᠵᠢᠶ᠎ᠡ ᠶᠢ | ᠲᠡᠭᠦᠯᠳᠡᠷᠵᠢᠭᠦᠯᠵᠦ᠂ ᠲᠤᠮᠤ ᠬᠡᠯᠬᠢᠶ᠎ᠡ ᠴᠢᠯᠦᠭᠡᠲᠦ ᠲᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠭᠦᠢᠯᠭᠡᠭᠡᠨ ᠤ ᠠᠵᠦ ᠠᠬᠤᠶᠢᠯᠠᠯ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠤᠷᠢᠯᠡᠯ ᠤᠨ ᠰᠠᠭᠤᠷᠢᠨ ᠭᠠᠵᠠᠷ᠂ ᠲᠤᠰᠬᠠᠢ ᠬᠤᠷᠰᠢᠶ᠎ᠠ ᠶᠢᠨ ᠵᠤᠬᠢᠶᠠᠨ ᠪᠠᠶᠢᠭᠤᠯᠤᠯᠲᠠ ᠶᠢᠨ | ᠰᠢᠭᠤᠳ ᠵᠤᠯᠭᠠᠯᠴᠠᠬᠤ ᠶᠢ ᠲᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠦᠯᠵᠢᠶᠡᠨ | ᠲᠡᠭᠡᠷ᠎ᠡ ᠠᠷᠠᠯᠵᠢᠶᠠᠯᠠᠬᠤ ᠶᠢ ᠲᠡᠮᠵᠢᠨ᠎ᠡ᠃ ᠬᠤᠲᠠ ᠬᠦᠳᠡᠭᠡ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠪᠤᠯᠤᠨ | ᠲᠤᠰᠬᠠᠢ ᠵᠠᠬ᠎ᠠ ᠲᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠪᠦᠷᠭᠦᠬᠦᠯᠵᠦ᠂ ᠰᠤᠮᠤ ᠰᠢᠶᠠᠩ | ᠪᠠᠯᠭᠠᠰᠤᠨ ᠤ ᠪᠠᠷᠢᠮᠵᠢᠶᠠᠵᠢᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠬᠦᠷ ᠤᠨ ᠪᠦᠷᠬᠦᠯᠲᠡ ᠶᠢ | ᠪᠡᠶᠡᠯᠡᠭᠦᠯᠦᠨ᠎ᠡ᠃ | ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠤᠳᠤ | ᠦᠶ᠎ᠡ ᠶᠢᠨ ᠬᠦᠮᠦᠷᠭᠡᠯᠡᠬᠦ᠂ ᠲᠤᠬᠢᠷᠠᠭᠤᠯᠤᠨ ᠬᠦᠷᠭᠡᠬᠦ ᠡᠳ᠋ᠰᠢᠭᠦᠯᠬᠦ᠂ ᠤᠯᠠᠨ ᠠᠷᠭ᠎ᠠ ᠮᠠᠶ᠋ᠢᠭ ᠢᠶᠠᠷ ᠬᠤᠯᠪᠤᠭᠠᠯᠠᠨ | ᠵᠦᠭᠡᠭᠡᠪᠤᠷᠢᠯᠡᠬᠦ ᠪᠠ ᠮᠡᠳᠡᠭᠡ ᠵᠠᠩᠭᠢ ᠶᠢᠨ ᠦᠢᠯᠡᠴᠢᠯᠡᠭᠡ ᠲᠦᠷᠪᠡ ᠶᠢ ᠨᠢᠭᠡ ᠴᠤᠭᠴᠠᠵᠢᠭᠤᠯᠤᠬᠰᠠᠨ ᠴᠢᠳᠠᠮᠵᠢ ᠶᠢᠨ | ᠪᠠᠶᠢᠷᠢ ᠲᠤᠭᠲᠠᠭᠠᠯᠲᠠ ᠶᠤᠰᠤᠭᠠᠷ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ ᠪᠠᠷᠠᠭᠠᠨ ᠤ | ᠭᠦᠢᠯᠭᠡᠭᠡ᠂ ᠬᠤᠲᠠ ᠬᠦᠳᠡᠭᠡ ᠶᠢᠨ ᠲᠤᠬᠢᠷᠠᠭᠤᠯᠤᠨ ᠬᠦᠷᠭᠡᠬᠦ ᠠᠵᠢᠯ᠂ ᠲᠤᠰᠬᠠᠢ ᠵᠠᠬ᠎ᠠ ᠲᠡᠯᠭᠡᠭᠦᠷ ᠪᠠ ᠠᠵᠦ | ᠦᠢᠯᠡᠰ ᠤᠨ ᠴᠤᠭᠯᠠᠷᠠᠯ ᠤᠨ ᠡᠳ᠋ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ | ᠭᠤᠤᠯᠳᠠᠯᠭ᠎ᠠ ᠪᠤᠯᠭᠠᠵᠦ᠂ ︽ᠲᠤᠲᠤᠭᠠᠳᠦ ᠬᠡᠷᠡᠭᠴᠡᠭᠡ ᠳᠤ ᠰᠠᠭᠤᠷᠢᠯᠠᠬᠤ᠂ ᠥᠪᠤᠷ ᠮᠤᠩᠭᠤᠯ ᠤᠨ ᠵᠡᠭᠦᠨ ᠬᠡᠰᠡᠭ | ᠤᠷᠤᠨ ᠢ ᠠᠭᠤᠰᠤᠯᠴᠠᠭᠤᠯᠬᠤ᠂ ᠵᠡᠭᠦᠨ ᠬᠤᠶᠢᠲᠦ ᠤᠷᠤᠨ ᠳᠤ ᠬᠠᠨᠳᠤᠬᠤ᠂ ᠤᠯᠠᠨ ᠤᠯᠤᠰ ᠲᠠᠢ ᠬᠤᠯᠪᠤᠯᠳᠤᠨ | ᠨᠡᠪᠲᠡᠷᠡᠬᠦ︾ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ | ᠪᠦᠷᠢᠯᠳᠦᠭᠦᠯᠤᠨ᠎ᠡ᠃ ᠭᠠᠷᠠᠮ ᠯᠤᠭ᠎ᠠ ᠬᠠᠮᠲᠤᠷᠠᠨ ᠪᠠᠶᠢᠭᠤᠯᠬᠤ ᠠᠵᠢᠯ ᠢ ᠴᠢᠩᠭᠠᠳᠬᠠᠵᠦ᠂ ᠮᠠᠨ ᠤ ᠠᠶᠢᠮᠠᠭ ᠤᠨ | ᠤᠰᠤ ᠦᠭᠡᠢ ᠭᠠᠷᠠᠮ ᠤᠨ ᠲᠤᠬᠠᠢᠢᠯᠠᠬᠰᠠᠨ ᠠᠵᠢᠯ ᠭᠠᠷᠭᠠᠬᠤ ᠪᠠᠷ ᠴᠢᠷᠮᠠᠶᠢᠨ᠎ᠠ᠃ ᠵᠠᠰᠠᠮᠠᠯ ᠵᠠᠮ ᠲᠡᠮᠦᠷ ᠵᠠᠮ | ᠬᠤᠯᠪᠤᠭᠠᠯᠠᠨ ᠵᠦᠭᠡᠭᠡᠪᠤᠷᠢᠯᠡᠬᠦ᠂ ᠬᠠᠭᠤᠷᠠᠢ ᠠᠭᠠᠷ ᠬᠤᠯᠪᠤᠭᠠᠯᠠᠨ ᠵᠦᠭᠡᠭᠡᠪᠤᠷᠢᠯᠡᠬᠦ ᠵᠡᠷᠭᠡ ᠵᠦᠭᠡᠭᠡᠪᠤᠷᠢ ᠶᠢᠨ ᠠᠷᠭ᠎ᠠ | ᠮᠠᠶ᠋ᠢᠭ ᠢ ᠪᠦᠷᠢᠯᠳᠦᠭᠦᠯᠬᠦ ᠶᠢ ᠠᠬᠢᠭᠤᠯᠵᠦ᠂ ᠡᠳ᠋ ᠪᠠᠷᠠᠭᠠᠨ ᠤ ᠭᠦᠢᠯᠭᠡᠭᠡᠨ ᠤ ᠠᠵᠦ ᠦᠢᠯᠡᠰ ᠤᠨ ᠲᠠᠪᠠᠯᠲᠠᠲᠦ | ᠬᠦᠭᠵᠢᠯᠲᠡ ᠶᠢ ᠪᠡᠶᠡᠯᠡᠭᠦᠯᠦᠨ᠎ᠡ᠃ 2020 ᠤᠨ ᠪᠤᠯᠬᠤ ᠳᠤ᠂ ᠡᠳ᠋ ᠪᠠᠷᠠᠭᠠᠨ ᠤ ᠭᠦᠢᠯᠭᠡᠭᠡᠨ ᠤ ᠨᠡᠮᠡᠭᠳᠡᠯ | ᠦᠷᠲᠡᠭ ᠤᠨ ᠪᠦᠬᠦ ᠠᠶᠢᠮᠠᠭ ᠤᠨ GDP ᠳᠠᠬᠢ ᠬᠤᠪᠢ ᠶᠢᠨ ᠵᠢᠩ ᠢ 10% ᠰᠢᠬᠠᠮ ᠳᠤ ᠬᠦᠷᠭᠡᠨ᠎ᠡ︔ | ᠭᠤᠷᠪᠠᠳᠠᠬᠢ ᠡᠲᠡᠭᠡᠳ ᠤᠨ ᠡᠳ᠋ ᠪᠠᠷᠠᠭᠠᠨ ᠤ ᠬᠦᠢᠯᠭᠡᠭᠡᠨ ᠤ ᠠᠵᠢᠯ ᠤᠨ ᠬᠡᠮᠵᠢᠶ᠎ᠡ ᠶᠢ ᠡᠳ᠋ ᠪᠠᠷᠠᠭᠠᠨ ᠤ | ᠬᠦᠢᠯᠭᠡᠭᠡᠨ ᠤ ᠶᠡᠷᠦᠩᠬᠡᠢ ᠬᠡᠮᠵᠢᠶ᠎ᠡ ᠶᠢᠨ 70% ᠠᠴᠠ ᠲᠡᠭᠡᠭᠰᠢ ᠶᠢ ᠡᠵᠡᠯᠡᠬᠦ ᠪᠤᠯᠭᠠᠨ᠎ᠠ︔ ᠶᠡᠷᠦᠩᠬᠡᠶᠢᠯᠡᠭᠰᠡᠨ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠴᠢᠳᠠᠮᠵᠢ ᠶᠢ ᠪᠦᠬᠦ ᠤᠷᠤᠨ ᠤ ᠲᠡᠷᠢᠬᠦᠨ ᠤ ᠬᠡᠮᠵᠢᠶᠡᠨ ᠳᠤ | ᠬᠦᠷᠭᠡᠨ᠎ᠡ︔ 20 ᠠᠴᠠ ᠲᠡᠭᠡᠭᠰᠢ ᠤᠷᠤᠨ ᠤ ᠲᠤᠲᠤᠷ᠎ᠠ ᠭᠠᠳᠠᠨᠠᠬᠢ ᠲᠡᠷᠢᠭᠦᠨ ᠵᠡᠷᠭᠡ ᠶᠢᠨ ᠡᠳ᠋ ᠪᠠᠷᠠᠭᠠᠨ ᠤ | ᠭᠦᠢᠯᠭᠡᠭᠡᠨ ᠤ ᠠᠵᠦ ᠠᠬᠤᠶᠢᠯᠠᠯ ᠢ ᠤᠷᠤᠭᠤᠯᠤᠨ ᠠᠪᠴᠢᠷᠠᠬᠤ ᠪᠤᠶᠤ ᠪᠤᠶᠢᠵᠢᠭᠤᠯᠤᠨ᠎ᠠ᠃ | ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠶᠢᠨ ᠦᠢᠯᠡᠰ ᠤᠨ ᠰᠢᠨ᠎ᠡ ᠶᠢ ᠡᠭᠦᠳᠬᠦ ᠬᠦᠭᠵᠢᠯᠲᠡ ᠶᠢ | ᠠᠬᠢᠭᠤᠯᠤᠨ᠎ᠠ ᠃ ᠡᠯᠧᠺᠲᠷᠣᠨ ᠬᠤᠳᠠᠯᠳᠤᠭ᠎ᠠ ᠶᠢ ᠢᠲᠡᠪᠬᠢᠲᠠᠢ ᠬᠦᠭᠵᠢᠬᠦᠯᠦᠨ᠎ᠡ᠃ ᠤᠯᠠᠭᠠᠨᠬᠤᠲᠠ ᠶᠢᠨ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠦ᠂ ᠰᠢᠨ᠎ᠡ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠦ ᠦᠢᠯᠡᠰ ᠤᠨ ᠬᠦᠷᠢᠶᠡᠯᠡᠩ ᠢ ᠪᠤᠶᠢᠵᠢᠭᠤᠯᠵᠦ᠂ ᠤᠯᠤᠰ ᠤᠨ ᠲᠡᠰ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠦᠯᠵᠢᠶ᠎ᠡ ᠳᠤ | ᠬᠦᠷᠭᠡᠬᠦ ᠢᠨᠵᠧᠨᠧᠷᠢᠩ ᠢ ᠴᠢᠩᠭᠠᠳᠬᠠᠵᠦ᠂ ᠭᠤᠷᠪᠠᠳᠠᠬᠢ ᠡᠲᠡᠭᠡᠳ ᠤᠨ ᠡᠯᠧᠺᠲᠷᠣᠨ ᠬᠤᠳᠠᠯᠳᠤᠭᠠᠨ ᠤ | ᠲᠠᠪᠴᠠᠩ ᠢ ᠢᠲᠡᠪᠬᠢᠲᠠᠢ ᠠᠰᠢᠬᠯᠠᠵᠦ᠂ ᠠᠵᠦ ᠠᠬᠤᠶᠢᠯᠠᠯ ᠤᠨ ᠦᠪᠡᠷ ᠢᠶᠠᠨ ᠲᠠᠪᠴᠠᠩ ᠪᠠᠶᠢᠭᠤᠯᠬᠤ ᠶᠢ | ᠵᠤᠷᠢᠬᠵᠢᠭᠤᠯᠵᠦ᠂ ᠰᠦᠯᠵᠢᠶᠡᠨ ᠳᠡᠭᠡᠷᠡᠬᠢ ᠰᠦᠯᠵᠢᠶᠡᠨ ᠤ ᠭᠠᠳᠠᠨᠠᠬᠢ ᠰᠠᠶᠢᠨ ᠤᠷᠴᠢᠯᠳᠤ ᠬᠦᠭᠵᠢᠯᠲᠡ ᠶᠢ ᠪᠤᠢ | ᠪᠤᠯᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠦᠢᠯᠡᠴᠢᠯᠡᠭᠡ ᠶᠢ ᠰᠤᠳᠤᠯᠵᠦ ᠬᠦᠭᠵᠢᠬᠦᠯᠬᠦ᠂ ᠦᠢᠯᠡᠴᠢᠯᠡᠭᠡ ᠶᠢ ᠵᠢᠷᠤᠵᠦ ᠲᠦᠯᠦᠪᠯᠡᠬᠦ᠂ ᠦᠢᠯᠡᠴᠢᠯᠡᠭᠡ ᠶᠢ | ᠮᠡᠷᠭᠡᠵᠢᠯ ᠢᠶᠠᠷ ᠵᠠᠭᠤᠴᠢᠯᠠᠬᠤ ᠪᠠ ᠲᠡᠯᠭᠡᠷᠡᠭᠦᠯᠬᠦ᠂ ᠲᠤᠰᠬᠠᠢ ᠮᠡᠷᠭᠡᠵᠢᠯ ᠤᠨ ᠦᠢᠯᠡᠴᠢᠯᠡᠭᠡ ᠬᠢᠬᠦ ᠶᠢ | ᠭᠤᠤᠯᠳᠠᠯᠭ᠎ᠠ ᠲᠠᠢ ᠬᠦᠭᠵᠢᠬᠦᠯᠬᠦ ᠬᠦᠷᠢᠶ᠎ᠡ ᠪᠤᠯᠭᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠴᠤᠭᠯᠠᠷᠠᠯ ᠤᠨ ᠤᠷᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠲᠡᠭᠡᠭᠰᠢᠯᠡᠭᠦᠯᠦᠨ ᠬᠦᠭᠵᠢᠭᠦᠯᠵᠦ᠂ ᠨᠢᠭᠡ | ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠭᠤᠤᠯ ᠴᠤᠭᠴᠠ ᠶᠢ | ᠪᠤᠶᠢᠵᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠤᠢᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠮᠡᠳᠡᠭᠡ ᠵᠠᠩᠬᠢ ᠶᠢᠨ ᠤᠢᠢᠯᠡᠴᠢᠯᠡᠬᠡᠨ ᠤ | ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠬ ᠰᠢᠮ᠎ᠠ ᠶᠢᠨ | ᠵᠠᠬ᠎ᠠ ᠲᠡᠯᠬᠡᠬᠦᠷ ᠪᠤᠯᠤᠨ ᠮᠡᠷᠬᠡᠵᠢᠯ ᠤᠨ ᠮᠡᠳᠡᠭᠡ ᠵᠠᠩᠬᠢ ᠶᠢ ᠴᠤᠬᠯᠠᠭᠤᠯᠬᠤ᠂ ᠨᠡᠶᠢᠳᠡᠯᠡᠬᠦ ᠪᠠ ᠵᠢᠱᠢᠬᠦ ᠠᠵᠢᠯ ᠢ | ᠰᠠᠶᠢᠳᠤᠷ ᠬᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠠ ᠶᠢᠨ ᠴᠢᠨᠠᠷᠳᠠᠢ ᠤᠢᠢᠯᠡᠴᠢᠯᠡᠬᠡᠨ ᠤ ᠵᠤᠬᠢᠶᠠᠨ | ᠪᠠᠶᠢᠭᠤᠯᠤᠯᠳᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠤᠢᠢᠯᠡᠳᠪᠤᠷᠢᠯᠠᠯ ᠡᠵᠡᠩᠨᠡᠯᠳᠠ ᠳᠤ | ᠦᠪᠡᠷ ᠤᠨ ᠦᠷᠳᠡᠭ ᠢᠶᠠᠷ ᠲᠤᠤᠷ᠎ᠠ᠂ ᠲᠦᠬᠦᠮ ᠲᠦᠳᠡ᠂ ᠪᠦᠬᠦ ᠲᠠᠯ᠎ᠠ ᠶᠢᠨ ᠤᠢᠢᠯᠡᠴᠢᠯᠡᠭᠡ ᠬᠠᠩᠭᠠᠨ᠎ᠠ᠃ ︽ | ᠲᠦᠷᠬᠡᠨ ᠬᠦᠷᠬᠡᠯᠳᠡ ᠶᠢ ᠬᠦᠳᠡᠭᠡ ᠳᠤ ᠬᠦᠷᠬᠡᠬᠦ︾ ᠢᠨᠵᠧᠨᠧᠷᠢᠩ ᠢ ᠢᠳᠡᠪᠬᠢᠳᠠᠢ ᠠᠬᠢᠭᠤᠯᠵᠤ᠂ ᠠᠶᠢᠮᠠᠬ — | ᠬᠤᠰᠢᠭᠤ — ᠰᠢᠶᠠᠩ — ᠲᠤᠰᠬᠤᠨ ᠲᠦᠷᠪᠡᠨ ᠲᠡᠰ ᠤᠨ ᠲᠦᠷᠬᠡᠨ ᠬᠦᠷᠬᠡᠬᠦ ᠤᠢᠢᠯᠡᠴᠢᠯᠡᠬᠡᠨ ᠤ ᠲᠤᠤᠷ ᠢ | ᠲᠡᠬᠦᠯᠳᠡᠷᠵᠢᠬᠦᠯᠵᠤ᠂ ᠤᠢᠢᠯᠡᠴᠢᠯᠡᠬᠡᠨ ᠤ ᠦᠷᠬᠡᠴᠠ ᠪᠤᠯᠤᠨ ᠬᠦᠨᠴᠠ ᠶᠢ ᠦᠷᠬᠡᠳᠬᠡᠵᠤ᠂ ᠲᠠᠷᠢᠶᠠᠯᠠᠩ ᠤᠨ ᠬᠡᠷᠡᠭᠰᠡᠯ | ᠂ ᠠᠮᠢᠳᠤᠷᠠᠯ ᠤᠨ ᠡᠳ᠋ ᠪᠤᠳᠠᠰ ᠢ ᠬᠦᠳᠡᠭᠡ ᠳᠤ ᠬᠦᠷᠬᠡᠬᠦ ᠪᠠ ᠲᠠᠷᠢᠶᠠᠯᠠᠩ ᠤᠨ ᠪᠦᠳᠤᠬᠡᠭᠳᠡᠬᠦᠨ ᠮᠠᠯ ᠤᠨ ᠠᠰᠢᠬ | ᠰᠢᠮ᠎ᠠ ᠶᠢ ᠬᠤᠳᠠ ᠳᠤ ᠤᠷᠤᠭᠤᠯᠬᠤ ᠬᠤᠤᠰ ᠴᠢᠩᠯᠠᠯ ᠤᠨ ᠬᠦᠢᠯᠬᠡᠬᠡ ᠶᠢ ᠪᠡᠶᠡᠯᠡᠬᠦᠯᠵᠤ᠂ ᠲᠠᠷᠢᠶᠠᠯᠠᠩ ᠤᠨ | ᠪᠦᠳᠦᠭᠡᠭᠳᠡᠬᠦᠨ ᠮᠠᠯ ᠤᠨ ᠠᠰᠢᠬ ᠰᠢᠮ᠎ᠠ ᠪᠤᠯᠤᠨ ᠲᠠᠷᠢᠶᠠᠯᠠᠩ ᠤᠨ ᠭᠡᠷᠡᠭᠰᠡᠯ ᠤᠨ ᠡᠳ᠋ ᠪᠠᠷᠠᠭᠠᠨ ᠤ ᠬᠦᠢᠯᠬᠡᠬᠡᠨ ᠤ | ᠦᠪᠡᠷ ᠤᠨ ᠦᠷᠳᠡᠭ ᠢ ᠲᠠᠰᠤᠷᠠᠯᠳᠠ ᠦᠬᠡᠢ ᠪᠠᠭᠤᠷᠠᠭᠤᠯᠤᠨ᠎ᠠ᠃ ᠮᠠᠯᠴᠢᠨ ᠲᠠᠷᠢᠶᠠᠴᠢᠨ ᠳᠤ ᠬᠠᠨᠳᠤᠭᠤᠯᠤᠨ ᠰᠠᠶᠢᠨ | ᠦᠷ᠎ᠠ᠂ ᠤᠷᠭᠤᠮᠠᠯ ᠢ ᠬᠠᠮᠠᠭᠠᠯᠠᠬᠤ᠂ ᠲᠠᠷᠢᠶᠠᠯᠠᠩ ᠤᠨ ᠭᠡᠷᠡᠭᠰᠡᠯ᠂ ᠲᠠᠷᠢᠶᠠᠯᠠᠩ ᠤᠨ ᠮᠠᠰᠢᠨ ᠮᠧᠬᠠᠨᠢᠬ ᠤᠨ ᠠᠵᠢᠯ᠂ | ᠠᠮᠢᠳᠠᠨ ᠤ ᠬᠢᠵᠢᠭ ᠰᠡᠷᠭᠡᠶᠢᠯᠡᠬᠦ᠂ ᠡᠳ᠋ ᠪᠠᠷᠠᠭᠠᠨ ᠤ ᠬᠦᠢᠯᠬᠡᠬᠡ᠂ ᠮᠡᠳᠡᠭᠡ ᠵᠠᠩᠬᠢ᠂ ᠮᠦᠩᠬᠦᠨ ᠬᠦᠢᠯᠬᠡᠬᠡ᠂ | ᠲᠦᠷᠤᠯ ᠲᠡᠮᠳᠡᠭ ᠤᠨ ᠪᠠᠶᠢᠭᠤᠯᠤᠯᠳᠠ ᠵᠡᠷᠬᠡ ᠲᠤᠰᠬᠠᠢᠢᠵᠢᠬᠰᠠᠨ ᠤᠢᠢᠯᠡᠴᠢᠯᠡᠭᠡ ᠬᠠᠩᠭᠠᠬᠤ ᠶᠠᠷᠤᠩᠬᠡᠶᠢᠯᠡᠭᠰᠡᠨ ᠠᠵᠤ | ᠠᠬᠤᠢᠢᠯᠠᠯ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠤᠢᠢᠯᠡᠴᠢᠯᠡᠬᠡᠨ ᠤ | ᠪᠠᠷᠢᠮᠵᠢᠶ᠎ᠠ ᠶᠢ ᠰᠤᠳᠤᠯᠬᠤ ᠠᠵᠢᠯ ᠢ ᠦᠷᠨᠢᠬᠦᠯᠤᠨ᠎ᠠ᠃ | ᠬᠤᠶᠠᠳᠤᠭᠠᠷ ᠭᠡᠰᠡᠭ ᠠᠮᠢᠳᠤᠷᠠᠯ ᠤᠨ ᠴᠢᠨᠠᠷᠳᠠᠢ ᠤᠢᠢᠯᠡᠴᠢᠯᠡᠬᠡᠨ ᠤ ᠦᠢᠯᠡᠰ ᠢ ᠢᠳᠡᠪᠬᠢᠳᠠᠢ ᠬᠦᠭᠵᠢᠭᠦᠯᠤᠨ᠎ᠡ | | ᠨᠡᠶᠢᠬᠡᠮ ᠲᠤᠭᠤᠷᠢᠬ ᠤᠨ ᠤᠢᠢᠯᠡᠴᠢᠯᠡᠬᠡᠨ ᠤ ᠤᠢᠢᠯᠡᠰ ᠢ ᠪᠦᠬᠦ ᠲᠠᠯ᠎ᠠ ᠪᠠᠷ ᠬᠦᠭᠵᠢᠬᠦᠯᠤᠨ᠎ᠠ᠃ ᠪᠦᠷᠢᠨ | ᠲᠦᠬᠦᠷ ᠨᠡᠶᠢᠬᠡᠮ ᠲᠤᠭᠤᠷᠢᠬ ᠤᠨ ᠤᠢᠢᠯᠡᠴᠢᠯᠡᠬᠡᠨ ᠤ ᠲᠦᠬᠦᠬᠡᠷᠤᠮᠵᠢ ᠶᠢᠨ ᠲᠤᠤᠷ ᠢ ᠲᠦᠷᠬᠡᠨ ᠪᠤᠢ ᠪᠤᠯᠭᠠᠵᠤ᠂ | ᠨᠡᠶᠢᠬᠡᠮ ᠲᠤᠭᠤᠷᠢᠬ ᠤᠨ ᠤᠢᠢᠯᠡᠴᠢᠯᠡᠬᠡᠨ ᠤ ᠬᠡᠯᠪᠡᠷᠢ ᠪᠤᠯᠤᠨ ᠠᠭᠤᠯᠭ᠎ᠠ ᠶᠢ ᠰᠢᠨᠡᠴᠢᠯᠡᠵᠤ᠂ ᠨᠡᠶᠢᠬᠡᠮ | ᠲᠤᠭᠤᠷᠢᠬ ᠤᠨ ᠤᠯᠠᠨ ᠨᠡᠶᠢᠳᠠ ᠶᠢᠨ ᠤᠢᠢᠯᠡᠴᠢᠯᠡᠭᠡ ᠶᠢ ᠴᠢᠩᠭᠠᠳᠬᠠᠵᠤ᠂ ᠨᠡᠶᠢᠬᠡᠮ ᠲᠤᠭᠤᠷᠢᠬ ᠤᠨ | ᠬᠤᠳᠠᠯᠳᠤᠭᠠᠨ ᠤ ᠤᠢᠢᠯᠡᠴᠢᠯᠡᠭᠡ ᠪᠤᠯᠤᠨ ᠠᠰᠢᠬ ᠤᠯᠵᠠᠪᠤᠷᠢ ᠶᠢᠨ ᠪᠤᠰᠤ ᠤᠢᠢᠯᠡᠴᠢᠯᠡᠭᠡ ᠶᠢ ᠬᠦᠭᠵᠢᠬᠦᠯᠵᠤ᠂ | ᠨᠡᠶᠢᠬᠡᠮ ᠲᠤᠭᠤᠷᠢᠬ ᠤᠨ ᠤᠢᠢᠯᠡᠴᠢᠯᠡᠬᠡᠨ ᠤ ᠨᠡᠶᠢᠬᠡᠮᠴᠢᠯᠡᠭᠰᠡᠨ᠂ ᠠᠵᠤ ᠤᠢᠢᠯᠡᠰᠵᠢᠭᠰᠡᠨ᠂ ᠲᠤᠤᠷᠴᠢᠯᠠᠬᠰᠠᠨ | ᠬᠦᠭᠵᠢᠯᠳᠠ ᠶᠢ ᠠᠬᠢᠭᠤᠯᠤᠨ᠎ᠠ᠃ ᠬᠡᠷ ᠪᠦᠯᠢ ᠶᠢᠨ ᠠᠷᠢᠭᠤᠨ ᠴᠡᠪᠡᠷ᠂ ᠡᠷᠡᠬᠦᠯ ᠬᠠᠮᠠᠭᠠᠯᠠᠯ ᠡᠷᠡᠬᠦᠯᠵᠢᠯ᠂ | ᠨᠠᠰᠤᠵᠢᠯ ᠤᠨ ᠲᠤᠰᠠᠯᠠᠮᠵᠢ᠂ ᠡᠪᠡᠳᠴᠢᠳᠠᠨ ᠢ ᠬᠠᠷᠠᠭᠠᠯᠵᠠᠨ ᠰᠤᠪᠢᠯᠠᠬᠤ᠂ ᠭᠡᠷ ᠤᠨ ᠠᠵᠢᠯ ᠤᠨ ᠬᠠᠮᠢᠶᠠᠷᠤᠯᠳᠠ᠂ | ᠨᠢᠯᠬ᠎ᠠ ᠬᠡᠤᠬᠡᠳ ᠢ ᠰᠠᠭᠠᠳᠤᠭᠤᠯᠬᠤ ᠵᠡᠷᠬᠡ ᠭᠡᠷ ᠪᠦᠯᠢ ᠶᠢᠨ ᠤᠢᠢᠯᠡᠴᠢᠯᠡᠬᠡᠨ ᠤ ᠤᠢᠢᠯᠡᠰ ᠢ ᠶᠡᠭᠡᠪᠡᠷ ᠬᠦᠭᠵᠢᠬᠦᠯᠵᠤ᠂ | ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠵᠤ ᠭᠡᠷ ᠪᠦᠯᠢ ᠶᠢᠨ ᠡᠳ᠋ ᠭᠡᠷᠡᠭᠰᠡᠯ ᠢ ᠲᠤᠬᠢᠷᠠᠭᠤᠯᠤᠨ | ᠬᠦᠷᠬᠡᠬᠦ᠂ ᠭᠡᠷ ᠪᠦᠯᠢ ᠶᠢᠨ ᠰᠤᠷᠭᠠᠨ ᠬᠦᠮᠤᠵᠢᠯ ᠵᠡᠷᠬᠡ ᠰᠢᠨ᠎ᠠ ᠪᠠᠷ ᠮᠠᠨᠳᠤᠬᠰᠠᠨ ᠡᠵᠡᠩᠨᠡᠯᠳᠠ ᠶᠢᠨ ᠬᠡᠯᠪᠡᠷᠢ ᠶᠢ | ᠬᠦᠭᠵᠢᠬᠦᠯᠤᠨ᠎ᠠ᠃ ᠭᠡᠷ ᠭᠠᠵᠠᠷ ᠤᠨ ᠬᠦᠷᠤᠩᠬᠡ ᠶᠢᠨ ᠤᠢᠢᠯᠡᠰ ᠢ ᠲᠤᠭᠳᠠᠭᠤᠨ ᠢᠶᠠᠷ ᠬᠦᠭᠵᠢᠬᠦᠯᠤᠨ᠎ᠠ᠃ ᠭᠡᠷ | ᠭᠠᠵᠠᠷ ᠤᠨ ᠬᠦᠷᠤᠩᠬᠡ ᠶᠢᠨ ᠵᠠᠬ᠎ᠠ ᠲᠡᠯᠬᠡᠬᠦᠷ ᠤᠨ ᠡᠵᠡᠮᠰᠢᠯ ᠲᠤᠬᠢᠷᠠᠭᠤᠯᠭ᠎ᠠ ᠶᠢ ᠴᠢᠩᠭᠠᠳᠬᠠᠵᠤ᠂ ᠦᠪᠡᠷ ᠢᠶᠠᠨ | ᠰᠠᠭᠤᠬᠤ ᠪᠠ ᠰᠠᠶᠢᠵᠢᠷᠠᠭᠤᠯᠬᠤ ᠴᠢᠨᠠᠷᠳᠠᠢ ᠤᠷᠤᠨ ᠰᠠᠭᠤᠴᠠ ᠶᠢᠨ ᠭᠡᠷᠡᠭᠴᠡᠭᠡ ᠶᠢ ᠲᠡᠮᠵᠢᠵᠤ᠂ ᠤᠷᠤᠨ | ᠰᠠᠭᠤᠴᠠ ᠶᠢᠨ ᠠᠵᠤ ᠤᠢᠢᠯᠡᠰᠵᠢᠯᠳᠠ ᠶᠢᠨ ᠰᠠᠭᠤᠷᠢᠨ ᠢ ᠪᠠᠶᠢᠭᠤᠯᠵᠤ᠂ ᠤᠷᠤᠨ ᠰᠠᠭᠤᠴᠠ ᠶᠢᠨ ᠠᠵᠤ | ᠤᠢᠢᠯᠡᠰ ᠤᠨ ᠬᠡᠯᠬᠢᠶ᠎ᠠ ᠶᠢ ᠦᠷᠬᠡᠳᠬᠡᠨ᠎ᠠ᠃ ᠬᠤᠳᠠ ᠪᠠᠯᠭᠠᠰᠤᠨ ᠤ ᠪᠠᠳᠤᠯᠠᠪᠤᠷᠢ ᠶᠢᠨ ᠴᠢᠨᠠᠷᠳᠠᠢ ᠠᠮᠤᠭᠤᠯᠠᠩ | ᠤᠷᠤᠨ ᠰᠠᠭᠤᠴᠠ ᠶᠢᠨ ᠢᠨᠵᠧᠨᠧᠷᠢᠩ ᠢ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠬᠢᠮᠳᠠ ᠲᠦᠷᠢᠶᠡᠰᠤᠨ ᠤᠷᠤᠨ | ᠰᠠᠭᠤᠴᠠ ᠶᠢᠨ ᠪᠦᠳᠤᠬᠡᠨ ᠪᠠᠶᠢᠭᠤᠯᠤᠯᠳᠠ ᠪᠤᠯᠤᠨ ᠲᠦᠬᠦᠮ ᠪᠦᠳᠤᠴᠠᠳᠤ ᠤᠷᠤᠨ ᠰᠠᠭᠤᠴᠠ ᠶᠢ ᠦᠭᠡᠷᠡᠴᠢᠯᠡᠨ | ᠰᠢᠨᠡᠳᠭᠡᠬᠦ ᠶᠢ ᠲᠦᠷᠬᠡᠳᠬᠡᠨ᠎ᠠ᠃ ᠲᠠᠸᠠᠷ ᠤᠨ ᠤᠷᠤᠨ ᠰᠠᠭᠤᠴᠠ ᠶᠢᠨ ᠪᠦᠳᠤᠬᠡᠨ ᠪᠠᠶᠢᠭᠤᠯᠤᠯᠳᠠ ᠪᠤᠯᠤᠨ | ᠪᠠᠳᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢᠨ ᠪᠦᠳᠤᠬᠡᠨ ᠪᠠᠶᠢᠭᠤᠯᠤᠯᠳᠠ ᠶᠢ ᠵᠡᠷᠬᠡᠪᠡᠷ ᠬᠢᠬᠦ ᠶᠢ ᠪᠠᠷᠢᠮᠳᠠᠯᠠᠵᠤ | ᠂ ᠪᠠᠳᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢ ᠤᠷᠢᠳᠠᠪᠡᠷ ᠬᠦᠭᠵᠢᠬᠦᠯᠤᠨ᠎ᠠ᠃ ᠬᠢᠨᠠᠨ ᠵᠦᠪᠰᠢᠶᠡᠷᠡᠬᠦ | ᠭᠠᠷᠳᠠᠮ ᠢ ᠲᠦᠬᠦᠮᠴᠢᠯᠠᠵᠤ᠂ ᠤᠷᠤᠨ ᠰᠠᠭᠤᠴᠠ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠬᠡᠯᠡᠯᠬᠡ ᠶᠢᠨ | ᠬᠡᠮᠵᠢᠶ᠎ᠠ ᠪᠤᠯᠤᠨ ᠬᠡᠪᠴᠢᠶ᠎ᠠ ᠶᠢ ᠴᠢᠯᠤᠬᠡᠳᠠᠢ ᠪᠤᠯᠭᠠᠨ᠎ᠠ᠃ ᠭᠡᠷ ᠭᠠᠵᠠᠷ ᠤᠨ ᠬᠦᠷᠤᠩᠬᠡ ᠶᠢᠨ ᠬᠤᠶᠠᠳᠤᠭᠠᠷ ᠲᠡᠰ ᠤᠨ | ᠵᠠᠬ᠎ᠠ ᠲᠡᠯᠬᠡᠬᠦᠷ ᠪᠤᠯᠤᠨ ᠲᠦᠷᠢᠶᠡᠰᠤᠯᠡᠬᠦ ᠵᠠᠬ᠎ᠠ ᠲᠡᠯᠬᠡᠬᠦᠷ ᠢ ᠢᠳᠡᠪᠬᠢᠳᠠᠢ ᠪᠤᠢ ᠪᠤᠯᠭᠠᠵᠤ᠂ ᠠᠳᠠᠯ ᠠᠬᠤᠢ ᠶᠢᠨ | ᠬᠠᠮᠢᠶᠠᠷᠤᠯᠳᠠ ᠶᠢ ᠵᠢᠷᠤᠮᠵᠢᠭᠤᠯᠵᠤ᠂ ᠶᠠᠰᠤ ᠴᠢᠨᠠᠷ ᠦᠨ᠎ᠠ ᠬᠠᠩᠰᠢ ᠲᠤᠬᠢᠷᠠᠯᠴᠠᠬᠰᠠᠨ ᠠᠳᠠᠯ ᠠᠬᠤᠢ ᠶᠢᠨ | ᠤᠢᠢᠯᠡᠴᠢᠯᠡᠬᠡᠨ ᠤ ᠵᠠᠷᠤᠳᠠᠯ ᠤᠨ ᠲᠤᠬᠳᠠᠴᠠ ᠶᠢ ᠪᠠᠶᠢᠭᠤᠯᠤᠨ᠎ᠠ᠃ ᠲᠦᠷᠬᠡᠨ ᠬᠦᠷᠬᠡᠬᠦ ᠤᠢᠢᠯᠡᠴᠢᠯᠡᠬᠡᠨ ᠤ | ᠬᠦᠭᠵᠢᠯᠳᠠ ᠶᠢ ᠢᠳᠡᠪᠬᠢᠳᠠᠢ ᠠᠬᠢᠭᠤᠯᠤᠨ᠎ᠠ᠃ ᠬᠦᠢᠯᠬᠡᠬᠡᠨ ᠤ ᠠᠷᠭ᠎ᠠ ᠬᠡᠯᠪᠡᠷᠢ ᠶᠢ ᠬᠤᠪᠢᠷᠠᠭᠤᠯᠬᠤ᠂ ᠭᠡᠷᠡᠭᠯᠡᠬᠡᠨ ᠤ | ᠲᠡᠰ ᠲᠡᠪᠰᠢᠬᠦ ᠶᠢ ᠠᠬᠢᠭᠤᠯᠬᠤ ᠶᠠᠪᠤᠴᠠ ᠳᠠᠬᠢ ᠲᠦᠷᠬᠡᠨ ᠬᠦᠷᠬᠡᠬᠦ ᠦᠢᠯᠡᠰ ᠤᠨ ᠤᠳᠤᠬᠢᠴᠢᠯᠠᠬᠰᠠᠨ | ᠤᠳᠤᠷᠢᠳᠤᠮᠵᠢ ᠶᠢᠨ ᠴᠢᠨᠠᠷᠳᠠᠢ ᠤᠢᠢᠯᠡᠳᠤᠯ ᠢ ᠪᠠᠳᠠᠷᠠᠭᠤᠯᠵᠤ᠂ ᠲᠦᠷᠬᠡᠨ ᠬᠦᠷᠬᠡᠬᠦ ᠠᠵᠤ ᠠᠬᠤᠢᠢᠯᠠᠯ ᠢ | ᠪᠤᠶᠢᠵᠢᠭᠤᠯᠤᠨ ᠪᠤᠵᠠᠭᠠᠢᠢᠷᠠᠭᠤᠯᠵᠤ᠂ ︽ᠢᠨᠲ᠋ᠧᠷ ᠰᠦᠯᠵᠢᠶ᠎ᠠ +︾ ᠲᠦᠷᠬᠡᠨ ᠬᠦᠷᠬᠡᠬᠦ ᠦᠢᠯᠡᠰ ᠢ ᠠᠬᠢᠭᠤᠯᠵᠤ᠂ | ᠲᠦᠷᠬᠡᠨ ᠬᠦᠷᠬᠡᠬᠦ ᠤᠢᠢᠯᠡᠴᠢᠯᠡᠬᠡᠨ ᠤ ᠶᠠᠰᠤ ᠴᠢᠨᠠᠷ ᠪᠤᠯᠤᠨ ᠶᠠᠷᠤᠩᠬᠡᠶᠢᠯᠡᠭᠰᠡᠨ ᠤᠢᠢᠯᠡᠴᠢᠯᠡᠬᠡᠨ ᠤ ᠴᠢᠳᠠᠪᠤᠷᠢ ᠶᠢ | ᠶᠡᠬᠡᠪᠡᠷ ᠲᠡᠭᠡᠭᠰᠢᠯᠡᠬᠦᠯᠵᠤ᠂ ᠤᠢᠢᠯᠡᠳᠬᠦ ᠦᠢᠯᠡᠰ᠂ ᠪᠤᠬᠢᠷᠳᠤᠯ ᠦᠬᠡᠢ ᠲᠠᠷᠢᠶᠠᠯᠠᠩ ᠤᠨ ᠪᠦᠳᠦᠬᠡᠭᠳᠡᠬᠦᠨ ᠮᠠᠯ ᠤᠨ | ᠠᠰᠢᠬ ᠰᠢᠮ᠎ᠠ ᠶᠢ ᠡᠳ᠋ᠰᠢᠬᠦᠯᠬᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠠᠵᠤ ᠤᠢᠢᠯᠡᠰ ᠲᠠᠬᠢ ᠲᠦᠷᠬᠡᠨ | ᠬᠦᠷᠬᠡᠬᠦ ᠤᠢᠢᠯᠡᠴᠢᠯᠡᠬᠡᠨ ᠤ ᠲᠠᠪᠠᠭᠤᠯᠢᠬ ᠤᠢᠢᠯᠡᠳᠤᠯ ᠢ ᠪᠠᠳᠠᠷᠠᠭᠤᠯᠤᠨ᠎ᠠ᠃ ᠲᠦᠷᠬᠡᠨ ᠬᠦᠷᠬᠡᠬᠦ ᠲᠤᠰᠬᠠᠢ | ᠬᠦᠷᠢᠶᠠᠯᠠᠩ ᠲᠤᠭᠤᠷᠢᠬ ᠤᠨ ᠪᠦᠳᠤᠬᠡᠨ ᠪᠠᠶᠢᠭᠤᠯᠤᠯᠳᠠ ᠪᠤᠯᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠤᠢᠢᠯᠡᠰ ᠤᠨ ᠬᠦᠷᠢᠶᠠᠯᠠᠩ ᠲᠤᠭᠤᠷᠢᠬ᠂ ᠡᠳ᠋ ᠪᠠᠷᠠᠭᠠᠨ ᠤ ᠬᠦᠢᠯᠬᠡᠭᠡᠨ ᠤ ᠬᠦᠷᠢᠶᠠᠯᠠᠩ ᠲᠤᠭᠤᠷᠢᠬ ᠢ ᠨᠢᠬᠡᠳᠤᠯᠳᠠᠢ | ᠲᠦᠯᠤᠪᠵᠢᠬᠦᠯᠬᠦ ᠪᠠ ᠵᠡᠷᠬᠡᠪᠡᠷ ᠪᠦᠳᠤᠬᠡᠨ ᠪᠠᠶᠢᠭᠤᠯᠵᠤ᠂ ᠲᠦᠷᠬᠡᠨ ᠬᠦᠷᠬᠡᠬᠦ ᠤᠢᠢᠯᠡᠰ ᠤᠨ ᠬᠦᠭᠵᠢᠯᠳᠠ ᠳᠤ | ᠲᠦᠷᠤ ᠶᠢᠨ ᠪᠤᠳᠤᠯᠭ᠎ᠠ ᠶᠢᠨ ᠲᠡᠮᠵᠢᠯᠬᠡ ᠬᠠᠩᠭᠠᠨ᠎ᠠ᠃ 2020 ᠤᠨ ᠪᠤᠯᠬᠤ ᠳᠤ᠂ ᠬᠤᠳᠠ ᠬᠦᠳᠡᠭᠡ ᠳᠤ | ᠲᠦᠭᠡᠮᠡᠯ ᠠᠰᠢᠬ ᠬᠦᠷᠳᠡᠬᠡᠬᠦ᠂ ᠲᠡᠷᠢᠭᠦᠨ ᠤ ᠮᠡᠷᠬᠡᠵᠢᠯ ᠲᠠᠢ᠂ ᠤᠢᠢᠯᠡᠴᠢᠯᠡᠭᠡ ᠰᠢᠯᠢᠳᠡᠭ᠂ ᠠᠮᠤᠷ ᠲᠦᠪᠰᠢᠨ | ᠦᠨᠳᠤᠷ ᠦᠷ᠎ᠠ ᠠᠰᠢᠬᠳᠠᠢ᠂ ᠪᠤᠬᠢᠷᠳᠤᠯ ᠦᠬᠡᠢ ᠡᠨᠧᠷᠬᠢ ᠶᠢ ᠠᠷᠪᠢᠯᠠᠬᠤ ᠲᠦᠷᠬᠡᠨ ᠬᠦᠷᠬᠡᠬᠦ ᠤᠢᠢᠯᠡᠴᠢᠯᠡᠬᠡᠨ ᠤ | ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ | ᠡᠷᠡᠬᠦᠯ ᠮᠠᠨᠳᠤ ᠨᠠᠰᠤᠵᠢᠯ ᠤᠨ ᠤᠢᠢᠯᠡᠴᠢᠯᠡᠭᠡ ᠶᠢ ᠶᠡᠬᠡᠪᠡᠷ ᠬᠦᠭᠵᠢᠬᠦᠯᠤᠨ᠎ᠠ᠃ ᠡᠮᠴᠢᠯᠡᠭᠡᠨ ᠤ | ᠤᠢᠢᠯᠡᠴᠢᠯᠡᠭᠡ ᠂ ᠡᠷᠡᠬᠦᠯ ᠮᠠᠨᠳᠤ ᠶᠢᠨ ᠬᠠᠮᠢᠶᠠᠷᠤᠯᠳᠠ ᠪᠤᠯᠤᠨ ᠡᠷᠡᠬᠦᠯ ᠮᠡᠨᠳᠤ ᠶᠢᠨ ᠠᠬᠢᠭᠤᠯᠭ᠎ᠠ᠂ ᠡᠷᠡᠬᠦᠯ | ᠮᠠᠨᠳᠤ ᠶᠢᠨ ᠲᠠᠭᠠᠳᠬᠠᠯ ᠵᠡᠷᠬᠡ ᠶᠢ ᠨᠢᠬᠡ ᠴᠤᠬᠴᠠᠵᠢᠭᠤᠯᠤᠬᠰᠠᠨ ᠤᠢᠢᠯᠡᠴᠢᠯᠡᠬᠡᠨ ᠤ ᠰᠢᠰᠲ᠋ᠧᠮ ᠢ ᠪᠠᠶᠢᠭᠤᠯᠤᠨ᠎ᠠ᠃ | ᠭᠡᠷ ᠪᠦᠯᠢ ᠪᠠᠷ ᠰᠠᠭᠤᠷᠢ ᠪᠤᠯᠭᠠᠵᠤ᠂ ᠨᠡᠶᠢᠬᠡᠮ ᠲᠤᠭᠤᠷᠢᠬ ᠢᠶᠠᠷ ᠲᠦᠰᠢᠭ ᠪᠤᠯᠭᠠᠵᠤ᠂ ᠪᠠᠶᠢᠭᠤᠯᠤᠮᠵᠢ ᠪᠠᠷ | ᠲᠤᠯᠭᠠᠭᠤᠷᠢ ᠪᠤᠯᠭᠠᠵᠤ᠂ ᠬᠤᠳᠠ ᠬᠦᠳᠡᠭᠡ ᠶᠢᠨ ᠨᠠᠰᠤᠵᠢᠯ ᠤᠨ ᠠᠰᠠᠷᠠᠮᠵᠢ ᠶᠢᠨ ᠤᠢᠢᠯᠡᠴᠢᠯᠡᠭᠡᠨ ᠤ ᠲᠦᠪ ︵ | ᠦᠷᠳᠡᠭᠡ︶ ᠪᠠ ᠮᠠᠯᠵᠢᠬᠤ ᠲᠠᠷᠢᠶᠠᠯᠠᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠵᠤᠯ ᠵᠢᠷᠭᠠᠯᠳᠤ ᠭᠡᠷ | ᠤᠷᠤᠨ ᠢᠶᠠᠷ ᠴᠢᠬᠤᠯᠠ ᠪᠦᠷᠢᠯᠳᠤᠭᠦᠨ ᠭᠡᠰᠡᠭ ᠪᠤᠯᠭᠠᠬᠰᠠᠨ ᠪᠠᠶᠢᠷᠢᠰᠢᠯ ᠵᠤᠬᠢᠰᠳᠠᠢ᠂ ᠪᠦᠳᠤᠴᠠ ᠰᠢᠯᠢᠳᠡᠭ᠂ | ᠴᠢᠳᠠᠪᠬᠢ ᠪᠦᠷᠢᠨ᠂ ᠬᠤᠳᠠ ᠬᠦᠳᠡᠭᠡ ᠶᠢ ᠪᠦᠷᠬᠦᠭᠰᠡᠨ ᠨᠠᠰᠤᠵᠢᠯ ᠤᠨ ᠤᠢᠢᠯᠡᠴᠢᠯᠡᠬᠡᠨ ᠤ ᠰᠢᠰᠲ᠋ᠧᠮ ᠢ | ᠪᠠᠶᠢᠭᠤᠯᠤᠨ᠎ᠠ᠃ ᠨᠡᠶᠢᠬᠡᠮ ᠤᠨ ᠬᠦᠴᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠶᠢᠭᠤᠯᠬᠤ ᠶᠢ | ᠵᠤᠷᠢᠬᠵᠢᠭᠤᠯᠵᠤ᠂ ᠡᠳ᠋ ᠤᠨ ᠵᠠᠰᠠᠬ ᠤᠨ ᠨᠦᠬᠦᠪᠤᠷᠢ᠂ ᠭᠠᠶᠢᠯᠢ ᠶᠢᠨ ᠬᠠᠷᠠᠭᠠᠯᠵᠠᠯ᠂ ᠭᠠᠵᠠᠷ ᠰᠢᠷᠤᠢ ᠶᠢᠨ | ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠪᠠᠷ ᠨᠢᠬᠡ ᠪᠦᠯᠦᠭ ᠨᠡᠶᠢᠬᠡᠮᠴᠢᠯᠡᠭᠰᠡᠨ ᠨᠠᠰᠤᠵᠢᠯ ᠤᠨ ᠠᠰᠠᠷᠠᠮᠵᠢ ᠶᠢᠨ | ᠨᠡᠶᠢᠳᠡ ᠶᠢᠨ ᠤᠷᠤᠨ ᠰᠠᠭᠤᠴᠠ ᠪᠤᠯᠤᠨ ᠨᠠᠰᠤᠵᠢᠯ ᠤᠨ ᠠᠰᠠᠷᠠᠮᠵᠢ ᠶᠢᠨ ᠤᠢᠢᠯᠡᠴᠢᠯᠡᠬᠡᠨ ᠤ ᠪᠠᠶᠢᠭᠤᠯᠤᠮᠵᠢ | ᠪᠠᠶᠢᠭᠤᠯᠬᠤ ᠶᠢ ᠲᠡᠮᠵᠢᠨ᠎ᠠ᠃ 2020 ᠤᠨ ᠪᠤᠯᠬᠤ ᠳᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠤᠷᠤ ᠶᠢ 16000 ᠳᠤ ᠬᠦᠷᠬᠡᠵᠤ᠂ ᠮᠢᠩᠭᠠᠨ ᠨᠠᠰᠤᠳᠠᠨ ᠳᠤ 40 ᠤᠷᠤ ᠲᠠᠢ ᠪᠤᠯᠭᠠᠨ᠎ᠠ᠃ | ᠨᠡᠶᠢᠬᠡᠮ ᠤᠨ ᠮᠡᠳᠡᠭᠡ ᠵᠠᠩᠬᠢᠴᠢᠯᠠᠬᠰᠠᠨ ᠤᠢᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠤᠨ᠎ᠠ᠃ ᠵᠠᠮ | ᠬᠠᠷᠢᠯᠴᠠᠭ᠎ᠠ ᠵᠦᠬᠡᠬᠡᠪᠤᠷᠢ᠂ ᠰᠤᠶᠤᠯ ᠡᠷᠡᠬᠦᠯ ᠬᠠᠮᠠᠭᠠᠯᠠᠯ᠂ ᠢᠳᠡᠬᠡᠨ ᠤᠮᠳᠠᠭᠠᠨ ᠵᠤᠭᠠᠴᠠᠯ ᠵᠢᠴᠢ ᠮᠦᠩᠬᠦᠨ | ᠬᠦᠢᠯᠬᠡᠬᠡ ᠲᠠᠭᠠᠳᠬᠠᠯ ᠵᠡᠷᠬᠡ ᠤᠢᠢᠯᠡᠴᠢᠯᠡᠬᠡᠨ ᠤ ᠠᠵᠢᠯ ᠲᠦᠷᠤᠯ ᠤᠨ ᠮᠡᠳᠡᠭᠡ ᠵᠠᠩᠬᠢ ᠶᠢᠨ ᠭᠡᠷᠡᠭᠯᠡᠬᠡᠨ ᠢ ᠶᠡᠬᠡᠪᠡᠷ | ᠠᠬᠢᠭᠤᠯᠵᠤ᠂ ᠬᠦᠮᠤᠨ ᠠᠮᠠ᠂ ᠲᠤᠭ᠎ᠠ ᠪᠦᠷᠢᠳᠭᠡᠯ᠂ ᠨᠠᠰᠤᠵᠢᠯ᠂ ᠡᠮ ᠡᠮᠨᠡᠯᠬᠡ᠂ ᠠᠵᠢᠯ ᠤᠯᠭᠤᠯᠳᠠ᠂ | ᠲᠦᠯᠤᠪᠯᠡᠬᠡᠳᠤ ᠦᠷᠡᠵᠢᠯ᠂ ᠰᠤᠷᠭᠠᠨ ᠬᠦᠮᠤᠵᠢᠯ᠂ ᠲᠠᠩᠰᠠ ᠡᠪᠬᠡᠮᠡᠯ ᠵᠡᠷᠭᠡ ᠪᠦᠷᠢᠨ ᠲᠡᠬᠦᠯᠳᠡᠷ ᠨᠡᠶᠢᠬᠡᠮ ᠤᠨ | ᠮᠡᠳᠡᠭᠡ ᠵᠠᠩᠬᠢ ᠶᠢᠨ ᠤᠢᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠨᠡᠶᠢᠬᠡᠮ ᠤᠨ ᠤᠯᠠᠨ ᠨᠡᠶᠢᠳᠠ ᠶᠢᠨ | ᠤᠢᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠤᠨ᠎ᠠ᠃ ᠸᠢᠳᠢᠣ᠋ ᠬᠢᠨᠠᠨ ᠡᠵᠡᠮᠳᠡᠬᠦ ᠲᠦᠭᠰᠢᠬᠦᠷᠢ ᠮᠡᠳᠡᠬᠡᠯᠡᠬᠦ | ᠰᠦᠯᠵᠢᠶᠠᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠤ᠂ ᠨᠡᠶᠢᠬᠡᠮ ᠤᠨ ᠠᠮᠤᠷ ᠢ ᠬᠠᠮᠠᠭᠠᠯᠠᠬᠤ | ᠪᠠᠳᠤᠯᠠᠪᠤᠷᠢ ᠶᠢᠨ ᠲᠦᠪᠰᠢᠨ ᠢ ᠲᠡᠭᠡᠭᠰᠢᠯᠡᠬᠦᠯᠤᠨ᠎ᠠ᠃ ᠪᠦᠬᠦ ᠠᠶᠢᠮᠠᠬ ᠤᠨ ᠨᠢᠬᠡᠳᠤᠯᠳᠠᠢ ᠰᠤᠷᠭᠠᠨ ᠬᠦᠮᠤᠵᠢᠯ ᠤᠨ | ᠬᠤᠳᠠ ᠶᠢᠨ ᠰᠦᠯᠵᠢᠶ᠎ᠠ ᠶᠢ ᠲᠦᠷᠬᠡᠨ ᠪᠠᠶᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠪᠦᠬᠦᠨ ᠳᠤ ᠦᠷᠬᠡᠨ | ᠪᠦᠰᠠ ᠪᠠᠷ ᠢᠨᠲ᠋ᠧᠷ ᠰᠦᠯᠵᠢᠶ᠎ᠠ ᠵᠠᠯᠭᠠᠬᠤ᠋ ᠶᠢ ᠪᠡᠶᠡᠯᠡᠬᠦᠯᠤᠨ᠎ᠠ᠃ ᠵᠤᠭᠠᠴᠠᠯ ᠤᠨ ᠮᠡᠳᠡᠭᠡ ᠵᠠᠩᠬᠢ ᠶᠢᠨ ᠰᠢᠰᠲ᠋ᠧᠮ ᠤᠨ | ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠵᠤᠭᠠᠴᠠᠯ ᠤᠨ ᠦᠵᠡᠮᠵᠢ ᠶᠢᠨ ᠤᠷᠤᠨ᠂ ᠵᠤᠴᠢᠳ ᠤᠨ ᠪᠠᠭᠤᠳᠠᠯ | ᠬᠤᠭᠤᠯᠠᠨ ᠭᠡᠷ᠂ ᠵᠤᠭᠠᠴᠠᠯ ᠤᠨ ᠭᠠᠵᠠᠷ ᠤᠨ ᠰᠦᠯᠵᠢᠶᠡᠵᠢᠯᠳᠡ ᠶᠢᠨ ᠠᠯᠬᠤᠮ ᠢ ᠢᠳᠡᠪᠬᠢᠳᠠᠢ ᠠᠬᠢᠭᠤᠯᠤᠨ᠎ᠠ᠃ | ᠨᠡᠶᠢᠬᠡᠮ ᠤᠨ ᠢᠳᠡᠭᠡᠮᠵᠢ ᠶᠢᠨ ᠰᠢᠰᠲ᠋ᠧᠮ ᠪᠤᠯᠤᠨ ᠰᠠᠭᠤᠭᠠᠯᠢ ᠠᠷᠠᠳ ᠤᠨ ︽ᠪᠦᠷᠢᠨ ᠴᠢᠳᠠᠮᠵᠢᠳᠤ ᠺᠠᠷᠲ︾ ᠤᠨ | ᠪᠠᠶᠢᠭᠤᠯᠤᠯᠳᠠ ᠶᠢ ᠡᠬᠢᠯᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠮᠡᠳᠡᠭᠡ ᠵᠠᠩᠬᠢ ᠶᠢᠨ ᠰᠠᠭᠤᠷᠢ | ᠲᠦᠬᠦᠬᠡᠷᠤᠮᠵᠢ ᠶᠢᠨ ᠪᠡᠯᠡ ᠤᠷᠤᠭᠤᠯᠤᠯᠳᠠ ᠶᠢ ᠨᠡᠮᠡᠭᠳᠡᠬᠦᠯᠤᠨ᠎ᠠ᠃ 2020 ᠤᠨ ᠪᠤᠯᠬᠤ ᠳᠤ᠂ ︽ᠤᠶᠤᠨᠳᠤ | ᠬᠢᠩᠭᠠᠨ︾ ᠤ ᠪᠠᠶᠢᠭᠤᠯᠤᠯᠳᠠ ᠶᠢ ᠴᠢᠬᠤᠯᠠ ᠶᠡᠭᠡ ᠲᠠᠪᠠᠯᠳᠠ ᠲᠠᠢ ᠪᠤᠯᠭᠠᠵᠤ᠂ ᠮᠡᠳᠡᠭᠡ ᠵᠠᠩᠬᠢᠴᠢᠯᠠᠬᠰᠠᠨ | ᠲᠠᠪᠠᠯᠳᠠᠳᠤ ᠬᠦᠭᠵᠢᠯᠳᠠ ᠶᠢ ᠪᠡᠶᠡᠯᠡᠬᠦᠯᠤᠨ᠎ᠠ᠃ | ᠪᠡᠶ᠎ᠠ ᠶᠢᠨ ᠲᠠᠮᠢᠷ ᠤᠨ ᠤᠯᠠᠨ ᠨᠡᠶᠢᠳᠠ ᠶᠢᠨ ᠤᠢᠢᠯᠡᠴᠢᠯᠡᠬᠡᠨ ᠤ ᠴᠢᠳᠠᠪᠬᠢ ᠶᠢ ᠢᠳᠡᠪᠬᠢᠳᠠᠢ ᠬᠦᠭᠵᠢᠬᠦᠯᠤᠨ᠎ᠠ | ᠃ ᠪᠦᠬᠦ ᠠᠷᠠᠳ ᠤᠨ ᠪᠠᠶ᠎ᠠ ᠴᠢᠬᠢᠷᠠᠬᠵᠢᠭᠤᠯᠬᠤ ᠤᠢᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠪᠦᠬᠦ | ᠠᠷᠠᠳ ᠤᠨ ᠪᠠᠶ᠎ᠠ ᠴᠢᠬᠢᠷᠠᠬᠵᠢᠭᠤᠯᠬᠤ ᠤᠢᠢᠯᠡᠴᠢᠯᠡᠬᠡᠨ ᠤ ᠲᠡᠩᠴᠡᠬᠦᠷᠢᠰᠢᠯ ᠢ ᠡᠯᠬᠤᠮ ᠠᠯᠬᠤᠮ ᠢᠶᠠᠷ ᠪᠡᠶᠡᠯᠡᠬᠦᠯᠤᠨ᠎ᠠ | ᠃ ᠪᠦᠬᠦ ᠠᠷᠠᠳ ᠤᠨ ᠪᠠᠶ᠎ᠠ ᠴᠢᠬᠢᠷᠠᠬᠵᠢᠭᠤᠯᠬᠤ ᠠᠵᠢᠯᠯᠠᠭ᠎ᠠ ᠶᠢᠨ ᠡᠳᠤᠷ ᠤᠨ ᠪᠦᠷᠬᠦᠴᠠ ᠶᠢᠨ ᠨᠤᠷᠮ᠎ᠠ ᠶᠢ | 100% ᠲᠤ ᠬᠦᠷᠬᠡᠵᠤ᠂ ᠤᠯᠠᠨ ᠨᠡᠶᠢᠳᠠ ᠶᠢᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠲᠦᠬᠦᠬᠡᠷᠤᠮᠵᠢ ᠶᠢᠨ | ᠲᠤᠤᠷᠴᠢᠯᠠᠬᠰᠠᠨ ᠤᠢᠢᠯᠡᠴᠢᠯᠡᠬᠡᠨ ᠤ ᠰᠢᠰᠲ᠋ᠧᠮ ᠪᠤᠯᠤᠨ ᠪᠠᠶ᠎ᠠ ᠴᠢᠬᠢᠷᠠᠬᠵᠢᠯ ᠢ ᠵᠢᠯᠤᠭᠤᠳᠬᠤ ᠤᠢᠢᠯᠡᠴᠢᠯᠡᠬᠡᠨ ᠤ | ᠰᠢᠰᠲ᠋ᠧᠮ ᠢ ᠦᠨᠳᠤᠰᠤᠨ ᠳᠡᠭᠡᠨ ᠪᠦᠷᠢᠯᠳᠤᠬᠦᠯᠵᠤ᠂ ᠵᠠᠰᠠᠬ ᠤᠨ ᠤᠷᠳᠤᠨ ᠤ ᠪᠦᠬᠦ ᠠᠷᠠᠳ ᠤᠨ ᠪᠠᠶ᠎ᠠ | ᠴᠢᠬᠢᠷᠠᠬᠵᠢᠭᠤᠯᠬᠤ ᠤᠢᠢᠯᠡᠰ ᠤᠨ ᠲᠠᠯ᠎ᠠ ᠪᠠᠷ ᠬᠢ ᠨᠡᠶᠢᠬᠡᠮ ᠤᠨ ᠬᠠᠮᠢᠶᠠᠷᠤᠯᠳᠠ ᠪᠤᠯᠤᠨ ᠤᠯᠠᠨ ᠨᠡᠶᠢᠳᠠ ᠶᠢᠨ | ᠤᠢᠢᠯᠡᠴᠢᠯᠡᠬᠡᠨ ᠤ ᠴᠢᠳᠠᠪᠬᠢ ᠶᠢ ᠴᠢᠨᠠᠬᠰᠢᠳᠠ ᠴᠢᠩᠭᠠᠳᠬᠠᠵᠤ᠂ 2020 ᠤᠨ ᠪᠤᠯᠬᠤ ᠳᠤ᠂ ᠰᠢᠨ᠎ᠠ ᠪᠠᠷ | ᠪᠠᠶᠢᠭᠤᠯᠤᠬᠰᠠᠨ ᠤᠷᠤᠨ ᠰᠠᠭᠤᠴᠠ ᠶᠢᠨ ᠲᠤᠭᠤᠷᠢᠬ ᠤᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ | ᠲᠦᠬᠦᠬᠡᠷᠤᠮᠵᠢ ᠶᠢᠨ ᠲᠠᠯᠠᠪᠠᠢ ᠶᠢ ᠤᠯᠤᠰ ᠤᠨ ᠭᠡᠷᠡᠭᠯᠡᠬᠦ ᠭᠠᠵᠠᠷ ᠤᠨ ᠲᠤᠭᠳᠠᠬᠰᠠᠨ ᠬᠦᠢᠴᠡᠳᠬᠡᠬᠦ ᠲᠤᠭ᠎ᠠ ᠳᠤ | ᠬᠦᠷᠬᠡᠵᠤ᠂ ᠬᠦᠮᠤᠨ ᠲᠤᠮᠳᠠᠴᠢ ᠶᠢᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠲᠠᠯᠠᠪᠠᠢ ᠶᠢ 1.6 ᠲᠡᠭᠰᠢ | ᠲᠦᠷᠪᠡᠯᠵᠢᠨ ᠮᠧᠲᠷ ᠲᠤ ᠬᠦᠷᠬᠡᠵᠤ᠂ ᠨᠡᠶᠢᠬᠡᠮ ᠤᠨ ᠪᠦᠯᠬᠦᠮ ᠤᠨ ᠵᠤᠬᠢᠶᠠᠨ ᠪᠠᠶᠢᠭᠤᠯᠵᠤ ᠪᠦᠳᠤᠬᠡᠨ ᠪᠠᠶᠢᠭᠤᠯᠬᠤ | ᠠᠬᠢᠴᠠ ᠶᠢ ᠢᠳᠡᠪᠬᠢᠳᠠᠢ ᠠᠬᠢᠭᠤᠯᠵᠤ᠂ ᠦᠨᠳᠤᠰᠤᠨ ᠱᠠᠳᠤᠨ ᠤ ᠪᠠᠶ᠎ᠠ ᠶᠢᠨ ᠲᠠᠮᠢᠷ ᠪᠡᠶ᠎ᠡ ᠴᠢᠬᠢᠷᠠᠬᠵᠢᠭᠤᠯᠬᠤ | ᠵᠤᠬᠢᠶᠠᠨ ᠪᠠᠶᠢᠭᠤᠯᠤᠯᠳᠠ ᠶᠢ ᠶᠡᠬᠡᠪᠡᠷ ᠬᠦᠭᠵᠢᠬᠦᠯᠤᠨ᠎ᠠ᠃ ᠰᠤᠮᠤ ᠰᠢᠶᠠᠩ ᠪᠠᠯᠭᠠᠰᠤ ᠪᠤᠯᠤᠨ ᠨᠦᠬᠦᠴᠠᠯ ᠲᠠᠢ | ᠭᠠᠴᠠᠭ᠎ᠠ ᠲᠤᠰᠬᠤᠨ ︵ᠨᠡᠶᠢᠬᠡᠮ ᠲᠤᠭᠤᠷᠢᠬ︶ ᠪᠦᠬᠦᠨ ᠳᠤ ᠰᠤᠶᠤᠯ ᠪᠠᠶ᠎ᠠ ᠶᠢᠨ ᠲᠠᠮᠢᠷ ᠤᠨ ᠬᠦᠳᠡᠯᠬᠡᠬᠡᠨ ᠤ | ᠦᠷᠳᠡᠭᠡ ︵ ᠴᠡᠭ︶ ᠪᠤᠶᠤ ᠪᠠᠶ᠎ᠠ ᠶᠢᠨ ᠲᠠᠮᠢᠷ ᠤᠨ ᠺᠯᠦ᠋ᠪ ᠪᠠᠶᠢᠭᠤᠯᠵᠤ᠂ ᠬᠤᠳᠠ ᠬᠦᠳᠡᠭᠡ ᠶᠢ ᠪᠦᠷᠬᠦᠭᠰᠡᠨ᠂ | ᠵᠢᠷᠤᠮᠵᠢᠯ ᠲᠠᠢ ᠡᠮᠬᠢ ᠲᠢᠭᠯᠢᠮ ᠲᠠᠢ ᠠᠮᠢᠵᠢᠷᠠᠯ ᠤᠨ ᠬᠦᠴᠤᠨ ᠲᠠᠢ ᠨᠡᠶᠢᠬᠡᠮᠴᠢᠯᠡᠭᠰᠡᠨ ᠪᠦᠬᠦ ᠠᠷᠠᠳ ᠤᠨ ᠪᠠᠶ᠎ᠠ | ᠴᠢᠬᠢᠷᠠᠬᠵᠢᠭᠤᠯᠬᠤ ᠵᠤᠬᠢᠶᠠᠨ ᠪᠠᠶᠢᠭᠤᠯᠤᠯᠳᠠ ᠶᠢᠨ ᠲᠤᠤᠷ ᠢ ᠪᠠᠶᠢᠭᠤᠯᠤᠨ᠎ᠠ᠃ | | | | |