ᠬᠤᠶᠠᠳᠤᠭᠠᠷ ᠬᠡᠰᠡᠭ ᠨᠡᠮᠡᠭᠳᠡᠯ ᠳᠤ ᠦᠵᠡᠭᠦᠯᠬᠦ ᠬᠡᠷᠡᠭᠯᠡᠬᠡᠨ ᠤ ᠰᠠᠭᠤᠷᠢ ᠦᠢᠯᠡᠳᠦᠯ ᠢ ᠪᠦᠳᠦᠮᠵᠢᠳᠠᠢ | ᠪᠠᠳᠠᠷᠠᠭᠤᠯᠤᠨ᠎ᠠ | ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠠᠬᠢ ᠵᠠᠬ᠎ᠠ ᠲᠡᠯᠭᠡᠭᠦᠷ ᠤᠨ ᠰᠢᠢᠳᠪᠤᠷᠢᠯᠡᠭᠴᠢ ᠴᠢᠨᠠᠷᠲᠠᠢ | ᠦᠢᠯᠡᠳᠦᠯ ᠢ ᠪᠠᠳᠠᠷᠠᠭᠤᠯᠵᠦ᠂ ᠤᠯᠠᠨ ᠲᠦᠮᠡᠨ ᠤ ᠬᠡᠷᠡᠭᠯᠡᠭᠡᠨ ᠤ ᠲᠡᠰ ᠲᠡᠪᠰᠢᠬᠦ ᠬᠡᠷᠡᠭᠴᠡᠭᠡ ᠱᠠᠭᠠᠷᠳᠠᠯᠭ᠎ᠠ ᠶᠢ | ᠢᠲᠡᠪᠬᠢᠲᠠᠢ ᠤᠯᠵᠦ ᠮᠡᠳᠡᠬᠦ ᠪᠦᠭᠡᠳ ᠬᠠᠨᠭ᠍ᠭᠠᠵᠦ᠂ ᠪᠠᠶᠢᠭᠤᠯᠤᠮᠵᠢ ᠲᠤᠭᠲᠠᠴᠠ ᠶᠢᠨ ᠰᠢᠨ᠎ᠡ ᠶᠢ ᠡᠭᠦᠳᠬᠦ ᠪᠠᠷ | ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠵᠦ᠂ ᠬᠡᠷᠡᠭᠯᠡᠭᠡᠨ ᠤ ᠤᠷᠴᠢᠨ ᠲᠤᠭᠤᠷᠢᠨ ᠢ ᠰᠠᠶᠢᠵᠢᠷᠠᠭᠤᠯᠬᠤ ᠪᠠ | ᠵᠠᠬ᠎ᠠ ᠲᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ ᠪᠠᠷ ᠲᠡᠮᠵᠢᠭᠤᠯᠤᠨ ᠰᠢᠨ᠎ᠡ ᠤᠷᠤᠨ ᠵᠠᠢ ᠭᠠᠷᠭᠠᠵᠦ᠂ | ᠰᠢᠨ᠎ᠡ ᠶᠢ ᠡᠭᠦᠳᠬᠦ ᠪᠠᠷ ᠦᠢᠯᠡᠳᠬᠦᠨ ᠤ ᠲᠡᠰ ᠲᠡᠪᠰᠢᠬᠦ ᠪᠠ ᠠᠵᠦ ᠦᠢᠯᠡᠰ ᠤᠨ ᠬᠦᠭᠵᠢᠯᠲᠡ ᠶᠢ ᠲᠠᠶᠢᠴᠢᠯᠠᠵᠦ᠂ | ᠬᠡᠷᠡᠭᠯᠡᠭᠡ ᠪᠤᠯᠤᠨ ᠪᠡᠯᠡ ᠤᠷᠤᠭᠤᠯᠤᠯᠲᠠ ᠶᠢᠨ ᠰᠠᠶᠢᠨ ᠬᠤᠷᠰᠢᠯ᠂ ᠠᠵᠦ ᠦᠢᠯᠡᠰ ᠤᠨ ᠲᠡᠰ ᠲᠡᠪᠰᠢᠯᠲᠠ ᠪᠤᠯᠤᠨ | ᠬᠡᠷᠡᠭᠯᠡᠭᠡᠨ ᠤ ᠲᠡᠰ ᠲᠡᠪᠰᠢᠯᠲᠡ ᠶᠢᠨ ᠬᠠᠮᠵᠢᠯᠴᠠᠨ ᠠᠬᠢᠬᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠪᠠ | ᠠᠵᠦ ᠠᠬᠤᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠪᠦᠲᠦᠮᠵᠢᠲᠠᠢ ᠪᠠᠷ ᠵᠤᠯᠭᠠᠭᠤᠯᠬᠤ ᠶᠢ ᠠᠬᠢᠭᠤᠯᠵᠦ᠂ | ᠬᠡᠷᠡᠭᠯᠡᠭᠡ ᠲᠡᠰ ᠲᠡᠪᠰᠢᠬᠦ᠂ ᠪᠦᠲᠦᠮᠵᠢᠲᠠᠢ ᠪᠡᠯᠡ ᠤᠷᠤᠭᠤᠯᠬᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ᠂ | ᠠᠵᠦ ᠠᠬᠤᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠤᠷᠭᠠᠨᠢᠭ ᠢᠶᠠᠷ ᠤᠶᠠᠯᠳᠤᠭᠤᠯᠤᠭᠰᠠᠨ ᠬᠦᠭᠵᠢᠯᠲᠡ ᠶᠢᠨ | ᠵᠠᠮ ᠢ ᠭᠠᠷᠭᠠᠵᠦ᠂ ᠠᠵᠦ ᠠᠬᠤᠢ ᠶᠢᠨ ᠶᠠᠰᠤ ᠴᠢᠨᠠᠷ ᠰᠠᠶᠢᠵᠢᠷᠠᠵᠦ ᠦᠷ᠎ᠡ ᠠᠰᠢᠭ ᠨᠡᠮᠡᠭᠳᠡᠵᠦ ᠲᠡᠰ ᠲᠡᠪᠰᠢᠬᠦ ᠳᠤ | ᠤᠯᠠᠮ ᠤᠳᠠᠭᠠᠨ ᠲᠠᠭᠠᠭᠠᠮᠠᠭᠠᠢ᠂ ᠤᠯᠠᠮ ᠢᠳᠡ ᠬᠦᠴᠦᠲᠠᠢ ᠬᠦᠳᠡᠯᠭᠡᠬᠦ ᠬᠦᠴᠦ ᠶᠢ ᠬᠠᠨᠭ᠍ᠭᠠᠨ᠎ᠠ᠃ ᠰᠤᠷᠭᠠᠨ | ᠬᠦᠮᠦᠵᠢᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠤᠭᠠᠴᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ | ᠦᠷᠭᠡᠳᠭᠡᠨ᠂ ᠤᠷᠤᠨ ᠠᠯᠤᠰᠯᠠᠵᠦ ᠬᠢᠯᠢ ᠠᠯᠤᠰᠯᠠᠭᠰᠠᠨ᠂ ᠰᠦᠯᠵᠢᠶᠡᠨ ᠲᠡᠭᠡᠷᠡᠬᠢ ᠪᠠ ᠰᠦᠯᠵᠢᠶᠡᠨ ᠤ ᠭᠠᠳᠠᠨᠠᠬᠢ᠂ | ᠲᠦᠷᠦᠭᠳᠡᠯ ᠢ ᠬᠤᠪᠢᠶᠠᠯᠴᠠᠨ ᠡᠳ᠋ᠯᠡᠬᠦ ᠵᠡᠷᠭᠡ ᠡᠯ᠎ᠡ ᠬᠦᠷᠢᠶᠡᠨ ᠤ ᠤᠯᠠᠨ ᠵᠦᠢᠯ ᠤᠨ ᠮᠡᠳᠡᠭᠡ ᠵᠠᠩᠭᠢ ᠶᠢᠨ | ᠬᠡᠷᠡᠭᠯᠡᠭᠡ ᠶᠢ ᠪᠤᠢ ᠪᠤᠯᠭᠠᠨ ᠲᠠᠶᠢᠴᠢᠯᠠᠵᠦ᠂ ᠠᠮᠢ ᠠᠬᠤᠢ ᠶᠢᠨ ᠤᠷᠭᠠᠨᠢᠭ ᠢᠳᠡᠭᠡᠨ ᠤ ᠭᠡᠷᠡᠭᠯᠡᠭᠡ ᠠᠴᠠ ᠠᠪᠤᠭᠠᠳ | ᠠᠭᠠᠷ ᠢ ᠴᠡᠪᠡᠷᠰᠢᠬᠦᠯᠬᠦ᠂ ᠡᠨᠧᠷᠬᠢ ᠤᠰᠤ ᠶᠢ ᠠᠷᠪᠢᠯᠠᠬᠤ᠂ ᠪᠤᠬᠢᠷᠳᠤᠯ ᠦᠭᠡᠢ ᠤᠷᠤᠨ ᠰᠠᠭᠤᠴᠠ᠂ ᠪᠤᠬᠢᠷᠳᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠤᠬᠢᠷᠳᠤᠯ ᠦᠭᠡᠢ ᠬᠡᠷᠡᠭᠯᠡᠭᠡᠨ ᠤ ᠤᠷᠤᠨ ᠵᠠᠢ ᠶᠢ ᠦᠷᠭᠡᠳᠭᠡᠵᠦ᠂ | ᠦᠪᠡᠷᠮᠢᠴᠡ ᠤᠨᠴᠠᠯᠢᠭ ᠲᠠᠢ᠂ ᠤᠯᠠᠨ ᠶᠠᠩᠵᠦ ᠶᠢᠨ ᠲᠠᠧᠠᠷ ᠪᠤᠯᠤᠨ ᠦᠢᠯᠡᠴᠢᠯᠡᠭᠡᠨ ᠤ ᠴᠠᠭ ᠤᠨ ᠦᠡᠭᠭᠡ ᠶᠢ | ᠲᠠᠭᠠᠭᠰᠠᠨ ᠬᠡᠷᠡᠭᠯᠡᠭᠡ ᠶᠢ ᠠᠬᠢᠭᠤᠯᠵᠦ᠂ ᠤᠯᠠᠮ ᠠᠮᠤᠷ ᠲᠦᠪᠰᠢᠨ ᠬᠡᠷᠡᠭᠯᠡᠬᠦ ᠳᠤ ᠰᠠᠶᠢᠨ᠂ ᠤᠯᠠᠮ ᠲᠠᠭᠠᠯᠠᠮᠵᠢᠲᠠᠢ | ᠰᠠᠶᠢᠬᠠᠨ᠂ ᠤᠯᠠᠮ ᠭᠤᠶᠤ ᠬᠡᠪ ᠨᠠᠮᠪᠠ ᠲᠠᠢ ᠵᠡᠷᠭᠡ ᠲᠠᠧᠠᠷ ᠤᠨ ᠰᠢᠨᠵᠢ ᠴᠢᠨᠠᠷ ᠤᠨ ᠬᠡᠷᠡᠭᠯᠡᠭᠡ ᠶᠢ ᠵᠤᠷᠢᠬᠵᠢᠭᠤᠯᠵᠦ᠂ | ᠵᠠᠮ ᠬᠠᠷᠢᠯᠴᠠᠭ᠎ᠠ ᠴᠢᠮᠡᠭᠡ ᠬᠤᠯᠪᠤᠭ᠎ᠠ᠂ ᠰᠤᠶᠤᠯ ᠵᠤᠭ᠎ᠠ ᠴᠡᠩᠭᠡᠯ᠂ ᠪᠤᠬᠢᠷᠳᠤᠯ ᠦᠭᠡᠢ ᠤᠷᠴᠢᠨ ᠲᠤᠭᠤᠷᠢᠨ ᠤ | ᠬᠠᠮᠠᠭᠠᠯᠠᠯᠲᠠ᠂ ᠬᠡᠷᠡᠭᠯᠡᠬᠦ ᠳᠤ ᠲᠤᠬᠢᠷᠠᠮᠵᠢᠲᠠᠢ ᠤᠷᠤᠨ ᠰᠠᠭᠤᠴᠠ᠂ ᠪᠠᠭ᠎ᠠ ᠮᠠᠰᠢᠨ ᠲᠡᠷᠭᠡ ᠵᠡᠷᠭᠡ ᠲᠠᠯ᠎ᠠ ᠶᠢᠨ | ᠬᠦᠳᠡᠭᠡ ᠲᠤᠰᠬᠤᠨ ᠤ ᠬᠡᠷᠡᠭᠯᠡᠭᠡ ᠶᠢ ᠦᠷᠭᠡᠳᠬᠡᠵᠦ ᠲᠡᠭᠡᠭᠰᠢᠯᠡᠭᠦᠯᠦᠨ᠎ᠡ᠃ ᠴᠠᠯᠢᠩ ᠲᠠᠢ ᠠᠮᠠᠷᠠᠬᠤ ᠲᠦᠷᠢᠮ ᠢ | ᠨᠠᠶᠢᠳᠠᠪᠤᠷᠢᠵᠢᠭᠤᠯᠵᠦ᠂ ᠬᠡᠷᠡᠭᠯᠡᠭᠡ ᠶᠢ ᠤᠯᠠᠮ ᠴᠢᠨᠠᠭᠰᠢᠳᠠ ᠲᠠᠶᠢᠴᠢᠯᠠᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠬᠤᠭᠤᠴᠠᠭᠠᠨ ᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢᠨ ᠵᠢᠯ ᠤᠨ | ᠲᠤᠮᠳᠠᠴᠢ ᠨᠡᠮᠡᠭᠳᠡᠯ ᠢ 11% ᠰᠢᠬᠠᠮ ᠳᠤ ᠬᠦᠷᠭᠡᠬᠦ ᠪᠠᠷ ᠴᠢᠷᠮᠠᠶᠢᠨ᠎ᠠ᠃ | ᠭᠤᠷᠪᠠᠳᠤᠭᠠᠷ ᠬᠡᠰᠡᠭ ᠨᠡᠮᠡᠭᠳᠡᠯ ᠳᠤ ᠦᠵᠡᠭᠦᠯᠬᠦ ᠭᠠᠳᠠᠭᠠᠳᠦ ᠭᠠᠷᠭᠠᠯᠳᠠ ᠶᠢᠨ ᠠᠬᠢᠭᠤᠯᠬᠤ ᠦᠢᠯᠡᠳᠦᠯ ᠢ | ᠢᠲᠡᠪᠬᠢᠲᠠᠢ ᠪᠠᠳᠠᠷᠠᠭᠤᠯᠤᠨ᠎ᠠ | ᠨᠡᠮᠡᠭᠳᠡᠯ ᠳᠤ ᠦᠵᠡᠭᠦᠯᠬᠦ ᠭᠠᠳᠠᠭᠠᠳᠦ ᠭᠠᠷᠭᠠᠯᠳᠠ ᠶᠢᠨ ᠠᠬᠢᠭᠤᠯᠬᠤ ᠦᠢᠯᠡᠳᠦᠯ ᠢ ᠢᠲᠡᠪᠬᠢᠲᠠᠢ | ᠪᠠᠳᠠᠷᠠᠭᠤᠯᠵᠦ᠂ ᠭᠠᠳᠠᠭᠠᠳᠦ ᠳᠤ ᠪᠡᠯᠡ ᠤᠷᠤᠭᠤᠯᠬᠤ ᠪᠠ ᠭᠠᠳᠠᠭᠠᠳᠦ ᠭᠠᠷᠭᠠᠯᠳᠠ ᠶᠢ ᠦᠷᠭᠡᠳᠭᠡᠬᠦ ᠶᠢ | ᠤᠶᠠᠯᠳᠤᠭᠤᠯᠬᠤ ᠬᠡᠮᠵᠢᠶ᠎ᠡ ᠶᠢ ᠨᠡᠮᠡᠭᠳᠡᠬᠦᠯᠵᠦ᠂ ᠮᠡᠷᠭᠡᠵᠢᠯ᠂ ᠪᠡᠷᠢᠮᠵᠢᠶ᠎ᠡ᠂ ᠲᠦᠷᠦᠯ ᠲᠡᠮᠳᠡᠭ᠂ ᠶᠠᠰᠦ ᠴᠢᠨᠠᠷ᠂ | ᠦᠢᠯᠡᠴᠢᠯᠡᠭᠡ ᠪᠠᠷ ᠭᠤᠤᠯ ᠪᠤᠯᠭᠠᠭᠰᠠᠨ ᠭᠠᠳᠠᠭᠠᠳᠦ ᠠᠵᠦ ᠠᠬᠤᠢ ᠶᠢᠨ ᠰᠢᠨ᠎ᠡ ᠲᠠᠪᠠᠭᠤᠯᠢᠭ ᠢ ᠪᠤᠶᠢᠵᠢᠭᠤᠯᠤᠨ᠎ᠠ᠃ | ᠬᠦᠳᠡᠯᠮᠤᠷᠢ ᠪᠤᠯᠤᠨ ᠡᠬᠢ ᠪᠠᠶᠠᠯᠢᠭ ᠲᠦᠪᠯᠡᠷᠡᠭᠰᠡᠨ ᠦᠢᠯᠡᠳᠬᠦᠨ ᠤ ᠨᠡᠮᠡᠯᠲᠡ ᠦᠷᠲᠡᠭ ᠢ ᠨᠡᠮᠡᠭᠳᠡᠬᠦᠯᠵᠦ᠂ | ᠤᠷᠭᠠᠨᠢᠭ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠬ ᠰᠢᠮ᠎ᠡ ᠵᠡᠷᠭᠡ | ᠤᠯᠠᠮᠵᠢᠯᠠᠯᠲᠦ ᠲᠠᠪᠠᠭᠤᠯᠢᠭ ᠪᠦᠲᠦᠭᠳᠡᠬᠦᠨ ᠤ ᠭᠠᠳᠠᠭᠠᠳᠦ ᠭᠠᠷᠭᠠᠯᠳᠠ ᠶᠢ ᠲᠤᠭᠲᠠᠪᠤᠷᠢᠵᠢᠭᠤᠯᠵᠦ᠂ ᠰᠤᠶᠤᠯ | ᠤᠷᠠᠯᠢᠭ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠡᠷᠭᠡ ᠶᠢᠨ ᠦᠢᠯᠡᠴᠢᠯᠡᠭᠡ ᠶᠢ ᠭᠠᠳᠠᠭᠠᠳᠦ ᠳᠤ | ᠭᠠᠷᠭᠠᠬᠤ ᠶᠢ ᠠᠬᠢᠭᠤᠯᠤᠨ᠎ᠠ᠃ ᠴᠢᠨᠠᠷ ᠰᠠᠶᠢᠲᠠᠢ ᠶᠢ ᠤᠷᠤᠭᠤᠯᠵᠤ ᠴᠢᠨᠠᠷ ᠰᠠᠶᠢᠲᠠᠢ ᠶᠢ ᠭᠠᠷᠭᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠦᠨ᠂ ᠠᠵᠦ ᠠᠬᠤᠢᠢᠯᠠᠯ ᠤᠨ ︽ᠭᠠᠳᠠᠬᠰᠢ ᠭᠠᠷᠴᠤ︾ ᠬᠢᠯᠢ ᠶᠢᠨ ᠭᠠᠳᠠᠨ᠎ᠠ ᠡᠬᠢ | ᠪᠠᠶᠠᠯᠢᠭ ᠢ ᠨᠡᠭᠡᠭᠡᠨ ᠠᠰᠢᠬᠯᠠᠵᠦ ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠲᠡᠮᠵᠢᠵᠦ᠂ ᠪᠠᠷᠢᠯᠭ᠎ᠠ | ᠲᠠᠭᠠᠭᠠᠴᠢᠯᠠᠬᠤ ᠪᠠ ᠬᠦᠳᠡᠯᠮᠤᠷᠢ ᠦᠢᠯᠡᠴᠢᠯᠡᠭᠡ ᠶᠢᠨ ᠬᠠᠮᠲᠤᠷᠠᠯᠴᠠᠭ᠎ᠠ ᠬᠢᠬᠦ ᠠᠵᠢᠯ ᠦᠷᠨᠢᠬᠦᠯᠵᠦ᠂ ᠲᠦᠬᠦᠭᠡᠷᠦᠮᠵᠢ᠂ | ᠮᠠᠲ᠋ᠧᠷᠢᠶᠠᠯ᠂ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠭᠠᠳᠠᠭᠠᠳᠦ ᠳᠤ ᠭᠠᠷᠭᠠᠬᠤ ᠶᠢ ᠲᠠᠶᠢᠴᠢᠯᠠᠵᠦ᠂ | ᠮᠠᠨ ᠤ ᠠᠶᠢᠮᠠᠭ ᠤᠨ ᠢᠶᠠᠨ ᠲᠠᠪᠠᠭᠤᠯᠢᠬ ᠤᠨᠴᠠᠯᠢᠬᠳᠤ ᠠᠵᠦ ᠦᠢᠯᠡᠰ ᠤᠨ ᠵᠡᠭᠦᠨ ᠬᠤᠶᠢᠲᠦ ᠠᠽᠢᠶ᠎ᠠ ᠶᠢᠨ ᠠᠵᠦ | ᠠᠬᠤᠢ ᠶᠢᠨ ᠲᠤᠭᠤᠷᠢᠬ ᠤᠨ ᠦᠨ᠎ᠡ ᠦᠷᠲᠡᠭ ᠤᠨ ᠬᠡᠯᠬᠢᠶᠡᠰᠦ ᠳᠠᠬᠢ ᠪᠠᠶᠢᠷᠢ ᠰᠠᠭᠤᠷᠢ ᠶᠢ ᠲᠡᠭᠡᠭᠰᠢᠯᠡᠭᠦᠯᠦᠨ᠎ᠡ᠃ | 2020 ᠤᠨ ᠪᠤᠯᠬᠤ ᠳᠤ᠂ ᠭᠠᠳᠠᠭᠠᠳᠦ ᠠᠷᠠᠯᠵᠢᠶ᠎ᠠ ᠶᠢᠨ ᠭᠠᠳᠠᠭᠠᠳᠦ ᠭᠠᠷᠭᠠᠯᠳᠠ ᠶᠢᠨ ᠶᠡᠷᠦᠩᠬᠡᠢ ᠬᠡᠮᠵᠢᠶ᠎ᠡ ᠶᠢ 1. | 5 ᠳ᠋ᠦᠩᠰᠢᠭᠤᠷ ᠰᠢᠬᠠᠮ ᠳ᠋ᠤᠯᠯᠠᠷ ᠲᠤ ᠬᠦᠷᠭᠡᠬᠦ ᠪᠠᠷ ᠴᠢᠷᠮᠠᠶᠢᠨ᠎ᠠ᠃ | ᠲᠦᠷᠪᠡᠳᠦᠭᠡᠷ ᠪᠦᠯᠦᠭ ᠠᠵᠦ ᠦᠢᠯᠡᠰ ᠤᠨ ᠬᠦᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠤᠨ᠎ᠡ | | ᠨᠢᠭᠡᠳᠦᠭᠡᠷ ᠬᠡᠰᠡᠭ ︽ᠬᠤᠶᠠᠷ ᠲᠡᠩᠭᠡᠯᠢᠭ︾ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠤᠨ᠎ᠠ | ᠤᠯᠠᠭᠠᠨᠬᠤᠲᠠ — ᠰᠢᠨ ᠯᠢᠨ ᠤ ᠲᠦᠷᠭᠡᠨ ᠤ ᠵᠠᠮ ᠪᠤᠯᠤᠨ ᠮᠤᠵᠢ ᠶᠢᠨ ᠬᠤᠭᠤᠷᠤᠨᠳᠤᠬᠢ ᠵᠠᠮ ᠲᠠᠭᠠᠤ | ᠱᠤᠭᠤᠮ ᠤᠨ ᠤᠯᠠᠭᠠᠨᠬᠤᠲᠠ᠂ ᠬᠤᠷᠴᠢᠨ ᠪᠠᠯᠭᠠᠰᠦ᠂ ᠲᠦᠴᠢᠤᠸᠠᠨ ᠪᠠᠯᠭᠠᠰᠦ᠂ ᠪᠠᠶᠠᠨᠬᠤᠰᠢᠭᠤ ᠪᠠᠯᠭᠠᠰᠦ᠂ ᠢᠨᠳᠡᠷ | ᠪᠠᠯᠭᠠᠰᠦ ᠪᠠᠷ ᠭᠤᠤᠯᠳᠠᠯᠭ᠎ᠠ ᠪᠤᠯᠭᠠᠭᠰᠠᠨ ᠬᠤᠲᠠ ᠪᠠᠯᠭᠠᠰᠦ ᠶᠢᠨ ᠬᠦᠭᠵᠢᠯᠲᠡ ᠶᠢᠨ ᠪᠦᠰᠡ ᠳᠤ ᠲᠦᠰᠢᠭᠯᠡᠨ᠂ | ᠮᠠᠨ ᠤ ᠠᠶᠢᠮᠠᠭ ᠤᠨ ᠵᠠᠰᠠᠮᠠᠯ ᠵᠠᠮ ᠲᠠᠭᠠᠤ ᠬᠦᠭᠵᠢᠯᠲᠡ ᠶᠢᠨ ᠲᠡᠩᠭᠡᠯᠢᠭ ᠢ ᠪᠦᠷᠢᠯᠳᠦᠭᠦᠯᠤᠨ᠎ᠡ︔ ᠪᠠᠶᠢᠴᠧᠩ | ᠷᠠᠰᠢᠶᠠᠨ ᠤ ᠲᠡᠮᠦᠷ ᠵᠠᠮ ᠢᠶᠠᠷ ᠬᠤᠯᠪᠤᠭᠠᠰᠦ ᠪᠤᠯᠭᠠᠨ᠂ ᠷᠠᠰᠢᠶᠠᠨ᠂ ᠰᠤᠯᠤᠨ᠂ ᠳᠠᠪᠰᠡᠭ᠂ ᠳ᠋ᠠᠱᠢᠵᠠᠢ᠂ ᠭᠦᠢᠯᠠᠷ᠂ | ᠬᠡᠬᠡᠨ ᠰᠦᠮ᠎ᠡ ᠵᠡᠷᠭᠡ ᠴᠢᠬᠤᠯᠠ ᠬᠤᠲᠠ ᠪᠠᠯᠭᠠᠰᠦ ᠶᠢ ᠬᠤᠯᠪᠤᠵᠦ᠂ ᠲᠡᠭᠦᠨ ᠢ ᠬᠦᠭᠵᠢᠭᠦᠯᠦᠭᠡᠳ ᠮᠠᠨ ᠤ | ᠠᠶᠢᠮᠠᠭ ᠤᠨ ᠲᠡᠮᠦᠷ ᠵᠠᠮ ᠲᠠᠭᠠᠤ ᠬᠦᠭᠵᠢᠯᠲᠡ ᠶᠢᠨ ᠲᠡᠩᠭᠡᠯᠢᠭ ᠪᠤᠯᠭᠠᠨ᠎ᠠ᠃ ︽ᠬᠤᠶᠠᠷ ᠲᠡᠩᠭᠡᠯᠢᠭ︾ ᠤᠨ ᠭᠠᠵᠠᠷ | ᠤᠷᠤᠨ ᠨᠢ ᠵᠠᠰᠠᠮᠠᠯ ᠵᠠᠮ᠂ ᠲᠡᠮᠦᠷ ᠵᠠᠮ ᠵᠡᠷᠭᠡ ᠵᠠᠮ ᠬᠠᠷᠢᠯᠴᠠᠭᠠᠨ ᠤ ᠭᠤᠤᠯ ᠱᠤᠭᠤᠮ ᠢᠶᠠᠷ ᠲᠡᠩᠭᠡᠯᠢᠭ ᠱᠤᠭᠤᠮ | ᠪᠤᠯᠭᠠᠵᠦ᠂ ᠤᠯᠠᠭᠠᠨᠬᠤᠲᠠ ᠤᠷᠤᠨ ᠢᠶᠠᠷ ᠲᠡᠩᠭᠡᠯᠢᠭ ᠱᠤᠭᠤᠮ ᠪᠤᠯᠭᠠᠵᠦ᠂ ᠬᠤᠲᠠ ᠪᠠᠯᠭᠠᠰᠦ᠂ ᠬᠦᠷᠢᠶᠡᠯᠡᠩ | ᠲᠤᠭᠤᠷᠢᠭ ᠢᠶᠠᠷ ᠲᠤᠯᠭᠠᠭᠤᠷᠢᠯᠠᠬᠤ ᠴᠢᠬ ᠪᠤᠯᠭᠠᠵᠦ᠂ ᠠᠵᠦ ᠦᠢᠯᠡᠳᠪᠤᠷᠢ ᠶᠢᠨ ᠪᠠᠶᠢᠷᠢᠰᠢᠭᠤᠯᠤᠯᠲᠠ ᠶᠢ ᠵᠦᠢ | ᠵᠤᠬᠢᠰᠲᠠᠢ ᠲᠦᠯᠦᠪᠵᠢᠬᠦᠯᠵᠦ᠂ ᠠᠵᠦ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠵᠦᠭ ᠬᠦᠲᠦᠯᠦᠨ | ᠵᠢᠯᠤᠭᠤᠳᠴᠤ ᠲᠦᠪᠯᠡᠷᠡᠭᠦᠯᠦᠨ᠎ᠡ᠃ ᠰᠢᠨ᠎ᠡ ᠪᠠᠷ ᠡᠷᠬᠢᠯᠡᠭᠰᠡᠨ ᠠᠵᠦ ᠦᠢᠯᠡᠳᠪᠤᠷᠢ ᠶᠢᠨ ᠠᠵᠦ ᠠᠬᠤᠢᠢᠯᠠᠯ ᠢ | ᠵᠠᠷᠴᠢᠮ ᠳᠡᠭᠡᠷ᠎ᠡ ᠪᠠᠨ ᠠᠶᠢᠮᠠᠭ ᠤᠨ ᠱᠠᠲᠦ ᠪᠤᠯᠤᠨ ᠲᠡᠭᠦᠨ ᠠᠴᠠ ᠲᠡᠭᠡᠭᠰᠢᠬᠢ ᠠᠵᠦ ᠦᠢᠯᠡᠳᠪᠤᠷᠢ ᠶᠢᠨ ᠬᠦᠷᠢᠶᠡᠯᠡᠩ | ᠲᠤᠭᠤᠷᠢᠭ ᠲᠤ ᠲᠤᠬᠢᠷᠠᠭᠤᠯᠤᠨ᠎ᠠ︔ ᠬᠠᠮᠲᠦ ᠶᠢᠨ ᠴᠢᠭᠯᠡᠯ ᠲᠠᠢ ᠠᠵᠦ ᠦᠢᠯᠡᠰ ᠢ ᠬᠦᠲᠦᠯᠦᠨ ᠵᠢᠯᠤᠭᠤᠳᠴᠤ | ᠤᠨᠴᠠᠭᠠᠢ ᠲᠠᠪᠠᠭᠤᠯᠢᠭ ᠲᠠᠢ ᠭᠠᠵᠠᠷ ᠤᠷᠤᠨ ᠵᠦᠭ ᠲᠦᠪᠯᠡᠷᠡᠭᠦᠯᠵᠦ᠂ ᠲᠠᠪᠠᠭᠤᠯᠢᠭ ᠠᠵᠦ ᠦᠢᠯᠡᠰ ᠤᠨ | ᠬᠠᠷᠢᠴᠠᠩᠭᠤᠢ ᠲᠦᠪᠯᠡᠷᠡᠯ ᠢ ᠠᠬᠢᠭᠤᠯᠵᠦ᠂ ᠭᠠᠵᠠᠷ ᠰᠢᠷᠤᠢ ᠨᠢ ᠡᠷᠴᠢᠮᠯᠢᠭ᠂ ᠲᠡᠰ ᠲᠠᠪᠬᠤᠷᠭ᠎ᠠ ᠨᠢ ᠵᠤᠬᠢᠰᠲᠠᠢ | ᠠᠵᠦ ᠦᠢᠯᠡᠰ ᠲᠦᠪᠯᠡᠷᠡᠭᠰᠡᠨ ᠪᠦᠰᠡ ᠪᠤᠯᠭᠠᠨ᠎ᠠ᠃ | ᠬᠤᠶᠠᠳᠤᠭᠠᠷ ᠬᠡᠰᠡᠭ ︽ᠲᠦᠷᠪᠡᠨ ᠲᠤᠭᠤᠷᠢᠭ︾ ᠤᠨ ᠬᠦᠭᠵᠢᠯᠲᠡ ᠶᠢ ᠲᠦᠷᠭᠡᠳᠭᠡᠨ ᠠᠬᠢᠭᠤᠯᠤᠨ᠎ᠠ | ᠡᠬᠢ ᠪᠠᠶᠠᠯᠢᠭ ᠤᠨ ᠪᠤᠰᠤ ᠠᠵᠦ ᠦᠢᠯᠡᠳᠪᠤᠷᠢ ᠶᠢᠨ ᠴᠤᠭᠯᠠᠷᠠᠯ ᠤᠨ ᠲᠤᠭᠤᠷᠢᠭ᠃ ᠤᠯᠠᠭᠠᠨᠬᠤᠲᠠ ᠶᠢᠨ ᠠᠵᠦ | ᠦᠢᠯᠡᠳᠪᠤᠷᠢ ᠶᠢᠨ ᠠᠵᠦ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠶᠡᠭᠡ ᠪᠠᠭ᠎ᠠ ᠬᠢᠨᠭ᠍ᠭᠠᠨ ᠲᠠᠪᠠᠭᠠᠨ ᠤ ᠰᠢᠭᠤᠢᠢᠲᠦ ᠤᠷᠤᠨ ᠤ ᠠᠵᠦ ᠠᠬᠤᠢ ᠶᠢᠨ ᠠᠷᠭ᠎ᠠ ᠬᠡᠯᠪᠡᠷᠢ ᠶᠢ | ᠬᠤᠪᠢᠷᠠᠭᠤᠯᠤᠨ ᠵᠠᠯᠭᠠᠵᠦ ᠠᠪᠬᠤ ᠠᠵᠦ ᠦᠢᠯᠡᠰ ᠤᠨ ᠬᠦᠷᠢᠶᠡᠯᠡᠩ ᠲᠤᠭᠤᠷᠢᠭ ᠲᠤ ᠲᠦᠰᠢᠭᠯᠡᠨ᠂ ᠲᠤᠨᠤᠭᠯᠠᠯ | ᠦᠢᠯᠡᠳᠬᠦ ᠂ ᠡᠮ ᠡᠮᠨᠡᠯᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠬ ᠰᠢᠮ᠎ᠡ ᠡᠳ᠋ᠰᠢᠬᠦᠯᠬᠦ᠂ ᠢᠳᠡᠭᠡᠨ | ᠡᠳ᠋ᠰᠢᠬᠦᠯᠬᠦ᠂ ᠡᠳ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢᠨ ᠠᠵᠢᠯ ᠲᠦᠷᠦᠯ ᠵᠡᠷᠭᠡ ᠠᠵᠦ ᠦᠢᠯᠡᠰ ᠢ | ᠭᠤᠤᠯᠳᠠᠯᠭ᠎ᠠ ᠪᠤᠯᠭᠠᠨ ᠬᠦᠭᠵᠢᠭᠦᠯᠦᠨ᠎ᠡ︔ ᠡᠯᠧᠺᠲᠷᠤᠨ᠂ ᠲᠡᠭᠡᠳᠦ ᠲᠡᠰ ᠤᠨ ᠦᠢᠯᠡᠳᠬᠦ ᠦᠢᠯᠡᠰ᠂ ᠠᠮᠢᠳᠤ | ᠪᠤᠳᠠᠰ ᠤᠨ ᠡᠮ ᠬᠢᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠠᠵᠦ ᠦᠢᠯᠡᠰ ᠢ ᠢᠲᠡᠪᠬᠢᠲᠠᠢ | ᠪᠤᠶᠢᠵᠢᠭᠤᠯᠤᠨ᠎ᠠ᠃ | ᠨᠡᠭᠦᠷᠡᠰᠦ ᠶᠢ ᠴᠡᠪᠡᠷ ᠪᠦᠭᠡᠳ ᠦᠨᠳᠦᠷ ᠪᠦᠲᠦᠮᠵᠢᠲᠠᠢ ᠠᠰᠢᠬᠯᠠᠬᠤ᠂ ᠦᠡᠭᠭᠡᠲᠦ ᠲᠡᠮᠦᠷᠯᠢᠭ ᠢ | ᠬᠠᠶᠢᠯᠤᠭᠤᠯᠵᠦ ᠡᠳ᠋ᠰᠢᠭᠦᠯᠬᠦ ᠲᠦᠪᠯᠡᠷᠡᠯ ᠤᠨ ᠲᠤᠭᠤᠷᠢᠭ᠃ ᠠᠶᠢᠮᠠᠭ ᠤᠨ ᠠᠵᠦ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠤᠭᠤᠷᠢᠭ᠂ ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤᠨ ᠤ ᠪᠠᠶᠠᠵᠢᠨ᠎ᠠ ᠠᠵᠦ | ᠦᠢᠯᠡᠳᠪᠤᠷᠢ ᠶᠢᠨ ᠡᠷᠬᠢᠯᠲᠡᠲᠦ ᠠᠵᠦ ᠠᠬᠤᠢ ᠶᠢᠨ ᠬᠦᠷᠢᠶᠡᠯᠡᠩ ᠲᠤᠭᠤᠷᠢᠭ ᠢᠶᠠᠷ ᠭᠤᠤᠯ ᠪᠤᠯᠭᠠᠵᠦ᠂ ᠲᠡᠭᠦᠨ ᠤ | ᠬᠦᠷᠰᠢ ᠵᠡᠷᠭᠡᠯᠡᠳᠡᠭᠡ ᠨᠡᠭᠦᠷᠡᠰᠦᠨ ᠤ ᠡᠬᠢ ᠪᠠᠶᠠᠯᠢᠭ ᠤᠨ ᠲᠤᠭᠤᠷᠢᠭ᠂ ᠤᠰᠤ ᠨᠡᠭᠦᠷᠡᠰᠦ ᠶᠢᠨ ᠨᠡᠶᠢᠯᠡᠯ ᠤᠨ | ᠨᠦᠬᠦᠴᠡᠯ ᠢᠶᠠᠷ ᠨᠡᠯᠢᠶᠡᠳ ᠰᠠᠶᠢᠨ᠂ ᠲᠡᠮᠦᠷ ᠵᠠᠮ᠂ ᠵᠠᠰᠠᠮᠠᠯ ᠵᠠᠮ ᠲᠦᠬᠦᠮ ᠪᠠᠶᠢᠬᠤ ᠵᠡᠷᠭᠡ ᠠᠰᠢᠬᠲᠠᠢ | ᠨᠦᠬᠦᠴᠡᠯ ᠤᠨ ᠲᠠᠪᠠᠭᠤᠯᠢᠭ ᠢ ᠪᠠᠳᠠᠷᠠᠭᠤᠯᠵᠦ᠂ ᠡᠨᠧᠷᠬᠢ᠂ ᠰᠢᠨ᠎ᠡ ᠮᠠᠶ᠋ᠢᠭ ᠤᠨ ᠨᠡᠭᠦᠷᠡᠰᠦ ᠬᠢᠮᠢ ᠶᠢᠨ ᠠᠵᠤ | ᠦᠢᠯᠡᠳᠪᠤᠷᠢ ᠂ ᠦᠡᠭᠭᠡᠲᠦ ᠲᠡᠮᠦᠷᠯᠢᠭ ᠬᠠᠶᠢᠯᠤᠭᠤᠯᠵᠦ ᠡᠳ᠋ᠰᠢᠬᠦᠯᠬᠦ ᠪᠠᠷ ᠭᠤᠤᠯ ᠪᠤᠯᠭᠠᠭᠰᠠᠨ ᠠᠵᠦ ᠦᠢᠯᠡᠰ ᠤᠨ | ᠴᠤᠭᠯᠠᠷᠠᠯ ᠢ ᠬᠦᠭᠵᠢᠬᠦᠯᠵᠦ᠂ ᠨᠡᠭᠦᠷᠡᠰᠦ ᠪᠠᠷ ᠬᠡᠢ ᠦᠢᠯᠡᠳᠪᠤᠷᠢᠯᠡᠬᠦ᠂ ᠨᠡᠭᠦᠷᠡᠰᠦ ᠪᠠᠷ ᠲᠤᠰᠤ ᠦᠢᠯᠡᠳᠪᠤᠷᠢᠯᠡᠬᠦ᠂ | ᠢᠯᠴᠢ ᠶᠢᠨ ᠴᠠᠬᠢᠯᠭᠠᠨ᠂ ᠨᠡᠭᠦᠷᠡᠰᠦ ᠴᠠᠬᠢᠯᠭᠠᠨ ᠬᠦᠡᠭᠭᠡᠨ ᠴᠠᠭᠠᠨ᠂ ᠵᠡᠰ ᠴᠠᠶᠢᠷ ᠬᠠᠶᠢᠯᠤᠭᠤᠯᠬᠤ ᠪᠠ ᠰᠢᠷᠢᠰ | ᠦᠢᠯᠡᠳᠬᠦᠨ ᠢ ᠨᠠᠷᠢᠯᠢᠭ ᠡᠳ᠋ᠰᠢᠬᠦᠯᠬᠦ ᠵᠡᠷᠭᠡ ᠬᠢᠮᠢ ᠶᠢᠨ ᠠᠵᠦ ᠦᠢᠯᠡᠳᠪᠤᠷᠢ ᠶᠢᠨ ᠦᠢᠯᠡᠳᠪᠤᠷᠢᠯᠡᠯ ᠪᠤᠯᠤᠨ | ᠦᠡᠭᠭᠡᠲᠦ ᠲᠡᠮᠦᠷᠯᠢᠭ ᠬᠠᠶᠢᠯᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠭᠤᠤᠯᠳᠠᠯᠭ᠎ᠠ ᠲᠠᠢ | ᠪᠤᠶᠢᠵᠢᠭᠤᠯᠤᠨ᠎ᠠ᠃ | ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠬ ᠰᠢᠮ᠎ᠡ ᠶᠢ ᠡᠳ᠋ᠰᠢᠭᠦᠯᠬᠦ ᠲᠦᠪᠯᠡᠷᠡᠯ ᠤᠨ | ᠲᠤᠭᠤᠷᠢᠭ᠃ ᠲᠤᠰᠪᠤᠷᠢ ᠲᠦᠴᠢᠤᠸᠠᠨ ᠰᠢᠶᠠᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠦ | ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠷ ᠲᠦᠪ ᠪᠤᠯᠭᠠᠵᠤ᠂ ᠭᠠᠵᠠᠷ ᠰᠢᠷᠤᠢ ᠶᠢᠨ ᠡᠬᠢ | ᠪᠠᠶᠠᠯᠢᠭ ᠲᠦᠪᠯᠡᠷᠡᠩᠭᠦᠢ᠂ ᠤᠰᠤᠨ ᠤ ᠡᠬᠢ ᠪᠠᠶᠠᠯᠢᠭ ᠡᠯᠪᠡᠭ ᠪᠠᠶᠢᠬᠤ ᠠᠰᠢᠬᠲᠠᠢ ᠨᠦᠬᠦᠴᠡᠯ ᠳᠤ ᠲᠦᠰᠢᠭᠯᠡᠨ᠂ ︽ | ᠲᠦᠪᠯᠡᠷᠡᠭᠦᠯᠦᠨ ᠵᠠᠯᠭᠠᠯᠳᠤᠭᠤᠯᠵᠦ ᠨᠡᠭᠡᠭᠡᠨ ᠬᠦᠭᠵᠢᠭᠦᠯᠬᠦ︾᠂ ︽ᠲᠤᠯᠤᠭᠠᠢᠢᠯᠠᠭᠴᠢ ᠠᠵᠦ ᠠᠬᠤᠢᠢᠯᠠᠯ ᠢᠶᠠᠷ | ᠲᠠᠶᠢᠴᠢᠯᠠᠬᠤ︾ ᠵᠡᠷᠭᠡ ᠬᠦᠭᠵᠢᠯᠲᠡ ᠶᠢᠨ ᠵᠠᠭᠪᠤᠷ ᠢ ᠬᠡᠷᠡᠭᠯᠡᠵᠤ᠂ ᠤᠳᠤ ᠦᠶ᠎ᠡ ᠶᠢᠨ ᠪᠤᠬᠢᠷᠳᠤᠯ ᠦᠭᠡᠢ ᠲᠠᠷᠢᠶᠠᠯᠠᠩ | ᠮᠠᠯ ᠠᠵᠦ ᠠᠬᠤᠢ᠂ ᠥᠪᠡᠷᠮᠢᠴᠡ ᠤᠨᠴᠠᠯᠢᠭ ᠲᠠᠢ ᠲᠠᠷᠢᠵᠦ ᠲᠡᠵᠢᠭᠡᠬᠦ ᠦᠢᠯᠡᠰ ᠪᠤᠯᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠬ ᠰᠢᠮ᠎ᠡ ᠶᠢ ᠡᠳ᠋ᠰᠢᠬᠦᠯᠬᠦ ᠠᠵᠦ ᠦᠢᠯᠡᠳᠪᠤᠷᠢ ᠶᠢ ᠭᠤᠤᠯᠳᠠᠯᠭ᠎ᠠ ᠲᠠᠢ | ᠬᠦᠭᠵᠢᠬᠦᠯᠵᠦ᠂ ᠮᠠᠨ ᠤ ᠠᠶᠢᠮᠠᠭ ᠤᠨ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠳᠡᠬᠦᠨ ᠮᠠᠯ ᠤᠨ ᠠᠰᠢᠬ | ᠰᠢᠮ᠎ᠡ ᠶᠢ ᠡᠳ᠋ᠰᠢᠭᠦᠯᠬᠦ ᠦᠢᠯᠡᠰ ᠤᠨ ᠲᠦᠢᠯ ᠢ ᠪᠠᠶᠢᠭᠤᠯᠤᠨ᠎ᠠ᠃ | ᠠᠮᠢ ᠠᠬᠤᠢ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠤᠭᠤᠷᠢᠭ᠃ ᠬᠠᠯᠠᠭᠤᠨ ᠷᠠᠰᠢᠶᠠᠨ ᠤ ᠡᠬᠢ ᠪᠠᠶᠠᠯᠢᠭ᠂ | ᠭᠠᠯᠲᠦ ᠠᠭᠤᠯᠠ ᠶᠢᠨ ᠭᠠᠵᠠᠷ ᠤᠨ ᠡᠬᠢ ᠪᠠᠶᠠᠯᠢᠭ᠂ ᠮᠦᠰᠦ ᠴᠠᠰᠤᠨ ᠤ ᠡᠬᠢ ᠪᠠᠶᠠᠯᠢᠭ᠂ ᠤᠢ ᠰᠢᠭᠤᠢ ᠶᠢᠨ | ᠦᠵᠡᠮᠵᠢ ᠵᠡᠷᠭᠡ ᠥᠪᠡᠷᠮᠢᠴᠡ ᠤᠨᠴᠠᠯᠢᠭ ᠲᠠᠢ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠰᠡᠯᠡᠭᠦᠴᠡᠯ | ᠠᠮᠠᠷᠠᠯᠲᠠ ᠶᠢᠨ ᠵᠤᠭᠠᠴᠠᠯ᠂ ᠪᠠᠷᠲᠠᠭ᠎ᠠ ᠰᠢᠨᠵᠢᠯᠡᠨ ᠰᠢᠨᠵᠢᠯᠡᠬᠦ ᠤᠬᠠᠭᠠᠨ ᠤ ᠪᠠᠶᠢᠴᠠᠭᠠᠯᠲᠠ ᠬᠢᠬᠦ ᠵᠤᠭᠠᠴᠠᠯ ᠵᠢᠴᠢ | ᠤᠯᠠᠨ ᠤᠯᠤᠰ ᠤᠨ ᠬᠤᠷᠠᠯ ᠦᠵᠡᠰᠭᠦᠯᠡᠩ ᠤᠨ ᠬᠤᠯᠪᠤᠭᠳᠠᠯ ᠪᠦᠬᠦᠢ ᠠᠵᠦ ᠦᠢᠯᠡᠰ ᠢ ᠭᠤᠤᠯᠳᠠᠯᠭ᠎ᠠ ᠲᠠᠢ ᠨᠡᠭᠡᠭᠡᠨ | ᠬᠦᠭᠵᠢᠭᠦᠯᠦᠨ᠎ᠡ᠃ ᠷᠠᠰᠢᠶᠠᠨ ᠬᠤᠲᠠ ᠪᠠᠷ ᠲᠦᠪ ᠪᠤᠯᠭᠠᠨ᠂ ᠦ᠋ ᠴᠠ ᠭᠧᠤ᠂ ᠲᠢᠶᠠᠨ ᠤᠤᠢ᠂ ᠪᠠᠢ ᠯᠠᠩ ᠪᠤᠯᠤᠨ | ᠮᠢᠩ ᠱᠦᠢ ᠵᠡᠷᠭᠡ ᠬᠤᠲᠠ ᠪᠠᠯᠭᠠᠰᠦ ᠶᠢ ᠪᠦᠷᠬᠦᠭᠦᠯᠵᠦ᠂ ᠷᠠᠰᠢᠶᠠᠨ ᠤ ᠠᠮᠢ ᠠᠬᠤᠢ ᠶᠢᠨ ᠵᠤᠭᠠᠴᠠᠯ ᠤᠨ ᠠᠵᠦ | ᠠᠬᠤᠢ ᠶᠢᠨ ᠵᠢᠱᠢᠶ᠎ᠡ ᠦᠵᠡᠭᠦᠯᠬᠦ ᠲᠤᠭᠤᠷᠢᠭ ᠢ ᠪᠠᠶᠢᠭᠤᠯᠤᠨ᠎ᠠ᠃ ᠡᠭᠦᠨ ᠤ ᠬᠠᠮᠲᠦ ᠤᠯᠠᠭᠠᠨᠬᠤᠲᠠ ᠶᠢᠨ | ᠬᠤᠪᠢᠰᠬᠠᠯ ᠤᠨ ᠤᠯᠠᠮᠵᠢᠯᠠᠯ ᠤᠨ ᠰᠤᠶᠤᠯ ᠤᠨ ᠵᠤᠭᠠᠴᠠᠯ ᠪᠤᠯᠤᠨ ᠡᠯ᠎ᠡ ᠬᠤᠰᠢᠭᠤ ᠰᠢᠶᠠᠨ ᠤ ᠠᠰ ᠠᠰ ᠤᠨ | ᠤᠨᠴᠠᠯᠢᠭ ᠲᠠᠢ ᠵᠤᠭᠠᠴᠠᠯ ᠤᠨ ᠲᠦᠷᠦᠯ ᠲᠡᠮᠳᠡᠭ ᠢ ᠪᠠᠶᠢᠭᠤᠯᠵᠦ᠂ ᠵᠤᠭᠠᠴᠠᠯ ᠤᠨ ᠠᠵᠦ ᠦᠢᠯᠡᠰ ᠢ | ᠪᠤᠵᠠᠭᠠᠢᠢᠷᠠᠭᠤᠯᠵᠦ ᠬᠦᠴᠦᠷᠬᠡᠭᠵᠢᠭᠦᠯᠦᠨ᠎ᠡ᠃ | ᠲᠠᠪᠤᠳᠤᠭᠠᠷ ᠪᠦᠯᠦᠭ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠲᠠ ᠶᠢ ᠠᠬᠢᠭᠤᠯᠤᠨ᠎ᠠ | ᠨᠢᠭᠡᠳᠦᠭᠡᠷ ᠬᠡᠰᠡᠭ ᠲᠠᠷᠢᠶᠠᠯᠠᠩ ᠮᠠᠯ ᠠᠵᠦ ᠠᠬᠤᠢ ᠶᠢᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ | ᠲᠡᠭᠡᠭᠰᠢᠯᠡᠭᠦᠯᠤᠨ᠎ᠡ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠲᠤᠭᠲᠠᠪᠤᠷᠢᠵᠢᠭᠤᠯᠤᠨ᠎ᠠ᠃ ᠠᠮᠤ | ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢᠳᠤ ᠤᠷᠤᠨ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠤᠷᠢᠯᠡᠯ ᠤᠨ ᠬᠠᠮᠠᠭᠠᠯᠠᠯᠲᠠ ᠶᠢᠨ ᠤᠷᠤᠨ ᠢ ᠪᠠᠶᠢᠭᠤᠯᠬᠤ ᠶᠠᠪᠤᠳᠠᠯ ᠢ ᠬᠠᠶᠢᠨ ᠰᠦᠪᠡᠭᠴᠢᠯᠡᠵᠤ᠂ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠤᠨ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠤᠰᠤ ᠠᠷᠪᠢᠯᠠᠨ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯᠯᠠᠭ᠎ᠠ᠂ ᠤᠯᠤᠰ ᠤᠨ ᠮᠢᠩᠭᠠᠨ ᠳ᠋ᠦᠩᠰᠢᠭᠤᠷ ᠵᠢᠩ ᠠᠮᠤ | ᠪᠤᠳᠠᠭ᠎ᠠ ᠦᠢᠯᠡᠳᠪᠤᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ | ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ︔ ᠵᠠᠭᠤᠨ ᠲᠦᠮᠡᠨ ᠮᠥ ᠤᠰᠤᠨ ᠲᠤᠲᠤᠷᠭ᠎ᠠ᠂ | ᠵᠠᠭᠤᠨ ᠲᠦᠮᠡᠨ ᠮᠥ ᠰᠢᠬᠢᠷ ᠯᠤᠤᠪᠠᠩ ᠵᠡᠷᠭᠡ ᠦᠢᠯᠡᠳᠪᠤᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠲᠦᠷᠭᠡᠨ ᠠᠬᠢᠭᠤᠯᠤᠨ᠎ᠠ︔ ᠲᠤᠮᠳᠠ ᠲᠤᠤᠷ᠎ᠠ ᠤᠨᠠᠯᠲᠠᠲᠦ ᠲᠠᠷᠢᠶ᠎ᠠ ᠶᠢ ᠬᠠᠯᠠᠨ ᠰᠠᠶᠢᠵᠢᠷᠠᠭᠤᠯᠬᠤ ᠪᠠ | ᠦᠨᠳᠦᠷ ᠪᠠᠷᠢᠮᠵᠢᠶᠠᠲᠦ ᠲᠠᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠪᠦᠲᠦᠮᠵᠢ | ᠰᠠᠶᠢᠲᠠᠢ ᠤᠰᠤ ᠠᠷᠪᠢᠯᠠᠬᠤ ᠦᠭᠡᠷᠡᠴᠢᠯᠡᠯᠲᠡ ᠶᠢ ᠴᠢᠷᠮᠠᠶᠢᠨ ᠠᠬᠢᠭᠤᠯᠵᠦ᠂ ᠤᠰᠤᠨ ᠳᠤ ᠠᠷᠪᠢᠲᠠᠢ ᠲᠠᠷᠢᠶᠠᠯᠠᠩ ᠢ | ᠬᠦᠭᠵᠢᠬᠦᠯᠦᠨ᠎ᠡ︔ ᠲᠦᠬᠦᠭᠡᠷᠦᠮᠵᠢᠲᠦ ᠲᠠᠷᠢᠶᠠᠯᠠᠩ ᠢ ᠲᠦᠷᠭᠡᠨ ᠬᠦᠭᠵᠢᠬᠦᠯᠵᠦ᠂ ᠲᠦᠪᠯᠡᠷᠡᠭᠦᠯᠦᠨ | ᠵᠠᠯᠭᠠᠯᠳᠤᠭᠤᠯᠬᠤ ᠲᠠᠯᠠᠪᠠᠢ ᠶᠢ ᠦᠷᠭᠡᠳᠭᠡᠨ᠎ᠡ︔ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡᠴᠢᠯᠡᠯᠲᠡ ᠶᠢ ᠴᠢᠩᠭᠠᠳᠬᠠᠵᠦ᠂ ᠪᠤᠬᠢᠷᠳᠤᠯ ᠦᠭᠡᠢ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢ ᠶᠡᠬᠡᠪᠡᠷ | ᠲᠡᠯᠭᠡᠷᠡᠭᠦᠯᠦᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠠᠮᠤ ᠪᠤᠳᠠᠭ᠎ᠠ ᠲᠠᠷᠢᠬᠤ | ᠲᠠᠯᠠᠪᠠᠢ ᠶᠢ ᠲᠤᠭᠲᠠᠪᠤᠷᠢᠵᠢᠭᠤᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 100 ᠳ᠋ᠦᠩᠰᠢᠭᠤᠷ ᠵᠢᠩ ᠠᠴᠠ | ᠲᠡᠭᠡᠭᠰᠢ ᠬᠡᠮᠵᠢᠶᠡᠨ ᠳᠤ ᠲᠤᠭᠲᠠᠪᠤᠷᠢᠵᠢᠭᠤᠯᠤᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠢᠨᠵᠧᠨᠧᠷᠢᠩ ᠢ | ᠬᠡᠷᠡᠭᠵᠢᠬᠦᠯᠬᠦ ᠶᠢ ᠠᠬᠢᠭᠤᠯᠵᠦ᠂ ᠤᠳᠤ ᠦᠶ᠎ᠡ ᠶᠢᠨ ᠲᠠᠷᠢᠶᠠᠯᠠᠩ ᠤᠨ ᠮᠠᠰᠢᠨ ᠢ ᠲᠦᠭᠡᠮᠡᠯᠵᠢᠬᠦᠯᠬᠦ ᠪᠠ ᠲᠡᠯᠭᠡᠷᠡᠭᠦᠯᠬᠦ | ᠠᠵᠢᠯ ᠢ ᠴᠢᠩᠭᠠᠳᠬᠠᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠤᠯᠠᠮ | ᠲᠤᠭᠲᠠᠪᠤᠷᠢᠵᠢᠭᠤᠯᠤᠨ ᠲᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ ᠨᠦᠬᠦᠪᠤᠷᠢ | ᠦᠭᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠬᠦᠯᠦᠨ᠎ᠡ᠃ 2020 ᠤᠨ ᠪᠤᠯᠬᠤ ᠳᠤ ᠲᠠᠷᠢᠶᠠᠯᠠᠩ ᠤᠨ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠲᠦᠪᠰᠢᠨ ᠢ 80% ᠠᠴᠠ ᠲᠡᠭᠡᠭᠰᠢ ᠳᠤ ᠬᠦᠷᠭᠡᠨ᠎ᠡ᠃ | ᠤᠳᠤ ᠦᠶ᠎ᠡ ᠶᠢᠨ ᠮᠠᠯ ᠠᠵᠦ ᠠᠬᠤᠢ ᠶᠢ ᠲᠦᠷᠭᠡᠨ ᠬᠦᠭᠵᠢᠬᠦᠯᠦᠨ᠎ᠡ᠃ ᠮᠠᠯ ᠤᠨ ᠠᠰᠢᠭ ᠰᠢᠮ᠎ᠡ ᠶᠢᠨ | ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠲᠤᠭᠲᠠᠪᠤᠷᠢᠵᠢᠭᠤᠯᠵᠤ ᠲᠡᠭᠡᠭᠰᠢᠯᠡᠭᠦᠯᠬᠦ ᠪᠠᠷ ᠭᠤᠤᠯ ᠪᠤᠯᠭᠠᠵᠦ | ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ ᠪᠠᠷᠢᠮᠵᠢᠶᠠᠵᠢᠭᠰᠠᠨ ᠬᠡᠪᠴᠢᠶᠡᠵᠢᠯ ᠲᠠᠢ ᠲᠡᠵᠢᠭᠡᠵᠦ ᠦᠷᠡᠵᠢᠬᠦᠯᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠤᠯᠭᠠᠵᠦ᠂ ᠲᠠᠷᠢᠶᠠᠯᠠᠩ ᠮᠠᠯ ᠠᠵᠦ ᠠᠬᠤᠢ ᠶᠢᠨ | ᠤᠶᠠᠯᠳᠤᠯ ᠤᠨ ᠬᠤᠶᠠᠷ ᠲᠠᠪᠠᠭᠤᠯᠢᠭ ᠢ ᠪᠠᠳᠠᠷᠠᠭᠤᠯᠵᠦ᠂ ᠪᠡᠯᠴᠢᠭᠡᠷ ᠤᠨ ᠮᠠᠯ ᠠᠵᠦ ᠠᠬᠤᠢ ᠪᠤᠯᠤᠨ ᠲᠠᠷᠢᠶᠠᠯᠠᠬᠤ | ᠤᠷᠤᠨ ᠤ ᠮᠠᠯ ᠠᠵᠦ ᠠᠬᠤᠢ ᠶᠢ ᠰᠢᠯᠢᠳᠡᠭᠵᠢᠬᠦᠯᠵᠦ ᠬᠦᠴᠦᠷᠬᠡᠭᠵᠢᠬᠦᠯᠦᠨ᠎ᠡ᠃ ᠵᠠᠭᠤᠨ ᠲᠦᠮᠡᠨ ᠠᠯᠠᠰᠢᠨ ᠦᠭᠡᠷ᠂ | ᠮᠢᠩᠭᠠᠨ ᠲᠦᠮᠡᠨ ᠠᠯᠠᠰᠢᠨ ᠬᠤᠨᠢ ᠮᠠᠯᠵᠢᠵᠦ ᠦᠷᠡᠵᠢᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ | ᠲᠠᠷᠢᠵᠦ ᠲᠡᠵᠢᠭᠡᠬᠦ ᠶᠢ ᠤᠶᠠᠯᠳᠤᠭᠤᠯᠤᠭᠰᠠᠨ ᠨᠡᠶᠢᠲᠡᠯᠢᠭ ᠮᠠᠯ ᠠᠵᠦ ᠠᠬᠤᠢ ᠶᠢᠨ ᠲᠡᠵᠢᠭᠡᠵᠦ ᠦᠷᠡᠵᠢᠬᠦᠯᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠡᠪᠡᠰᠦᠨ ᠤ ᠠᠵᠦ ᠦᠢᠯᠡᠰ ᠢ ᠲᠦᠷᠭᠡᠨ ᠬᠦᠭᠵᠢᠬᠦᠯᠵᠦ᠂ | ᠨᠤᠭᠤᠭᠠᠨ ᠢᠶᠠᠷ ᠲᠠᠷᠤᠰᠢᠭᠤᠯᠬᠤ ᠡᠷᠳᠡᠨᠢ ᠰᠢᠰᠢ ᠪᠤᠯᠤᠨ ᠪᠤᠷᠤ ᠬᠤᠰᠢᠶᠠᠩᠭᠤᠷ ᠵᠡᠷᠭᠡ ᠡᠪᠡᠰᠦ ᠪᠤᠷᠲᠤᠭ᠎ᠠ | ᠲᠠᠷᠢᠬᠤ ᠶᠢ ᠲᠡᠮᠵᠢᠨ᠎ᠡ᠃ ᠲᠠᠷᠢᠶᠠᠨ ᠡᠰᠢ ᠰᠦᠷᠡᠯ ᠢ ᠲᠡᠵᠢᠭᠡᠯ ᠡᠪᠡᠰᠦ ᠪᠤᠯᠭᠠᠬᠤ᠂ ᠪᠤᠷᠳᠤᠭᠤᠷ ᠪᠤᠯᠭᠠᠬᠤ ᠠᠵᠦ | ᠦᠢᠯᠡᠰ ᠤᠨ ᠬᠦᠭᠵᠢᠯᠲᠡ ᠶᠢ ᠲᠡᠮᠵᠢᠨ ᠲᠡᠳᠭᠦᠨ᠎ᠡ᠃ ᠮᠠᠯ ᠤᠨ ᠡᠭᠦᠯᠳᠡᠷ ᠢ ᠰᠠᠶᠢᠵᠢᠷᠠᠭᠤᠯᠬᠤ ᠪᠠ ᠰᠠᠶᠢᠨ | ᠡᠭᠦᠯᠳᠡᠷ ᠤᠨ ᠮᠠᠯ ᠢ ᠬᠠᠮᠠᠭᠠᠯᠠᠬᠤ ᠠᠵᠢᠯ ᠢ ᠴᠢᠩᠭᠠᠳᠬᠠᠵᠦ᠂ ᠲᠠᠷᠢᠶᠠᠯᠠᠬᠤ ᠤᠷᠤᠨ ᠤ ᠮᠠᠯ ᠠᠵᠦ ᠠᠬᠤᠢ ᠶᠢᠨ | ᠬᠤᠪᠢ ᠶᠢᠨ ᠵᠢᠩ ᠢ ᠬᠦᠴᠦᠯᠡᠨ ᠨᠡᠮᠡᠭᠳᠡᠭᠦᠯᠦᠨ᠎ᠡ᠃ ᠤᠯᠠᠮᠵᠢᠯᠠᠯᠲᠦ ᠮᠠᠯ ᠠᠵᠦ ᠠᠬᠤᠢ ᠶᠢᠨ ᠬᠦᠭᠵᠢᠯᠲᠡ ᠶᠢᠨ | ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠭᠡᠨ ᠠᠬᠢᠭᠤᠯᠵᠦ᠂ ᠪᠡᠯᠴᠢᠭᠡᠵᠦ ᠮᠠᠯᠵᠢᠵᠦ | ᠪᠠᠶᠢᠭᠰᠠᠨ ᠠᠴᠠ ᠪᠠᠨ ᠪᠦᠲᠦᠭᠡᠨ ᠪᠠᠶᠢᠭᠤᠯᠤᠯᠲᠠ ᠬᠢᠵᠦ ᠮᠠᠯᠵᠢᠬᠤ᠂ ᠲᠠᠷᠠᠬᠠᠢ ᠪᠤᠲᠠᠷᠬᠠᠢ ᠡᠵᠡᠩᠨᠡᠵᠦ | ᠪᠠᠶᠢᠬᠰᠠᠨ ᠠᠴᠠ ᠪᠠᠨ ᠵᠤᠬᠢᠬᠤ ᠬᠡᠪᠴᠢᠶᠡᠲᠦ ᠡᠵᠡᠩᠨᠡᠯᠲᠡ ᠬᠢᠬᠦ᠂ ᠲᠤᠭ᠎ᠠ ᠲᠤᠯᠤᠭᠠᠢ ᠶᠢ ᠨᠡᠮᠡᠭᠳᠡᠬᠦᠯᠵᠦ | ᠪᠠᠶᠢᠭᠰᠠᠨ ᠠᠴᠠ ᠪᠠᠨ ᠶᠠᠰᠦ ᠴᠢᠨᠠᠷ ᠦᠷ᠎ᠡ ᠠᠰᠢᠭ ᠢ ᠨᠡᠮᠡᠭᠳᠡᠭᠦᠯᠬᠦ ᠪᠤᠯᠭᠠᠨ ᠬᠤᠪᠢᠷᠠᠭᠤᠯᠤᠨ᠎ᠠ᠃ ᠮᠠᠯ | ᠰᠦᠷᠦᠭ ᠤᠨ ᠡᠭᠦᠯᠳᠡᠷ ᠤᠨ ᠭᠠᠵᠠᠷ ᠤᠷᠤᠨ ᠳᠠᠬᠢ ᠪᠠᠶᠢᠷᠢᠰᠢᠭᠤᠯᠤᠯᠲᠠ ᠶᠢ ᠰᠢᠯᠢᠳᠡᠭᠵᠢᠬᠦᠯᠵᠦ᠂ ᠪᠤᠬᠢᠷᠳᠤᠯ ᠦᠭᠡᠢ | ᠬᠢᠩᠭᠠᠨ ᠢᠶᠠᠷ ᠭᠤᠤᠯᠳᠠᠭᠤᠯᠤᠨ᠂ ᠲᠠᠪᠠᠭᠤᠯᠢᠬᠲᠦ ᠮᠠᠯ ᠤᠨ ᠠᠰᠢᠭ ᠰᠢᠮ᠎ᠡ ᠶᠢᠨ ᠦᠢᠯᠡᠳᠪᠤᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠮᠠᠯ ᠠᠵᠦ ᠠᠬᠤᠢ ᠶᠢᠨ ᠦᠷ᠎ᠡ ᠠᠰᠢᠭ ᠢ ᠨᠡᠮᠡᠭᠳᠡᠬᠦᠯᠦᠨ᠎ᠡ | ᠃ 2020 ᠤᠨ ᠪᠤᠯᠬᠤ ᠳᠤ᠂ ᠮᠠᠯ ᠠᠵᠦ ᠠᠬᠤᠢ ᠶᠢᠨ ᠤᠨ ᠤ ᠮᠠᠯ ᠤᠨ ᠲᠤᠭ᠎ᠠ ᠶᠢ 1500 ᠲᠦᠮᠡ ᠳᠤ | ᠬᠦᠷᠦᠭᠦᠯᠦᠨ᠎ᠡ᠃ | |