ᠬᠤᠳᠠᠯᠠ ᠠᠷᠠᠳ ᠢᠶᠠᠨ ᠭᠡᠪᠡᠯ ᠬᠤᠶᠢᠰᠢ ᠪᠠᠨ ᠤᠬᠤᠷᠢᠳᠠᠭ ᠦᠭᠡᠢ ᠰᠠᠶᠢᠨ ᠺᠠᠳ᠋ᠷ
ᠨᠡᠶᠢᠲᠡᠯᠡᠭᠰᠡᠨ ᠴᠠᠭ᠄
2018-05-29
   ᠬᠤᠳᠠᠯᠠ ᠠᠷᠠᠳ ᠢᠶᠠᠨ ᠭᠡᠪᠡᠯ ᠬᠤᠶᠢᠰᠢ ᠪᠠᠨ ᠤᠬᠤᠷᠢᠳᠠᠭ ᠦᠭᠡᠢ ᠰᠠᠶᠢᠨ ᠺᠠᠳ᠋ᠷ    —— ᠡᠮᠤᠨᠡᠳᠤ ᠬᠤᠰᠢᠭᠤᠨ ᠤ ᠲᠡᠪᠰᠡᠭ ᠪᠠᠯᠭᠠᠰᠤ ᠶᠢᠨ ᠡᠤ ᠵᠢᠶᠠᠽᠢ ᠭᠠᠴᠠᠭᠠᠨ ᠤ ᠭᠠᠴᠠᠭᠠᠨ ᠲᠠᠷᠤᠭ᠎ᠠ ᠡᠤ ᠱᠤ᠋  ᠯᠢᠨ ᠤ ᠠᠷᠠᠳ ᠤᠯᠠᠨ ᠳᠤ ᠤᠢᠢᠯᠡᠴᠢᠯᠡᠭᠰᠡᠨ ᠤᠢᠢᠯᠡ ᠠᠵᠢᠯᠯᠠᠭ᠎ᠠ ᠶᠢ ᠲᠡᠮᠳᠡᠭᠯᠡᠪᠡ   ︽ᠡᠤ ᠵᠢᠶᠠᠽᠢ ᠭᠠᠴᠠᠭ᠎ᠠ ᠶᠢᠨ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠭᠰᠠᠨ ᠠᠴᠠ ᠨᠠᠰᠢ᠂ ᠨᠠᠳᠠ ᠶᠢ  ᠬᠠᠮᠤᠭ ᠠᠴᠠ ᠢᠯᠡᠬᠦᠤ ᠲᠤᠭᠳᠤᠯᠤᠭᠤᠯᠤᠭᠰᠠᠨ ᠶᠠᠪᠤᠳᠠᠯ ᠪᠤᠯ ᠲᠠᠷᠤᠢ ᠡᠤ ᠠᠬ᠎ᠠ ᠶᠢᠨ ᠨᠤᠳᠤᠭ ᠤᠨ ᠠᠷᠠᠳ  ᠤᠯᠠᠨ ᠤ ᠪᠠᠨ ᠰᠠᠶᠢᠨ ᠰᠠᠶᠢᠬᠠᠨ ᠠᠮᠢᠳᠤᠷᠠᠯ ᠤᠨ ᠲᠦᠯᠦᠭᠡ ᠦᠭᠡ ᠲᠠᠭᠤᠨ ᠦᠭᠡᠢ ᠪᠠᠷ ᠡᠳᠤᠷ ᠰᠦᠨᠢ ᠶᠢᠨ  ᠬᠤᠪᠢᠨ ᠳᠤ ᠴᠦᠬᠦᠷᠡᠰᠢ ᠦᠭᠡᠢ ᠴᠢᠷᠮᠠᠶᠢᠨ ᠵᠢᠳᠬᠦᠭᠰᠡᠨ ᠵᠢᠳᠬᠦᠯ ᠨᠢ ᠦᠨᠡᠭᠡᠷ ᠪᠢᠰᠢᠷᠡᠬᠦᠰᠢᠳᠠᠢ ᠮᠦᠷᠳᠡᠭᠡᠨ  ᠮᠠᠭᠳᠠᠭᠤᠰᠢᠳᠠᠢ ᠶᠤᠮ᠂ ᠡᠭᠦᠨ ᠢ ᠬᠡᠨ ᠤ ᠪᠡᠶ᠎ᠠ ᠲᠡᠭᠡᠷ᠎ᠠ ᠠᠪᠴᠤ ᠬᠡᠯᠡᠭᠰᠡᠨ ᠴᠤ ᠬᠢᠵᠤ ᠲᠡᠶᠢᠯᠬᠦ ᠳᠤ ᠪᠡᠷᠬᠡ ᠠᠵᠤ  ᠰᠢᠤ︾ ᠭᠡᠵᠤ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠦᠨᠳᠤᠰᠤᠳᠡᠨ ᠱᠠᠰᠢᠨ ᠰᠤᠷᠳᠠᠬᠤᠨ ᠤ ᠭᠡᠷᠡᠭ  ᠡᠷᠬᠢᠯᠡᠬᠦ ᠲᠤᠪᠴᠢᠶᠠᠨ ᠤ ᠠᠵᠢᠯᠳᠠᠨ᠂ ᠳᠠᠪᠰᠡᠭ ᠪᠠᠯᠭᠠᠰᠤᠨ ᠤ ᠡᠤ ᠵᠢᠶᠠᠽᠢ ᠭᠠᠴᠠᠭ᠎ᠠ ᠶᠢᠨ ᠶᠠᠳᠠᠭᠤ ᠶᠢ ᠲᠡᠳᠬᠦᠬᠦ  ᠠᠵᠢᠯ ᠤᠨ ᠠᠩᠭᠢ ᠶᠢᠨ ᠭᠡᠰᠢᠬᠦᠨ ᠯᠢ ᠵᠦᠩ ᠬᠤᠸᠠ ᠰᠤᠷᠪᠤᠯᠵᠢᠯᠠᠭᠴᠢ ᠳᠤ ᠶᠠᠷᠢᠨ᠎ᠠ᠃ ᠯᠢ ᠵᠦᠩ ᠬᠤᠸᠠ ᠶᠢᠨ  ᠲᠤᠳᠤᠨᠤᠴᠢᠯᠠᠨ ᠲᠠᠭᠤᠳᠠᠵᠤ ᠪᠠᠶᠢᠬᠤ ᠡᠤ ᠠᠬ᠎ᠠ ᠭᠡᠳᠡᠭ ᠨᠢ ᠲᠠᠷᠤᠢ ᠲᠤᠰ ᠭᠠᠴᠠᠭᠠᠨ ᠤ ᠭᠠᠴᠠᠭᠠᠨ ᠲᠠᠷᠤᠭ᠎ᠠ ᠡᠤ  ᠱᠤ᠋ ᠯᠢᠨ ᠭᠡᠳᠡᠭ ᠢ ᠰᠤᠷᠪᠤᠯᠵᠢᠯᠠᠬᠤ ᠪᠠᠷ ᠲᠠᠮᠵᠢᠨ ᠤᠢᠢᠯᠠᠭᠠᠨ ᠮᠡᠳᠡᠭᠰᠡᠨ ᠶᠤᠮ᠃        ᠡᠤ ᠱᠤ᠋ ᠯᠢᠨ ᠤ ᠬᠢᠨ ᠲᠠᠪᠤᠨ ᠠᠮᠠᠭᠤᠯᠠ᠂ ᠡᠬᠡᠨᠡᠷ ᠨᠢ ᠮᠡᠳᠡᠷᠡᠯ ᠤᠨ ᠡᠪᠡᠳᠴᠢᠨ ᠲᠠᠢ᠂ ᠨᠢᠭᠡ ᠬᠦᠤ ᠨᠢᠭᠡ  ᠬᠡᠤᠬᠡᠨ ᠲᠠᠢ᠂ ᠪᠠᠰᠠ ᠨᠠᠶᠠ ᠭᠠᠷᠤᠭᠰᠠᠨ ᠨᠠᠰᠤᠳᠠᠢ ᠡᠵᠢ ᠲᠠᠢ ᠪᠠᠨ ᠲᠠᠪᠤᠭᠤᠯᠠ ᠬᠠᠮᠳᠤ ᠠᠮᠢᠳᠤᠷᠠᠵᠤ ᠪᠠᠶᠢᠳᠠᠭ᠃  ᠬᠦᠤ ᠪᠤᠯᠤᠨ ᠬᠡᠤᠭᠡᠨ ᠨᠢ ᠭᠠᠳᠠᠨ᠎ᠠ ᠭᠠᠵᠠᠷ ᠰᠤᠷᠤᠯᠭ᠎ᠠ ᠰᠤᠶᠤᠯ ᠤᠨ ᠮᠦᠷ ᠬᠦᠬᠡᠭᠡᠵᠤ ᠪᠠᠶᠢᠬᠤ ᠪᠤᠯᠬᠤᠷ ᠵᠢᠯ ᠳᠡᠭᠡᠨ  ᠲᠠᠮᠠᠢ ᠬᠡᠳᠤ ᠤᠳᠠᠭ᠎ᠠ ᠬᠠᠷᠢᠵᠤ ᠢᠷᠡᠬᠦ ᠦᠭᠡᠢ᠂ ᠡᠤ ᠱᠤ᠋ ᠯᠢᠨ ᠦᠪᠡᠷ ᠢᠶᠠᠨ ᠴᠤ ᠭᠠᠴᠠᠭᠠᠨ ᠲᠠᠷᠤᠭ᠎ᠠ ᠶᠢᠨ  ᠠᠵᠢᠯ ᠢ ᠬᠠᠷᠢᠭᠤᠴᠠᠵᠤ ᠪᠠᠶᠢᠬᠤ ᠪᠤᠯᠬᠤᠷ ᠡᠩ ᠤᠨ ᠦᠶ᠎ᠠ ᠳᠡᠭᠡᠨ ᠪᠦᠷ ᠨᠠᠶᠠ ᠬᠦᠷᠦᠭᠰᠡᠨ ᠨᠠᠰᠤᠳᠠᠢ ᠡᠵᠢ ᠪᠤᠯᠤᠨ  ᠬᠦᠷᠰᠢ ᠵᠡᠷᠭᠡᠯᠡᠳᠡᠭᠡ ᠶᠢᠨ ᠢᠶᠠᠨ ᠬᠠᠪᠰᠤᠷᠤᠯᠭ᠎ᠠ ᠲᠡᠮᠵᠢᠯᠭᠡ ᠲᠤᠤᠷ᠎ᠠ ᠭᠡᠷ ᠤᠨ ᠭᠠᠳᠠᠨ᠎ᠠ ᠲᠤᠳᠤᠨᠠᠬᠢ ᠠᠵᠢᠯ ᠢᠶᠠᠨ  ᠠᠮᠵᠢᠭᠤᠯᠵᠤ ᠬᠢᠳᠡᠭ ᠪᠠᠶᠢᠯ᠎ᠠ᠃ ᠮᠠᠨ ᠤ ᠰᠤᠷᠪᠤᠯᠵᠢᠯᠠᠬᠤ ᠲᠤᠭᠤᠢᠢᠯᠠᠩ ᠤᠨ ᠬᠢᠨ ᠲᠡᠬᠦᠨ ᠢ ᠰᠤᠷᠪᠤᠯᠵᠢᠯᠠᠬᠤ ᠪᠠᠷ  ᠭᠠᠴᠠᠭᠠᠨ ᠤ ᠠᠯᠪᠠᠨ ᠭᠡᠷ ᠲᠤ ᠤᠷᠤᠬᠤ ᠳᠤ᠂ ᠡᠮᠤᠰᠴᠤ ᠵᠡᠭᠦᠭᠰᠡᠨ ᠨᠢ ᠡᠭᠡᠯ ᠪᠤᠷᠤᠬᠵᠢᠭᠤᠨ᠂ ᠦᠭᠡ ᠶᠠᠷᠢᠶ᠎ᠠ ᠨᠢ  ᠡᠶᠡᠯᠰᠡᠭ ᠲᠤᠳᠤᠨᠤ ᠲᠤᠮᠳᠠ ᠶᠢᠨ ᠪᠡᠶ᠎ᠠ ᠲᠠᠢ ᠡᠷᠡᠭᠳᠡᠢ ᠶᠠᠭ ᠭᠠᠴᠠᠭᠠᠨ ᠤ ᠠᠷᠠᠳ ᠤᠨ ᠵᠢᠭᠡᠯᠡᠯᠭᠡ ᠶᠢᠨ ᠠᠰᠠᠭᠤᠳᠠᠯ ᠢ  ᠰᠢᠢᠳᠪᠤᠷᠢᠯᠡᠭᠡᠳ ᠶᠠᠭᠠᠷᠠᠵᠤ ᠪᠠᠶᠢᠯ᠎ᠠ᠃ ᠡᠨᠡ ᠬᠦᠮᠤᠨ ᠪᠤᠯ ᠲᠠᠷᠤᠢ ᠡᠤ ᠵᠢᠶᠠᠽᠢ ᠭᠠᠴᠠᠭᠠᠨ ᠤ ᠭᠠᠴᠠᠭᠠᠨ ᠲᠠᠷᠤᠭ᠎ᠠ  ᠡᠤ ᠱᠤ᠋ ᠯᠢᠨ ᠪᠤᠯᠤᠨ᠎ᠠ᠃ ︽ᠡᠤ ᠠᠬ᠎ᠠ ᠡᠳᠤᠷᠵᠢᠨ ᠭᠠᠴᠠᠭᠠᠨ ᠤ ᠠᠵᠢᠯ ᠳᠤ ᠶᠠᠭᠠᠷᠠᠭᠠᠳ ᠭᠡᠷ ᠤᠨ ᠠᠵᠢᠯ ᠢᠶᠠᠨ  ᠬᠢᠬᠦ ᠵᠠᠪ ᠴᠢᠯᠦᠭᠡ ᠴᠤ ᠤᠯᠳᠠᠬᠤ ᠦᠭᠡᠢ︾ ᠭᠡᠵᠤ ᠲᠤᠰ ᠭᠠᠴᠠᠭ᠎ᠠ ᠶᠢᠨ ᠨᠢᠭᠡᠳᠤᠭᠡᠷ ᠱᠦᠵᠢ ᠱᠤᠸᠠᠩ ᠯᠦᠩ  ᠬᠠᠵᠠᠭᠤ ᠠᠴᠠ ᠦᠭᠡ ᠬᠠᠪᠴᠢᠭᠤᠯᠤᠨ ᠶᠠᠷᠢᠨ᠎ᠠ᠃            ᠡᠤ ᠱᠤ᠋ ᠯᠢᠨ ᠡᠤ ᠵᠢᠶᠠᠽᠢ ᠭᠠᠴᠠᠭᠠᠨ ᠤ ᠭᠠᠴᠠᠭᠠᠨ ᠲᠠᠷᠤᠭ᠎ᠠ ᠶᠢᠨ ᠠᠵᠢᠯ ᠢ ᠬᠠᠷᠢᠭᠤᠴᠠᠭᠰᠠᠨ ᠠᠴᠠ ᠨᠠᠰᠢ᠂  ᠤᠯᠠᠨ ᠲᠦᠮᠡᠨ ᠤ ᠠᠰᠠᠭᠤᠳᠠᠯ ᠢ ᠴᠠᠭ ᠢᠮᠠᠭᠳᠠ ᠰᠡᠳᠭᠢᠯ ᠵᠢᠷᠤᠭᠡᠨ ᠳᠡᠭᠡᠨ ᠪᠤᠳᠤᠵᠤ᠂ ᠴᠢᠩ ᠦᠨᠡᠨ  ᠰᠡᠳᠭᠢᠯ ᠠᠴᠠ ᠪᠠᠨ ᠤᠯᠠᠨ ᠲᠦᠮᠡᠨ ᠤ ᠲᠦᠯᠦᠭᠡ ᠪᠤᠳᠠᠳᠤ ᠶᠠᠪᠤᠳᠠᠯ ᠬᠢᠵᠤ᠂ ᠬᠦᠴᠢᠷ ᠶᠠᠪᠤᠳᠠᠯ ᠢ ᠨᠢ  ᠰᠢᠢᠳᠪᠤᠷᠢᠯᠡᠨ ᠦᠭᠬᠦ ᠪᠠᠷ ᠬᠠᠨᠴᠤᠢ ᠰᠢᠮᠠᠯᠠᠨ ᠴᠢᠷᠮᠠᠶᠢᠨ ᠠᠵᠢᠯᠯᠠᠭᠰᠠᠭᠠᠷ ᠢᠷᠡᠵᠠᠢ᠃ ᠢᠯᠠᠩᠭᠤᠶ᠎ᠠ ᠭᠠᠴᠠᠭᠠᠨ ᠤ  ᠠᠷᠠᠳ ᠤᠨ ᠵᠢᠯ ᠪᠦᠷᠢ ᠡᠷᠤᠭᠡ ᠬᠤᠯᠪᠤᠭᠠᠯᠠᠨ ᠵᠢᠭᠡᠯᠡᠯᠭᠡ ᠵᠢᠭᠡᠯᠡᠭᠰᠡᠨ ᠤ ᠲᠠᠷᠠᠭᠠᠬᠢ ᠵᠢᠭᠡᠯᠡᠯᠭᠡ ᠪᠤᠴᠠᠭᠠᠬᠤ  ᠠᠰᠠᠭᠤᠳᠠᠯ ᠢ ᠰᠢᠢᠳᠪᠤᠷᠢᠯᠡᠬᠦ ᠵᠡᠷᠭᠡ ᠠᠯᠢ ᠤᠯᠠᠨ ᠠᠰᠠᠭᠤᠳᠠᠯ ᠢ ᠰᠢᠢᠳᠪᠤᠷᠢᠯᠡᠵᠤ ᠠᠷᠠᠳ ᠤᠯᠠᠨ ᠳᠤ ᠠᠰᠢᠭ  ᠬᠦᠷᠳᠡᠭᠡᠭᠰᠡᠭᠡᠷ ᠢᠷᠡᠵᠠᠢ᠃       2017 ᠤᠨ ᠳᠤ ᠡᠤ ᠵᠢᠶᠠᠽᠢ ᠭᠠᠴᠠᠭᠠᠨ ᠤ ᠭᠤᠷᠪᠠᠨ ᠡᠷᠤᠭᠡ ᠬᠤᠯᠪᠤᠭᠠᠯᠠᠨ ᠪᠠᠩᠭᠢ ᠠᠴᠠ 2 ᠲᠦᠮᠡᠨ  ᠲᠦᠬᠦᠷᠢᠭ ᠤᠨ ᠵᠢᠭᠡᠯᠡᠯᠭᠡ ᠵᠢᠭᠡᠯᠡᠵᠠᠢ᠂ ᠡᠭᠦᠨ ᠤ ᠲᠤᠳᠤᠷ᠎ᠠ ᠭᠠᠴᠠᠭᠠᠨ ᠤ ᠠᠷᠠᠳ ᠶᠢᠨ ᠪᠢᠩ ᠡᠪᠡᠳᠴᠢᠨ ᠠᠴᠠ  ᠪᠤᠯᠵᠤ ᠨᠠᠰᠤ ᠨᠦᠭᠴᠢᠵᠠᠢ᠃ ᠨᠠᠰᠤ ᠨᠦᠭᠴᠢᠭᠰᠡᠨ ᠠᠴᠠ ᠪᠤᠯᠵᠤ ᠲᠡᠭᠦᠨ ᠤ ᠵᠢᠭᠡᠯᠡᠭᠰᠡᠨ ᠵᠢᠭᠡᠯᠡᠯᠭᠡ ᠶᠢ ᠪᠤᠴᠠᠭᠠᠬᠤ  ᠬᠦᠮᠤᠨ ᠦᠭᠡᠢ ᠪᠤᠯᠤᠭᠰᠠᠨ ᠪᠠᠶᠢᠨ᠎ᠠ᠃ ᠬᠡᠷᠪᠡ ᠶᠢᠨ ᠪᠢᠩ 2017 ᠤᠨ ᠤ ᠵᠢᠭᠡᠯᠡᠯᠭᠡ ᠪᠠᠨ ᠪᠤᠴᠠᠭᠠᠵᠤ ᠲᠡᠶᠢᠯᠬᠦ  ᠦᠭᠡᠢ ᠪᠤᠯ ᠲᠡᠭᠦᠨ ᠲᠠᠢ ᠬᠤᠯᠪᠤᠭᠠᠯᠠᠭᠰᠠᠨ ᠨᠦᠬᠦᠬᠡ ᠬᠤᠶᠠᠷ ᠡᠷᠤᠭᠡ ᠨᠢ 2018 ᠤᠨ ᠳᠤ ᠵᠢᠭᠡᠯᠡᠯᠭᠡ ᠤᠯᠬᠤ  ᠦᠭᠡᠢ ᠪᠤᠯᠬᠤ ᠶᠤᠮ᠃ ᠡᠨᠡ ᠨᠢ ᠭᠤᠷᠪᠠᠨ ᠡᠷᠤᠭᠡ ᠶᠢᠨ ᠠᠰᠢᠭ ᠲᠤᠰᠠ ᠲᠠᠢ ᠬᠤᠯᠪᠤᠭᠳᠠᠵᠤ ᠪᠠᠶᠢᠭᠰᠠᠨ ᠪᠤᠯᠬᠤᠷ  ᠡᠤ ᠱᠤ᠋ ᠯᠢᠨ ᠶᠢᠨ ᠪᠢᠩ ᠤᠨ ᠦᠷᠢ ᠶᠢ ᠬᠦᠤ ᠳᠤᠨᠢ ᠰᠢᠯᠵᠢᠬᠦᠯᠤᠨ ᠦᠭᠴᠤ ᠠᠪᠤ ᠶᠢᠨ ᠬᠢᠨᠢ ᠦᠷᠢ ᠶᠢ  ᠬᠦᠤ ᠪᠠᠷ ᠨᠢ ᠲᠦᠯᠦᠬᠦᠯᠦᠭᠰᠡᠨ ᠠᠴᠠ ᠭᠤᠷᠪᠠᠨ ᠡᠷᠤᠭᠡ ᠶᠢᠨ ᠵᠢᠭᠡᠯᠡᠯᠭᠡ ᠵᠢᠭᠡᠯᠡᠵᠤ ᠤᠯᠬᠤ ᠶᠢ ᠪᠠᠳᠤᠯᠠᠵᠤ  ᠴᠢᠳᠠᠭᠰᠠᠨ ᠢᠶᠠᠷ ᠪᠠᠷᠠᠬᠤ ᠦᠭᠡᠢ ᠤᠯᠤᠰ ᠤᠨ ᠡᠳ᠋ ᠬᠦᠷᠤᠩᠬᠡ ᠶᠢ ᠴᠤ ᠲᠠᠯᠠᠭᠠᠷ ᠦᠷᠡᠭᠳᠡᠬᠦᠯᠦᠭᠰᠡᠨ ᠦᠭᠡᠢ᠃  ᠡᠭᠦᠨ ᠤ ᠬᠠᠮᠳᠤ ᠭᠠᠴᠠᠭᠠᠨ ᠤ ᠪᠠᠨ ᠡᠪᠡᠳᠴᠢᠨ ᠡᠮᠭᠡᠭ ᠲᠠᠢ ᠡᠷᠤᠭᠡ ᠶᠢ ᠬᠠᠪᠰᠤᠷᠤᠨ ᠬᠦᠴᠢᠷ ᠲᠦᠪᠡᠭᠳᠡᠢ  ᠠᠰᠠᠭᠤᠳᠠᠯ ᠢ ᠨᠢ ᠰᠢᠢᠳᠪᠤᠷᠢᠯᠡᠵᠤ ᠦᠭᠳᠡᠭ᠃ ᠭᠠᠴᠠᠭᠠᠨ ᠤ ᠠᠷᠠᠳ ᠭᠤ ᠤᠠ᠋ ᠵᠢᠷᠤᠭᠡᠨ ᠡᠪᠡᠳᠴᠢᠨ ᠲᠠᠢ᠂ ᠭᠤ  ᠤᠠ᠋ ᠶᠢᠨ ᠡᠷ᠎ᠠ ᠨᠦᠬᠦᠷ ᠨᠢ ᠮᠡᠳᠡᠷᠡᠯ ᠤᠨ ᠡᠪᠡᠳᠴᠢᠨ ᠲᠠᠢ᠂ ᠬᠤᠶᠠᠷ ᠠᠮᠠᠭᠤᠯᠠ ᠪᠠᠨ ᠲᠤᠭᠳᠠᠭᠰᠠᠨ ᠤᠷᠤᠯᠭ᠎ᠠ ᠭᠡᠵᠤ  ᠦᠭᠡᠢ᠂ ᠡᠭᠦᠨ ᠢ ᠬᠠᠷᠠᠭᠰᠠᠨ ᠡᠤ ᠱᠦ ᠯᠢᠨ ᠦᠪᠡᠷ ᠤᠨ ᠬᠠᠷᠮᠠᠨ ᠠᠴᠠ ᠪᠠᠨ ᠵᠤᠭᠤᠰ ᠭᠠᠷᠭᠠᠵᠤ ᠪᠠᠶᠢᠭᠠᠳ ᠲᠡᠷᠡ  ᠬᠤᠶᠠᠭᠤᠯᠠ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠰᠦᠢᠳᠭᠡᠯ 360 ᠲᠦᠬᠦᠷᠢᠭ ᠢ ᠨᠢ  ᠲᠤᠰᠢᠶᠠᠵᠤ ᠦᠭᠬᠦᠭᠰᠡᠨ ᠪᠠᠶᠢᠨ᠎ᠠ᠃ ᠡᠤ ᠱᠤ᠋ ᠯᠢᠨ ᠤ ᠬᠠᠮᠤᠭ ᠤᠨ ᠶᠠᠭᠠᠷᠠᠯᠳᠠᠢ ᠴᠠᠭ ᠪᠤᠯ ᠬᠠᠪᠤᠷ ᠤᠨ ᠲᠠᠷᠢᠶᠠᠯᠠᠭ᠎ᠠ  ᠪᠤᠯᠤᠨ ᠨᠠᠮᠤᠷ ᠤᠨ ᠬᠤᠷᠢᠶᠠᠯᠳᠠ ᠶᠢᠨ ᠴᠠᠭ ᠪᠤᠯᠤᠨ᠎ᠠ᠃ ᠭᠠᠩ ᠵᠢᠯ ᠲᠠᠷᠢᠶ᠎ᠠ ᠤᠰᠤᠯᠠᠨ᠎ᠠ ᠭᠡᠵᠤ ᠶᠠᠭᠠᠷᠠᠨ᠎ᠠ᠂  ᠨᠤᠳᠤᠭ ᠤᠨ ᠤᠯᠠᠨ ᠤ ᠪᠠᠨ ᠲᠠᠷᠢᠶ᠎ᠠ ᠶᠢ ᠤᠰᠤᠯᠠᠵᠤ ᠪᠠᠷᠠᠭᠰᠠᠨ ᠤ ᠲᠠᠷᠠᠭ᠎ᠠ ᠰᠠᠶ᠋ᠢ ᠬᠤᠪᠢ ᠶᠢᠨ ᠲᠠᠷᠢᠶ᠎ᠠ ᠪᠠᠨ  ᠤᠰᠤᠯᠠᠨ᠎ᠠ᠃ ᠨᠠᠮᠤᠷ ᠤᠨ ᠬᠤᠷᠢᠶᠠᠯᠳᠠ ᠶᠢᠨ ᠬᠠᠮᠤᠭ ᠶᠠᠭᠠᠷᠠᠯᠳᠠᠢ ᠴᠠᠭ ᠲᠤ᠂ ᠤᠷᠢᠳᠠᠪᠡᠷ ᠭᠠᠴᠠᠭᠠᠨ ᠤ ᠪᠠᠨ  ᠠᠷᠠᠳ ᠤᠨ ᠲᠠᠷᠢᠶ᠎ᠠ ᠶᠢ ᠨᠢ ᠬᠤᠷᠢᠶᠠᠭᠰᠠᠨ ᠤ ᠪᠠᠨ ᠲᠠᠷᠠᠭ᠎ᠠ ᠬᠠᠮᠤᠭ ᠰᠡᠬᠦᠯ ᠳᠤᠨᠢ ᠬᠤᠪᠢ ᠶᠢᠨ ᠲᠠᠷᠢᠶ᠎ᠠ ᠪᠠᠨ  ᠬᠤᠷᠢᠶᠠᠨ᠎ᠠ᠃    ᠡᠤ ᠵᠢᠶᠠᠽᠢ ᠭᠠᠴᠠᠭ᠎ᠠ ᠦᠩᠭᠡᠷᠡᠭᠰᠡᠨ ᠳᠤ ᠶᠠᠳᠠᠭᠤ ᠬᠤᠴᠤᠷᠤᠩᠭᠤᠢ ᠪᠠᠷ ᠢᠶᠠᠨ ᠲᠡᠪᠰᠡᠭ ᠪᠠᠯᠭᠠᠰᠤᠨ ᠳᠠᠭᠠᠨ  ᠨᠡᠷᠡᠳᠠᠢ ᠭᠠᠴᠠᠭ᠎ᠠ ᠪᠠᠶᠢᠵᠠᠢ᠃ ᠤᠳᠤ ᠡᠤ ᠵᠢᠶᠠᠽᠢ ᠭᠠᠴᠠᠭ᠎ᠠ ᠤᠯᠠᠭᠠᠨ ᠲᠤᠭᠤᠰᠬᠠᠨ ᠪᠠᠶᠢᠰᠢᠩ ᠲᠠᠢ᠂  ᠠᠷᠠᠳ ᠤᠳ ᠨᠢ ᠠᠵᠢᠯᠴᠢ ᠬᠦᠳᠡᠯᠮᠤᠷᠢᠴᠢ ᠪᠠᠶᠢᠵᠤ᠂ ᠭᠠᠴᠠᠭᠠᠨ ᠤ ᠠᠷᠠᠳ ᠤᠨ ᠬᠡᠪ ᠪᠤᠯᠪᠠᠰᠤᠷᠠᠯ ᠲᠡᠭᠡᠭᠰᠢᠯᠡᠵᠤ᠂  ᠠᠷᠠᠳ ᠤᠨ ᠠᠮᠢᠳᠤᠷᠠᠯ ᠰᠠᠶᠢᠵᠢᠷᠠᠭᠠᠳ 2017 ᠤᠨ ᠳᠤ ᠲᠤᠰ ᠭᠠᠴᠠᠭ᠎ᠠ ᠶᠢᠨ ᠠᠷᠠᠳ ᠤᠨ ᠤᠷᠤᠯᠭ᠎ᠠ  ᠪᠠᠯᠭᠠᠰᠤᠨ ᠳᠠᠭᠠᠨ ᠡᠮᠤᠨ᠎ᠠ ᠲᠠᠪᠤᠨ ᠨᠡᠷᠡᠰ ᠲᠤ ᠵᠢᠭᠰᠠᠭᠠᠭᠳᠠᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号