| ᠮᠤᠩᠭᠤᠯ ᠲᠡᠷᠯᠢᠭ᠂ ᠮᠤᠩᠭᠤᠯ ᠭᠤᠳᠤᠯ᠂ ᠭᠠᠷ ᠤᠷᠠᠯᠠᠯ ᠤᠨ ᠪᠦᠳᠦᠭᠡᠭᠳᠡᠬᠦᠨ ᠁ ᠨᠢᠭᠡ ᠨᠢᠭᠡ ᠦᠩᠭᠡ | ᠪᠤᠳᠤᠭ ᠢᠯᠭᠠᠷᠠᠭᠰᠠᠨ ᠮᠤᠩᠭᠤᠯ ᠦᠨᠳᠦᠰᠦᠳᠡᠨ ᠤ ᠤᠷᠠᠨ ᠬᠠᠳᠬᠤᠮᠠᠯ ᠤᠨ ᠭᠠᠷ ᠤᠷᠠᠯᠠᠯ ᠤᠨ ᠪᠦᠳᠦᠭᠡᠭᠳᠡᠬᠦᠨ ᠨᠢ | ᠬᠦᠮᠦᠰ ᠤᠨ ᠪᠠᠭ᠋ᠠᠷᠬᠠᠯ ᠢ ᠶᠡᠭᠡᠪᠡᠷ ᠲᠠᠳᠠᠨ᠎ᠠ᠃ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ | ᠲᠦᠰᠢᠶᠡᠳᠦ ᠸᠠᠩ ᠤᠨ ᠤᠷᠳᠤᠨ ᠤ ᠤᠷᠠᠨ ᠬᠠᠳᠬᠤᠮᠠᠯ ᠤᠨ ᠠᠵᠦ ᠦᠢᠯᠡᠰ ᠢᠶᠠᠷ ᠶᠠᠳᠠᠭᠤ ᠶᠢ ᠲᠡᠳᠬᠦᠬᠦ | ᠦᠢᠯᠡᠳᠪᠦᠷᠢ ᠶᠢᠨ ᠲᠠᠰᠤᠭ ᠲᠤ᠂ ᠮᠤᠩᠭᠤᠯ ᠦᠨᠳᠦᠰᠦᠳᠡᠨ ᠤ ᠤᠯᠠᠮᠵᠢᠯᠠᠯᠳᠦ ᠭᠠᠷ ᠤᠷᠠᠯᠠᠯ ᠤᠨ ᠮᠡᠷᠭᠡᠵᠢᠯ | ᠤᠯᠠᠮᠵᠢᠯᠠᠭᠳᠠᠬᠤ ᠶᠢᠨ ᠬᠠᠮᠳᠦ ᠶᠠᠳᠠᠭᠤ ᠬᠦᠴᠢᠷᠳᠡᠯᠳᠡᠢ ᠡᠷᠦᠭᠡ ᠡᠨᠡᠬᠦ ᠤᠯᠠᠮᠵᠢᠯᠠᠯᠳᠦ ᠤᠷᠠᠨ ᠮᠡᠷᠭᠡᠵᠢᠯ ᠢᠶᠠᠷ | ᠲᠠᠮᠵᠢᠨ ᠦᠭᠡᠳᠡᠷᠬᠡᠭ ᠠᠮᠢᠳᠤᠷᠠᠯ ᠡᠳ᠋ᠯᠡᠬᠦ ᠪᠤᠯᠤᠯ᠎ᠠ᠃ | ᠲᠦᠰᠢᠶᠡᠳᠦ ᠸᠠᠩ ᠤᠨ ᠤᠷᠳᠤᠨ ᠤ ᠤᠷᠠᠨ ᠬᠠᠳᠬᠤᠮᠠᠯ ᠪᠤᠯ ᠬᠤᠷᠴᠢᠨ ᠪᠠᠷᠠᠭᠤᠨ ᠭᠠᠷᠤᠨ ᠲᠤᠮᠳᠠᠳᠦ | ᠬᠤᠰᠢᠭᠤᠨ ᠤ ᠦᠪᠡᠷᠮᠢᠴᠠ ᠤᠨᠴᠠᠯᠢᠭ ᠲᠠᠢ ᠮᠤᠩᠭᠤᠯ ᠦᠨᠳᠦᠰᠦᠳᠡᠨ ᠤ ᠤᠯᠠᠮᠵᠢᠯᠠᠯᠳᠦ ᠤᠷᠠᠨ ᠵᠢᠷᠤᠭ ᠤᠨ ᠭᠠᠷ | ᠤᠷᠠᠯᠠᠯ ᠪᠤᠯᠤᠨ᠎ᠠ᠂ 2009 ᠤᠨ ᠳᠤ ᠲᠤᠰ ᠭᠠᠷ ᠤᠷᠠᠯᠠᠯ ᠨᠢ ᠬᠤᠶᠠᠳᠤᠭᠠᠷ ᠪᠦᠯᠦᠭ ᠤᠨ ᠦᠪᠡᠷᠳᠡᠭᠡᠨ ᠵᠠᠰᠠᠬᠤ | ᠤᠷᠤᠨ ᠤ ᠲᠡᠰ ᠤᠨ ᠪᠤᠳᠠᠰ ᠤᠨ ᠪᠤᠰᠦ ᠰᠤᠶᠤᠯ ᠤᠨ ᠦᠪ ᠤᠨ ᠨᠡᠷᠡᠰ ᠲᠤ ᠤᠷᠤᠪᠠ᠃ 2016 ᠤᠨ ᠤ 12 | ᠰᠠᠷ᠎ᠠ ᠳᠤ᠂ ᠲᠤᠮᠳᠠᠳᠦ ᠬᠤᠰᠢᠭᠤ ᠠᠴᠠ ᠲᠦᠰᠢᠶᠡᠳᠦ ᠸᠠᠩ ᠤᠨ ᠤᠷᠳᠤᠨ ᠤ ᠤᠷᠠᠨ ᠬᠠᠳᠬᠤᠮᠠᠯ ᠤᠨ | ᠦᠢᠯᠡᠳᠪᠦᠷᠢ ᠶᠢᠨ ᠲᠠᠰᠤᠭ ᠪᠠᠶᠢᠭᠤᠯᠤᠨ᠂ 2017 ᠤᠨ ᠤ 7 ᠰᠠᠷ᠎ᠠ ᠳᠤ ᠶᠡᠭᠡ ᠰᠤᠷᠭᠠᠭᠤᠯᠢ ᠶᠢᠨ ᠤᠶᠤᠳᠠᠨ ᠤ | ᠦᠢᠯᠡᠰ ᠪᠤᠰᠬᠠᠵᠦ ᠶᠠᠳᠠᠭᠤ ᠶᠢ ᠲᠡᠳᠬᠦᠬᠦ ᠦᠢᠯᠡᠴᠢᠯᠡᠭᠡᠨ ᠤ ᠨᠡᠶᠢᠭᠡᠮᠯᠢᠭ ᠪᠠᠶᠢᠭᠤᠯᠵᠦ᠂ ︽ᠠᠵᠦ ᠠᠬᠤᠢᠢᠯᠠᠯ᠂ | ᠨᠡᠶᠢᠭᠡᠮᠯᠢᠭ᠂ ᠰᠠᠭᠤᠷᠢᠨ ᠭᠠᠵᠠᠷ + ᠶᠠᠳᠠᠭᠤ ᠬᠦᠴᠢᠷᠳᠡᠯᠳᠡᠢ ᠡᠷᠦᠭᠡ︾ ᠶᠢᠨ ᠬᠦᠭᠵᠢᠯᠳᠡ ᠶᠢᠨ ᠬᠡᠯᠪᠡᠷᠢ ᠶᠢ | ᠬᠡᠷᠡᠭᠯᠡᠵᠦ᠂ ᠲᠦᠰᠢᠶᠡᠳᠦ ᠸᠠᠩ ᠤᠨ ᠤᠷᠳᠤᠨ ᠤ ᠨᠠᠷᠠ ᠠᠯᠳᠠᠷ ᠢ ᠠᠰᠢᠭᠯᠠᠨ᠂ ᠮᠤᠩᠭᠤᠯ ᠦᠨᠳᠦᠰᠦᠳᠡᠨ ᠤ | ᠤᠯᠠᠮᠵᠢᠯᠠᠯᠳᠦ ᠤᠷᠠᠨ ᠬᠠᠳᠬᠤᠮᠠᠯ ᠢᠶᠠᠷ ᠭᠤᠤᠯ ᠪᠤᠯᠭᠠᠭᠰᠠᠨ ᠸᠠᠩ ᠤᠨ ᠤᠷᠳᠤᠨ ᠤ ᠤᠷᠠᠨ ᠬᠠᠳᠬᠤᠮᠠᠯ ᠤᠨ | ᠶᠠᠳᠠᠭᠤ ᠶᠢ ᠲᠡᠳᠬᠦᠬᠦ ᠠᠵᠦ ᠦᠢᠯᠡᠰ ᠢ ᠬᠦᠭᠵᠢᠬᠦᠯᠦᠭᠰᠡᠨ ᠪᠠᠶᠢᠨ᠎ᠠ᠃ | ᠤᠳᠤᠬᠠᠨ ᠳᠤ᠂ ᠨᠢᠭᠡᠨᠳᠡ 52 ᠶᠡᠭᠡ ᠰᠤᠷᠭᠠᠭᠤᠯᠢ ᠶᠢᠨ ᠤᠶᠤᠳᠠᠨ ᠲᠤᠰ ᠨᠡᠶᠢᠭᠡᠮᠯᠢᠭ ᠲᠤ ᠤᠷᠤᠯᠴᠠᠵᠦ᠂ | ᠶᠡᠭᠡ ᠰᠤᠷᠭᠠᠭᠤᠯᠢ ᠶᠢᠨ ᠤᠶᠤᠳᠠᠨ ᠦᠪᠡᠷ ᠤᠨ ᠪᠦᠳᠦᠭᠡᠭᠳᠡᠬᠦᠨ ᠤ ᠰᠤᠳᠤᠯᠤᠨ ᠦᠢᠯᠡᠳᠪᠦᠷᠢᠯᠡᠬᠦ ᠲᠦᠪ᠂ | ᠪᠤᠷᠤᠯᠠᠭᠤᠯᠭ᠎ᠠ ᠶᠢᠨ ᠲᠦᠪ ᠪᠠᠶᠢᠭᠤᠯᠤᠨ᠂ ᠵᠢᠷᠤᠵᠦ ᠲᠦᠯᠦᠪᠯᠡᠬᠦ᠂ ᠵᠠᠬᠢᠶᠠᠯᠠᠭ᠎ᠠ ᠶᠢᠨ ᠭᠡᠷ᠎ᠠ ᠲᠤᠭᠳᠠᠭᠠᠬᠤ᠂ | ᠰᠦᠯᠵᠢᠶᠡᠨ ᠲᠡᠭᠡᠷ᠎ᠠ ᠪᠤᠷᠤᠯᠠᠭᠤᠯᠬᠤ᠂ ᠵᠠᠬ᠎ᠠ ᠲᠡᠯᠭᠡᠭᠦᠷ ᠤᠨ ᠨᠡᠭᠡᠭᠡᠯᠳᠡ ᠵᠡᠷᠭᠡ ᠨᠢᠭᠡ ᠴᠤᠭᠴᠠᠵᠢᠭᠤᠯᠤᠭᠰᠠᠨ | ᠴᠢᠳᠠᠪᠤᠷᠢᠳᠠᠨ ᠤ ᠡᠩᠨᠡᠭᠡ ᠶᠢ ᠪᠦᠷᠢᠯᠳᠦᠬᠦᠯᠵᠠᠢ᠃ ᠶᠡᠷᠦᠩᠭᠡᠢ ᠲᠠᠯᠠᠪᠠᠢ ᠨᠢ 1200 ᠲᠡᠭᠰᠢ ᠲᠦᠷᠪᠡᠯᠵᠢᠨ ᠮᠧᠳ᠋ᠷ | ᠪᠤᠯᠬᠤ ᠦᠢᠯᠡᠳᠪᠦᠷᠢ ᠶᠢᠨ ᠲᠠᠰᠤᠭ ᠲᠤ᠂ ᠡᠳᠦᠷ ᠪᠦᠷᠢ ᠪᠠᠷᠤᠭ 600 ᠭᠠᠷᠤᠢ ᠶᠠᠳᠠᠭᠤ ᠬᠦᠴᠢᠷᠳᠡᠯᠳᠡᠢ ᠡᠷᠦᠭᠡ | ᠢᠷᠡᠵᠦ ᠤᠷᠠᠨ ᠬᠠᠳᠬᠤᠮᠠᠯ ᠢᠶᠠᠨ ᠤᠷᠠᠯᠠᠬᠤ ᠶᠢᠨ ᠬᠠᠮᠳᠦ ᠪᠦᠬᠦ ᠬᠤᠰᠢᠭᠤᠨ ᠤ 12 ᠰᠤᠮᠦ ᠰᠢᠶᠠᠩ | ᠪᠠᠯᠭᠠᠰᠦᠨ ᠳᠤ ᠦᠢᠯᠡᠴᠢᠯᠡᠭᠡ ᠬᠠᠩᠭᠠᠨ᠂ ᠲᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠭᠡ ᠶᠢᠨ | ᠡᠬᠦᠳᠡᠨ ᠳᠤ ᠬᠦᠷᠴᠦ ᠦᠢᠯᠡᠴᠢᠯᠡᠭᠡ ᠬᠠᠩᠭᠠᠳᠠᠭ᠃ ᠶᠠᠳᠠᠭᠤ ᠬᠦᠴᠢᠷᠳᠡᠯᠳᠡᠢ ᠲᠠᠷᠢᠶᠠᠴᠢᠨ ᠤ ᠤᠶᠤᠭᠰᠠᠨ ᠤᠷᠠᠨ | ᠬᠠᠳᠬᠤᠮᠠᠯ ᠢ ᠪᠤᠷᠤᠯᠠᠭᠤᠯᠤᠭᠰᠠᠨ ᠤ ᠲᠠᠷᠠᠭᠠᠬᠢ ᠪᠡᠯᠡ ᠮᠦᠩᠬᠦ ᠶᠢ ᠰᠢᠭᠤᠳ ᠶᠠᠳᠠᠭᠤ ᠬᠦᠴᠢᠷᠳᠡᠯᠳᠡᠢ ᠡᠷᠦᠭᠡ ᠳᠤ | ᠬᠦᠷᠭᠡᠬᠦ ᠶᠢᠨ ᠬᠠᠮᠳᠦ ᠤᠯᠤᠭᠰᠠᠨ ᠮᠦᠩᠬᠦ ᠪᠠᠨ ᠲᠠᠩᠰᠠᠨ ᠳᠤ ᠲᠡᠮᠳᠡᠭᠯᠡᠨ᠂ ᠰᠠᠷ᠎ᠠ ᠪᠦᠷᠢ ᠨᠢᠭᠡ ᠤᠳᠠᠭ᠎ᠠ | ᠤᠯᠠᠨ ᠳᠤ ᠨᠡᠶᠢᠳᠡᠯᠡᠳᠡᠭ ᠶᠤᠮ᠃ ᠭᠤᠤᠯ ᠤᠨ ᠪᠠᠶᠢᠰᠢᠩ ᠪᠠᠯᠭᠠᠰᠦ ᠶᠢᠨ ᠯᠦᠩ ᠮᠸᠢ᠂ ᠪᠠᠶᠠᠨᠮᠠᠩᠬ᠎ᠠ ᠰᠤᠮᠦ ᠶᠢᠨ | ᠯᠢᠦ ᠢᠤᠢ ᠴᠢᠩ ᠵᠡᠷᠭᠡ ᠶᠠᠳᠠᠭᠤ ᠬᠦᠴᠢᠷᠳᠡᠯᠳᠡᠢ ᠲᠠᠷᠢᠶᠠᠴᠢᠨ ᠨᠢᠳᠤᠨᠤᠨ ᠵᠢᠯ ᠤᠨ ᠤᠷᠤᠯᠭ᠎ᠠ ᠨᠢ ᠲᠦᠮᠡ ᠭᠠᠷᠤᠢ | ᠲᠦᠭᠦᠷᠢᠭ ᠬᠦᠷᠴᠦ᠂ ᠭᠠᠴᠠᠭ᠎ᠠ ᠲᠤᠰᠬᠤᠨ ᠤ ᠪᠠᠨ ᠨᠡᠷᠡᠳᠦ ᠬᠦᠮᠦᠨ ᠪᠤᠯᠤᠭᠰᠠᠨ ᠪᠠᠶᠢᠨ᠎ᠠ᠃ ᠡᠨᠡ ᠵᠢᠯ 53 | ᠨᠠᠰᠤᠳᠠᠢ ᠦ᠋ ᠰᠢᠶᠠᠩ ᠶᠦᠨ ᠪᠤᠯ ᠵᠢᠷᠤᠭᠡᠨ ᠤ ᠡᠪᠡᠳᠴᠢᠨ ᠲᠠᠢ᠂ ᠦᠨᠳᠦᠰᠦᠨ ᠳᠡᠭᠡᠨ ᠬᠦᠳᠡᠯᠮᠦᠷᠢᠯᠡᠬᠦ ᠴᠢᠳᠠᠪᠤᠷᠢ | ᠦᠭᠡᠢ ᠲᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠭᠡ ᠪᠤᠯᠤᠨ᠎ᠠ᠃ ︽ᠪᠢ ᠡᠨᠡᠬᠦ ᠬᠡᠰᠡᠭ ᠤᠷᠠᠨ | ᠬᠠᠳᠬᠤᠮᠠᠯ ᠢ ᠵᠠᠪ ᠴᠢᠯᠦᠭᠡ ᠪᠠᠷ ᠢᠶᠠᠨ ᠬᠢᠵᠦ ᠭᠠᠷᠭᠠᠬᠤ ᠳᠤ 3 ᠡᠳᠦᠷ ᠬᠡᠷᠡᠭᠰᠡᠨ᠎ᠠ᠃ ᠨᠠᠳᠠ ᠳᠤ 100 ᠢᠯᠡᠭᠦᠦ | ᠲᠦᠭᠦᠷᠢᠭ ᠤᠨ ᠬᠦᠯᠦᠰᠦ ᠤᠯᠭᠤᠮᠵᠢ ᠦᠭᠬᠦᠨ᠎ᠠ᠃ ᠰᠠᠷ᠎ᠠ ᠪᠦᠷᠢ ᠠᠳᠠᠭ ᠲᠠᠭᠠᠨ 1000 ᠭᠠᠷᠤᠢ | ᠲᠦᠭᠦᠷᠢᠭ ᠤᠨ ᠤᠷᠤᠯᠭ᠎ᠠ ᠲᠠᠢ ᠰᠢᠦ︾ ᠭᠡᠵᠦ ᠦ᠋ ᠰᠢᠶᠠᠩ ᠶᠦᠨ ᠪᠠᠶᠠᠷᠳᠠᠢ ᠬᠡᠯᠡᠨ᠎ᠠ᠃ ᠲᠦᠰᠢᠶᠡᠳᠦ ᠸᠠᠩ ᠤᠨ | ᠤᠷᠳᠤᠨ ᠤ ᠤᠷᠠᠨ ᠬᠠᠳᠬᠤᠮᠠᠯ ᠤᠨ ᠦᠢᠯᠡᠳᠪᠦᠷᠢ ᠶᠢᠨ ᠲᠠᠰᠤᠭ ᠲᠤ ᠢᠷᠡᠵᠦ ᠠᠵᠢᠯᠯᠠᠭᠰᠠᠨ ᠠᠴᠠ ᠲᠡᠭᠦᠨ ᠤ | ᠠᠮᠢᠳᠤᠷᠠᠯ ᠤᠯᠠᠮ ᠠᠴᠠ ᠤᠯᠠᠮ ᠦᠭᠡᠳᠡᠯᠡᠵᠦ ᠢᠷᠡᠯ᠎ᠠ᠃ ᠤᠢᠢᠯᠠᠭᠠᠯᠳᠠ ᠪᠠᠷ᠂ ᠲᠤᠮᠳᠠᠳᠦ ᠬᠤᠰᠢᠭᠤ ᠪᠦᠬᠦ | ᠬᠤᠰᠢᠭᠤᠨ ᠤ 173 ᠭᠠᠴᠠᠭ᠎ᠠ ᠲᠤᠰᠬᠤᠨ ᠳᠤ ᠸᠠᠩ ᠤᠨ ᠤᠷᠳᠤᠨ ᠤ ᠤᠷᠠᠨ ᠬᠠᠳᠬᠤᠮᠠᠯ ᠤᠨ ᠪᠤᠯᠪᠠᠰᠤᠷᠠᠯ ᠤᠨ | ᠠᠩᠬᠢ ᠡᠷᠬᠢᠯᠡᠵᠦ᠂ ᠤᠳᠤᠬᠠᠨ ᠳᠤ ᠨᠢᠭᠡᠨᠳᠡ 10000 ᠭᠠᠷᠤᠢ ᠬᠦᠮᠦᠨ ᠳᠤ ᠪᠤᠯᠪᠠᠰᠤᠷᠠᠯ ᠬᠦᠷᠳᠡᠭᠡᠨ᠂ ᠪᠦᠬᠦ | ᠬᠤᠰᠢᠭᠤᠨ ᠤ 21000 ᠭᠠᠷᠤᠢ ᠪᠦᠰᠡᠬᠦᠢ ᠤᠷᠠᠨ ᠬᠠᠳᠬᠤᠮᠠᠯ ᠤᠨ ᠠᠵᠦ ᠦᠢᠯᠡᠰ ᠲᠤ ᠤᠷᠤᠯᠴᠠᠨ᠂ 12 | ᠠᠵᠦ ᠦᠢᠯᠡᠰ ᠤᠨ ᠲᠤᠰᠬᠤᠨ ᠢ ᠪᠦᠷᠢᠯᠳᠦᠬᠦᠯᠵᠦ᠂ 2895 ᠶᠠᠳᠠᠭᠤ ᠬᠦᠴᠢᠷᠳᠡᠯᠳᠡᠢ ᠡᠷᠦᠭᠡ ᠶᠢᠨ | ᠪᠦᠰᠡᠬᠦ᠋ᠢᠴᠤᠳ ᠤᠷᠠᠨ ᠬᠠᠳᠬᠤᠮᠠᠯ ᠢᠶᠠᠷ ᠲᠠᠮᠵᠢᠨ᠂ ᠬᠦᠮᠦᠨ ᠪᠦᠷᠢ ᠨᠢᠭᠡ ᠵᠢᠯ ᠳᠤ 2000 ᠲᠦᠭᠦᠷᠢᠭ ᠤᠨ | ᠤᠷᠤᠯᠭ᠎ᠠ ᠲᠠᠢ ᠪᠤᠯᠵᠠᠢ᠃ | ᠵᠢᠷᠤᠭ ᠪᠤᠯ᠂ ᠤᠷᠠᠨ ᠬᠠᠳᠬᠤᠮᠠᠯ ᠤᠨ ᠦᠢᠯᠡᠳᠪᠦᠷᠢ ᠶᠢᠨ ᠲᠠᠰᠤᠭ ᠲᠤ ᠬᠠᠮᠳᠦ ᠪᠠᠷ ᠤᠷᠠᠨ | ᠬᠠᠳᠬᠤᠮᠠᠯ ᠢᠶᠠᠨ ᠤᠷᠠᠯᠠᠨ᠎ᠠ᠃ |