ᠵᠦᠩ ᠰᠢᠨ ᠳᠤᠰᠬᠤᠨ ︽ᠳᠤᠪᠶᠤᠭ ᠬᠡᠯᠪᠡᠷᠢ︾ ᠪᠠᠷ ᠠᠵᠤ ᠦᠢᠯᠡᠰ ᠢᠶᠠᠷ ᠶᠠᠳᠠᠭᠤ ᠶᠢ ᠳᠡᠳᠭᠦᠵᠤ ᠶᠠᠳᠠᠭᠤ ᠬᠦᠴᠢᠷᠳᠡᠢ ᠡᠷᠦᠬᠡ ᠶᠢᠨ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2018-06-26
   ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠤᠨ ᠵᠦᠩ ᠰᠢᠨ ᠳᠤᠰᠬᠤᠨ ︽ᠦᠨᠳᠦᠰᠦᠨ ᠪᠠᠶᠢᠳᠠᠯ ᠢ ᠤᠢᠢᠯᠠᠭᠠᠵᠤ᠂ ᠤᠷᠤᠨ ᠬᠤᠪᠢᠶᠠᠨ ᠳᠦᠷᠦᠯ ᠠᠩᠬᠢᠯᠠᠵᠤ᠂ ᠠᠰᠠᠭᠤᠳᠠᠯ ᠢ ᠤᠨᠤᠪᠴᠢᠳᠠᠢ ᠡᠷᠢᠨ᠂ ᠵᠦᠢᠯ ᠬᠤᠪᠢᠶᠠᠨ ᠪᠤᠳᠤᠯᠭ᠎ᠠ ᠬᠡᠷᠡᠭᠵᠢᠭᠦᠯᠬᠦ︾ ᠰᠡᠳᠭᠢᠴᠡ ᠶᠤᠰᠤᠭᠠᠷ ᠳᠤᠰᠬᠤᠨ ᠤ ᠪᠠᠨ ᠮᠦᠷᠡᠨ ᠳᠠᠷᠢᠶᠠᠯᠠᠩ ᠮᠠᠯ ᠠᠵᠤ ᠠᠬᠤᠢ ᠶᠢᠨ ᠳᠤᠰᠬᠠᠢ ᠬᠤᠷᠰᠢᠶᠠᠵᠢᠯ ᠲᠠᠢ ︽ᠳᠤᠪᠶᠤᠭ ᠬᠡᠯᠪᠡᠷᠢ︾ ᠪᠠᠷ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠤᠨ ᠭᠡᠷ᠎ᠡ ᠳᠤᠭᠳᠠᠵᠤ᠂ ᠳᠤᠰᠬᠤᠨ ᠤ ᠳᠠᠩᠰᠠ ᠡᠪᠬᠡᠮᠡᠯ ᠵᠤᠬᠢᠶᠠᠵᠤ ᠺᠠᠷᠲ ᠪᠠᠶᠢᠭᠤᠯᠤᠭᠰᠠᠨ 70 ᠶᠠᠳᠠᠭᠤ ᠬᠦᠴᠢᠷᠳᠡᠢ ᠡᠷᠦᠬᠡ ᠶᠢᠨ 151 ᠬᠦᠮᠦᠨ ᠢ ᠳᠠᠶᠢᠴᠢᠯᠠᠵᠤ᠂ ᠠᠰᠢᠭ ᠤᠷᠤᠯᠭ᠎ᠠ ᠬᠤᠪᠢᠶᠠᠷᠢᠯᠠᠬᠤ ᠪᠠ ᠬᠤᠷᠰᠢᠶᠠᠵᠢᠯ ᠢᠶᠠᠷ ᠳᠠᠶᠢᠴᠢᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠶᠠᠳᠠᠭᠤ ᠠᠴᠠ ᠠᠩᠬᠢᠵᠢᠷᠠᠬᠤ ᠠᠯᠬᠤᠴᠠ ᠶᠢ ᠨᠢ ᠳᠦᠷᠭᠡᠳᠭᠡᠵᠤ ᠪᠠᠶᠢᠨ᠎ᠠ᠃     ᠮᠦᠷᠡᠨ ᠳᠠᠷᠢᠶᠠᠯᠠᠩ ᠮᠠᠯ ᠠᠵᠤ ᠠᠬᠤᠢ ᠶᠢᠨ ᠳᠤᠰᠬᠠᠢ ᠬᠤᠷᠰᠢᠶᠠᠵᠢᠯ 2016 ᠤᠨ ᠤ 5 ᠰᠠᠷ᠎ᠠ ᠳᠤ ᠪᠠᠶᠢᠭᠤᠯᠤᠭᠳᠠᠭᠰᠠᠨ ᠠᠴᠠ ᠨᠠᠰᠢ᠂ ᠦᠪᠡᠷ ᠪᠡᠶ᠎ᠡ ᠶᠢᠨ ᠡᠵᠡᠩᠨᠡᠯᠳᠡ ᠬᠠᠮᠢᠶᠠᠷᠤᠯᠳᠠ ᠪᠠᠨ ᠰᠠᠶᠢᠳᠤᠷ ᠠᠳᠬᠤᠬᠤ ᠶᠢᠨ ᠬᠠᠮᠳᠤ ᠬᠤᠷᠰᠢᠶᠠᠵᠢᠯ ᠳᠤ ᠬᠤᠪᠢ ᠤᠷᠤᠵᠤ ᠤᠷᠤᠯᠭ᠎ᠠ ᠬᠤᠪᠢᠶᠠᠷᠢᠯᠠᠬᠤ᠂ ᠠᠵᠤ ᠦᠢᠯᠡᠰ ᠢ ᠬᠦᠮᠦᠵᠢᠭᠦᠯᠬᠦ᠂ ᠠᠵᠢᠯ ᠤᠯᠭᠤᠯᠳᠠ ᠶᠢ ᠰᠢᠢᠳᠪᠦᠷᠢᠯᠡᠬᠦ ᠪᠠᠷ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠶᠢ ᠠᠬᠢᠭᠤᠯᠵᠤ᠂ ︽ᠨᠠᠮ ᠤᠨ ᠡᠭᠦᠷ + ᠬᠤᠷᠰᠢᠶᠠᠵᠢᠯ + ᠶᠠᠳᠠᠭᠤ ᠬᠦᠴᠢᠷᠳᠡᠢ ᠡᠷᠦᠬᠡ︾ ᠶᠢᠨ ᠬᠡᠪ ᠵᠠᠬᠪᠤᠷ ᠢᠶᠠᠷ ᠳᠠᠮᠵᠢᠭᠤᠯᠤᠨ ᠶᠠᠳᠠᠭᠤ ᠬᠦᠴᠢᠷᠳᠡᠢ ᠡᠷᠦᠬᠡ ᠶᠢᠨ ᠬᠤᠪᠢ ᠤᠷᠤᠬᠤ ᠶᠢ ᠬᠦᠳᠦᠯᠵᠤ᠂ ᠵᠤᠬᠢᠬᠤ ᠬᠦᠳᠡᠯᠮᠦᠷᠢᠯᠡᠬᠦ ᠴᠢᠳᠠᠪᠤᠷᠢ ᠲᠠᠢ ᠳᠠᠩᠰᠠ ᠡᠪᠬᠡᠮᠡᠯ ᠵᠤᠬᠢᠶᠠᠵᠤ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠢ ᠡᠷᠦᠬᠡ ᠶᠢ ᠬᠠᠪᠰᠤᠷᠤᠨ ᠳᠤᠬᠠᠢ ᠶᠢᠨ ᠭᠠᠵᠠᠷ ᠲᠤ ᠨᠢ ᠠᠵᠢᠯ ᠤᠯᠭᠤᠬᠤ᠂ ︽ᠨᠢᠭᠡ ᠬᠦᠮᠦᠨ ᠳᠤ ᠠᠵᠢᠯ ᠤᠯᠭᠤᠪᠠᠯ ᠨᠢᠭᠡ ᠡᠷᠦᠬᠡ ᠶᠠᠳᠠᠭᠤ ᠠᠴᠠ ᠪᠠᠨ ᠠᠩᠬᠢᠵᠢᠷᠠᠵᠤ ᠨᠢᠭᠡ ᠬᠡᠰᠡᠭ ᠢ ᠳᠠᠶᠢᠴᠢᠯᠠᠬᠤ︾ ᠦᠷ᠎ᠡ ᠪᠦᠳᠦᠮᠵᠢ ᠶᠢ ᠪᠡᠶᠡᠯᠡᠭᠦᠯᠦᠭᠰᠡᠨ ᠪᠠᠶᠢᠨ᠎ᠠ᠃ ︽ᠮᠢᠨᠤ ᠨᠠᠰᠤ ᠠᠬᠢᠵᠤ ᠶᠠᠮᠠᠷ ᠴᠤ ᠮᠡᠷᠭᠡᠵᠢᠯ ᠪᠠᠶᠢᠬᠤ ᠦᠭᠡᠢ ᠶᠢᠨ ᠳᠡᠭᠡᠷ᠎ᠡ ᠬᠦᠭᠰᠢᠨ ᠴᠤ ᠡᠪᠡᠳᠴᠢᠨ ᠡᠮᠬᠡᠭ ᠲᠠᠢ ᠠᠴᠠ ᠭᠠᠳᠠᠭᠰᠢ ᠭᠠᠷᠴᠤ ᠬᠦᠯᠦᠰᠦᠨ ᠠᠵᠢᠯ ᠬᠢᠬᠦ ᠶᠢᠨ ᠠᠷᠭ᠎ᠠ ᠦᠭᠡᠢ ᠪᠠᠶᠢᠵᠤ ᠤᠷᠤᠯᠭ᠎ᠠ ᠪᠠᠭ᠎ᠠ ᠪᠠᠶᠢᠳᠠᠭ᠂ ᠬᠤᠷᠰᠢᠶᠠᠵᠢᠯ ᠳᠤ ᠬᠦᠯᠦᠰᠦᠨ ᠠᠵᠢᠯ ᠬᠢᠭᠰᠡᠨ ᠠᠴᠠ ᠨᠢᠳᠤᠨᠤᠨ ᠵᠢᠯ 3 ᠲᠦᠮᠡ ᠢᠯᠡᠭᠦᠦ ᠳᠦᠭᠦᠷᠢᠭ ᠤᠨ ᠤᠷᠤᠯᠭ᠎ᠠ ᠤᠯᠵᠤ᠂ ᠭᠡᠷ ᠡᠷᠦᠬᠡ ᠪᠠᠨ ᠬᠠᠷᠠᠭᠠᠯᠵᠠᠵᠤ ᠳᠤᠳᠤᠮᠳᠠᠬᠤ ᠪᠠ ᠵᠤᠭᠤᠰ ᠤᠯᠬᠤ ᠬᠤᠶᠠᠷ ᠢ ᠠᠯᠢ ᠨᠢ ᠴᠤ ᠬᠠᠷᠰᠢᠯᠠᠬᠤ ᠦᠭᠡᠢ ᠪᠤᠯᠵᠠᠢ ︾ ᠭᠡᠵᠤ ᠵᠦᠩ ᠰᠢᠨ ᠳᠤᠰᠬᠤᠨ ᠤ ᠳᠠᠩᠰᠠ ᠡᠪᠭᠡᠮᠡᠯ ᠵᠤᠬᠢᠶᠠᠵᠤ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠢ ᠡᠷᠦᠬᠡ ᠰᠢᠤᠢ ᠴᠢᠩ ᠵᠦ ᠪᠠᠶᠠᠷᠯᠠᠨ᠎ᠠ᠃    ᠮᠦᠷᠡᠨ ᠳᠠᠷᠢᠶᠠᠯᠠᠩ ᠮᠠᠯ ᠠᠵᠤ ᠠᠬᠤᠢ ᠶᠢᠨ ᠳᠤᠰᠬᠠᠢ ᠬᠤᠷᠰᠢᠶᠠᠵᠢᠯ ᠭᠤᠤᠯᠳᠠᠭᠤ ᠤᠰᠤᠨ ᠳᠤᠳᠤᠷᠭ᠎ᠠ ᠵᠠᠶᠢᠯᠠᠵᠤ ᠤᠷᠭᠤᠭᠤᠯᠤᠨ᠂ ᠬᠠᠮᠤᠭ ᠡᠬᠢᠨ ᠤ 41 ᠭᠡᠰᠢᠭᠦᠨ ᠡᠷᠦᠬᠡ ᠶᠢᠨ ᠬᠤᠪᠢ ᠤᠷᠤᠭᠤᠯᠤᠭᠰᠠᠨ ᠪᠡᠯᠡ ᠮᠦᠩᠬᠦ ᠨᠢ 54.2 ᠳᠦᠮᠡᠨ ᠲᠦᠭᠦᠷᠢᠭ ᠪᠤᠯᠤᠨ᠎ᠠ᠃ ᠳᠤᠰ ᠬᠤᠷᠰᠢᠶᠠᠵᠢᠯ ᠨᠢ ᠳᠤᠰᠬᠤᠨ ᠤ ᠠᠷᠠᠳ ᠤᠨ ᠲᠠᠷᠠᠬᠠᠢ ᠪᠤᠳᠠᠷᠬᠠᠢ ᠳᠠᠷᠢᠵᠤ ᠪᠠᠶᠢᠭᠰᠠᠨ 2000 ᠮᠥ ᠬᠠᠭᠤᠷᠠᠢ ᠳᠠᠷᠢᠶ᠎ᠠ ᠶᠢᠨ ᠡᠵᠡᠩᠨᠡᠯᠳᠡ ᠶᠢᠨ ᠡᠷᠭᠡ ᠶᠢ ᠰᠢᠯᠵᠢᠭᠦᠯᠦᠨ ᠡᠵᠡᠩᠨᠡᠵᠤ᠂ ︽ᠤᠰᠤᠨ ᠳᠤᠳᠤᠷᠭ᠎ᠠ ᠶᠢ ᠬᠠᠭᠤᠷᠠᠢ ᠪᠠᠷ ᠳᠠᠷᠢᠶᠠᠯᠠᠬᠤ︾ ᠶᠢ ᠲᠦᠪᠯᠡᠷᠡᠭᠦᠯᠦᠨ ᠲᠦᠯᠦᠪᠵᠢᠭᠦᠯᠵᠤ ᠴᠡᠭᠴᠡᠯᠡᠨ ᠵᠠᠰᠠᠭᠠᠳ᠂ ᠳᠤᠰᠬᠤᠨ ᠤ 120 ᠭᠠᠷᠤᠢ ᠡᠷᠦᠬᠡ ᠶᠢᠨ ᠤᠷᠤᠯᠭ᠎ᠠ ᠶᠢ 40 ᠢᠯᠡᠭᠦᠦ ᠳᠦᠮᠡᠨ ᠲᠦᠭᠦᠷᠢᠭ ᠨᠡᠮᠡᠭᠳᠡᠭᠦᠯᠦᠭᠰᠡᠨ ᠪᠠᠶᠢᠨ᠎ᠠ᠃ ᠬᠠᠮᠳᠤ ᠳᠤᠨᠢ ᠬᠤᠷᠰᠢᠶᠠᠵᠢᠯ ᠤᠨ ᠭᠡᠰᠢᠭᠦᠳ ᠤᠨ ᠬᠠᠮᠤᠭ ᠠᠩᠬᠠᠨ ᠤ ᠬᠤᠪᠢ ᠤᠷᠤᠭᠰᠠᠨ ᠪᠡᠯᠡ ᠮᠦᠩᠬᠦ ᠪᠠᠷ ᠭᠤᠮ ᠬᠦᠷᠳᠤᠳᠤ ᠳᠡᠷᠭᠡ ᠪᠠ ᠢᠵᠢ ᠪᠦᠷᠢᠳᠦᠭᠰᠡᠨ ᠳᠦᠭᠦᠭᠡᠷᠦᠮᠵᠢ ᠵᠡᠷᠭᠡ ᠳᠤᠮᠤ ᠬᠡᠯᠪᠡᠷᠢ ᠶᠢᠨ ᠮᠠᠰᠢᠨ ᠪᠠᠭᠠᠵᠢ ᠶᠢ 4 ᠰᠠᠤᠷᠢ ᠬᠤᠳᠠᠯᠳᠤᠨ ᠤᠷᠤᠭᠤᠯᠵᠤ᠂ ᠳᠤᠮᠤ ᠬᠡᠯᠪᠡᠷᠢ ᠶᠢᠨ ᠮᠠᠰᠢᠨ ᠪᠠᠭᠠᠵᠢ ᠪᠠᠷ ᠳᠠᠷᠢᠶᠠᠨ ᠭᠠᠵᠠᠷ ᠢ ᠳᠡᠭᠰᠢᠯᠡᠭᠰᠡᠨ ᠤᠷᠤᠯᠭ᠎ᠠ ᠨᠢ 46 ᠲᠦᠮᠡᠨ ᠲᠦᠭᠦᠷᠢᠭ ᠲᠤ ᠳᠤᠯᠵᠤ᠂ ᠳᠤᠭᠳᠠᠮᠠᠯ ᠡᠳ᠋ ᠬᠦᠷᠦᠩᠭᠡ ᠶᠢᠨ ᠪᠡᠯᠡ ᠤᠷᠤᠭᠤᠯᠤᠯᠳᠠ᠂ ᠡᠳᠦᠷ ᠳᠤᠳᠤᠮ ᠤᠨ ᠡᠵᠡᠩᠨᠡᠯᠳᠡ ᠵᠡᠷᠭᠡ ᠵᠠᠷᠤᠯᠭ᠎ᠠ ᠳᠤ ᠬᠡᠷᠡᠭᠯᠡᠪᠡ᠃ ᠬᠤᠷᠰᠢᠶᠠᠵᠢᠯ ᠪᠠᠰᠠ ᠳᠤᠰᠬᠤᠨ ᠤ ᠬᠠᠮᠳᠤ ᠨᠠᠶᠢᠳᠡ ᠶᠢᠨ ᠳᠤᠮᠤ ᠬᠡᠯᠪᠡᠷᠢ ᠶᠢᠨ ᠳᠠᠷᠢᠶᠠᠯᠠᠩ ᠤᠨ ᠮᠠᠰᠢᠨ ᠢ ᠳᠦᠷᠢᠶᠡᠰᠦᠯᠡᠭᠦᠯᠬᠦ ᠪᠠᠷ ᠳᠠᠮᠵᠢᠨ ᠳᠤᠰᠬᠤᠨ ᠤ ᠬᠠᠮᠳᠤ ᠨᠡᠶᠢᠳᠡ ᠶᠢᠨ ᠤᠷᠤᠯᠭ᠎ᠠ ᠪᠠᠨ 5 ᠲᠦᠮᠡᠨ ᠲᠦᠭᠦᠷᠢᠭ ᠨᠡᠮᠡᠭᠳᠡᠭᠦᠯᠪᠡ᠃     ᠦᠩᠭᠡᠷᠡᠭᠰᠡᠨ ᠵᠢᠯ᠂ ᠵᠦᠩ ᠰᠢᠨ ᠳᠤᠰᠬᠤᠨ ᠤ ᠨᠠᠮ ᠤᠨ ᠡᠭᠦᠷ ᠤᠯᠠᠨ ᠤᠳᠠᠭ᠎ᠠ ᠰᠤᠳᠤᠯᠬᠤ ᠪᠠᠷ ᠳᠠᠮᠵᠢᠨ ᠶᠠᠳᠠᠭᠤ ᠶᠢ ᠳᠡᠳᠬᠦᠬᠦ ᠪᠡᠯᠡ ᠮᠦᠩᠬᠦ 118.4 ᠲᠦᠮᠡᠨ ᠲᠦᠭᠦᠷᠢᠭ ᠢ ᠮᠦᠷᠡᠨ ᠳᠠᠷᠢᠶᠠᠯᠠᠩ ᠮᠠᠯ ᠠᠵᠤ ᠠᠬᠤᠢ ᠶᠢᠨ ᠳᠤᠰᠬᠠᠢ ᠬᠤᠷᠰᠢᠶᠠᠵᠢᠯ ᠳᠤ ᠤᠷᠤᠭᠤᠯᠵᠤ᠂ ᠳᠤᠬᠠᠢ ᠶᠢᠨ ᠵᠢᠯ ᠳᠡᠭᠡᠨ 35 ᠲᠦᠮᠡᠨ ᠲᠦᠭᠦᠷᠢᠭ ᠤᠨ ᠠᠰᠢᠭ ᠬᠤᠨᠵᠢᠪᠤᠷᠢ ᠶᠢ ᠪᠠᠶᠡᠯᠡᠭᠦᠯᠵᠤ᠂ ᠶᠠᠳᠠᠭᠤ ᠬᠦᠴᠢᠷᠳᠡᠢ ᠡᠷᠦᠬᠡ ᠶᠢᠨ 151 ᠬᠦᠮᠦᠨ ᠪᠡᠯᠡ ᠮᠦᠩᠬᠦ ᠶᠢᠨ ᠠᠰᠢᠭ ᠤᠷᠤᠯᠭ᠎ᠠ ᠬᠤᠪᠢᠶᠠᠷᠢᠯᠠᠪᠠ᠃ ᠪᠠᠰᠠ 32 ᠶᠠᠳᠠᠭᠤ ᠬᠦᠴᠢᠷᠳᠡᠢ ᠡᠷᠦᠬᠡ ᠶᠢᠨ ᠠᠵᠢᠯ ᠤᠯᠭᠤᠯᠳᠠ ᠶᠢᠨ ᠠᠰᠠᠭᠤᠳᠠᠯ ᠢ ᠰᠢᠢᠳᠪᠦᠷᠢᠯᠡᠵᠤ᠂ ᠡᠷᠦᠬᠡ ᠳᠤᠮᠳᠠᠴᠢ ᠤᠷᠤᠯᠭ᠎ᠠ ᠶᠢ 8000 ᠲᠦᠭᠦᠷᠢᠭ ᠨᠡᠮᠡᠭᠳᠡᠭᠦᠯᠦᠭᠰᠡᠨ ᠪᠠᠶᠢᠨ᠎ᠠ᠃︵ᠵᠧᠩ ᠶᠢᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号