ᠬᠤᠶᠠᠳᠤᠭᠠᠷ ᠬᠡᠰᠡᠭ ᠲᠠᠷᠢᠶᠠᠯᠠᠩ ᠮᠠᠯ ᠠᠵᠦ ᠠᠬᠤᠢ ᠶᠢᠨ ᠭᠤᠤᠯᠳᠠᠯᠭ᠎ᠠ ᠲᠠᠢ ᠢᠨᠵᠧᠨᠧᠷᠢᠩ ᠪᠤᠯᠤᠨ ᠲᠦᠷᠦᠯ | ᠵᠦᠢᠯ ᠤᠨ ᠪᠦᠳᠦᠭᠡᠡ ᠪᠠᠶᠢᠭᠤᠯᠤᠯᠳᠠ ᠲᠠᠷᠢᠶᠠᠯᠠᠩ ᠤᠨ ᠠᠮᠢ ᠠᠬᠤᠢ ᠶᠢᠨ ᠬᠠᠮᠠᠭᠠᠯᠠᠯᠳᠠ ᠶᠢᠨ ᠡᠷᠴᠢᠮ ᠢ | ᠴᠢᠩᠭᠠᠷᠠᠭᠤᠯᠤᠨ᠎ᠠ᠃ ᠲᠠᠷᠢᠶᠠᠠ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠲᠡᠰ ᠲᠡᠪᠰᠢᠭᠦᠯᠬᠦ ᠠᠵᠢᠯᠯᠠᠭ᠎ᠠ ᠶᠢ | ᠬᠡᠷᠡᠭᠵᠢᠬᠦᠯᠦᠨ᠂ ᠲᠠᠷᠢᠶᠠᠨ ᠭᠠᠵᠠᠷ ᠢ ᠡᠭᠡᠯᠵᠢᠯᠡᠡ ᠰᠡᠯᠭᠦᠵᠤ ᠲᠠᠷᠢᠬᠤ ᠲᠦᠷᠢᠮ ᠢ ᠰᠦᠪᠡᠭᠴᠢᠯᠡᠨ ᠬᠡᠷᠡᠭᠵᠢᠬᠦᠯᠵᠦ᠂ | ᠲᠠᠴᠢᠷᠲᠠᠭᠰᠠᠠ᠂ ᠪᠤᠬᠢᠷᠳᠤᠭᠰᠠᠠ᠂ ᠡᠪᠳᠡᠭᠳᠡᠭᠰᠡᠡ ᠲᠠᠷᠢᠶᠠᠠ ᠭᠠᠵᠠᠷ ᠢ ᠰᠠᠶᠢᠵᠢᠷᠠᠭᠤᠯᠬᠤ ᠪᠠ ᠰᠡᠯᠪᠢᠨ ᠵᠠᠰᠠᠬᠤ | ᠡᠷᠴᠢᠮ ᠢᠶᠠᠨ ᠴᠢᠩᠭᠠᠷᠠᠭᠤᠯᠵᠦ᠂ ᠲᠠᠷᠢᠶᠠᠠ ᠭᠠᠵᠠᠷ ᠤᠨ ᠶᠠᠰᠤ ᠴᠢᠨᠠᠷ ᠢ ᠪᠠᠶᠢᠴᠠᠭᠠᠵᠦ ᠬᠢᠨᠠᠠ ᠬᠡᠮᠵᠢᠵᠦ ᠦᠨᠡᠯᠡᠬᠦ | ᠡᠷᠴᠢᠮ ᠢᠶᠠᠨ ᠴᠢᠩᠭᠠᠳᠬᠠᠠ᠂ ᠬᠠᠮᠠᠭᠠᠯᠠᠯᠳᠠ ᠶᠢᠨ ᠴᠢᠨᠠᠷᠳᠠᠢ ᠲᠠᠷᠢᠶᠠᠯᠠᠬᠤ ᠶᠢ ᠠᠬᠢᠭᠤᠯᠬᠤ ᠵᠡᠷᠭᠡ ᠪᠦᠳᠦᠭᠡᠡ | ᠪᠠᠶᠢᠭᠤᠯᠤᠯᠳᠠ ᠶᠢᠨ ᠲᠦᠷᠦᠯ ᠵᠦᠢᠯ ᠢ ᠬᠡᠷᠡᠭᠵᠢᠬᠦᠯᠦᠨ᠎ᠡ᠃ 2020 ᠤᠨ ᠪᠤᠯᠳᠠᠯ᠎ᠠ᠂ ᠲᠠᠷᠶᠠᠠ ᠭᠠᠵᠠᠷ ᠤᠨ | ᠬᠠᠮᠠᠭᠠᠯᠠᠬᠤ ᠬᠡᠮᠵᠢᠶ᠎ᠡ ᠶᠢ 1800 ᠲᠦᠮᠡᠡ ᠮᠦ ᠠᠴᠠ ᠲᠡᠭᠡᠭᠰᠢ ᠳᠤ ᠬᠦᠷᠭᠡᠵᠦ᠂ ᠲᠠᠷᠢᠶᠠᠠ ᠭᠠᠵᠠᠷ ᠤᠨ ᠶᠠᠰᠦ | ᠴᠢᠨᠠᠷ ᠦᠯᠦ ᠪᠠᠭᠤᠷᠠᠬᠤ ᠶᠢ ᠪᠠᠳᠤᠯᠠᠨ᠎ᠠ᠃ | ᠪᠡᠯᠴᠢᠭᠡᠷᠯᠡᠭᠦᠯᠬᠦ ᠶᠢ ᠬᠤᠷᠢᠠᠠᠯᠠᠵᠦ ᠰᠡᠯᠭᠦᠨ ᠮᠠᠯᠵᠢᠬᠤ ᠪᠠ ᠡᠪᠡᠰᠦ ᠪᠡᠯᠴᠢᠭᠡᠷ ᠮᠠᠯ ᠤᠨ ᠲᠤᠭ᠎ᠠ | ᠲᠤᠯᠤᠭᠠᠢ ᠶᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠬᠡᠷᠡᠭᠵᠢᠬᠦᠯᠦᠨ᠎ᠡ᠃ ᠦᠨᠳᠦᠰᠦᠨ ᠨᠤᠳᠤᠭ ᠪᠡᠯᠴᠢᠭᠡᠷ ᠢ | ᠵᠢᠷᠤᠵᠤ ᠲᠤᠭᠳᠠᠭᠠᠬᠤ ᠪᠠ ᠬᠠᠮᠠᠭᠠᠯᠠᠬᠤ ᠠᠵᠢᠯ ᠢ ᠠᠬᠢᠭᠤᠯᠤᠨ᠎ᠠ᠃ ᠪᠡᠯᠴᠢᠭᠡᠷᠯᠡᠭᠦᠯᠬᠦ ᠶᠢ ᠵᠤᠭᠰᠤᠭᠠᠵᠦ ᠡᠪᠡᠰᠦ | ᠮᠤᠲᠤ ᠲᠠᠷᠢᠬᠤ ᠡᠷᠴᠢᠮ ᠢ ᠴᠢᠩᠭᠠᠷᠠᠭᠤᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠳᠤ | ᠨᠦᠬᠦᠪᠦᠷᠢ ᠦᠭᠴᠦ ᠱᠠᠩᠨᠠᠬᠤ ᠲᠦᠷᠢᠮ ᠢ ᠦᠷᠬᠦᠯᠵᠢᠯᠡᠡ ᠬᠡᠷᠡᠭᠵᠢᠬᠦᠯᠵᠦ᠂ ᠪᠡᠯᠴᠢᠭᠡᠷᠯᠡᠭᠦᠯᠬᠦ ᠶᠢ ᠬᠤᠷᠢᠠᠠᠯᠠᠬᠤ | ᠲᠤᠭᠤᠷᠢᠭ ᠪᠠ ᠡᠪᠡᠰᠦ ᠪᠡᠯᠴᠢᠭᠡᠷ ᠮᠠᠯ ᠤᠨ ᠲᠤᠭ᠎ᠠ ᠲᠤᠯᠤᠭᠠᠢ ᠶᠢ ᠲᠡᠩᠴᠡᠭᠦᠷᠢ ᠲᠠᠢ ᠪᠠᠶᠢᠯᠭᠠᠬᠤ ᠲᠤᠭᠤᠷᠢᠭ ᠢ | ᠵᠤᠬᠢᠰᠳᠠᠢ ᠲᠤᠬᠢᠷᠠᠭᠤᠯᠤᠨ᠂ ᠬᠤᠨᠢ᠂ ᠢᠮᠠᠭ᠎ᠠ᠂ ᠠᠯᠠᠰᠢᠨ ᠦᠭᠡᠷ ᠢᠶᠠᠷ ᠮᠠᠯ ᠤᠨ ᠲᠤᠭ᠎ᠠ ᠲᠤᠯᠤᠭᠠᠢ ᠶᠢ ᠬᠠᠰᠤᠬᠤ | ᠭᠤᠤᠯᠳᠠᠯᠭ᠎ᠠ ᠪᠤᠯᠭᠠᠠ᠂ ᠪᠡᠯᠴᠢᠭᠡᠷᠯᠡᠭᠦᠯᠬᠦ ᠶᠢ ᠵᠤᠭᠰᠤᠭᠠᠬᠤ ᠲᠤᠭᠤᠷᠢᠭ ᠲᠠᠬᠢ ᠪᠡᠯᠴᠢᠭᠡᠷᠯᠡᠭᠦᠯᠬᠦ ᠮᠠᠯ ᠪᠠ ᠡᠪᠡᠰᠦ | ᠪᠡᠯᠴᠢᠭᠡᠷ ᠮᠠᠯ ᠤᠨ ᠲᠤᠭ᠎ᠠ ᠲᠤᠯᠤᠭᠠᠢ ᠶᠢ ᠲᠡᠩᠴᠡᠭᠦᠷᠢ ᠲᠠᠢ ᠪᠠᠶᠢᠯᠭᠠᠬᠤ ᠲᠤᠭᠤᠷᠢᠭ ᠲᠤ ᠲᠠᠭᠠᠭᠠᠴᠠ ᠠᠴᠠ | ᠬᠡᠳᠦᠷᠡᠭᠦᠯᠦᠨ ᠪᠡᠯᠴᠢᠭᠡᠷᠯᠡᠭᠦᠯᠵᠦ ᠪᠠᠶᠢᠬᠤ ᠮᠠᠯ ᠢ ᠪᠦᠬᠦᠨ ᠢ ᠬᠠᠰᠤᠨ᠎ᠠ︔ ᠮᠠᠯᠴᠢᠳ ᠤᠨ ᠲᠤᠰᠬᠠᠢ ᠬᠤᠷᠰᠢᠶ᠎ᠠ | ᠪᠤᠶᠤ ᠭᠠᠴᠠᠭ᠎ᠠ ᠪᠠᠷ ᠨᠢᠭᠡᠴᠡ ᠪᠤᠯᠭᠠᠵᠦ᠂ ᠬᠠᠰᠢᠶᠠᠯᠠᠠ ᠲᠡᠵᠢᠭᠡᠬᠦ ᠰᠠᠭᠤᠷᠢᠨ ᠢ ᠪᠠᠶᠢᠭᠤᠯᠤᠨ᠎ᠠ᠃ ᠨᠤᠳᠤᠭ | ᠪᠡᠯᠴᠢᠭᠡᠷ ᠤᠨ ᠲᠠᠭᠠᠭᠠᠴᠢᠯᠡᠡ ᠡᠵᠡᠩᠨᠡᠬᠦ ᠲᠦᠷᠢᠮ ᠢ ᠲᠤᠭᠳᠠᠪᠤᠷᠢᠵᠢᠭᠤᠯᠤᠨ ᠲᠡᠭᠦᠯᠳᠡᠷᠵᠢᠭᠦᠯᠵᠦ ᠦᠨᠳᠦᠰᠦᠨ | ᠲᠠᠷᠢᠶᠠᠠ ᠭᠠᠵᠠᠷ ᠪᠤᠯᠤᠨ ᠨᠤᠳᠤᠭ ᠪᠡᠯᠴᠢᠭᠡᠷ ᠢ ᠬᠠᠮᠠᠭᠠᠯᠠᠬᠤ ᠪᠠ ᠪᠦᠳᠦᠭᠡᠡ ᠪᠠᠶᠢᠭᠤᠯᠬᠤ ᠶᠢᠨ ᠲᠤᠭᠤᠷᠢᠨ ᠳᠤ | ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠳᠤ ᠨᠦᠬᠦᠪᠦᠷᠢ ᠦᠭᠴᠦ ᠱᠠᠩᠨᠠᠬᠤ ᠲᠤᠭᠳᠠᠴᠠ ᠶᠢ | ᠬᠡᠷᠡᠭᠵᠢᠬᠦᠯᠵᠦ᠂ ᠪᠠᠶᠢᠭᠠᠯᠢᠯᠢᠭ ᠨᠤᠳᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠤᠭᠰᠤᠭᠠᠵᠦ ᠪᠡᠯᠴᠢᠭᠡᠷ ᠢ ᠰᠡᠷᠭᠦᠭᠡᠬᠦ | ᠭᠤᠷᠪᠠᠳᠤᠭᠠᠷ ᠬᠤᠭᠤᠴᠠᠭᠠᠠ ᠤ ᠢᠨᠵᠧᠨᠧᠷᠢᠩ ᠤᠨ ᠪᠦᠳᠦᠭᠡᠡ ᠪᠠᠶᠢᠭᠤᠯᠤᠯᠳᠠ ᠶᠢ ᠠᠬᠢᠭᠤᠯᠤᠨ᠎ᠠ᠃ 2020 ᠤᠨ | ᠪᠤᠯᠳᠠᠯ᠎ᠠ᠂ ᠨᠤᠳᠤᠭ ᠪᠡᠯᠴᠢᠭᠡᠷ ᠤᠨ ᠪᠦᠳᠦᠭᠡᠡ ᠪᠠᠶᠢᠭᠤᠯᠤᠯᠳᠠ ᠶᠢᠨ ᠲᠠᠯᠠᠪᠠᠢ ᠶᠢ 650 ᠲᠦᠮᠡᠡ ᠮᠦ ᠪᠡᠶᠡᠯᠡᠭᠦᠯᠵᠦ | ᠂ ᠲᠤᠭᠤᠷᠢᠭ ᠬᠤᠪᠢᠶᠠᠵᠦ ᠰᠡᠯᠭᠦᠨ ᠮᠠᠯᠵᠢᠬᠤ ᠲᠠᠯᠠᠪᠠᠢ ᠶᠢ 1300 ᠲᠦᠮᠡᠡ ᠮᠦ ᠳᠤ ᠲᠤᠭᠲᠠᠪᠤᠷᠢᠵᠢᠭᠤᠯᠵᠤ᠂ | ᠨᠤᠳᠤᠭ ᠪᠡᠯᠴᠢᠭᠡᠷ ᠢ 35 ᠲᠦᠮᠡᠡ ᠮᠦ ᠰᠠᠶᠢᠵᠢᠷᠠᠭᠤᠯᠵᠦ᠂ ᠬᠠᠭᠤᠷᠠᠢ ᠭᠠᠵᠠᠷ ᠲᠤ ᠬᠦᠮᠦᠨ ᠤ ᠬᠦᠴᠦ ᠪᠠᠷ 25 | ᠲᠦᠮᠡᠡ ᠮᠦ ᠡᠪᠡᠰᠦ ᠪᠡᠯᠴᠢᠭᠡᠷ ᠲᠠᠷᠢᠵᠦ ᠤᠷᠭᠤᠭᠤᠯᠤᠨ᠂ ᠬᠦᠮᠦᠨ ᠤ ᠬᠦᠴᠦ ᠪᠠᠷ ᠤᠰᠤᠯᠠᠵᠦ ᠲᠠᠷᠢᠬᠤ ᠡᠪᠡᠰᠦ | ᠬᠠᠳᠤᠯᠠᠩ ᠮᠠᠯᠵᠢᠯ ᠤᠨ ᠲᠠᠯᠠᠪᠠᠢ ᠶᠢ 5 ᠲᠦᠮᠡᠡ ᠮᠦ ᠨᠡᠮᠡᠭᠳᠡᠬᠦᠯᠵᠦ᠂ ᠲᠤᠮᠤ ᠬᠡᠯᠪᠡᠷᠢ ᠶᠢᠨ ᠡᠪᠡᠰᠦ ᠬᠠᠳᠠᠭᠠᠯᠠᠬᠤ | ᠫᠧᠩ ᠢ 1.3 ᠲᠦᠮᠡᠡ ᠲᠡᠭᠰᠢ ᠲᠦᠷᠪᠡᠯᠵᠢᠨ ᠮᠧᠳ᠋ᠷ ᠪᠠᠶᠢᠭᠤᠯᠵᠤ᠂ 70% ᠰᠢᠬᠠᠮ ᠤᠨ ᠮᠠᠯ ᠢ ᠲᠤᠰ | ᠭᠠᠵᠠᠷ ᠲᠠᠭᠠᠨ ᠬᠠᠰᠢᠶᠠᠯᠠᠠ ᠲᠡᠵᠢᠭᠡᠬᠦ ᠶᠢ ᠪᠡᠶᠡᠯᠡᠬᠦᠯᠵᠦ᠂ ᠡᠪᠡᠰᠦ ᠪᠡᠯᠴᠢᠭᠡᠷ ᠪᠤᠯᠤᠨ ᠮᠠᠯ ᠤᠨ ᠲᠤᠭ᠎ᠠ ᠲᠤᠯᠤᠭᠠᠢ ᠶᠢ | ᠦᠨᠳᠦᠰᠦᠨ ᠳᠡᠭᠡᠨ ᠲᠡᠩᠴᠡᠭᠦᠷᠢ ᠲᠠᠢ ᠪᠤᠯᠭᠠᠨ᠎ᠠ᠃ | ᠨᠤᠳᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠤᠷᠤᠨ ᠤ ᠪᠦᠳᠦᠭᠡᠡ | ᠪᠠᠶᠢᠭᠤᠯᠤᠯᠳᠠ ᠶᠢ ᠴᠢᠩᠭᠠᠳᠬᠠᠨ᠎ᠠ᠃ ᠨᠤᠳᠤᠭ ᠪᠡᠯᠴᠢᠭᠡᠷ ᠤᠨ ᠤᠨᠴᠠ ᠲᠤᠭᠤᠷᠢᠭ ᠢ ᠠᠳᠠᠯᠢ ᠪᠤᠰᠤ | ᠬᠦᠭᠵᠢᠯᠳᠡ ᠶᠢᠨ ᠲᠦᠷᠦᠯ ᠬᠡᠯᠪᠡᠷᠢ ᠶᠢᠨ ᠤᠷᠤᠨ ᠵᠠᠢ ᠶᠢᠨ ᠨᠢᠭᠡᠴᠢ ᠪᠠᠷ ᠬᠡᠰᠡᠭᠯᠡᠵᠦ᠂ ᠠᠳᠠᠯᠢ ᠪᠤᠰᠤ ᠶᠢᠨ | ᠲᠤᠭᠤᠷᠢᠭ ᠤᠨ ᠭᠤᠤᠯ ᠴᠤᠭᠴᠠ ᠶᠢᠨ ᠴᠢᠳᠠᠮᠵᠢ ᠶᠢ ᠲᠤᠳᠤᠷᠬᠠᠶᠢᠯᠠᠵᠦ᠂ ᠭᠠᠵᠠᠷ ᠤᠷᠤᠨ ᠤ ᠤᠨᠴᠠᠯᠢᠭ ᠲᠤᠨᠢ | ᠲᠤᠬᠢᠷᠠᠭᠤᠯᠵᠦ ᠪᠠᠶᠢᠭᠠᠳ ᠠᠳᠠᠯᠢ ᠪᠤᠰᠤ ᠶᠢᠨ ᠲᠤᠭᠤᠷᠢᠭ ᠤᠨ ᠬᠦᠭᠵᠢᠯᠳᠡ ᠶᠢᠨ ᠬᠠᠨᠳᠤᠰᠢ ᠪᠤᠯᠤᠨ | ᠲᠤᠬᠢᠷᠠᠭᠤᠯᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠳᠠᠭᠠᠵᠦ᠂ ᠮᠠᠯᠵᠢᠬᠤ ᠤᠷᠤᠨ ᠤ ᠭᠠᠮᠰᠢᠭ ᠠᠴᠠ ᠰᠡᠷᠭᠡᠶᠢᠯᠡᠵᠦ᠂ | ᠭᠠᠮᠰᠢᠭ ᠢ ᠪᠠᠭᠠᠰᠬᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ 2020 ᠤᠨ ᠪᠤᠯᠳᠠᠯ᠎ᠠ᠂ ᠨᠤᠳᠤᠭ ᠪᠡᠯᠴᠢᠭᠡᠷ ᠤᠨ | ᠲᠠᠴᠢᠷᠲᠠᠵᠦ ᠡᠯᠡᠰᠦᠷᠭᠡᠭᠵᠢᠬᠦ ᠬᠠᠨᠳᠤᠰᠢ ᠶᠢ ᠪᠦᠳᠦᠮᠵᠢᠳᠡᠢ ᠨᠠᠮᠳᠠᠭᠤᠯᠵᠦ᠂ ᠨᠤᠳᠤᠭ ᠪᠡᠯᠴᠢᠭᠡᠷ ᠤᠨ ᠠᠮᠢ | ᠠᠬᠤᠢ ᠶᠢᠨ ᠴᠢᠳᠠᠮᠵᠢ ᠶᠢ ᠴᠢᠨᠠᠭᠰᠢᠳᠠ ᠲᠡᠭᠡᠭᠰᠢᠯᠡᠭᠦᠯᠦᠨ᠎ᠠ᠃ | ᠭᠤᠷᠪᠠᠳᠤᠭᠠᠷ ᠬᠡᠰᠡᠭ ᠤᠰᠤ ᠰᠢᠷᠤᠢ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠤᠨ ᠪᠦᠳᠦᠭᠡᠡ | ᠪᠠᠶᠢᠭᠤᠯᠤᠯᠳᠠ | ᠨᠠᠯᠠᠤ ᠭᠠᠵᠠᠷ ᠤᠨ ᠤᠰᠤ ᠰᠢᠷᠤᠢ ᠶᠢᠨ ᠢᠳᠡᠭᠳᠡᠯ ᠢ ᠶᠡᠷᠦᠩᠭᠡᠶᠢᠯᠡᠡ ᠵᠠᠰᠬᠠᠤ ᠢᠨᠵᠧᠨᠧᠷᠢᠩ᠂ ᠤᠯᠤᠰ ᠤᠨ | ᠤᠰᠤ ᠰᠢᠷᠤᠢ ᠶᠢ ᠬᠠᠮᠠᠭᠠᠯᠠᠬᠤ ᠭᠤᠤᠯᠳᠠᠯᠭ᠎ᠠ ᠲᠠᠢ ᠪᠦᠳᠦᠭᠡᠡ ᠪᠠᠶᠢᠭᠤᠯᠤᠯᠳᠠ ᠶᠢᠨ ᠢᠨᠵᠧᠨᠧᠷᠢᠩ ᠪᠤᠯᠤᠨ | ᠭᠤᠤᠯᠳᠠᠯᠭ᠎ᠠ ᠲᠠᠢ ᠵᠢᠵᠢᠭ ᠰᠠᠪᠠ ᠭᠠᠵᠠᠷ ᠢ ᠶᠡᠷᠦᠩᠭᠡᠶᠢᠯᠡᠡ ᠵᠠᠰᠠᠬᠤ ᠢᠨᠵᠧᠨᠧᠷᠢᠩ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠢ ᠦᠷᠬᠦᠯᠵᠢᠯᠡᠡ ᠬᠡᠷᠡᠭᠵᠢᠭᠦᠯᠵᠦ᠂ ᠢᠨᠵᠧᠨᠧᠷᠢᠩ ᠤᠨ ᠠᠷᠭ᠎ᠠ ᠬᠡᠮᠵᠢᠶ᠎ᠡ᠂ ᠠᠮᠢᠳᠤ ᠪᠤᠳᠠᠰ ᠤᠨ | ᠠᠷᠭ᠎ᠠ ᠬᠡᠮᠵᠢᠶ᠎ᠡ ᠪᠤᠯᠤᠨ ᠬᠦᠷᠦᠰᠦ ᠰᠢᠷᠤᠢ ᠶᠢ ᠬᠠᠮᠠᠭᠠᠯᠠᠠ ᠲᠠᠷᠢᠬᠤ ᠠᠷᠭ᠎ᠠ ᠬᠡᠮᠵᠢᠶ᠎ᠡ ᠲᠠᠢ ᠤᠶᠠᠯᠳᠤᠭᠤᠯᠵᠦ᠂ | ᠬᠦᠮᠦᠨ ᠤ ᠬᠦᠴᠦ ᠪᠠᠷ ᠵᠠᠰᠬᠠᠤ ᠬᠢᠭᠡᠳ ᠠᠮᠢ ᠠᠬᠤᠢ ᠪᠠᠷ ᠰᠡᠯᠪᠢᠠ ᠵᠠᠰᠠᠬᠤ ᠲᠠᠢ ᠤᠶᠠᠯᠳᠤᠭᠤᠯᠵᠦ᠂ ᠵᠢᠵᠢᠭ | ᠰᠠᠪᠠ ᠭᠠᠵᠠᠷ ᠢ ᠶᠡᠷᠦᠩᠭᠡᠶᠢᠯᠡᠡ ᠵᠠᠰᠠᠬᠤ ᠪᠠ ᠤᠢ ᠮᠤᠳᠤ ᠲᠠᠷᠢᠬᠤ ᠶᠢ ᠤᠶᠠᠯᠳᠤᠭᠤᠯᠵᠦ᠂ ᠬᠢᠩᠭᠠᠠ ᠠᠶᠢᠮᠠᠭ ᠤᠨ | ᠤᠰᠤ ᠰᠢᠷᠤᠢ ᠶᠢᠨ ᠠᠮᠤᠷ ᠲᠦᠪᠰᠢᠨ ᠢ ᠪᠠᠳᠤᠯᠠᠨ᠎ᠠ᠃ 2020 ᠤᠨ ᠪᠤᠯᠳᠠᠯ᠎ᠠ᠂ ᠪᠦᠬᠦ ᠠᠶᠢᠮᠠᠭ ᠤᠨ ᠤᠰᠤ | ᠰᠢᠷᠤᠢ ᠶᠢᠨ ᠢᠳᠡᠭᠳᠡᠯ ᠢ 90% ᠢᠯᠡᠬᠦᠤ ᠪᠠᠭᠠᠰᠬᠠᠨ᠎ᠠ᠃ | ᠠᠷᠪᠠ ᠶᠢᠰᠦᠳᠦᠭᠡᠷ ᠪᠦᠯᠦᠭ ᠪᠤᠬᠢᠷᠳᠤᠯ ᠢ ᠰᠡᠷᠭᠡᠶᠢᠯᠡᠡ ᠵᠠᠰᠬᠠᠤ ᠠᠵᠢᠯ ᠢ ᠪᠦᠬᠦ ᠲᠠᠯ᠎ᠠ ᠪᠠᠷ ᠲᠦᠷᠭᠡᠳᠭᠡᠨ᠎ᠡ | ᠨᠢᠭᠡᠳᠦᠭᠡᠷ ᠬᠡᠰᠡᠭ ᠠᠭᠠᠷ ᠮᠠᠨᠳᠠᠯ ᠤᠨ ᠤᠷᠴᠢᠨ ᠲᠤᠭᠤᠷᠢᠨ ᠤ ᠬᠠᠮᠠᠭᠠᠯᠠᠯᠳᠠ | ᠴᠠᠭ ᠠᠭᠤᠷ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠡ ᠵᠠᠰᠬᠠᠤ ᠠᠵᠢᠯᠯᠠᠭ᠎ᠠ ᠶᠢᠨ ᠲᠦᠯᠦᠪᠯᠡᠭᠡ ᠶᠢ | ᠨᠠᠶᠢᠳᠠᠪᠤᠷᠢᠵᠢᠭᠤᠯᠬᠤ ᠲᠤᠮᠳᠠᠬᠢ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠦ᠂ ᠴᠠᠭ ᠠᠭᠤᠷ ᠤᠨ | ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠡ ᠤ ᠴᠢᠳᠠᠮᠵᠢ ᠶᠢ | ᠲᠡᠭᠡᠭᠰᠢᠯᠡᠭᠦᠯᠦᠨ᠎ᠡ᠃ ᠭᠤᠤᠯᠲᠠᠯᠭ᠎ᠠ ᠲᠠᠢ ᠠᠵᠢᠯ ᠲᠦᠷᠦᠯ ᠤᠨ ᠠᠭᠠᠷ ᠮᠠᠨᠳᠡᠯ ᠤᠨ ᠪᠤᠬᠢᠷᠲᠤᠯ ᠢ ᠵᠠᠰᠠᠬᠤ ᠠᠵᠢᠯ ᠢ | ᠴᠢᠩᠭᠠᠳᠬᠠᠨ᠎ᠠ᠃ ᠬᠤᠳᠠ ᠶᠢᠨ ᠴᠡᠪᠡᠷ ᠡᠨᠧᠷᠬᠢ ᠬᠡᠷᠡᠭᠯᠡᠬᠦ ᠬᠠᠷᠢᠴᠠᠯ ᠢ ᠲᠡᠭᠡᠭᠰᠢᠯᠡᠬᠦᠯᠵᠦ᠂ ᠲᠦᠪ ᠬᠤᠳᠠ ᠪᠠ | ᠬᠤᠳᠠ ᠶᠢᠨ ᠲᠡᠭᠦᠷᠭᠡ ᠳᠠᠬᠢ ᠪᠠᠯᠭᠠᠰᠤᠨ ᠳᠤ ᠪᠠᠶᠢᠭᠠᠯᠢ ᠶᠢᠨ ᠰᠢᠳᠠᠮᠠᠬᠠᠢ ᠬᠡᠢ ᠬᠡᠷᠡᠭᠯᠡᠬᠦ ᠶᠢ ᠲᠡᠯᠭᠡᠷᠡᠭᠦᠯᠦᠨ᠎ᠡ᠃ | ᠬᠤᠳᠠ ᠪᠠᠯᠭᠠᠰᠤᠨ ᠳᠤ ᠢᠯᠴᠢ ᠴᠠᠬᠢᠯᠭᠠᠠ ᠢ ᠬᠤᠯᠪᠤᠭᠠᠯᠠᠭᠤᠯᠬᠤ ᠪᠠ ᠲᠦᠪᠯᠡᠷᠡᠭᠦᠯᠦᠨ ᠢᠯᠴᠢ ᠬᠠᠩᠭᠠᠬᠤ ᠲᠦᠷᠦᠯ | ᠵᠦᠢᠯ ᠢ ᠢᠳᠡᠪᠬᠢᠳᠡᠢ ᠬᠦᠭᠵᠢᠬᠦᠯᠵᠦ᠂ ᠰᠠᠭᠤᠭᠠᠯᠢ ᠠᠷᠠᠳ ᠤᠨ ᠭᠠᠯ ᠲᠦᠯᠡᠵᠦ ᠲᠤᠯᠠᠭᠠᠯᠠᠬᠤ ᠪᠠ ᠦᠢᠯᠡᠴᠢᠯᠡᠭᠡᠡ ᠤ | ᠠᠵᠢᠯ ᠲᠦᠷᠦᠯ ᠤᠨ ᠵᠢᠵᠢᠭ ᠭᠦᠸᠧᠯᠦ ᠶᠢ ᠪᠠᠭᠠᠰᠬᠠᠵᠦ᠂ ᠲᠦᠪᠯᠡᠷᠡᠭᠦᠯᠦᠨ ᠢᠯᠴᠢ ᠬᠠᠩᠭᠠᠬᠤ ᠬᠤᠪᠢ ᠶᠢᠨ ᠵᠢᠩ ᠢ | ᠲᠡᠭᠡᠭᠰᠢᠯᠡᠬᠦᠯᠦᠨ᠎ᠡ︔ ᠤᠳᠤᠭ᠎ᠠ ᠲᠤᠭᠤᠰᠤ᠂ ᠬᠤᠭ ᠲᠤᠭᠤᠰᠤ᠂ ᠪᠢᠴᠢᠯ ᠮᠦᠬᠦᠯᠢᠭ᠂ ᠮᠠᠰᠢᠨ ᠲᠡᠷᠭᠡᠡ ᠤ | ᠭᠠᠲᠠᠭᠰᠢᠯᠠᠭᠤᠯᠬᠤ ᠭᠡᠢ᠂ ᠬᠤᠳᠠ ᠶᠢᠨ ᠲᠤᠭᠤᠰᠤ ᠰᠢᠷᠤᠢ ᠶᠢ ᠵᠠᠰᠬᠠᠤ ᠡᠷᠴᠢᠮ ᠪᠤᠯᠤᠨ ᠪᠤᠬᠢᠷᠲᠤᠯ | ᠭᠠᠲᠠᠭᠰᠢᠯᠠᠭᠤᠯᠬᠤ ᠶᠢ ᠬᠢᠵᠠᠭᠠᠷᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠡᠭᠡᠭᠡᠯᠳᠡ ᠶᠢᠨ ᠤᠷᠤᠨ᠂ ᠠᠵᠦ | ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠠᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ | ᠲᠦᠭᠦᠭᠡᠷᠦᠮᠵᠢ ᠶᠢᠨ ᠪᠦᠳᠦᠭᠡᠡ ᠪᠠᠶᠢᠭᠤᠯᠤᠯᠳᠠ ᠶᠢ ᠴᠢᠩᠭᠠᠳᠬᠠᠵᠦ᠂ ᠬᠦᠷᠢᠶᠡᠯᠡᠩ ᠲᠤᠭᠤᠷᠢᠭ ᠲᠠᠬᠢ ᠪᠤᠬᠢᠷᠳᠤᠯ | ᠭᠠᠳᠠᠭᠰᠢᠯᠠᠭᠤᠯᠬᠤ᠂ ᠢᠯᠴᠢ ᠬᠠᠩᠭᠠᠯᠭ᠎ᠠ ᠵᠡᠷᠭᠡ ᠶᠢᠨ ᠢᠵᠢ ᠪᠦᠷᠢᠲᠦᠭᠦᠯᠦᠭᠰᠡᠡ ᠲᠦᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠠᠵᠦ ᠦᠢᠯᠡᠳᠪᠦᠷᠢ ᠶᠢᠨ ᠠᠭᠠᠷ ᠮᠠᠨᠳᠠᠯ ᠢ ᠪᠤᠬᠢᠷᠳᠤᠭᠤᠯᠬᠤ ᠶᠢ ᠵᠠᠰᠬᠠᠤ ᠡᠷᠴᠢᠮ ᠢ | ᠴᠢᠩᠭᠠᠷᠠᠭᠤᠯᠵᠦ᠂ ᠬᠤᠴᠤᠷᠤᠩᠭᠤᠢ ᠦᠢᠯᠡᠳᠪᠦᠷᠢᠯᠡᠯ ᠤᠨ ᠤᠷ᠎ᠠ ᠮᠡᠷᠭᠡᠰᠢᠯ ᠪᠤᠯᠤᠨ ᠮᠡᠷᠭᠡᠵᠢᠯ ᠢ ᠰᠢᠭᠰᠢᠭᠲᠡᠭᠦᠯᠵᠦ᠂ | ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠡ ᠶᠢ ᠴᠢᠩᠭ᠎ᠠ ᠬᠡᠷᠡᠭᠵᠢᠬᠦᠯᠵᠦ᠂ ᠬᠢᠨᠠᠯᠳᠠ ᠲᠠᠯᠪᠢᠵᠦ ᠬᠢᠨᠠᠠ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠦ᠂ ᠠᠵᠦ ᠦᠢᠯᠡᠳᠪᠦᠷᠢ ᠶᠢᠨ ᠬᠡᠢ ᠪᠡᠶᠡᠳᠦ ᠶᠢ ᠪᠦᠬᠦ ᠲᠠᠯ᠎ᠠ ᠪᠠᠷ ᠪᠠᠷᠢᠮᠵᠢᠶ᠎ᠠ ᠳᠤ | ᠬᠦᠷᠭᠡᠭᠰᠡᠡ ᠤ ᠲᠠᠷᠠᠭ᠎ᠠ ᠭᠠᠳᠠᠭᠰᠢᠯᠠᠭᠤᠯᠬᠤ ᠶᠢ ᠪᠠᠶᠡᠯᠡᠭᠦᠯᠦᠨ᠎ᠡ᠃ ︽ᠠᠷᠪᠠᠠ ᠭᠤᠷᠪᠠᠳᠤᠭᠠᠷ ᠲᠠᠪᠤᠨ ᠵᠢᠯ ︾ ᠤᠨ | ᠲᠦᠯᠦᠪᠵᠢᠭᠦᠯᠭᠡ ᠶᠢᠨ ᠬᠤᠭᠤᠴᠠᠭᠠᠠ ᠳᠤ᠂ ᠤᠯᠠᠭᠠᠨᠬᠤᠳᠠ ᠤᠷᠤᠨ ᠤ ᠠᠭᠠᠷ ᠤᠨ ᠶᠠᠰᠦ ᠴᠢᠨᠠᠷ ᠬᠤᠶᠠᠳᠤᠭᠠᠷ | ᠲᠡᠰ ᠤᠨ ᠪᠠᠷᠢᠮᠵᠢᠶ᠎ᠠ ᠠᠴᠠ ᠲᠠᠪᠠᠭᠰᠠᠠ ᠡᠳᠦᠷ ᠢ ᠵᠢᠯ ᠪᠦᠷᠢ 300 ᠡᠳᠦᠷ ᠠᠴᠠ ᠲᠠᠪᠠᠭᠤᠯᠤᠨ᠎ᠠ᠃ | ᠬᠤᠶᠠᠳᠤᠭᠠᠷ ᠬᠡᠰᠡᠭ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ | ᠤᠰᠤᠨ ᠤ ᠪᠤᠬᠢᠷᠳᠤᠯ ᠢ ᠰᠡᠷᠭᠡᠶᠢᠯᠡᠡ ᠵᠠᠰᠠᠬᠤ ᠢᠨᠵᠧᠨᠧᠷᠢᠩ ᠢ ᠬᠡᠷᠡᠭᠵᠢᠬᠦᠯᠦᠨ᠎ᠡ᠃ ᠭᠤᠤᠯ ᠮᠦᠷᠡᠨ ᠤ | ᠰᠠᠪᠠ ᠳᠠᠭᠠᠤ ᠤᠷᠤᠨ ᠤ ᠤᠷᠴᠢᠨ ᠲᠤᠭᠤᠷᠢᠨ ᠢ ᠶᠡᠷᠦᠩᠭᠡᠶᠢᠯᠡᠡ ᠵᠠᠰᠠᠬᠤ ᠪᠠ ᠤᠰᠤᠨ ᠤ ᠤᠷᠴᠢᠨ ᠲᠤᠭᠤᠷᠢᠨ ᠤ | ᠠᠮᠤᠷ ᠲᠦᠪᠰᠢᠨ ᠢ ᠬᠢᠨᠠᠠ ᠬᠡᠮᠵᠢᠬᠦ ᠡᠷᠴᠢᠮ ᠢ ᠴᠢᠩᠭᠠᠷᠠᠭᠤᠯᠵᠦ᠂ ᠲᠤᠭᠤᠷ ᠤᠨ ᠭᠤᠤᠯ᠂ ᠴᠤᠤᠯ ᠭᠤᠤᠯ᠂ | ᠬᠦᠢᠯᠡᠷ ᠭᠤᠤᠯ᠂ ᠵᠢᠶᠤᠤ ᠯᠢᠤ ᠭᠤᠤᠯ ᠵᠡᠷᠭᠡ ᠭᠤᠤᠯ ᠪᠤᠯᠬᠤ ᠭᠤᠤᠯ ᠮᠦᠷᠡᠡ ᠤ ᠰᠠᠪᠠ ᠳᠠᠭᠠᠤ ᠤᠷᠤᠨ ᠤ | ᠤᠰᠤᠨ ᠤ ᠪᠤᠬᠢᠷᠳᠤᠯ ᠢ ᠰᠡᠷᠭᠡᠶᠢᠯᠡᠡ ᠵᠠᠰᠠᠬᠤ ᠪᠠ ᠬᠠᠯᠬ᠎ᠠ ᠭᠤᠤᠯ ᠵᠡᠷᠭᠡ ᠬᠢᠯᠢ ᠲᠠᠪᠠᠭᠰᠠᠠ ᠭᠤᠤᠯ ᠮᠦᠷᠡᠡ ᠤ | ᠤᠷᠴᠢᠨ ᠲᠤᠭᠤᠷᠢᠨ ᠤ ᠬᠠᠮᠢᠶᠠᠷᠤᠯᠳᠠ ᠪᠠ ᠪᠤᠬᠢᠷᠳᠤᠯ ᠢ ᠰᠡᠷᠭᠡᠶᠢᠯᠡᠡ ᠵᠠᠰᠠᠬᠤ ᠡᠷᠴᠢᠮ ᠢ ᠴᠢᠩᠭᠠᠷᠠᠭᠤᠯᠤᠨ᠎ᠠ᠃ | ᠤᠰᠤᠨ ᠤ ᠪᠤᠬᠢᠷᠳᠤᠯ ᠢ ᠰᠡᠷᠭᠡᠶᠢᠯᠡᠡ ᠵᠠᠰᠠᠬᠤ ᠡᠷᠴᠢᠮ ᠢ ᠴᠢᠩᠭᠠᠷᠠᠭᠤᠯᠵᠦ᠂ ᠭᠤᠤᠯ ᠪᠤᠯᠬᠤ ᠬᠤᠳᠠ ᠪᠠᠯᠭᠠᠰᠤ᠂ | ᠬᠤᠳᠠ ᠶᠢᠨ ᠲᠡᠭᠦᠷᠭᠡ ᠳᠠᠬᠢ ᠬᠤᠳᠠ ᠪᠠᠯᠭᠠᠰᠤ ᠪᠤᠯᠤᠨ ᠭᠤᠤᠯᠳᠠᠯᠭ᠎ᠠ ᠲᠠᠢ ᠪᠠᠯᠭᠠᠰᠤᠨ ᠤ ᠪᠤᠵᠠᠷ ᠤᠰᠤ ᠶᠢ | ᠰᠢᠢᠳᠪᠦᠷᠢᠯᠡᠬᠦ ᠪᠠᠷᠢᠯᠭ᠎ᠠ ᠶᠢ ᠭᠤᠤᠯᠳᠠᠯᠭ᠎ᠠ ᠲᠠᠢ ᠪᠦᠳᠦᠭᠡᠡ ᠪᠠᠶᠢᠭᠤᠯᠤᠨ᠎ᠠ᠃ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠬᠦ ᠤᠷᠢᠳᠴᠢᠯᠡᠡ ᠰᠡᠷᠡᠮᠵᠢᠯᠡᠭᠦᠯᠵᠦ ᠤᠷᠢᠳᠴᠢᠯᠡᠡ ᠮᠡᠳᠡᠭᠡᠯᠡᠬᠦ ᠰᠢᠰᠲ᠋ᠧᠮ ᠪᠠ ᠠᠭᠤᠯᠠᠠ ᠤ ᠦᠶᠡᠷ ᠭᠠᠵᠠᠷ | ᠵᠦᠢ ᠶᠢᠨ ᠭᠠᠮᠰᠢᠭ ᠢ ᠬᠢᠨᠠᠠ ᠬᠡᠮᠵᠢᠬᠦ ᠰᠢᠰᠲ᠋ᠧᠮ ᠢ ᠪᠠᠶᠢᠭᠤᠯᠵᠦ᠂ ᠤᠯᠠᠠ ᠢᠶᠠᠷ ᠢᠶᠠᠨ ᠠᠷᠭ᠎ᠠ ᠤᠬᠠᠭᠠᠠᠠ ᠭᠠᠷᠭᠠᠵᠦ | ᠤᠯᠠᠠ ᠢᠶᠠᠷ ᠢᠶᠠᠨ ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠬᠦᠯᠦᠨ᠎ᠡ᠃ 2020 ᠤᠨ ᠪᠤᠯᠳᠠᠯ᠎ᠠ ᠰᠤᠮᠤ ᠰᠢᠶᠠᠩ | ᠪᠠᠯᠭᠠᠰᠤ ︵ᠬᠤᠰᠢᠭᠤ ᠰᠢᠶᠠᠠ ᠤ ᠰᠠᠭᠤᠭ᠎ᠠ ᠭᠠᠵᠠᠷ ᠪᠠᠭᠳᠠᠬᠤ ᠦᠭᠡᠢ︶ ᠶᠢᠨ ᠪᠤᠵᠠᠷ ᠤᠰᠤ ᠶᠢ ᠰᠢᠢᠳᠪᠦᠷᠢᠯᠡᠬᠦ | ᠨᠤᠷᠮ᠎ᠠ ᠪᠤᠯᠤᠨ ᠠᠮᠢᠳᠤᠷᠠᠯ ᠤᠨ ᠬᠤᠭ ᠨᠤᠪᠰᠢ ᠶᠢ ᠬᠤᠤᠷ᠎ᠠ ᠦᠭᠡᠶ ᠪᠤᠯᠭᠠᠨ ᠰᠢᠢᠳᠪᠦᠷᠢᠯᠡᠬᠦ ᠨᠤᠷᠮ᠎ᠠ ᠶᠢ | 70% ᠠᠴᠠ ᠲᠡᠭᠡᠭᠰᠢ ᠳᠤ ᠬᠦᠷᠭᠡᠨ᠎ᠡ᠃ | ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠨ᠎ᠠ᠃ ᠤᠰᠤᠨ ᠰᠤᠷᠪᠤᠯᠵᠢ ᠶᠢᠨ ᠭᠠᠵᠠᠷ ᠤᠨ ᠤᠷᠴᠢᠨ | ᠲᠤᠭᠤᠷᠢᠨ ᠢ ᠴᠡᠭᠴᠡᠯᠡᠡ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ᠂ ᠬᠤᠳᠠ ᠬᠦᠳᠡᠭᠡ ᠶᠢᠨ ᠤᠰᠤ | ᠤᠮᠳᠠ ᠶᠢᠨ ᠰᠤᠷᠪᠤᠯᠵᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠦ᠂ ᠤᠰᠤᠨ ᠤ ᠬᠠᠩᠭᠠᠯᠭ᠎ᠠ ᠶᠢ ᠪᠦᠬᠦ | ᠶᠠᠪᠤᠴᠠ ᠪᠠᠷ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠦ᠂ ᠤᠰᠤ ᠤᠮᠳᠠ ᠶᠢᠨ ᠠᠮᠤᠷ ᠲᠦᠪᠰᠢᠨ ᠢ ᠦᠨᠡᠨᠬᠦ | ᠪᠠᠳᠤᠯᠠᠨ᠎ᠠ᠂ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠢ ᠰᠢᠨᠵᠢᠯᠡᠬᠦ ᠤᠬᠠᠭᠠᠨᠴᠢ ᠪᠠᠷ ᠵᠢᠷᠤᠵᠤ | ᠲᠤᠭᠳᠠᠭᠠᠵᠦ᠂ ᠤᠰᠤᠨ ᠰᠤᠷᠪᠤᠯᠵᠢ ᠶᠢᠨ ᠭᠠᠵᠠᠷ ᠤᠨ ᠤᠷᠴᠢᠨ ᠲᠤᠭᠤᠷᠢᠨ ᠪᠤᠯᠤᠨ ᠤᠰᠤ ᠳᠠᠮᠵᠢᠭᠤᠯᠬᠤ | ᠬᠤᠭᠤᠯᠠᠢ ᠶᠢᠨ ᠬᠤᠶᠠᠷ ᠲᠠᠯ᠎ᠠ ᠳᠠᠭᠠᠤ ᠶᠢᠨ ᠭᠠᠵᠠᠷ ᠤᠷᠤᠨ ᠤ ᠨᠡᠭᠡᠭᠡᠨ ᠬᠦᠭᠵᠢᠬᠦᠯᠦᠯᠳᠡ ᠶᠢ ᠴᠢᠩᠭ᠎ᠠ | ᠬᠢᠵᠠᠭᠠᠷᠯᠠᠵᠤ᠂ ᠤᠰᠤᠨ ᠰᠤᠷᠪᠤᠯᠵᠢ ᠶᠢᠨ ᠭᠠᠵᠠᠷ ᠪᠤᠯᠤᠨ ᠤᠰᠤᠨ ᠤ ᠦᠢᠯᠡᠳᠪᠦᠷᠢ ᠠᠴᠠ ᠭᠠᠷᠤᠭᠰᠠᠠ ᠤᠰᠤᠨ ᠤ | ᠴᠢᠨᠠᠷ ᠢ ᠬᠠᠮᠠᠭᠠᠯᠠᠬᠤ ᠪᠠ ᠬᠢᠨᠠᠠ ᠬᠡᠮᠵᠢᠬᠦ ᠡᠷᠴᠢᠮ ᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠤᠰᠤ ᠤᠮᠳᠠ ᠶᠢᠨ ᠤᠰᠤᠨ ᠰᠤᠷᠪᠤᠯᠵᠢ ᠶᠢᠨ ᠭᠠᠵᠠᠷ ᠢ ᠪᠠᠶᠢᠴᠠᠭᠠᠵᠦ ᠬᠢᠨᠠᠠ ᠵᠢᠱᠢᠬᠦ ᠪᠠ ᠤᠰᠤᠨ ᠰᠤᠷᠪᠤᠯᠵᠢ ᠶᠢ | ᠬᠠᠳᠠᠭᠠᠯᠠᠬᠤ ᠭᠠᠵᠠᠷ ᠢ ᠬᠠᠮᠠᠭᠠᠯᠠᠬᠤ ᠠᠵᠢᠯ ᠢ ᠦᠷᠨᠢᠬᠦᠯᠵᠦ᠂ ᠤᠰᠤᠨ ᠰᠤᠷᠪᠤᠯᠵᠢ ᠶᠢᠨ ᠭᠠᠵᠠᠷ ᠤᠨ | ᠬᠠᠮᠠᠭᠠᠯᠠᠯᠳᠠ ᠶᠢᠨ ᠬᠦᠷᠢᠶ᠎ᠡ ᠬᠡᠪᠴᠢᠶ᠎ᠡ ᠶᠢ ᠲᠤᠭᠳᠠᠭᠠᠵᠦ᠂ ᠬᠦᠷᠢᠶ᠎ᠡ ᠬᠡᠪᠴᠢᠶ᠎ᠡ ᠨᠢ ᠵᠤᠬᠢᠰᠳᠠᠢ ᠲᠦᠪᠯᠡᠷᠡᠭᠦᠯᠦᠨ | ᠤᠰᠤ ᠬᠠᠩᠭᠠᠬᠤ ᠪᠠᠷᠢᠯᠭ᠎ᠠ ᠶᠢᠨ ᠪᠦᠳᠦᠭᠡᠡ ᠪᠠᠶᠢᠭᠤᠯᠤᠯᠳᠠ ᠶᠢ ᠠᠬᠢᠭᠤᠯᠵᠤ᠂ ᠤᠰᠤ ᠤᠮᠳᠠ ᠶᠢᠨ ᠠᠮᠤᠷ | ᠲᠦᠪᠰᠢᠨ ᠤ ᠢᠨᠵᠧᠨᠧᠷᠢᠩ ᠤᠨ ᠪᠦᠳᠦᠭᠡᠡ ᠪᠠᠶᠢᠭᠤᠯᠤᠯᠲᠠ ᠶᠢᠨ ᠭᠠᠵᠠᠷ ᠪᠤᠯᠤᠨ ᠤᠰᠤ ᠬᠠᠩᠭᠠᠬᠤ ᠴᠠᠬᠢᠯᠭᠠᠠ ᠳᠤ | ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠢᠳᠡᠪᠬᠢᠳᠡᠢ ᠬᠡᠷᠡᠭᠵᠢᠭᠦᠯᠵᠤ᠂ ᠨᠦᠬᠦᠴᠡᠯ ᠲᠠᠢ ᠭᠠᠵᠠᠷ | ᠤᠷᠤᠨ ᠳᠤ ᠬᠤᠳᠠ ᠬᠦᠳᠡᠭᠡ ᠶᠢᠨ ᠤᠰᠤ ᠬᠠᠩᠭᠠᠯᠭ᠎ᠠ ᠶᠢ ᠨᠢᠭᠡ ᠴᠤᠭᠴᠠᠵᠢᠭᠤᠯᠬᠤ ᠶᠢ ᠭᠡᠷᠡᠭᠵᠢᠭᠦᠯᠦᠨ᠎ᠠ᠃ | 2020 ᠤᠨ ᠪᠤᠯᠳᠠᠯ᠎ᠠ᠂ ᠭᠤᠤᠯ ᠪᠤᠯᠬᠤ ᠬᠤᠳᠠ ᠪᠠᠯᠭᠠᠰᠤᠨ ᠤ ᠤᠰᠤ ᠤᠮᠳᠠ ᠶᠢᠨ ᠤᠰᠤᠨ ᠰᠤᠷᠪᠤᠯᠵᠢ ᠶᠢᠨ | ᠭᠠᠵᠠᠷ ᠤᠨ ᠤᠰᠤᠨ ᠤ ᠴᠢᠨᠠᠷ ᠢ ᠪᠠᠷᠢᠮᠵᠢᠶ᠎ᠡ ᠳᠤ ᠬᠦᠷᠭᠡᠬᠦ ᠨᠤᠷᠮ᠎ᠠ ᠶᠢ 100% ᠳᠤ ᠬᠦᠷᠭᠡᠵᠦ᠂ ᠤᠰᠤ | ᠤᠮᠳᠠ ᠶᠢᠨ ᠠᠮᠤᠷ ᠲᠦᠪᠰᠢᠨ ᠲᠠᠢ ᠬᠤᠯᠪᠤᠭᠳᠠᠬᠤ ᠵᠠᠰᠠᠭ ᠵᠠᠬᠢᠷᠭᠠᠠ ᠤ ᠭᠠᠴᠠᠭ᠎ᠠ ᠲᠤᠰᠬᠤᠨ ᠳᠤ 100% ᠪᠠᠷ | ᠲᠦᠭᠡᠭᠡᠯ ᠤᠰᠤ ᠨᠡᠪᠲᠡᠷᠡᠭᠦᠯᠦᠨ᠎ᠡ᠃ | ᠭᠤᠷᠪᠠᠳᠤᠭᠠᠷ ᠬᠡᠰᠡᠭ ᠠᠭᠤᠷᠬᠠᠢ ᠶᠢᠨ ᠤᠷᠴᠢᠨ ᠲᠤᠭᠤᠷᠢᠨ ᠤ ᠬᠠᠮᠠᠭᠠᠯᠠᠯᠳᠠ | ᠠᠭᠤᠷᠬᠠᠢ ᠶᠢᠨ ᠭᠠᠵᠠᠷ ᠵᠦᠢ ᠶᠢᠨ ᠤᠷᠴᠢᠨ ᠲᠤᠭᠤᠷᠢᠨ ᠢ ᠰᠡᠷᠭᠦᠭᠡᠡ ᠶᠡᠷᠦᠩᠭᠡᠶᠢᠯᠡᠡ ᠵᠠᠰᠠᠬᠤ ᠠᠵᠢᠯ ᠢ | ᠦᠷᠨᠢᠬᠦᠯᠵᠦ᠂ ᠦᠯᠡᠳᠡᠭᠳᠡᠯ ᠪᠤᠯᠬᠤ ᠰᠢᠬᠠᠭᠰᠠᠠ ᠠᠭᠤᠷᠬᠠᠢ ᠶᠢᠨ ᠠᠮᠤᠷ ᠲᠦᠪᠰᠢᠨ ᠢ ᠬᠠᠮᠠᠭᠠᠯᠠᠬᠤ᠂ ᠤᠷᠴᠢᠨ | ᠲᠤᠭᠤᠷᠢᠨ ᠢ ᠬᠠᠮᠠᠭᠠᠯᠠᠬᠤ ᠪᠠᠷ ᠬᠠᠳᠠᠭᠠᠯᠬᠤ ᠶᠢ ᠠᠬᠢᠭᠤᠯᠵᠦ᠂ ᠠᠭᠤᠷᠬᠠᠢ ᠶᠢᠨ ᠰᠢᠭᠠᠷᠤ ᠵᠡᠷᠭᠡ ᠬᠠᠲᠠᠭᠤ ᠪᠡᠶᠡᠲᠦ | ᠬᠠᠶᠠᠭᠳᠠᠮᠠᠯ ᠡᠳ᠋ ᠢ ᠵᠤᠬᠢᠰᠳᠠᠢ ᠰᠢᠢᠳᠪᠦᠷᠢᠯᠡᠨ᠎ᠡ᠃ ᠠᠭᠤᠷᠬᠠᠢ ᠨᠡᠭᠡᠭᠡᠬᠦ ᠪᠠ ᠠᠭᠤᠷᠬᠠᠢ ᠶᠢ ᠵᠠᠰᠬᠠᠤ ᠶᠢ ᠵᠡᠷᠭᠡ ᠳᠤᠨᠢ | ᠬᠢᠬᠦ ᠶᠢ ᠪᠠᠷᠢᠮᠳᠠᠯᠠᠨ᠎ᠠ᠃ ᠭᠠᠵᠠᠷ ᠵᠦᠢ ᠶᠢᠨ ᠭᠠᠮᠰᠢᠭ ᠢ ᠰᠡᠷᠭᠡᠶᠢᠯᠡᠡ ᠵᠠᠰᠬᠠᠤ ᠪᠠ ᠠᠭᠤᠷᠬᠠᠢ ᠶᠢᠨ ᠭᠠᠵᠠᠷ | ᠵᠦᠢ ᠶᠢᠨ ᠤᠷᠴᠢᠨ ᠲᠤᠭᠤᠷᠢᠨ ᠢ ᠰᠡᠷᠭᠡᠶᠢᠯᠡᠡ ᠵᠠᠰᠠᠬᠤ ᠡᠷᠴᠢᠮ ᠢ ᠴᠢᠩᠭᠠᠷᠠᠭᠤᠯᠵᠦ᠂ ᠲᠡᠦᠭᠡ ᠶᠢᠨ ᠦᠯᠡᠳᠡᠭᠳᠡᠯ | ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂ ᠠᠭᠤᠷᠬᠠᠢ ᠶᠢᠨ ᠤᠷᠴᠢᠨ ᠲᠤᠭᠤᠷᠢᠨ ᠤ ᠰᠢᠨ᠎ᠡ ᠠᠰᠠᠭᠤᠳᠠᠯ | ᠡᠭᠦᠰᠬᠦ ᠶᠢ ᠰᠡᠷᠭᠡᠶᠢᠯᠡᠨ᠎ᠡ᠃ 2020 ᠤᠨ ᠪᠤᠯᠳᠠᠯ᠎ᠠ᠂ ᠲᠡᠦᠭᠡᠡ ᠠᠴᠠ ᠦᠯᠡᠳᠡᠭᠳᠡᠭᠰᠡᠡ ᠠᠭᠤᠷᠬᠠᠢ ᠶᠢᠨ ᠭᠠᠵᠠᠷ | ᠵᠦᠢ ᠶᠢᠨ ᠤᠷᠴᠢᠨ ᠲᠤᠭᠤᠷᠢᠨ ᠤ ᠠᠰᠠᠭᠤᠳᠠᠯ ᠢ ᠵᠠᠰᠠᠬᠤ ᠨᠤᠷᠮ᠎ᠠ ᠶᠢ 90% ᠠᠴᠠ ᠲᠡᠭᠡᠭᠰᠢ ᠳᠤ ᠬᠦᠷᠭᠡᠨ᠎ᠡ᠃ | | ᠲᠦᠷᠪᠡᠳᠦᠭᠡᠷ ᠬᠡᠰᠡᠭ ᠢᠳᠡᠭᠡᠡ ᠤ ᠠᠮᠤᠷ ᠲᠦᠪᠰᠢᠨ ᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ | | ᠲᠠᠷᠢᠶᠠᠯᠠᠩ ᠳᠠᠬᠢ ᠤᠷᠤᠭᠤᠯᠤᠯᠳᠠ ᠶᠢᠨ ᠡᠳ᠋ ᠤᠨ ᠬᠠᠮᠢᠶᠠᠷᠤᠯᠳᠠ ᠶᠢ ᠴᠢᠩᠭᠠᠳᠬᠠᠠ᠂ ᠴᠡᠴᠡᠷᠯᠢᠭ ᠤᠨ | ᠮᠡᠷᠭᠡᠵᠢᠯ ᠢᠶᠠᠷ ᠲᠠᠷᠢᠬᠤ ᠶᠢ ᠪᠠᠷᠢᠮᠵᠢᠶᠠᠵᠢᠭᠤᠯᠬᠤ᠂ ᠮᠠᠯ ᠵᠢᠭᠦᠷᠳᠡᠡ ᠤ ᠲᠡᠵᠢᠭᠡᠪᠦᠷᠢ ᠶᠢ ᠬᠡᠪᠴᠢᠶᠡᠵᠢᠭᠦᠯᠬᠦ᠂ ᠤᠰᠤᠨ | ᠭᠠᠷᠤᠯᠳᠠ ᠶᠢᠨ ᠲᠡᠵᠢᠭᠡᠪᠦᠷᠢ ᠶᠢ ᠡᠷᠡᠭᠦᠯ ᠪᠤᠯᠭᠠᠬᠤ ᠵᠡᠷᠭᠡ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠭᠡᠪᠡᠷ | ᠦᠷᠨᠢᠬᠦᠯᠵᠦ᠂ ᠮᠠᠯᠴᠢᠨ ᠲᠠᠷᠢᠶᠠᠴᠢᠨ ᠢ ᠬᠦᠲᠦᠯᠦᠨ ᠵᠢᠯᠤᠭᠤᠳᠴᠦ ᠪᠠᠶᠢᠭᠠᠳ ᠠᠮᠢᠳᠤ ᠪᠤᠳᠠᠰ ᠤᠨ ᠲᠠᠷᠢᠶᠠᠠ ᠡᠮ | ᠪᠠ ᠮᠠᠯ ᠤᠨ ᠡᠮ ᠢ ᠬᠡᠷᠡᠭᠯᠡᠬᠦᠯᠬᠦ ᠪᠤᠶᠤ ᠦᠨᠳᠦᠷ ᠦᠷ᠎ᠡ ᠠᠰᠢᠭᠳᠠᠢ᠂ ᠬᠤᠤᠷᠠᠳᠠᠯ ᠢᠶᠠᠷ ᠪᠠᠭ᠎ᠠ᠂ ᠬᠤᠤᠷᠠᠳᠠᠯ | ᠦᠯᠡᠳᠡᠬᠡᠭᠦ ᠪᠠᠷ ᠪᠠᠭ᠎ᠠ ᠲᠠᠷᠢᠶᠠᠠ ᠡᠮ ᠪᠠ ᠮᠠᠯ ᠤᠨ ᠡᠮ ᠢ ᠬᠡᠷᠡᠭᠯᠡᠬᠦᠯᠦᠨ᠎ᠡ᠃ ᠬᠦᠷᠦᠰᠦ ᠰᠢᠷᠤᠢ ᠶᠢ ᠪᠠᠶᠢᠴᠠᠭᠠᠵᠦ | ᠪᠠᠶᠢᠭᠠᠳ ᠪᠤᠷᠳᠤᠭᠤᠷ ᠨᠠᠶᠢᠷᠠᠭᠤᠯᠤᠨ ᠬᠡᠷᠡᠭᠯᠡᠬᠦ ᠶᠢ ᠶᠡᠭᠡᠪᠡᠷ ᠲᠡᠯᠭᠡᠷᠡᠬᠦᠯᠵᠦ᠂ ᠬᠠᠶᠠᠭᠳᠠᠮᠠᠯ ᠪᠦᠷᠭᠦᠬᠦᠯ᠂ | ᠲᠠᠷᠢᠶᠠᠠ ᠤ ᠡᠰᠢ ᠰᠦᠷᠡᠯ ᠵᠡᠷᠭᠡ ᠲᠠᠷᠢᠮᠠᠯ ᠤᠨ ᠦᠢᠯᠡᠳᠪᠦᠷᠢᠯᠡᠯ ᠳᠤ ᠬᠠᠶᠠᠭᠳᠠᠬᠤ ᠡᠳ᠋ ᠪᠤᠳᠠᠰ ᠢ ᠡᠭᠢ ᠪᠠᠶᠠᠯᠢᠭ | ᠪᠤᠯᠭᠠᠨ ᠠᠰᠢᠠᠠᠯᠠᠬᠤ ᠡᠷᠴᠢᠮ ᠢᠶᠠᠨ ᠴᠢᠩᠭᠠᠳᠬᠠᠵᠦ᠂ ᠲᠠᠷᠢᠶᠠᠠ ᠡᠮ᠂ ᠬᠢᠮᠢ ᠶᠢᠨ ᠪᠤᠷᠳᠤᠭᠤᠷ ᠪᠤᠯᠤᠨ ᠰᠦᠯᠢᠶᠤᠤ | ᠪᠦᠷᠭᠦᠭᠦᠯ ᠵᠡᠷᠭᠡ ᠶᠢᠨ ᠲᠠᠷᠢᠶᠠᠠ ᠭᠠᠵᠠᠷ ᠤᠨ ᠪᠤᠬᠢᠷᠳᠤᠯ ᠢ ᠴᠢᠩᠭ᠎ᠠ ᠬᠢᠵᠠᠭᠠᠷᠯᠠᠨ᠎ᠠ᠃ ᠮᠠᠯ ᠵᠢᠭᠦᠷᠳᠡᠡ | ᠲᠡᠵᠢᠭᠡᠬᠦ ᠠᠴᠠ ᠪᠤᠯᠤᠭᠰᠠᠠ ᠪᠤᠬᠢᠷᠳᠤᠯ ᠢ ᠰᠡᠷᠭᠡᠶᠢᠯᠡᠡ ᠵᠠᠰᠠᠬᠤ ᠡᠷᠴᠢᠮ ᠢ ᠴᠢᠩᠭᠠᠷᠠᠭᠤᠯᠵᠦ ᠮᠠᠯ ᠵᠢᠭᠦᠷᠳᠡᠡ ᠤ | ᠰᠢᠭᠡᠭ ᠪᠤᠷᠳᠤᠭᠤᠷ ᠢ ᠡᠬᠢ ᠪᠠᠶᠠᠯᠢᠭ ᠪᠤᠯᠭᠠᠬᠤ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ ᠲᠠᠷᠢᠶᠠᠯᠠᠩ ᠤᠨ | ᠪᠦᠳᠦᠭᠡᠭᠳᠡᠭᠦᠨ ᠤ ᠶᠠᠰᠤ ᠴᠢᠨᠠᠷ ᠪᠤᠯᠤᠨ ᠢᠳᠡᠭᠡᠡ ᠤ ᠠᠮᠤᠷ ᠲᠦᠪᠰᠢᠨ ᠢ ᠬᠢᠨᠠᠠ ᠰᠢᠯᠭᠠᠵᠦ ᠦᠨᠡᠯᠡᠬᠦ ᠲᠦᠷᠢᠮ ᠢ | ᠲᠡᠭᠦᠯᠳᠡᠷᠵᠢᠬᠦᠯᠵᠦ᠂ ᠬᠤᠰᠢᠭᠤ ᠰᠢᠶᠠᠠ ︵ᠬᠤᠳᠠ︶ ᠪᠤᠯᠤᠨ ᠰᠤᠮᠤ ᠰᠢᠶᠠᠩ ᠪᠠᠯᠭᠠᠰᠤᠨ ᠤ ᠢᠳᠡᠭᠡᠡ᠂ | ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠢ ᠬᠢᠨᠠᠠ ᠰᠢᠯᠭᠠᠬᠤ ᠰᠢᠰᠲ᠋ᠧᠮ ᠪᠤᠯᠤᠨ ᠬᠢᠨᠠᠠ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠲᠠᠷᠢᠶᠠᠠ ᠭᠠᠵᠠᠷ ᠠᠴᠠ ᠠᠪᠤᠭᠠᠳ ᠬᠤᠭᠤᠯᠠᠠ ᠰᠢᠷᠡᠭᠡᠡ ᠳᠤ | ᠬᠦᠷᠳᠡᠯᠡᠬᠢ ᠪᠦᠬᠦ ᠶᠠᠪᠤᠴᠠ ᠶᠢᠨ ᠢᠳᠡᠭᠡᠡ ᠤ ᠠᠮᠤᠷ ᠲᠦᠪᠰᠢᠨ ᠢ ᠪᠠᠳᠤᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ | | ᠲᠠᠪᠤᠳᠤᠭᠠᠷ ᠭᠡᠰᠡᠭ ᠮᠠᠯᠵᠢᠬᠤ ᠲᠠᠷᠢᠶᠠᠯᠠᠬᠤ ᠤᠷᠤᠨ ᠨᠡᠶᠢᠭᠡᠮ ᠲᠤᠭᠤᠷᠢᠭ ᠤᠨ ᠪᠤᠬᠢᠷᠳᠤᠯ ᠢ ᠰᠡᠷᠭᠡᠶᠢᠯᠡᠡ | ᠵᠠᠰᠬᠠᠤ ᠢᠨᠵᠧᠨᠧᠷᠢᠩ ᠢ ᠬᠡᠷᠡᠭᠵᠢᠬᠦᠯᠦᠨ᠎ᠡ | ᠮᠠᠯᠵᠢᠬᠤ ᠲᠠᠷᠢᠶᠠᠯᠠᠬᠤ ᠤᠷᠤᠨ ᠤ ᠪᠤᠵᠠᠷ ᠤᠰᠤ᠂ ᠬᠤᠭ ᠨᠤᠪᠰᠢ ᠶᠢ ᠲᠦᠪᠯᠡᠷᠡᠭᠦᠯᠦᠨ ᠰᠢᠢᠳᠪᠦᠷᠢᠯᠡᠬᠦ ᠶᠢ | ᠠᠬᠢᠭᠤᠯᠵᠦ᠂ ᠪᠡᠯᠡ ᠮᠦᠩᠬᠦ ᠪᠠᠭ᠎ᠠ ᠵᠠᠷᠤᠴᠠᠭᠤᠯᠬᠤ ᠪᠤᠬᠢᠷᠳᠤᠯ ᠢ ᠰᠡᠷᠭᠡᠶᠢᠯᠡᠡ ᠵᠠᠰᠠᠬᠤ ᠪᠠ ᠬᠠᠶᠠᠭᠳᠠᠮᠠᠯ ᠪᠤᠲᠠᠰ ᠢ | ᠶᠡᠷᠦᠩᠭᠡᠶᠢᠯᠡᠡ ᠠᠰᠢᠠᠠᠯᠠᠬᠤ ᠮᠡᠷᠭᠡᠵᠢᠯ ᠢ ᠲᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ | ᠲᠦᠪᠯᠡᠷᠡᠭᠦᠯᠦᠨ ᠵᠠᠯᠭᠠᠯᠲᠤᠭᠤᠯᠵᠦ ᠴᠡᠭᠴᠡᠯᠡᠡ ᠵᠠᠰᠠᠬᠤ ᠠᠵᠢᠯ ᠢ ᠦᠷᠨᠢᠬᠦᠯᠣᠨ᠎ᠠ᠃ ᠰᠤᠮᠤ ᠰᠢᠶᠠᠩ ᠪᠠᠯᠭᠠᠰᠤ ᠪᠠ | ᠬᠡᠪᠴᠢᠶ᠎ᠡ ᠪᠠᠷ ᠨᠡᠯᠢᠶᠡᠳ ᠶᠡᠭᠡ ᠭᠠᠴᠠᠭ᠎ᠠ ᠲᠤᠰᠬᠤᠨ ᠤ ᠪᠦᠳᠦᠭᠡᠡ ᠪᠠᠶᠢᠭᠤᠯᠤᠯᠳᠠ ᠳᠤ ᠪᠤᠵᠠᠷ ᠤᠰᠤ ᠶᠢ | ᠲᠦᠪᠯᠡᠷᠡᠭᠦᠯᠦᠨ ᠰᠢᠢᠳᠪᠦᠷᠢᠯᠡᠬᠦ ᠲᠦᠭᠦᠭᠡᠷᠦᠮᠵᠢ ᠤᠭᠰᠠᠷᠠᠬᠤ ᠶᠢ ᠲᠡᠮᠵᠢᠵᠦ᠂ ᠬᠤᠳᠠ ᠶᠢᠨ ᠡᠷᠭᠢᠨ | ᠲᠤᠭᠤᠷᠢᠨ ᠳᠠᠬᠢ ᠲᠤᠰᠬᠤᠨ ᠪᠠᠯᠭᠠᠰᠤ ᠶᠢᠨ ᠪᠤᠵᠠᠷ ᠤᠰᠤ ᠶᠢ ᠬᠤᠳᠠ ᠶᠢᠨ ᠪᠤᠵᠠᠷ ᠤᠰᠤ ᠶᠢ ᠬᠤᠷᠢᠶᠠᠠ | ᠴᠤᠭᠯᠠᠭᠤᠯᠬᠤ ᠬᠤᠭᠤᠯᠠᠢ ᠲᠤᠤᠷ ᠲᠤ ᠤᠷᠤᠭᠤᠯᠤᠨ ᠨᠢᠭᠡᠳᠦᠯᠳᠡᠢ ᠰᠢᠢᠳᠪᠦᠷᠢᠯᠡᠨ᠎ᠡ᠃ ᠠᠵᠦ ᠦᠢᠯᠡᠳᠪᠦᠷᠢ ᠶᠢᠨ | ᠬᠠᠳᠠᠭᠤ ᠪᠡᠶᠡᠳᠦ ᠬᠠᠶᠠᠭᠳᠠᠮᠠᠯ ᠪᠤᠲᠠᠰ᠂ ᠠᠶᠤᠯᠳᠠᠢ ᠬᠠᠶᠠᠭᠳᠠᠮᠠᠯ ᠪᠤᠲᠠᠰ᠂ ᠬᠤᠳᠠ ᠪᠠᠯᠭᠠᠰᠤᠨ ᠤ ᠠᠮᠢᠳᠤᠷᠠᠯ ᠤᠨ | ᠬᠤᠭ ᠨᠤᠪᠰᠢ ᠵᠢᠴᠢ ᠪᠤᠰᠤᠳ ᠪᠤᠬᠢᠷᠳᠤᠯ ᠪᠤᠲᠠᠰ ᠢ ᠮᠠᠯᠵᠢᠬᠤ ᠲᠠᠷᠢᠶᠠᠯᠠᠬᠤ ᠤᠷᠤᠨ ᠲᠡᠰᠢ ᠰᠢᠯᠵᠢᠬᠦᠯᠬᠦ ᠶᠢ | ᠴᠢᠩᠭ᠎ᠠ ᠴᠠᠭᠠᠵᠠᠯᠠᠨ᠎ᠠ᠃ | ᠬᠤᠷᠢᠳᠤᠭᠠᠷ ᠪᠦᠯᠦᠭ ᠡᠬᠢ ᠪᠠᠶᠠᠯᠢᠬ ᠢ ᠠᠷᠪᠢᠯᠡᠨ ᠠᠰᠢᠬᠯᠠᠨ᠎ᠠ | ᠨᠢᠬᠡᠳᠦᠬᠡᠷ ᠬᠡᠰᠡᠭ ᠡᠬᠢ ᠪᠠᠶᠠᠯᠢᠬ ᠢ ᠠᠷᠪᠢᠯᠡᠨ ᠠᠰᠢᠬᠯᠠᠬᠤ ᠶᠢ ᠠᠬᠢᠭᠤᠯᠤᠨ᠎ᠠ | ᠴᠠᠬᠢᠯᠭᠠᠨ ᠬᠦᠴᠦ᠂ ᠪᠤᠯᠤᠳ ᠳᠡᠮᠤᠷ᠂ ᠦᠩᠬᠡᠳᠦ ᠳᠡᠮᠦᠷᠯᠢᠭ᠂ ᠬᠢᠮᠢ ᠶᠢᠨ ᠠᠵᠦ ᠦᠢᠯᠡᠳᠪᠤᠷᠢ᠂ | ᠪᠠᠷᠢᠯᠭ᠎ᠠ ᠶᠢᠨ ᠮᠠᠲ᠋ᠧᠷᠢᠶᠠᠯ ᠵᠡᠷᠬᠡ ᠭᠤᠤᠯᠳᠠᠯᠭ᠎ᠠ ᠲᠠᠢ ᠠᠵᠢᠯ ᠳᠦᠷᠦᠯ ᠪᠤᠯᠤᠨ ᠡᠨᠧᠷᠬᠢ ᠶᠡᠭᠡ ᠬᠤᠷᠤᠭᠠᠬᠤ | ᠨᠢᠬᠡᠴᠡ ᠶᠢᠨ ᠡᠨᠧᠷᠬᠢ ᠠᠷᠪᠢᠯᠠᠬᠤ ᠬᠠᠮᠢᠶᠠᠷᠤᠯᠳᠠ ᠶᠢ ᠠᠬᠢᠭᠤᠯᠵᠦ᠂ ᠬᠦᠨᠳᠦ ᠨᠤᠴᠢᠳᠠᠢ ᠪᠤᠬᠢᠷᠳᠤᠯ ᠡᠬᠦᠰᠬᠦ ᠠᠵᠤ | ᠠᠬᠤᠢᠢᠯᠠᠯ ᠪᠤᠯᠤᠨ ᠦᠢᠯᠡᠳᠪᠤᠷᠢᠯᠡᠯ ᠤᠨ ᠤᠷ᠎ᠠ ᠮᠡᠷᠭᠡᠰᠢᠯ ᠤᠨ ᠳᠦᠬᠦᠬᠡᠷᠦᠮᠵᠢ ᠶᠢ ᠬᠠᠭᠠᠬᠤ ᠪᠤᠶᠤ | ᠰᠢᠭᠰᠢᠭᠳᠡᠬᠦᠯᠦᠨᠠ᠃ ᠪᠠᠷᠢᠯᠭ᠎ᠠ ᠶᠢᠨ ᠬᠦᠷᠢᠶᠡᠨ ᠳᠤ ᠡᠨᠧᠷᠬᠢ ᠠᠷᠪᠢᠯᠠᠬᠤ ᠮᠠᠶ᠋ᠢᠬ ᠤᠨ ᠪᠠᠷᠢᠯᠭ᠎ᠠ ᠶᠢᠨ ᠪᠦᠳᠦᠴᠡ᠂ | ᠮᠠᠲ᠋ᠧᠷᠢᠶᠠᠯ ᠪᠤᠯᠤᠨ ᠦᠢᠯᠡᠳᠬᠦᠨ ᠬᠡᠷᠡᠭᠯᠡᠬᠦ ᠶᠢ ᠵᠤᠷᠢᠬᠵᠢᠭᠤᠯᠵᠦ᠂ ᠡᠷᠦᠬᠡ ᠬᠤᠪᠢᠶᠠᠨ ᠳᠤᠯᠠᠭᠠᠯᠭ᠎ᠠ ᠬᠠᠩᠭᠠᠬᠤ ᠪᠠ | ᠡᠷᠦᠬᠡ ᠬᠤᠪᠢᠶᠠᠨ ᠬᠡᠮᠵᠢᠶ᠎ᠠ ᠳᠤᠭᠠᠴᠠᠬᠤ ᠶᠢ ᠠᠬᠢᠭᠤᠯᠤᠨ᠎ᠠ᠃ ᠤᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠬᠢ | ᠠᠷᠪᠢᠯᠠᠬᠤ ᠶᠢ ᠴᠢᠩᠭᠠᠳᠬᠠᠵᠦ᠂ ᠨᠠᠮ ᠵᠠᠰᠠᠬ ᠤᠨ ᠪᠠᠶᠢᠭᠤᠯᠤᠯᠭ᠎ᠠ ᠠᠴᠠ ᠳᠦᠷᠦᠬᠦᠯᠡᠨ ᠵᠢᠱᠢᠶ᠎ᠠ ᠦᠵᠡᠬᠦᠯᠵᠦ᠂ | ᠪᠠᠷᠢᠯᠭ᠎ᠠ ᠵᠢᠴᠢ ᠳᠤᠯᠠᠭᠠᠯᠠᠭ᠎ᠠ᠂ ᠠᠭᠠᠷ ᠳᠤᠬᠢᠷᠠᠭᠤᠯᠭ᠎ᠠ᠂ ᠬᠡᠷᠡᠯᠳᠦᠬᠦᠯᠬᠡ ᠶᠢᠨ ᠰᠢᠰᠲ᠋ᠧᠮ ᠤᠨ ᠡᠨᠧᠷᠬᠢ ᠠᠷᠪᠢᠯᠠᠬᠤ | ᠦᠬᠡᠷᠡᠴᠢᠯᠡᠯᠳᠡ ᠶᠢ ᠭᠤᠤᠯᠳᠠᠯᠭ᠎ᠠ ᠲᠠᠢ ᠬᠡᠷᠡᠭᠵᠢᠬᠦᠯᠦᠨ᠎ᠠ᠃ ᠡᠨᠧᠷᠬᠢ ᠠᠷᠪᠢᠯᠠᠬᠤ ᠳᠤᠰᠬᠠᠢ ᠳᠦᠷᠦᠯ ᠤᠨ ᠪᠡᠯᠡ | ᠮᠦᠩᠬᠦ ᠭᠠᠷᠭᠠᠵᠦ᠂ ᠡᠨᠧᠷᠬᠢ ᠠᠷᠪᠢᠯᠠᠬᠤ ᠮᠡᠷᠬᠡᠵᠢᠯ ᠢ ᠤᠷᠤᠭᠤᠯᠤᠨ ᠠᠪᠴᠢᠷᠠᠵᠦ᠂ ᠨᠡᠬᠡᠬᠡᠨ ᠠᠰᠢᠬᠯᠠᠵᠦ᠂ | ᠳᠡᠯᠬᠡᠷᠡᠬᠦᠯᠦᠨ᠎ᠠ᠃ ᠡᠨᠧᠷᠬᠢ ᠶᠢᠨ ᠦᠢᠯᠡᠳᠪᠤᠷᠢᠯᠡᠯ᠂ ᠵᠦᠬᠡᠬᠡᠪᠤᠷᠢ᠂ ᠬᠡᠷᠡᠭᠯᠡᠬᠡᠨ ᠤ ᠡᠯ᠎ᠠ ᠭᠤᠬᠴᠤᠭᠠᠨ ᠳᠠᠬᠢ | ᠳᠦᠷᠢᠮ ᠤᠨ ᠪᠠᠶᠢᠭᠤᠯᠤᠯᠳᠠ ᠪᠤᠯᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠪᠠᠷ ᠳᠠᠮᠵᠢᠨ᠂ ᠡᠨᠧᠷᠬᠢ | ᠠᠷᠪᠢᠯᠠᠬᠤ ᠬᠠᠮᠢᠶᠠᠷᠤᠯᠳᠠ ᠶᠢ ᠪᠡᠶᠡᠯᠡᠬᠦᠯᠦᠨ᠎ᠠ᠃ ᠮᠠᠰᠢᠨ ᠳᠡᠷᠬᠡᠨ ᠤ ᠳᠦᠯᠡᠰᠢᠨ ᠳᠤᠰᠤᠨ ᠤ ᠠᠵᠤ ᠠᠬᠤᠢ ᠶᠢᠨ | ᠴᠢᠨᠠᠷᠳᠠᠢ ᠪᠠᠷᠢᠮᠵᠢᠶ᠎ᠠ ᠶᠢ ᠳᠡᠯᠬᠡᠷᠡᠬᠦᠯᠵᠦ᠂ ᠬᠠᠭᠤᠴᠢᠷᠠᠬᠰᠠᠨ ᠵᠦᠬᠡᠬᠡᠪᠤᠷᠢ ᠶᠢᠨ ᠳᠤᠨᠤᠬ ᠳᠦᠬᠦᠬᠡᠷᠦᠮᠵᠢ ᠶᠢ | ᠳᠦᠷᠬᠡᠨ ᠰᠢᠭᠰᠢᠭᠳᠡᠬᠦᠯᠦᠨᠠ᠃ ᠡᠨᠧᠷᠬᠢ ᠶᠡᠭᠡ ᠬᠤᠷᠤᠭᠠᠬᠤ ᠨᠢᠬᠡᠴᠡ ᠳᠤ ᠡᠨᠧᠷᠬᠢ ᠶᠢᠨ ᠬᠢᠨᠠᠨ ᠪᠤᠳᠤᠯᠳᠠ ᠬᠢᠵᠦ᠂ | ᠭᠡᠷ᠎ᠠ ᠳᠤᠬᠳᠠᠬᠤ ᠡᠨᠧᠷᠬᠢ ᠶᠢᠨ ᠬᠠᠮᠢᠶᠠᠷᠤᠯᠳᠠ ᠶᠢ ᠳᠡᠯᠬᠡᠷᠡᠬᠦᠯᠵᠦ᠂ ᠡᠨᠧᠷᠬᠢ ᠠᠷᠪᠢᠯᠠᠬᠤ ᠪᠠᠶᠢᠴᠠᠭᠠᠯᠳᠠ ᠶᠢ | ᠴᠢᠩᠭᠠᠳᠬᠠᠨ᠎ᠠ᠃ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ᠂ ᠨᠢᠬᠡᠴᠢ ᠰᠢᠨ᠎ᠠ ᠪᠠᠷ | ᠪᠠᠶᠢᠭᠤᠯᠬᠤ ᠪᠤᠬᠢᠷᠳᠤᠯ ᠦᠬᠡᠢ ᠪᠠᠷᠢᠯᠭ᠎ᠠ ᠶᠢᠨ ᠬᠠᠷᠢᠴᠠᠯ ᠢ 20% ᠲᠤ ᠬᠦᠷᠬᠡᠵᠦ᠂ GDP ᠶᠢᠨ ᠡᠨᠧᠷᠬᠢ ᠶᠢᠨ | ᠬᠤᠷᠤᠬᠳᠠᠯ ᠢ 1.0 ᠳᠤᠨ ᠪᠠᠷᠢᠮᠵᠢᠶᠠᠳᠤ ᠨᠡᠬᠦᠷᠡᠰᠦ / ᠳᠦᠮᠡᠨ ᠳᠦᠬᠦᠷᠢᠭ ᠪᠤᠯᠳᠠᠯ᠎ᠠ ᠪᠠᠭᠤᠷᠠᠭᠤᠯᠤᠨ᠎ᠠ᠃ | ᠬᠤᠶᠠᠳᠤᠭᠠᠷ ᠭᠡᠰᠡᠭ ᠤᠰᠤᠨ ᠤ ᠡᠬᠢ ᠪᠠᠶᠠᠯᠢᠬ ᠢ ᠠᠷᠪᠢᠯᠠᠨ ᠠᠰᠢᠬᠯᠠᠬᠤ ᠶᠢ ᠠᠬᠢᠭᠤᠯᠤᠨ᠎ᠠ | ᠤᠰᠤ ᠠᠷᠪᠢᠯᠠᠬᠤ ᠮᠠᠶ᠋ᠢᠬ ᠤᠨ ᠨᠡᠶᠢᠭᠡᠮ ᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠬᠠᠮᠤᠬ ᠤᠨ ᠴᠢᠩᠭ᠎ᠠ | ᠤᠰᠤᠨ ᠤ ᠡᠬᠢ ᠪᠠᠶᠠᠯᠢᠬ ᠤᠨ ᠬᠠᠮᠢᠶᠠᠷᠤᠯᠳᠠ ᠶᠢᠨ ᠳᠦᠷᠢᠮ ᠢ ᠬᠡᠷᠡᠭᠵᠢᠬᠦᠯᠵᠦ᠂ ᠤᠰᠤᠨ ᠤ ᠡᠬᠢ ᠪᠠᠶᠠᠯᠢᠬ ᠤᠨ | ᠨᠡᠬᠡᠬᠡᠨ ᠠᠰᠢᠬᠯᠠᠯᠳᠠ ᠶᠢ ᠡᠵᠡᠮᠳᠡᠬᠦ᠂ ᠤᠰᠤ ᠬᠡᠷᠡᠭᠯᠡᠬᠦ ᠦᠷ᠎ᠠ ᠪᠦᠳᠦᠮᠵᠢ ᠶᠢ ᠡᠵᠡᠮᠳᠡᠬᠦ᠂ ᠤᠰᠤᠨ ᠤ | ᠴᠢᠳᠠᠮᠵᠢ ᠶᠢᠨ ᠤᠷᠤᠨ ᠳᠤ ᠪᠤᠬᠢᠷᠲᠤᠯ ᠤᠷᠤᠭᠤᠯᠬᠤ ᠶᠢ ᠬᠢᠵᠠᠭᠠᠷᠯᠠᠬᠤ ᠭᠤᠷᠪᠠᠨ ᠵᠤᠷᠪᠤᠰ ᠤᠯᠠᠭᠠᠨ ᠱᠤᠭᠤᠮ ᠢ | ᠨᠠᠶᠢᠳᠠᠪᠤᠷᠢᠵᠢᠭᠤᠯᠵᠦ᠂ ᠳᠠᠷᠢᠶᠠᠯᠠᠩ ᠮᠠᠯ ᠠᠵᠦ᠂ ᠠᠵᠦ ᠦᠢᠯᠡᠳᠪᠤᠷᠢ᠂ ᠬᠤᠳᠠ ᠪᠠᠯᠭᠠᠰᠤ ᠪᠤᠯᠤᠨ ᠠᠮᠢ | ᠠᠬᠤᠢ ᠳᠤ ᠬᠡᠷᠡᠭᠯᠡᠬᠦ ᠤᠰᠤ ᠶᠢ ᠵᠦᠢ ᠵᠤᠬᠢᠰᠳᠡᠢ ᠳᠤᠬᠢᠷᠠᠭᠤᠯᠵᠦ᠂ ᠤᠰᠤᠨ ᠤ ᠡᠬᠢ ᠪᠠᠶᠠᠯᠢᠬ ᠢ ᠠᠷᠪᠢᠯᠠᠨ | ᠠᠰᠢᠬᠯᠠᠬᠤ ᠠᠷᠭ᠎ᠠ ᠬᠡᠮᠵᠢᠶ᠎ᠠ ᠶᠢ ᠡᠯ᠎ᠠ ᠬᠦᠷᠢᠶ᠎ᠠ ᠪᠤᠯᠤᠨ ᠭᠤᠬᠴᠤᠭ᠎ᠠ ᠳᠤ ᠬᠦᠷᠳᠡᠯ᠎ᠠ ᠨᠠᠶᠢᠳᠠᠪᠤᠷᠢᠵᠢᠭᠤᠯᠵᠦ᠂ | ᠳᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠢᠨᠵᠧᠨᠧᠷᠢᠩ ᠢ ᠳᠠᠯᠬᠡᠷᠡᠬᠦᠯᠵᠦ᠂ ᠳᠡᠮᠦᠷᠯᠢᠭ᠂ ᠬᠢᠮᠢ ᠶᠢᠨ | ᠠᠵᠦ ᠦᠢᠯᠡᠳᠪᠤᠷᠢ᠂ ᠴᠠᠬᠢᠯᠭᠠᠨ ᠬᠦᠴᠦ᠂ ᠪᠠᠷᠢᠯᠭ᠎ᠠ ᠶᠢᠨ ᠮᠠᠲ᠋ᠧᠷᠢᠶᠠᠯ ᠵᠡᠷᠬᠡ ᠤᠰᠤ ᠶᠡᠭᠡ ᠬᠤᠷᠤᠭᠠᠬᠤ ᠠᠵᠢᠯ | ᠳᠦᠷᠦᠯ ᠤᠨ ᠤᠰᠤ ᠠᠷᠪᠢᠯᠠᠬᠤ ᠮᠡᠷᠬᠡᠵᠢᠯ ᠤᠨ ᠦᠬᠡᠷᠡᠴᠢᠯᠡᠯᠳᠡ ᠶᠢ ᠭᠤᠤᠯᠳᠠᠯᠭ᠎ᠠ ᠲᠠᠢ ᠠᠬᠢᠭᠤᠯᠵᠦ᠂ ᠠᠵᠦ | ᠠᠬᠤᠢᠢᠯᠠᠯ ᠢ ᠬᠦᠳᠦᠯᠦᠨ ᠵᠢᠯᠤᠭᠤᠳᠴᠤ ᠪᠠᠶᠢᠭᠠᠳ ᠳᠠᠬᠢᠨ ᠪᠤᠢ ᠪᠤᠯᠭᠠᠬᠤ ᠤᠰᠤ ᠶᠢ ᠬᠡᠷᠡᠭᠯᠡᠬᠦᠯᠵᠦ᠂ ᠠᠵᠤ | ᠦᠢᠯᠡᠳᠪᠤᠷᠢ ᠶᠢᠨ ᠬᠡᠷᠡᠭᠯᠡᠬᠦ ᠤᠰᠤᠨ ᠤ ᠳᠠᠬᠢᠨ ᠠᠰᠢᠬᠯᠠᠬᠤ ᠨᠤᠷᠮ᠎ᠠ ᠪᠤᠯᠤᠨ ᠡᠷᠭᠢᠯᠳᠦᠭᠦᠯᠦᠨ ᠬᠡᠷᠡᠭᠯᠡᠬᠦ | ᠨᠤᠷᠮ᠎ᠠ ᠶᠢ ᠳᠡᠬᠡᠭᠰᠢᠯᠡᠬᠦᠯᠦᠨ᠎ᠠ᠃ ᠤᠰᠤ ᠠᠷᠪᠢᠯᠠᠬᠤ ᠮᠠᠶ᠋ᠢᠬ ᠤᠨ ᠬᠤᠳᠠ ᠶᠢ ᠪᠦᠳᠦᠬᠡᠨ ᠪᠠᠶᠢᠭᠤᠯᠵᠦ᠂ ᠤᠯᠠᠨ | ᠨᠡᠶᠢᠳᠡ ᠶᠢᠨ ᠪᠠᠷᠢᠯᠭ᠎ᠠ ᠪᠤᠯᠤᠨ ᠤᠷᠤᠨ ᠰᠠᠭᠤᠴᠠ ᠶᠢᠨ ᠤᠰᠤ ᠠᠷᠪᠢᠯᠠᠬᠤ ᠦᠬᠡᠷᠡᠴᠢᠯᠡᠯᠳᠡ ᠶᠢ ᠳᠦᠷᠬᠡᠳᠬᠡᠵᠦ᠂ | ᠤᠰᠤ ᠠᠷᠪᠢᠯᠠᠬᠤ ᠪᠠᠭᠠᠵᠢ ᠬᠡᠷᠡᠭᠰᠡᠯ ᠢ ᠪᠦᠬᠦ ᠳᠠᠯ᠎ᠠ ᠪᠠᠷ ᠳᠠᠯᠬᠡᠷᠡᠬᠦᠯᠦᠨ ᠬᠡᠷᠡᠭᠯᠡᠨ᠎ᠠ᠃ ᠤᠰᠤ ᠶᠡᠭᠡ ᠬᠤᠷᠤᠭᠠᠬᠤ | ᠦᠢᠯᠡᠴᠢᠯᠡᠬᠡᠨ ᠤ ᠠᠵᠢᠯ ᠳᠦᠷᠦᠯ ᠤᠨ ᠤᠰᠤ ᠠᠷᠪᠢᠯᠠᠬᠤ ᠬᠠᠮᠢᠶᠠᠷᠤᠯᠳᠠ ᠶᠢ ᠴᠢᠩᠭᠠᠳᠬᠠᠨ᠎ᠠ᠃ ᠤᠷᠢᠳᠠᠪᠠᠷ | ᠭᠠᠵᠠᠷ ᠳᠡᠬᠡᠷᠡᠬᠢ ᠶᠢ᠂ ᠳᠠᠷᠠᠭ᠎ᠠ ᠨᠢ ᠭᠠᠵᠠᠷ ᠳᠤᠤᠷᠠᠬᠢ ᠶᠢ ᠬᠡᠬᠦ ᠵᠠᠷᠴᠢᠮ ᠢ ᠪᠠᠷᠢᠮᠳᠠᠯᠠᠵᠦ᠂ ᠭᠠᠵᠠᠷ ᠤᠨ | ᠭᠠᠳᠠᠷᠭᠤ ᠶᠢᠨ ᠤᠰᠤ ᠶᠢ ᠬᠦᠢᠴᠡᠳ ᠠᠰᠢᠬᠯᠠᠵᠦ᠂ ᠭᠠᠵᠠᠷ ᠳᠤᠤᠷᠠᠬᠢ ᠤᠰᠤ ᠶᠢ ᠵᠦᠢ ᠵᠤᠬᠢᠰᠳᠠᠢ ᠬᠠᠮᠠᠭᠠᠯᠠᠨ | ᠠᠰᠢᠬᠯᠠᠵᠦ᠂ ᠠᠵᠤ ᠦᠢᠯᠡᠳᠪᠤᠷᠢ ᠠᠵᠦ ᠠᠬᠤᠢᠢᠯᠠᠯ ᠤᠨ ᠭᠠᠵᠠᠷ ᠳᠤᠤᠷᠠᠬᠢ ᠤᠰᠤᠨ ᠤ ᠡᠬᠢ ᠪᠠᠶᠠᠯᠢᠬ ᠢ ᠬᠡᠷᠡᠭᠯᠡᠬᠦ | ᠬᠡᠮᠵᠢᠶ᠎ᠠ ᠶᠢ ᠬᠠᠤᠯᠢ ᠶᠤᠰᠤᠭᠠᠷ ᠴᠢᠩᠭ᠎ᠠ ᠬᠢᠵᠠᠭᠠᠷᠯᠠᠵᠦ᠂ ᠭᠠᠵᠠᠷ ᠳᠤᠤᠷᠠᠬᠢ ᠤᠰᠤ ᠶᠢ ᠬᠡᠳᠦ ᠠᠭᠤᠳᠠᠯᠯᠠᠬᠤ ᠶᠢ | ᠬᠤᠷᠢᠬᠯᠠᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ ᠬᠢᠵᠠᠭᠠᠷᠯᠠᠬᠤ ᠪᠠ ᠬᠡᠮᠵᠢᠶ᠎ᠡ ᠳᠤᠬᠳᠠᠭᠠᠨ ᠬᠠᠮᠢᠶᠠᠷᠬᠤ ᠶᠢ | ᠤᠶᠠᠯᠳᠤᠭᠤᠯᠵᠦ᠂ ᠱᠠᠳᠤᠯᠵᠢᠨ ᠮᠠᠶ᠋ᠢᠬ ᠤᠨ ᠤᠰᠤᠨ ᠤ ᠦᠨ᠎ᠠ ᠶᠢ ᠢᠳᠡᠪᠬᠢᠳᠡᠢ ᠠᠬᠢᠭᠤᠯᠵᠦ᠂ ᠤᠰᠤ ᠬᠡᠷᠡᠭᠯᠡᠬᠦ ᠶᠢ | ᠵᠦᠪᠰᠢᠶᠡᠷᠡᠬᠦ ᠪᠡ ᠤᠰᠤᠨ ᠤ ᠡᠬᠢ ᠪᠠᠶᠠᠯᠢᠬ ᠢ ᠦᠨ᠎ᠡ ᠳᠦᠯᠦᠪᠦᠷᠢ ᠲᠠᠢ ᠬᠡᠷᠡᠭᠯᠡᠬᠦ ᠳᠦᠷᠢᠮ ᠢ | ᠳᠡᠬᠦᠯᠳᠡᠷᠵᠢᠬᠦᠯᠤᠨ᠎ᠠ᠃ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ᠂ ᠵᠢᠯ ᠤᠨ ᠬᠠᠩᠭᠠᠨ | ᠬᠡᠷᠡᠭᠯᠡᠬᠦᠯᠬᠦ ᠤᠰᠤᠨ ᠤ ᠶᠡᠷᠦᠩᠬᠡᠢ ᠬᠡᠮᠵᠢᠶ᠎ᠠ ᠶᠢ 21.9 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠨ | ᠳᠤᠳᠤᠷ᠎ᠠ ᠬᠢᠵᠠᠭᠠᠷᠯᠠᠵᠦ᠂ ᠤᠰᠤᠨ ᠤ ᠡᠬᠢ ᠪᠠᠶᠠᠯᠢᠬ ᠢ ᠨᠡᠬᠡᠬᠡᠵᠦ ᠠᠰᠢᠬᠯᠠᠬᠤ ᠨᠤᠷᠮ᠎ᠠ ᠶᠢ 30% ᠳᠤ ᠬᠦᠷᠬᠡᠨ᠎ᠠ | ᠃ ᠳᠠᠷᠢᠶᠠᠯᠠᠩ ᠳᠤ ᠬᠡᠷᠡᠭᠯᠡᠬᠦ ᠤᠰᠤᠨ ᠤ ᠬᠠᠷᠢᠴᠠᠯ ᠢ ᠠᠯᠬᠤᠮ ᠠᠯᠬᠤᠮ ᠢᠶᠠᠷ 60% ᠤᠷᠴᠢᠮ ᠪᠤᠯᠭᠠᠨ | ᠪᠠᠭᠤᠷᠠᠭᠤᠯᠤᠨ᠎ᠠ᠃ | ᠭᠤᠷᠪᠠᠳᠤᠭᠠᠷ ᠬᠡᠰᠡᠭ ᠭᠠᠵᠠᠷ ᠰᠢᠷᠤᠢ ᠶᠢ ᠠᠷᠪᠢᠯᠠᠵᠦ ᠡᠷᠴᠢᠮᠵᠢᠬᠦᠯᠦᠨ ᠠᠰᠢᠬᠯᠠᠬᠤ ᠶᠢ ᠠᠬᠢᠭᠤᠯᠤᠨ᠎ᠠ | ︽ᠭᠠᠵᠠᠷ ᠰᠢᠷᠤᠢ ᠶᠢ ᠶᠡᠬᠡᠳᠡ ᠨᠠᠨᠳᠢᠩᠨᠠᠬᠤ ᠪᠠ ᠵᠦᠢ ᠵᠤᠬᠢᠰᠲᠠᠢ ᠠᠰᠢᠬᠯᠠᠬᠤ᠂ ᠳᠠᠷᠢᠶᠠᠨ ᠭᠠᠵᠠᠷ ᠢ | ᠦᠨᠡᠨᠬᠦ ᠬᠠᠮᠠᠭᠠᠯᠠᠬᠤ︾ ᠦᠨᠳᠦᠰᠦᠨ ᠤᠯᠤᠰ ᠤᠨ ᠪᠤᠳᠤᠯᠭ᠎ᠠ ᠶᠢ ᠡᠷᠡᠰ ᠳᠤᠤᠱᠯᠠᠭᠤᠯᠤᠨ ᠬᠡᠷᠡᠭᠵᠢᠬᠦᠯᠵᠦ᠂ ︽ | ᠶᠡᠷᠦᠩᠬᠡᠢ ᠬᠡᠮᠵᠢᠶ᠎ᠠ ᠶᠢ ᠰᠠᠶᠢᠳᠤᠷ ᠬᠠᠮᠢᠶᠠᠷᠬᠤ᠂ ᠨᠡᠮᠡᠭᠳᠡᠯ ᠤᠨ ᠬᠡᠮᠵᠢᠶ᠎ᠠ ᠶᠢ ᠴᠢᠩᠭ᠎ᠠ ᠡᠵᠡᠮᠳᠡᠬᠦ᠂ | ᠬᠠᠳᠠᠭᠠᠯᠠᠮᠵᠢ ᠶᠢᠨ ᠬᠡᠮᠵᠢᠶ᠎ᠠ ᠶᠢ ᠠᠮᠢᠯᠠᠭᠤᠯᠬᠤ᠂ ᠡᠷᠴᠢᠮᠵᠢᠬᠦᠯᠦᠨ ᠦᠨᠳᠦᠷ ᠦᠷ᠎ᠠ ᠪᠦᠳᠦᠮᠵᠢᠳᠡᠢ ᠪᠤᠯᠭᠠᠬᠤ︾ | ᠱᠠᠭᠠᠷᠳᠠᠯᠭ᠎ᠠ ᠶᠤᠰᠤᠭᠠᠷ᠂ ᠭᠠᠵᠠᠷ ᠰᠢᠷᠦᠢ ᠶᠢ ᠠᠷᠪᠢᠯᠠᠨ ᠬᠡᠷᠡᠭᠯᠡᠬᠦ᠂ ᠭᠠᠵᠠᠷ ᠰᠢᠷᠤᠢ ᠬᠡᠷᠡᠭᠯᠡᠬᠦ ᠶᠢ ᠡᠷᠴᠢᠮᠵᠢᠬᠦᠯᠬᠦ᠂ | ᠬᠦᠭᠵᠢᠯᠳᠠ ᠳᠤ ᠦᠢᠯᠡᠴᠢᠯᠡᠬᠦ ᠭᠠᠵᠠᠷ ᠰᠢᠷᠤᠢ ᠶᠢᠨ ᠡᠬᠢ ᠪᠠᠶᠠᠯᠢᠬ ᠤᠨ ᠬᠠᠮᠢᠶᠠᠷᠤᠯᠳᠠ ᠶᠢᠨ ᠵᠠᠷᠴᠢᠮ ᠢ ᠵᠢᠷᠤᠮᠯᠠᠵᠦ | ᠂ ᠭᠠᠵᠠᠷ ᠰᠢᠷᠤᠢ ᠶᠢᠨ ᠬᠡᠷᠡᠭᠴᠡᠬᠡᠨ ᠤ ᠵᠠᠬᠢᠷᠤᠯᠳᠠ ᠶᠢ ᠴᠢᠩᠭᠠᠳᠬᠠᠵᠦ᠂ ᠳᠠᠷᠢᠶᠠᠯᠠᠩ ᠳᠤ ᠬᠡᠷᠡᠭᠯᠡᠬᠦ ᠭᠠᠵᠠᠷ | ᠰᠢᠷᠤᠢ ᠶᠢ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠪᠤᠯᠭᠠᠬᠤ ᠬᠡᠮᠵᠢᠶ᠎ᠠ ᠶᠢ ᠴᠢᠩᠭ᠎ᠠ ᠬᠢᠵᠠᠭᠠᠷᠯᠠᠵᠦ | ᠂ ᠵᠦᠪᠰᠢᠶᠡᠷᠡᠯ ᠠᠪᠤᠬᠰᠠᠨ ᠦᠬᠡᠢ ᠪᠠᠷ ᠤᠷᠢᠳᠠᠪᠠᠷ ᠬᠡᠷᠡᠭᠯᠡᠬᠦ ᠶᠢ ᠰᠡᠷᠬᠡᠶᠢᠯᠡᠵᠦ᠂ ᠬᠠᠤᠯᠢ ᠪᠤᠰᠤ ᠪᠠᠷ ᠡᠵᠡᠯᠡᠨ | ᠬᠡᠷᠡᠭᠯᠡᠬᠦ ᠳᠤ ᠴᠢᠩᠭ ᠠ ᠴᠤᠬᠢᠯᠳᠠ ᠦᠭᠬᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ | ᠴᠡᠭᠴᠡᠯᠡᠯᠳᠡ ᠶᠢᠨ ᠴᠢᠬᠤᠯᠠ ᠶᠡᠭᠡ ᠢᠨᠵᠧᠨᠧᠷᠢᠩ ᠢ ᠪᠦᠬᠦᠯᠢ ᠴᠤᠬᠴᠠ ᠪᠠᠷ ᠠᠬᠢᠭᠤᠯᠬᠤ ᠶᠢ ᠬᠡᠷᠡᠭᠵᠢᠬᠦᠯᠦᠨ᠎ᠠ᠃ | ᠡᠳ᠋ ᠤᠨ ᠵᠠᠰᠠᠬ ᠭᠠᠶᠢᠯᠢ ᠶᠢᠨ ᠳᠤᠬᠢᠷᠠᠭᠤᠯᠤᠯᠳᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠠᠶᠠᠬᠳᠠᠬᠰᠠᠨ ᠭᠠᠵᠠᠷ | ᠰᠢᠷᠤᠢ ᠶᠢ ᠰᠡᠷᠬᠦᠬᠡᠨ ᠬᠠᠭᠠᠯᠪᠤᠷᠢᠯᠠᠵᠦ ᠠᠰᠢᠬᠯᠠᠬᠤ ᠶᠢ ᠠᠬᠢᠭᠤᠯᠵᠦ᠂ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ | ᠨᠦᠬᠡᠴᠡ ᠭᠠᠵᠠᠷ ᠰᠢᠷᠤᠢ ᠶᠢᠨ ᠠᠰᠢᠬᠯᠠᠯᠳᠡ ᠬᠠᠮᠢᠶᠠᠷᠤᠯᠳᠠ ᠪᠤᠯᠤᠨ ᠰᠢᠢᠳᠪᠤᠷᠢᠯᠡᠯᠳᠡ ᠶᠢ ᠴᠢᠩᠭᠠᠳᠬᠠᠵᠦ᠂ | ᠰᠤᠯᠠ ᠳᠠᠯᠪᠢᠭᠠᠰᠤᠳᠠᠢ ᠭᠠᠵᠠᠷ ᠰᠢᠷᠤᠢ ᠶᠢ ᠢᠳᠡᠪᠬᠢᠳᠡᠢ ᠠᠮᠢᠯᠠᠭᠤᠯᠤᠨ᠎ᠠ᠃ ᠳᠤᠬᠳᠠᠮᠠᠯ ᠪᠤᠰᠤ ᠬᠦᠷᠦᠩᠬᠡ ᠶᠢᠨ | ᠡᠷᠬᠡ ᠶᠢᠨ ᠳᠠᠩᠰᠠᠯᠠᠯᠳᠠ ᠪᠤᠯᠤᠨ ᠭᠠᠵᠠᠷ ᠰᠢᠷᠤᠢ ᠶᠢᠨ ᠡᠳ᠋ ᠬᠦᠷᠦᠩᠭᠡ ᠶᠢᠨ ᠬᠠᠮᠢᠶᠠᠷᠤᠯᠳᠠ ᠶᠢ ᠴᠢᠩᠭᠠᠳᠬᠠᠵᠦ᠂ | ᠳᠠᠷᠢᠶᠠᠨ ᠭᠠᠵᠠᠷ ᠪᠡ ᠪᠠᠯᠴᠢᠬᠡᠷ ᠢ ᠡᠵᠡᠯᠡᠨ ᠬᠡᠷᠡᠭᠯᠡᠬᠦ ᠳᠤ ᠨᠦᠬᠦᠪᠦᠷᠢ ᠦᠭᠬᠦ ᠳᠦᠷᠢᠮ ᠢ ᠴᠢᠩᠭ᠎ᠠ ᠬᠡᠷᠡᠭᠵᠢᠬᠦᠯᠦᠨ᠎ᠠ | ᠃ | ᠳᠦᠷᠪᠡᠳᠦᠬᠡᠷ ᠬᠡᠰᠡᠭ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠬ ᠤᠨ ᠬᠠᠮᠢᠶᠠᠷᠤᠯᠳᠠ ᠶᠢ | ᠴᠢᠩᠭᠠᠳᠬᠠᠨ᠎ᠠ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠬ ᠤᠨ ᠬᠠᠳᠠᠭᠠᠯᠠᠮᠵᠢ ᠶᠢᠨ ᠬᠠᠮᠢᠶᠠᠷᠤᠯᠳᠠ ᠶᠢ ᠴᠢᠩᠭᠠᠳᠬᠠᠵᠦ | ᠂ ᠭᠠᠵᠠᠷ ᠰᠢᠨᠵᠢᠯᠡᠬᠡᠨ ᠤ ᠬᠠᠶᠢᠨ ᠪᠠᠶᠢᠴᠠᠭᠠᠯᠳᠠ ᠬᠢᠬᠦ ᠪᠡᠯᠡ ᠮᠦᠩᠬᠦᠨ ᠤ ᠵᠠᠮ ᠰᠤᠪᠠᠬ ᠢ ᠦᠷᠬᠡᠳᠬᠡᠵᠦ᠂ ᠬᠠᠶᠢᠨ | ᠪᠠᠶᠢᠴᠠᠭᠠᠬᠤ ᠪᠡᠯᠡ ᠤᠷᠤᠭᠤᠯᠤᠯᠳᠠ ᠶᠢ ᠴᠢᠩᠭᠠᠳᠬᠠᠵᠦ᠂ ᠬᠠᠶᠢᠨ ᠪᠠᠶᠢᠴᠠᠭᠠᠬᠤ ᠬᠡᠮᠵᠢᠶ᠎ᠠ ᠪᠤᠯᠤᠨ ᠨᠡᠬᠡᠬᠡᠨ | ᠠᠰᠢᠬᠯᠠᠬᠤ ᠦᠷ᠎ᠠ ᠪᠦᠳᠦᠮᠵᠢ ᠶᠢ ᠳᠡᠬᠡᠭᠰᠢᠯᠡᠬᠦᠯᠦᠨ᠎ᠠ᠃ ᠡᠯ᠎ᠠ ᠳᠦᠷᠦᠯ ᠤᠨ ᠠᠭᠤᠷᠬᠠᠢ ᠶᠢᠨ ᠭᠠᠷᠤᠯᠳᠠ ᠶᠢᠨ ᠡᠬᠢ | ᠪᠠᠶᠠᠯᠢᠬ ᠢ ᠠᠭᠤᠳᠠᠯᠯᠠᠨ ᠮᠠᠯᠳᠠᠬᠤ ᠪᠠ ᠳᠠᠬᠢᠵᠦ ᠮᠠᠯᠳᠠᠬᠤ ᠨᠤᠷᠮ᠎ᠠ᠂ ᠠᠭᠤᠷᠬᠠᠢ ᠶᠢ ᠰᠤᠩᠭᠤᠨ ᠪᠤᠴᠠᠭᠠᠵᠦ ᠠᠪᠬᠤ | ᠨᠤᠷᠮ᠎ᠠ ᠶᠢ ᠳᠠᠰᠤᠷᠠᠯᠳᠠ ᠦᠬᠡᠢ ᠳᠡᠬᠡᠭᠰᠢᠯᠡᠬᠦᠯᠵᠦ᠂ ᠠᠭᠤᠳᠠᠯᠯᠠᠨ ᠮᠠᠯᠳᠠᠬᠤ ᠶᠠᠪᠤᠴᠠ ᠳᠤ ᠬᠠᠮᠳᠤ ᠡᠬᠦᠰᠦᠭᠰᠡᠨ | ᠡᠬᠢ ᠪᠠᠶᠠᠯᠢᠬ ᠪᠤᠯᠤᠨ ᠦᠯᠡᠳᠡᠭᠳᠡᠯ ᠬᠦᠳᠡᠷ᠂ ᠬᠡᠮᠬᠡᠷᠬᠡᠢ ᠴᠢᠯᠠᠭᠤ ᠶᠢ ᠶᠡᠷᠦᠩᠬᠡᠶᠢᠯᠡᠨ ᠠᠰᠢᠬᠯᠠᠬᠤ ᠠᠵᠢᠯ ᠢ | ᠴᠢᠩᠭᠠᠳᠬᠠᠨ᠎ᠠ᠃ ᠠᠭᠤᠷᠬᠠᠢ ᠶᠢᠨ ᠬᠠᠳᠠᠭᠠᠯᠠᠮᠵᠢ ᠳᠤ ᠬᠦᠳᠡᠯᠦᠩᠬᠦᠢ ᠬᠠᠮᠢᠶᠠᠷᠤᠯᠳᠠ ᠬᠢᠬᠦ ᠶᠢ ᠴᠢᠩᠭᠠᠳᠬᠠᠵᠦ᠂ | ᠭᠠᠵᠠᠷ ᠰᠢᠨᠵᠢᠯᠡᠬᠡᠨ ᠤ ᠬᠠᠶᠢᠨ ᠪᠠᠶᠢᠴᠠᠭᠠᠯᠳᠠ ᠬᠢᠬᠦ᠂ ᠠᠭᠤᠷᠬᠠᠢ ᠨᠡᠬᠡᠬᠡᠬᠦ ᠵᠦᠪᠰᠢᠶᠡᠷᠡᠯ ᠢ ᠤᠯᠭᠤᠬᠤ ᠪᠠᠷᠢᠮᠵᠢᠶ᠎ᠠ | ᠱᠠᠭᠠᠷᠳᠠᠯᠭ᠎ᠠ ᠶᠢ ᠳᠡᠬᠡᠭᠰᠢᠯᠡᠬᠦᠯᠵᠦ᠂ ︽ ᠬᠦᠷᠢᠶᠡᠯᠡᠬᠡᠳ ᠦᠯᠦ ᠬᠠᠶᠢᠬᠤ︾ ᠶᠢ ᠬᠤᠷᠢᠬᠯᠠᠵᠦ᠂ ᠪᠠᠷᠢᠮᠵᠢᠶᠡᠨ ᠳᠤ | ᠬᠦᠷᠬᠦ ᠦᠬᠡᠢ ᠪᠠᠷ ᠠᠭᠤᠷᠬᠠᠢ ᠨᠡᠬᠡᠬᠡᠭᠰᠡᠨ ᠠᠵᠤ ᠠᠬᠤᠢᠢᠯᠠᠯ ᠢ ᠬᠠᠭᠠᠵᠦ ᠪᠢᠳᠡᠬᠦᠮᠵᠢᠯᠡᠨ᠎ᠠ᠃ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠬ ᠢ ᠦᠨ᠎ᠠ ᠳᠦᠯᠦᠪᠦᠷᠢ ᠲᠠᠢ ᠬᠡᠷᠡᠭᠯᠡᠬᠦ ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠠᠭᠤᠷᠬᠠᠢ ᠶᠢᠨ ᠡᠷᠬᠡ ᠶᠢ ᠠᠷᠠᠯᠵᠢᠶᠠᠯᠠᠬᠤ ᠳᠠᠪᠴᠠᠩ ᠢ ᠪᠠᠶᠢᠭᠤᠯᠵᠦ᠂ ᠵᠠᠬ᠎ᠠ | ᠳᠡᠯᠬᠡᠬᠦᠷ ᠠᠴᠠ ᠡᠬᠢ ᠪᠠᠶᠠᠯᠢᠬ ᠢ ᠰᠢᠯᠢᠳᠡᠭᠵᠢᠬᠦᠯᠦᠨ ᠳᠤᠬᠢᠷᠠᠭᠤᠯᠬᠤ ᠶᠢ ᠠᠬᠢᠭᠤᠯᠤᠨ᠎ᠠ᠃ ᠠᠭᠤᠷᠬᠠᠢ ᠶᠢᠨ | ᠡᠷᠬᠡ ᠶᠢ ᠨᠡᠶᠢᠳᠬᠡᠬᠦ ᠡᠷᠴᠢᠮ ᠢ ᠴᠢᠩᠭᠠᠷᠠᠭᠤᠯᠵᠦ᠂ ᠳᠦᠪᠯᠡᠷᠡᠩᠬᠦᠢ ᠬᠠᠶᠢᠨ ᠪᠠᠶᠢᠴᠠᠭᠠᠬᠤ᠂ ᠦᠷᠬᠦᠯᠵᠢᠯᠡᠨ ᠬᠠᠶᠢᠨ | ᠪᠠᠶᠢᠴᠠᠭᠠᠬᠤ᠂ ᠬᠠᠶᠢᠨ ᠪᠠᠶᠢᠴᠠᠭᠠᠬᠤ ᠠᠭᠤᠳᠠᠯᠯᠠᠬᠤ ᠶᠢ ᠨᠢᠬᠡ ᠴᠤᠬᠴᠠᠵᠢᠭᠤᠯᠬᠤ ᠶᠢ ᠬᠡᠷᠡᠭᠵᠢᠬᠦᠯᠵᠦ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠬ ᠤᠨ ᠨᠡᠬᠡᠬᠡᠨ ᠠᠰᠢᠬᠯᠠᠯᠳᠠ ᠶᠢ ᠳᠠᠪᠠᠭᠤᠯᠢᠬ ᠠᠵᠤ ᠠᠬᠤᠢᠢᠯᠠᠯ | ᠳᠡᠰᠢ ᠳᠦᠪᠯᠡᠷᠡᠬᠦᠯᠬᠦ ᠶᠢ ᠠᠬᠢᠭᠤᠯᠤᠨ᠎ᠠ᠃ ᠪᠠᠶᠢᠷᠢᠰᠢᠯ ᠢᠶᠠᠷ ᠵᠦᠢ ᠵᠤᠬᠢᠰᠳᠠᠢ᠂ ᠦᠨᠳᠦᠷ ᠦᠷ᠎ᠠ ᠪᠦᠳᠦᠮᠵᠢᠳᠠᠢ ᠪᠠᠷ | ᠡᠷᠴᠢᠮᠵᠢᠬᠦᠯᠦᠭᠰᠡᠨ᠂ ᠠᠮᠢ ᠠᠬᠤᠢ ᠪᠠᠷ ᠤᠬᠢ ᠰᠠᠶᠢᠨ ᠪᠤᠬᠢᠷᠳᠤᠯ ᠦᠬᠡᠢ ᠠᠭᠤᠷᠬᠠᠢ ᠶᠢ ᠳᠦᠷᠬᠡᠨ ᠪᠦᠳᠦᠬᠡᠨ | ᠪᠠᠶᠢᠭᠤᠯᠤᠨ᠎ᠠ᠃ | |