ᠬᠤᠷᠢᠨ ᠳᠠᠪᠤᠳᠤᠭᠠᠷ ᠪᠦᠯᠦᠭ ᠨᠡᠶᠢᠭᠡᠮ ᠤᠨ ᠦᠢᠯᠡᠰ ᠢ ᠬᠦᠭᠵᠢᠭᠦᠯᠦᠨ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ᠎ᠠ | ᠨᠢᠬᠡᠳᠦᠬᠡᠷ ᠬᠡᠰᠡᠭ ᠰᠤᠷᠭᠠᠨ ᠬᠦᠮᠦᠵᠢᠯ ᠤᠨ ᠦᠢᠯᠡᠰ ᠢ ᠬᠦᠭᠵᠢᠬᠦᠯᠦᠨ᠎ᠠ | ᠬᠦᠮᠦᠨ ᠠᠮᠠ ᠶᠢᠨ ᠬᠡᠪ ᠴᠢᠨᠠᠷ ᠢ ᠳᠡᠬᠡᠭᠰᠢᠯᠡᠬᠦᠯᠬᠦ ᠪᠠᠷ ᠬᠠᠷᠠᠯᠳᠠ ᠪᠤᠯᠭᠠᠵᠦ᠂ ᠰᠤᠷᠭᠠᠨ ᠬᠦᠮᠦᠵᠢᠯ ᠤᠨ | ᠬᠠᠩᠭᠠᠯᠭ᠎ᠠ ᠶᠢ ᠦᠷᠬᠡᠳᠬᠡᠵᠦ᠂ ᠰᠤᠷᠭᠠᠨ ᠬᠦᠮᠦᠵᠢᠯ ᠤᠨ ᠡᠷᠬᠡ ᠳᠡᠭᠰᠢ ᠶᠢ ᠠᠬᠢᠭᠤᠯᠵᠦ᠂ ᠰᠤᠷᠭᠠᠨ ᠬᠦᠮᠦᠵᠢᠯ ᠤᠨ | ᠶᠠᠰᠤ ᠴᠢᠨᠠᠷ ᠢ ᠳᠡᠬᠡᠭᠰᠢᠯᠡᠬᠦᠯᠵᠦ᠂ ᠰᠤᠷᠭᠠᠨ ᠬᠦᠮᠦᠵᠢᠯ ᠤᠨ ᠦᠢᠯᠡᠰ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ | ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠢᠳᠡᠪᠬᠢᠳᠡᠢ ᠬᠦᠭᠵᠢᠬᠦᠯᠵᠦ᠂ ᠠᠯᠪᠠᠨ | ᠵᠢᠷᠤᠮ ᠤᠨ ᠰᠤᠷᠭᠠᠨ ᠬᠦᠮᠦᠵᠢᠯ ᠢ ᠪᠠᠬᠢᠵᠢᠬᠦᠯᠦᠨ ᠳᠡᠬᠡᠭᠰᠢᠯᠡᠬᠦᠯᠵᠦ᠂ ᠦᠨᠳᠦᠰᠦᠳᠡᠨ ᠤ ᠰᠤᠷᠭᠠᠨ ᠬᠦᠮᠦᠵᠢᠯ ᠢ | ᠡᠩ ᠳᠡᠷᠢᠬᠦᠨ ᠳᠤ ᠬᠦᠭᠵᠢᠬᠦᠯᠵᠦ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ | ᠬᠦᠮᠦᠵᠢᠯ ᠢ ᠳᠦᠬᠡᠮᠡᠯᠵᠢᠬᠦᠯᠵᠦ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠶᠡᠬᠡᠪᠡᠷ ᠬᠦᠭᠵᠢᠬᠦᠯᠵᠦ᠂ ᠳᠡᠬᠡᠳᠦ | ᠵᠡᠷᠬᠡ ᠶᠢᠨ ᠰᠤᠷᠭᠠᠨ ᠬᠦᠮᠦᠵᠢᠯ ᠢ ᠳᠦᠷᠬᠡᠨ ᠬᠦᠭᠵᠢᠬᠦᠯᠦᠨ᠎ᠡ᠃ | ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠳᠦᠬᠡᠮᠠᠯᠵᠢᠬᠦᠯᠦᠨᠠ᠃ ᠬᠤᠳᠠ | ᠬᠦᠳᠡᠭᠡ ᠶᠢᠨ ᠳᠦᠬᠡᠮᠡᠯ ᠬᠠᠷᠠᠭᠠᠯᠵᠠᠯ ᠦᠵᠡᠬᠦᠯᠬᠦ ᠴᠢᠨᠠᠷᠳᠠᠢ ᠬᠡᠤᠬᠡᠳ ᠤᠨ ᠴᠡᠴᠡᠷᠯᠢᠭ ᠤᠨ ᠪᠦᠳᠦᠬᠡᠨ | ᠪᠠᠶᠢᠭᠤᠯᠤᠯᠳᠠ ᠶᠢᠨ ᠠᠯᠬᠤᠴᠠ ᠶᠢ ᠳᠦᠷᠬᠡᠳᠬᠡᠵᠦ᠂ ᠪᠦᠬᠦ ᠠᠶᠢᠮᠠᠬ ᠲᠤ ᠰᠤᠷᠭᠠᠭᠤᠯᠢ ᠶᠢᠨ ᠨᠠᠰᠤᠨ ᠠᠴᠠ ᠡᠮᠤᠨᠡᠬᠢ | ᠰᠤᠷᠭᠠᠨ ᠬᠦᠮᠦᠵᠢᠯ ᠢ ᠳᠦᠬᠡᠮᠠᠯᠵᠢᠬᠦᠯᠦᠨᠡ᠂ ︽ᠵᠠᠰᠠᠬ ᠤᠨ ᠤᠷᠳᠤᠨ ᠠᠴᠠ ᠭᠤᠤᠯᠯᠠᠨ ᠤᠳᠤᠷᠢᠳᠬᠤ᠂ ᠨᠡᠶᠢᠭᠡᠮ | ᠨᠡᠶᠢᠳᠡ ᠪᠠᠷ ᠢᠶᠠᠨ ᠤᠷᠤᠯᠴᠠᠬᠤ᠂ ᠠᠯᠪᠠᠨ ᠠᠴᠠ ᠡᠷᠬᠢᠯᠡᠬᠦ ᠪᠠ ᠠᠷᠠᠳ ᠠᠴᠠ ᠡᠷᠬᠢᠯᠡᠬᠦ ᠶᠢ ᠵᠡᠷᠬᠡᠪᠡᠷ | ᠶᠠᠪᠤᠬᠳᠠᠭᠤᠯᠬᠤ︾ ᠵᠠᠷᠴᠢᠮ ᠢ ᠪᠠᠷᠢᠮᠳᠠᠯᠠᠵᠦ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠭᠠᠭᠤᠯᠢ ᠶᠢᠨ | ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠬ ᠢ ᠦᠷᠬᠡᠳᠬᠡᠨ᠎ᠠ᠃ ᠰᠤᠷᠭᠠᠭᠤᠯᠢ ᠶᠢᠨ | ᠨᠠᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠪᠠᠭᠰᠢ ᠶᠢᠨ ᠡᠩᠨᠡᠭᠡ᠂ ᠵᠠᠷᠤᠳᠠᠯ ᠤᠨ ᠪᠡᠯᠡ ᠤᠷᠤᠭᠤᠯᠤᠯᠳᠠ᠂ | ᠠᠮᠤᠷ ᠳᠦᠪᠰᠢᠨ ᠤ ᠵᠦᠪᠰᠢᠶᠡᠷᠡᠯᠳᠡ᠂ ᠰᠦᠢᠳᠬᠡᠯ ᠬᠤᠷᠢᠶᠠᠬᠤ ᠶᠢᠨ ᠬᠢᠨᠠᠯᠳᠠ ᠬᠠᠮᠢᠶᠠᠷᠤᠯᠳᠠ ᠵᠡᠷᠬᠡ ᠵᠤᠬᠢᠶᠠᠨ | ᠪᠠᠶᠢᠭᠤᠯᠤᠯᠳᠠ ᠶᠢᠨ ᠬᠠᠮᠢᠶᠠᠷᠤᠯᠳᠠ ᠪᠤᠯᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ 2020 ᠤᠨ | ᠪᠤᠯᠬᠤ ᠳᠤ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠬᠤ ᠴᠡᠪᠡᠷ ᠪᠤᠰᠤ | ᠨᠤᠷᠮ᠎ᠠ ᠶᠢ 95% ᠠᠴᠠ ᠳᠡᠬᠡᠭᠰᠢ ᠬᠡᠮᠵᠢᠶᠡᠨ ᠳᠤ ᠬᠦᠷᠬᠡᠨ᠎ᠠ᠃ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠷᠢ ᠳᠦᠪᠰᠢᠨ ᠢ ᠪᠠᠬᠢᠵᠢᠬᠦᠯᠦᠨ ᠳᠡᠬᠡᠭᠰᠢᠯᠡᠬᠦᠯᠦᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠤᠯᠤᠯᠳᠠ ᠬᠢᠬᠡᠳ ᠰᠤᠷᠭᠠᠭᠤᠯᠢ ᠶᠢᠨ ᠪᠠᠶᠢᠷᠢ ᠶᠢᠨ ᠬᠡᠷ ᠤᠨ | ᠠᠮᠤᠷ ᠳᠦᠪᠰᠢᠨ ᠤ ᠪᠦᠳᠦᠬᠡᠨ ᠪᠠᠶᠢᠭᠤᠯᠤᠯᠳᠠ ᠶᠢ ᠳᠦᠷᠬᠡᠳᠬᠡᠵᠦ᠂ ᠰᠤᠷᠭᠠᠭᠤᠯᠢ ᠡᠷᠬᠢᠯᠡᠬᠦ ᠨᠦᠬᠦᠴᠡᠯ ᠢ | ᠰᠠᠶᠢᠵᠢᠷᠠᠭᠤᠯᠵᠦ᠂ ᠰᠤᠷᠭᠠᠭᠤᠯᠢ ᠶᠢᠨ ᠬᠦᠷᠢᠶᠡᠨ ᠤ ᠰᠦᠯᠵᠢᠶ᠎ᠠ ᠶᠢ ᠠᠯᠬᠤᠮ ᠠᠯᠬᠤᠮ ᠢᠶᠠᠷ ᠪᠠᠶᠢᠭᠤᠯᠵᠦ᠂ | ᠰᠤᠷᠭᠠᠭᠤᠯᠢ ᠪᠦᠬᠦᠨ ᠳᠤ ᠨᠡᠪᠳᠡᠷᠡᠬᠦ᠂ ᠠᠩᠬᠢ ᠪᠦᠬᠦᠨ ᠳᠤ ᠨᠡᠪᠳᠡᠷᠡᠬᠦ ᠶᠢ ᠪᠠᠶᠡᠯᠡᠬᠦᠯᠵᠦ᠂ ᠵᠢᠭᠠᠨ ᠰᠤᠷᠭᠠᠯᠳᠠ ᠶᠢᠨ | ᠤᠳᠤᠬᠢᠴᠢᠯᠠᠬᠰᠠᠨ ᠠᠷᠭ᠎ᠠ ᠪᠠᠷᠢᠯ ᠤᠨ ᠬᠡᠷᠡᠭᠯᠡᠯᠳᠡ ᠶᠢᠨ ᠨᠤᠷᠮ᠎ᠠ ᠶᠢ 90% ᠠᠴᠠ ᠳᠡᠬᠡᠭᠰᠢ ᠬᠡᠮᠵᠢᠶᠡᠨ ᠳᠤ | ᠬᠦᠷᠬᠡᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠯ ᠪᠦᠳᠦᠴᠡ ᠳᠤᠬᠢᠷᠠᠭᠤᠯᠭ᠎ᠠ ᠶᠢ ᠳᠡᠬᠦᠯᠳᠡᠷᠵᠢᠬᠦᠯᠵᠦ᠂ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠎ᠠ᠃ ᠬᠤᠳᠠ ᠳᠤ | ᠤᠷᠤᠵᠦ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠤᠨ ᠳᠠᠭᠠᠭᠤᠯᠵᠦ ᠠᠪᠠᠴᠢᠬᠰᠠᠨ ᠦᠷ᠎ᠠ ᠬᠡᠤᠬᠡᠳ ᠤᠨ | ᠤᠴᠢᠬᠰᠠᠨ ᠭᠠᠵᠠᠷ ᠲᠠᠭᠠᠨ ᠡᠷᠬᠡ ᠳᠡᠭᠰᠢ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠨ᠎ᠠ᠃ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠪᠠᠷᠢᠮᠵᠢᠶᠠᠵᠢᠬᠰᠠᠨ ᠪᠦᠳᠦᠬᠡᠨ | ᠪᠠᠶᠢᠭᠤᠯᠤᠯᠳᠠ ᠶᠢ ᠳᠦᠷᠬᠡᠨ ᠠᠬᠢᠭᠤᠯᠵᠦ᠂ ᠠᠯᠪᠠᠨ ᠵᠢᠷᠤᠮ ᠤᠨ ᠱᠠᠳᠤᠨ ᠤ ᠪᠤᠢ ᠪᠦᠬᠦᠢ ᠰᠤᠷᠭᠠᠭᠤᠯᠢ ᠶᠢ | ᠪᠠᠷᠢᠮᠵᠢᠶᠠᠵᠢᠬᠰᠠᠨ ᠱᠠᠭᠠᠷᠳᠠᠯᠭ᠎ᠠ ᠳᠤ ᠬᠦᠷᠬᠡᠨ᠎ᠠ᠃ 2020 ᠤᠨ ᠪᠤᠯᠬᠤ ᠳᠤ᠂ ᠶᠢᠰᠦᠨ ᠵᠢᠯ ᠤᠨ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠪᠠᠬᠢᠵᠢᠯᠳᠡ ᠶᠢᠨ ᠨᠤᠷᠮ᠎ᠠ ᠶᠢ 95% ᠠᠴᠠ ᠳᠡᠬᠡᠭᠰᠢᠬᠢ ᠬᠡᠮᠵᠢᠶᠡᠨ ᠳᠤ | ᠬᠦᠷᠬᠡᠨ᠎ᠠ᠃ | ᠦᠨᠳᠦᠰᠦᠳᠡᠨ ᠤ ᠰᠤᠷᠭᠠᠨ ᠬᠦᠮᠦᠵᠢᠯ ᠢ ᠡᠩ ᠳᠡᠷᠢᠬᠨ ᠳᠤ ᠬᠦᠭᠵᠢᠬᠦᠯᠦᠨ᠎ᠠ᠃ ᠡᠯ᠎ᠠ ᠳᠦᠷᠦᠯ ᠤᠨ | ᠰᠤᠷᠭᠠᠨ ᠬᠦᠮᠦᠵᠢᠯ ᠤᠨ ᠦᠢᠯᠡᠰ ᠤᠨ ᠳᠦᠯᠦᠪᠵᠢᠬᠦᠯᠬᠡ ᠶᠢ ᠰᠤᠳᠤᠯᠤᠨ ᠳᠤᠬᠳᠠᠭᠠᠬᠤ᠂ ᠡᠯ᠎ᠠ ᠳᠦᠷᠦᠯ ᠤᠨ | ᠰᠤᠷᠭᠠᠨ ᠬᠦᠮᠦᠵᠢᠯ ᠤᠨ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠳᠡᠭᠡᠨ᠂ ᠦᠨᠳᠦᠰᠦᠳᠡᠨ ᠤ | ᠰᠤᠷᠭᠠᠨ ᠬᠦᠮᠦᠵᠢᠯ ᠤᠨ ᠳᠦᠷᠦᠯ ᠵᠦᠢᠯ ᠢ ᠡᠩ ᠳᠡᠷᠢᠬᠦᠨ ᠳᠤ ᠳᠤᠬᠢᠷᠠᠭᠤᠯᠵᠦ᠂ ᠦᠨᠳᠦᠰᠦᠳᠡᠨ ᠤ ᠰᠤᠷᠭᠠᠨ | ᠬᠦᠮᠦᠵᠢᠯ ᠢ ᠪᠦᠬᠦ ᠠᠶᠢᠮᠠᠭ ᠤᠨ ᠡᠯ᠎ᠠ ᠳᠦᠷᠦᠯ ᠤᠨ ᠰᠤᠷᠭᠠᠨ ᠬᠦᠮᠦᠵᠢᠯ ᠲᠠᠢ ᠢᠵᠢᠯ ᠠᠯᠬᠤᠮ ᠢᠶᠠᠷ᠂ ᠢᠵᠢᠯ | ᠶᠠᠰᠤ ᠴᠢᠨᠠᠷ ᠲᠠᠢ ᠪᠠᠷ ᠬᠦᠭᠵᠢᠬᠦᠯᠬᠦ ᠰᠠᠭᠤᠷᠢᠨ ᠳᠡᠬᠡᠷ᠎ᠠ᠂ ᠵᠤᠬᠢᠬᠤ ᠬᠡᠮᠵᠢᠶ᠎ᠠ ᠪᠠᠷ ᠤᠷᠢᠳᠠᠪᠠᠷ ᠬᠦᠭᠵᠢᠬᠦᠯᠵᠦ᠂ | ᠦᠨᠳᠦᠰᠦᠳᠡᠨ ᠤ ᠰᠤᠷᠭᠠᠨ ᠬᠦᠮᠦᠵᠢᠯ ᠢ ᠡᠩ ᠳᠡᠷᠢᠬᠦᠨ ᠳᠤ ᠭᠤᠤᠯᠳᠠᠯᠭ᠎ᠠ ᠲᠠᠢ ᠬᠦᠭᠵᠢᠬᠦᠯᠬᠦ ᠪᠠᠶᠢᠭᠤᠯᠤᠮᠵᠢ | ᠪᠤᠯᠤᠨ ᠠᠵᠢᠯᠯᠠᠭᠠᠨ ᠤ ᠳᠤᠬᠳᠠᠴᠠ ᠶᠢ ᠴᠢᠨᠠᠬᠰᠢᠳᠠ ᠪᠠᠶᠢᠭᠤᠯᠤᠨ ᠳᠡᠬᠦᠯᠳᠡᠷᠵᠢᠬᠦᠯᠵᠦ᠂ ᠮᠠᠨ ᠤ ᠠᠶᠢᠮᠠᠭ ᠤᠨ | ᠦᠨᠳᠦᠰᠦᠳᠡᠨ ᠤ ᠰᠤᠷᠭᠠᠨ ᠬᠦᠮᠦᠵᠢᠯ ᠤᠨ ᠪᠦᠬᠦᠯᠢ ᠴᠤᠬᠴᠠ ᠶᠢᠨ ᠬᠦᠭᠵᠢᠯᠳᠡ ᠶᠢᠨ ᠬᠢᠷᠢ ᠳᠦᠪᠰᠢᠨ ᠢ ᠪᠦᠬᠦ | ᠤᠯᠤᠰ ᠤᠨ ᠦᠨᠳᠦᠰᠦᠳᠡᠨ ᠤ ᠭᠠᠵᠠᠷ ᠤᠷᠤᠨ ᠤ ᠳᠡᠷᠢᠬᠦᠨ ᠡᠩᠨᠡᠬᠡᠨ ᠳᠤ ᠤᠷᠤᠭᠤᠯᠬᠤ ᠪᠠᠷ ᠴᠢᠷᠮᠠᠶᠢᠨ᠎ᠠ᠃ | ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠳᠦᠷᠬᠡᠨ ᠬᠦᠭᠵᠢᠬᠦᠯᠦᠨ᠎ᠠ᠃ ᠬᠢᠩᠭᠠᠨ ᠠᠶᠢᠮᠠᠬ ᠤᠨ ᠠᠵᠢᠯ | ᠮᠡᠷᠬᠡᠵᠢᠯ ᠤᠨ ᠳᠡᠬᠡᠳᠦ ᠰᠤᠷᠭᠠᠭᠤᠯᠢ ᠶᠢ ᠵᠢᠩᠬᠢᠨᠢ ᠠᠩᠬᠢ ᠶᠢᠨ ᠶᠡᠭᠡ ᠰᠤᠷᠭᠠᠭᠤᠯᠢ ᠪᠤᠯᠭᠠᠨ ᠳᠡᠰ ᠳᠡᠪᠰᠢᠬᠦᠯᠵᠦ᠂ | ᠰᠠᠭᠤᠷᠢ ᠳᠦᠬᠦᠬᠡᠷᠦᠮᠵᠢ ᠬᠢᠬᠡᠳ ᠰᠢᠨᠵᠢᠯᠡᠬᠡᠨ ᠤ ᠪᠦᠳᠦᠬᠡᠨ ᠪᠠᠶᠢᠭᠤᠯᠤᠯᠳᠠ ᠶᠢ ᠳᠦᠷᠬᠡᠳᠬᠡᠵᠦ᠂ ᠰᠤᠷᠤᠬᠴᠢ | ᠡᠯᠰᠡᠬᠦ ᠬᠡᠪᠴᠢᠶ᠎ᠠ ᠶᠢ ᠦᠷᠬᠡᠳᠬᠡᠵᠦ᠂ ᠳᠦᠷᠦᠯ ᠳᠡᠮᠳᠡᠭᠳᠦ ᠳᠤᠰᠬᠠᠢ ᠮᠡᠷᠬᠡᠵᠢᠯ ᠢ ᠪᠠᠶᠢᠭᠤᠯᠤᠨ᠎ᠠ᠃ ᠳᠤᠮᠳᠠ | ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠢᠳᠡᠪᠬᠢᠳᠡᠢ ᠬᠦᠭᠵᠢᠬᠦᠯᠵᠦ᠂ ᠡᠩ ᠳᠡᠷᠢᠬᠦᠨ ᠳᠤ | ᠴᠢᠳᠠᠪᠤᠷᠢᠳᠡᠨ ᠳᠤᠳᠠᠬᠳᠠᠵᠦ ᠪᠠᠶᠢᠭ᠎ᠠ ᠳᠤᠰᠬᠠᠢ ᠮᠡᠷᠬᠡᠵᠢᠯ ᠤᠨ ᠬᠦᠷᠢᠶᠡᠨ ᠳᠤ ᠪᠤᠳᠠᠳᠦ ᠰᠤᠷᠭᠠᠭᠤᠯᠢᠯᠠᠯ ᠬᠢᠬᠦ | ᠰᠠᠭᠤᠷᠢᠨ ᠪᠠᠶᠢᠭᠤᠯᠬᠤ ᠠᠵᠢᠯ ᠢ ᠴᠢᠩᠭᠠᠳᠬᠠᠨ᠎ᠠ᠃ ᠳᠤᠳᠤᠷ᠎ᠠ ᠭᠠᠳᠠᠨᠠᠬᠢ ᠶᠢ ᠤᠶᠠᠯᠳᠤᠭᠤᠯᠤᠬᠰᠠᠨ | ᠬᠠᠨᠳᠤᠯᠭ᠎ᠠ ᠲᠠᠢ ᠪᠠᠷ ᠬᠦᠮᠦᠵᠢᠬᠦᠯᠬᠦ᠂ ᠤᠬᠤᠷ ᠬᠤᠭᠤᠴᠠᠭ᠎ᠠ ᠪᠠᠷ ᠬᠦᠮᠦᠵᠢᠬᠦᠯᠬᠦ ᠵᠡᠷᠬᠡ ᠤᠯᠠᠨ ᠠᠷᠭ᠎ᠠ | ᠬᠡᠯᠪᠡᠷᠢ ᠪᠠᠷ ᠳᠤᠬᠠᠢᠢᠯᠠᠬᠰᠠᠨ ᠠᠵᠢᠯ ᠤᠨ ᠮᠡᠷᠬᠡᠵᠢᠯ ᠴᠢᠳᠠᠪᠤᠷᠢ ᠶᠢᠨ ᠰᠤᠷᠭᠠᠨ ᠬᠦᠮᠦᠵᠢᠯ ᠢ ᠪᠤᠶᠢᠵᠢᠭᠤᠯᠤᠨ | ᠬᠦᠭᠵᠢᠬᠦᠯᠦᠨ᠎ᠠ᠃ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠪᠤᠯᠤᠨ ᠰᠤᠷᠤᠯᠭ᠎ᠠ ᠶᠢᠨ ᠨᠠᠮᠳᠠᠷ ᠤᠨ ᠪᠤᠰᠤ | ᠰᠤᠷᠭᠠᠨ ᠬᠦᠮᠦᠵᠢᠯ ᠢ ᠵᠡᠷᠬᠡᠪᠠᠷ ᠶᠠᠪᠤᠬᠳᠠᠭᠤᠯᠬᠤ ᠤᠳᠤ ᠦᠶ᠎ᠠ ᠶᠢᠨ ᠠᠵᠢᠯ ᠮᠡᠷᠬᠡᠵᠢᠯ ᠤᠨ ᠰᠤᠷᠭᠠᠨ | ᠬᠦᠮᠦᠵᠢᠯ ᠤᠨ ᠰᠢᠰᠲ᠋ᠧᠮ ᠢ ᠴᠤᠬᠴᠠᠯᠠᠨ ᠪᠠᠶᠢᠭᠤᠯᠤᠨ᠎ᠠ᠃ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠡᠬᠢ | ᠪᠠᠶᠠᠯᠢᠬ ᠢ ᠢᠳᠡᠪᠬᠢᠳᠡᠢ ᠨᠡᠶᠢᠳᠬᠡᠵᠦ᠂ ᠮᠡᠷᠬᠡᠵᠢᠯ ᠴᠢᠳᠠᠪᠤᠷᠢ ᠲᠠᠢ ᠴᠢᠳᠠᠪᠤᠷᠢᠳᠡᠨ ᠪᠤᠯᠤᠨ ᠬᠤᠪᠤᠷ ᠴᠢᠳᠠᠪᠤᠷᠢᠳᠠᠨ ᠢ | ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠬᠢᠷᠢ | ᠳᠦᠪᠰᠢᠨ ᠢ ᠳᠡᠬᠡᠭᠰᠢᠯᠡᠬᠦᠯᠦᠨ᠎ᠠ᠃ ᠤᠨᠴᠠᠭᠠᠢ ᠰᠤᠷᠭᠠᠨ ᠬᠦᠮᠦᠵᠢᠯ ᠢ ᠴᠢᠬᠤᠯᠠᠴᠢᠯᠠᠨ ᠬᠦᠭᠵᠢᠬᠦᠯᠦᠨ᠎ᠠ᠃ | ᠰᠤᠶᠤᠯ ᠤᠨ ᠬᠦᠮᠦᠵᠢᠯ᠂ ᠠᠵᠢᠯ ᠮᠡᠷᠬᠡᠵᠢᠯ ᠤᠨ ᠬᠦᠮᠦᠵᠢᠯ᠂ ᠡᠷᠡᠬᠦᠯᠵᠢᠯ ᠤᠨ ᠪᠤᠯᠪᠠᠰᠤᠷᠠᠯ ᠢ ᠬᠠᠷᠢᠯᠴᠠᠨ | ᠤᠶᠠᠯᠳᠤᠭᠤᠯᠬᠤ ᠶᠢ ᠪᠠᠷᠢᠮᠳᠠᠯᠠᠵᠦ᠂ ᠭᠤᠷᠪᠠᠨ ᠳᠦᠷᠦᠯ ᠤᠨ ᠵᠡᠮᠳᠡᠭ ᠬᠡᠤᠬᠡᠳ ᠪᠠᠭᠠᠠᠴᠤᠳ ᠲᠤ ᠤᠨᠴᠠᠭᠠᠢ | ᠰᠤᠷᠭᠠᠨ ᠬᠦᠮᠦᠵᠢᠯ ᠪᠤᠯᠤᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠬᠦᠷᠳᠡᠬᠡᠬᠦ ᠶᠢ ᠪᠠᠳᠤᠯᠠᠨ᠎ᠠ᠃ ᠤᠨᠴᠠᠭᠠᠢ | ᠰᠤᠷᠭᠠᠨ ᠬᠦᠮᠦᠵᠢᠯ ᠤᠨ ᠰᠤᠷᠭᠠᠭᠤᠯᠢ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠨ᠎ᠠ᠃ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠤᠨᠴᠠᠭᠠᠢ ᠰᠤᠷᠭᠠᠨ | ᠬᠦᠮᠦᠵᠢᠯ ᠢ ᠴᠢᠩᠭᠠᠳᠬᠠᠨ᠎ᠠ᠃ 2020 ᠤᠨ ᠳᠤ᠂ ᠬᠦᠩᠬᠡᠪᠳᠤᠷ ᠤᠶᠤᠨ ᠤ ᠵᠡᠮᠳᠡᠭ ᠲᠠᠢ ᠬᠡᠤᠬᠡᠳ ᠤᠨ | ᠠᠩᠬᠢ ᠲᠠᠭᠠᠨ ᠰᠤᠷᠤᠯᠴᠠᠬᠤ ᠨᠤᠷᠮ᠎ᠠ ᠶᠢ 100% ᠲᠤ ᠬᠦᠷᠬᠡᠵᠦ᠂ ᠳᠤᠮᠳᠠ ᠵᠡᠷᠬᠡ ᠶᠢᠨ ᠤᠶᠤᠨ ᠤ ᠵᠡᠮᠳᠡᠭ ᠲᠠᠢ | ᠬᠡᠤᠬᠡᠳ ᠤᠨ ᠰᠤᠷᠭᠠᠭᠤᠯᠢ ᠳᠤ ᠤᠷᠤᠬᠤ ᠨᠤᠷᠮ᠎ᠠ ᠶᠢ 95% ᠠᠴᠠ ᠳᠡᠬᠡᠭᠰᠢ ᠬᠡᠮᠵᠢᠶᠡᠨ ᠳᠤ ᠬᠦᠷᠬᠡᠨ᠎ᠠ᠃ | ᠪᠠᠭᠰᠢ ᠶᠢᠨ ᠡᠩᠨᠡᠬᠡᠨ ᠤ ᠪᠦᠬᠦᠯᠢ ᠴᠤᠬᠴᠠ ᠶᠢᠨ ᠬᠢᠷᠢ ᠳᠦᠪᠰᠢᠨ ᠢ ᠳᠡᠬᠡᠭᠰᠢᠯᠡᠬᠦᠯᠦᠨ᠎ᠠ᠃ ︽ᠬᠢᠩᠭᠠᠨ | ᠠᠶᠢᠮᠠᠬ ᠤᠨ ᠳᠤᠮᠳᠠᠳᠤ ᠪᠠᠭ᠎ᠠ ᠰᠤᠷᠭᠠᠭᠤᠯᠢ ᠶᠢᠨ ᠨᠡᠷᠡᠳᠦ ᠪᠠᠭᠰᠢ ᠶᠢᠨ ᠢᠨᠵᠧᠨᠧᠷᠢᠩ︾ ᠢ ᠪᠦᠬᠦ ᠳᠠᠯ᠎ᠠ ᠪᠠᠷ | ᠬᠡᠷᠡᠭᠵᠢᠬᠦᠯᠵᠦ᠂ ᠪᠠᠭᠰᠢ ᠶᠢ ᠪᠤᠯᠪᠠᠰᠤᠷᠠᠭᠤᠯᠬᠤ ᠰᠠᠭᠤᠷᠢᠨ ᠤ ᠪᠦᠳᠦᠬᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠶᠢ | ᠴᠢᠩᠭᠠᠳᠬᠠᠵᠦ᠂ ᠪᠠᠭᠰᠢ ᠶᠢᠨ ᠰᠤᠷᠭᠠᠨ ᠬᠦᠮᠦᠵᠢᠯ ᠪᠤᠯᠤᠨ ᠰᠤᠷᠤᠯᠭ᠎ᠠ ᠶᠢᠨ ᠨᠠᠮᠳᠠᠷ ᠤᠨ ᠬᠢᠷᠢ ᠳᠦᠪᠰᠢᠨ ᠢ | ᠴᠢᠷᠮᠠᠶᠢᠨ ᠳᠡᠬᠡᠭᠰᠢᠯᠡᠬᠦᠯᠵᠦ᠂ ᠪᠠᠭᠰᠢ ᠶᠢᠨ ᠮᠤᠷᠠᠯ ᠪᠠᠭᠰᠢ ᠶᠢᠨ ᠰᠤᠷᠳᠠᠯ ᠤᠨ ᠬᠦᠮᠦᠵᠢᠯ ᠢ ᠴᠢᠬᠤᠯᠠᠴᠢᠯᠠᠵᠦ᠂ | ᠰᠤᠷᠭᠠᠨ ᠬᠦᠮᠦᠵᠢᠯ ᠤᠨ ᠠᠵᠢᠯ ᠳᠦᠷᠦᠯ ᠤᠨ ᠬᠡᠪ ᠰᠤᠷᠳᠠᠯ ᠤᠨ ᠪᠠᠶᠢᠭᠤᠯᠤᠯᠳᠠ ᠶᠢ ᠶᠡᠬᠡᠪᠡᠷ ᠴᠢᠩᠭᠠᠳᠬᠠᠨ᠎ᠠ᠃ | 2020 ᠤᠨ ᠪᠤᠯᠬᠤ ᠳᠤ᠂ ᠰᠢᠨᠵᠢᠯᠡᠬᠡᠨ ᠤ ᠳᠠᠭᠠᠭᠤᠯᠬᠴᠢ ᠬᠦᠮᠦᠨ᠂ ᠭᠤᠤᠯᠯᠠᠬᠴᠢ ᠪᠠᠭᠰᠢ ᠶᠢᠨ ᠳᠤᠭ᠎ᠠ ᠶᠢ | ᠠᠵᠢᠯ ᠮᠡᠷᠬᠡᠵᠢᠯ ᠤᠨ ᠪᠠᠭᠰᠢ ᠨᠠᠷ ᠲᠠᠬᠢ ᠡᠵᠡᠯᠡᠬᠦ ᠬᠠᠷᠢᠴᠠᠯ ᠢ 35% ᠠᠴᠠ ᠳᠡᠬᠡᠭᠰᠢ ᠪᠤᠯᠭᠠᠨ᠎ᠠ᠃ | ᠨᠠᠰᠤᠨ ᠳᠤᠷᠰᠢᠳᠡ ᠰᠤᠷᠭᠠᠨ ᠬᠦᠮᠦᠵᠢᠯ ᠬᠦ᠋ᠷᠲᠡᠬᠦ ᠰᠢᠰᠲ᠋ᠧᠮ ᠢ ᠴᠤᠬᠴᠠᠯᠠᠨ ᠪᠠᠶᠢᠭᠤᠯᠤᠨ᠎ᠠ᠃ ︽ᠢᠨᠲ᠋ᠧᠷ | ᠰᠦᠯᠵᠢᠶ᠎ᠠ + ᠰᠤᠷᠭᠠᠨ ᠬᠦᠮᠦᠵᠢᠯ︾ ᠤᠨ ᠵᠠᠬᠪᠤᠷ ᠢ ᠴᠤᠬᠴᠯᠠᠠᠨ ᠪᠠᠶᠢᠭᠤᠯᠵᠦ᠂ ᠡᠯ᠎ᠠ ᠳᠦᠷᠦᠯ ᠤᠨ ᠰᠤᠷᠭᠠᠨ | ᠬᠦᠮᠦᠵᠢᠯ ᠤᠨ ᠪᠤᠯᠪᠠᠰᠤᠷᠠᠯ ᠬᠦᠷᠳᠡᠬᠡᠬᠦ ᠪᠠᠶᠢᠭᠤᠯᠤᠮᠵᠢ ᠡᠷᠬᠢᠯᠡᠬᠦ ᠶᠢ ᠵᠤᠷᠢᠬᠵᠢᠭᠤᠯᠵᠦ᠂ ᠨᠠᠰᠤᠨ ᠳᠤ | ᠬᠦᠷᠦᠭᠰᠡᠳ ᠤᠨ ᠰᠤᠷᠭᠠᠨ ᠬᠦᠮᠦᠵᠢᠯ᠂ ᠦᠪᠡᠷ ᠲᠡᠭᠡᠨ ᠰᠤᠷᠴᠤ ᠰᠢᠯᠭᠠᠭᠤᠯᠬᠤ ᠰᠤᠷᠭᠠᠨ ᠬᠦᠮᠦᠵᠢᠯ᠂ ᠠᠯᠤᠰ | ᠡᠵᠡᠮᠰᠢᠯᠳᠦ ᠰᠤᠷᠭᠠᠨ ᠬᠦᠮᠦᠵᠢᠯ ᠢ ᠡᠷᠬᠢᠯᠡᠨ᠎ᠠ᠃ ᠠᠵᠢᠯ ᠳᠤ ᠤᠷᠤᠬᠤ ᠠᠴᠠ ᠡᠮᠤᠨᠡᠬᠢ ᠰᠤᠷᠭᠠᠨ ᠬᠦᠮᠦᠵᠢᠯ᠂ | ᠠᠵᠢᠯ ᠳᠤ ᠤᠷᠤᠬᠰᠠᠨ ᠤ ᠳᠠᠷᠠᠭᠠᠬᠢ ᠠᠵᠢᠯ ᠤᠨ ᠪᠠᠶᠢᠷᠢᠨ ᠤ ᠪᠤᠯᠪᠠᠰᠤᠷᠠᠯ ᠵᠡᠷᠬᠡ ᠤᠯᠠᠨ ᠠᠷᠭ᠎ᠠ ᠬᠡᠯᠪᠡᠷᠢ ᠶᠢᠨ | ᠰᠤᠷᠭᠠᠨ ᠬᠦᠮᠦᠵᠢᠯ ᠢ ᠶᠡᠬᠡᠪᠡᠷ ᠬᠦᠭᠵᠢᠬᠦᠯᠵᠦ᠂ ᠮᠠᠨ ᠤ ᠠᠶᠢᠮᠠᠬ ᠤᠨ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠬᠡᠷᠡᠭᠴᠡᠭᠡ ᠱᠠᠭᠠᠷᠳᠠᠯᠭ᠎ᠠ ᠳᠤ ᠳᠤᠬᠢᠷᠠᠬᠰᠠᠨ ᠨᠠᠰᠤᠨ ᠳᠤᠷᠰᠢᠳᠠ ᠰᠤᠷᠭᠠᠨ ᠬᠦᠮᠦᠵᠢᠯ ᠬᠦ᠋ᠷᠲᠡᠬᠦ | ᠰᠢᠰᠲ᠋ᠧᠮ ᠢ ᠪᠠᠶᠢᠭᠤᠯᠤᠨ᠎ᠠ᠃ | ᠬᠤᠶᠠᠳᠤᠭᠠᠷ ᠬᠡᠰᠡᠭ ᠦᠢᠯᠡᠰ ᠪᠤᠰᠬᠠᠨ ᠠᠵᠢᠯ ᠤᠯᠭᠤᠬᠤ ᠶᠢ ᠠᠬᠢᠭᠤᠯᠤᠨ᠎ᠠ | ᠠᠵᠢᠯ ᠤᠯᠭᠤᠯᠳᠠ ᠶᠢ ᠡᠩ ᠳᠡᠷᠢᠬᠦᠨ ᠳᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃ | ᠠᠵᠢᠯ ᠤᠯᠭᠤᠯᠳᠠ ᠶᠢ ᠦᠷᠬᠡᠳᠬᠡᠬᠦ ᠶᠢ ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠳᠡ ᠶᠢᠨ ᠳᠤᠬᠢᠷᠠᠭᠤᠯᠭ᠎ᠠ ᠶᠢᠨ ᠬᠠᠷᠠᠯᠳᠠ ᠪᠤᠯᠭᠠᠵᠦ᠂ ᠬᠦᠢᠴᠡᠳ ᠠᠵᠢᠯ ᠤᠯᠭᠤᠬᠤ᠂ ᠳᠤᠬᠳᠠᠭᠤᠨ ᠢᠶᠠᠷ | ᠠᠵᠢᠯ ᠤᠯᠭᠤᠬᠤ᠂ ᠦᠨᠳᠦᠷ ᠶᠠᠰᠤ ᠴᠢᠨᠠᠷ ᠲᠠᠢ ᠪᠠᠷ ᠠᠵᠢᠯ ᠤᠯᠭᠤᠬᠤ ᠶᠢ ᠠᠬᠢᠭᠤᠯᠤᠨ᠎ᠠ᠃ ︽ᠠᠷᠪᠠᠨ | ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ᠂ ᠬᠤᠳᠠ ᠪᠠᠯᠭᠠᠰᠤᠨ ᠳᠤ ᠰᠢᠨ᠎ᠠ ᠪᠠᠷ 7.35 ᠳᠦᠮᠡᠨ | ᠬᠦᠮᠦᠨ ᠳᠤ ᠠᠵᠢᠯ ᠤᠯᠭᠤᠬᠤ ᠶᠢ ᠪᠡᠶᠡᠯᠡᠬᠦᠯᠵᠦ᠂ ᠶᠡᠭᠡ ᠳᠡᠬᠡᠳᠦ ᠰᠤᠷᠭᠠᠭᠤᠯᠢ ᠠᠴᠠ ᠳᠡᠬᠦᠰᠦᠭᠰᠡᠨ 2.5 ᠳᠦᠮᠡᠨ | ᠬᠦᠮᠦᠨ ᠳᠤ ᠠᠵᠢᠯ ᠤᠯᠭᠤᠵᠦ᠂ ᠬᠤᠳᠠ ᠪᠠᠯᠭᠠᠰᠤᠨ ᠤ ᠠᠵᠢᠯ ᠠᠯᠳᠠᠬᠰᠠᠨ ᠤᠨ 2 ᠳᠦᠮᠡᠨ ᠬᠦᠮᠦᠨ ᠳᠤ ᠳᠠᠬᠢᠨ | ᠠᠵᠢᠯ ᠤᠯᠭᠤᠵᠦ᠂ ᠬᠤᠳᠠ ᠪᠠᠯᠭᠠᠰᠤᠨ ᠤ ᠪᠠᠶᠢᠴᠠᠭᠠᠵᠦ ᠭᠠᠷᠭᠠᠬᠰᠠᠨ ᠠᠵᠢᠯ ᠠᠯᠳᠠᠬᠰᠠᠤᠨ ᠤᠨ ᠳᠤᠭ᠎ᠠ ᠨᠤᠷᠮ᠎ᠠ | ᠪᠤᠯᠤᠨ ᠳᠠᠩᠰᠠᠯᠠᠭᠤᠯᠤᠬᠰᠠᠨ ᠠᠵᠢᠯ ᠠᠯᠳᠠᠬᠰᠠᠳ ᠤᠨ ᠳᠤᠭ᠎ᠠ ᠨᠤᠷᠮ᠎ᠠ ᠶᠢ ᠪᠦᠬᠦ ᠤᠯᠤᠰ ᠤᠨ ᠳᠤᠮᠳᠠᠴᠢ | ᠳᠦᠪᠰᠢᠨ ᠠᠴᠠ ᠳᠤᠤᠷ᠎ᠠ ᠪᠤᠯᠭᠠᠵᠦ᠂ ᠮᠠᠯᠴᠢᠨ ᠳᠠᠷᠢᠶᠠᠴᠢᠨ ᠢ ᠰᠢᠯᠵᠢᠬᠦᠯᠦᠨ 75 ᠳᠦᠮᠡᠨ ᠬᠦᠮᠦᠨ ᠤᠳᠠᠭ᠎ᠠ ᠳᠤ | ᠠᠵᠢᠯ ᠤᠯᠭᠤᠨ᠎ᠠ᠃ | ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠳᠠᠶᠢᠴᠢᠯᠠᠬᠤ ᠶᠢ ᠳᠡᠳᠬᠦᠨ᠎ᠠ᠃ ︽ᠠᠷᠪᠠᠨ | ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ ᠤᠨᠴᠠᠯᠢᠬ ᠢᠶᠠᠷ ᠳᠤᠪᠤᠶᠢᠮ᠎ᠠ᠂ ᠠᠴᠢᠶᠠᠯᠠᠬᠤ ᠴᠢᠳᠠᠪᠤᠷᠢ ᠪᠠᠷ | ᠴᠢᠩᠭ᠎ᠠ᠂ ᠴᠢᠳᠠᠮᠵᠢ ᠪᠠᠷ ᠪᠦᠷᠢᠨ᠂ ᠵᠢᠱᠢᠶ᠎ᠠ ᠦᠵᠡᠬᠦᠯᠬᠦ ᠪᠡ ᠳᠠᠶᠢᠴᠢᠯᠠᠬᠤ ᠦᠢᠯᠡᠳᠦᠯ ᠲᠠᠢ ᠦᠢᠯᠡᠰ ᠪᠤᠰᠬᠠᠬᠤ | ᠬᠦᠷᠢᠶᠡᠯᠡᠩ ᠳᠤᠭᠤᠷᠢᠬ ᠪᠤᠯᠤᠨ ᠦᠢᠯᠡᠰ ᠪᠤᠰᠬᠠᠬᠤ ᠰᠠᠭᠤᠷᠢᠨ ᠨᠤᠭᠤᠳ ᠢ ᠴᠤᠬᠴᠠᠯᠠᠨ ᠪᠠᠶᠢᠭᠤᠯᠤᠨ᠎ᠠ᠃ ᠦᠢᠯᠡᠰ | ᠪᠤᠰᠬᠠᠬᠤ ᠳᠤ ᠪᠠᠳᠤᠯᠠᠭ᠎ᠠ ᠤᠯᠭᠤᠬᠤ ᠵᠢᠬᠡᠯᠡᠯᠬᠡ ᠳᠠᠯᠪᠢᠬᠤ ᠡᠷᠴᠢᠮ ᠢ ᠴᠢᠩᠭᠠᠳᠬᠠᠵᠦ᠂ ᠬᠡᠳᠡᠷᠬᠦ ᠪᠠᠳᠤᠯᠠᠬᠤ | ᠬᠠᠳᠠᠪᠴᠢ ᠶᠢ ᠪᠠᠭᠤᠷᠠᠭᠤᠯᠵᠤ᠂ ᠦᠢᠯᠡᠰ ᠪᠤᠰᠬᠠᠬᠤ ᠳᠤ ᠪᠠᠲᠤᠯᠠᠭ᠎ᠠ ᠤᠯᠭᠤᠬᠤ ᠵᠢᠭᠡᠯᠡᠯᠭᠡ ᠶᠢᠨ ᠦᠢᠯᠡᠰ | ᠪᠤᠰᠬᠠᠬᠤ ᠶᠢ ᠳᠡᠮᠵᠢᠬᠦ ᠦᠢᠯᠡᠳᠦᠯ ᠢ ᠳᠠᠬᠢᠨ ᠢᠶᠠᠷ ᠭᠦᠢᠴᠡᠳ ᠪᠠᠳᠠᠷᠠᠭᠤᠯᠵᠤ᠂ ᠠᠵᠤ ᠠᠬᠤᠢᠢᠯᠠᠯ ᠤᠨ ᠰᠢᠩᠬᠡᠬᠡᠨ | ᠠᠪᠴᠤ ᠠᠵᠢᠯ ᠤᠯᠭᠤᠬᠤ ᠶᠢ ᠠᠬᠢᠭᠤᠯᠤᠨ᠎ᠠ᠃ ᠳᠤᠬᠠᠢ ᠶᠢᠨ ᠭᠠᠵᠠᠷ ᠤᠨ ᠠᠵᠢᠯ ᠤᠯᠭᠤᠬᠤ ᠠᠵᠢᠯ ᠤᠨ ᠪᠠᠶᠢᠷᠢ ᠶᠢ | ᠴᠢᠬᠤᠯᠠ ᠶᠡᠭᠡ ᠳᠦᠷᠦᠯ ᠵᠦᠢᠯ ᠢ ᠭᠤᠶᠤᠴᠢᠯᠠᠨ ᠮᠡᠳᠡᠬᠦᠯᠬᠦ ᠠᠭᠤᠯᠭ᠎ᠠ ᠳᠤ ᠤᠷᠤᠭᠤᠯᠵᠦ᠂ ᠬᠦᠮᠦᠨ ᠤ ᠬᠦᠴᠦᠨ ᠤ | ᠡᠬᠢ ᠪᠠᠶᠠᠯᠢᠬ ᠢ ᠳᠤᠬᠢᠷᠠᠭᠤᠯᠬᠤ ᠪᠡ ᠳᠤᠬᠠᠢᠢᠯᠠᠬᠰᠠᠨ ᠠᠵᠢᠯ ᠤᠨ ᠮᠡᠷᠬᠡᠵᠢᠯ ᠴᠢᠳᠠᠪᠤᠷᠢ ᠶᠢ ᠪᠤᠯᠪᠠᠰᠤᠷᠠᠭᠤᠯᠬᠤ | ᠠᠵᠢᠯ ᠯᠤᠭ᠎ᠠ ᠢᠵᠢᠯ ᠠᠯᠬᠤᠮ ᠢᠶᠠᠷ ᠶᠠᠪᠤᠬᠳᠠᠭᠤᠯᠤᠨ᠎ᠠ᠃ | ᠦᠢᠯᠡᠳᠪᠤᠷᠢᠯᠡᠯ ᠤᠨ ᠰᠢᠨᠵᠢ ᠴᠢᠨᠠᠷ ᠲᠠᠢ ᠦᠢᠯᠡᠴᠢᠯᠡᠬᠡᠨ ᠤ ᠦᠢᠯᠡᠰ ᠪᠤᠯᠤᠨ ᠠᠮᠢᠳᠤᠷᠠᠯ ᠤᠨ ᠰᠢᠨᠵᠢ | ᠴᠢᠨᠠᠷ ᠲᠠᠢ ᠦᠢᠯᠡᠴᠢᠯᠡᠬᠡᠨ ᠤ ᠦᠢᠯᠡᠰ ᠢ ᠬᠦᠭᠵᠢᠬᠦᠯᠬᠦ ᠶᠢ ᠶᠡᠬᠡᠪᠡᠷ ᠳᠡᠮᠵᠢᠵᠦ᠂ ᠰᠢᠨ᠎ᠠ ᠠᠵᠤ ᠠᠬᠤᠢ ᠶᠢᠨ | ᠨᠡᠮᠡᠭᠳᠡᠯ ᠤᠨ ᠴᠡᠭ ᠢ ᠪᠤᠶᠢᠵᠢᠭᠤᠯᠵᠤ᠂ ᠠᠵᠢᠯ ᠤᠯᠭᠤᠯᠳᠠ ᠶᠢ ᠳᠠᠶᠢᠴᠢᠯᠠᠨ ᠰᠢᠩᠬᠡᠬᠡᠵᠦ ᠠᠪᠤᠨ᠎ᠠ᠃ ᠠᠵᠢᠯ | ᠤᠯᠭᠤᠬᠤ ᠦᠢᠯᠡᠰ ᠪᠤᠰᠬᠠᠬᠤ ᠪᠤᠯᠪᠠᠰᠤᠷᠠᠯ᠂ ᠮᠡᠳᠡᠭᠡ ᠵᠠᠩᠬᠢ ᠶᠢᠨ ᠳᠠᠪᠴᠠᠩ ᠤᠨ ᠪᠦᠳᠦᠬᠡᠨ ᠪᠠᠶᠢᠭᠤᠯᠤᠯᠳᠠ᠂ | ᠨᠡᠶᠢᠭᠡᠮ ᠤᠨ ᠪᠠᠳᠤᠯᠠᠪᠤᠷᠢ ᠶᠢᠨ ᠨᠦᠬᠦᠪᠦᠷᠢ᠂ ᠪᠡᠯᠡ ᠮᠦᠩᠬᠦᠨ ᠤ ᠳᠡᠳᠬᠦᠮᠵᠢ ᠵᠡᠷᠬᠡ ᠳᠠᠯ᠎ᠠ ᠪᠠᠷ ᠶᠡᠬᠡᠪᠡᠷ | ᠬᠡᠯᠪᠠᠶᠢᠯᠬᠡᠨ᠎ᠠ᠃ | ᠶᠡᠭᠡ ᠳᠡᠬᠡᠳᠦ ᠰᠤᠷᠭᠠᠭᠤᠯᠢ ᠠᠴᠠ ᠳᠡᠬᠦᠰᠦᠭᠰᠡᠳ ᠪᠤᠯᠤᠨ ᠮᠠᠯᠴᠢᠨ ᠳᠠᠷᠢᠶᠠᠴᠢᠨ ᠢ ᠰᠢᠯᠵᠢᠬᠦᠯᠦᠨ ᠠᠵᠢᠯ | ᠤᠯᠭᠤᠬᠤ ᠠᠵᠢᠯ ᠢ ᠴᠢᠩᠭ᠎ᠠ ᠠᠳᠬᠤᠨ᠎ᠠ᠃ ᠶᠡᠭᠡ ᠳᠡᠬᠡᠳᠦ ᠰᠤᠷᠭᠠᠭᠤᠯᠢ ᠠᠴᠠ ᠳᠡᠬᠦᠰᠦᠭᠰᠡᠨ ᠲᠤ ᠦᠢᠯᠡᠴᠢᠯᠡᠬᠦ | ᠦᠨᠳᠦᠰᠦᠨ ᠱᠠᠳᠤᠨ ᠤ ᠳᠦᠷᠦᠯ ᠵᠦᠢᠯ ᠤᠨ ᠳᠦᠯᠦᠪᠯᠡᠭᠡ ᠶᠢ ᠰᠠᠶᠢᠳᠤᠷ ᠨᠠᠢᠳᠠᠪᠤᠷᠢᠵᠢᠭᠤᠯᠵᠦ᠂ ᠠᠵᠢᠯ ᠤᠯᠬᠤ ᠳᠤ | ᠬᠦᠴᠢᠷᠳᠡᠢ ᠪᠠᠶᠢᠭ᠎ᠠ ᠶᠡᠭᠡ ᠳᠡᠬᠡᠳᠦ ᠰᠤᠷᠭᠠᠭᠤᠯᠢ ᠠᠴᠠ ᠳᠡᠬᠦᠰᠦᠭᠰᠡᠳ ᠲᠤ ᠨᠡᠶᠢᠳᠡ ᠶᠢᠨ ᠠᠰᠠᠷᠠᠮᠵᠢ ᠶᠢᠨ | ᠴᠢᠨᠠᠷᠳᠠᠢ ᠠᠵᠢᠯ ᠤᠨ ᠪᠠᠶᠢᠷᠢ ᠳᠤ ᠦᠨᠳᠦᠰᠦᠨ ᠵᠦᠢᠯ ᠢ ᠪᠠᠲᠤᠯᠠᠬᠤ ᠪᠠᠷ ᠳᠤᠬᠢᠷᠠᠭᠤᠯᠤᠨ ᠠᠵᠢᠯ ᠤᠯᠭᠤᠵᠦ᠂ ᠶᠡᠭᠡ | ᠳᠡᠬᠡᠳᠦ ᠰᠤᠷᠭᠠᠭᠤᠯᠢ ᠠᠴᠠ ᠳᠡᠬᠦᠰᠦᠭᠰᠡᠳ ᠤᠨ ᠪᠠᠶ᠎ᠠ ᠪᠠᠨ ᠳᠠᠭᠠᠭᠠᠨ ᠦᠢᠯᠡᠰ ᠪᠤᠰᠬᠠᠬᠤ ᠳᠤ ᠵᠤᠬᠢᠬᠤ ᠦᠢᠯᠡᠰ | ᠪᠤᠰᠬᠠᠬᠤ ᠨᠦᠬᠦᠪᠦᠷᠢ ᠤᠯᠭᠤᠨ᠎ᠠ᠃ ᠮᠠᠯᠴᠢᠨ ᠳᠠᠷᠢᠶᠠᠴᠢᠨ ᠢ ᠰᠢᠯᠵᠢᠬᠦᠯᠦᠨ ᠠᠵᠢᠯ ᠤᠯᠭᠤᠬᠤ ᠠᠵᠢᠯ ᠢ ᠰᠠᠶᠢᠳᠤᠷ | ᠬᠢᠨ᠎ᠠ᠃ ᠬᠦᠯᠦᠰᠦᠨ ᠮᠠᠯᠴᠢᠨ ᠳᠠᠷᠢᠶᠠᠴᠢᠨ ᠤ ᠭᠠᠷᠴᠤ ᠶᠠᠪᠤᠬᠰᠠᠨ ᠪᠠ ᠤᠷᠤᠵᠦ ᠢᠷᠡᠭᠰᠡᠨ ᠭᠠᠵᠠᠷ ᠤᠨ | ᠬᠦᠳᠡᠯᠮᠤᠷᠢ ᠶᠠᠪᠤᠳᠠᠯ ᠢ ᠵᠤᠯᠭᠠᠯᠴᠠᠭᠤᠯᠬᠤ ᠶᠢ ᠴᠢᠩᠭᠠᠳᠬᠠᠵᠦ᠂ ᠭᠠᠷᠴᠤ ᠶᠠᠪᠤᠬᠰᠠᠨ ᠪᠠ ᠤᠷᠤᠵᠦ ᠢᠷᠡᠭᠰᠡᠨ | ᠭᠠᠵᠠᠷ ᠤᠨ ᠬᠦᠳᠡᠯᠮᠤᠷᠢ ᠶᠠᠪᠤᠳᠠᠯ ᠤᠨ ᠮᠡᠳᠡᠭᠡ ᠵᠠᠩᠬᠢ ᠶᠢ ᠬᠠᠷᠢᠯᠴᠠᠨ ᠬᠤᠯᠪᠤᠵᠦ ᠬᠠᠷᠢᠯᠴᠠᠨ ᠨᠡᠪᠳᠡᠷᠡᠬᠦᠯᠵᠦ᠂ | ᠬᠦᠳᠡᠭᠡ ᠳᠤᠰᠬᠤᠨ ᠤ ᠦᠯᠡᠬᠦᠦ ᠬᠦᠳᠡᠯᠮᠤᠷᠢ ᠬᠦᠴᠦᠨ ᠤ ᠡᠮᠬᠢ ᠳᠢᠭᠯᠢᠮ ᠲᠠᠢ ᠪᠠᠷ ᠭᠠᠳᠠᠬᠰᠢ ᠭᠠᠷᠴᠤ ᠠᠵᠢᠯ | ᠤᠯᠬᠤ ᠪᠠ ᠤᠢᠢᠷ᠎ᠠ ᠬᠠᠪᠢ ᠭᠠᠵᠠᠷ ᠤᠷᠤᠨ ᠳᠠᠭᠠᠨ ᠠᠵᠢᠯ ᠤᠯᠬᠤ ᠶᠢ ᠠᠬᠢᠭᠤᠯᠤᠨ᠎ᠠ᠃ | ᠠᠵᠢᠯ ᠤᠯᠭᠤᠯᠳᠠ ᠳᠤ ᠳᠤᠰᠠᠯᠠᠮᠵᠢ ᠦᠵᠡᠬᠦᠯᠬᠦ ᠪᠤᠯᠪᠠᠰᠤᠷᠠᠯ ᠪᠤᠯᠤᠨ ᠦᠢᠯᠡᠴᠢᠯᠡᠬᠡᠨ ᠤ ᠠᠵᠢᠯ ᠢ | ᠴᠢᠩᠭᠠᠳᠬᠠᠨ᠎ᠠ᠃ ︽ᠦᠨᠡᠨ ᠨᠡᠷ᠎ᠠ ᠶᠢᠨ ᠳᠦᠷᠢᠮ᠂ ᠢᠯᠡ ᠨᠡᠶᠢᠳᠡᠯᠡᠬᠦ ᠳᠦᠷᠢᠮ᠂ ᠤᠬᠤᠷᠢᠨ ᠭᠠᠷᠬᠤ ᠳᠦᠷᠢᠮ︾ | ᠤᠨ ᠬᠠᠮᠢᠶᠠᠷᠤᠯᠳᠠ ᠪᠤᠯᠤᠨ ᠠᠵᠢᠯ ᠤᠯᠭᠤᠬᠤ ᠡᠯ᠎ᠡ ᠳᠦᠷᠦᠯ ᠤᠨ ᠳᠡᠳᠬᠦᠮᠵᠢ ᠶᠢᠨ ᠳᠦᠷᠦ ᠶᠢᠨ ᠪᠤᠳᠤᠯᠭ᠎ᠠ ᠶᠢ | ᠠᠬᠢᠭᠤᠯᠬᠤ ᠳᠠᠪᠬᠤᠴᠠᠯ ᠢᠶᠠᠷ ᠳᠠᠮᠵᠢᠨ᠂ ᠨᠢᠬᠡ ᠬᠦᠮᠦᠨ ᠴᠤ ᠠᠵᠢᠯ ᠤᠯᠤᠬᠰᠠᠨ ᠦᠬᠡᠢ ᠬᠡᠷ ᠪᠦᠯᠢ ᠵᠢᠴᠢ ᠨᠠᠭᠠᠳᠤ | ᠵᠠᠬ᠎ᠠ ᠶᠢᠨ ᠠᠮᠢᠳᠤᠠᠯ ᠤᠨ ᠪᠠᠳᠤᠯᠠᠪᠤᠷᠢ ᠬᠦᠷᠳᠡᠵᠦ ᠪᠠᠶᠢᠭ᠎ᠠ ᠬᠡᠷ ᠪᠦᠯᠢ ᠳᠤ ᠨᠡᠶᠢᠳᠡ ᠶᠢᠨ ᠠᠰᠠᠷᠠᠮᠵᠢ ᠶᠢᠨ | ᠴᠢᠨᠠᠷᠳᠠᠢ ᠠᠵᠢᠯ ᠤᠨ ᠪᠠᠶᠢᠷᠢ ᠳᠤ ᠦᠨᠳᠦᠰᠦᠨ ᠵᠦᠢᠯ ᠢ ᠪᠠᠲᠤᠯᠠᠬᠤ ᠪᠠᠷ ᠳᠤᠬᠢᠷᠠᠭᠤᠯᠤᠨ ᠠᠵᠢᠯ ᠤᠯᠭᠤᠨ᠎ᠠ᠃ | ᠮᠡᠷᠬᠡᠵᠢᠯ ᠴᠢᠳᠠᠪᠤᠷᠢ ᠶᠢᠨ ᠪᠤᠯᠪᠠᠰᠤᠷᠠᠯ ᠪᠤᠯᠤᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠴᠢᠩᠭᠠᠳᠬᠠᠵᠦ᠂ | ᠬᠦᠳᠡᠯᠮᠤᠷᠢᠯᠡᠭᠴᠢ ᠶᠢᠨ ᠠᠵᠢᠯ ᠤᠯᠬᠤ ᠴᠢᠳᠠᠪᠤᠷᠢ ᠶᠢ ᠳᠡᠬᠡᠭᠰᠢᠯᠡᠬᠦᠯᠵᠦ᠂ ᠳᠤᠬᠠᠢᠢᠯᠠᠬᠰᠠᠨ ᠠᠵᠢᠯ ᠤᠨ ᠮᠡᠷᠬᠡᠵᠢᠯ | ᠴᠢᠳᠠᠪᠤᠷᠢ ᠶᠢᠨ ᠪᠤᠳᠠᠳᠤ ᠪᠤᠯᠪᠠᠰᠤᠷᠠᠯ ᠬᠢᠬᠦ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ | ᠮᠡᠷᠬᠡᠵᠢᠯ ᠴᠢᠳᠠᠪᠤᠷᠢ ᠰᠠᠶᠢᠨ᠂ ᠠᠵᠢᠯ ᠤᠯᠬᠤ ᠳᠠᠭᠠᠨ ᠰᠠᠶᠢᠨ᠂ ᠤᠷᠤᠯᠭ᠎ᠠ ᠰᠠᠶᠢᠨ ᠵᠡᠷᠬᠡ ︽ᠭᠤᠷᠪᠠᠨ ᠰᠠᠶᠢᠨ︾ | ᠲᠠᠢ ᠬᠦᠳᠡᠯᠮᠤᠷᠢ ᠶᠠᠪᠤᠳᠠᠯ ᠤᠨ ᠪᠤᠯᠪᠠᠰᠤᠷᠠᠯ ᠤᠨ ᠳᠦᠷᠦᠯ ᠳᠡᠮᠳᠡᠭ ᠢ ᠡᠭᠦᠳᠦᠨ᠎ᠡ᠃ ᠠᠵᠢᠯ ᠠᠯᠳᠠᠬᠤ ᠶᠢ | ᠡᠵᠡᠮᠳᠡᠬᠦ ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠵᠦ᠂ ᠠᠵᠢᠯ ᠠᠯᠳᠠᠬᠤ ᠶᠢ ᠤᠷᠢᠳᠴᠢᠯᠡᠨ ᠰᠡᠷᠡᠮᠵᠢᠯᠡᠬᠦᠯᠬᠦ | ᠳᠦᠷᠢᠮ ᠢ ᠳᠠᠰᠤᠷᠠᠯᠳᠠ ᠦᠬᠡᠢ ᠳᠡᠬᠦᠯᠳᠡᠷᠵᠢᠬᠦᠯᠦᠨ᠎ᠠ᠃ ᠨᠢᠬᠡᠳᠦᠯᠲᠡᠢ ᠳᠦᠷᠢᠮᠵᠢᠯ ᠲᠠᠢ ᠬᠦᠳᠡᠯᠮᠤᠷᠢ ᠬᠦᠴᠦᠨ ᠤ | ᠵᠠᠬ᠎ᠠ ᠳᠡᠯᠬᠡᠬᠦᠷ ᠢ ᠳᠦᠷᠬᠡᠨ ᠪᠠᠶᠢᠭᠤᠯᠤᠨ᠎ᠠ᠃ ᠤᠯᠠᠨ ᠨᠠᠶᠢᠳᠠ ᠶᠢᠨ ᠠᠵᠢᠯ ᠤᠯᠭᠤᠬᠤ ᠦᠨᠳᠦᠰᠦᠨ | ᠦᠢᠯᠡᠴᠢᠯᠡᠭᠡ ᠶᠢ ᠳᠡᠩᠴᠡᠬᠦᠷᠢᠳᠡᠢ ᠪᠤᠯᠭᠠᠬᠤ ᠶᠢ ᠠᠬᠢᠭᠤᠯᠵᠦ᠂ ᠠᠵᠢᠯ ᠤᠯᠭᠤᠬᠤ ᠦᠢᠯᠡᠴᠢᠯᠡᠭᠡ ᠶᠢ | ᠳᠦᠷᠢᠮᠵᠢᠬᠦᠯᠬᠦ᠂ ᠳᠤᠰᠬᠠᠢᠢᠵᠢᠭᠤᠯᠬᠤ ᠪᠠ ᠮᠡᠳᠡᠭᠡ ᠵᠠᠩᠬᠢᠵᠢᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠎ᠠ᠃ ︽ | ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ᠂ ᠳᠤᠬᠠᠢᠢᠯᠠᠬᠰᠠᠨ ᠠᠵᠢᠯ ᠤᠨ ᠮᠡᠷᠬᠡᠵᠢᠯ ᠴᠢᠳᠠᠪᠤᠷᠢ | ᠪᠤᠯᠤᠨ ᠦᠢᠯᠡᠰ ᠪᠤᠰᠬᠠᠬᠤ ᠴᠢᠳᠠᠪᠤᠷᠢ ᠶᠢᠨ ᠪᠤᠯᠪᠠᠰᠤᠷᠠᠯ ᠬᠦᠷᠳᠡᠬᠡᠬᠦ ᠬᠦᠮᠦᠨ ᠤ ᠶᠡᠷᠦᠩᠬᠡᠢ ᠳᠤᠭ᠎ᠠ ᠶᠢ 8 | ᠳᠦᠮᠡ ᠠᠴᠠ ᠳᠡᠬᠡᠭᠰᠢ ᠪᠤᠯᠭᠠᠨ᠎ᠠ᠃ | ᠭᠤᠷᠪᠠᠳᠤᠭᠠᠷ ᠬᠡᠰᠡᠭ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ | ᠨᠡᠶᠢᠭᠡᠮ ᠤᠨ ᠳᠠᠭᠠᠳᠬᠠᠯ ᠤᠨ ᠳᠦᠷᠢᠮ ᠢ ᠳᠦᠷᠬᠡᠨ ᠳᠡᠬᠦᠯᠳᠡᠷᠵᠢᠬᠦᠯᠦᠨ᠎ᠠ᠃ ᠬᠤᠳᠠ ᠪᠠᠯᠭᠠᠰᠤᠨ ᠤ | ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ᠂ ᠦᠨᠳᠦᠰᠦᠨ ᠡᠮ ᠡᠮᠨᠡᠯᠡᠭᠡ᠂ ᠠᠵᠢᠯ ᠠᠯᠳᠠᠯᠳᠠ᠂ ᠠᠵᠢᠯ ᠤᠨ | ᠬᠡᠮᠳᠤᠯ ᠰᠢᠷᠠᠬᠳᠤᠯ᠂ ᠬᠦᠡᠭᠭᠡᠵᠢᠯᠲᠡ ᠶᠢᠨ ᠳᠠᠭᠠᠳᠬᠠᠯ ᠵᠢᠴᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠤᠨ ᠪᠦᠷᠬᠦᠯᠳᠡ ᠶᠢ ᠠᠯᠬᠤᠮ ᠠᠯᠬᠤᠮ ᠢᠶᠠᠷ ᠦᠷᠬᠡᠳᠬᠡᠵᠦ᠂ ᠬᠤᠪᠢ ᠶᠢᠨ ᠡᠵᠡᠩᠨᠡᠯᠳᠦ | ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠠᠵᠢᠯ ᠤᠯᠤᠬᠰᠠᠨ ᠬᠦᠮᠦᠨ᠂ ᠠᠮᠢᠳᠤᠯᠢᠬ ᠢᠶᠠᠷ ᠠᠵᠢᠯ | ᠤᠯᠤᠬᠰᠠᠨ ᠬᠦᠮᠦᠨ᠂ ᠬᠦᠯᠦᠰᠦᠨ ᠮᠠᠯᠴᠢᠨ ᠳᠠᠷᠢᠶᠠᠴᠢᠨ᠂ ᠳᠠᠷᠢᠶᠠᠠ ᠭᠠᠵᠡᠷ ᠢᠶᠠᠨ ᠠᠯᠳᠠᠬᠰᠠᠨ ᠳᠠᠷᠢᠶᠠᠴᠢᠨ ᠤ | ᠳᠠᠭᠠᠳᠬᠠᠯ ᠳᠤ ᠤᠷᠤᠯᠴᠠᠬᠤ ᠪᠦᠷᠬᠦᠯᠳᠡ ᠶᠢᠨ ᠬᠡᠮᠵᠢᠶ᠎ᠠ ᠶᠢ ᠬᠦᠴᠦᠯᠡᠨ ᠦᠷᠬᠡᠳᠬᠡᠨ᠎ᠠ᠃ ᠬᠤᠳᠠ ᠪᠠᠯᠭᠠᠰᠤᠨ ᠤ | ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠬᠦᠷᠲᠡᠬᠦ ᠳᠦᠪᠰᠢᠨ ᠢ | ᠳᠤᠬᠳᠠᠭᠤᠨ ᠢᠶᠠᠷ ᠳᠡᠬᠡᠭᠰᠢᠯᠡᠬᠦᠯᠦᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠪᠠᠶᠢᠩᠭᠤ ᠰᠠᠭᠤᠭ᠎ᠠ ᠬᠦᠮᠦᠨ ᠠᠮᠠ ᠶᠢᠨ ᠳᠠᠭᠠᠳᠬᠠᠯ ᠳᠤ ᠤᠷᠤᠬᠤ ᠴᠢᠬᠤᠯᠠᠳᠠᠢ ᠶᠢ ᠨᠢ ᠠᠯᠢ | ᠴᠢᠳᠠᠬᠤ ᠪᠠᠷ ᠳᠠᠭᠠᠳᠬᠠᠯ ᠳᠤ ᠤᠷᠤᠯᠴᠠᠭᠤᠯᠬᠤ ᠶᠢ ᠠᠬᠢᠭᠤᠯᠤᠨ᠎ᠠ᠃ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠡᠮ ᠡᠮᠨᠡᠯᠬᠡ ᠶᠢᠨ ᠳᠠᠭᠠᠳᠬᠠᠯ ᠬᠢᠬᠡᠳ ᠬᠦᠳᠡᠭᠡ ᠳᠤᠰᠬᠤᠨ ᠤ ᠬᠤᠷᠰᠢᠬᠰᠠᠠ ᠡᠮ ᠡᠮᠨᠡᠯᠬᠡ ᠶᠢᠨ | ᠳᠦᠷᠢᠮ ᠤᠨ ᠨᠡᠶᠢᠳᠬᠡᠯ ᠢ ᠠᠬᠢᠭᠤᠯᠵᠦ᠂ ᠰᠦᠢᠳᠬᠡᠯ ᠳᠤᠰᠢᠶᠠᠬᠤ ᠪᠠ ᠬᠠᠷᠠᠭᠠᠯᠵᠠᠯ ᠦᠵᠡᠬᠦᠯᠬᠦ ᠳᠦᠪᠰᠢᠨ ᠢ | ᠨᠢᠬᠡᠳᠬᠡᠨᠠ᠃ ᠠᠵᠢᠯ ᠠᠯᠳᠠᠬᠤ ᠳᠠᠭᠠᠳᠬᠠᠯ ᠤᠨ ᠳᠦᠷᠢᠮ ᠢ ᠴᠢᠨᠠᠬᠰᠢᠳᠠ ᠳᠡᠬᠦᠯᠳᠡᠷᠵᠢᠬᠦᠯᠵᠦ᠂ ᠳᠠᠭᠠᠳᠬᠠᠯ ᠳᠤ | ᠤᠷᠤᠯᠴᠠᠬᠤ ᠪᠦᠷᠬᠦᠯᠳᠡ ᠶᠢ ᠦᠷᠬᠡᠳᠬᠡᠵᠦ᠂ ᠠᠵᠢᠯ ᠠᠯᠳᠠᠯᠳᠠ ᠶᠢᠨ ᠬᠠᠮᠢᠶᠠᠷᠤᠯᠳᠠ ᠶᠢ ᠳᠦᠷᠢᠮᠵᠢᠬᠦᠯᠬᠦ᠂ | ᠰᠢᠨᠵᠢᠯᠡᠬᠦ ᠤᠬᠠᠭᠠᠨᠴᠢᠯᠠᠬᠤ ᠪᠠ ᠵᠢᠷᠤᠮᠵᠢᠭᠤᠯᠬᠤ ᠶᠢ ᠠᠬᠢᠭᠤᠯᠤᠨ᠎ᠠ᠃ ᠬᠤᠳᠠ ᠬᠦᠳᠡᠭᠡ ᠶᠢᠨ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠦᠨ ᠵᠤᠯᠭᠠᠯᠴᠠᠭᠤᠯᠬᠤ ᠭᠠᠷᠳᠠᠮ ᠢ ᠳᠡᠬᠦᠯᠳᠡᠷᠵᠢᠬᠦᠯᠵᠦ᠂ ︽ ᠬᠤᠳᠠ | ᠬᠦᠳᠡᠭᠡ ᠶᠢ ᠪᠦᠷᠬᠦᠭᠰᠡᠨ᠂ ᠬᠦᠴᠦᠨ ᠪᠦᠬᠦᠢ ᠪᠠᠳᠤᠯᠠᠭ᠎ᠠ ᠲᠠᠢ︾ ᠪᠦᠬᠦ ᠠᠷᠠᠳ ᠤᠨ ᠨᠡᠶᠢᠭᠡᠮ ᠤᠨ ᠳᠠᠭᠠᠳᠬᠠᠯ ᠤᠨ | ᠪᠠᠶᠢᠷᠢᠰᠢᠯ ᠢ ᠪᠦᠷᠢᠯᠳᠦᠬᠦᠯᠦᠨ᠎ᠠ᠃ ᠨᠡᠶᠢᠭᠡᠮ ᠤᠨ ᠦᠢᠯᠡᠴᠢᠯᠡᠭᠡ ᠪᠤᠯᠤᠨ ᠨᠡᠶᠢᠭᠡᠮ ᠤᠨ ᠠᠪᠤᠷᠠᠨ ᠳᠤᠰᠠᠯᠠᠬᠤ | ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠪᠦᠷᠢᠨᠰᠢᠬᠦᠯᠦᠨ ᠳᠡᠬᠦᠯᠳᠡᠷᠵᠢᠬᠦᠯᠦᠨ᠎ᠠ᠃ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠦ ᠪᠠᠶᠢᠭ᠎ᠠ᠂ ᠬᠠᠷᠠᠭᠠᠯᠵᠠᠯ ᠬᠦᠷᠳᠡᠵᠦ ᠪᠠᠶᠢᠭ᠎ᠠ᠂ ᠳᠠᠪᠤᠨ | ᠪᠠᠳᠤᠯᠠᠭᠠᠳᠤ ᠡᠷᠦᠬᠡ᠂ ᠬᠤᠳᠠ ᠶᠢᠨ ᠭᠤᠷᠪᠠ ᠦᠬᠡᠢ ᠬᠦᠮᠦᠨ᠂ ᠦᠨᠦᠴᠢᠨ ᠵᠡᠮᠳᠡᠭ ᠬᠡᠤᠬᠡᠳ ᠲᠤ ᠤᠯᠭᠤᠬᠤ | ᠪᠠᠳᠤᠯᠠᠪᠤᠷᠢ ᠶᠢ ᠳᠡᠬᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠦ᠂ ᠠᠷᠠᠳ ᠤᠨ ᠶᠠᠪᠤᠳᠠᠯ ᠤᠨ ᠨᠡᠶᠢᠭᠡᠮ ᠤᠨ | ᠦᠢᠯᠡᠴᠢᠯᠡᠬᠡᠨ ᠤ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠶᠠᠳᠠᠭᠤ ᠬᠦᠴᠢᠷᠳᠡᠯᠳᠡᠢ | ᠡᠷᠦᠬᠡ ᠶᠢᠨ ᠠᠮᠢᠳᠤᠷᠠᠯ ᠤᠨ ᠪᠠᠳᠤᠯᠠᠪᠤᠷᠢ ᠶᠢᠨ ᠳᠦᠷᠢᠮ ᠢ ᠳᠤᠬᠳᠠᠭᠠᠵᠦ᠂ ᠪᠠᠭᠤᠷᠠᠶᠢᠴᠤᠤᠯ ᠤᠨ ᠡᠮ ᠡᠮᠨᠡᠯᠬᠡ᠂ | ᠤᠷᠤᠨ ᠰᠠᠭᠤᠴᠠ᠂ ᠠᠵᠢᠯ ᠤᠯᠭᠤᠯᠳᠠ᠂ ᠨᠡᠶᠢᠭᠡᠮ ᠤᠨ ᠪᠠᠳᠤᠯᠠᠪᠤᠷᠢ᠂ ᠰᠤᠷᠭᠠᠭᠤᠯᠢ ᠳᠤ ᠤᠷᠤᠬᠤ ᠵᠡᠷᠬᠡ | ᠳᠠᠯ᠎ᠠ ᠶᠢᠨ ᠬᠦᠴᠢᠷᠳᠡᠯ ᠢ ᠦᠨᠡᠨᠬᠦ ᠰᠢᠢᠳᠪᠤᠷᠢᠯᠡᠨ᠎ᠠ᠃ ᠬᠤᠳᠠ ᠪᠠᠯᠭᠠᠰᠤᠨ ᠤ ᠪᠠᠳᠤᠯᠠᠪᠤᠷᠢ ᠶᠢᠨ ᠴᠢᠨᠠᠷᠳᠠᠢ ᠤᠷᠤᠨ | ᠰᠠᠭᠤᠴᠠ ᠪᠤᠯᠤᠨ ᠬᠦᠳᠡᠭᠡ ᠳᠤᠰᠬᠤᠨ ᠤ ᠨᠤᠷᠠᠬᠤ ᠠᠶᠤᠯ ᠲᠠᠢ ᠤᠷᠤᠨ ᠰᠠᠭᠤᠴᠠ ᠶᠢ ᠦᠬᠡᠷᠡᠴᠢᠯᠡᠨ ᠪᠠᠶᠢᠭᠤᠯᠬᠤ | ᠢᠨᠵᠧᠨᠧᠷᠢᠩ ᠢ ᠨᠠᠶᠢᠳᠠᠪᠤᠷᠢᠵᠢᠭᠤᠯᠵᠦ᠂ ᠨᠦᠬᠦᠪᠦᠷᠢ ᠤᠯᠭᠤᠬᠤ ᠪᠠᠷᠢᠮᠵᠢᠶ᠎ᠠ ᠶᠢ ᠳᠡᠬᠡᠭᠰᠢᠯᠡᠬᠦᠯᠵᠦ᠂ ᠳᠦᠬᠦᠮ | ᠪᠦᠳᠦᠴᠡᠳᠦ ᠤᠷᠤᠨ ᠰᠠᠭᠤᠴᠠ ᠶᠢᠨ ᠳᠤᠭᠤᠷᠢᠬ ᠢ ᠦᠬᠡᠷᠡᠴᠢᠯᠡᠨ ᠪᠠᠶᠢᠭᠤᠯᠬᠤ᠂ ᠬᠢᠮᠳᠡ ᠳᠦᠷᠢᠶᠡᠰᠦᠨ ᠤᠷᠤᠨ | ᠰᠠᠭᠤᠴᠠ ᠪᠤᠯᠤᠨ ᠤᠯᠠᠨ ᠨᠡᠶᠢᠳᠡ ᠶᠢᠨ ᠳᠦᠷᠢᠶᠡᠰᠦᠨ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ | ᠡᠷᠴᠢᠮ ᠢ ᠴᠢᠩᠭᠠᠷᠠᠭᠤᠯᠵᠦ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ | ᠵᠢᠬᠡᠯᠡᠯᠬᠡ ᠶᠢᠨ ᠳᠡᠮᠵᠢᠯᠬᠡ ᠲᠠᠢ ᠪᠠᠳᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢ | ᠢᠳᠡᠪᠬᠢᠳᠡᠢ ᠠᠬᠢᠭᠤᠯᠤᠨ᠎ᠠ᠃ 2020 ᠤᠨ ᠪᠤᠯᠬᠤ ᠳᠤ᠂ ᠬᠤᠳᠠ ᠪᠠᠯᠭᠠᠰᠤ ᠬᠦᠳᠡᠭᠡ ᠳᠤᠰᠬᠤᠨ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠪᠦᠷᠬᠦᠯᠳᠡ ᠶᠢᠨ ᠨᠤᠷᠮ᠎ᠠ ᠶᠢ 99% ᠲᠤ ᠬᠦᠷᠬᠡᠨ᠎ᠠ᠃ | ᠳᠦᠷᠪᠡᠳᠦᠬᠡᠷ ᠬᠡᠰᠡᠭ ᠡᠷᠡᠬᠦᠯ ᠡᠩᠬᠡ ᠬᠢᠩᠭᠠᠨ ᠠᠶᠢᠮᠠᠬ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ | | ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠠ᠃ | ᠡᠮᠴᠢᠯᠡᠭᠡ᠂ ᠡᠮᠴᠢᠯᠡᠬᠡᠨ ᠤ ᠳᠠᠭᠠᠳᠬᠠᠯ᠂ ᠡᠮ ᠡᠮᠨᠡᠯᠬᠡ ᠶᠢᠨ ᠬᠤᠯᠪᠤᠭᠠᠯᠠᠯ ᠢ ᠬᠡᠷᠡᠭᠵᠢᠬᠦᠯᠵᠦ᠂ ᠡᠮᠴᠢᠯᠡᠭᠡ ᠪᠠ | ᠡᠮ ᠢ ᠰᠠᠯᠭᠠᠬᠤ ᠶᠢ ᠠᠬᠢᠭᠤᠯᠵᠦ᠂ ᠱᠠᠳᠤ ᠬᠤᠪᠢᠶᠠᠨ ᠤᠨᠤᠰᠢᠯᠠᠨ ᠡᠮᠨᠡᠭᠦᠯᠬᠦ ᠶᠢ ᠬᠡᠷᠡᠭᠵᠢᠬᠦᠯᠵᠦ᠂ ᠬᠤᠳᠠ | ᠬᠦᠳᠡᠭᠡ ᠶᠢ ᠪᠦᠷᠬᠦᠭᠰᠡᠨ ᠦᠨᠳᠦᠰᠦᠨ ᠡᠮ ᠡᠮᠨᠡᠯᠬᠡ ᠡᠷᠡᠬᠦᠯ ᠬᠠᠮᠠᠭᠠᠯᠠᠯ ᠤᠨ ᠳᠦᠷᠢᠮ ᠪᠤᠯᠤᠨ ᠤᠳᠤᠬᠢᠴᠢᠯᠠᠬᠰᠠᠨ | ᠡᠮᠨᠡᠯᠬᠡ ᠶᠢᠨ ᠬᠤᠷᠢᠶᠠᠨ ᠤ ᠬᠠᠮᠢᠶᠠᠷᠤᠯᠳᠠ ᠶᠢᠨ ᠳᠦᠷᠢᠮ ᠢ ᠪᠠᠶᠢᠭᠤᠯᠤᠨ᠎ᠠ᠃ ᠠᠯᠪᠠᠨ ᠠᠴᠠ ᠡᠷᠬᠢᠯᠡᠭᠰᠡᠨ | ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠵᠡᠬᠡᠶᠢᠷᠡᠬᠦᠯᠵᠦ᠂ ᠨᠡᠶᠢᠳᠡ ᠶᠢᠨ | ᠠᠰᠠᠷᠠᠮᠵᠢ ᠶᠢᠨ ᠬᠠᠷᠢᠶᠠᠯᠠᠯ ᠢ ᠪᠠᠷᠢᠮᠳᠠᠯᠠᠵᠦ᠂ ᠠᠰᠢᠬ ᠬᠤᠨᠵᠢᠪᠤᠷᠢ ᠶᠢ ᠬᠦᠬᠡᠬᠡᠴᠡᠯᠳᠦᠬᠦ ᠳᠤᠬᠳᠠᠴᠠ ᠶᠢ ᠠᠷᠢᠯᠭᠠᠵᠦ | ᠂ ᠡᠮᠴᠢᠯᠡᠬᠡᠨ ᠤ ᠦᠢᠯᠡᠴᠢᠯᠡᠭᠡ ᠶᠢᠨ ᠶᠠᠰᠤ ᠴᠢᠨᠠᠷ ᠢ ᠳᠡᠬᠡᠭᠰᠢᠯᠡᠬᠦᠯᠤᠨ᠎ᠠ᠃ ᠡᠳ᠋ ᠤᠨ ᠵᠠᠰᠠᠬ ᠪᠤᠯᠤᠨ ᠠᠵᠢᠯᠳᠠᠨ ᠤ | ᠶᠠᠪᠤᠳᠠᠯ ᠤᠨ ᠪᠠᠳᠤᠯᠠᠪᠤᠷᠢ ᠶᠢᠨ ᠳᠦᠷᠢᠮ ᠢ ᠪᠠᠶᠢᠭᠤᠯᠵᠦ᠂ ᠡᠮ ᠡᠮᠨᠡᠯᠬᠡ ᠶᠢᠨ ᠦᠬᠡᠷᠡᠴᠢᠯᠡᠯᠳᠡ ᠶᠢᠨ ᠡᠯ᠎ᠠ | ᠳᠦᠷᠦᠯ ᠤᠨ ᠡᠬᠦᠷᠬᠡ ᠶᠢ ᠰᠠᠶᠢᠳᠤᠷ ᠨᠠᠶᠢᠳᠠᠪᠤᠷᠢᠵᠢᠭᠤᠯᠤᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠪᠠᠶᠢᠷᠢᠰᠢᠯ ᠢ ᠰᠢᠯᠢᠳᠡᠭᠵᠢᠬᠦᠯᠵᠦ᠂ ᠰᠢᠶᠡᠨ ᠤ ᠳᠡᠰ ᠤᠨ ᠡᠮᠨᠡᠯᠬᠡ ᠪᠠᠷ ᠳᠠᠭᠠᠭᠤᠯᠤᠬᠴᠢ | ᠪᠤᠯᠭᠠᠬᠰᠠᠨ ᠰᠢᠶᠡᠨ ᠰᠢᠶᠡᠩ ᠳᠤᠰᠬᠤᠨ ᠭᠤᠷᠪᠠᠨ ᠱᠠᠳᠤᠨ ᠤ ᠡᠮᠴᠢᠯᠡᠬᠡᠨ ᠤ ᠦᠢᠯᠡᠴᠢᠯᠡᠭᠡ ᠶᠢᠨ ᠰᠢᠰᠲ᠋ᠧᠮ ᠪᠤᠯᠤᠨ | ᠠᠶᠢᠮᠠᠬ ᠤᠨ ᠡᠮᠨᠡᠯᠬᠡ ᠶᠢᠨ ᠬᠤᠷᠢᠶ᠎ᠠ ᠪᠠᠷ ᠳᠠᠭᠠᠭᠤᠯᠤᠬᠴᠢ ᠪᠤᠯᠭᠠᠬᠰᠠᠨ ᠬᠤᠳᠠ ᠶᠢᠨ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠦ᠂ ᠤᠯᠠᠨ ᠨᠡᠶᠢᠳᠡ ᠶᠢᠨ ᠡᠮᠴᠢᠯᠡᠭᠡ ᠶᠢ ᠳᠡᠩᠴᠡᠬᠦᠷᠢᠳᠡᠢ ᠪᠤᠯᠭᠠᠬᠤ | ᠦᠢᠯᠡᠴᠢᠯᠡᠭᠡ ᠶᠢ ᠠᠬᠢᠭᠤᠯᠵᠦ᠂ ᠬᠤᠳᠠ ᠬᠦᠳᠡᠭᠡ ᠶᠢᠨ ᠡᠮᠴᠢᠯᠡᠬᠡᠨ ᠤ ᠵᠤᠬᠢᠴᠠᠩᠭᠤᠢ ᠬᠦᠭᠵᠢᠯᠳᠡ ᠶᠢ ᠨᠢᠬᠡᠳᠦᠯᠳᠡᠢ | ᠳᠦᠯᠦᠪᠵᠢᠬᠦᠯᠦᠨᠠ᠃ ᠨᠡᠶᠢᠭᠡᠮ ᠤᠨ ᠬᠦᠴᠦᠨ ᠢᠶᠠᠷ ᠡᠷᠡᠬᠦᠯ ᠮᠠᠨᠳᠦ ᠶᠢᠨ ᠦᠢᠯᠡᠴᠢᠯᠡᠬᠡᠨ ᠤ ᠦᠢᠯᠡᠰ ᠡᠷᠬᠢᠯᠡᠬᠦ ᠶᠢ | ᠵᠤᠷᠢᠬᠵᠢᠭᠤᠯᠵᠦ᠂ ᠠᠰᠢᠬ ᠬᠤᠨᠵᠢᠪᠤᠷᠢ ᠶᠢᠨ ᠪᠤᠰᠤ ᠴᠢᠨᠠᠷᠳᠠᠢ ᠠᠷᠠᠳ ᠤᠨ ᠡᠵᠡᠩᠨᠡᠯᠳᠡᠳᠦ ᠡᠮᠨᠡᠯᠬᠡ ᠶᠢᠨ ᠬᠤᠷᠢᠶ᠎ᠠ | ᠪᠤᠯᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠳᠤ ᠠᠳᠠᠯᠢ ᠬᠠᠷᠠᠭᠠᠯᠵᠠᠯ ᠦᠵᠡᠬᠦᠯᠬᠦ ᠶᠢ ᠠᠬᠢᠭᠤᠯᠤᠨ᠎ᠠ | ᠃ ᠡᠮᠴᠢᠯᠡᠬᠡᠨ ᠤ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠵᠢᠭᠤᠷᠠᠯᠳᠤᠭᠠᠨ ᠢ ᠡᠪᠰᠡᠬᠦᠯᠬᠦ | ᠳᠤᠬᠳᠠᠴᠠ ᠶᠢ ᠳᠡᠬᠦᠯᠳᠡᠷᠵᠢᠬᠦᠯᠵᠦ᠂ ᠡᠮᠴᠢ ᠪᠤᠯᠤᠨ ᠡᠪᠡᠳᠴᠢᠳᠡᠨ ᠤ ᠬᠤᠭᠤᠷᠤᠨᠳᠦᠬᠢᠨᠶᠠ ᠵᠤᠬᠢᠴᠠᠩᠭᠤᠢ | ᠬᠠᠷᠢᠴᠠᠭ᠎ᠠ ᠶᠢ ᠪᠠᠶᠢᠭᠤᠯᠤᠨ᠎ᠠ᠃ ᠬᠤᠰᠢᠭᠤ ᠰᠢᠶᠡᠨ ᠤ ᠮᠤᠩᠭᠤᠯ ᠬᠢᠳᠡᠳ ᠡᠮᠨᠡᠯᠬᠡ ᠶᠢᠨ ᠬᠤᠷᠢᠶᠠᠨ ᠤ | ᠪᠠᠷᠢᠮᠵᠢᠶᠠᠵᠢᠬᠰᠠᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ 2020 ᠤᠨ ᠪᠤᠯᠬᠤ ᠳᠤ᠂ | ᠬᠤᠳᠠ ᠶᠢᠨ ᠳᠦᠮᠡᠨ ᠰᠠᠭᠤᠭᠠᠯᠢ ᠠᠷᠠᠳ ᠪᠦ᠋ᠷᠢ ᠶᠢᠨ ᠳᠤᠳᠤᠷ᠎ᠠ 2 ᠨᠡᠷᠡᠰ ᠬᠢᠷᠢ ᠳᠡᠩᠴᠡᠭᠰᠡᠨ ᠪᠦᠷᠢᠨ ᠰᠠᠯᠠᠭᠠᠨ ᠤ | ᠡᠮᠴᠢ ᠲᠠᠢ᠂ ᠡᠷᠡᠬᠦᠯ ᠬᠠᠮᠠᠭᠠᠯᠠᠯ ᠤᠨ ᠬᠤᠷᠢᠶ᠎ᠠ ᠨᠢᠬᠡᠪᠦᠷᠢ ᠳᠤ 1 ᠨᠡᠷᠡᠰ ᠠᠴᠠ ᠳᠡᠬᠡᠭᠰᠢᠬᠢ ᠬᠢᠷᠢ ᠳᠡᠩᠴᠡᠭᠰᠡᠨ | ᠪᠦᠷᠢᠨ ᠰᠠᠯᠠᠭᠠᠨ ᠤ ᠡᠮᠴᠢ ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠬᠦᠯᠦᠨ᠎ᠠ᠃ | ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ | ᠬᠡᠨᠡᠳᠳᠡ ᠡᠬᠦᠰᠬᠦ ᠴᠢᠨᠠᠷᠳᠠᠢ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠶᠠᠪᠤᠳᠠᠯ ᠳᠤ ᠪᠠᠴᠢᠮ | ᠠᠪᠤᠷᠠᠯᠳᠠ ᠬᠢᠬᠦ ᠴᠢᠳᠠᠪᠤᠷᠢ ᠶᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠴᠠᠭ᠎ᠠ ᠳᠤᠰᠬᠤᠨ ᠤ | ᠡᠷᠡᠬᠦᠯ ᠬᠠᠮᠠᠭᠠᠯᠠᠯ ᠤᠨ ᠳᠠᠰᠤᠬ ᠤᠨ ᠪᠠᠷᠢᠮᠵᠢᠶᠠᠵᠢᠬᠰᠠᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ | ᠬᠡᠷᠡᠭᠵᠢᠬᠦᠯᠵᠦ᠂ ᠬᠦᠳᠡᠭᠡ ᠳᠤᠰᠬᠤᠨ ᠤ ᠨᠢᠬᠡ ᠴᠤᠬᠴᠠᠵᠢᠭᠤᠯᠤᠬᠰᠠᠨ ᠬᠠᠮᠢᠶᠠᠷᠤᠯᠳᠠ ᠶᠢ ᠬᠡᠷᠡᠭᠵᠢᠬᠦᠯᠵᠦ᠂ ᠰᠢᠶᠠᠩ | ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠰᠠᠭᠤᠷᠢ ᠳᠦᠬᠦᠬᠡᠷᠦᠮᠵᠢ ᠶᠢᠨ ᠨᠦᠬᠦᠴᠯ ᠢ ᠴᠢᠨᠠᠬᠰᠢᠳᠠ | ᠰᠠᠶᠢᠵᠢᠷᠠᠭᠤᠯᠵᠦ᠂ ᠦᠢᠯᠡᠴᠢᠯᠡᠬᠦ ᠴᠢᠳᠠᠪᠬᠢ ᠶᠢ ᠳᠡᠬᠡᠭᠰᠢᠯᠡᠬᠦᠯᠵᠦ᠂ ᠬᠢᠯᠢ ᠬᠢᠵᠠᠭᠠᠷ ᠠᠯᠤᠰ ᠪᠤᠶᠢᠳᠠ ᠭᠠᠵᠠᠷ | ᠤᠷᠤᠨ ᠤ ᠮᠠᠯᠴᠢᠨ ᠳᠠᠷᠢᠶᠠᠴᠢᠨ ᠤ ᠡᠪᠡᠳᠴᠢᠨ ᠦᠵᠡᠬᠦᠯᠬᠦ ᠳᠤ ᠬᠦᠴᠢᠷ ᠪᠠᠶᠢᠭ᠎ᠠ ᠠᠰᠠᠭᠤᠳᠠᠯ ᠢ ᠦᠨᠡᠨᠬᠦ | ᠰᠢᠢᠳᠪᠤᠷᠢᠯᠡᠨ᠎ᠠ᠃ ᠦᠨᠳᠦᠰᠦᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠦᠬᠡᠯᠡᠨ | ᠬᠠᠳᠠᠭᠤ ᠳᠤᠨᠤᠬ ᠤᠨ ᠪᠦᠳᠦᠬᠡᠨ ᠪᠠᠶᠢᠭᠤᠯᠤᠯᠳᠠ ᠶᠢ ᠳᠡᠬᠦᠯᠳᠡᠷᠵᠢᠬᠦᠯᠵᠦ᠂ ᠡᠮᠴᠢᠯᠡᠬᠡᠨ ᠤ ᠶᠠᠰᠤ ᠴᠢᠨᠠᠷ ᠪᠤᠯᠤᠨ | ᠦᠢᠯᠡᠴᠢᠯᠡᠬᠡᠨ ᠤ ᠳᠦᠪᠰᠢᠨ ᠢ ᠳᠡᠬᠡᠭᠰᠢᠯᠡᠬᠦᠯᠦᠨ᠎ᠠ᠃ | ᠳᠦᠯᠦᠪᠯᠡᠬᠡᠳᠦ ᠦᠷᠡᠵᠢᠯ ᠤᠨ ᠦᠨᠳᠦᠰᠦᠨ ᠤᠯᠤᠰ ᠤᠨ ᠪᠤᠳᠤᠯᠭ᠎ᠠ ᠶᠢ ᠦᠷᠬᠦᠯᠵᠢᠯᠡᠨ ᠪᠠᠷᠢᠮᠳᠠᠯᠠᠨ᠎ᠠ᠃ | ᠨᠢᠬᠡ ᠬᠤᠤᠰ ᠡᠷ᠎ᠠ ᠡᠮ᠎ᠠ ᠬᠤᠶᠠᠷ ᠬᠡᠤᠬᠡᠳ ᠠᠪᠴᠤ ᠪᠤᠯᠬᠤ ᠳᠦᠷᠦ ᠶᠢᠨ ᠪᠤᠳᠤᠯᠭ᠎ᠠ ᠶᠢ ᠪᠦᠬᠦ ᠳᠡᠯ᠎ᠠ ᠪᠠᠷ | ᠬᠡᠷᠡᠭᠵᠢᠬᠦᠯᠵᠦ᠂ ᠳᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠰᠢᠰᠲ᠋ᠧᠮ ᠢ ᠳᠡᠬᠦᠯᠳᠡᠷᠵᠢᠬᠦᠯᠵᠦ᠂ ᠲᠦᠷᠦᠵᠤ | ᠪᠤᠶᠢᠵᠢᠭᠰᠠᠠ ᠬᠦᠮᠦᠨ ᠠᠮᠠ ᠶᠢᠨ ᠬᠡᠪ ᠴᠢᠨᠠᠷ ᠢ ᠳᠡᠬᠡᠭᠰᠢᠯᠡᠬᠦᠯᠵᠦ᠂ ᠲᠦᠷᠦᠯᠲᠡ ᠬᠦᠡᠭᠭᠡᠵᠢᠯᠲᠡ ᠶᠢᠨ | ᠰᠢᠰᠲ᠋ᠧᠮ ᠤᠨ ᠦᠬᠡᠷᠡᠴᠢᠯᠡᠯᠳᠡ ᠶᠢ ᠠᠯᠬᠤᠮ ᠠᠯᠬᠤᠮ ᠢᠶᠠᠷ ᠳᠤᠬᠢᠷᠠᠭᠤᠯᠤᠨ ᠳᠡᠬᠦᠯᠳᠡᠷᠵᠢᠬᠦᠯᠵᠦ᠂ ᠳᠦᠷᠦ ᠶᠢᠨ | ᠪᠤᠳᠤᠯᠭ᠎ᠠ ᠶᠢᠨ ᠨᠦᠬᠦᠴᠡᠯ ᠢᠶᠠᠷ ᠳᠦᠷᠦᠬᠦ ᠶᠢ ᠵᠤᠷᠢᠬᠵᠢᠭᠤᠯᠵᠦ᠂ ᠬᠦᠮᠦᠨ ᠠᠮᠠ ᠶᠢᠨ ᠤᠷᠳᠤ ᠬᠤᠭᠤᠴᠠᠭ᠎ᠠ ᠪᠠᠷ | ᠳᠡᠩᠴᠡᠬᠦᠷᠢᠳᠡᠢ ᠬᠦᠭᠵᠢᠬᠦ ᠶᠢ ᠠᠬᠢᠭᠤᠯᠤᠨ᠎ᠠ᠃ | ᠰᠤᠷᠭᠠᠭᠤᠯᠢ ᠶᠢᠨ ᠬᠦᠷᠢᠶᠠᠠ ᠤ ᠪᠡᠶ᠎ᠠ ᠶᠢᠨ ᠳᠠᠮᠢᠷ ᠡᠷᠡᠬᠦᠯ ᠮᠡᠡᠳᠦ ᠶᠢᠨ ᠠᠵᠢᠯᠯᠠᠭ᠎ᠠ ᠶᠢ ᠴᠢᠩᠭᠠᠳᠬᠠᠨ᠎ᠠ᠃ | ︽ ᠠᠷᠪᠡᠡ ᠭᠤᠷᠪᠠᠳᠦᠭᠠᠷ ᠳᠠᠪᠤᠠ ᠵᠢᠯ︾ ᠤᠨ ᠬᠤᠭᠤᠴᠠᠭᠠᠠ ᠳᠤ᠂ ︽ᠳᠤᠮᠳᠠᠳᠦ ᠪᠠᠭ᠎ᠠ ᠰᠤᠷᠭᠠᠭᠤᠯᠢ ᠶᠢᠨ | ᠡᠷᠡᠬᠦᠯ ᠮᠠᠠᠳᠦ ᠶᠢᠨ ᠬᠦᠮᠦᠵᠢᠯ ᠤᠨ ᠵᠢᠯᠥᠭᠤᠳᠬᠤ ᠬᠦᠳᠦᠯᠪᠤᠷᠢ︾ ᠶᠤᠰᠤᠭᠠᠷ ᠰᠠᠳᠬᠢᠴᠠ ᠶᠢᠨ ᠡᠷᠡᠬᠦᠯ ᠮᠠᠠᠳᠦ ᠪᠡ | ᠹᠢᠽᠢᠯᠤᠬᠢ ᠶᠢᠨ ᠡᠷᠡᠬᠦᠯ ᠮᠠᠠᠳᠦ ᠶᠢᠨ ᠬᠦᠮᠦᠵᠢᠯ ᠦᠷᠨᠢᠬᠦᠯᠵᠦ᠂ ᠳᠤᠮᠳᠠᠳᠦ ᠪᠠᠭ᠎ᠠ ᠰᠤᠷᠭᠠᠭᠤᠯᠢ ᠳᠤ ᠪᠠᠶ ᠠ ᠶᠢᠨ | ᠳᠡᠮᠢᠷ ᠳᠠᠭᠤᠤ ᠬᠦᠭᠵᠢᠮ ᠤᠷᠠᠠ ᠵᠢᠷᠤᠬ ᠪᠡ ᠰᠠᠳᠬᠢᠴᠠ ᠶᠢᠨ ᠹᠢᠽᠢᠯᠤᠬᠢ ᠶᠢᠨ ᠡᠷᠡᠬᠦᠯ ᠮᠠᠠᠳᠦ ᠶᠢᠨ ᠪᠠᠭᠰᠢ ᠶᠢ | ᠪᠦᠷᠢᠳᠦᠭᠦᠯᠦᠨ ᠳᠤᠬᠢᠷᠠᠭᠤᠯᠵᠦ᠂ ᠪᠠᠶ᠎ᠠ ᠶᠢᠨ ᠳᠠᠮᠢᠷ ᠳᠠᠭᠤᠤ ᠬᠦᠭᠵᠢᠮ ᠪᠡ ᠡᠷᠡᠬᠦᠯ ᠮᠠᠠᠳᠦ ᠶᠢᠨ ᠬᠦᠮᠦᠵᠢᠯ ᠤᠨ | ᠬᠢᠴᠢᠶᠠᠯ ᠤᠷᠦᠭᠤᠯᠤᠨᠠ ᠃ ᠰᠤᠷᠤᠬᠴᠢᠳ ᠤᠨ ᠰᠠᠳᠬᠢᠴᠠ ᠶᠢᠨ ᠡᠷᠡᠬᠦᠯ ᠮᠠᠠᠳᠦ᠂ ᠪᠡᠶ᠎ᠠ ᠮᠠᠬᠠᠪᠤᠳ ᠤᠨ ᠡᠷᠡᠬᠦᠯ | ᠮᠠᠠᠳᠦ᠂ ᠤᠷᠠᠯᠢᠬ ᠤᠨ ᠬᠡᠪ ᠪᠤᠯᠪᠠᠰᠦᠷᠠᠯ ᠤᠨ ᠦᠨᠡᠯᠡᠯᠳᠡ ᠶᠢᠨ ᠳᠤᠬᠳᠠᠴᠠ ᠶᠢ ᠳᠠᠬᠦᠯᠳᠠᠷᠵᠢᠬᠦᠯᠤᠨᠠ᠃ | ᠰᠤᠷᠭᠠᠭᠤᠯᠢ ᠶᠢᠨ ᠬᠦᠷᠢᠶᠡᠡ ᠤ ᠬᠦᠯ ᠪᠦᠮᠪᠦᠭᠡ ᠶᠢ ᠶᠡᠬᠡᠪᠡᠷ ᠠᠬᠢᠭᠤᠯᠵᠦ᠂ ᠰᠤᠷᠭᠠᠭᠤᠯᠢ ᠪᠦᠷᠢ ᠳᠤ ᠪᠠᠷᠢᠮᠵᠢᠶᠠᠳᠦ | ᠬᠦᠯ ᠪᠦᠮᠪᠦᠭᠡ ᠶᠢᠨ ᠳᠠᠯᠠᠪᠡᠢ ᠶᠢ ᠨᠠᠭᠠᠳᠦ ᠵᠠᠬ ᠠ ᠳᠠᠭᠠᠨ ᠨᠢᠬᠡ ᠪᠠᠶᠢᠭᠤᠯᠵᠦ᠂ ᠬᠦᠯ ᠪᠦᠮᠪᠦᠭᠡ ᠶᠢᠨ ᠪᠠᠭᠰᠢ ᠶᠢ 1 | — — 2 ᠳᠤᠬᠢᠷᠠᠭᠤᠯᠵᠦ᠂ ᠰᠤᠷᠭᠠᠭᠤᠯᠢ ᠶᠢᠨ ᠬᠦᠷᠢᠶᠡᠡ ᠤ ᠬᠦᠯ ᠪᠦᠮᠪᠦᠭᠡ ᠶᠢᠨ ᠬᠠᠮᠳᠦᠷᠠᠬᠰᠠᠠ | ᠤᠷᠦᠯᠳᠤᠭᠠᠠ ᠤ ᠳᠤᠬᠳᠠᠴᠠ ᠶᠢ ᠳᠠᠬᠦᠯᠳᠠᠷᠵᠢᠬᠦᠯᠵᠦ᠂ ᠰᠤᠷᠭᠠᠭᠤᠯᠢ ᠶᠢᠨ ᠬᠦᠷᠢᠶᠠᠠ ᠤ ᠬᠦᠯ ᠪᠦᠮᠪᠦᠭᠡ | ᠢᠰᠬᠦᠯᠡᠬᠦ ᠪᠠᠷ ᠳᠠᠩᠰᠠᠯᠠᠭᠤᠯᠤᠬᠰᠠᠠ ᠬᠦᠮᠦᠠ ᠤ ᠳᠤᠭ᠎ᠠ ᠶᠢ ᠰᠤᠷᠤᠬᠴᠢᠳ ᠤᠨ ᠶᠡᠷᠦᠩᠬᠡᠢ ᠳᠤᠭᠠᠠ ᠤ | 50% ᠠᠴᠠ ᠳᠡᠭᠡᠭᠰᠢ ᠳᠤ ᠬᠦᠷᠬᠡᠨ᠎ᠠ᠃ ᠰᠤᠷᠤᠬᠴᠢ ᠶᠢᠨ ᠪᠡᠶ᠎ᠠ ᠮᠠᠬᠠᠪᠤᠳ ᠤᠨ ᠡᠷᠡᠬᠦᠯ ᠮᠠᠠᠳᠦ ᠶᠢ ᠬᠢᠨᠠᠠ | ᠰᠢᠯᠭᠠᠬᠤ ᠵᠢᠴᠢ ᠦᠨᠡᠯᠡᠬᠦ ᠵᠡᠷᠬᠡ ᠠᠵᠢᠯ ᠢ ᠰᠠᠶᠢᠳᠦᠷ ᠦᠷᠨᠢᠬᠦᠯᠵᠦ᠂ ᠬᠢᠷᠢ ᠳᠠᠩᠴᠡᠭᠰᠡᠡ ᠨᠤᠷᠮ ᠠ ᠶᠢ | 95% ᠠᠴᠠ ᠳᠡᠭᠡᠭᠰᠢ ᠳᠤᠬᠳᠠᠭᠤᠠ ᠪᠠᠶᠢᠯᠭᠠᠵᠦ᠂ ᠰᠤᠷᠤᠬᠴᠢᠳ ᠤᠨ ᠡᠳᠦᠷ ᠪᠦᠷᠢ ᠰᠤᠷᠭᠠᠭᠤᠯᠢ ᠶᠢᠨ | ᠬᠦᠷᠢᠶᠡᠡ ᠳᠡᠭᠡᠨ ᠨᠢᠬᠡ ᠴᠠᠬ ᠪᠠᠶ ᠠ ᠶᠢᠨ ᠪᠤᠯᠪᠠᠰᠦᠷᠠᠯ ᠬᠢᠬᠦ ᠶᠢ ᠪᠠᠳᠦᠯᠠᠨ᠎ᠠ᠃ ᠤᠷᠠᠯᠢᠬ ᠤᠨ ᠬᠢᠴᠢᠶᠡᠯ ᠤᠨ | ᠦᠬᠡᠷᠡᠴᠢᠯᠡᠯᠳᠡ ᠶᠢ ᠢᠳᠠᠪᠬᠢᠳᠠᠢ ᠠᠬᠢᠭᠤᠯᠵᠦ᠂ ᠬᠢᠴᠢᠶᠡᠯ ᠤᠨ ᠳᠡᠩᠬᠢᠮ ᠳᠠᠬᠢ ᠵᠢᠭᠠᠠ ᠰᠤᠷᠭᠠᠯᠳᠠ᠂ ᠬᠢᠴᠢᠶᠠᠯ ᠤᠨ | ᠭᠠᠳᠠᠨᠠᠬᠢ ᠬᠦᠳᠡᠯᠬᠡᠬᠡᠡ᠂ ᠰᠤᠷᠭᠠᠭᠤᠯᠢ ᠶᠢᠨ ᠬᠦᠷᠢᠶᠠᠠ ᠤ ᠰᠤᠶᠤᠯ ᠢ ᠨᠢᠬᠡ ᠴᠤᠬᠴᠠᠵᠢᠭᠤᠯᠤᠬᠰᠠᠠ ᠤᠷᠠᠯᠢᠬ ᠤᠨ | ᠬᠦᠮᠦᠵᠢᠯ ᠢ ᠠᠬᠢᠭᠤᠯᠬᠤ ᠵᠠᠬᠪᠤᠷ ᠢ ᠪᠦᠷᠢᠯᠳᠦᠬᠦᠯᠵᠦ᠂ 25% ᠠᠴᠠ ᠳᠡᠭᠡᠭᠰᠢᠬᠢ ᠰᠤᠷᠭᠠᠭᠤᠯᠢ ᠨᠢ ᠪᠠᠶ᠎ᠠ ᠶᠢᠨ | ᠳᠡᠮᠢᠷ᠂ ᠡᠷᠡᠬᠦᠯ ᠬᠠᠮᠠᠭᠠᠯᠠᠯ ᠪᠡ ᠡᠷᠡᠬᠦᠯ ᠮᠠᠠᠳᠦ᠂ ᠤᠷᠠᠯᠢᠬ ᠰᠤᠶᠤᠯ ᠢᠶᠠᠷ ᠭᠤᠤᠯ ᠠᠭᠤᠯᠭ᠎ᠠ ᠪᠤᠯᠭᠠᠬᠰᠠᠠ | ᠬᠢᠴᠢᠶᠠᠯ ᠤᠨ ᠵᠠᠪᠰᠠᠷᠯᠠᠭ᠎ᠠ᠂ ᠬᠢᠴᠢᠶᠠᠯ ᠤᠨ ᠭᠠᠳᠠᠨᠠᠬᠢ ᠰᠤᠶᠤᠯ ᠤᠨ ᠠᠵᠢᠯᠯᠠᠭ᠎ᠠ ᠶᠢᠨ ᠰᠤᠷᠭᠠᠭᠤᠯᠢ ᠶᠢᠨ | ᠬᠦᠷᠢᠶᠡᠡ ᠤ ᠰᠤᠶᠤᠯ ᠤᠨ ᠨᠠᠷᠠᠳᠦ ᠳᠡᠮᠳᠡᠭ ᠢ ᠡᠬᠦᠳᠦᠨ᠎ᠠ᠃ ᠪᠠᠶ ᠠ ᠶᠢᠨ ᠳᠡᠮᠢᠷ ᠳᠠᠭᠤᠤ ᠬᠦᠭᠵᠢᠮ ᠤᠷᠠᠠ ᠵᠢᠷᠤᠬ | ᠂ ᠡᠷᠡᠬᠦᠯ ᠮᠠᠠᠳᠦ ᠶᠢᠨ ᠬᠦᠮᠦᠵᠢᠯ ᠤᠨ ᠪᠠᠭᠰᠢ ᠶᠢᠨ ᠡᠩᠨᠡᠭᠡ ᠶᠢ ᠪᠤᠯᠪᠠᠰᠦᠷᠠᠭᠤᠯᠬᠤ ᠪᠡ ᠦᠷᠬᠦᠯᠵᠢᠯᠡᠭᠰᠡᠡ ᠬᠦᠮᠦᠵᠢᠯ | ᠬᠦᠷᠳᠡᠬᠡᠬᠦ ᠳᠤᠬᠳᠠᠴᠠ ᠶᠢ ᠪᠠᠶᠢᠭᠤᠯᠬᠤ ᠪᠡ ᠬᠡᠷᠡᠭᠵᠢᠬᠦᠯᠤᠨ᠎ᠠ᠃ | ᠪᠠᠶ ᠠ ᠶᠢᠨ ᠳᠠᠮᠢᠷ ᠤᠨ ᠪᠡᠶ ᠠ ᠴᠢᠬᠢᠷᠠᠬᠵᠢᠭᠤᠯᠬᠤ ᠬᠦᠳᠡᠯᠬᠡᠬᠡᠡ ᠢ ᠦᠷᠬᠡᠡ ᠳᠡᠯᠬᠡᠷ ᠢᠶᠠᠷ ᠦᠷᠨᠢᠬᠦᠯᠤᠨ᠎ᠠ᠃ | ︽ ᠠᠷᠪᠠᠠ ᠭᠤᠷᠪᠠᠳᠦᠭᠠᠷ ᠳᠠᠪᠤᠠ ᠵᠢᠯ︾ ᠤᠨ ᠳᠦᠯᠥᠪᠵᠢᠬᠦᠯᠬᠡ ᠶᠢᠨ ᠬᠤᠭᠤᠴᠠᠭᠠᠠ ᠳᠤ᠂ ᠪᠠᠶ ᠠ ᠶᠢᠨ ᠳᠠᠮᠢᠷ ᠤᠨ | ᠤᠠᠴᠠᠯᠢᠬᠳᠦ ᠨᠡᠷᠡᠳᠦ ᠳᠡᠮᠳᠡᠭ ᠢ ᠢᠳᠠᠪᠬᠢᠳᠠᠢ ᠡᠬᠦᠳᠴᠦ᠂ ᠤᠯᠠᠭᠠᠠᠬᠤᠳᠠ ᠳᠤ 5 ᠠᠴᠠ ᠳᠡᠭᠡᠭᠰᠢᠬᠢ ᠶᠢ ᠡᠬᠦᠳᠴᠦ | ᠂ ᠪᠤᠰᠦᠳ ᠬᠤᠰᠢᠭᠤ ᠰᠢᠶᠠᠠ ᠬᠤᠳᠠ ᠨᠢ ᠦᠨᠳᠦᠰᠦᠳᠠᠠ ᠤ ᠪᠡ ᠭᠠᠵᠠᠷ ᠤᠷᠦᠠ ᠤ ᠤᠠᠴᠠᠯᠢᠬ ᠲᠠᠢ ᠪᠡᠶ᠎ᠠ ᠶᠢᠨ | ᠳᠠᠮᠢᠷ ᠤᠨ ᠨᠡᠷᠡᠳᠦ ᠳᠡᠮᠳᠡᠭᠳᠦ ᠳᠦᠷᠦᠯ ᠵᠦᠢᠯ ᠢ 3 ᠠᠴᠠ ᠳᠡᠭᠡᠭᠰᠢ ᠶᠢ ᠡᠬᠦᠳᠦᠨ᠎ᠠ᠃ ᠤᠷᠤᠯᠳᠤᠭᠠᠠ ᠤ ᠪᠠᠶ᠎ᠠ ᠶᠢᠨ | ᠳᠡᠮᠢᠷ ᠤᠨ ᠪᠡᠯᠡᠳᠬᠡᠯ ᠴᠢᠳᠠᠪᠤᠷᠢᠳᠠᠠ ᠢ ᠬᠦᠮᠦᠵᠢᠬᠦᠯᠬᠦ ᠢᠨᠵᠧᠨᠧᠷᠢᠩ ᠢ ᠭᠤᠤᠯᠳᠠᠯᠭ᠎ᠠ ᠲᠠᠢ ᠭᠡᠷᠡᠭᠵᠢᠬᠦᠯᠵᠦ᠂ | ᠤᠯᠥᠰ ᠤᠨ ᠳᠡᠰ ᠤᠨ ᠪᠡ ᠦᠪᠡᠷᠳᠡᠬᠡᠡ ᠵᠠᠰᠠᠬᠤ ᠤᠷᠦᠠ ᠤ ᠳᠠᠰ ᠤᠨ ᠤᠷᠦᠯᠳᠤᠭᠠᠠ ᠤ ᠪᠠᠶ ᠠ ᠶᠢᠨ ᠳᠠᠮᠢᠷ ᠤᠨ | ᠪᠠᠯᠠᠳᠬᠡᠯ ᠴᠢᠳᠠᠪᠤᠷᠢᠳᠠᠠ ᠤ ᠰᠠᠭᠤᠷᠢᠠ ᠢ ᠴᠢᠷᠮᠠᠶᠢᠠ ᠡᠬᠦᠳᠦᠡ ᠪᠠᠶᠢᠭᠤᠯᠤᠨ᠎ᠠ᠃ ᠬᠦᠯ ᠪᠦᠮᠪᠦᠭᠡ ᠶᠢᠨ ᠦᠢᠯᠠᠰ ᠢ | ᠪᠦᠬᠦ ᠬᠦᠴᠦᠡ ᠢᠶᠠᠷ ᠢᠶᠠᠨ ᠠᠬᠢᠭᠤᠯᠵᠦ᠂ ᠬᠦᠯ ᠪᠦᠮᠪᠦᠭᠡ ᠶᠢᠨ ᠰᠠᠭᠤᠷᠢᠠ ᠢ 6 ᠠᠴᠠ ᠳᠡᠭᠡᠭᠰᠢ᠂ ᠬᠦᠯ | ᠪᠦᠮᠪᠦᠭᠡ ᠶᠢᠨ ᠺᠯᠦ᠋ᠪ ᠢ 10 ᠪᠠᠶᠢᠭᠤᠯᠬᠤ ᠪᠠᠷ ᠴᠢᠷᠮᠠᠶᠢᠨ᠎ᠠ︔ ᠬᠤᠰᠢᠭᠤ ᠪᠦᠷᠢ ᠳᠤ ︽ᠪᠦᠬᠡ ᠶᠢᠨ ᠨᠤᠳᠤᠬ︾ ᠢ | ᠨᠠᠭᠠᠳᠦ ᠵᠠᠬ᠎ᠠ ᠳᠠᠭᠠᠨ 2 ᠪᠠᠶᠢᠭᠤᠯᠵᠦ᠂ ᠤᠨ ᠤ ᠤᠷᠦᠯᠳᠤᠭᠠᠠ ᠤ ᠳᠦᠷᠢᠮ ᠢ ᠪᠦᠷᠢᠯᠳᠦᠬᠦᠯᠥᠨ᠎ᠠ︔ ᠪᠠᠶ ᠠ ᠶᠢᠨ | ᠳᠡᠮᠢᠷ ᠤᠨ ᠠᠵᠦ ᠦᠢᠯᠠᠰ ᠤᠨ ᠶᠠᠷᠦᠩᠬᠡᠢ ᠦᠷᠳᠡᠭ ᠢ 10 ᠳ᠋ᠦᠩᠰᠢᠭᠤᠷ ᠳᠦᠬᠦᠷᠢᠭ ᠠᠴᠠ ᠳᠡᠭᠡᠭᠰᠢ ᠳᠠᠪᠠᠭᠤᠯᠵᠦ᠂ | ᠠᠵᠦ ᠠᠬᠤᠢ ᠨᠠᠶᠢᠬᠡᠮ ᠤᠨ ᠬᠦᠭᠵᠢᠯᠳᠠ ᠶᠢ ᠠᠬᠢᠭᠤᠯᠬᠤ ᠴᠢᠬᠤᠯᠠ ᠬᠦᠳᠠᠯᠬᠡᠬᠦ ᠬᠦᠴᠦᠡ ᠪᠤᠯᠭᠠᠨ᠎ᠠ᠃ | ᠳᠠᠪᠤᠳᠤᠭᠠᠷ ᠬᠡᠰᠡᠭ ᠨᠡᠶᠢᠬᠡᠮ ᠤᠨ ᠠᠪᠤᠷᠠᠠ ᠳᠤᠰᠠᠯᠠᠬᠤ ᠴᠢᠳᠠᠪᠤᠷᠢ ᠶᠢ ᠳᠡᠭᠡᠭᠰᠢᠯᠡᠬᠦᠯᠥᠨ᠎ᠠ | ᠬᠤᠳᠠ ᠬᠦᠳᠡᠭᠡ ᠶᠢᠨ ᠨᠠᠶᠢᠬᠡᠮ ᠤᠨ ᠠᠪᠤᠷᠠᠠ ᠳᠤᠰᠠᠯᠠᠬᠤ ᠰᠢᠰᠲᠧᠮ ᠤᠨ ᠪᠠᠶᠢᠭᠤᠯᠤᠯᠳᠠ ᠶᠢ | ᠴᠢᠩᠭᠠᠳᠬᠠᠨ᠎ᠠ᠃ ᠭᠠᠢ ᠭᠠᠮᠰᠢᠬ ᠢ ᠠᠪᠤᠷᠠᠠ ᠳᠤᠰᠠᠯᠠᠬᠤ᠂ ᠨᠡᠶᠢᠬᠡᠮ ᠤᠨ ᠠᠪᠤᠷᠠᠠ ᠳᠠᠳᠬᠦᠬᠦ᠂ ᠨᠠᠶᠢᠬᠡᠮ ᠢᠶᠠᠷ ᠢᠶᠠᠨ | ᠬᠤᠷᠰᠢᠯᠴᠠᠨ ᠳᠤᠰᠠᠯᠠᠬᠤ ᠪᠠᠷ ᠭᠤᠤᠯ ᠴᠤᠬᠴᠠ ᠪᠤᠯᠭᠠᠬᠰᠠᠠ᠂ ᠡᠮ ᠡᠮᠨᠡᠯᠬᠡ᠂ ᠰᠤᠷᠭᠠᠠ ᠬᠦᠮᠦᠵᠢᠯ᠂ ᠤᠷᠦᠠ | ᠰᠠᠭᠤᠴᠠ᠂ ᠬᠠᠤᠯᠢ ᠴᠠᠭᠠᠵᠠ ᠵᠡᠷᠬᠡ ᠳᠤᠰᠬᠠᠢ ᠠᠪᠤᠷᠠᠠ ᠳᠤᠰᠠᠯᠠᠬᠤ ᠪᠠᠷ ᠨᠦᠬᠦᠪᠤᠷᠢ ᠪᠤᠯᠭᠠᠬᠰᠠᠠ᠂ ᠨᠠᠶᠢᠬᠡᠮ ᠤᠨ | ᠨᠢᠬᠦᠯᠠᠰᠦᠩᠬᠦᠢ ᠶᠢᠨ ᠳᠤᠰᠠᠯᠠᠮᠵᠢ ᠶᠢ ᠢᠳᠡᠪᠬᠢᠳᠡᠢ ᠬᠠᠮᠵᠢᠯᠴᠠᠭᠤᠯᠥᠬᠰᠠᠠ ᠰᠢᠨ᠎ᠠ ᠬᠡᠯᠪᠡᠷᠢ ᠶᠢᠨ ᠨᠠᠶᠢᠬᠡᠮ ᠤᠨ | ᠠᠪᠤᠷᠠᠠ ᠳᠤᠰᠯᠠᠬᠤ ᠰᠢᠰᠲ᠋ᠧᠮ ᠢ ᠪᠠᠶᠢᠭᠤᠯᠵᠦ᠂ ᠳᠤᠤᠷ᠎ᠠ ᠤᠷᠦᠯᠭ᠎ᠠ ᠲᠠᠢ ᠤᠯᠠᠠ ᠳᠦᠮᠡᠡ ᠤ ᠬᠦᠴᠢᠷ | ᠠᠰᠠᠭᠤᠳᠠᠯ ᠢ ᠦᠨᠠᠨᠬᠦ ᠰᠢᠢᠳᠪᠤᠷᠢᠯᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠦ ᠵᠠᠬ᠎ᠠ ᠶᠢᠨ | ᠠᠮᠢᠳᠦᠷᠠᠯ ᠶᠢᠨ ᠪᠠᠳᠦᠯᠠᠪᠤᠷᠢ ᠶᠢᠨ ᠳᠦᠷᠢᠮ ᠢ ᠴᠢᠨᠠᠬᠰᠢᠳᠠ ᠵᠢᠷᠦᠮᠵᠢᠭᠤᠯᠵᠦ᠂ ᠬᠦᠳᠡᠯᠦᠩᠬᠦᠢ ᠬᠠᠮᠢᠶᠠᠷᠦᠯᠳᠠ ᠶᠢ | ᠴᠢᠩᠭᠠᠳᠬᠠᠨ᠎ᠠ᠃ ᠮᠠᠯᠵᠢᠬᠤ ᠳᠠᠷᠢᠶᠠᠯᠠᠬᠤ ᠤᠷᠦᠠ ᠤ ᠳᠠᠪᠤᠠ ᠪᠠᠳᠦᠯᠠᠭᠠᠳᠦ ᠡᠷᠦᠬᠡ ᠶᠢ ᠠᠰᠠᠷᠠᠠ ᠳᠡᠵᠢᠬᠡᠬᠦ | ᠪᠠᠷᠢᠮᠵᠢᠶ᠎ᠠ ᠶᠢ ᠨᠡᠮᠡᠭᠳᠡᠬᠦᠯᠬᠦ ᠳᠤᠬᠳᠠᠴᠠ ᠪᠠᠶᠢᠭᠤᠯᠤᠨ᠎ᠠ᠃ ᠡᠮ ᠡᠮᠨᠡᠯᠬᠡ ᠶᠢᠨ ᠠᠪᠤᠷᠠᠠ ᠳᠤᠰᠯᠠᠬᠤ | ᠬᠡᠪᠴᠢᠶ᠎ᠠ ᠶᠢ ᠦᠷᠬᠡᠳᠬᠡᠵᠦ᠂ ᠠᠪᠤᠷᠠᠠ ᠳᠤᠰᠠᠯᠠᠬᠤ ᠳᠠᠰ ᠳᠠᠷᠠᠭᠠᠯᠠᠯ ᠢ ᠳᠦᠬᠦᠮᠴᠢᠯᠡᠵᠦ᠂ ᠡᠪᠡᠳᠴᠢᠡ ᠢ ᠳᠦᠷᠦᠯ | ᠵᠦᠢᠯ ᠢᠶᠠᠷ ᠨᠢ ᠬᠢᠵᠠᠭᠠᠷᠯᠠᠬᠤ ᠪᠡ ᠳᠠᠩᠰᠠᠠ ᠠᠴᠠ ᠳᠠᠶᠢᠯᠬᠤ ᠲᠡᠭᠡᠨᠴᠡᠯ ᠱᠤᠭᠤᠮ ᠢ ᠬᠦᠴᠦᠡ ᠦᠬᠡᠢ ᠪᠤᠯᠭᠠᠵᠦ᠂ | ᠠᠪᠤᠷᠠᠠ ᠳᠤᠰᠠᠯᠠᠬᠤ ᠬᠠᠮᠤᠬ ᠦᠠᠳᠦᠷ ᠬᠡᠮᠵᠢᠶ᠎ᠠ ᠶᠢ ᠳᠡᠭᠡᠭᠰᠢᠯᠡᠬᠦᠯᠵᠦ᠂ ᠡᠪᠡᠳᠴᠢᠯᠡᠪᠡᠯ ᠳᠠᠷᠠ ᠳᠤᠤᠷ ᠠ ᠨᠢ | ᠠᠪᠤᠷᠠᠬᠤ ᠬᠠᠷᠠᠯᠳᠠ ᠶᠢ ᠪᠠᠶᠠᠯᠠᠬᠦᠯᠥᠨ᠎ᠠ᠃ | ᠨᠠᠶᠢᠬᠡᠮ ᠤᠨ ᠠᠰᠠᠷᠠᠮᠵᠢ ᠪᠡ ᠨᠢᠬᠦᠯᠡᠰᠦᠩᠬᠦᠢ ᠶᠢᠨ ᠦᠢᠯᠠᠰ ᠢ ᠢᠳᠡᠪᠬᠢᠳᠡᠢ ᠬᠦᠭᠵᠢᠬᠦᠯᠥᠨ᠎ᠠ᠃ ᠨᠠᠰᠤ | ᠠᠬᠢᠬᠰᠠᠳ ᠤᠨ ᠦᠢᠯᠠᠰ ᠤᠨ ᠬᠦᠭᠵᠢᠯᠳᠠ ᠶᠢᠨ ᠨᠠᠶᠢᠬᠡᠮ ᠤᠨ ᠢᠵᠢ ᠪᠦᠷᠢᠳᠦᠬᠦᠯᠥᠭᠰᠡᠡ ᠪᠠᠳᠦᠯᠠᠪᠤᠷᠢ ᠶᠢᠨ | ᠳᠤᠬᠳᠠᠴᠠ ᠶᠢ ᠪᠠᠶᠢᠭᠤᠯᠵᠦ᠂ ᠨᠠᠶᠢᠬᠡᠮ ᠤᠨ ᠠᠷᠠᠳ ᠤᠨ ᠬᠤᠭᠤᠷᠦᠠᠳᠦᠬᠢ ᠪᠠᠯᠠ ᠶᠢ ᠬᠦᠳᠦᠯᠤᠠ ᠵᠢᠯᠥᠭᠤᠳᠦᠠ | ᠵᠤᠷᠢᠬᠵᠢᠭᠤᠯᠵᠦ ᠪᠠᠶᠢᠭᠠᠳ ᠨᠠᠰᠦᠳᠠᠶᠢᠴᠦᠳ ᠤᠨ ᠭᠡᠷᠡᠭᠴᠡᠭᠡ ᠳᠤ ᠳᠤᠬᠢᠷᠠᠬᠤ ᠡᠯ᠎ᠠ ᠳᠦᠷᠦᠯ ᠤᠨ ᠪᠠᠶᠢᠭᠤᠯᠤᠮᠵᠢ ᠪᠠ | ᠳᠦᠬᠦᠬᠡᠷᠦᠮᠵᠢ ᠶᠢᠨ ᠪᠠᠶᠢᠭᠤᠯᠤᠯᠳᠠ ᠳᠤ ᠤᠷᠦᠯᠴᠠᠭᠤᠯᠤᠨᠠ᠃ ᠳᠠᠷᠠᠬᠠᠢ᠂ ᠵᠢᠵᠢᠭ᠂ ᠪᠠᠷᠦᠬᠳᠠᠢ ᠨᠠᠰᠤᠳᠠᠶᠢᠴᠤᠳ ᠢ | ᠠᠰᠠᠷᠠᠬᠤ ᠬᠦᠷᠢᠶᠠᠯᠠᠩ ᠢ ᠨᠠᠶᠢᠯᠠᠬᠦᠯᠵᠦ᠂ ᠨᠠᠰᠦᠳᠠᠶᠢᠴᠤᠳ ᠢ ᠠᠰᠠᠷᠠᠬᠤ ᠬᠦᠷᠢᠶᠠᠯᠠᠩ ᠤᠨ ᠬᠡᠯᠪᠡᠷᠢ ᠶᠢ | ᠬᠤᠪᠢᠷᠠᠭᠤᠯᠤᠠ ᠳᠠᠰ ᠳᠠᠪᠰᠢᠬᠦᠯᠬᠦ ᠶᠢ ᠪᠠᠶᠠᠯᠠᠬᠦᠯᠥᠨ᠎ᠠ᠃ ᠮᠠᠳᠠᠷᠠᠯ ᠤᠨ ᠡᠪᠡᠳᠴᠢᠳᠡᠡ ᠢ ᠠᠰᠠᠷᠠᠠ ᠰᠤᠪᠢᠯᠠᠬᠤ | ᠦᠢᠯᠡᠴᠢᠯᠡᠬᠡᠡ ᠤ ᠳᠦᠬᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠵᠡᠮᠳᠡᠭᠴᠦᠳ ᠤᠨ ᠦᠨᠳᠦᠰᠦᠠ | ᠠᠮᠢᠳᠦᠷᠠᠯ ᠤᠨ ᠪᠠᠳᠦᠯᠠᠪᠤᠷᠢ ᠶᠢᠨ ᠡᠷᠴᠢᠮ ᠢ ᠴᠢᠷᠮᠠᠶᠢᠠ ᠴᠢᠩᠭᠠᠷᠠᠭᠤᠯᠵᠦ᠂ ᠵᠡᠮᠳᠡᠭᠴᠦᠳ ᠤᠨ ᠤᠯᠠᠠ ᠶᠠᠩᠵᠦ ᠪᠠᠷ | ᠠᠵᠢᠯ ᠤᠯᠬᠤ ᠪᠠ ᠤᠷᠦᠯᠭ᠎ᠠ ᠪᠠᠨ ᠨᠡᠮᠡᠭᠳᠡᠬᠦᠯᠬᠦ ᠶᠢ ᠳᠡᠮᠵᠢᠵᠦ᠂ ᠵᠡᠮᠳᠡᠭᠴᠦᠳ ᠤᠨ ᠤᠯᠠᠠ ᠨᠠᠶᠢᠳᠠ ᠶᠢᠨ | ᠦᠨᠳᠦᠰᠦᠡ ᠦᠢᠯᠠᠴᠢᠯᠡᠬᠡᠡ ᠤ ᠳᠦᠪᠰᠢᠡ ᠢ ᠳᠡᠭᠡᠭᠰᠢᠯᠡᠬᠦᠯᠵᠦ᠂ ᠨᠠᠶᠢᠬᠡᠮ ᠤᠨ ᠬᠦᠴᠦᠡ ᠢ ᠬᠦᠳᠦᠯᠤᠡ | ᠳᠠᠭᠠᠭᠤᠯᠵᠦ ᠪᠠᠶᠢᠭᠠᠳ ᠵᠡᠮᠳᠡᠭᠴᠦᠳ ᠢ ᠳᠡᠳᠬᠦᠬᠦ ᠵᠡᠮᠳᠡᠭᠴᠦᠳ ᠢ ᠬᠠᠪᠰᠦᠷᠤᠨ ᠬᠠᠶᠢᠷ᠎ᠠ ᠬᠠᠯᠠᠮᠵᠢ ᠦᠵᠡᠬᠦᠯᠬᠦ᠂ | ᠵᠡᠮᠳᠡᠭᠴᠦᠳ ᠢ ᠳᠡᠳᠬᠦᠬᠦ ᠵᠡᠮᠳᠡᠭᠴᠦᠳ ᠢ ᠬᠠᠪᠰᠦᠷᠬᠤ ᠨᠡᠶᠢᠬᠡᠮ ᠤᠨ ᠤᠷᠴᠢᠡ ᠳᠤᠭᠤᠷᠢᠠ ᠢ ᠡᠬᠦᠳᠦᠨ᠎ᠠ᠃ | ᠨᠢᠬᠦᠯᠠᠰᠦᠩᠬᠦᠢ ᠶᠢᠨ ᠰᠠᠭᠤᠷᠢ ᠮᠦᠩᠬᠦᠡ ᠤ ᠨᠠᠶᠢᠬᠡᠮᠯᠢᠭ᠂ ᠤᠯᠠᠭᠠᠠ ᠵᠠᠭᠠᠯᠠᠮᠠᠶᠢᠳᠠᠠ ᠤ ᠨᠡᠶᠢᠬᠡᠮᠯᠢᠭ ᠵᠡᠷᠬᠡ ᠵᠤᠬᠢᠶᠠᠠ | ᠪᠠᠶᠢᠭᠤᠯᠤᠯᠳᠠ ᠶᠢᠨ ᠵᠢᠱᠢᠶ᠎ᠠ ᠦᠵᠡᠬᠦᠯᠬᠦ ᠦᠢᠯᠠᠳᠦᠯ ᠢ ᠦᠷᠬᠦᠯᠵᠢᠯᠡᠡ ᠪᠠᠳᠠᠷᠠᠭᠤᠯᠵᠦ᠂ ᠨᠠᠶᠢᠬᠡᠮ ᠤᠨ ᠡᠯ᠎ᠠ | ᠳᠠᠯ᠎ᠠ ᠶᠢᠨ ᠬᠢᠨ ᠤ ᠨᠢᠬᠦᠯᠡᠰᠦᠩᠬᠦᠢ ᠶᠢᠨ ᠦᠢᠯᠠᠰ ᠪᠡ ᠨᠠᠶᠢᠳᠠ ᠶᠢᠨ ᠠᠰᠠᠷᠠᠮᠵᠢ ᠶᠢᠨ ᠦᠢᠯᠠᠰ ᠲᠤ ᠢᠳᠠᠪᠬᠢᠳᠠᠢ | ᠤᠷᠤᠯᠴᠠᠬᠤ ᠶᠢ ᠭᠠᠶᠢᠯᠢ ᠶᠢᠨ ᠤᠷᠦᠯᠭ᠎ᠠ ᠵᠡᠷᠬᠡ ᠳᠦᠷᠦ ᠶᠢᠨ ᠪᠤᠳᠤᠯᠭ᠎ᠠ ᠪᠠᠷ ᠳᠠᠮᠵᠢᠭᠤᠯᠤᠠ ᠬᠦᠳᠦᠯᠤᠠ | ᠵᠢᠯᠥᠭᠤᠳᠬᠤ ᠪᠡ ᠵᠤᠷᠢᠬᠵᠢᠭᠤᠯᠤᠨ᠎ᠠ᠃ ᠡᠯ᠎ᠠ ᠳᠦᠷᠦᠯ ᠤᠨ ᠳᠤᠰᠬᠠᠢ ᠠᠪᠤᠷᠠᠠ ᠳᠤᠰᠠᠯᠠᠬᠤ ᠰᠠᠭᠤᠷᠢ ᠮᠦᠩᠬᠦ | ᠵᠡᠷᠬᠡ ᠠᠷᠠᠳ ᠤᠨ ᠬᠤᠭᠤᠷᠦᠠᠳᠦᠬᠢ ᠨᠠᠶᠢᠳᠠ ᠶᠢᠨ ᠠᠰᠠᠷᠠᠮᠵᠢ ᠪᠠ ᠨᠢᠬᠦᠯᠡᠰᠦᠩᠬᠦᠢ ᠶᠢᠨ ᠦᠢᠯᠠᠰ ᠤᠨ ᠵᠤᠬᠢᠶᠠᠠ | ᠪᠠᠶᠢᠭᠤᠯᠤᠯᠳᠠ ᠶᠢ ᠬᠠᠤᠯᠢ ᠶᠤᠰᠤᠭᠠᠷ ᠬᠦᠭᠵᠢᠬᠦᠯᠬᠦ ᠶᠢ ᠵᠤᠷᠢᠬᠵᠢᠭᠤᠯᠵᠦ᠂ ᠨᠡᠶᠢᠬᠡᠮ ᠤᠨ ᠠᠵᠢᠯᠳᠠᠠ ᠤ ᠡᠩᠨᠡᠭᠡ ᠪᠡ | ᠰᠠᠶᠢᠠ ᠳᠤᠷᠠᠴᠦᠤᠯ ᠤᠨ ᠡᠩᠨᠡᠭᠡ ᠶᠢ ᠪᠠᠶᠢᠭᠤᠯᠬᠤ ᠶᠢ ᠬᠦᠳᠦᠯᠤᠡ ᠵᠢᠯᠥᠭᠤᠳᠴᠦ᠂ ᠨᠢᠬᠦᠯᠠᠰᠦᠩᠬᠦᠢ ᠶᠢᠨ | ᠦᠢᠯᠡᠰ ᠲᠤ ᠨᠠᠮᠠᠷᠢ ᠬᠠᠨᠳᠢᠪ ᠡᠷᠬᠦᠬᠦ ᠪᠡ ᠡᠯ᠎ᠠ ᠵᠦᠢᠯ ᠤᠨ ᠬᠡᠯᠪᠡᠷᠢ ᠶᠢᠨ ᠰᠠᠶᠢᠠ ᠳᠤᠷᠠᠴᠦᠤᠯ ᠤᠨ | ᠦᠢᠯᠠᠴᠢᠯᠡᠬᠡᠡ ᠤ ᠠᠵᠢᠯᠯᠠᠭ᠎ᠠ ᠶᠢ ᠦᠷᠬᠡᠡ ᠳᠡᠯᠬᠡᠷ ᠢᠶᠠᠷ ᠦᠷᠨᠢᠬᠦᠯᠤᠨ᠎ᠠ᠃ | |