— ᠡᠮᠤᠨᠡᠳᠤ ᠬᠤᠰᠢᠭᠤᠨ ᠤ ᠰᠢᠬᠢᠷ ᠯᠤᠤᠪᠠᠩ ᠤᠨ ᠠᠵᠤ ᠤᠢᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠯᠬᠤᠴᠠ ᠶᠢ ᠲᠦᠷᠭᠡᠳᠭᠡᠵᠤ ᠪᠠᠶᠢᠭ᠎ᠠ ᠲᠤᠬᠠᠢ ᠪᠤᠳᠠᠳᠤ ᠲᠡᠮᠳᠡᠭᠯᠡᠯ | ᠤᠢᠢᠷ᠎ᠠ ᠳᠤ ᠤᠷᠤᠭᠰᠠᠨ ᠪᠤᠷᠤᠭᠠᠨ ᠨᠢ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠡᠷᠬᠢᠳᠤ | ᠪᠠᠯᠭᠠᠰᠤᠨ ᠤ ᠲᠦᠮᠡᠨ ᠭᠠᠴᠠᠭᠠᠨ ᠤ ᠬᠦ᠋ ᠯᠢᠶᠠᠨ ᠬᠦᠸᠧ ᠳᠤ ᠶᠡᠬᠡᠯ᠎ᠠ ᠪᠠᠶᠠᠷ ᠪᠤᠯᠵᠤ᠂ ᠰᠠᠶ᠋ᠢᠬᠠᠨ ᠵᠠᠶᠢᠯᠠᠭᠰᠠᠨ | ᠨᠤᠮᠢᠨ ᠨᠤᠭᠤᠭᠠᠨ ᠰᠢᠬᠢᠷ ᠯᠤᠤᠪᠠᠩ ᠨᠢ ᠰᠠᠯᠬᠢᠨ ᠤ ᠠᠶ᠎ᠠ ᠪᠠᠷ ᠭᠥᠳᠡᠯᠥᠨᠠ᠃ ᠪᠧᠨ ᠺᠠᠩ ᠲᠠᠷᠢᠶᠠᠯᠠᠩ ᠤᠨ | ᠮᠠᠰᠢᠨ ᠤ ᠲᠤᠰᠬᠠᠢ ᠬᠤᠷᠰᠢᠶᠠᠵᠢᠯ ᠤᠨ ᠲᠠᠭᠠᠭᠤᠯᠤᠭᠴᠢ ᠪᠤᠯᠤᠭᠰᠠᠨ ᠤ ᠬᠤᠪᠢ ᠳᠤ᠂ ᠭᠦ᠋ ᠯᠢᠶᠠᠨ ᠭᠦᠸᠧ ᠡᠨᠡ ᠵᠢᠯ | ᠪᠤᠯ ᠪᠠᠰᠠ ᠨᠢᠭᠡᠨ ᠡᠯᠪᠡᠭ ᠬᠤᠷᠢᠶᠠᠯᠳᠠ ᠶᠢᠨ ᠵᠢᠯ ᠪᠤᠯᠬᠤ ᠳᠤ ᠢᠳᠡᠭᠡᠯ ᠲᠡᠬᠦᠯᠳᠡᠷ ᠪᠠᠶᠢᠯ᠎ᠠ᠃ ᠡᠨᠡ ᠵᠢᠯ᠂ ᠪᠧᠨ | ᠺᠠᠩ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ 3.7 ᠲᠦᠮᠡᠨ ᠮᠤ᠋ ᠭᠠᠵᠠᠷ ᠰᠢᠷᠤᠢ ᠶᠢ ᠰᠢᠯᠵᠢᠬᠦᠯᠵᠤ᠂ | 1.7 ᠲᠦᠮᠡᠨ ᠮᠤ᠋ ᠰᠢᠬᠢᠷ ᠯᠤᠤᠪᠠᠩ ᠢ ᠲᠠᠷᠢᠵᠤ ᠤᠷᠭᠤᠭᠤᠯᠬᠤ ᠳᠤ ᠬᠡᠷᠡᠭᠯᠡᠨ᠂ ᠪᠦᠬᠦ ᠲᠤᠰᠬᠤᠨ ᠤ ᠭᠠᠵᠠᠷ | ᠰᠢᠷᠤᠢ ᠶᠢᠨ ᠲᠠᠯᠠᠪᠠᠢ ᠶᠢᠨ ᠭᠤᠷᠪᠠᠨ ᠬᠤᠪᠢ ᠠᠴᠠ ᠲᠡᠭᠡᠭᠰᠢ ᠶᠢ ᠡᠵᠡᠯᠡᠵᠠᠢ᠃ ᠰᠢᠬᠢᠷ ᠯᠤᠤᠪᠠᠩ ᠢ ᠲᠠᠷᠢᠵᠤ | ᠤᠷᠭᠤᠭᠤᠯᠬᠤ ᠮᠤ᠋ ᠨᠢᠭᠡᠴᠢ ᠶᠢᠨ ᠤᠨᠠᠯᠳᠠ ᠨᠢ 4.7 ᠲᠤᠨ ᠬᠦᠷᠴᠤ᠂ ᠵᠢᠱᠢᠭᠰᠡᠨ ᠢᠶᠠᠷ ᠰᠢᠬᠢᠷ ᠯᠤᠤᠪᠠᠩ ᠤᠨ | ᠶᠡᠷᠤᠩᠬᠡᠢ ᠤᠷᠤᠯᠭ᠎ᠠ 135 ᠲᠦᠮᠡᠨ ᠲᠦᠬᠦᠷᠢᠭ ᠬᠦᠷᠴᠤ᠂ ᠬᠤᠷᠰᠢᠶᠠᠵᠢᠯ ᠤᠨ ᠭᠡᠰᠢᠬᠦᠨ ᠨᠢᠭᠡᠪᠤᠷᠢ ᠶᠢᠨ ᠵᠢᠯ ᠤᠨ | ᠬᠦᠮᠤᠨ ᠲᠤᠮᠳᠠᠴᠢ ᠲᠡᠭᠰᠢᠳᠭᠡᠭᠰᠡᠨ ᠤᠷᠤᠯᠭ᠎ᠠ 3500 ᠲᠦᠬᠦᠷᠢᠭ ᠲᠤᠯᠬᠤ ᠪᠤᠯᠤᠨ᠎ᠠ᠃ | ︽ᠪᠢ ᠭᠠᠵᠠᠷ ᠰᠢᠷᠤᠢ ᠪᠠᠨ ᠪᠦᠷ ᠬᠤᠷᠰᠢᠶᠠᠵᠢᠯ ᠳᠤ ᠰᠢᠯᠵᠢᠬᠦᠯᠵᠤ ᠦᠭᠴᠠᠢ᠂ ᠭᠠᠵᠠᠷ ᠰᠢᠷᠤᠢ ᠪᠠᠨ | ᠰᠢᠯᠵᠢᠬᠦᠯᠦᠭᠰᠡᠨ ᠵᠠᠷᠤᠳᠠᠯ ᠠᠴᠠ ᠭᠠᠳᠠᠨ᠎ᠠ ᠪᠢᠳᠡ ᠪᠠᠰᠠ ᠬᠤᠷᠰᠢᠶᠠᠵᠢᠯ ᠠᠴᠠ ᠬᠤᠶᠠᠷ ᠤᠳᠠᠭ᠎ᠠ ᠠᠰᠢᠭ ᠤᠷᠤᠯᠭ᠎ᠠ | ᠬᠤᠪᠢᠶᠠᠵᠤ ᠤᠯᠤᠨ᠎ᠠ᠃ ᠨᠠᠳᠠ ᠠᠳᠠᠯᠢ ᠬᠦᠳᠡᠯᠮᠤᠷᠢᠯᠡᠬᠦ ᠴᠢᠳᠠᠪᠤᠷᠢ ᠲᠠᠢ ᠲᠤᠰᠬᠤᠨ ᠤ ᠠᠷᠠᠳ ᠪᠠᠰᠠ | ᠬᠤᠷᠰᠢᠶᠠᠵᠢᠯ ᠳᠤ ᠬᠦᠯᠤᠰᠤᠨ ᠠᠵᠢᠯ ᠬᠢᠬᠦ ᠪᠠᠷ ᠲᠠᠮᠵᠢᠨ ᠨᠢᠭᠡ ᠵᠢᠯ ᠤᠨ ᠤᠷᠤᠯᠭ᠎ᠠ ᠨᠠᠭᠠᠳᠤ ᠵᠠᠬ᠎ᠠ ᠳᠠᠭᠠᠨ 3 | ᠲᠦᠮᠡ ᠭᠠᠷᠤᠢ ᠲᠦᠬᠦᠷᠢᠭ ᠤᠯᠵᠤ ᠪᠤᠯᠬᠤ ᠪᠠᠷ ᠪᠠᠷᠬᠠᠤ ᠦᠭᠡᠢ ᠲᠤᠰᠬᠤᠨ ᠠᠴᠠ ᠪᠠᠨ ᠭᠠᠷᠬᠤ ᠦᠭᠡᠢ ᠪᠠᠷ ᠭᠤᠷᠪᠠᠨ | ᠵᠦᠢᠯ ᠤᠨ ᠤᠷᠤᠯᠭ᠎ᠠ ᠲᠠᠢ ᠪᠤᠯᠵᠤ᠂ ᠠᠮᠢᠳᠤᠷᠠᠯ ᠮᠢᠨᠢ ᠡᠳᠤᠷ ᠢᠷᠡᠬᠦᠶ᠎ᠠ ᠦᠭᠡᠳᠡ ᠡᠰᠡᠷᠡᠭ ᠪᠤᠯᠵᠤ ᠪᠤᠢ︾᠃ | ᠪᠧᠨ ᠺᠠᠩ ᠲᠠᠷᠢᠶᠠᠯᠠᠩ ᠤᠨ ᠮᠠᠰᠢᠨ ᠤ ᠬᠤᠷᠰᠢᠶᠠᠵᠢᠯ ᠲᠠᠷᠢᠶᠠᠴᠢᠳ ᠢ ᠲᠠᠭᠠᠭᠤᠯᠤᠨ ᠬᠠᠮᠳᠤᠪᠡᠷ ᠴᠢᠨᠡᠭᠡᠯᠢᠭᠵᠢᠬᠦᠯᠬᠦ | ᠴᠢᠳᠠᠪᠤᠷᠢ ᠲᠠᠢ ᠭᠡᠵᠤ ᠬᠤᠷᠰᠢᠶᠠᠵᠢᠯ ᠤᠨ ᠭᠡᠰᠢᠬᠦᠨ ᠪᠤᠤ ᠮᠠᠨ ᠰᠢ ᠶᠠᠷᠢᠨ᠎ᠠ᠃ | ᠠᠯᠢ ᠡᠷᠳᠡ ᠠᠴᠠ ᠰᠢᠬᠢᠷ ᠯᠤᠤᠪᠠᠩ ᠲᠠᠷᠢᠵᠤ ᠤᠷᠭᠤᠭᠤᠯᠬᠤ ᠰᠠᠨᠠᠭ᠎ᠠ ᠲᠠᠢ ᠪᠠᠶᠢᠭᠰᠠᠨ ᠡᠮᠤᠨᠡᠳᠤ | ᠬᠤᠰᠢᠭᠤᠨ ᠤ ᠨᠡᠳᠤᠭᠡᠷ ᠪᠠᠯᠭᠠᠰᠤ ᠶᠢᠨ ᠱᠤᠸᠠᠩ ᠬᠤᠸᠠ ᠲᠤᠰᠬᠤᠨ ᠤ ᠶᠠᠳᠠᠭᠤ ᠬᠦᠴᠢᠷᠳᠠᠢ ᠡᠷᠤᠭᠡ ᠯᠢ ᠴᠠᠩ | ᠶᠢᠤ ᠳᠤ ᠠᠪᠴᠤ ᠬᠡᠯᠡᠪᠡᠯ᠂ ᠦᠩᠭᠡᠷᠡᠭᠰᠡᠨ ᠳᠤ ᠰᠢᠬᠢᠷ ᠯᠤᠤᠪᠠᠩ ᠢᠶᠠᠨ ᠪᠤᠷᠤᠯᠠᠭᠤᠯᠪᠠᠯ ᠪᠡᠯᠡᠨ ᠵᠤᠭᠤᠰ ᠤᠯᠬᠤ | ᠦᠭᠡᠢ᠂ ᠰᠢᠬᠢᠷ ᠤᠢᠢᠯᠡᠳᠬᠦ ᠤᠢᠢᠯᠡᠳᠪᠤᠷᠢ ᠶᠢᠨ ᠬᠢᠨ ᠲᠠᠷᠢᠶᠠᠴᠢᠳ ᠲᠤ ᠵᠦᠪᠬᠡᠨ ᠨᠢᠭᠡ ᠰᠢᠬᠢᠷ ᠯᠤᠤᠪᠠᠩ ᠤᠨ | ᠪᠢᠯᠧᠲ ᠦᠭᠬᠦ ᠮᠦᠷᠳᠡᠭᠡᠨ ᠠᠵᠤ ᠠᠬᠤᠢᠢᠯᠠᠯ ᠵᠤᠭᠤᠰ ᠲᠠᠢ ᠪᠤᠯᠤᠭᠰᠠᠨ ᠤ ᠲᠠᠷᠠᠭ᠎ᠠ ᠰᠢᠬᠢᠷ ᠯᠤᠤᠪᠠᠩ ᠤᠨ | ᠪᠢᠯᠧᠲ ᠢᠶᠠᠨ ᠠᠪᠴᠤ ᠪᠡᠯᠡᠨ ᠵᠤᠭᠤᠰ ᠰᠤᠯᠢᠨ᠎ᠠ᠂ ᠬᠦᠯ ᠢᠶᠠᠨ ᠰᠤᠨᠳᠠᠯ᠎ᠠ ᠶᠠᠪᠤᠭᠠᠳ ᠤᠯᠤᠭᠰᠠᠨ ᠨᠢ ᠪᠠᠰᠠ | ᠲᠤᠭ᠎ᠠ ᠲᠠᠢ ᠬᠡᠳᠤᠭᠡᠨ ᠵᠤᠭᠤᠰ ᠪᠠᠶᠢᠯ᠎ᠠ᠃ ᠡᠶᠢᠮᠤ ᠠᠴᠠ᠂ ᠰᠢᠬᠢᠷ ᠯᠤᠤᠪᠠᠩ ᠲᠠᠷᠢᠵᠤ ᠤᠷᠭᠤᠭᠤᠯᠬᠤ ᠲᠠᠷᠢᠶᠠᠴᠢᠳ | ᠶᠠᠪᠤᠬᠤ ᠳᠤᠳᠤᠮ ᠪᠠᠭᠠᠰᠴᠤ᠂ ᠡᠮᠤᠨᠡᠳᠤ ᠬᠤᠰᠢᠭᠤᠨ ᠤ ᠰᠢᠬᠢᠷ ᠯᠤᠤᠪᠠᠩ ᠤᠨ ᠡᠨᠡᠬᠦ ᠤᠨᠴᠠᠯᠢᠭᠳᠤ | ᠪᠦᠳᠤᠭᠡᠭᠳᠡᠬᠦᠨ ᠨᠢ ᠲᠡᠶᠢᠮᠤ ︽ᠤᠨᠴᠠᠭᠠᠢ︾ ᠪᠢᠰᠢ ᠪᠤᠯᠵᠠᠢ᠃ ᠭᠡᠳᠡᠯ᠎ᠠ ᠤᠳᠤ ᠰᠢᠬᠢᠷ ᠯᠤᠤᠪᠠᠩ ᠢ ᠲᠠᠷᠢᠵᠤ | ᠤᠷᠭᠤᠭᠤᠯᠵᠤ ᠪᠠᠶᠢᠬᠤ ᠰᠢᠯᠳᠠᠭᠠᠨ ᠪᠤᠯ ︽ ᠤᠳᠤᠬᠠᠨ ᠤ ᠲᠠᠷᠢᠵᠤ ᠤᠷᠭᠤᠭᠤᠯᠤᠭᠰᠠᠨ ᠰᠢᠬᠢᠷ ᠯᠤᠤᠪᠠᠩ ᠤᠨ ᠮᠤ᠋ | ᠨᠢᠭᠡᠴᠢ ᠶᠢᠨ ᠤᠨᠠᠯᠳᠠ ᠨᠢ 4 ᠲᠤᠨ ᠠᠴᠠ ᠲᠡᠭᠡᠭᠰᠢ ᠪᠠᠶᠢᠵᠤ᠂ ᠡᠷᠳᠡᠨᠢ ᠰᠢᠰᠢ ᠲᠠᠷᠢᠬᠤ ᠠᠴᠠ ᠢᠯᠡᠬᠦᠤ 1000 | ᠲᠦᠬᠦᠷᠢᠭ ᠤᠯᠬᠤ ᠪᠤᠯᠤᠨ᠎ᠠ︕︾ | ᠡᠮᠤᠨᠡᠳᠤ ᠬᠤᠰᠢᠭᠤ ᠪᠤᠯ ᠤᠯᠤᠰ ᠤᠨ ᠲᠡᠰ ᠤᠨ ᠶᠠᠳᠠᠭᠤ ᠬᠦᠴᠢᠷᠳᠠᠢ ᠬᠤᠰᠢᠭᠤ ᠪᠠᠶᠢᠵᠤ᠂ 2017 ᠤᠨ ᠤ | ᠰᠡᠬᠦᠯᠴᠢ ᠳᠤ᠂ ᠶᠠᠳᠠᠭᠤ ᠬᠦᠴᠢᠷᠳᠠᠢ ᠬᠦᠮᠤᠨ ᠠᠮᠠ ᠶᠢᠨ ᠶᠡᠷᠤᠩᠬᠡᠢ ᠲᠤᠭ᠎ᠠ 15533 ᠪᠠᠶᠢᠵᠤ᠂ 2018 | ᠤᠨ ᠳᠤ 8000 ᠬᠦᠮᠤᠨ ᠠᠴᠠ ᠲᠡᠭᠡᠭᠰᠢ ᠬᠦᠮᠤᠨ ᠢ ᠶᠠᠳᠠᠭᠤ ᠠᠴᠠ ᠠᠩᠬᠢᠵᠢᠷᠠᠭᠤᠯᠵᠤ᠂ 2019 ᠤᠨ ᠳᠤ | ᠶᠠᠳᠠᠭᠤ ᠬᠦᠴᠢᠷᠳᠠᠢ ᠬᠦᠮᠤᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠤ᠂ ᠰᠢᠶᠠᠨ ᠤ ᠶᠠᠳᠠᠭᠤ | ᠬᠦᠴᠢᠷᠳᠠᠢ ᠮᠠᠯᠠᠭᠠᠢ ᠶᠢ ᠠᠪᠴᠤ ᠬᠠᠶᠠᠬᠤ ᠬᠠᠷᠠᠯᠳᠠ ᠶᠢ ᠪᠡᠶᠡᠯᠡᠬᠦᠯᠬᠦ ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ | ᠠᠵᠤ ᠤᠢᠢᠯᠡᠰ ᠤᠨ ᠨᠢᠭᠡ ᠪᠤᠯᠤᠭᠰᠠᠨ ᠰᠢᠬᠢᠷ ᠯᠤᠤᠪᠠᠩ ᠤᠨ ᠤᠢᠢᠯᠡᠳᠪᠤᠷᠢᠯᠠᠯ ᠨᠢ ︽ᠰᠢᠬᠢᠷ ᠯᠤᠤᠪᠠᠩ ᠲᠠᠷᠢᠬᠤ | ᠡᠭᠦᠷᠭᠡ︾ ᠲᠠᠢ ᠪᠠᠶᠢᠭᠰᠠᠨ ᠠᠴᠠ ︽ᠶᠠᠳᠠᠭᠤ ᠠᠴᠠ ᠠᠩᠬᠢᠵᠢᠷᠠᠭᠤᠯᠬᠤ ᠰᠢᠬᠢᠷ ᠯᠤᠤᠪᠠᠩ︾ ︽ᠪᠠᠶᠠᠵᠢᠨ | ᠴᠢᠨᠡᠭᠡᠯᠢᠭᠵᠢᠬᠦᠯᠬᠦ ᠰᠢᠬᠢᠷ ᠯᠤᠤᠪᠠᠩ︾ ᠤᠨ ᠯᠤᠳᠤ ᠶᠡᠭᠡ ᠬᠤᠪᠢᠷᠠᠯᠳᠠ ᠶᠢ ᠪᠡᠶᠡᠯᠡᠬᠦᠯᠵᠠᠢ᠃ | ︽ᠰᠠᠶᠢᠨ ᠠᠵᠤ ᠤᠢᠢᠯᠡᠰ ᠢᠶᠠᠷ ᠤᠯᠠᠨ ᠲᠦᠮᠡᠨ ᠪᠠ ᠶᠠᠳᠠᠭᠤ ᠬᠦᠴᠢᠷᠳᠠᠢ ᠡᠷᠤᠭᠡ ᠶᠢ ᠨᠡᠩ ᠰᠠᠶᠢᠳᠤᠷ | ᠲᠠᠶᠢᠴᠢᠯᠠᠬᠤ ᠳᠤ᠂ ᠡᠷᠬᠡᠪᠰᠢ ᠰᠠᠶᠢᠨ ᠠᠵᠤ ᠠᠬᠤᠢᠢᠯᠠᠯ᠂ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ᠂ | ᠶᠠᠳᠠᠭᠤ ᠬᠦᠴᠢᠷᠳᠠᠢ ᠡᠷᠤᠭᠡ ᠶᠢᠨ ᠭᠤᠷᠪᠠᠨ ᠤ ᠬᠤᠭᠤᠷᠤᠨᠳᠤᠬᠢ ᠠᠰᠢᠭ ᠲᠤᠰᠠ ᠶᠢᠨ ᠬᠤᠯᠪᠤᠭᠠᠨ ᠤ | ᠲᠤᠭᠳᠠᠴᠠ ᠶᠢ ᠪᠠᠶᠢᠭᠤᠯᠬᠤ ᠬᠡᠷᠡᠭᠳᠡᠢ︾ ᠭᠡᠵᠤ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠲᠡᠳ᠋ ᠡᠷᠬᠢᠯᠡᠭᠴᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠠᠮ ᠤᠨ | ᠬᠤᠷᠢᠶᠡᠨ ᠤ ᠱᠦᠵᠢ ᠵᠤ᠋ ᠴᠧᠩ ᠪᠠᠩ ᠶᠠᠷᠢᠨ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠤᠭᠤᠴᠠᠭᠠᠨ ᠳᠤ ᠪᠠᠶᠢᠬᠤ ᠡᠮᠤᠨᠡᠳᠤ ᠬᠤᠰᠢᠭᠤ | ᠤᠳᠤ ᠶᠠᠭ ︽ᠲᠤᠮᠳᠠᠳᠤ ᠤᠯᠤᠰ ᠤᠨ ᠵᠡᠭᠦᠨ ᠬᠤᠶᠢᠳᠤ ᠶᠢᠨ ᠰᠢᠬᠢᠷ ᠤᠨ ᠨᠡᠶᠢᠰᠯᠡᠯ︾ ᠢ ᠪᠠᠶᠢᠭᠤᠯᠬᠤ ᠬᠠᠷᠠᠯᠳᠠ ᠪᠠᠷ | ᠰᠢᠬᠢᠷ ᠯᠤᠤᠪᠠᠩ ᠤᠨ ᠠᠵᠤ ᠤᠢᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠶᠢ ᠬᠠᠶᠢᠨ | ᠰᠦᠪᠡᠭᠴᠢᠯᠡᠵᠤ᠂ ᠭᠤᠤᠯ ᠴᠤᠭᠴᠠᠳᠤ ᠬᠤᠷᠰᠢᠶᠠᠵᠢᠯ ᠢ ᠭᠤᠤᠯᠳᠠᠯᠭ᠎ᠠ ᠲᠠᠢ ᠬᠠᠪᠰᠤᠷᠤᠨ ᠲᠡᠳᠬᠦᠵᠤ᠂ ᠬᠤᠷᠰᠢᠶᠠᠵᠢᠯ | + ᠪᠠᠩᠭᠢ ᠶᠢᠨ ᠵᠢᠭᠡᠯᠡᠯᠭᠡ + ᠠᠵᠤ ᠠᠬᠤᠢᠢᠯᠠᠯ ᠤᠨ ᠵᠠᠬᠢᠶᠠᠯᠠᠭ᠎ᠠ + ᠤᠢᠢᠯᠡᠴᠢᠯᠡᠭᠡ + ᠪᠠᠷᠢᠴᠠᠭᠠᠯᠠᠵᠤ ᠪᠠᠳᠤᠯᠠᠬᠤ | + ᠲᠠᠷᠢᠵᠤ ᠤᠷᠭᠤᠭᠤᠯᠬᠤ ᠲᠠᠭᠠᠳᠬᠠᠯ ᠤᠨ ︽1+5︾ ᠶᠢᠨ ᠬᠤᠯᠪᠤᠭᠠᠨ ᠤ ᠬᠡᠯᠪᠡᠷᠢ ᠶᠢ ᠬᠡᠷᠡᠭᠵᠢᠬᠦᠯᠵᠤ᠂ ︽ | ᠲᠦᠷᠤᠯ ᠵᠦᠢᠯ ᠤᠨ ᠪᠡᠯᠡ ᠮᠦᠩᠬᠦ ᠶᠢ ᠶᠠᠳᠠᠭᠤ ᠬᠦᠴᠢᠷᠳᠠᠢ ᠡᠷᠤᠭᠡ ᠳᠤ ᠨᠠᠶᠢᠳᠠᠪᠤᠷᠢᠵᠢᠭᠤᠯᠬᠤ᠂ ᠶᠠᠳᠠᠭᠤ | ᠬᠦᠴᠢᠷᠳᠠᠢ ᠡᠷᠤᠭᠡ ᠬᠤᠷᠰᠢᠶᠠᠵᠢᠯ ᠢ ᠲᠠᠭᠠᠬᠤ᠂ ᠬᠤᠷᠰᠢᠶᠠᠵᠢᠯ ᠲᠠᠭᠠᠭᠤᠯᠤᠭᠴᠢ ᠠᠵᠤ ᠠᠬᠤᠢᠢᠯᠠᠯ ᠢ ᠲᠠᠭᠠᠬᠤ᠂ | ᠲᠠᠭᠠᠭᠤᠯᠤᠭᠴᠢ ᠠᠵᠤ ᠠᠬᠤᠢᠢᠯᠠᠯ ᠵᠠᠬ᠎ᠠ ᠲᠡᠯᠭᠡᠬᠦᠷ ᠢ ᠲᠠᠭᠠᠬᠤ︾ ᠬᠦᠭᠵᠢᠯᠳᠡ ᠶᠢᠨ ᠬᠡᠯᠪᠡᠷᠢ ᠶᠢ ᠪᠦᠷᠢᠯᠳᠤᠬᠦᠯᠵᠤ᠂ | ᠰᠢᠬᠢᠷ ᠯᠤᠤᠪᠠᠩ ᠤᠨ ᠠᠵᠤ ᠤᠢᠢᠯᠡᠰ ᠢ ᠬᠦᠭᠵᠢᠬᠦᠯᠬᠦ ᠪᠠᠷ ᠲᠠᠮᠵᠢᠨ 6555 ᠲᠦᠮᠡᠨ ᠲᠦᠬᠦᠷᠢᠭ ᠤᠨ | ᠵᠢᠭᠡᠯᠡᠯᠭᠡ ᠤᠯᠵᠤ᠂ ᠰᠢᠬᠢᠷ ᠯᠤᠤᠪᠠᠩ ᠤᠨ ᠠᠵᠤ ᠤᠢᠢᠯᠡᠰ ᠤᠨ ᠬᠦᠭᠵᠢᠯᠳᠡ ᠶᠢᠨ ᠲᠤᠮᠳᠠᠬᠢ ᠪᠡᠯᠡ ᠮᠦᠩᠬᠦ | ᠲᠤᠳᠠᠭᠳᠠᠬᠤ ᠬᠦᠴᠢᠷ ᠠᠰᠠᠭᠤᠳᠠᠯ ᠢ ᠪᠦᠳᠤᠮᠵᠢᠳᠠᠢ ᠰᠢᠢᠳᠪᠤᠷᠢᠯᠡᠵᠤ ᠪᠤᠢ᠃ | ᠰᠢᠬᠢᠷ ᠯᠤᠤᠪᠠᠩ ᠤᠨ ᠠᠵᠤ ᠤᠢᠢᠯᠡᠰ ᠤᠨ ᠬᠦᠭᠵᠢᠯᠳᠡ ᠶᠢ ᠠᠬᠢᠭᠤᠯᠬᠤ ᠶᠠᠪᠤᠴᠠ ᠳᠤ᠂ ᠰᠢᠬᠢᠷ ᠯᠤᠤᠪᠠᠩ ᠢ | ᠲᠠᠷᠢᠵᠤ ᠤᠷᠭᠤᠭᠤᠯᠬᠤ ᠡᠷᠤᠭᠡ ᠲᠤᠮᠤ ᠬᠡᠯᠪᠡᠷᠢ ᠶᠢᠨ ᠮᠠᠰᠢᠨ ᠲᠤᠨᠤᠭ ᠬᠤᠳᠠᠯᠳᠤᠨ ᠠᠪᠬᠤ ᠠᠴᠠ ᠭᠠᠳᠠᠨ᠎ᠠ | ᠤᠯᠤᠰ ᠠᠴᠠ ᠪᠠᠰᠠ ᠢᠵᠢ ᠪᠦᠷᠢ ᠳᠤ 3 ᠲᠦᠮᠡᠨ ᠲᠦᠬᠦᠷᠢᠭ ᠤᠨ ᠨᠦᠬᠦᠪᠤᠷᠢ ᠤᠯᠭᠤᠵᠤ᠂ ᠡᠮᠤᠨᠡᠳᠤ | ᠬᠤᠰᠢᠭᠤᠨ ᠤ ᠵᠠᠰᠠᠭ ᠤᠨ ᠤᠷᠳᠤᠨ ᠪᠠᠰᠠ ᠴᠢᠬᠢ ᠪᠤᠶᠢᠵᠢᠭᠤᠯᠬᠤ ᠠᠴᠠ ᠵᠠᠶᠢᠯᠠᠬᠤ ᠡᠯ᠎ᠠ ᠭᠤᠭᠴᠤᠭᠠᠨ ᠳᠤ ᠡᠯ᠎ᠠ | ᠵᠦᠢᠯ ᠤᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠲᠤᠭᠳᠠᠭᠠᠵᠤ ᠰᠢᠬᠢᠷ ᠯᠤᠤᠪᠠᠩ ᠤᠨ ᠤᠢᠢᠯᠡᠳᠪᠤᠷᠢᠯᠠᠯ | ᠡᠵᠡᠩᠨᠡᠯᠳᠡ ᠶᠢ ᠲᠠᠮᠵᠢᠵᠤ᠂ 600 ᠲᠡᠭᠰᠢ ᠲᠦᠷᠪᠡᠯᠵᠢᠨ ᠮᠧᠳ᠋ᠷ ᠤᠨ ᠴᠢᠬᠢ ᠪᠤᠶᠢᠵᠢᠭᠤᠯᠬᠤ ᠨᠦᠬᠦᠪᠤᠷᠢ ᠶᠢ | 5000 ᠲᠦᠬᠦᠷᠢᠭ ᠦᠭᠬᠦ ᠶᠤᠰᠤᠭᠠᠷ᠂ ᠮᠤ᠋ ᠪᠦᠷᠢ ᠳᠤ 150 ᠲᠦᠬᠦᠷᠢᠭ ᠤᠨ ᠨᠦᠬᠦᠪᠤᠷᠢ᠂ ᠮᠤ᠋ ᠪᠦᠷᠢ ᠳᠤ | 100 ᠲᠦᠬᠦᠷᠢᠭ ᠤᠨ ᠨᠦᠬᠦᠪᠤᠷᠢ ᠦᠭᠬᠦ ᠪᠠᠷᠢᠮᠵᠢᠶ᠎ᠠ ᠶᠤᠰᠤᠭᠠᠷ ᠪᠡᠯᠡ ᠮᠦᠩᠬᠦ ᠶᠢ ᠪᠦᠬᠦᠨ ᠢ ᠰᠢᠬᠢᠷ ᠯᠤᠤᠪᠠᠩ ᠤᠨ | ᠡᠵᠡᠩᠨᠡᠭᠴᠢᠳ ᠲᠤ ᠦᠭᠴᠤ᠂ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢᠨ ᠲᠡᠭᠡᠷ᠎ᠠ ᠰᠢᠬᠢᠷ ᠯᠤᠤᠪᠠᠩ | ᠲᠠᠷᠢᠵᠤ ᠤᠷᠭᠤᠭᠤᠯᠬᠤ ᠡᠷᠤᠭᠡ ᠶᠢᠨ ᠢᠳᠡᠪᠬᠢᠵᠢᠯ ᠢ ᠶᠡᠬᠡᠪᠡᠷ ᠲᠠᠶᠢᠴᠢᠯᠠᠵᠠᠢ᠃ | 2020 ᠤᠨ ᠪᠤᠯᠳᠠᠯ᠎ᠠ᠂ ᠲᠤᠰ ᠬᠤᠰᠢᠭᠤᠨ ᠤ ᠰᠢᠬᠢᠷ ᠯᠤᠤᠪᠠᠩ ᠢ ᠲᠠᠷᠢᠵᠤ ᠤᠷᠭᠤᠭᠤᠯᠬᠤ ᠰᠠᠭᠤᠷᠢᠨ | ᠭᠠᠵᠠᠷ ᠤᠨ ᠲᠠᠯᠠᠪᠠᠢ ᠶᠢ ᠨᠡᠮᠡᠭᠳᠡᠬᠦᠯᠦᠭᠡᠳ 20 ᠲᠦᠮᠡᠨ ᠮᠦ ᠪᠤᠯᠭᠠᠵᠤ᠂ ᠵᠢᠯ ᠤᠨ ᠤᠨᠠᠯᠳᠠ ᠨᠢ 80 ᠭᠠᠷᠤᠢ | ᠲᠦᠮᠡᠨ ᠲᠤᠨ ᠳᠤ ᠬᠦᠷᠴᠤ᠂ ᠰᠢᠬᠢᠷ ᠯᠤᠤᠪᠠᠩ ᠢ ᠲᠠᠷᠢᠵᠤ ᠤᠷᠭᠤᠭᠤᠯᠬᠤ ᠪᠠᠷ ᠲᠠᠮᠵᠢᠨ ᠲᠠᠷᠢᠶᠠᠴᠢᠳ ᠤᠨ | ᠤᠷᠤᠯᠭ᠎ᠠ ᠶᠢ 4 ᠳ᠋ᠦᠩᠰᠢᠭᠤᠷ ᠲᠦᠬᠦᠷᠢᠭ ᠨᠡᠮᠡᠭᠳᠡᠬᠦᠯᠬᠦ ᠪᠤᠯᠤᠨ᠎ᠠ᠃ ᠰᠢᠬᠢᠷ ᠯᠤᠤᠪᠠᠩ ᠤᠨ ᠠᠵᠤ ᠤᠢᠢᠯᠡᠰ ᠤᠨ | ᠦᠳᠳᠡᠷ ᠲᠦᠷᠭᠡᠨ ᠬᠦᠭᠵᠢᠯᠳᠡ ᠨᠢ ᠲᠤᠬᠠᠢ ᠶᠢᠨ ᠭᠠᠵᠠᠷ ᠤᠨ ᠶᠠᠳᠠᠭᠤ ᠬᠦᠴᠢᠷᠳᠠᠢ ᠡᠷᠤᠭᠡ ᠶᠢᠨ | ᠶᠠᠳᠠᠭᠤ ᠠᠴᠠ ᠪᠠᠨ ᠠᠩᠬᠢᠵᠢᠷᠠᠨ ᠪᠠᠶᠠᠵᠢᠨ ᠴᠢᠨᠡᠭᠡᠯᠢᠭᠵᠢᠬᠦ ᠲᠤᠳᠤᠭᠠᠳᠤ ᠬᠦᠳᠡᠯᠭᠡᠭᠴᠢ ᠬᠦᠴᠤᠨ ᠢ ᠴᠤ ᠶᠡᠬᠡᠪᠡᠷ | ᠤᠷᠮᠠᠰᠢᠭᠤᠯᠵᠤ᠂ ᠡᠮᠤᠨᠡᠳᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠪᠡᠳᠤ | ᠪᠠᠬᠢ ᠪᠠᠳᠤᠯᠠᠭ᠎ᠠ ᠬᠠᠩᠭᠠᠨ ᠦᠭᠴᠤ ᠪᠤᠢ᠃ | |