ᠬᠤᠷᠢᠨ ᠨᠢᠬᠡᠳᠦᠬᠡᠷ ᠪᠦᠯᠦᠭ ᠡᠷᠭᠢᠯᠲᠡᠲᠦᠠᠵᠤ ᠠᠬᠤᠢ ᠶᠢ ᠬᠦᠭᠵᠢᠬᠦᠯᠦᠨ᠎ᠠ | ᠨᠢᠬᠡᠳᠦᠬᠡᠷ ᠬᠡᠰᠡᠭ ᠡᠷᠬᠢᠯᠲᠡᠲᠦᠮᠠᠶ᠋ᠢᠬ ᠤᠨ ᠠᠵᠤ ᠦᠢᠯᠡᠳᠪᠤᠷᠢ ᠶᠢᠨ ᠰᠢᠰᠲ᠋ᠧᠮ ᠢ ᠬᠦᠭᠵᠢᠬᠦᠯᠦᠨ᠎ᠠ | ︽ᠬᠡᠮᠵᠢᠶᠡᠯᠡᠬᠦ ᠶᠢ ᠪᠠᠭᠠᠰᠬᠠᠬᠤ᠂ ᠳᠠᠬᠢᠨ ᠠᠰᠢᠬᠯᠠᠬᠤ᠂ ᠡᠬᠢ ᠪᠠᠶᠠᠯᠢᠬᠵᠢᠭᠤᠯᠬᠤ︾ ᠱᠠᠭᠠᠷᠳᠠᠯᠭ᠎ᠠ ᠶᠤᠰᠤᠭᠠᠷ᠂ | ᠳᠤᠮᠤ ᠬᠡᠯᠪᠡᠷᠢ ᠶᠢᠨ᠂ ᠦᠵᠤᠬᠦᠷᠯᠢᠭ᠂ ᠡᠷᠬᠢᠯᠲᠡᠲᠦ ᠮᠠᠶ᠋ᠢᠬ ᠤᠨ ᠬᠦᠭᠵᠢᠬᠦᠯᠤᠯᠳᠡ ᠪᠠᠷ ᠴᠢᠭᠯᠡᠯ ᠪᠤᠯᠭᠠᠵᠦ᠂ | ᠴᠠᠬᠢᠯᠭᠠᠨ ᠬᠦᠴᠦ᠂ ᠬᠢᠮᠢ ᠶᠢᠨ ᠠᠵᠤ ᠦᠢᠯᠡᠳᠪᠤᠷᠢ᠂ ᠨᠡᠬᠦᠷᠡᠰᠦ᠂ ᠳᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠬᠡ | ᠭᠤᠤᠯᠳᠠᠯᠭ᠎ᠠ ᠲᠠᠢ ᠠᠵᠢᠯ ᠳᠦᠷᠦᠯ ᠳᠤ ᠡᠨᠧᠷᠬᠢ ᠠᠷᠪᠢᠯᠠᠬᠤ᠂ ᠬᠤᠷᠤᠬᠳᠠᠯ ᠢ ᠪᠠᠭᠤᠷᠠᠭᠤᠯᠬᠤ᠂ ᠪᠤᠬᠢᠷᠳᠤᠯ ᠢ | ᠪᠠᠭᠠᠰᠬᠠᠬᠤ᠂ ᠦᠷ᠎ᠠ ᠪᠦᠳᠦᠮᠵᠢ ᠶᠢ ᠳᠡᠬᠡᠭᠰᠢᠯᠡᠬᠦᠯᠬᠦ ᠪᠠᠷ ᠬᠠᠷᠠᠯᠳᠠ ᠪᠤᠯᠭᠠᠬᠰᠠᠨ ᠠᠷᠢᠭᠤᠨ ᠴᠡᠪᠡᠷ | ᠦᠢᠯᠡᠳᠪᠤᠷᠢᠯᠡᠯ ᠢ ᠶᠡᠬᠡᠪᠡᠷ ᠬᠦᠭᠵᠢᠬᠦᠯᠵᠦ᠂ ᠦᠩᠬᠡᠳᠦ ᠳᠡᠮᠦᠷᠯᠢᠭ ᠠᠴᠠ ᠬᠠᠮᠳᠤ ᠡᠬᠦᠰᠦᠭᠰᠡᠨ ᠠᠭᠤᠷᠬᠠᠢ ᠶᠢᠨ | ᠡᠬᠢ ᠪᠠᠶᠠᠯᠢᠬ ᠢ ᠶᠡᠷᠦᠩᠬᠡᠶᠢᠯᠡᠨ ᠠᠰᠢᠬᠯᠠᠬᠤ ᠠᠵᠢᠯ ᠢ ᠰᠠᠶᠢᠳᠤᠷ ᠠᠳᠬᠤᠵᠦ᠂ ᠳᠡᠮᠦᠷᠯᠢᠭ ᠪᠤᠯᠤᠨ ᠬᠢᠮᠢ ᠶᠢᠨ ᠠᠵᠦ | ᠦᠢᠯᠡᠳᠪᠤᠷᠢ ᠶᠢᠨ ᠬᠠᠶᠠᠬᠳᠠᠯ ᠰᠢᠭᠠᠷᠦ ᠵᠢᠴᠢ ᠦᠯᠡᠳᠡᠭᠳᠡᠯ ᠬᠦᠳᠡᠷ ᠵᠡᠷᠬᠡ ᠠᠵᠤ ᠦᠢᠯᠡᠳᠪᠤᠷᠢ ᠶᠢᠨ ᠬᠠᠶᠠᠬᠳᠠᠮᠠᠯ | ᠡᠳ᠋ ᠤᠨ ᠠᠰᠢᠬᠯᠠᠯᠳᠠ ᠶᠢ ᠠᠬᠢᠭᠤᠯᠤᠨ᠎ᠠ᠃ ᠠᠳᠠᠯᠢ ᠪᠤᠰᠤ ᠠᠵᠢᠯ ᠳᠦᠷᠦᠯ ᠤᠨ ᠭᠤᠤᠯᠯᠠᠬᠴᠢ ᠠᠵᠦ | ᠠᠬᠤᠢᠢᠯᠠᠯ ᠢᠶᠠᠷ ᠳᠠᠭᠠᠭᠤᠯᠤᠬᠴᠢ ᠪᠤᠯᠭᠠᠵᠦ᠂ ᠬᠦᠨᠳᠠᠯᠠᠨ ᠢᠶᠠᠷ ᠬᠤᠯᠪᠤᠯᠳᠦᠵᠦ ᠳᠦᠬᠦᠷᠵᠢᠭᠰᠡᠨ᠂ ᠭᠤᠯᠳᠤ ᠪᠠᠷ | ᠳᠡᠯᠡᠵᠦ ᠦᠷᠬᠡᠵᠢᠭᠰᠡᠨ ᠠᠵᠦ ᠦᠢᠯᠡᠰ ᠤᠨ ᠳᠤᠤᠷ ᠢ ᠪᠤᠶᠢᠵᠢᠭᠤᠯᠤᠨ ᠬᠦᠭᠵᠢᠬᠦᠯᠵᠦ᠂ ᠭᠤᠤᠯ ᠪᠤᠯᠬᠤ ᠠᠵᠤ | ᠦᠢᠯᠡᠳᠪᠤᠷᠢ ᠶᠢᠨ ᠠᠵᠢᠯ ᠳᠦᠷᠦᠯ ᠳᠤ ᠨᠢᠬᠡ ᠪᠦᠯᠦᠭ ᠡᠷᠬᠢᠯᠲᠡᠲᠦ ᠠᠵᠦ ᠠᠬᠤᠢ ᠶᠢᠨ ᠠᠵᠦ ᠦᠢᠯᠡᠰ ᠤᠨ | ᠬᠡᠯᠬᠢᠶ᠎ᠠ ᠶᠢ ᠭᠤᠤᠯᠳᠠᠯᠭ᠎ᠠ ᠲᠠᠢ ᠪᠦᠷᠢᠯᠳᠦᠬᠦᠯᠦᠨ᠎ᠡ᠃ ︽ᠠᠷᠪᠠᠨ ᠭᠤᠷᠪᠠᠳᠤᠭᠠᠷ ᠳᠠᠪᠤᠨ ᠵᠢᠯ︾ ᠤᠨ | ᠬᠤᠭᠤᠴᠠᠭᠠᠨ ᠳᠤ᠂ 10 ᠠᠴᠠ ᠳᠡᠬᠡᠭᠰᠢᠬᠢ ᠳᠤᠭᠠᠨ ᠤ ᠤᠯᠤᠰ ᠤᠨ ᠳᠡᠰ ᠤᠨ ᠡᠷᠭᠢᠯᠲᠡᠳᠦ ᠠᠵᠤ ᠠᠬᠤᠢ ᠶᠢᠨ | ᠭᠤᠤᠯᠯᠠᠬᠤ ᠠᠵᠤ ᠠᠬᠤᠢᠢᠯᠠᠯ ᠢ ᠪᠤᠶᠢᠵᠢᠭᠤᠯᠤᠨ᠎ᠠ᠃ | ᠬᠤᠶᠠᠳᠤᠭᠠᠷ ᠬᠡᠰᠡᠭ ᠠᠮᠢ ᠠᠬᠤᠢ ᠶᠢᠨ ᠡᠷᠭᠢᠯᠲᠡᠲᠦ ᠳᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠢ | ᠪᠠᠶᠢᠭᠤᠯᠤᠨ᠎ᠠ | ᠠᠮᠢᠳᠤ ᠪᠤᠳᠠᠰ ᠤᠨ ᠬᠡᠯᠬᠢᠶᠡᠨ ᠤ ᠤᠷᠴᠢᠯᠳᠦ ᠴᠢᠳᠠᠪᠬᠢ ᠶᠢ ᠪᠠᠳᠠᠷᠠᠭᠤᠯᠵᠦ᠂ ᠳᠠᠷᠢᠶᠠᠯᠠᠩ ᠮᠠᠯ ᠠᠵᠤ | ᠠᠬᠤᠢ ᠶᠢᠨ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠤᠬᠴᠠ ᠶᠢᠨ ᠳᠠᠯᠳᠠ ᠴᠢᠳᠠᠪᠬᠢ ᠶᠢ ᠨᠡᠬᠡᠬᠡᠨ ᠠᠰᠢᠬᠯᠠᠵᠦ | ᠂ ᠡᠷᠴᠢᠮᠵᠢᠬᠦᠯᠬᠦ ᠬᠢᠷᠢ ᠳᠦᠪᠰᠢᠨ ᠢ ᠳᠡᠬᠡᠭᠰᠢᠯᠡᠬᠦᠯᠵᠦ᠂ ᠬᠠᠮᠠᠭᠠᠯᠠᠯᠳᠠ ᠶᠢᠨ ᠴᠢᠨᠠᠷᠳᠠᠢ ᠠᠳᠠᠷ ᠬᠠᠭᠠᠯᠪᠤᠷᠢᠯᠠᠬᠤ᠂ | ᠵᠦᠢ ᠵᠤᠬᠢᠰᠳᠡᠢ ᠪᠤᠷᠳᠤᠭᠤᠷ ︵ᠡᠮ︶ ᠤᠷᠤᠭᠤᠯᠬᠤ᠂ ᠤᠰᠤ ᠠᠷᠪᠢᠯᠠᠨ ᠤᠰᠤᠯᠠᠬᠤ᠂ ᠬᠠᠭᠤᠷᠠᠢ ᠪᠠᠷ ᠳᠠᠷᠢᠶᠠᠯᠠᠬᠤ | ᠂ ᠡᠷᠴᠢᠮᠵᠢᠬᠦᠯᠦᠭᠰᠡᠨ ᠠᠮᠢ ᠠᠬᠤᠢ ᠶᠢᠨ ᠳᠡᠵᠢᠬᠡᠪᠤᠷᠢ ᠶᠢᠨ ᠦᠢᠯᠡᠰ ᠡᠷᠬᠢᠯᠡᠬᠦ᠂ ᠨᠠᠮᠤᠬ ᠤᠨ ᠬᠡᠢ ᠬᠢᠬᠡᠳ ᠡᠰᠢ | ᠰᠦᠷᠡᠯ ᠢ ᠶᠡᠷᠦᠩᠬᠡᠶᠢᠯᠡᠨ ᠠᠰᠢᠬᠯᠠᠬᠤ ᠮᠡᠷᠬᠡᠵᠢᠯ ᠢ ᠶᠡᠬᠡᠪᠡᠷ ᠳᠡᠯᠬᠡᠷᠡᠬᠦᠯᠦᠨ᠎ᠠ᠃ ᠡᠰᠢ ᠰᠦᠷᠡᠯ ᠢ ᠶᠡᠷᠦᠩᠬᠡᠶᠢᠯᠡᠨ | ᠠᠰᠢᠬᠯᠠᠬᠤ ᠤᠯᠤᠰ ᠤᠨ ᠵᠤᠷᠢᠬᠵᠢᠭᠤᠯᠤᠯ ᠤᠨ ᠪᠠ ᠳᠡᠳᠬᠦᠮᠵᠢ ᠶᠢᠨ ᠳᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠭᠠᠵᠠᠷ ᠤᠷᠤᠨ ᠤ ᠪᠠᠨ ᠪᠠᠶᠢᠳᠠᠯ ᠳᠤ ᠵᠤᠬᠢᠴᠠᠭᠤᠯᠤᠨ ᠵᠤᠷᠢᠬᠵᠢᠭᠤᠯᠤᠯ ᠤᠨ ᠪᠠ | ᠳᠡᠳᠬᠦᠮᠵᠢ ᠶᠢᠨ ᠳᠦᠷᠦ ᠶᠢᠨ ᠪᠤᠳᠤᠯᠭ᠎ᠠ ᠶᠢ ᠳᠤᠬᠳᠠᠭᠠᠵᠦ᠂ ᠳᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠪᠤᠯᠤᠨ | ᠳᠡᠳᠬᠦᠮᠵᠢ ᠶᠢᠨ ᠡᠷᠴᠢᠮ ᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠠᠮᠤᠬ ᠤᠨ ᠬᠡᠢ ᠶᠢᠨ | ᠪᠦᠳᠦᠬᠡᠨ ᠪᠠᠶᠢᠭᠤᠯᠤᠯᠳᠠ ᠪᠠᠷ ᠳᠦᠰᠢᠭ ᠪᠤᠯᠭᠠᠵᠦ᠂ ᠬᠡᠪᠴᠢᠶᠡᠵᠢᠭᠰᠡᠨ ᠳᠡᠵᠢᠬᠡᠪᠤᠷᠢ ᠶᠢᠨ ᠦᠢᠯᠡᠰ᠂ ᠤᠨᠴᠠᠯᠢᠬᠳᠦ | ᠳᠠᠷᠢᠮᠠᠯ᠂ ᠬᠦᠷᠢᠶ᠎ᠠ ᠬᠠᠰᠢᠶᠠᠨ ᠤ ᠠᠵᠦ ᠠᠬᠤᠢ ᠪᠤᠯᠤᠨ ᠨᠡᠶᠢᠳᠡ ᠶᠢᠨ ᠬᠤᠤᠷᠳᠠᠯ ᠦᠬᠡᠢ᠂ ᠪᠤᠬᠢᠷᠳᠤᠯ ᠦᠬᠡᠢ᠂ | ᠤᠷᠭᠠᠨᠢᠬ ᠳᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠬ ᠰᠢᠮ᠎ᠠ ᠶᠢᠨ ᠬᠦᠭᠵᠢᠯᠳᠡ ᠶᠢ ᠠᠬᠢᠭᠤᠯᠵᠦ᠂ ᠮᠠᠯᠵᠢᠬᠤ | ᠲᠠᠷᠢᠶᠠᠯᠠᠬᠤ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠳᠦᠪᠰᠢᠨ ᠢ ᠳᠡᠬᠡᠭᠰᠢᠯᠡᠬᠦᠯᠦᠨ᠎ᠠ᠃ | ᠭᠤᠷᠪᠠᠳᠤᠭᠠᠷ ᠬᠡᠰᠡᠭ ᠡᠷᠭᠢᠯᠲᠡᠲᠦ ᠮᠠᠶ᠋ᠢᠬ ᠤᠨ ᠬᠤᠳᠠ ᠪᠠ ᠨᠡᠶᠢᠭᠡᠮ ᠳᠤᠭᠤᠷᠢᠬ ᠢ ᠪᠦᠳᠦᠬᠡᠨ | ᠪᠠᠶᠢᠭᠤᠯᠤᠨ᠎ᠠ | ᠡᠷᠭᠢᠯᠲᠡᠲᠦᠮᠠᠶ᠋ᠢᠬ ᠤᠨ ᠬᠤᠳᠠ ᠶᠢ ᠪᠦᠳᠦᠬᠡᠨ ᠪᠠᠶᠢᠭᠤᠯᠵᠦ᠂ ᠡᠷᠭᠢᠯᠲᠡᠲᠦ ᠠᠵᠤ ᠦᠢᠯᠡᠰ ᠤᠨ ᠰᠢᠰᠲ᠋ᠧᠮ | ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠴᠢᠷᠮᠠᠶᠢᠨ ᠴᠤᠬᠴᠠᠯᠠᠵᠦ ᠪᠠᠶᠢᠭᠤᠯᠤᠨ᠎ᠠ᠃ ᠡᠷᠭᠢᠯᠲᠡᠲᠦᠮᠠᠶ᠋ᠢᠬ ᠤᠨ | ᠠᠵᠤ ᠦᠢᠯᠡᠳᠪᠤᠷᠢ᠂ ᠳᠠᠷᠢᠶᠠᠯᠠᠩ᠂ ᠦᠢᠯᠡᠴᠢᠯᠡᠬᠡᠨ ᠤ ᠦᠢᠯᠡᠰ ᠤᠨ ᠰᠢᠰᠲ᠋ᠧᠮ ᠢ ᠳᠦᠷᠬᠡᠨ ᠪᠠᠶᠢᠭᠤᠯᠵᠦ᠂ ᠪᠦᠬᠦ | ᠨᠡᠶᠢᠭᠡᠮ ᠤᠨ ᠡᠬᠢ ᠪᠠᠶᠠᠯᠢᠬ ᠤᠨ ᠭᠠᠷᠤᠯᠳᠠ ᠶᠢᠨ ᠨᠤᠷᠮ᠎ᠠ ᠶᠢ ᠳᠡᠬᠡᠭᠰᠢᠯᠡᠬᠦᠯᠦᠨ᠎ᠡ᠃ ᠬᠤᠳᠠ᠂ ᠨᠡᠶᠢᠭᠡᠮ ᠤᠨ | ᠳᠤᠭᠤᠷᠢᠬ ᠤᠨ ᠳᠠᠬᠢᠨ ᠪᠤᠢ ᠪᠤᠯᠬᠤ ᠡᠬᠢ ᠪᠠᠶᠠᠯᠢᠬ ᠢ ᠪᠤᠴᠠᠭᠠᠨ ᠠᠰᠢᠬᠯᠠᠬᠤ᠂ ᠦᠷᠬᠦᠯᠵᠢᠯᠡᠬᠦ ᠬᠡᠷᠡᠭᠯᠡᠬᠡᠨ ᠤ | ᠰᠢᠰᠲ᠋ᠧᠮ ᠢᠶᠠᠷ ᠭᠤᠤᠯᠳᠠᠯᠭ᠎ᠠ ᠪᠤᠯᠭᠠᠬᠤ ᠶᠢ ᠳᠡᠬᠦᠯᠳᠡᠷᠵᠢᠬᠦᠯᠵᠦ᠂ ᠡᠷᠭᠢᠯᠲᠡᠲᠦ ᠮᠠᠶ᠋ᠢᠬ ᠤᠨ ᠨᠡᠶᠢᠭᠡᠮ ᠤᠨ | ᠦᠢᠯᠡᠳᠦᠯᠬᠡ ᠶᠢ ᠵᠤᠷᠢᠬᠵᠢᠭᠤᠯᠵᠦ᠂ ᠳᠠᠬᠢᠨ ᠪᠤᠢ ᠪᠤᠯᠬᠤ ᠡᠬᠢ ᠪᠠᠶᠠᠯᠢᠬ ᠢ ᠪᠤᠴᠠᠭᠠᠨ ᠠᠰᠢᠬᠯᠠᠬᠤ ᠰᠢᠰᠲ᠋ᠧᠮ ᠢ | ᠪᠠᠶᠢᠭᠤᠯᠵᠦ᠂ ᠡᠯ ᠠ ᠬᠤᠳᠠ ᠪᠤᠯᠤᠨ ᠨᠡᠶᠢᠭᠡᠮ ᠳᠤᠭᠤᠷᠢᠬ ᠤᠨ ᠶᠡᠭᠡ ᠬᠡᠮᠵᠢᠶᠡᠨ ᠤ ᠬᠠᠳᠠᠭᠤ ᠪᠡᠶᠡᠳᠦ ᠬᠠᠶᠠᠬᠳᠠᠮᠠᠯ | ᠡᠳ᠋ ᠢ ᠪᠤᠴᠠᠭᠠᠨ ᠠᠰᠢᠬᠯᠠᠬᠤ ᠶᠢ ᠠᠬᠢᠭᠤᠯᠤᠨ᠎ᠠ᠃ ᠳᠡᠷᠬᠡᠨ ᠳᠤ ᠳᠡᠬᠡᠬᠡᠬᠦ ᠲᠦᠡᠭᠰᠡ ᠪᠠᠷ ᠬᠤᠬ ᠨᠤᠪᠰᠢ ᠶᠢ | ᠪᠢᠳᠡᠬᠦᠮᠵᠢᠯᠡᠨ ᠬᠤᠷᠢᠶᠠᠵᠦ ᠳᠡᠬᠡᠬᠡᠪᠤᠷᠢᠯᠡᠬᠦ ᠬᠡᠪ ᠵᠠᠬᠪᠤᠷ ᠪᠤᠯᠤᠨ ᠪᠢᠳᠡᠬᠦᠮᠵᠢᠯᠡᠭᠰᠡᠨ ᠮᠠᠶ᠋ᠢᠬ ᠤᠨ ᠬᠤᠬ ᠨᠤᠪᠰᠢ | ᠬᠤᠷᠢᠶᠠᠵᠦ ᠴᠤᠬᠯᠠᠭᠤᠯᠬᠤ ᠠᠦ᠋ᠲ᠋ᠣ᠋ ᠰᠢᠰᠲ᠋ᠧᠮ ᠢ ᠳᠡᠯᠬᠡᠷᠡᠬᠦᠯᠵᠦ᠂ ᠨᠡᠶᠢᠭᠡᠮ ᠳᠤᠭᠤᠷᠢᠬ ᠤᠨ ᠠᠮᠢᠳᠤᠷᠠᠯ ᠤᠨ ᠬᠤᠬ | ᠨᠤᠪᠰᠢ ᠶᠢ ᠪᠦᠬᠦᠨ ᠢᠶᠠᠷ ᠨᠢ ᠳᠦᠷᠦᠯ ᠬᠤᠪᠢᠶᠠᠨ ᠬᠤᠷᠢᠶᠠᠵᠦ ᠴᠤᠬᠯᠠᠭᠤᠯᠤᠨ᠎ᠠ᠃ ᠦᠷᠬᠦᠯᠵᠢᠯᠡᠬᠦ ᠬᠡᠷᠡᠭᠯᠡᠭᠡ ᠶᠢ | ᠠᠬᠢᠭᠤᠯᠵᠦ᠂ ᠠᠷᠪᠢᠯᠠᠬᠤ ᠪᠠᠨᠷᠭᠢᠯᠲᠡᠲᠦ ᠮᠠᠶ᠋ᠢᠬ ᠤᠨ ᠬᠡᠷᠡᠭᠯᠡᠬᠡᠨ ᠤ ᠤᠢᠢᠯᠠᠭᠠᠬᠳᠠᠬᠤᠨ ᠢ ᠰᠠᠨᠠᠭᠠᠴᠢᠯᠠᠵᠦ᠂ | ᠬᠤᠳᠠᠯᠳᠤᠭᠠᠨ ᠤ ᠳᠠᠯᠠᠪᠤᠷ᠂ ᠪᠠᠭᠤᠳᠠᠯ᠂ ᠨᠢᠰᠬᠡᠯ ᠤᠨ ᠪᠠᠭᠤᠳᠠᠯ᠂ ᠳᠡᠷᠬᠡᠨ ᠦᠷᠳᠡᠭᠡ᠂ ᠴᠡᠴᠡᠷᠯᠢᠭ ᠪᠤᠯᠤᠨ | ᠵᠤᠭᠠᠴᠠᠯ ᠤᠨ ᠦᠵᠡᠮᠵᠢ ᠶᠢᠨ ᠤᠷᠤᠨ ᠵᠡᠷᠬᠡ ᠭᠠᠵᠠᠷ ᠳᠠᠯᠠᠪᠤᠷ ᠲᠤ ᠦᠯᠦ ᠵᠠᠳᠠᠷᠠᠬᠤ᠂ ᠡᠷᠭᠢᠯᠳᠦᠭᠦᠯᠦᠨ ᠬᠡᠷᠡᠭᠯᠡᠵᠦ | ᠦᠯᠦ ᠪᠤᠯᠬᠤ ᠦᠢᠯᠡᠳᠬᠦᠨ ᠬᠡᠷᠡᠭᠯᠡᠬᠦ ᠶᠢ ᠬᠤᠷᠢᠬᠯᠠᠨ᠎ᠠ᠃ ᠵᠠᠰᠠᠬ ᠤᠨ ᠤᠷᠳᠤᠨ ᠤ ᠪᠤᠬᠢᠷᠳᠤᠯ ᠦᠬᠡᠢ | ᠦᠢᠯᠡᠳᠬᠦᠨ ᠬᠤᠳᠠᠯᠳᠤᠨ ᠠᠪᠬᠤ ᠶᠢ ᠳᠡᠯᠬᠡᠷᠡᠬᠦᠯᠵᠦ᠂ ᠵᠠᠰᠠᠬ ᠤᠨ ᠤᠷᠳᠤᠨ ᠤ ᠬᠤᠳᠠᠯᠳᠤᠨ ᠠᠪᠬᠤ | ᠦᠢᠯᠡᠳᠬᠦᠨ ᠤ ᠳᠤᠳᠤᠷ᠎ᠠ ᠡᠷᠭᠢᠯᠳᠦᠭᠦᠯᠦᠨ ᠬᠡᠷᠡᠭᠯᠡᠵᠦ ᠪᠤᠯᠬᠤ ᠦᠢᠯᠡᠳᠬᠦᠨ᠂ ᠳᠠᠬᠢᠨ ᠪᠤᠢ ᠪᠤᠯᠬᠤ ᠦᠢᠯᠡᠳᠬᠦᠨ | ᠵᠢᠴᠢ ᠡᠨᠧᠷᠬᠢ ᠠᠷᠪᠢᠯᠠᠬᠤ᠂ ᠤᠰᠤ ᠠᠷᠪᠢᠯᠠᠬᠤ᠂ ᠪᠤᠬᠢᠷᠳᠤᠯ ᠦᠬᠡᠢ ᠤᠷᠭᠠᠨᠢᠬ ᠦᠢᠯᠡᠳᠬᠦᠨ ᠤ ᠡᠵᠡᠯᠡᠬᠦ | ᠬᠠᠷᠢᠴᠠᠯ ᠢ ᠨᠡᠮᠡᠭᠳᠡᠬᠦᠯᠦᠨ᠎ᠠ᠃ 2020 ᠤᠨ ᠪᠤᠯᠬᠤ ᠳᠤ᠂ ᠭᠤᠤᠯ ᠪᠤᠯᠬᠤ ᠳᠠᠬᠢᠨ ᠪᠤᠢ ᠪᠤᠯᠬᠤ ᠡᠬᠢ | ᠪᠠᠶᠠᠯᠢᠬ ᠤᠨ ᠬᠤᠷᠢᠶᠠᠨ ᠠᠰᠢᠬᠯᠠᠬᠤ ᠨᠤᠷᠮ᠎ᠠ ᠶᠢ 70% ᠠᠴᠠ ᠳᠡᠬᠡᠭᠰᠢ ᠪᠤᠯᠭᠠᠨ᠎ᠠ᠃ | ᠳᠤᠯᠤᠳᠤᠭᠠᠷ ᠠᠩᠬᠢᠯᠠᠯ ᠨᠡᠬᠡᠬᠡᠯᠳᠡᠲᠦ ᠬᠦᠭᠵᠢᠯᠲᠡ ᠶᠢ ᠪᠠᠷᠢᠮᠳᠠᠯᠠᠵᠦ ᠭᠠᠳᠠᠭᠠᠳᠤ ᠯᠤᠭ᠎ᠠ ᠬᠠᠮᠵᠢᠯᠴᠠᠬᠤ | ᠳᠦᠪᠰᠢᠨ ᠢᠶᠠᠨ ᠳᠡᠬᠡᠭᠰᠢᠯᠡᠬᠦᠯᠦᠨ᠎ᠠ | ᠬᠤᠷᠢᠨ ᠬᠤᠶᠠᠳᠤᠭᠠᠷ ᠪᠦᠯᠦᠭ ᠭᠠᠳᠠᠭᠠᠳᠤ ᠨᠡᠬᠡᠬᠡᠯᠳᠡ ᠪᠠᠨ ᠦᠷᠬᠡᠳᠬᠡᠨ᠎ᠠ | ᠨᠢᠬᠡᠳᠦᠬᠡᠷ ᠬᠡᠰᠡᠭ ︽ᠨᠢᠬᠡ ᠪᠦᠰᠡ ᠨᠢᠬᠡ ᠵᠠᠮ ︾ ᠤᠨ ᠪᠦᠳᠦᠬᠡᠨ ᠪᠠᠶᠢᠭᠤᠯᠤᠯᠳᠠ ᠳᠤ ᠢᠳᠡᠪᠬᠢᠳᠡᠢ | ᠤᠷᠤᠯᠴᠠᠨ᠎ᠠ | ᠬᠠᠮᠳᠤᠪᠠᠷ ᠵᠦᠪᠯᠡᠵᠦ ᠬᠠᠮᠳᠤᠪᠠᠷ ᠪᠠᠶᠢᠭᠤᠯᠵᠦ ᠬᠠᠮᠳᠤᠪᠠᠷ ᠡᠳ᠋ᠯᠡᠬᠦ ᠵᠡᠷᠴᠢᠮ ᠢ ᠪᠠᠷᠢᠮᠳᠠᠯᠠᠵᠦ᠂ ︽ᠨᠢᠬᠡ | ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠲᠠᠢ ᠪᠠᠷ ᠤᠷᠤᠯᠴᠠᠨ᠎ᠠ᠃ | ᠬᠠᠮᠳᠤᠷᠠᠯᠴᠠᠬᠤ ᠳᠤᠬᠳᠠᠴᠠ ᠳ᠋ᠦᠰᠢᠨᠠ ᠶᠢ ᠡᠬᠦᠳᠴᠤ᠂ ᠠᠵᠤ ᠠᠬᠤᠢᠢᠯᠠᠯ ᠢᠶᠠᠷ ᠭᠤᠤᠯ ᠴᠤᠬᠴᠠ ᠪᠤᠯᠭᠠᠵᠦ᠂ | ᠵᠠᠬ᠎ᠠ ᠳᠡᠯᠬᠡᠬᠦᠷᠵᠢᠭᠦ ᠠᠵᠢᠯᠯᠠᠭ᠎ᠠ ᠶᠢ ᠬᠡᠷᠡᠭᠵᠢᠬᠦᠯᠵᠦ᠂ ᠵᠤᠭᠠᠴᠠᠯ᠂ ᠳᠠᠷᠢᠶᠠᠯᠠᠩ ᠤᠨ ᠪᠦᠳᠦᠬᠡᠭᠳᠡᠬᠦᠨ ᠮᠠᠯ ᠤᠨ | ᠠᠰᠢᠬ ᠰᠢᠮ᠎ᠠ ᠶᠢᠨ ᠡᠳ᠋ᠰᠢᠬᠦᠯᠦᠯᠳᠡ᠂ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠬᠦᠢᠯᠬᠡᠬᠡ᠂ ᠠᠭᠤᠷᠬᠠᠢ ᠶᠢᠨ | ᠭᠠᠷᠤᠯᠳᠠ ᠶᠢ ᠨᠡᠬᠡᠬᠡᠨ ᠠᠰᠢᠬᠯᠠᠬᠤ ᠵᠡᠷᠬᠡ ᠠᠵᠤ ᠠᠬᠤᠢᠢᠯᠠᠯ ᠤᠨ ᠭᠠᠳᠠᠬᠰᠢ ᠭᠠᠷᠬᠤ ᠶᠢ ᠳᠡᠮᠵᠢᠵᠦ᠂ ᠮᠤᠩᠭᠤᠯ | ᠤᠯᠤᠰ᠂ ᠤᠷᠤᠰ᠂ ᠺᠤᠷᠢᠶᠠ ᠪᠤᠯᠤᠨ ᠶᠠᠫᠤᠨ᠂ ᠵᠡᠬᠦᠨ ᠡᠮᠤᠨᠡᠳᠦ ᠠᠽᠢᠶ᠎ᠠ ᠵᠡᠷᠬᠡ ᠭᠠᠵᠠᠷ ᠤᠷᠤᠨ ᠯᠤᠭ᠎ᠠ ᠰᠤᠷᠭᠠᠨ | ᠬᠦᠮᠦᠵᠢᠯ᠂ ᠰᠢᠨᠵᠢᠯᠡᠬᠦ ᠤᠬᠠᠭᠠᠨ ᠮᠡᠷᠬᠡᠵᠢᠯ᠂ ᠰᠤᠶᠤᠯ᠂ ᠵᠤᠭᠠᠴᠠᠯ᠂ ᠡᠷᠡᠬᠦᠯ ᠬᠠᠮᠠᠭᠠᠯᠠᠯ᠂ ᠤᠷᠴᠢᠨ | ᠳᠤᠭᠤᠷᠢᠨ ᠤ ᠬᠠᠮᠠᠭᠠᠯᠠᠯᠳᠠ ᠵᠡᠷᠬᠡ ᠬᠦᠷᠢᠶᠡᠨ ᠳᠤ ᠦᠷᠬᠡᠨ ᠳᠡᠯᠬᠡᠷ ᠬᠠᠮᠳᠤᠷᠠᠯᠴᠠᠭ᠎ᠠ ᠬᠢᠵᠦ᠂ ᠳᠡᠯᠡᠬᠡᠢ ᠳ᠋ᠡᠬᠢᠨ ᠤ | ᠦᠢᠯᠡᠳᠪᠤᠷᠢᠯᠡᠯ ᠤᠨ ᠴᠢᠳᠠᠪᠤᠷᠢ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠦ᠂ ᠠᠷᠠᠯᠵᠢᠶᠠᠨ ᠤ ᠰᠠᠭᠠᠳ | ᠦᠬᠡᠢ ᠶᠠᠪᠤᠬᠳᠠᠬᠤ ᠶᠢ ᠠᠬᠢᠭᠤᠯᠤᠨ᠎ᠠ᠃ | ᠬᠤᠶᠠᠳᠤᠭᠠᠷ ᠬᠡᠰᠡᠭ ᠳᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠳᠦᠬᠡᠨ | ᠪᠠᠶᠢᠭᠤᠯᠤᠯᠳᠠ ᠳᠤ ᠬᠦᠨᠵᠡᠬᠡᠢ ᠠᠭᠤᠰᠤᠯᠴᠠᠨ᠎ᠠ | ᠮᠤᠩᠭᠤᠯ ᠤᠯᠤᠰ ᠢᠶᠠᠷ ᠭᠤᠤᠯ ᠪᠤᠯᠭᠠᠵᠦ᠂ ᠤᠷᠤᠰ ᠮᠤᠩᠭᠤᠯ ᠬᠤᠶᠠᠷ ᠤᠯᠤᠰ ᠯᠤᠭ᠎ᠠ ᠶᠢᠨ | ᠬᠠᠮᠳᠤᠷᠠᠯᠴᠠᠭ᠎ᠠ ᠪᠠᠨ ᠳᠦᠷᠬᠡᠳᠬᠡᠵᠦ᠂ ᠷᠠᠰᠢᠶᠠᠨ ᠢᠶᠠᠷ ᠭᠤᠤᠯ ᠪᠤᠯᠭᠠᠬᠰᠠᠨ ᠨᠡᠬᠡᠬᠡᠡ ᠠᠰᠢᠬᠯᠠᠬᠤ ᠳᠤᠷᠰᠢᠯᠳᠠ ᠶᠢᠨ | ᠤᠷᠤᠨ ᠢ ᠪᠠᠶᠢᠭᠤᠯᠵᠦ᠂ ᠤᠮᠠᠷᠠᠰᠢ ᠨᠡᠬᠡᠬᠡᠯᠳᠡ ᠬᠢᠬᠦ ᠴᠢᠬᠤᠯᠠ ᠴᠤᠩᠬᠤᠪᠴᠢ ᠶᠢ ᠬᠦᠴᠦᠯᠡᠨ ᠪᠠᠶᠢᠭᠤᠯᠤᠨ᠎ᠠ᠃ | ᠮᠤᠩᠭᠤᠯ ᠤᠯᠤᠰ ᠤᠨ ᠭᠤᠤᠯ ᠬᠤᠳᠠ᠂ ᠠᠵᠦ ᠦᠢᠯᠡᠰ ᠤᠨ ᠬᠦᠷᠢᠶᠡᠯᠡᠩ ᠳᠤᠭᠤᠷᠢᠬ᠂ ᠭᠤᠤᠯᠳᠠᠯᠭ᠎ᠠ ᠲᠠᠢ | ᠠᠭᠤᠷᠬᠠᠢ ᠶᠢᠨ ᠤᠷᠤᠨ ᠯᠤᠭ᠎ᠠ ᠶᠢᠨ ᠬᠢᠯᠢ ᠳᠠᠪᠠᠭᠰᠠᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ | ᠠᠬᠢᠭᠤᠯᠵᠦ᠂ ᠷᠠᠰᠢᠶᠠᠨ — ᠴᠦᠢᠪᠠᠯᠰᠠᠩ ᠬᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢ | ᠬᠤᠭᠤᠴᠠᠭ᠎ᠠ ᠬᠤᠪᠢᠶᠠᠨ ᠬᠡᠷᠡᠭᠵᠢᠬᠦᠯᠵᠦ᠂ ᠷᠠᠰᠢᠶᠠᠨ — ᠴᠦᠢᠪᠡᠯᠰᠡᠩ ᠬᠦᠷᠬᠦ ᠳᠡᠮᠤᠷ ᠵᠠᠮ ᠤᠨ ᠪᠦᠳᠦᠬᠡᠨ | ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠤᠯᠠᠭᠠᠨᠬᠤᠳᠠ ᠪᠤᠯᠤᠨ ᠷᠠᠰᠢᠶᠠᠨ ᠤ ᠨᠢᠰᠬᠡᠯ ᠤᠨ ᠪᠠᠭᠤᠳᠠᠯ ᠠᠴᠠ | ᠮᠤᠩᠭᠤᠯ ᠤᠯᠤᠰ᠂ ᠤᠷᠤᠰ ᠬᠦᠷᠬᠦ ᠤᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠨᠡᠪᠳᠡᠷᠡᠬᠦᠯᠦᠨ᠎ᠡ᠃ | ᠳᠡᠮᠤᠷ ᠵᠠᠮ ᠤᠨ ᠰᠠᠭᠤᠷᠢ ᠳᠦᠬᠦᠬᠡᠷᠦᠮᠵᠢ ᠶᠢᠨ ᠬᠤᠯᠪᠤᠯᠴᠠᠵᠦ ᠨᠡᠪᠳᠡᠷᠡᠯᠴᠡᠬᠦ ᠶᠢ ᠠᠬᠢᠭᠤᠯᠵᠦ᠂ ᠪᠠᠷᠠᠭᠤᠨᠰᠢ ᠤᠷᠤᠰ | ᠮᠤᠩᠭᠤᠯ ᠢ ᠵᠠᠯᠭᠠᠬᠰᠠᠨ᠂ ᠵᠡᠬᠦᠨᠰᠢ ︽ᠴᠠᠩᠴᠦ᠋ᠨ ᠬᠢᠷᠢᠨ ᠳᠦᠮᠡᠨᠵᠢᠶᠠᠩ︾ ᠵᠡᠷᠬᠡ ᠨᠡᠬᠡᠬᠡᠨ ᠬᠦᠭᠵᠢᠬᠦᠯᠵᠦ | ᠴᠢᠯᠤᠬᠡᠳᠡᠢ ᠶᠠᠪᠤᠯᠴᠠᠬᠤ ᠵᠠᠮ ᠬᠠᠷᠢᠯᠴᠠᠭᠠᠨ ᠤ ᠤᠷᠤᠨ ᠢ ᠬᠤᠯᠪᠤᠬᠰᠠᠨ ᠰᠢᠨ᠎ᠡ ᠡᠸᠦ᠋ᠷᠦᠫᠠ ᠠᠽᠢᠶ᠎ᠠ ᠶᠢᠨ ᠳᠤᠮᠤ | ᠬᠦᠬᠦᠷᠬᠡ ᠶᠢ ᠪᠦᠷᠢᠯᠳᠦᠬᠦᠯᠦᠨ᠎ᠠ᠃ ᠬᠤᠭᠤᠴᠠᠭ᠎ᠠ ᠬᠤᠪᠢᠶᠠᠵᠦ ᠪᠠᠶᠢᠭᠠᠳ ᠷᠠᠰᠢᠶᠠᠨ ᠪᠤᠭᠤᠮᠳᠠ ᠶᠢ ᠠᠮᠢ | ᠠᠬᠤᠢ ᠶᠢᠨ ᠵᠤᠭᠠᠴᠠᠯ ᠤᠨ ᠪᠤᠭᠤᠮᠳᠠ᠂ ᠭᠠᠳᠠᠭᠠᠳᠤ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠡᠬᠢ | ᠪᠠᠶᠠᠯᠢᠬ ᠤᠨ ᠦᠢᠯᠡᠳᠬᠦᠨ ᠢ ᠡᠳ᠋ᠰᠢᠬᠦᠯᠦᠨ ᠤᠨᠳᠤᠤᠰᠢᠭᠤᠯᠬᠤ ᠰᠠᠭᠤᠷᠢᠨ ᠪᠠ ᠤᠯᠠᠨ ᠤᠯᠤᠰ ᠤᠨ ᠡᠳ᠋ | ᠪᠠᠷᠠᠭᠠᠨ ᠤ ᠬᠦᠢᠯᠬᠡᠬᠡᠨ ᠤ ᠰᠠᠭᠤᠷᠢᠨ ᠪᠤᠯᠭᠠᠨ ᠪᠠᠶᠢᠷᠢ ᠳᠤᠬᠳᠠᠭᠠᠵᠦ᠂ ᠬᠠᠭᠤᠷᠠᠢ ᠳᠠᠬᠢ ᠭᠠᠷᠠᠮ ᠤᠨ ᠤᠷᠤᠨ᠂ | ᠭᠠᠶᠢᠯᠢ ᠪᠠᠳᠤᠯᠠᠬᠤ ᠤᠷᠤᠨ᠂ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠡᠯᠩ ᠳᠤᠭᠤᠷᠢᠬ᠂ ᠵᠤᠭᠠᠴᠠᠯ ᠰᠤᠶᠤᠯ | ᠴᠡᠩᠬᠡᠯ ᠤᠨ ᠤᠷᠤᠨ ᠂ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠤ ᠡᠬᠢ ᠪᠠᠶᠠᠯᠢᠬ ᠤᠨ | ᠦᠢᠯᠡᠳᠬᠦᠨ ᠢ ᠡᠳ᠋ᠰᠢᠬᠦᠯᠬᠦ ᠬᠦᠷᠢᠶᠡᠡᠯᠩ ᠳᠤᠭᠤᠷᠢᠬ᠂ ᠵᠠᠬ᠎ᠠ ᠶᠢᠨ ᠠᠷᠠᠯᠵᠢᠶᠠᠨ ᠤ ᠤᠷᠤᠨ᠂ ᠬᠢᠯᠢ ᠳᠠᠪᠠᠭᠰᠠᠨ | ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ ᠳᠤᠮᠳᠠᠳᠤ ᠮᠤᠩᠭᠤᠯ ᠤᠨ ᠬᠢᠯᠢ ᠶᠢᠨ ᠴᠢᠯᠦᠬᠡᠳᠦ ᠠᠷᠠᠯᠵᠢᠶᠠᠨ ᠤ | ᠤᠷᠤᠨ ᠵᠡᠷᠬᠡ ᠴᠢᠳᠠᠮᠵᠢᠳᠦ ᠤᠷᠤᠨ ᠪᠤᠯᠭᠠᠨ ᠪᠦᠳᠦᠬᠡᠨ ᠪᠠᠶᠢᠭᠤᠯᠤᠨ᠎ᠠ᠃ | ᠬᠤᠷᠢᠨ ᠭᠤᠷᠪᠠᠳᠤᠭᠠᠷ ᠪᠦᠯᠦᠭ ᠤᠯᠤᠰ ᠤᠨ ᠳᠤᠳᠤᠭᠠᠳᠤ ᠶᠢᠨ ᠤᠷᠤᠨ ᠪᠦᠰᠡ ᠶᠢᠨ ᠬᠠᠮᠳᠤᠷᠠᠴᠠᠭᠠ ᠶᠢ | ᠬᠦᠨᠵᠡᠬᠡᠶᠢᠷᠡᠬᠦᠯᠦᠨ᠎ᠠ | ᠨᠢᠬᠡᠳᠦᠬᠡᠷ ᠬᠡᠰᠡᠭ ᠬᠤᠤᠯᠢᠨ ᠭᠤᠤᠯ ᠤᠯᠠᠭᠠᠢ ᠬᠠᠷᠠᠨᠠᠭᠤᠷ ᠤᠨ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠦᠨ᠎ᠠ | ᠳᠦᠩᠯᠢᠶᠤᠤ ᠬᠤᠳᠠ ᠪᠤᠯᠤᠨ ᠰᠢᠯᠢ ᠶᠢᠨ ᠭᠤᠤᠯ ᠠᠶᠢᠮᠠᠬ ᠲᠠᠢ ᠵᠤᠬᠢᠴᠠᠭᠤᠯᠭ᠎ᠠ ᠬᠢᠵᠦ ᠪᠠᠶᠢᠭᠠᠳ᠂ | ᠮᠠᠨ ᠤ ᠠᠶᠢᠮᠠᠬ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠠᠨᠠᠭᠤᠷ ᠰᠤᠮᠤ ᠪᠠᠷ ᠳᠦᠪ | ᠪᠤᠯᠭᠠᠬᠰᠠᠨ ᠭᠠᠵᠠᠷ ᠤᠷᠤᠨ ᠤ ᠳᠦᠩᠯᠢᠶᠤᠤ ᠬᠤᠳᠠ ᠶᠢᠨ ᠬᠤᠤᠯᠢᠨ ᠭᠤᠤᠯ ᠬᠤᠳᠠ᠂ ᠰᠢᠯᠢ ᠶᠢᠨ ᠭᠤᠤᠯ | ᠠᠶᠢᠮᠠᠬ ᠤᠨ ᠵᠡᠬᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠳᠠ ᠶᠢᠨ | ᠤᠷᠤᠨ ᠯᠤᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠵᠦ᠂ ᠬᠠᠮᠵᠢᠯᠴᠠᠵᠦ ᠪᠠᠶᠢᠭᠠᠳ ︽ᠬᠤᠤᠯᠢᠨ ᠭᠤᠤᠯ ᠤᠯᠠᠭᠠᠢ | ᠬᠠᠷᠠᠨᠠᠭᠤᠷ ᠠᠵᠤ ᠠᠬᠤᠢ ᠶᠢᠨ ᠤᠷᠤᠨ︾ ᠶᠢ ᠬᠠᠮᠳᠤᠪᠠᠷ ᠪᠠᠶᠢᠭᠤᠯᠵᠦ᠂ ︽ᠤᠰᠤ ᠨᠡᠬᠦᠷᠡᠰᠦ ᠶᠢ ᠬᠠᠷᠢᠯᠴᠠᠨ | ᠨᠦᠬᠦᠪᠦᠷᠢᠯᠡᠬᠦ︾ ᠬᠠᠮᠵᠢᠯᠴᠠᠨ ᠬᠦᠭᠵᠢᠬᠦᠯᠬᠦ ᠳᠤᠬᠳᠠᠴᠠ ᠶᠢ ᠪᠠᠶᠢᠭᠤᠯᠵᠦ᠂ ᠡᠬᠢ ᠪᠠᠶᠠᠯᠢᠬ ᠤᠨ ᠴᠢᠬᠤᠯᠠ | ᠡᠯᠧᠮᠧᠨ᠋ᠲ ᠢ ᠨᠢᠬᠡᠳᠦᠯᠳᠡᠢ ᠳᠦᠯᠦᠪᠵᠢᠬᠦᠯᠦᠨ ᠳᠤᠬᠢᠷᠠᠭᠤᠯᠵᠦ᠂ ᠴᠡᠪᠡᠷ ᠡᠨᠧᠷᠬᠢ᠂ ᠰᠢᠨ᠎ᠠ ᠮᠠᠶ᠋ᠢᠬ ᠤᠨ ᠨᠡᠬᠦᠷᠡᠰᠦ | ᠬᠢᠮᠢ ᠶᠢᠨ ᠠᠵᠤ ᠦᠢᠯᠡᠳᠪᠤᠷᠢ᠂ ᠪᠤᠬᠢᠷᠳᠤᠯ ᠦᠬᠡᠢ ᠳᠠᠷᠢᠶᠠᠠᠯᠩ ᠤᠨ ᠪᠦᠳᠦᠬᠡᠭᠳᠡᠬᠦᠨ ᠮᠠᠯ ᠤᠨ ᠠᠰᠢᠬ ᠰᠢᠮ᠎ᠠ ᠶᠢᠨ | ᠦᠢᠯᠡᠳᠪᠤᠷᠢᠯᠡᠯ ᠡᠳ᠋ᠰᠢᠬᠦᠯᠦᠯᠳᠠ᠂ ᠰᠤᠶᠤᠯ ᠵᠤᠭᠠᠴᠠᠯ ᠵᠡᠷᠬᠡ ᠠᠵᠦ ᠦᠢᠯᠡᠰ ᠤᠨ ᠳᠤᠭᠤᠷᠢᠨ ᠳᠤ᠂ ᠦᠪᠦᠷ | ᠮᠤᠩᠭᠤᠯ ᠤᠨ ᠵᠡᠬᠦᠨ ᠬᠡᠰᠡᠭ ᠤᠨ ᠭᠠᠵᠠᠷ ᠤᠷᠤᠨ ᠤ ᠠᠵᠤ ᠠᠬᠤᠢ ᠶᠢᠨ ᠨᠡᠮᠡᠭᠳᠡᠯ ᠤᠨ ᠳᠦᠢᠯ ᠤᠨ ᠤᠷᠤᠨ ᠢ | ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠮ ᠬᠠᠷᠢᠯᠴᠠᠭᠠᠨ ᠤ ᠰᠠᠭᠤᠷᠢ ᠳᠦᠬᠦᠬᠡᠷᠦᠮᠵᠢ᠂ ᠠᠵᠦ ᠦᠢᠯᠡᠰ ᠤᠨ | ᠬᠦᠷᠢᠶᠡᠯᠡᠩ ᠳᠤᠭᠤᠷᠢᠬ᠂ ᠬᠤᠳᠠᠯᠳᠤᠭ᠎ᠠ ᠠᠷᠠᠯᠵᠢᠶᠠᠨ ᠤ ᠡᠳ᠋ ᠪᠠᠷᠠᠭᠠᠨ ᠤ ᠬᠦᠢᠯᠬᠡᠬᠡ᠂ ᠮᠡᠷᠬᠡᠵᠢᠯ ᠤᠨ ᠰᠢᠨ᠎ᠠ | ᠡᠬᠦᠳᠦᠯᠳᠡ᠂ ᠴᠢᠳᠠᠪᠤᠷᠢᠳᠡᠨ ᠤ ᠬᠦᠮᠦᠵᠢᠬᠦᠯᠦᠯᠳᠡ ᠵᠡᠷᠬᠡ ᠳᠠᠯ᠎ᠠ ᠶᠢᠨ ᠬᠠᠮᠳᠤᠷᠠᠯᠴᠠᠭᠠᠨ ᠤ ᠳᠤᠬᠳᠠᠴᠠ ᠶᠢ | ᠳᠦᠷᠬᠡᠨ ᠪᠠᠶᠢᠭᠤᠯᠵᠦ᠂ ︽ᠬᠤᠤᠯᠢᠨ ᠭᠤᠤᠯ ᠤᠯᠠᠭᠠᠢ ᠬᠠᠷᠠᠨᠠᠭᠤᠷ ᠠᠵᠤ ᠠᠬᠤᠢ ᠶᠢᠨ ᠤᠷᠤᠨ︾ ᠤ ᠠᠵᠦ | ᠦᠢᠯᠡᠰ ᠢᠶᠠᠨ ᠠᠭᠤᠰᠤᠯᠴᠠᠭᠤᠯᠬᠤ᠂ ᠳᠦᠬᠦᠬᠡᠷᠦᠮᠵᠢ ᠪᠠᠨ ᠬᠠᠮᠳᠤᠪᠠᠷ ᠡᠳ᠋ᠯᠡᠬᠦ᠂ ᠠᠶᠤᠯ ᠳᠦᠭᠰᠢᠬᠦᠷᠢ ᠶᠢ | ᠬᠠᠮᠳᠤ ᠪᠠᠷ ᠡᠬᠦᠷᠬᠡᠯᠡᠬᠦ ᠬᠠᠮᠵᠢᠯᠴᠠᠨ ᠬᠦᠭᠵᠢᠬᠦ ᠪᠠᠶᠢᠷᠢᠰᠢᠯ ᠢ ᠴᠤᠬᠴᠠᠯᠠᠨ ᠪᠠᠶᠢᠭᠤᠯᠤᠨ᠎ᠠ᠃ | ᠬᠤᠶᠠᠳᠤᠭᠠᠷ ᠬᠡᠰᠡᠭ ᠬᠢᠩᠭᠠᠨ ᠠᠶᠢᠮᠠᠭ ᠪᠠᠶᠢᠴᠧᠩ ᠴᠢᠴᠢᠬᠠᠷ ᠤᠨ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠦᠨ᠎ᠠ | ᠨᠢᠬᠡ ᠴᠤᠬᠴᠠᠵᠢᠭᠤᠯᠤᠨ ᠬᠦᠭᠵᠢᠬᠦᠯᠬᠦ᠂ ᠬᠠᠮᠵᠢᠯᠴᠠᠨ ᠴᠤᠬᠴᠠᠯᠠᠵᠦ ᠪᠠᠶᠢᠭᠤᠯᠬᠤ ᠱᠠᠭᠠᠷᠳᠠᠯᠭ᠎ᠠ ᠶᠤᠰᠤᠭᠠᠷ | ᠂ ᠬᠢᠩᠭᠠᠨ ᠠᠶᠢᠮᠠᠬ᠂ ᠪᠠᠶᠢᠴᠧᠩ᠂ ᠴᠢᠴᠢᠬᠠᠷ ᠭᠤᠷᠪᠠᠨ ᠠᠶᠢᠮᠠᠬ ᠬᠤᠳᠠ ᠶᠢᠨ ᠰᠠᠭᠤᠷᠢ ᠳᠦᠬᠦᠬᠡᠷᠦᠮᠵᠢ ᠶᠢᠨ | ᠬᠤᠯᠪᠤᠯᠴᠠᠵᠦ ᠨᠡᠪᠳᠡᠷᠡᠯᠴᠡᠬᠦ᠂ ᠠᠮᠢ ᠠᠬᠤᠢ ᠶᠢᠨ ᠤᠷᠴᠢᠨ ᠳᠤᠭᠤᠷᠢᠨ ᠢ ᠬᠤᠯᠪᠤᠭᠠᠯᠠᠨ ᠰᠡᠷᠬᠡᠶᠢᠯᠵᠦ ᠬᠤᠯᠪᠤᠭᠠᠯᠠᠨ | ᠵᠠᠰᠠᠬᠤ᠂ ᠠᠵᠦ ᠦᠢᠯᠡᠰ ᠤᠨ ᠬᠦᠭᠵᠢᠯᠳᠡ ᠶᠢᠨ ᠳᠠᠯ᠎ᠠ ᠪᠠᠷ ᠠᠵᠢᠯ ᠬᠤᠪᠢᠶᠠᠨ ᠬᠠᠮᠵᠢᠯᠴᠠᠬᠤ᠂ ᠬᠤᠳᠠ | ᠪᠠᠯᠭᠠᠰᠤᠨ ᠤ ᠰᠢᠰᠲ᠋ᠧᠮ ᠤᠨ ᠬᠠᠮᠳᠤᠷᠠᠯᠴᠠᠭ᠎ᠠ ᠶᠢ ᠬᠠᠮᠳᠤᠷᠠᠨ ᠪᠠᠶᠢᠭᠤᠯᠬᠤ᠂ ᠦᠨᠳᠦᠰᠦᠨ ᠤᠯᠠᠨ ᠨᠡᠶᠢᠳᠡ ᠶᠢᠨ | ᠦᠢᠯᠡᠴᠢᠯᠡᠭᠡ ᠶᠢ ᠬᠠᠮᠳᠤᠷᠠᠨ ᠪᠠᠶᠢᠭᠤᠯᠵᠦ ᠬᠠᠮᠳᠤ ᠡᠳ᠋ᠯᠡᠬᠦ ᠵᠡᠷᠬᠡ ᠬᠦᠷᠢᠶᠡᠨ ᠤ ᠬᠠᠮᠳᠤᠷᠠᠯᠴᠠᠭ᠎ᠠ ᠶᠢ ᠬᠦᠴᠦᠯᠡᠨ | ᠠᠬᠢᠭᠤᠯᠤᠨ᠎ᠠ᠃ ᠤᠷᠤᠨ ᠪᠦᠰᠡ ᠶᠢᠨ ᠵᠤᠬᠢᠴᠠᠭᠤᠯᠭ᠎ᠠ ᠶᠢᠨ ᠳᠤᠬᠳᠠᠴᠠ ᠶᠢ ᠳᠠᠷᠤᠢ ᠳᠦᠷᠬᠡᠨ ᠪᠠᠶᠢᠭᠤᠯᠵᠦ᠂ ︽ | ᠬᠢᠩᠭᠠᠨ ᠪᠠᠶᠢᠴᠧᠩ ᠴᠢᠴᠢᠬᠠᠷ︾ ᠢ ᠳᠤᠭᠤᠷᠢᠬᠰᠠᠨ 3 ᠴᠠᠬ ᠤᠨ ᠵᠠᠰᠠᠮᠠᠯ ᠵᠠᠮ ᠤᠨ ᠴᠠᠭᠠᠷᠢᠬ ᠢ ᠴᠤᠬᠴᠠᠯᠠᠨ | ᠪᠠᠶᠢᠭᠤᠯᠤᠨ᠎ᠠ᠃ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢᠨ | ᠬᠠᠮᠵᠢᠯᠴᠠᠭ᠎ᠠ ᠶᠢ ᠠᠬᠢᠭᠤᠯᠵᠦ᠂ ᠰᠠᠭᠤᠷᠢ ᠳᠦᠬᠦᠬᠡᠷᠦᠮᠵᠢ᠂ ᠠᠮᠢ ᠠᠬᠤᠢ ᠶᠢᠨ ᠤᠷᠴᠢᠨ ᠳᠤᠭᠤᠷᠢᠨ ᠤ | ᠬᠠᠮᠠᠭᠠᠯᠠᠯᠳᠠ ᠵᠡᠷᠬᠡ ᠬᠦᠷᠢᠶᠡᠨ ᠳᠤ ᠡᠩ ᠳᠡᠷᠢᠬᠦᠨ ᠳᠤ ᠰᠢᠪᠳᠦᠯᠤᠯᠳᠠ ᠭᠠᠷᠭᠠᠵᠦ᠂ ᠭᠤᠷᠪᠠᠨ ᠭᠠᠵᠠᠷ ᠤᠷᠤᠨ ᠤ | ᠵᠤᠭᠠᠴᠠᠯ᠂ ᠰᠤᠶᠤᠯ ᠵᠡᠷᠬᠡ ᠠᠵᠤ ᠠᠦ᠋ᠯᠡᠰ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠵᠦ᠂ ᠠᠵᠤ ᠦᠢᠯᠡᠰ ᠤᠨ | ᠬᠦᠭᠵᠢᠯᠳᠡ᠂ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠵᠡᠷᠬᠡ ᠬᠦᠷᠢᠶᠡᠨ ᠳᠤ ᠪᠦᠬᠦ ᠳᠠᠯ᠎ᠠ ᠪᠠᠷ | ᠠᠭᠤᠰᠤᠯᠴᠠᠨ ᠨᠦᠬᠦᠪᠦᠷᠢᠯᠡᠯᠴᠡᠬᠦ᠂ ᠬᠠᠮᠳᠤᠪᠠᠷ ᠪᠠᠶᠢᠭᠤᠯᠵᠦ ᠬᠠᠮᠳᠤᠪᠠᠷ ᠠᠰᠢᠬ ᠬᠦᠷᠳᠡᠬᠦ ᠶᠢ ᠠᠯᠬᠤᠮ | ᠠᠯᠬᠤᠮ ᠢᠶᠠᠷ ᠪᠡᠶᠡᠯᠡᠬᠦᠯᠦᠨ᠎ᠠ᠃ | ᠭᠤᠷᠪᠠᠳᠤᠭᠠᠷ ᠬᠡᠰᠡᠭ ᠤᠯᠤᠰ ᠤᠨ ᠳᠤᠳᠤᠭᠠᠳᠤ ᠶᠢᠨ ᠦᠷᠬᠡᠨ ᠳᠡᠯᠬᠡᠷᠡᠩᠬᠦᠢ ᠬᠠᠮᠳᠤᠷᠠᠯᠴᠠᠭ᠎ᠠ ᠶᠢ | ᠠᠬᠢᠭᠤᠯᠤᠨ᠎ᠠ | ᠤᠯᠤᠰ ᠤᠨ ᠳᠤᠳᠤᠭᠠᠳᠤᠬᠢ ᠤᠷᠤᠨ ᠪᠦᠰᠡ ᠶᠢᠨ ᠬᠠᠮᠳᠤᠷᠠᠯᠴᠠᠭ᠎ᠠ ᠶᠢ ᠠᠬᠢᠭᠤᠯᠤᠨ᠎ᠠ᠃ ᠬᠠᠷᠠᠮᠦ᠋ᠷᠡᠨ | ᠬᠢᠷᠢᠨ ᠯᠢᠶᠤᠤᠨᠢᠩ᠂ ᠪᠡᠬᠡᠵᠢᠩ ᠳᠢᠶᠡᠨᠵᠢᠨ ᠡᡁᠧᠪᠸᠢ ᠵᠡᠷᠬᠡ ᠭᠠᠵᠠᠷ ᠤᠷᠤᠨ ᠤ ᠳᠡᠮᠤᠷ ᠵᠠᠮ᠂ ᠠᠭᠠᠷ ᠤᠨ ᠠᠶᠠᠯᠠᠯ | ᠂ ᠵᠠᠰᠠᠮᠠᠯ ᠵᠠᠮ᠂ ᠤᠰᠤᠨ ᠵᠠᠮ᠂ ᠬᠤᠭᠤᠯᠠᠢ ᠵᠡᠷᠬᠡ ᠵᠦᠬᠡᠬᠡᠪᠤᠷᠢ ᠶᠢᠨ ᠠᠷᠭ᠎ᠠ ᠬᠡᠯᠪᠡᠷᠢ ᠪᠦᠬᠦᠨ ᠢ | ᠵᠤᠯᠭᠠᠯᠴᠠᠭᠤᠯᠬᠤ ᠶᠢ ᠴᠢᠩᠭᠠᠳᠬᠠᠨ᠎ᠠ᠃ ᠴᠠᠬᠢᠯᠭᠠᠨ ᠬᠦᠴᠦ ᠶᠢ ᠭᠠᠳᠠᠬᠰᠢ ᠭᠠᠷᠭᠠᠬᠤ ᠵᠠᠮ ᠰᠤᠪᠠᠬ ᠢ ᠢᠳᠡᠪᠬᠢᠳᠡᠢ | ᠪᠠᠶᠢᠭᠤᠯᠵᠦ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠭᠤᠤᠯ ᠱᠤᠭᠤᠮ ᠤᠨ ᠬᠤᠭᠤᠯᠠᠢ ᠶᠢᠨ ᠳᠤᠤᠷ ᠪᠤᠯᠤᠨ ᠢᠵᠢ | ᠪᠦᠷᠢᠳᠦᠬᠦᠯᠬᠦ ᠳᠦᠬᠦᠬᠡᠷᠦᠮᠵᠢ ᠶᠢ ᠳᠦᠷᠬᠡᠨ ᠨᠢᠬᠡᠳᠦᠯᠳᠡᠢ ᠳᠦᠯᠦᠪᠵᠢᠬᠦᠯᠤᠨ ᠪᠠᠶᠢᠭᠤᠯᠵᠦ᠂ ᠬᠢᠩᠭᠠᠨ | ᠠᠶᠢᠮᠠᠬ ᠢᠶᠠᠨ ᠵᠡᠬᠦᠨ ᠬᠤᠶᠢᠳᠤ ᠤᠷᠤᠨ᠂ ᠪᠦᠸᠧᠬᠠᠢ ᠳᠠᠩᠬᠢᠰ ᠳᠠᠭᠠᠤ ᠤᠷᠤᠨ ᠳᠤ ᠬᠠᠨᠳᠤᠭᠤᠯᠤᠬᠰᠠᠨ ᠴᠡᠪᠡᠷ | ᠡᠨᠧᠷᠬᠢ ᠭᠠᠷᠭᠠᠬᠤ ᠰᠠᠭᠤᠷᠢᠨ ᠪᠤᠯᠭᠠᠨ ᠪᠦᠳᠤᠬᠡᠨ ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠠᠩ | ᠳᠤᠭᠤᠷᠢᠬ ᠢ ᠬᠠᠮᠳᠤᠪᠠᠷ ᠪᠠᠶᠢᠭᠤᠯᠬᠤ ᠠᠵᠢᠯ ᠢ ᠴᠢᠩᠭᠠᠳᠬᠠᠵᠦ᠂ ᠪᠦᠸᠧᠬᠠᠢ ᠳᠠᠩᠬᠢᠰ ᠳᠠᠭᠠᠤ ᠤᠷᠤᠨ ᠤ ᠠᠵᠦ | ᠦᠢᠯᠡᠰ ᠤᠨ ᠬᠤᠪᠢᠶᠠᠷᠢᠯᠠᠯ ᠳᠤ ᠢᠳᠡᠪᠬᠢᠳᠡᠢ ᠤᠷᠤᠯᠴᠠᠵᠦ᠂ ᠵᠡᠬᠦᠨ ᠬᠤᠶᠢᠳᠤ ᠤᠷᠤᠨ ᠪᠤᠯᠤᠨ ᠪᠡᠬᠡᠵᠢᠩ | ᠳᠢᠶᠠᠨᠵᠢᠨ ᠡᡁᠧᠪᠸᠢ ᠵᠡᠷᠬᠡ ᠭᠠᠵᠠᠷ ᠤᠷᠤᠨ ᠤ ᠬᠦᠭᠵᠢᠭᠰᠡᠨ ᠬᠤᠳᠠ ᠶᠢᠨ ᠰᠠᠴᠤᠷᠠᠯᠳᠠ ᠶᠢ ᠬᠦᠯᠢᠶᠡᠨ ᠠᠪᠴᠤ᠂ | ᠮᠠᠰᠢᠨ ᠳᠡᠷᠬᠡᠨ ᠤ ᠰᠡᠯᠪᠢᠭ ᠳᠤᠨᠤᠬ ᠢ ᠢᠵᠢ ᠪᠦᠷᠢᠳᠦᠬᠦᠯᠬᠦ ᠠᠵᠤ ᠦᠢᠯᠡᠰ᠂ ᠳᠠᠷᠢᠶᠠᠯᠠᠩ ᠤᠨ ᠮᠠᠰᠢᠨ ᠬᠡᠷᠡᠭᠰᠡᠯ | ᠦᠢᠯᠡᠳᠬᠦ ᠦᠢᠯᠡᠰ ᠵᠡᠷᠬᠡ ᠳᠠᠯ᠎ᠠ ᠶᠢᠨ ᠬᠦᠨ ᠬᠠᠮᠳᠤᠷᠠᠯᠴᠠᠭ᠎ᠠ ᠶᠢ ᠭᠤᠤᠯᠳᠠᠯᠭ᠎ᠠ ᠲᠠᠢ ᠴᠢᠩᠭᠠᠳᠬᠠᠵᠦ᠂ | ᠳᠤᠰᠬᠠᠢᠢᠵᠢᠬᠰᠠᠨ ᠢᠵᠢ ᠪᠦᠷᠢᠳᠦᠬᠦᠯᠬᠦ ᠠᠵᠤ ᠦᠢᠯᠡᠰ ᠤᠨ ᠪᠦᠬᠡᠮᠨᠡᠷᠡᠭᠰᠡᠨ ᠬᠦᠭᠵᠢᠯᠳᠡ ᠶᠢ ᠪᠦᠷᠢᠯᠳᠦᠬᠦᠯᠦᠨ᠎ᠠ᠃ | ︽ᠶᠡᠭᠡ ᠵᠡᠬᠦᠨ ᠬᠤᠶᠢᠳᠦ ᠶᠢᠨ ᠰᠠᠭᠠᠳ ᠦᠬᠡᠢ ᠵᠤᠭᠠᠴᠠᠬᠤ ᠤᠷᠤᠨ ᠤ ᠠᠵᠢᠯᠯᠠᠭᠠᠨ ᠤ ᠳᠦᠯᠦᠪᠯᠡᠭᠡ ᠶᠢ ᠬᠠᠮᠳᠤᠪᠠᠷ | ᠪᠠᠶᠢᠭᠤᠯᠬᠤ︾ ᠠᠵᠢᠯᠯᠠᠭ᠎ᠠ ᠳᠤ ᠤᠷᠤᠯᠴᠠᠵᠦ᠂ ᠶᠡᠭᠡ ᠵᠡᠬᠦᠨ ᠬᠤᠶᠢᠳᠤ ᠶᠢᠨ ᠰᠤᠳᠤᠨ ᠵᠤᠭᠠᠴᠠᠯ ᠤᠨ ᠱᠤᠭᠤᠮ ᠢ | ᠬᠠᠮᠳᠤᠪᠠᠷ ᠪᠠᠶᠢᠭᠤᠯᠵᠦ᠂ ᠵᠤᠭᠠᠴᠠᠯ ᠤᠨ ᠠᠵᠦ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ | ᠦᠨᠳᠦᠷ ᠬᠢᠷᠢ ᠳᠦᠪᠰᠢᠨ ᠲᠠᠢ ᠠᠵᠦ ᠦᠢᠯᠡᠰ ᠢ ᠬᠦᠯᠢᠶᠡᠨ ᠠᠪᠬᠤ ᠳᠠᠪᠴᠠᠩ ᠢ ᠪᠠᠶᠢᠭᠤᠯᠤᠨ᠎ᠠ᠃ ᠵᠠᠬ᠎ᠠ | ᠳᠡᠯᠬᠡᠬᠦᠷ ᠢᠶᠠᠷ ᠭᠤᠤᠯᠯᠠᠭᠤᠯᠤᠬᠰᠠᠨ᠂ ᠡᠬᠢ ᠪᠠᠶᠠᠯᠢᠬ ᠢᠶᠠᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠬᠳᠠᠢ | ᠬᠠᠮᠳᠤᠪᠠᠷ ᠠᠰᠢᠬ ᠬᠦᠷᠳᠡᠬᠦ ᠵᠠᠷᠴᠢᠮ ᠢ ᠪᠠᠷᠢᠮᠳᠠᠯᠠᠵᠦ᠂ ᠠᠵᠤ ᠦᠢᠯᠡᠰ ᠢ ᠰᠢᠯᠵᠢᠬᠦᠯᠦᠨ ᠬᠦᠯᠢᠶᠡᠵᠦ ᠠᠪᠬᠤ ᠶᠢ | ᠠᠬᠢᠭᠤᠯᠬᠤ ᠳᠦᠷᠦ ᠶᠢᠨ ᠪᠤᠳᠤᠯᠭ᠎ᠠ ᠶᠢ ᠰᠤᠳᠤᠯᠤᠨ ᠳᠤᠬᠳᠠᠭᠠᠵᠦ᠂ ᠡᠬᠢ ᠪᠠᠶᠠᠯᠢᠬ ᠤᠨ ᠶᠡᠷᠦᠩᠬᠡᠶᠢᠯᠡᠭᠰᠡᠨ | ᠠᠰᠢᠬᠯᠠᠯᠳᠠ ᠂ ᠳᠠᠷᠢᠬᠦᠨ ᠤ ᠦᠢᠯᠡᠳᠬᠦ ᠦᠢᠯᠡᠰ᠂ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠦ᠋ᠯᠡᠰ ᠵᠡᠷᠬᠡ ᠪᠠᠷ | ᠭᠤᠤᠯ ᠪᠤᠯᠭᠠᠵᠦ᠂ ᠨᠦᠬᠦᠴᠡᠯ ᠲᠠᠢ ᠠᠵᠤ ᠦᠢᠯᠡᠳᠪᠤᠷᠢ ᠶᠢᠨ ᠬᠦᠷᠢᠶᠡᠯᠡᠩ ᠳᠤᠭᠤᠷᠢᠬ ᠤᠨ ᠪᠦᠸᠧᠬᠠᠢ ᠳᠠᠩᠬᠢᠰ | ᠳᠠᠭᠠᠤ᠂ ᠬᠦᠬᠡᠮᠦ᠋ᠷᠡᠨ ᠤ ᠭᠤᠷᠪᠠᠯᠵᠢᠨ ᠤᠷᠤᠨ᠂ ᠵᠦᠵᠢᠶᠠᠩ ᠮᠦᠷᠡᠨ ᠤ ᠭᠤᠷᠪᠠᠯᠵᠢᠨ ᠤᠷᠤᠨ ᠯᠤᠭ᠎ᠠ | ᠬᠠᠮᠳᠤᠷᠠᠯᠴᠠᠵᠦ ᠠᠵᠦ ᠦᠢᠯᠡᠰ ᠰᠢᠯᠵᠢᠬᠦᠯᠬᠦ ᠬᠦᠷᠢᠶᠡᠯᠡᠩ ᠳᠤᠭᠤᠷᠢᠬ ᠢ ᠬᠠᠮᠳᠤᠪᠠᠷ ᠪᠠᠶᠢᠭᠤᠯᠬᠤ ᠳᠤ ᠳᠡᠮᠵᠢᠯᠬᠡ | ᠦᠵᠡᠬᠦᠯᠦᠨ᠎ᠠ᠃ ᠬᠤᠳᠠᠯᠳᠤᠭᠠᠴᠢᠨ ᠤᠷᠢᠵᠦ ᠪᠡᠯᠡ ᠮᠦᠩᠬᠦ ᠳᠠᠳᠠᠵᠦ ᠤᠷᠤᠭᠤᠯᠬᠤ ᠠᠵᠢᠯ ᠢ ᠴᠢᠷᠮᠠᠶᠢᠨ | ᠠᠬᠢᠭᠤᠯᠵᠦ᠂ ᠪᠦᠬᠦ ᠤᠯᠤᠰ ᠤᠨ ᠴᠢᠨᠠᠷᠳᠠᠢ ᠳᠤᠮᠤ ᠬᠡᠯᠪᠡᠷᠢ ᠶᠢᠨ ᠪᠡᠯᠡ ᠤᠷᠤᠭᠤᠯᠤᠯᠳᠠ ᠶᠢ ᠠᠬᠢᠭᠤᠯᠬᠤ | ᠳᠠᠪᠴᠠᠩ ᠢ ᠪᠦᠷᠢᠨ ᠬᠦᠢᠴᠡᠳ ᠠᠰᠢᠬᠯᠠᠵᠦ᠂ ᠮᠠᠨ ᠤ ᠠᠶᠢᠮᠠᠬ ᠤᠨ ᠢᠶᠠᠨ ᠪᠡᠯᠡ ᠤᠷᠤᠭᠤᠯᠤᠯᠳᠠ ᠶᠢᠨ ᠤᠷᠴᠢᠨ | ᠳᠤᠭᠤᠷᠢᠨ ᠪᠤᠯᠤᠨ ᠬᠤᠳᠠᠯᠳᠤᠭᠠᠴᠢᠨ ᠤᠷᠢᠬᠤ ᠳᠦᠷᠦᠯ ᠵᠦᠢᠯ ᠢ ᠢᠳᠡᠪᠬᠢᠳᠡᠢ ᠤᠬᠠᠭᠤᠯᠵᠦ᠂ ᠬᠤᠷᠠᠯ | ᠦᠵᠡᠰᠬᠦᠯᠡᠩ ᠤᠨ ᠠᠵᠢᠯᠯᠠᠭᠠᠨ ᠤ ᠬᠤᠷᠠᠮᠠᠯ ᠦᠢᠯᠡᠴᠢᠯᠡᠭᠡ ᠪᠤᠯᠤᠨ ᠬᠡᠪᠴᠢᠶᠡᠵᠢᠭᠰᠡᠨ ᠦᠷ᠎ᠠ ᠠᠰᠢᠬ ᠢ | ᠴᠢᠩᠭᠠᠷᠠᠭᠤᠯᠵᠦ᠂ ᠬᠤᠳᠠᠯᠳᠤᠭᠠᠴᠢᠨ ᠤᠷᠢᠬᠤ ᠪᠦᠳᠦᠮᠵᠢ ᠶᠢᠨ ᠨᠤᠷᠮ᠎ᠠ ᠶᠢ ᠳᠡᠬᠡᠭᠰᠢᠯᠡᠬᠦᠯᠦᠨ᠎ᠠ᠃ | ᠨᠠᠢᠮᠠᠳᠤᠭᠠᠷ ᠠᠩᠬᠢᠯᠠᠯ ᠬᠠᠮᠳᠤᠪᠠᠷ ᠡᠳ᠋ᠯᠡᠬᠦ ᠬᠦᠭᠵᠢᠯᠳᠡ ᠶᠢ ᠪᠠᠷᠢᠮᠳᠠᠯᠠᠵᠦ ᠠᠷᠠᠳ ᠳᠦᠮᠡᠨ ᠤ ᠠᠵᠠ | ᠵᠢᠷᠭᠠᠯ ᠢ ᠳᠠᠰᠤᠷᠠᠯᠳᠠ ᠦᠬᠡᠢ ᠨᠡᠮᠡᠭᠳᠡᠬᠦᠯᠦᠨ᠎ᠠ | ᠬᠤᠷᠢᠨ ᠳᠦᠷᠪᠡᠳᠦᠬᠡᠷ ᠪᠦᠯᠦᠭ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠢᠨᠵᠧᠨᠧᠷᠢᠩ ᠢ ᠬᠡᠷᠡᠭᠵᠢᠬᠦᠯᠦᠨ᠎ᠠ | ᠨᠢᠬᠡᠳᠦᠬᠡᠷ ᠬᠡᠰᠡᠭ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠪᠡᠯᠡ ᠮᠦᠩᠬᠦ ᠶᠢ ᠤᠯᠠᠨ ᠠᠷᠭ᠎ᠠ | ᠵᠠᠮ ᠢᠶᠠᠷ ᠬᠤᠷᠠᠮᠳᠤᠭᠤᠯᠤᠨ᠎ᠠ | ᠦᠪᠡᠷᠳᠡᠬᠡᠨ ᠵᠠᠰᠠᠬᠤ ᠤᠷᠤᠨ ᠤ ᠳᠡᠰ ᠤᠨ ᠤᠳᠤᠷᠢᠳᠤᠯᠭ᠎ᠠ ᠠᠴᠠ ᠶᠠᠳᠠᠭᠤ ᠬᠦᠴᠢᠷᠳᠡᠯᠳᠡᠢ ᠬᠤᠰᠢᠭᠤ | ᠰᠢᠶᠠᠨ ᠢ ᠬᠠᠪᠰᠤᠷᠤᠨ ᠳᠠᠳᠬᠦᠵᠦ ᠬᠠᠷᠢᠯᠴᠠᠵᠦ ᠪᠠᠶᠢᠭ᠎ᠠ ᠪᠠ ᠦᠪᠡᠷᠳᠡᠬᠡᠨ ᠵᠠᠰᠠᠬᠤ ᠤᠷᠤᠨ ᠤ ᠳᠢᠩᠬᠢᠮ | ᠳᠤᠪᠴᠢᠶ᠎ᠠ ᠠᠴᠠ ᠬᠢᠩᠭᠠᠨ ᠠᠶᠢᠮᠠᠬ ᠢ ᠬᠠᠪᠰᠤᠷᠤᠨ ᠳᠡᠳᠬᠦᠵᠦ ᠪᠠᠶᠢᠭ᠎ᠠ ᠠᠵᠠ ᠳᠤᠬᠢᠶᠠᠯ ᠢ ᠴᠢᠩᠭ᠎ᠠ ᠠᠳᠬᠤᠵᠦ᠂ | ︽ᠭᠤᠷᠪᠠ ᠶᠢ ᠳᠤᠰᠬᠤᠨ ᠳᠤ ᠬᠦᠷᠬᠡᠬᠦ ᠭᠤᠷᠪᠠ ᠶᠢ ᠡᠷᠦᠬᠡ ᠳᠤ ᠬᠦᠷᠬᠡᠬᠦ︾ ᠤᠨᠢᠨ ᠳᠡᠬᠡᠷ᠎ᠠ ᠨᠢ ᠶᠠᠳᠠᠭᠤ ᠶᠢ | ᠳᠡᠳᠬᠦᠬᠦ ᠠᠵᠢᠯ ᠢ ᠬᠦᠨᠵᠡᠬᠡᠢ ᠬᠡᠷᠡᠭᠵᠢᠬᠦᠯᠵᠦ᠂ ︽ᠵᠠᠰᠠᠬ ᠤᠨ ᠤᠷᠳᠤᠨ ᠠᠴᠠ ᠪᠡᠯᠡ ᠤᠷᠤᠭᠤᠯᠬᠤ᠂ ᠠᠵᠢᠯ | ᠳᠦᠷᠦᠯ ᠠᠴᠠ ᠳᠡᠳᠬᠦᠬᠦ᠂ ᠪᠠᠩᠬᠢ ᠠᠴᠠ ᠵᠢᠬᠡᠯᠡᠯᠬᠡ ᠤᠯᠭᠤᠬᠤ᠂ ᠤᠯᠠᠨ ᠳᠦᠮᠡᠨ ᠠᠴᠠ ᠬᠤᠷᠠᠮᠳᠤᠭᠤᠯᠬᠤ᠂ | ᠨᠡᠶᠢᠭᠡᠮ ᠠᠴᠠ ᠬᠠᠪᠰᠤᠷᠬᠤ︾ ᠤᠯᠠᠨ ᠡᠰᠢᠴᠢᠯᠡᠭᠰᠡᠨ ᠪᠡᠯᠡ ᠤᠷᠤᠭᠤᠯᠤᠯᠳᠠ ᠶᠢᠨ ᠳᠤᠬᠳᠠᠴᠠ ᠶᠢ ᠪᠠᠶᠢᠭᠤᠯᠤᠨ | ᠳᠡᠬᠦᠯᠳᠡᠷᠵᠢᠬᠦᠯᠵᠦ᠂ ᠵᠠᠰᠠᠬ ᠤᠨ ᠤᠷᠤᠨ ᠠᠴᠠ ᠪᠡᠯᠡ ᠤᠷᠤᠭᠤᠯᠬᠤ ᠪᠠᠷ ᠭᠤᠤᠯᠯᠠᠭᠤᠯᠬᠤ ᠶᠢ ᠪᠠᠷᠢᠮᠳᠠᠯᠠᠵᠦ᠂ | ᠤᠯᠤᠰ ᠤᠨ ᠪᠠ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠪᠡᠯᠡ ᠮᠦᠩᠬᠦ ᠶᠢ ᠢᠳᠡᠪᠬᠢᠳᠡᠢ | ᠡᠷᠡᠮᠡᠯᠵᠡᠯᠡᠨ ᠤᠯᠵᠦ᠂ ᠠᠶᠢᠮᠠᠬ᠂ ᠬᠤᠰᠢᠭᠤ ︵ᠬᠤᠳᠠ︶ ᠶᠢᠨ ᠶᠠᠳᠠᠭᠤ ᠶᠢ ᠳᠡᠳᠬᠦᠬᠦ ᠪᠡᠯᠡ ᠮᠦᠩᠬᠦ ᠶᠢ ᠳᠤᠰ | ᠱᠠᠳᠤᠨ ᠤ ᠡᠳ᠋ ᠤᠨ ᠵᠠᠰᠠᠬ ᠤᠨ ᠳᠦᠰᠦᠪ ᠲᠤ ᠤᠷᠤᠭᠤᠯᠵᠦ᠂ ᠳᠤᠬᠳᠠᠭᠤᠨ ᠨᠡᠮᠡᠭᠳᠡᠯ ᠲᠠᠢ ᠡᠳ᠋ ᠤᠨ ᠵᠠᠰᠠᠬ ᠤᠨ | ᠶᠠᠳᠠᠭᠤ ᠶᠢ ᠳᠡᠳᠬᠦᠬᠦ ᠪᠡᠯᠡ ᠤᠷᠤᠭᠤᠯᠤᠯᠳᠠ ᠶᠢᠨ ᠳᠤᠬᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠠᠵᠦ | ᠦᠢᠯᠡᠰ ᠢᠶᠠᠷ ᠶᠠᠳᠠᠭᠤ ᠶᠢ ᠳᠡᠳᠬᠦᠬᠦ᠂ ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ᠂ ᠰᠤᠷᠭᠠᠨ | ᠬᠦᠮᠦᠵᠢᠯ ᠢᠶᠠᠷ ᠶᠠᠳᠠᠭᠤ ᠶᠢ ᠳᠡᠳᠬᠦᠬᠦ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠶᠠᠳᠠᠭᠤ ᠶᠢ ᠳᠡᠳᠬᠦᠬᠦ ᠶᠢ | ᠴᠢᠬᠤᠯᠠᠴᠢᠯᠠᠵᠦ᠂ ᠠᠵᠢᠯ ᠳᠦᠷᠦᠯ ᠤᠨ ᠶᠠᠳᠠᠭᠤ ᠶᠢ ᠳᠡᠳᠬᠦᠬᠦ ᠠᠵᠢᠯ ᠢ ᠦᠷᠬᠦᠯᠵᠢᠯᠡᠨ ᠰᠠᠶᠢᠳᠤᠷ ᠬᠢᠵᠦ᠂ | ᠬᠠᠪᠰᠤᠷᠤᠨ ᠳᠡᠳᠬᠦᠬᠦ ᠬᠠᠷᠠᠯᠳᠠ ᠶᠤᠰᠤᠭᠠᠷ᠂ ᠶᠠᠳᠠᠭᠤ ᠶᠢ ᠳᠡᠳᠬᠦᠬᠦ ᠪᠡᠯᠡ ᠤᠷᠤᠭᠤᠯᠤᠯᠳᠠ ᠶᠢ ᠤᠷᠤᠨ | ᠪᠠᠶᠢᠷᠢ ᠳᠤᠨᠢ ᠬᠦᠷᠬᠡᠬᠦ ᠶᠢ ᠦᠨᠡᠨᠬᠦ ᠪᠠᠳᠤᠯᠠᠨ᠎ᠠ᠃ ᠶᠠᠳᠠᠭᠤ ᠶᠢ ᠳᠡᠳᠬᠦᠬᠦ ᠵᠢᠬᠡᠯᠡᠯᠬᠡ ᠶᠢᠨ ᠠᠶᠤᠯ ᠳᠦᠭᠰᠢᠬᠦᠷᠢ ᠶᠢ | ᠪᠠᠳᠤᠯᠠᠬᠤ ᠳᠤᠬᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ | ᠵᠤᠷᠢᠬᠵᠢᠭᠤᠯᠤᠨ ᠵᠢᠯᠤᠭᠤᠳᠴᠤ ᠪᠠᠶᠢᠭᠠᠳ ᠳᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯᠳᠡᠢ ᠡᠷᠦᠬᠡ᠂ | ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠶᠢ ᠳᠠᠶᠢᠴᠢᠯᠠᠬᠤ ᠴᠢᠳᠠᠪᠤᠷᠢ ᠲᠠᠢ ᠳᠠᠷᠢᠵᠦ ᠳᠡᠵᠢᠬᠡᠬᠦ | ᠦᠢᠯᠡᠰ ᠤᠨ ᠳᠤᠮᠤ ᠡᠷᠦᠬᠡ ᠳᠤ ᠵᠢᠬᠡᠯᠡᠯᠬᠡ ᠤᠯᠭᠤᠬᠤ ᠡᠷᠴᠢᠮ ᠢ ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠳᠡᠢ | ᠪᠦᠯᠦᠭᠵᠢᠯ ᠤᠨ ᠶᠠᠳᠠᠭᠤ ᠠᠴᠠ ᠠᠩᠬᠢᠵᠢᠷᠠᠬᠤ ᠢᠳᠡᠪᠬᠢᠵᠢᠯ ᠢ ᠨᠢ ᠪᠠᠳᠠᠷᠠᠭᠤᠯᠵᠦ᠂ ᠬᠡᠷ ᠤᠷᠤᠨ ᠤ ᠪᠠᠨ ᠪᠦᠳᠦᠬᠡᠨ | ᠪᠠᠶᠢᠭᠤᠯᠤᠯᠳᠠ ᠳᠤ ᠰᠠᠨᠠᠭᠠᠴᠢᠯᠠᠭ᠎ᠠ ᠲᠠᠢ ᠪᠠᠷ ᠤᠷᠤᠯᠴᠠᠭᠤᠯᠤᠨ᠎ᠠ᠃ ᠬᠤᠪᠢ ᠬᠦᠮᠦᠨ᠂ ᠠᠵᠦ ᠠᠬᠤᠢᠢᠯᠠᠯ ᠪᠤᠯᠤᠨ | ᠨᠡᠶᠢᠭᠡᠮ ᠤᠨ ᠬᠦᠴᠦᠨ ᠢ ᠵᠤᠷᠢᠬᠵᠢᠭᠤᠯᠵᠦ ᠪᠠᠶᠢᠭᠠᠳ ᠶᠠᠳᠠᠭᠤ ᠶᠢ ᠳᠡᠳᠬᠦᠬᠦ ᠦᠢᠯᠡᠰ ᠲᠤ ᠤᠷᠤᠯᠴᠠᠭᠤᠯᠤᠨ᠎ᠠ᠃ | ︽ᠵᠠᠮ ᠰᠤᠪᠠᠬ ᠰᠠᠮᠠᠭᠤᠷᠠᠬᠤ ᠦᠬᠡᠢ᠂ ᠬᠡᠷᠡᠭᠴᠡᠭᠡ ᠬᠤᠪᠢᠷᠠᠬᠤ ᠦᠬᠡᠢ᠂ ᠢᠵᠢ ᠪᠦᠷᠢᠳᠦᠬᠦᠯᠦᠨ ᠬᠡᠷᠡᠭᠯᠡᠬᠦ᠂ ᠠᠰ | ᠠᠰ ᠲᠤᠨᠢ ᠭᠠᠪᠢᠶ᠎ᠠ ᠳᠡᠮᠳᠡᠭᠯᠡᠬᠦ︾ ᠵᠠᠷᠴᠢᠮ ᠶᠤᠰᠤᠭᠠᠷ᠂ ᠡᠯ᠎ᠠ ᠳᠦᠷᠦᠯ ᠤᠨ ᠪᠡᠯᠡ ᠮᠦᠩᠬᠦ ᠶᠢ ᠨᠢᠬᠡᠳᠦᠯᠳᠡᠢ | ᠳᠦᠯᠦᠪᠵᠢᠬᠦᠯᠦᠨ ᠨᠡᠶᠢᠳᠬᠡᠵᠦ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠳᠦᠪᠯᠡᠷᠡᠬᠦᠯᠦᠨ | ᠬᠡᠷᠡᠭᠯᠡᠨ᠎ᠠ᠃ | ᠬᠤᠶᠠᠳᠤᠭᠠᠷ ᠪᠦᠯᠦᠭ ᠤᠨᠢᠨ ᠳᠡᠬᠡᠷ᠎ᠠ ᠨᠢ ᠶᠠᠳᠠᠭᠤ ᠶᠢ ᠳᠡᠳᠬᠦᠬᠦ ᠶᠢ ᠬᠡᠷᠡᠭᠵᠢᠬᠦᠯᠦᠨ᠎ᠠ | ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ᠂ ︽ᠶᠠᠳᠠᠭᠤ ᠶᠢ ᠳᠡᠳᠬᠦᠬᠦ ᠡᠳᠡᠬᠡᠳ ᠨᠢ | ᠤᠨᠤᠴᠢᠳᠠᠢ᠂ ᠳᠦᠷᠦᠯ ᠵᠦᠢᠯ ᠤᠨ ᠳᠤᠬᠢᠷᠠᠭᠤᠯᠤᠯᠳᠠ ᠨᠢ ᠤᠨᠤᠴᠢᠳᠠᠢ᠂ ᠪᠡᠯᠡ ᠮᠦᠩᠬᠦᠨ ᠤ ᠬᠡᠷᠡᠭᠯᠡᠯᠳᠡ ᠨᠢ | ᠤᠨᠤᠴᠢᠳᠠᠢ ᠂ ᠡᠷᠦᠬᠡ ᠳᠤ ᠬᠦᠷᠬᠡᠬᠦ ᠠᠷᠭ᠎ᠠ ᠬᠡᠮᠵᠢᠶ᠎ᠠ ᠨᠢ ᠤᠨᠤᠴᠢᠳᠠᠢ᠂ ᠳᠤᠰᠬᠤᠨ ᠤ ᠪᠠᠶᠢᠳᠠᠯ ᠢ ᠦᠨᠳᠦᠰᠦᠯᠡᠨ | ᠬᠦᠮᠦᠨ ᠳᠤᠮᠢᠯᠠᠬᠤ ᠨᠢ ᠤᠨᠤᠴᠢᠳᠠᠢ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ ᠨᠢ ᠤᠨᠤᠴᠢᠳᠠᠢ︾ | ᠪᠠᠶᠢᠬᠤ ᠱᠠᠭᠠᠷᠳᠠᠯᠭ᠎ᠠ ᠶᠤᠰᠤᠭᠠᠷ᠂ ᠶᠠᠳᠠᠭᠤ ᠶᠢ ᠳᠡᠳᠬᠦᠬᠦ ᠡᠳᠡᠬᠡᠳ ᠢ ᠤᠨᠤᠴᠢᠳᠠᠢ ᠢᠯᠭᠠᠬᠤ ᠠᠵᠢᠯ ᠢ ᠰᠠᠶᠢᠳᠤᠷ | ᠬᠢᠵᠦ᠂ ᠤᠨᠢᠨ ᠳᠡᠬᠡᠷ᠎ᠠ ᠨᠢ ᠶᠠᠳᠠᠭᠤ ᠶᠢ ᠳᠡᠳᠬᠦᠬᠦ ᠳᠠᠩᠰᠠ ᠶᠢ ᠤᠨᠤᠴᠢᠳᠠᠢ ᠪᠠᠶᠢᠭᠤᠯᠵᠦ᠂ ᠠᠬᠢᠯᠳᠠ | ᠤᠬᠤᠷᠢᠯᠳᠠ ᠲᠠᠢ ᠬᠦᠳᠡᠯᠦᠩᠬᠦᠢ ᠬᠠᠮᠢᠶᠠᠷᠤᠯᠳᠠ ᠶᠢ ᠬᠡᠷᠡᠭᠵᠢᠬᠦᠯᠦᠨ᠎ᠠ᠃ ᠶᠠᠳᠠᠭᠤᠷᠠᠬᠰᠠᠨ ᠰᠢᠯᠳᠠᠭᠠᠨ ᠪᠤᠯᠤᠨ | ᠶᠠᠳᠠᠭᠤ ᠠᠴᠠ ᠠᠩᠬᠢᠵᠢᠷᠠᠭᠤᠯᠬᠤ ᠱᠠᠭᠠᠷᠳᠠᠯᠭ᠎ᠠ ᠶᠢ ᠦᠨᠳᠦᠰᠦᠯᠡᠵᠦ᠂ ᠬᠦᠮᠦᠨ ᠭᠠᠵᠠᠷ ᠤᠨ ᠪᠠᠶᠢᠳᠠᠯ ᠢ ᠨᠢ | ᠦᠨᠳᠦᠰᠦᠯᠡᠨ ᠪᠤᠳᠤᠯᠭ᠎ᠠ ᠬᠡᠷᠡᠭᠵᠢᠬᠦᠯᠬᠦ ᠶᠢ ᠪᠠᠷᠢᠮᠳᠠᠯᠠᠵᠦ᠂ 10.5 ᠳᠦᠮᠡᠨ ᠶᠠᠳᠠᠭᠤ ᠬᠦᠴᠢᠷᠳᠡᠯᠳᠡᠢ ᠬᠦᠮᠦᠨ | ᠠᠮᠠ ᠶᠢ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠳᠦᠷᠦᠯ ᠬᠤᠪᠢᠶᠠᠨ ᠳᠡᠳᠬᠦᠨ᠎ᠠ᠃ ᠦᠢᠯᠡᠳᠪᠤᠷᠢᠯᠡᠯ ᠢ | ᠬᠦᠭᠵᠢᠬᠦᠯᠬᠦ ᠪᠡ ᠰᠢᠯᠵᠢᠬᠦᠯᠦᠨ ᠠᠵᠢᠯ ᠤᠯᠭᠤᠬᠤ ᠪᠠᠷ ᠳᠠᠮᠵᠢᠨ 43011 ᠬᠦᠮᠦᠨ ᠢ ᠶᠠᠳᠠᠭᠤ ᠠᠴᠠ | ᠠᠩᠬᠢᠵᠢᠷᠠᠭᠤᠯᠤᠨ᠎ᠠ︔ ᠠᠮᠢ ᠠᠬᠤᠢ ᠶᠢᠨ ᠨᠦᠬᠦᠪᠤᠷᠢ ᠤᠯᠭᠤᠬᠤ ᠪᠠᠷ ᠳᠠᠮᠵᠢᠨ 570 ᠬᠦᠮᠦᠨ ᠢ ᠶᠠᠳᠠᠭᠤ ᠠᠴᠠ | ᠠᠩᠬᠢᠵᠢᠷᠠᠭᠤᠯᠤᠨ᠎ᠠ︔ ᠤᠨᠳᠤᠤ ᠭᠠᠵᠠᠷ ᠲᠤ ᠶᠠᠳᠠᠭᠤ ᠶᠢ ᠳᠡᠳᠬᠦᠨ ᠨᠡᠬᠦᠯᠬᠡᠨ ᠰᠢᠯᠵᠢᠬᠦᠯᠬᠦ ᠢᠨᠵᠧᠨᠧᠷᠢᠩ ᠢ | ᠬᠡᠷᠡᠭᠵᠢᠬᠦᠯᠬᠦ ᠪᠠᠷ ᠳᠠᠮᠵᠢᠨ 25811 ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠎ᠠ︔ ᠰᠤᠷᠭᠠᠨ ᠬᠦᠮᠦᠵᠢᠯ ᠢ | ᠬᠦᠭᠵᠢᠬᠦᠯᠬᠦ ᠪᠡ ᠪᠡᠯᠡ ᠮᠦᠩᠬᠦ ᠪᠠᠷ ᠳᠤᠰᠠᠯᠠᠬᠤ ᠳᠦᠷᠦ ᠶᠢᠨ ᠪᠤᠳᠤᠯᠭ᠎ᠠ ᠶᠢ ᠳᠤᠤᠱᠳᠠᠢ ᠬᠡᠷᠡᠭᠵᠢᠬᠦᠯᠬᠦ ᠪᠠᠷ | ᠳᠠᠮᠵᠢᠨ 5267 ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠎ᠠ︔ ᠳᠦᠷᠦ ᠶᠢᠨ ᠪᠤᠳᠤᠯᠭ᠎ᠠ ᠶᠢᠨ ᠪᠠᠳᠤᠯᠠᠭ᠎ᠠ ᠪᠠᠷ | ᠳᠠᠮᠵᠢᠨ 30341 ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠎ᠠ᠃ | ᠭᠤᠷᠪᠠᠳᠤᠭᠠᠷ ᠪᠦᠯᠦᠭ ᠶᠠᠳᠠᠭᠤ ᠶᠢ ᠳᠡᠳᠬᠦᠬᠦ ᠪᠠᠶᠢᠭᠤᠯᠤᠮᠵᠢ ᠳᠤᠬᠳᠠᠴᠠ ᠶᠢᠨ ᠰᠢᠨ᠎ᠠ ᠶᠢ ᠡᠬᠦᠳᠦᠨ᠎ᠠ | | ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢᠨ ᠳᠦᠷᠢᠮ ᠢ | ᠪᠦᠷᠢᠨᠰᠢᠬᠦᠯᠦᠨ᠎ᠠ᠃ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠪᠠᠷ ᠳᠡᠷᠢᠬᠦᠨ ᠴᠢᠬᠤᠯᠠ ᠠᠷᠠᠳ ᠤᠨ | ᠠᠮᠢᠳᠤᠷᠠᠯ ᠤᠨ ᠢᠨᠵᠧᠨᠧᠷᠢᠩ ᠪᠤᠯᠭᠠᠵᠦ᠂ ᠠᠶᠢᠮᠠᠬ ᠤᠨ ᠱᠠᠳᠤᠨ ᠤ ᠤᠳᠤᠷᠢᠳᠬᠤ ᠺᠠᠳ᠋ᠷ ᠤᠨ ᠶᠠᠳᠠᠭᠤ | ᠬᠦᠴᠢᠷᠳᠡᠯᠳᠡᠢ ᠰᠤᠮᠤ ᠰᠢᠶᠠᠩ ᠪᠠᠯᠭᠠᠰᠤ ᠲᠠᠢ ᠬᠠᠷᠢᠯᠴᠠᠬᠤ ᠠᠵᠢᠯ ᠢ ᠢᠳᠡᠪᠬᠢᠳᠡᠢ ᠦᠷᠨᠢᠬᠦᠯᠦᠨ᠎ᠠ᠃ ᠬᠤᠰᠢᠭᠤ | ᠰᠢᠶᠡᠨ ︵ᠬᠤᠳᠠ︶᠂ ᠰᠤᠮᠤ ᠰᠢᠶᠠᠩ ᠪᠠᠯᠭᠠᠰᠤ ᠬᠤᠶᠠᠷ ᠱᠠᠳᠤᠨ ᠤ ᠨᠠᠮ ᠵᠠᠰᠠᠬ ᠤᠨ ᠤᠳᠤᠷᠢᠳᠬᠤ ᠪᠠᠬ ᠪᠤᠯᠤᠨ | ᠤᠳᠤᠷᠢᠳᠬᠤ ᠺᠠᠳ᠋ᠷ ᠤᠨ ᠶᠠᠳᠠᠭᠤ ᠶᠢ ᠳᠡᠳᠬᠦᠬᠦ ᠠᠵᠢᠯ ᠢ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠦ᠂ | ᠶᠠᠳᠠᠭᠤ ᠬᠦᠴᠢᠷᠳᠡᠯᠳᠡᠢ ᠬᠤᠰᠢᠭᠤ ᠰᠢᠶᠠᠨ ︵ ᠬᠤᠳᠠ︶ ᠳᠤ ᠬᠢᠵᠠᠭᠠᠷᠯᠠᠬᠤ ᠳᠤᠬᠳᠠᠴᠠ ᠶᠢ ᠴᠢᠩᠭ᠎ᠠ | ᠬᠡᠷᠡᠭᠵᠢᠬᠦᠯᠵᠦ᠂ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠭᠤᠤᠯ ᠴᠤᠬᠴᠠ ᠶᠢᠨ ᠬᠠᠷᠢᠭᠤᠴᠠᠯᠭ᠎ᠠ ᠶᠢ ᠪᠤᠳᠠᠳᠠᠢ | ᠨᠠᠶᠢᠳᠠᠪᠤᠷᠢᠵᠢᠭᠤᠯᠤᠨ᠎ᠠ᠃ ᠶᠠᠳᠠᠭᠤ ᠶᠢ ᠴᠦᠬᠡᠳᠬᠡᠬᠦ ᠠᠵᠢᠯ ᠢ ᠰᠢᠯᠭᠠᠬᠤ ᠠᠷᠭ᠎ᠠ ᠶᠢ ᠳᠤᠬᠳᠠᠭᠠᠵᠦ᠂ ᠶᠠᠳᠠᠭᠤ | ᠬᠦᠴᠢᠷᠳᠡᠯᠳᠡᠢ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ᠂ ᠶᠠᠳᠠᠭᠤ ᠬᠦᠴᠢᠷᠳᠡᠯᠳᠡᠢ ᠳᠤᠰᠬᠤᠨ | ᠪᠤᠯᠤᠨ ᠶᠠᠳᠠᠭᠤ ᠬᠦᠴᠢᠷᠳᠡᠯᠳᠡᠢ ᠬᠤᠰᠢᠭᠤ ᠰᠢᠶᠡᠨ ︵ᠬᠤᠳᠠ︶ ᠢ ᠶᠠᠳᠠᠭᠤ ᠠᠴᠠ ᠠᠩᠬᠢᠵᠢᠷᠠᠭᠤᠯᠬᠤ | ᠪᠠᠷᠢᠮᠵᠢᠶ᠎ᠠ ᠶᠢ ᠳᠤᠳᠤᠷᠬᠠᠢᠢᠯᠠᠨ᠎ᠠ᠃ | ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠲᠠ ᠶᠢ ᠳᠡᠬᠦᠯᠳᠡᠷᠵᠢᠬᠦᠯᠦᠨ᠎ᠠ᠃ | ᠭᠠᠴᠠᠭ᠎ᠠ ᠳᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠲᠠ ᠶᠢ ᠴᠢᠩᠭᠠᠳᠬᠠᠵᠦ᠂ ᠨᠠᠮ ᠤᠨ | ᠬᠡᠰᠢᠬᠦᠨ ᠺᠠᠳ᠋ᠷ ᠤᠨ ᠤᠯᠠᠨ ᠳᠦᠮᠡᠨ ᠲᠠᠢ ᠬᠠᠷᠢᠯᠴᠠᠵᠦ ᠦᠢᠯᠡᠴᠢᠯᠡᠬᠦ ᠴᠢᠳᠠᠪᠤᠷᠢ ᠶᠢ ᠳᠡᠬᠡᠭᠰᠢᠯᠡᠬᠦᠯᠵᠦ᠂ ᠦᠵᠡᠯ | ᠰᠠᠨᠠᠭ᠎ᠠ ᠰᠠᠶᠢᠨ᠂ ᠬᠡᠪ ᠰᠤᠷᠳᠠᠯ ᠰᠠᠶᠢᠨ᠂ ᠴᠢᠳᠠᠪᠤᠷᠢ ᠴᠢᠩᠭ᠎ᠠ᠂ ᠳᠤᠷᠠᠳᠠᠶ᠎ᠠ ᠤᠯᠠᠨ ᠳᠦᠮᠡᠨ ᠳᠤ ᠦᠢᠯᠡᠴᠢᠯᠡᠬᠦ | ᠰᠢᠯᠢᠳᠡᠭ ᠵᠠᠯᠠᠭᠤ ᠺᠠᠳ᠋ᠷ ᠂ ᠴᠡᠷᠢᠭ ᠠᠴᠠ ᠪᠠᠭᠤᠬᠰᠠᠳ᠂ ᠶᠡᠭᠡ ᠳᠡᠬᠡᠳᠦ ᠰᠤᠷᠭᠠᠭᠤᠯᠢ ᠠᠴᠠ ᠳᠡᠬᠦᠰᠦᠭᠰᠡᠳ ᠢ | ᠵᠤᠷᠢᠬᠵᠢᠭᠤᠯᠵᠦ ᠰᠤᠩᠭᠤᠨ ᠳᠤᠮᠢᠯᠠᠵᠦ ᠪᠠᠶᠢᠭᠠᠳ ᠶᠠᠳᠠᠭᠤ ᠬᠦᠴᠢᠷᠳᠡᠯᠳᠡᠢ ᠳᠤᠰᠬᠤᠨ ᠳᠤ ᠠᠵᠢᠯᠯᠠᠭᠤᠯᠬᠤ ᠪᠠᠷ | ᠤᠴᠢᠭᠤᠯᠤᠨ᠎ᠠ᠃ ᠶᠠᠳᠠᠭᠤ ᠬᠦᠴᠢᠷᠳᠡᠯᠳᠡᠢ ᠳᠤᠰᠬᠤᠨ ᠨᠢᠬᠡᠪᠦᠷᠢ ᠳᠤ ᠳᠤᠰᠬᠤᠨ ᠳᠤ ᠰᠠᠭᠤᠭ᠎ᠠ ᠠᠵᠢᠯᠯᠠᠬᠤ | ᠠᠩᠬᠢ ᠲᠠᠢ ᠪᠠᠶᠢᠬᠤ᠂ ᠨᠢᠬᠡᠳᠦᠬᠡᠷ ᠱᠦᠵᠢ ᠶᠢ ᠨᠢ ᠰᠤᠩᠭᠤᠨ ᠳᠤᠮᠢᠯᠠᠬᠤ ᠶᠢ ᠦᠨᠡᠨᠬᠦ ᠪᠠᠳᠤᠯᠠᠵᠦ᠂ ᠶᠠᠳᠠᠭᠤ | ᠬᠦᠴᠢᠷᠳᠡᠯᠳᠡᠢ ᠡᠷᠦᠬᠡ ᠪᠦᠷᠢ ᠳᠤ ᠬᠠᠪᠰᠤᠷᠤᠨ ᠳᠡᠳᠬᠦᠬᠦ ᠬᠠᠷᠢᠭᠤᠴᠠᠯᠭ᠎ᠠ ᠲᠠᠢ ᠬᠦᠮᠦᠨ ᠪᠠᠶᠢᠬᠤ ᠶᠢ ᠦᠨᠡᠨᠬᠦ | ᠪᠠᠳᠤᠯᠠᠨ᠎ᠠ᠃ ᠭᠠᠴᠠᠭ᠎ᠠ ᠳᠤᠰᠬᠤᠨ ᠤ ︽ᠬᠤᠶᠠᠷ ᠵᠦᠪᠯᠡᠯ︾ ᠤᠨ ᠠᠵᠢᠯᠯᠠᠭᠠᠨ ᠤ ᠳᠤᠬᠳᠠᠴᠠ ᠶᠢ ᠪᠦᠷᠢᠨᠰᠢᠬᠦᠯᠦᠨ | ᠳᠡᠬᠦᠯᠳᠡᠷᠵᠢᠬᠦᠯᠵᠦ᠂ ᠭᠠᠴᠠᠭ᠎ᠠ ᠳᠤᠰᠬᠤᠨ ᠤ ᠳᠡᠰ ᠤᠨ ᠠᠷᠠᠳᠴᠢᠯᠠᠯ ᠢᠶᠠᠷ ᠰᠢᠢᠳᠪᠤᠷᠢᠳᠦ ᠪᠤᠳᠤᠯᠭ᠎ᠠ ᠳᠤᠬᠳᠠᠭᠠᠬᠤ | ᠬᠠᠮᠢᠶᠠᠷᠤᠯᠳᠠ ᠶᠢᠨ ᠳᠦᠪᠰᠢᠨ ᠢ ᠳᠡᠬᠡᠭᠰᠢᠯᠡᠬᠦᠯᠦᠨ᠎ᠠ᠃ ᠳᠡᠳᠬᠦᠮᠵᠢ ᠶᠢᠨ ᠳᠦᠷᠦ ᠶᠢᠨ ᠪᠤᠳᠤᠯᠭ᠎ᠠ ᠶᠢ | ᠳᠡᠬᠦᠯᠳᠡᠷᠵᠢᠬᠦᠯᠵᠦ᠂ ᠪᠡᠯᠡ ᠮᠦᠩᠬᠦᠨ ᠤ ᠳᠦᠷᠦᠯ ᠵᠦᠢᠯ ᠢ ᠲᠤᠬᠢᠷᠠᠭᠤᠯᠤᠨ ᠂ ᠬᠠᠪᠰᠤᠷᠤᠨ ᠳᠡᠳᠬᠦᠬᠦ ᠡᠬᠢ | ᠪᠠᠶᠠᠯᠢᠬ ᠢ ᠨᠡᠶᠢᠳᠬᠡᠵᠦ᠂ ᠦᠢᠯᠡᠳᠦᠯᠬᠡ ᠬᠢᠵᠦ ᠰᠢᠨ᠎ᠠ ᠶᠢ ᠡᠬᠦᠳᠬᠦ ᠶᠢ ᠵᠤᠷᠢᠬᠵᠢᠭᠤᠯᠵᠦ᠂ ᠡᠵᠡᠩᠨᠡᠯᠳᠡ ᠶᠢᠨ | ᠵᠠᠬᠪᠤᠷ ᠢ ᠦᠷᠬᠡᠳᠬᠡᠵᠦ᠂ ᠭᠠᠴᠠᠭ᠎ᠠ ᠳᠤᠰᠬᠤᠨ ᠤ ᠬᠠᠮᠳᠤ ᠶᠢᠨ ᠠᠵᠦ ᠠᠬᠤᠢ ᠶᠢ ᠬᠦᠭᠵᠢᠬᠦᠯᠦᠨ | ᠪᠤᠵᠠᠭᠠᠢᠢᠷᠠᠭᠤᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠤᠨᠴᠠᠭᠠᠢ ᠬᠦᠴᠢᠷᠳᠡᠯ ᠢ ᠰᠢᠢᠳᠪᠤᠷᠢᠯᠡᠬᠦ ᠪᠤᠳᠠᠳᠦ | ᠬᠦᠴᠦᠨ ᠢ ᠴᠢᠩᠭᠠᠷᠠᠭᠤᠯᠤᠨ᠎ᠠ᠃ ᠳᠦᠷᠦᠯ ᠵᠦᠢᠯ ᠤᠨ ᠪᠡᠯᠡ ᠮᠦᠩᠬᠦᠨ ᠤ ᠬᠢᠨᠠᠯᠳᠠ ᠬᠠᠮᠢᠶᠠᠷᠤᠯᠳᠠ ᠶᠢ | ᠴᠢᠩᠭᠠᠳᠬᠠᠨ᠎ᠠ᠃ ᠳᠦᠷᠦᠯ ᠵᠦᠢᠯ ᠢ ᠬᠢᠨᠠᠨ ᠵᠦᠪᠰᠢᠶᠡᠷᠡᠬᠦ ᠡᠷᠬᠡ ᠶᠢ ᠳᠤᠷᠤᠬᠰᠢ ᠪᠠᠭᠤᠯᠭᠠᠬᠤ ᠯᠤᠭ᠎ᠠ | ᠵᠤᠬᠢᠴᠠᠬᠰᠠᠨ ᠬᠢᠨᠠᠯᠳᠠ ᠬᠠᠮᠢᠶᠠᠷᠤᠯᠳᠠ ᠬᠢᠬᠦ ᠳᠤᠬᠳᠠᠴᠠ ᠶᠢ ᠪᠠᠶᠢᠭᠤᠯᠵᠦ᠂ ᠶᠠᠳᠠᠭᠤ ᠶᠢ ᠳᠡᠳᠬᠦᠬᠦ ᠪᠡᠯᠡ | ᠮᠦᠩᠬᠦ ᠶᠢ ᠴᠠᠬ ᠳᠤᠬᠠᠢ ᠳᠤᠨᠢ ᠤᠷᠤᠨ ᠪᠠᠶᠢᠷᠢ ᠳᠤᠨᠢ ᠬᠦᠷᠬᠡᠬᠦ ᠪᠠ ᠬᠦᠷᠦᠯᠴᠡᠬᠦ᠋ᠢᠴᠡ ᠳᠤᠭ᠎ᠠ ᠪᠠᠷ ᠳᠦᠷᠦᠯ | ᠵᠦᠢᠯ ᠤᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠶᠢ ᠦᠨᠡᠨᠬᠦ ᠪᠠᠳᠤᠯᠠᠨ᠎ᠠ᠃ ᠦᠷᠢᠰᠦᠯᠳᠦᠬᠦᠯᠬᠦ ᠴᠢᠨᠠᠷᠳᠠᠢ | ᠬᠤᠪᠢᠶᠠᠷᠢᠯᠠᠯᠳᠠ ᠶᠢᠨ ᠠᠷᠭ᠎ᠠ ᠶᠢ ᠬᠡᠷᠡᠭᠯᠡᠵᠦ᠂ ᠪᠡᠯᠡ ᠮᠦᠩᠬᠦᠨ ᠤ ᠬᠤᠪᠢᠶᠠᠷᠢᠯᠠᠯᠳᠠ ᠬᠢᠬᠡᠳ ᠪᠡᠯᠡ ᠮᠦᠩᠬᠦᠨ ᠤ | ᠬᠡᠷᠡᠭᠯᠡᠯᠳᠡ ᠶᠢ ᠪᠦᠳᠦᠮᠵᠢᠳᠡᠢ ᠪᠠᠷ ᠬᠤᠯᠪᠤᠬᠳᠠᠭᠤᠯᠤᠨᠠ᠃ ᠤᠷᠢᠳᠠᠪᠠᠷ ᠪᠠᠶᠢᠭᠤᠯᠵᠦ ᠳᠠᠷᠠᠭ᠎ᠠ ᠨᠢ ᠨᠦᠬᠦᠪᠦᠷᠢᠯᠡᠬᠦ᠂ | ᠱᠠᠩᠨᠠᠬᠤ ᠪᠠᠷ ᠪᠡᠯᠡ ᠤᠷᠤᠭᠤᠯᠬᠤ ᠶᠢ ᠤᠷᠤᠯᠠᠭᠤᠯᠬᠤ ᠵᠡᠷᠬᠡ ᠵᠠᠬᠪᠤᠷ ᠢ ᠬᠡᠷᠡᠭᠯᠡᠨ ᠳᠠᠩᠰᠠᠯᠠᠵᠦ ᠺᠠᠷᠲᠯᠠᠬᠰᠠᠨ | ᠶᠠᠳᠠᠭᠤ ᠬᠦᠴᠢᠷᠳᠡᠯᠳᠡᠢ ᠡᠷᠦᠬᠡ ᠳᠤ ᠰᠢᠭᠤᠳ ᠨᠦᠬᠦᠪᠦᠷᠢ ᠤᠯᠭᠤᠨ᠎ᠠ᠃ ᠮᠡᠳᠡᠭᠡ ᠵᠠᠩᠬᠢ ᠨᠡᠶᠢᠲᠡᠯᠡᠬᠦ ᠪᠠ ᠠᠯᠪᠠᠨ | ᠵᠠᠷ ᠢᠯᠡ ᠨᠡᠶᠢᠳᠡᠯᠡᠬᠦ ᠳᠦᠷᠢᠮ ᠢ ᠪᠠᠶᠢᠭᠤᠯᠵᠦ᠂ ᠭᠤᠷᠪᠠᠳᠠᠬᠢ ᠡᠳᠡᠬᠡᠳ ᠢᠶᠠᠷ ᠬᠢᠨᠠᠨ ᠪᠤᠳᠤᠭᠤᠯᠵᠦ ᠬᠢᠨᠠᠯᠳᠠ | ᠲᠠᠯᠪᠢᠭᠤᠯᠬᠤ ᠶᠢ ᠳᠤᠷᠰᠢᠨ ᠬᠡᠷᠡᠭᠵᠢᠬᠦᠯᠦᠨ᠎ᠠ᠃ ᠶᠠᠳᠠᠭᠤ ᠶᠢ ᠳᠡᠳᠬᠦᠬᠦ ᠳᠦᠷᠦᠯ ᠵᠦᠢᠯ ᠢ ᠬᠡᠷᠡᠭᠵᠢᠬᠦᠯᠵᠦ ᠪᠠᠶᠢᠭ᠎ᠠ | ᠭᠠᠴᠠᠭ᠎ᠠ ᠳᠤᠰᠬᠤᠨ ᠳᠤ ᠳᠤᠰᠬᠤᠨ ᠤ ᠳᠡᠰ ᠤᠨ ᠠᠯᠪᠠᠨ ᠵᠢᠷᠤᠮ ᠤᠨ ᠬᠢᠨᠠᠯᠳᠠ ᠳᠠᠯᠪᠢᠬᠴᠢ ᠶᠢᠨ ᠳᠦᠷᠢᠮ ᠢ | ᠬᠡᠷᠡᠭᠵᠢᠬᠦᠯᠵᠦ᠂ ᠪᠡᠯᠡ ᠮᠦᠩᠬᠦᠨ ᠤ ᠬᠡᠷᠡᠭᠯᠡᠯᠳᠡ ᠶᠢᠨ ᠤᠨᠤᠪᠴᠢᠳᠦ ᠬᠡᠮᠵᠢᠶ᠎ᠠ ᠪᠤᠯᠤᠨ ᠪᠦᠳᠦᠮᠵᠢᠳᠦ ᠴᠢᠨᠠᠷ ᠢ | ᠳᠡᠬᠡᠭᠰᠢᠯᠡᠬᠦᠯᠦᠨ᠎ᠠ᠃ | ᠨᠡᠶᠢᠭᠡᠮ ᠤᠨ ᠨᠠᠶᠢᠯᠡᠯ ᠬᠦᠴᠦᠨ ᠢ ᠴᠢᠩᠭᠠᠷᠠᠭᠤᠯᠤᠨ᠎ᠠ᠃ ᠵᠠᠰᠠᠬ ᠤᠨ ᠤᠷᠳᠤᠨ ᠠᠴᠠ ᠭᠤᠤᠯᠯᠠᠨ | ᠤᠳᠤᠷᠢᠳᠬᠤ᠂ ᠨᠡᠶᠢᠬᠡᠮ ᠨᠡᠶᠢᠳᠡ ᠪᠠᠷ ᠢᠶᠠᠨ ᠤᠷᠤᠯᠴᠠᠬᠤ ᠵᠠᠷᠴᠢᠮ ᠢ ᠪᠠᠷᠢᠮᠳᠠᠯᠠᠵᠦ᠂ ᠳᠤᠰᠬᠠᠢ ᠳᠦᠷᠦᠯ ᠢᠶᠠᠷ | ᠶᠠᠳᠠᠭᠤ ᠶᠢ ᠳᠡᠳᠬᠦᠬᠦ᠂ ᠠᠵᠢᠯ ᠳᠦᠷᠦᠯ ᠢᠶᠠᠷ ᠶᠠᠳᠠᠭᠤ ᠶᠢ ᠳᠡᠳᠬᠦᠬᠦ᠂ ᠨᠡᠶᠢᠭᠡᠮ ᠠᠴᠠ ᠶᠠᠳᠠᠭᠤ ᠶᠢ ᠳᠡᠳᠬᠦᠬᠦ | ᠵᠡᠷᠬᠡ ᠤᠯᠠᠨ ᠳᠠᠯ᠎ᠠ ᠶᠢᠨ ᠬᠦᠴᠦᠨ ᠂ ᠤᠯᠠᠨ ᠵᠦᠢᠯ ᠤᠨ ᠠᠷᠭ᠎ᠠ ᠬᠡᠮᠵᠢᠶ᠎ᠠ ᠶᠢ ᠤᠷᠭᠠᠨᠢᠬ ᠢᠶᠠᠷ ᠤᠶᠠᠯᠳᠤᠭᠤᠯᠬᠤ | ᠪᠡ ᠬᠠᠷᠢᠯᠴᠠᠨ ᠲᠤᠯᠭᠠᠭᠤᠷᠢᠯᠠᠬᠤ ᠵᠡᠷᠬᠡ ︽ ᠭᠤᠷᠪᠠ ᠶᠢ ᠨᠢᠬᠡ ᠴᠤᠬᠴᠠᠵᠢᠭᠤᠯᠬᠤ︾ ᠶᠠᠳᠠᠭᠤ ᠶᠢ ᠳᠡᠳᠬᠦᠬᠦ ᠶᠡᠭᠡ | ᠪᠠᠶᠢᠷᠢᠰᠢᠯ ᠢ ᠴᠤᠬᠴᠠᠯᠠᠨ ᠪᠠᠶᠢᠭᠤᠯᠤᠨ᠎ᠠ᠃ ᠨᠡᠶᠢᠭᠡᠮ ᠤᠨ ᠡᠯ᠎ᠠ ᠡᠳᠡᠬᠡᠳ ᠤᠨ ᠶᠠᠳᠠᠭᠤ ᠶᠢ ᠳᠡᠳᠬᠦᠨ ᠨᠡᠬᠡᠬᠡᠨ | ᠬᠦᠭᠵᠢᠬᠦᠯᠬᠦ ᠳᠤ ᠤᠷᠤᠯᠴᠠᠬᠤ ᠢᠳᠡᠪᠬᠢᠵᠢᠯ ᠢ ᠦᠷᠬᠡᠨ ᠢᠶᠠᠷ ᠳᠠᠶᠢᠴᠢᠯᠠᠨ᠎ᠠ᠃ ᠨᠡᠶᠢᠭᠡᠮ ᠤᠨ ᠬᠦᠴᠦᠨ᠂ ᠡᠯ᠎ᠠ | ᠵᠦᠢᠯ ᠤᠨ ᠵᠠᠬ᠎ᠠ ᠳᠡᠯᠬᠡᠬᠦᠷ ᠤᠨ ᠭᠤᠤᠯ ᠴᠤᠬᠴᠠ ᠶᠢᠨ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠳᠤ | ᠤᠷᠤᠯᠴᠠᠬᠤ ᠵᠤᠷᠢᠬᠵᠢᠭᠤᠯᠤᠯ ᠤᠨ ᠳᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠵᠦ᠂ ᠨᠡᠶᠢᠭᠡᠮ ᠤᠨ ᠪᠡᠯᠡ | ᠮᠦᠩᠬᠦ ᠪᠠᠷ ᠶᠠᠳᠠᠭᠤ ᠶᠢ ᠲᠡᠳᠭᠦᠨ ᠬᠦᠴᠢᠷᠳᠡᠭᠰᠡᠳ ᠢ ᠲᠤᠰᠠᠯᠠᠬᠤ ᠶᠢ ᠳᠠᠶᠢᠴᠢᠯᠠᠨ᠎ᠠ᠃ | |