ᠬᠢᠩᠭᠠᠨ ᠠᠶᠢᠮᠠᠭ ᠤᠨ ᠤᠯᠤᠰ ᠠᠷᠠᠳ ᠤᠨ ᠠᠵᠥ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ  ᠲᠠᠪᠤᠨ ᠵᠢᠯ ᠤᠨ ᠲᠦᠯᠥᠪᠵᠢᠬᠦᠯᠬᠡ ᠶᠢᠨ ᠬᠦᠳᠦᠯᠪᠤᠷᠢ
ᠨᠡᠶᠢᠲᠡᠯᠡᠭᠰᠡᠨ ᠴᠠᠭ᠄
2018-06-22
     ᠨᠢᠬᠡᠳᠤᠭᠡᠷ ᠠᠩᠭᠢᠯᠠᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠡᠷᠬᠢᠴᠡᠬᠦᠯᠥᠯ ᠨᠢᠬᠡᠳᠤᠭᠡᠷ ᠪᠦᠯᠥᠭ ᠬᠦᠭᠵᠢᠯᠳᠡ ᠶᠢᠨ ᠰᠠᠭᠤᠷᠢ ᠪᠠ ᠨᠦᠬᠦᠴᠡᠯ     ᠨᠢᠬᠡᠳᠤᠭᠡᠷ ᠬᠡᠰᠡᠭ ᠬᠦᠭᠵᠢᠯᠳᠡ ᠶᠢᠨ ᠰᠠᠭᠤᠷᠢ         ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠠᠵᠠ ᠲᠤᠬᠢᠶᠠᠯ ᠢ ᠠᠮᠵᠢᠵᠥ᠂  ᠡᠯ᠎ᠡ ᠵᠦᠢᠯ ᠤᠨ ᠬᠦᠴᠢᠷ ᠪᠡᠷᠭᠡᠰᠢᠶᠡᠯ ᠪᠤᠯᠤᠨ ᠦᠷᠢᠰᠦᠯᠳᠦᠬᠡᠨ ᠢ ᠴᠢᠷᠮᠠᠶᠢᠨ ᠠᠷᠭᠠᠴᠠᠵᠥ᠂ ᠲᠦᠪ ᠤᠨ ᠪᠠ ᠦᠪᠡᠷᠳᠡᠭᠡᠨ  ᠵᠠᠰᠠᠬᠤ ᠤᠷᠤᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ  ᠲᠤᠤᠱᠯᠠᠭᠤᠯᠤᠨ ᠨᠠᠶᠢᠳᠠᠪᠤᠷᠢᠵᠢᠭᠤᠯᠵᠥ᠂ ᠬᠦᠭᠵᠢᠯᠳᠡ ᠶᠢᠨ ᠤᠢᠢᠯᠠᠭᠠᠭᠳᠠᠬᠤᠨ ᠢᠶᠠᠨ ᠲᠦᠷᠭᠡᠨ ᠬᠤᠪᠢᠷᠠᠭᠤᠯᠵᠥ᠂  ᠬᠦᠭᠵᠢᠯᠳᠡ ᠶᠢᠨ ᠰᠡᠳᠬᠢᠴᠡ ᠪᠠᠨ ᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠠᠵᠥ ᠠᠬᠤᠢ ᠨᠡᠶᠢᠭᠡᠮ ᠤᠨ ᠬᠦᠭᠵᠢᠯᠳᠡ  ᠴᠢᠬᠤᠯᠠ ᠶᠡᠭᠡ ᠠᠬᠢᠴᠠ ᠲᠠᠢ ᠪᠤᠯᠵᠥ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠴᠢᠨᠡᠭᠡᠯᠢᠭ  ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠴᠠᠢ᠃ ᠶᠡᠷᠤᠩᠬᠡᠶᠢᠯᠡᠭᠰᠡᠡ ᠠᠵᠥ ᠠᠬᠤᠢ ᠶᠢᠨ ᠪᠤᠳᠠᠳᠤ ᠬᠦᠴᠦᠨ ᠲᠠᠰᠤᠷᠠᠯᠳᠡ ᠦᠭᠡᠢ ᠲᠡᠭᠡᠭᠰᠢᠯᠡᠪᠡ᠃ 2015 ᠤᠨ ᠳᠤ  ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 502.3 ᠳ᠋ᠦᠩᠰᠢᠭᠤᠷ ᠲᠦᠬᠦᠷᠢᠭ ᠲᠤ ᠬᠦᠷᠴᠦ᠂ ᠵᠢᠯ  ᠲᠤᠮᠳᠠᠴᠢ ᠪᠠᠷ 14% ᠨᠡᠮᠡᠭᠳᠡᠪᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 26.6  ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 21% ᠨᠡᠮᠡᠭᠳᠡᠪᠡ ︔ 500 ᠲᠦᠮᠡᠨ ᠲᠦᠬᠦᠷᠢᠭ ᠠᠴᠠ  ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 425 ᠳ᠋ᠦᠩᠰᠢᠭᠤᠷ ᠲᠦᠬᠦᠷᠢᠭ ᠲᠤ ᠬᠦᠷᠴᠦ᠂ ᠵᠢᠯ  ᠲᠤᠮᠳᠠᠴᠢ ᠪᠠᠷ 23% ᠨᠡᠮᠡᠭᠳᠡᠵᠥ᠂ ᠨᠡᠶᠢᠳᠡ 1500 ᠳ᠋ᠦᠩᠰᠢᠭᠤᠷ ᠰᠢᠬᠠᠮ ᠲᠦᠬᠦᠷᠢᠭ ᠢ ᠪᠡᠶᠡᠯᠡᠬᠦᠯᠪᠡ᠃          ᠠᠵᠥ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠢᠯᠡᠳᠳᠡ ᠦᠷ᠎ᠡ ᠪᠦᠳᠦᠮᠵᠢ ᠤᠯᠪᠠ᠃ ᠭᠤᠷᠪᠠᠨ ᠠᠵᠥ  ᠦᠢᠯᠡᠰ ᠤᠨ ᠬᠠᠷᠢᠴᠠᠯ 32᠄ 34᠄ 34 ᠪᠠᠶᠢᠭᠰᠠᠠ ᠠᠴᠠ ᠪᠠᠨ 25᠄ 40᠄ 35 ᠪᠤᠯᠤᠨ ᠬᠤᠪᠢᠷᠠᠵᠥ᠂ ᠲᠠᠷᠢᠶᠠᠯᠠᠩ  ᠮᠠᠯ ᠠᠵᠥ ᠠᠬᠤᠢ ᠶᠢᠨ ᠤᠳᠤᠬᠢᠴᠢᠯᠠᠯᠳᠠ ᠲᠤᠭᠳᠠᠭᠤᠨ ᠢᠶᠠᠷ ᠠᠬᠢᠵᠥ᠂ ᠠᠵᠥ ᠦᠢᠯᠡᠳᠪᠤᠷᠢ ᠶᠢᠨ ᠲᠠᠶᠢᠴᠢᠯᠠᠬᠤ ᠬᠦᠴᠦᠨ  ᠠᠯᠬᠤᠮ ᠠᠯᠬᠤᠮ ᠢᠶᠠᠷ ᠲᠡᠭᠡᠭᠰᠢᠯᠡᠵᠥ᠂ ᠦᠢᠯᠡᠴᠢᠯᠡᠬᠡᠨ ᠤ ᠦᠢᠯᠡᠰ ᠲᠦᠷᠭᠡᠨ ᠬᠦᠭᠵᠢᠪᠡ᠃ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠴᠢᠬᠤᠯᠠ ᠶᠡᠭᠡ ᠠᠬᠢᠴᠠ ᠲᠠᠢ ᠪᠤᠯᠪᠠ᠃ ᠶᠡᠷᠤᠩᠬᠡᠶᠢᠯᠡᠭᠰᠡᠡ  ᠵᠦᠬᠡᠬᠡᠪᠤᠷᠢ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠵᠥ᠂ ᠵᠠᠰᠠᠮᠠᠯ ᠵᠠᠮ ᠤᠨ ᠪᠦᠬᠦ ᠤᠷᠳᠤ ᠶᠢᠨ ᠬᠡᠮᠵᠢᠶ᠎ᠡ 11466  ᠺᠢᠯᠥᠮᠧᠲᠷ ᠲᠤ ᠬᠦᠷᠴᠦ᠂ ᠲᠡᠮᠤᠷ ᠵᠠᠮ ᠤᠨ ᠪᠦᠬᠦ ᠤᠷᠳᠤ ᠶᠢᠨ ᠬᠡᠮᠵᠢᠶ᠎ᠡ 732.6 ᠺᠢᠯᠥᠮᠧᠲᠷ ᠲᠤ ᠬᠦᠷᠴᠦ᠂  ᠷᠠᠰᠢᠶᠠᠨ ᠤ ᠨᠢᠰᠭᠡᠯ ᠤᠨ ᠪᠠᠭᠤᠳᠠᠯ ᠠᠰᠢᠬᠯᠠᠯᠳᠡ ᠳᠤ ᠤᠷᠤᠵᠥ᠂ ᠤᠯᠠᠭᠠᠨᠬᠤᠳᠠ ᠶᠢᠨ ᠨᠢᠰᠬᠡᠯ ᠤᠨ ᠪᠠᠭᠤᠳᠠᠯ ᠢ  ᠦᠭᠡᠷᠡᠴᠢᠯᠡᠵᠥ ᠦᠷᠭᠡᠳᠭᠡᠨ ᠪᠠᠶᠢᠭᠤᠯᠬᠤ ᠪᠠᠷᠢᠯᠭ᠎ᠠ ᠲᠠᠭᠤᠰᠴᠥ᠂ ᠠᠶᠢᠮᠠᠭ ᠤᠨ ᠲᠤᠳᠤᠷ᠎ᠠ ᠭᠠᠳᠠᠨᠠᠬᠢ ᠠᠭᠠᠷ ᠤᠨ  ᠠᠶᠠᠯᠠᠯ ᠤᠨ ᠱᠤᠭᠤᠮ 9 ᠪᠤᠯᠪᠠ᠃ ᠨᠢᠬᠡ ᠪᠦᠯᠥᠭ 220 ᠺᠢᠯᠥᠸᠤᠯᠲ ᠤᠨ ᠴᠠᠬᠢᠯᠭᠠᠨ ᠬᠦᠷᠬᠡᠬᠦ ᠬᠦᠴᠦᠳᠠᠯ  ᠦᠭᠡᠷᠡᠴᠢᠯᠡᠬᠦ ᠪᠠᠷᠢᠯᠭ᠎ᠠ ᠶᠢ ᠪᠦᠳᠦᠭᠡᠨ ᠪᠠᠶᠢᠭᠤᠯᠤᠨ ᠬᠡᠷᠡᠭᠵᠢᠬᠦᠯᠵᠥ᠂ 500 ᠺᠢᠯᠥᠸᠤᠯᠲ ᠤᠨ ᠬᠦᠴᠦᠳᠡᠯ ᠦᠭᠡᠷᠡᠴᠯᠡᠬᠦ  ᠦᠷᠳᠡᠭᠡ ᠦᠭᠡᠢ ᠠᠴᠠ ᠪᠠᠨ ᠪᠠᠶᠢᠬᠤ ᠪᠤᠯᠵᠥ᠂ ᠴᠠᠬᠢᠯᠭᠠᠨ ᠲᠤᠤᠷ ᠤᠨ ᠪᠦᠳᠦᠴᠡ ᠰᠢᠯᠢᠳᠡᠭᠵᠢᠨ ᠲᠡᠰ ᠲᠡᠪᠰᠢᠪᠡ᠃  ᠦᠨᠳᠡᠭᠡᠨ ᠤᠰᠤᠨ ᠴᠦᠬᠦᠷᠤᠮ᠂ ᠴᠤᠤᠯ ᠤᠰᠤᠨ ᠴᠦᠬᠦᠷᠤᠮ ᠤᠨ ᠦᠪᠤᠷ ᠮᠤᠩᠭᠤᠯ ᠳᠠᠬᠢ ᠲᠤᠤᠷᠠᠳᠤ ᠤᠷᠤᠰᠬᠠᠯ ᠤᠨ  ᠤᠰᠤᠯᠠᠯᠳᠠ ᠶᠢᠨ ᠤᠷᠤᠨ ᠵᠡᠷᠬᠡ ᠲᠦᠷᠦᠯ ᠵᠦᠢᠯ ᠤᠷᠤᠭᠰᠢᠳᠠᠢ ᠶᠠᠪᠤᠬᠳᠠᠵᠤ᠂ ᠤᠰᠤᠨ ᠠᠰᠢᠬᠯᠠᠯᠳᠠ ᠶᠢᠨ  ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠴᠢᠬᠤᠯᠠ ᠶᠡᠭᠡ ᠰᠢᠪᠳᠤᠯᠤᠯᠳᠠ ᠲᠠᠢ ᠪᠤᠯᠪᠠ᠃         ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠪᠦᠳᠦᠭᠡᠨ ᠪᠠᠶᠢᠭᠤᠯᠤᠯᠳᠠ ᠢᠯᠡᠳᠳᠡ ᠦᠷ᠎ᠡ  ᠪᠦᠳᠦᠮᠵᠢ ᠤᠯᠪᠠ᠃ ᠪᠠᠶᠢᠭᠠᠯᠢ ᠶᠢᠨ ᠤᠢ ᠶᠢᠨ ᠬᠠᠮᠠᠭᠠᠯᠠᠯᠳᠠ᠂ ᠲᠠᠷᠢᠶᠠᠯᠠᠬᠤ ᠪᠠᠨ ᠵᠤᠭᠰᠤᠵᠥ ᠮᠤᠳᠤ ᠲᠠᠷᠢᠬᠤ᠂ ︽ ᠤᠮᠠᠷᠠᠳᠤ ᠶᠢᠨ ᠭᠤᠷᠪᠠᠨ ᠤᠷᠤᠨ︾ ᠤ ᠬᠠᠯᠬᠠᠪᠴᠢ ᠤᠢ ᠵᠡᠷᠬᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ  ᠦᠷᠬᠦᠯᠵᠢᠯᠡᠨ ᠬᠡᠷᠡᠭᠵᠢᠬᠦᠯᠵᠥ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ 31.16% ᠳᠤ ᠬᠦᠷᠴᠦ᠂ ᠨᠤᠳᠤᠭ  ᠪᠡᠯᠴᠢᠭᠡᠷ ᠤᠨ ᠤᠷᠭᠤᠮᠠᠯ ᠤᠨ ᠪᠦᠷᠬᠦᠴᠡ 68.2% ᠳᠤ ᠬᠦᠷᠪᠠ᠃ ᠤᠷᠴᠢᠨ ᠲᠤᠭᠤᠷᠢᠨ ᠤ ᠬᠠᠮᠠᠭᠠᠯᠠᠯᠳᠠ ᠶᠢ  ᠴᠢᠩᠭᠠᠳᠬᠠᠵᠥ᠂ ᠡᠨᠧᠷᠬᠢ ᠠᠷᠪᠢᠯᠠᠵᠥ ᠪᠤᠬᠢᠷᠳᠤᠯ ᠢ ᠪᠠᠭᠠᠰᠬᠠᠬᠤ ᠲᠠᠯ᠎ᠠ ᠪᠠᠷ ᠤᠯᠤᠰ ᠪᠤᠯᠤᠨ ᠦᠪᠡᠷᠳᠡᠭᠡᠨ ᠵᠠᠰᠠᠬᠤ  ᠤᠷᠤᠨ ᠤ ᠲᠤᠭᠳᠠᠭᠠᠭᠰᠠᠠ ᠬᠠᠷᠠᠯᠳᠡ ᠶᠢ ᠲᠤᠭᠳᠠᠭᠰᠠᠠ ᠬᠤᠭᠤᠴᠠᠭᠠᠨ ᠳᠤ ᠪᠡᠶᠡᠯᠡᠬᠦᠯᠪᠡ᠃         ᠠᠷᠠᠳ ᠲᠦᠮᠡᠨ ᠤ ᠠᠮᠢᠳᠤᠷᠠᠯ ᠤᠨ ᠲᠦᠪᠰᠢᠨ ᠮᠡᠳᠡᠭᠳᠡᠮ᠎ᠡ ᠲᠡᠭᠡᠭᠰᠢᠯᠡᠪᠡ᠃ ᠬᠤᠳᠠ ᠬᠦᠳᠡᠭᠡ ᠶᠢᠨ ᠪᠠᠶᠢᠩᠭᠤ  ᠰᠠᠭᠤᠭ᠎ᠠ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠡᠵᠡᠮᠳᠡᠵᠥ ᠪᠤᠯᠬᠤ ᠤᠷᠤᠯᠭ᠎ᠠ ᠲᠤᠰ ᠲᠤᠰ 22397  ᠲᠦᠬᠦᠷᠢᠭ ᠪᠤᠯᠤᠨ 7894 ᠲᠦᠬᠦᠷᠢᠭ ᠲᠤ ᠬᠦᠷᠴᠦ᠂ ᠵᠢᠯ ᠲᠤᠮᠳᠠᠴᠢ ᠪᠠᠷ 14.3% ᠪᠤᠯᠤᠨ 16.3% ᠨᠡᠮᠡᠭᠳᠡᠪᠡ᠃ ᠨᠡᠶᠢᠭᠡᠮ ᠤᠨ ᠬᠡᠷᠡᠭᠯᠡᠬᠡᠨ ᠤ ᠵᠢᠵᠢᠭᠯᠡᠨ ᠬᠤᠳᠠᠯᠳᠤᠭᠰᠠᠠ ᠬᠡᠮᠵᠢᠶ᠎ᠡ 209.7 ᠳ᠋ᠦᠩᠰᠢᠭᠤᠷ ᠲᠦᠬᠦᠷᠢᠭ ᠲᠤ ᠬᠦᠷᠴᠦ᠂  ᠵᠢᠯ ᠲᠤᠮᠳᠠᠴᠢ ᠪᠠᠷ 13.9% ᠨᠡᠮᠡᠭᠳᠡᠵᠥ᠂ ᠬᠡᠷᠡᠭᠯᠡᠭᠡᠨ ᠤ ᠲᠦᠪᠰᠢᠨ ᠢᠯᠡᠳᠳᠡ ᠲᠡᠭᠡᠭᠰᠢᠯᠡᠪᠡ᠃ ᠪᠠᠳᠤᠯᠠᠪᠤᠷᠢ ᠶᠢᠨ  ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠡᠷᠴᠢᠮ ᠴᠢᠩᠭᠠᠷᠠᠵᠥ᠂ ᠬᠤᠳᠠ ᠪᠠᠯᠭᠠᠰᠤᠨ ᠤ ᠰᠠᠭᠤᠭᠠᠯᠢ  ᠠᠷᠠᠳ ᠤᠨ ᠬᠦᠮᠥᠨ ᠲᠤᠮᠳᠠᠴᠢ ᠶᠢᠨ ᠤᠷᠤᠨ ᠰᠠᠭᠤᠴᠠ ᠶᠢᠨ ᠲᠠᠯᠠᠪᠠᠢ 31.65 ᠲᠡᠭᠰᠢ ᠲᠦᠷᠪᠡᠯᠵᠢᠨ ᠮᠧᠲᠷ ᠢ ᠲᠠᠪᠠᠵᠥ  ᠂ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠬᠦᠮᠥᠨ ᠲᠤᠮᠳᠠᠴᠢ ᠶᠢᠨ ᠤᠷᠤᠨ ᠰᠠᠭᠤᠴᠠ ᠶᠢᠨ ᠲᠠᠯᠠᠪᠠᠢ 28 ᠲᠡᠭᠰᠢ  ᠲᠦᠷᠪᠡᠯᠵᠢᠨ ᠮᠧᠲᠷ ᠢ ᠲᠠᠪᠠᠵᠥ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠬᠦᠴᠡᠯ  ᠰᠠᠶᠢᠵᠢᠷᠠᠪᠠ᠃ ︽ᠲᠦᠷᠪᠡᠨ ᠨᠢᠬᠡ︾ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦ ᠪᠠᠷ ᠢᠶᠠᠨ  ᠠᠬᠢᠭᠤᠯᠵᠥ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠢᠳᠡᠪᠬᠢᠳᠡᠢ ᠬᠡᠷᠡᠭᠵᠢᠬᠦᠯᠵᠥ᠂ ︽ᠭᠤᠷᠪᠠ ᠶᠢ ᠲᠤᠰᠬᠤᠨ ᠳᠤ  ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠬᠦ  ᠲᠠᠯ᠎ᠠ ᠪᠠᠷ ᠨᠠᠶᠢᠳᠠᠪᠤᠷᠢᠵᠢᠭᠤᠯᠵᠥ ᠂ 9.4 ᠲᠦᠮᠡᠨ ᠬᠦᠮᠥᠨ ᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ  ᠪᠡᠶᠡᠯᠡᠬᠦᠯᠪᠡ᠃     ᠨᠡᠶᠢᠭᠡᠮ ᠤᠨ ᠪᠠᠶᠢᠭᠤᠯᠤᠯᠳᠠ ᠢᠯᠡᠳᠳᠡ ᠦᠷ᠎ᠡ ᠪᠦᠳᠦᠮᠵᠢ ᠤᠯᠪᠠ᠃ ᠲᠦᠬᠦᠮ ᠪᠦᠳᠦᠴᠡᠳᠤ ᠤᠷᠤᠨ ᠰᠠᠭᠤᠴᠠ ᠶᠢᠨ  ᠲᠤᠭᠤᠷᠢᠭ ᠢ ᠦᠭᠡᠷᠡᠴᠢᠯᠡᠬᠦ ᠢᠨᠵᠧᠨᠧᠷᠢᠩ ᠲᠦᠷᠭᠡᠨ ᠠᠬᠢᠵᠥ᠂ ᠤᠨᠴᠠᠭᠠᠢᠢᠯᠠᠨ ᠶᠡᠷᠤᠩᠬᠡᠢ ᠱᠦᠵᠢ ᠰᠢ ᠶᠢᠨ ᠫᠢᠩ ᠤᠨ  ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭᠠᠨ ᠤ ᠵᠢᠯᠤᠭᠤᠳᠤᠯᠭ᠎ᠠ  ᠲᠤᠤᠷ᠎ᠠ᠂ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠡᠨᠡᠬᠦ ᠠᠷᠠᠳ ᠤᠨ ᠠᠮᠢᠳᠤᠷᠠᠯ ᠤᠨ  ᠢᠨᠵᠧᠨᠧᠷᠢᠩ ᠤᠯᠤᠰ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ  ᠮᠦᠴᠢᠷ ᠲᠤ ᠲᠡᠬᠡᠳᠤ ᠬᠡᠮᠵᠢᠶ᠎ᠡ ᠪᠠᠷ ᠴᠢᠬᠤᠯᠠᠴᠢᠯᠠᠭᠳᠠᠵᠥ᠂ ᠨᠡᠩ ᠬᠦᠴᠦᠳᠠᠢ ᠲᠡᠮᠵᠢᠯᠭᠡ ᠶᠢ ᠤᠯᠵᠥ᠂ ᠪᠠᠳᠤᠯᠠᠪᠤᠷᠢ ᠶᠢᠨ  ᠴᠢᠳᠠᠪᠤᠷᠢ ᠤᠯᠠᠮ ᠴᠢᠨᠠᠭᠰᠢᠳᠠ ᠲᠡᠭᠡᠭᠰᠢᠯᠡᠭᠰᠡᠡ ᠪᠠᠶᠢᠨ᠎ᠠ᠃ ᠨᠡᠶᠢᠭᠡᠮ ᠤᠨ ᠪᠠᠶᠢᠭᠤᠯᠤᠯᠳᠠ ᠶᠢᠨ ᠡᠷᠴᠢᠮ ᠲᠠᠰᠤᠷᠠᠯᠳᠡ  ᠦᠭᠡᠢ ᠴᠢᠩᠭᠠᠷᠠᠵᠥ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠦᠷᠬᠦᠯᠵᠢᠯᠡᠨ  ᠲᠡᠬᠦᠯᠳᠡᠷᠵᠢᠵᠥ᠂ ᠴᠢᠮᠡᠭᠡ ᠬᠤᠯᠪᠤᠭ᠎ᠠ ᠰᠦᠯᠵᠢᠶ ᠎ᠡ ᠤᠯᠠᠮ ᠲᠦᠬᠡᠮᠡᠯᠵᠢᠵᠥ᠂ ᠨᠡᠶᠢᠭᠡᠮ ᠤᠨ ᠲᠠᠭᠠᠳᠬᠠᠯ ᠤᠨ  ᠪᠦᠷᠬᠦᠴᠡ ᠶᠢᠨ ᠬᠡᠪᠴᠢᠶ᠎ᠡ ᠲᠠᠰᠤᠷᠠᠯᠳᠡ ᠦᠭᠡᠢ ᠦᠷᠭᠡᠵᠢᠵᠥ᠂ ᠪᠠᠳᠤᠯᠠᠪᠤᠷᠢ ᠶᠢᠨ ᠪᠠᠷᠢᠮᠵᠢᠶ᠎ᠠ ᠠᠯᠬᠤᠮ ᠠᠯᠬᠤᠮ ᠢᠶᠠᠷ  ᠲᠡᠭᠡᠭᠰᠢᠯᠡᠪᠡ᠃ ᠦᠨᠳᠦᠰᠦᠳᠡᠨ ᠤ ᠪᠦᠯᠬᠦᠮᠳᠡᠯ ᠪᠤᠯᠤᠨ ᠲᠤᠭᠳᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ  ᠪᠠᠳᠤᠳᠠᠢ ᠰᠠᠶᠢᠳᠤᠷ ᠬᠢᠵᠥ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ  ᠠᠶᠢᠮᠠᠭ ᠢ ᠡᠬᠦᠳᠦᠨ ᠪᠠᠶᠢᠭᠤᠯᠬᠤ ᠠᠵᠢᠯ ᠪᠦᠬᠦ ᠲᠠᠯ᠎ᠠ ᠪᠠᠷ ᠦᠷᠨᠢᠪᠡ᠃         ᠦᠭᠡᠷᠡᠴᠢᠯᠡᠯᠳᠡ ᠨᠡᠬᠡᠬᠡᠯᠳᠡ ᠶᠢᠨ ᠠᠯᠬᠤᠴᠠ ᠲᠦᠷᠬᠡᠳᠪᠡ᠃ ᠵᠠᠰᠠᠭ ᠢ ᠴᠤᠮᠬᠠᠳᠬᠠᠵᠥ ᠡᠷᠬᠡ ᠶᠢ ᠲᠠᠯᠪᠢᠬᠤ  ᠡᠷᠴᠢᠮ ᠢ ᠴᠢᠩᠭᠠᠷᠠᠭᠤᠯᠵᠥ᠂ ᠠᠶᠢᠮᠠᠭ ᠤᠨ ᠱᠠᠳᠤᠨ ᠤ ᠬᠢᠨᠠᠨ ᠵᠦᠪᠰᠢᠶᠡᠷᠡᠬᠦ ᠵᠦᠢᠯ ᠢ 13 ᠬᠦᠴᠦᠨ ᠦᠭᠡᠢ ᠪᠤᠯᠭᠠᠵᠥ᠂  53 ᠵᠦᠯ ᠢ ᠲᠤᠷᠤᠭᠰᠢ ᠲᠠᠯᠪᠢᠵᠥ᠂ 265 ᠵᠦᠢᠯ ᠪᠠᠶᠢᠭᠰᠠᠠ ᠢ ᠴᠤᠮᠬᠠᠳᠬᠠᠭᠠᠳ 190 ᠵᠦᠢᠯ ᠪᠤᠯᠭᠠᠪᠠ᠃  ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠥ᠂ ᠡᠷᠡᠬᠦᠯ ᠬᠠᠮᠠᠭᠠᠯᠠᠯ  ᠲᠦᠯᠥᠪᠯᠡᠭᠡᠳᠤ ᠦᠷᠡᠵᠢᠯ ᠵᠡᠷᠬᠡ ᠰᠠᠯᠠᠭ᠎ᠠ ᠮᠦᠴᠢᠷ ᠤᠨ ᠪᠠᠶᠢᠭᠤᠯᠤᠮᠵᠢ ᠶᠢ ᠨᠡᠶᠢᠯᠡᠬᠦᠯᠬᠦ ᠪᠠ ᠦᠢᠯᠡᠳᠪᠤᠷᠢ ᠬᠤᠳᠠᠯᠳᠤᠭ᠎ᠠ  ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠢᠳᠡᠭᠡᠨ ᠪᠠ ᠡᠮ ᠤᠨ ᠵᠦᠢᠯ ᠢ ᠤᠷᠤᠨ ᠨᠤᠳᠤᠭ ᠲᠤ ᠰᠢᠯᠵᠢᠬᠦᠯᠬᠦ  ᠠᠵᠢᠯ ᠢ ᠪᠡᠶᠡᠯᠡᠬᠦᠯᠪᠡ᠃ ᠮᠦᠩᠬᠦᠨ ᠬᠦᠢᠯᠬᠡᠬᠡᠨ ᠤ ᠦᠭᠡᠷᠡᠴᠢᠯᠡᠯᠳᠡ᠂ ᠴᠠᠬᠢᠯᠭᠠᠨ ᠤ ᠦᠨ᠎ᠡ ᠶᠢᠨ ᠦᠭᠡᠷᠡᠴᠢᠯᠡᠯᠳᠡ᠂  ᠤᠰᠤᠨ ᠤ ᠦᠨ᠎ᠡ ᠶᠢᠨ ᠦᠭᠡᠷᠡᠴᠢᠯᠡᠯᠳᠡ᠂ ᠦᠢᠯᠡᠳᠪᠤᠷᠢ ᠬᠤᠳᠠᠯᠳᠤᠭ᠎ᠠ ᠶᠢᠨ ᠲᠠᠩᠰᠠᠯᠠᠭᠤᠯᠬᠤ ᠲᠦᠷᠢᠮ ᠤᠨ  ᠦᠭᠡᠷᠡᠴᠢᠯᠡᠯᠳᠡ᠂ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ  ᠦᠭᠡᠷᠡᠴᠢᠯᠡᠯᠳᠡ ᠴᠦ ᠮᠠᠰᠢ ᠰᠠᠶᠢᠨ ᠦᠷ᠎ᠡ ᠪᠦᠳᠦᠮᠵᠢ ᠤᠯᠪᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ  ᠦᠭᠡᠷᠡᠴᠢᠯᠡᠯᠳᠡ ᠯᠠᠪᠳᠠᠭᠤᠨ ᠢᠶᠠᠷ ᠠᠬᠢᠪᠠ᠃ ᠮᠤᠩᠭᠤᠯ ᠤᠯᠤᠰ ᠯᠤᠭ᠎ᠠ ᠶᠢᠨ ᠠᠵᠥ ᠠᠬᠤᠢ ᠠᠷᠠᠯᠵᠢᠶᠠᠨ ᠤ  ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ᠂ ᠷᠠᠰᠢᠶᠠᠨ ᠪᠤᠭᠤᠮᠳᠠ ᠶᠢᠨ ᠬᠢᠯᠢ ᠪᠠᠷ ᠦᠩᠬᠡᠷᠡᠬᠦᠯᠬᠦ ᠴᠢᠳᠠᠪᠤᠷᠢ ᠤᠯᠠᠮ  ᠲᠡᠭᠡᠭᠰᠢᠯᠡᠭᠰᠡᠡ ᠪᠠᠶᠢᠨ᠎ᠠ᠃         ᠵᠠᠰᠠᠭ ᠪᠠᠷᠢᠬᠤ ᠴᠢᠳᠠᠪᠤᠷᠢ ᠲᠠᠰᠤᠷᠠᠯᠳᠡ ᠦᠭᠡᠢ ᠲᠡᠭᠡᠭᠰᠢᠯᠡᠪᠡ᠃ ᠲᠦᠷᠢᠮ ᠲᠤᠭᠳᠠᠭᠠᠯ ᠲᠤᠭᠳᠠᠭᠠᠬᠤ ᠶᠢ  ᠴᠢᠩᠭᠠᠷᠠᠭᠤᠯᠵᠥ᠂ ︽ᠵᠠᠬᠢᠷᠭ᠎ᠠ ᠶᠢᠨ ᠠᠵᠢᠯ ᠤᠨ ᠲᠦᠷᠢᠮ︾ ᠵᠡᠷᠬᠡ ᠲᠦᠷᠢᠮ ᠳᠤ ᠲᠠᠬᠢᠵᠥ ᠵᠠᠰᠠᠪᠤᠷᠢ ᠤᠷᠤᠭᠤᠯᠪᠠ᠃  ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ  ᠶᠤᠰᠤᠭᠠᠷ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ  ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ ᠬᠦᠯᠢᠶᠡᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠦᠯᠥᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠵᠦᠪᠯᠡᠯᠬᠡ᠂ ᠰᠠᠨᠠᠯ ᠲᠤᠷᠠᠳᠤᠯᠭ᠎ᠠ ᠶᠢ  ᠰᠢᠢᠳᠪᠤᠷᠢᠯᠡᠭᠰᠡᠡ ᠨᠤᠷᠮ᠎ᠡ 100% ᠳᠤ ᠬᠦᠷᠪᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠶᠡᠬᠡᠪᠡᠷ ᠠᠬᠢᠭᠤᠯᠵᠥ᠂  ᠵᠠᠰᠠᠭ ᠤᠨ ᠤᠷᠳᠤᠨ ᠤ ᠰᠦᠯᠵᠢᠶᠡᠨ ᠤ ᠦᠷᠳᠡᠭᠡ ᠶᠢᠨ ᠪᠠᠶᠢᠭᠤᠯᠤᠯᠳᠠ ᠶᠢ ᠴᠢᠩᠭᠠᠳᠬᠠᠪᠠ᠃ ᠬᠢᠨᠠᠨ ᠪᠤᠳᠤᠬᠤ ᠬᠢᠨᠠᠯᠳᠠ  ᠲᠠᠯᠪᠢᠬᠤ ᠡᠷᠴᠢᠮ ᠢᠶᠠᠨ ᠴᠢᠩᠭᠠᠷᠠᠭᠤᠯᠵᠥ᠂ ᠲᠤᠰᠬᠠᠢ ᠪᠡᠯᠡ ᠮᠥᠩᠬᠦ ᠶᠢ ᠵᠦᠢ ᠵᠤᠬᠢᠰᠳᠠᠢ ᠦᠨᠳᠤᠷ ᠦᠷ᠎ᠡ  ᠠᠰᠢᠭᠳᠠᠢ ᠪᠠᠷ ᠬᠡᠷᠡᠭᠯᠡᠬᠦ ᠶᠢ ᠪᠠᠳᠤᠯᠠᠪᠠ᠃ ᠲᠦᠪ ᠤᠨ ︽ᠨᠠᠢᠮᠠᠨ ᠲᠤᠭᠳᠠᠭᠠᠯ︾᠂ ᠦᠪᠡᠷᠳᠡᠭᠡᠨ ᠵᠠᠰᠠᠬᠤ ᠤᠷᠤᠨ ᠤ  28 ᠢᠵᠢ ᠪᠦᠷᠢᠳᠦᠭᠦᠯᠬᠦ ᠲᠤᠭᠳᠠᠭᠠᠯ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠲᠤᠭᠳᠠᠭᠠᠯ ᠢ  ᠴᠢᠩᠭ᠎ᠠ ᠭᠡᠷᠡᠭᠵᠢᠬᠦᠯᠵᠥ᠂ ᠠᠯᠪᠠᠨ ᠤ ᠲᠡᠷᠭᠡ ᠪᠤᠯᠤᠨ ᠠᠯᠪᠠᠨ ᠤ ᠭᠡᠷ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号