ᠬᠠᠭᠤᠷᠮᠠᠭ ᠲᠠᠷᠢᠶᠠᠨ ᠦᠷ᠎ᠠ ᠬᠤᠳᠠᠯᠳᠣᠨ ᠠᠪᠣᠭᠠᠳ ᠬᠤᠬᠢᠷᠠᠯ ᠳᠤ ᠣᠴᠠᠷᠠᠬᠰᠠᠨ ᠪᠣᠯ ᠶᠠᠭᠠᠬᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2018-06-26
ᠬᠡᠷᠡᠭ ᠤᠨ ᠵᠢᠱᠢᠶ᠎ᠠ᠄    ᠮᠸᠡᠭ ᠤᠪᠤᠭᠲᠤ ᠪᠤᠯ ᠨᠢᠭᠡᠨ ᠲᠤᠰᠬᠤᠨ ᠤ ᠠᠵᠢᠯᠴᠢ ᠲᠠᠷᠢᠶᠠᠴᠢᠨ᠂ ᠵᠢᠯ ᠪᠦᠷᠢ ᠶᠢᠨ ᠬᠠᠮᠤᠭ ᠤᠨ ᠶᠡᠭᠡ ᠬᠦᠰᠡᠯ ᠭᠡᠪᠡᠯ ᠡᠯᠪᠡᠭ ᠬᠤᠷᠢᠶᠠᠯᠲᠠ ᠤᠯᠬᠤ ᠶᠠᠪᠤᠳᠠᠯ ᠪᠤᠯᠤᠨ᠎ᠠ᠃ ᠲᠡᠭᠡᠷ᠎ᠠ ᠵᠢᠯ ᠮᠸᠡᠭ ᠤᠪᠤᠭᠲᠤ ᠤᠤᠯ ᠤᠨ ᠬᠢ ᠲᠠᠢ ᠪᠠᠨ ᠠᠳᠠᠯᠢ ᠪᠠᠷ ᠪᠠᠯᠭᠠᠰᠤᠨ ᠤ ᠲᠠᠷᠢᠶᠠᠨ ᠦᠷ᠎ᠠ ᠬᠤᠳᠠᠯᠳᠤᠳᠠᠭ ᠭᠠᠵᠠᠷ ᠠᠴᠠ ᠦᠷ᠎ᠠ ᠬᠤᠳᠠᠯᠳᠤᠨ ᠠᠪᠴᠤ ᠲᠠᠷᠢᠯ᠎ᠠ᠂ ᠭᠡᠪᠡᠴᠤ ᠨᠠᠮᠣᠷ ᠪᠤᠯᠬᠤ ᠳᠤ ᠮᠦᠬᠦᠯᠢᠭ ᠠᠮᠤ ᠴᠤ ᠬᠤᠷᠢᠶᠠᠬᠰᠠᠨ ᠦᠭᠡᠢ᠃ ᠮᠸᠡᠭ ᠤᠪᠤᠭᠲᠤ ᠬᠤᠯᠪᠣᠬᠳᠠᠯ ᠪᠦᠬᠦᠢ ᠰᠠᠯᠠᠭ᠎ᠠ ᠮᠦᠴᠢᠷ ᠢ ᠡᠷᠢᠵᠣ ᠰᠢᠯᠭᠠᠨ ᠪᠠᠶᠢᠴᠠᠭᠠᠯᠭᠠᠭᠠᠳ ᠦᠷ᠎ᠠ ᠶᠢᠨ ᠶᠠᠰᠤ ᠴᠢᠨᠠᠷ ᠲᠤᠨᠢ ᠠᠰᠠᠭᠤᠳᠠᠯ ᠲᠠᠢ ᠪᠠᠶᠢᠬᠤ ᠶᠢ ᠤᠯᠵᠦ ᠮᠡᠳᠡᠪᠡ᠃ ᠲᠡᠭᠡᠭᠡᠳ ᠦᠷ᠎ᠠ ᠬᠤᠳᠠᠯᠳᠤᠬᠤ ᠦᠷᠲᠡᠭᠡ ᠶᠢ ᠰᠢᠬᠦᠬᠦ ᠲᠢᠩᠬᠢᠮ ᠳᠤ ᠵᠠᠭᠠᠯᠳᠤᠵᠦ᠂ ᠲᠠᠷᠢᠶᠠᠨ ᠦᠷ᠎ᠠ ᠬᠤᠳᠠᠯᠳᠤᠬᠤ ᠦᠷᠲᠡᠭᠡ ᠶᠢᠨ ᠤᠷᠤᠯᠠᠨ ᠪᠤᠷᠤᠯᠠᠭᠤᠯᠬᠤ ᠴᠢᠬ ᠢᠶᠠᠷ 3 ᠲᠦᠮᠡᠨ ᠲᠦᠭᠦᠷᠢᠭ ᠤᠨ ᠬᠤᠬᠢᠷᠠᠯ ᠲᠦᠯᠦᠭᠦᠯᠬᠦ ᠪᠠᠷ ᠱᠠᠭᠠᠷᠳᠠᠪᠠ᠃    ᠠᠷᠠᠳ ᠤᠨ ᠰᠢᠭᠦᠬᠦ ᠬᠤᠷᠢᠶ᠎ᠠ ᠮᠸᠡᠭ ᠤᠪᠤᠭᠲᠤ ᠶᠢᠨ ᠵᠠᠷᠭᠤ ᠶᠢᠨ ᠭᠤᠶᠤᠴᠢᠯᠡᠯ ᠢ ᠳᠡᠮᠵᠢᠪᠡ᠃ ᠬᠠᠤᠯᠢᠴᠢ ᠶᠢᠨ ᠵᠠᠳᠠᠯᠤᠯᠲᠠ᠄    ᠮᠠᠨ ᠤ ᠤᠯᠤᠰ ᠤᠨ ︽ᠦᠷ᠎ᠠ ᠶᠢᠨ ᠬᠠᠤᠯᠢ︾ ᠳᠤ ︽ᠦᠷ᠎ᠠ ᠬᠡᠷᠡᠭᠯᠡᠭᠴᠢ ᠦᠷ᠎ᠠ ᠶᠢᠨ ᠶᠠᠰᠤ ᠴᠢᠨᠠᠷ ᠤᠨ ᠠᠰᠠᠭᠤᠳᠠᠯ ᠠᠴᠠ ᠪᠤᠯᠵᠦ ᠬᠤᠬᠢᠷᠠᠯ ᠠᠮᠰᠠᠭᠰᠠᠨ ᠪᠤᠯ ᠦᠷ᠎ᠠ ᠬᠤᠳᠠᠯᠳᠤᠭᠰᠠᠳ ᠲᠦᠯᠦᠬᠦ ᠬᠡᠷᠡᠭᠲᠠᠢ᠃ ᠲᠦᠯᠦᠪᠦᠷᠢ ᠶᠢᠨ ᠮᠦᠡᠭᠭᠦ ᠳᠤ ᠦᠷ᠎ᠠ ᠬᠤᠳᠠᠯᠳᠤᠨ ᠠᠪᠤᠭᠰᠠᠨ ᠦᠨ᠎ᠠ᠂ ᠬᠠᠮᠢᠶ᠎ᠠ ᠪᠦᠬᠦᠢ ᠵᠠᠷᠤᠳᠠᠯ ᠪᠠ ᠤᠯᠬᠤ ᠶᠤᠰᠤᠲᠠᠢ ᠠᠰᠢᠭ ᠤᠯᠵᠡᠪᠦᠷᠢ ᠶᠢᠨ ᠬᠤᠬᠢᠷᠠᠯ ᠪᠠᠭᠲᠠᠨ᠎ᠠ᠃ ᠡᠵᠡᠩᠨᠡᠭᠴᠢ ᠲᠦᠯᠦᠭᠰᠡᠨ ᠤ ᠬᠤᠶᠢᠨ᠎ᠠ ᠦᠷ᠎ᠠ ᠦᠢᠯᠡᠳᠪᠦᠷᠢᠯᠡᠭᠴᠢ ᠪᠤᠶᠤ ᠪᠤᠰᠤᠳ ᠡᠵᠡᠩᠨᠡᠭᠴᠢ ᠶᠢᠨ ᠬᠠᠷᠢᠭᠤᠴᠠᠯᠭ᠎ᠠ ᠪᠠᠶᠢᠪᠠᠯ ᠡᠵᠡᠩᠨᠡᠭᠴᠢ ᠨᠢ ᠦᠢᠯᠡᠳᠪᠦᠷᠢᠯᠡᠭᠴᠢ ᠪᠤᠶᠤ ᠪᠤᠰᠤᠳ ᠡᠵᠡᠩᠨᠡᠭᠴᠢ ᠪᠠᠷ ᠨᠡᠬᠡᠨ ᠲᠦᠯᠦᠭᠦᠯᠬᠦ ᠡᠷᠬᠡ ᠲᠠᠢ︾ ᠭᠡᠵᠦ ᠲᠤᠭᠲᠠᠭᠠᠵᠠᠢ᠃ ᠲᠤᠰ ᠬᠡᠷᠡᠭ ᠲᠤ᠂ ᠮᠸᠡᠭ ᠤᠪᠤᠭᠲᠤ ᠤᠷᠤᠯᠠᠨ ᠪᠤᠷᠤᠯᠠᠭᠤᠯᠤᠭᠴᠢ ᠶᠢᠨ ᠪᠤᠷᠤᠯᠠᠭᠤᠯᠤᠭᠰᠠᠨ ᠦᠷ᠎ᠠ ᠨᠢ ᠶᠠᠰᠤ ᠴᠢᠨᠠᠷ ᠤᠨ ᠠᠰᠠᠭᠤᠳᠠᠯ ᠲᠠᠢ ᠪᠠᠶᠢᠬᠤ ᠶᠢ ᠨᠢᠭᠡᠨᠲᠡ ᠭᠡᠷᠡᠴᠢ ᠪᠠᠷᠢᠮᠳᠠ ᠪᠠᠷ ᠭᠡᠷᠡᠴᠢᠯᠡᠭᠰᠡᠨ ᠪᠦᠭᠡᠳ ᠰᠢᠬᠦᠬᠦ ᠬᠤᠷᠢᠶᠠᠨ ᠤ ᠪᠠᠶᠢᠴᠠᠭᠠᠨ ᠭᠡᠷᠡᠴᠢᠯᠡᠬᠦ ᠪᠠᠷ ᠳᠠᠮᠵᠢᠨ ᠳᠡᠭᠡᠷᠡᠬᠢ ᠪᠤᠳᠠᠳᠤ ᠠᠰᠠᠭᠤᠳᠠᠯ ᠤᠷᠤᠰᠢᠵᠦ ᠪᠠᠶᠢᠬᠤ ᠶᠢ ᠮᠡᠳᠡᠪᠡ ᠂ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠲᠤᠭᠲᠠᠵᠦ ᠳᠡᠶᠢᠯᠦᠭᠰᠡᠨ ᠦᠬᠡᠢ ᠤᠴᠢᠷ ᠠᠴᠠ ᠰᠢᠬᠦᠬᠦ ᠬᠤᠷᠢᠶᠠᠡ ᠠᠴᠠ ᠮᠸᠡᠭ ᠤᠪᠤᠭᠲᠤ ᠶᠢᠨ ᠵᠠᠷᠭᠤ ᠶᠢᠨ ᠭᠤᠶᠤᠴᠢᠯᠡᠯ ᠢ ᠳᠡᠮᠵᠢᠪᠡ᠃ ᠬᠠᠣᠯᠢᠴᠢ ᠶᠢᠨ ᠰᠠᠨᠠᠭᠤᠯᠤᠮᠵᠢ᠄    ᠲᠠᠷᠢᠶᠠᠨ ᠦᠷ᠎ᠠ ᠬᠤᠳᠠᠯᠳᠤᠨ ᠠᠪᠬᠤ ᠳᠤ ᠠᠩᠬᠠᠷᠬᠤ ᠵᠦᠢᠯᠡᠰ᠄    ᠨᠢᠬᠡ᠂ ᠲᠤᠭᠲᠠᠭᠠᠯ ᠳᠤ ᠨᠡᠶᠢᠴᠡᠭᠰᠡᠨ ᠦᠷ᠎ᠠ ᠡᠵᠡᠩᠨᠡᠬᠦ ᠨᠢᠭᠡᠴᠡ ᠪᠤᠶᠤ ᠡᠭᠦᠳᠡᠨ ᠳᠡᠯᠭᠡᠭᠦᠷ ᠠᠴᠠ ᠬᠤᠳᠠᠯᠳᠤᠨ ᠠᠪᠬᠤ ᠬᠡᠷᠡᠭᠲᠠᠢ᠃ ᠦᠷ᠎ᠠ ᠬᠤᠳᠠᠯᠳᠤᠬᠤ ᠨᠢᠭᠡᠴᠡ ᠨᠢ ᠡᠵᠡᠩᠨᠡᠯᠲᠡ ᠶᠢᠨ ᠦᠨᠡᠮᠯᠡᠯ᠂ ᠨᠠᠶᠢᠳᠠᠨ ᠪᠤᠷᠤᠯᠠᠭᠤᠯᠬᠤ ᠦᠨᠡᠮᠯᠡᠯ ᠲᠠᠢ ᠪᠠᠶᠢᠬᠤ ᠬᠡᠷᠡᠭᠲᠠᠢ᠃    ᠬᠤᠶᠠᠷ᠂ ᠦᠷ᠎ᠠ ᠶᠢᠨ ᠤᠭᠤᠳᠠ ᠨᠢ ᠵᠢᠷᠤᠮᠵᠢᠯ ᠳᠤ ᠨᠡᠶᠢᠴᠡᠭᠰᠡᠨ ᠡᠰᠡᠬᠦ ᠶᠢ ᠠᠩᠬᠠᠷᠬᠤ ᠬᠡᠷᠡᠭᠲᠠᠢ᠃ ᠤᠷᠤᠯᠠᠨ ᠪᠤᠷᠤᠯᠠᠭᠤᠯᠬᠤ ᠴᠢᠬ ᠨᠢ ᠳᠤᠷ᠎ᠠ ᠪᠠᠷ ᠢᠶᠠᠨ ᠤᠭᠤᠲᠠ ᠶᠢ ᠨᠡᠬᠡᠬᠡᠵᠦ ᠪᠤᠯᠬᠤ ᠦᠭᠡᠢ᠂ ᠬᠠᠭᠤᠷᠮᠠᠭ ᠦᠷ᠎ᠠ ᠬᠤᠯᠢᠨ ᠤᠷᠤᠭᠤᠯᠬᠤ ᠠᠴᠠ ᠰᠡᠷᠭᠡᠶᠢᠯᠡᠬᠦ ᠬᠡᠷᠡᠭᠲᠠᠢ᠃    ᠭᠤᠷᠪᠠ᠂ ᠦᠷ᠎ᠠ ᠶᠢᠨ ᠤᠭᠤᠲᠠᠠ ᠳᠡᠭᠡᠷ᠎ᠠ ᠨᠠᠭᠠᠭᠰᠠᠨ ᠱᠤᠰᠢᠭ᠎ᠠ ᠨᠢ ᠲᠤᠭᠲᠠᠭᠠᠯ ᠳᠤ ᠨᠡᠶᠢᠴᠡᠬᠦ ᠡᠰᠡᠬᠦ ᠶᠢ ᠨᠠᠷᠢᠨ ᠪᠠᠶᠢᠴᠠᠭᠠᠬᠤ ᠬᠡᠷᠡᠭᠲᠠᠢ᠃ ︽ᠦᠷ᠎ᠠ ᠶᠢᠨ ᠬᠠᠤᠯᠢ︾ ᠳᠤ ᠲᠤᠭᠲᠠᠭᠠᠭᠰᠠᠨ ᠪᠤᠷᠤᠯᠠᠭᠤᠯᠬᠤ ᠦᠷ᠎ᠠ ᠨᠢ ᠡᠷᠬᠡᠪᠰᠢ ᠤᠭᠤᠳᠠᠯᠠᠭᠰᠠᠨ ᠪᠠᠶᠢᠬᠤ ᠬᠡᠷᠡᠭᠲᠠᠢ ᠪᠦᠭᠡᠳ ᠱᠤᠰᠢᠭ᠎ᠠ ᠨᠠᠭᠠᠭᠰᠠᠨ ᠪᠠᠶᠢᠬᠤ ᠬᠡᠷᠡᠭᠲᠠᠢ᠃ ᠦᠷ᠎ᠠ ᠬᠤᠳᠠᠯᠳᠤᠨ ᠠᠪᠬᠤ ᠳᠤ ᠡᠩ ᠲᠡᠷᠢᠭᠦᠨ ᠳᠤ ᠤᠭᠤᠳᠠ ᠶᠢᠨ ᠭᠠᠳᠠᠨ᠎ᠠ ᠨᠢ ︽ᠲᠠᠷᠢᠮᠠᠯ ᠤᠨ ᠲᠦᠷᠦᠯ ᠵᠦᠢᠯ᠂ ᠲᠠᠷᠢᠮᠠᠯ ᠤᠨ ᠨᠡᠷᠡᠶᠢᠳᠦᠯ᠂ ᠦᠢᠯᠡᠳᠪᠦᠷᠢᠯᠡᠭᠴᠢ᠂ ᠶᠠᠰᠤ ᠴᠢᠨᠠᠷ ᠤᠨ ᠵᠢᠭᠠᠯᠲᠠ ᠲᠤᠭ᠎ᠠ᠂ ᠴᠡᠪᠡᠷ ᠠᠭᠤᠯᠤᠭᠳᠠᠴᠠ᠂ ᠦᠢᠯᠡᠳᠪᠦᠷᠢᠯᠡᠭᠰᠡᠨ ᠤᠨ ᠰᠠᠷ᠎ᠠ᠂ ᠰᠡᠷᠡᠮᠵᠢ ᠶᠢᠨ ᠲᠡᠮᠳᠡᠭ ᠪᠠ ︿ᠭᠧᠨ ᠰᠢᠯᠵᠢᠭᠦᠯᠦᠭᠰᠡᠨ ᠪᠠᠷᠢᠮᠵᠢᠶ᠎ᠠ﹀ ᠵᠡᠷᠭᠡ ᠠᠭᠤᠯᠭ᠎ᠠ ᠶᠢ ᠠᠩᠬᠠᠷᠬᠤ ᠬᠡᠷᠡᠭᠲᠠᠢ᠂ ᠬᠡᠷᠪᠡ ᠳᠡᠭᠡᠷᠡᠬᠢ ᠲᠡᠮᠳᠡᠭ ᠦᠭᠡᠢ ᠪᠤᠯ ᠬᠠᠭᠤᠷᠮᠠᠭ ᠦᠷ᠎ᠠ ᠪᠠᠷ ᠨᠤᠲᠠᠯᠠᠵᠦ ᠪᠤᠯᠤᠨ᠎ᠠ᠃ ᠲᠠᠷᠠᠭ᠎ᠠ ᠳᠤᠨᠢ᠂ ᠦᠷ᠎ᠠ ᠶᠢᠨ ᠤᠭᠤᠳᠠ ᠶᠢᠨ ᠲᠤᠲᠤᠷ᠎ᠠ ᠲᠡᠮᠳᠡᠭ ᠫᠠᠶᠢᠰᠠ ᠪᠠᠶᠢᠬᠤ ᠡᠰᠡᠬᠦ ᠶᠢ ᠦᠵᠡᠨ᠎ᠠ ᠂ ᠲᠡᠮᠳᠡᠭ ᠫᠠᠶᠢᠰᠠ ᠶᠢᠨ ᠳᠡᠭᠡᠷ᠎ᠠ ᠦᠷ᠎ᠠ ᠶᠢᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ᠂ ᠬᠢᠵᠢᠭ ᠪᠠᠶᠢᠴᠠᠭᠠᠭᠰᠠᠨ ᠦᠨᠡᠮᠯᠡᠯ ᠤᠨ ᠨᠤᠮᠧᠷ᠂ ᠦᠢᠯᠡᠳᠪᠦᠷᠢᠯᠡᠭᠴᠢ ᠶᠢᠨ ᠬᠠᠶ᠋ᠢᠭ᠂ ᠬᠠᠷᠢᠯᠴᠠᠬᠤ ᠠᠷᠭ᠎ᠠ ᠬᠢᠭᠡᠳ ᠬᠡᠷᠡᠭᠯᠠᠬᠦ ᠠᠷᠭ᠎ᠠ ᠵᠡᠷᠭᠡ ᠶᠢ ᠪᠢᠴᠢᠭᠰᠡᠨ ᠪᠠᠶᠢᠬᠤ ᠬᠡᠷᠡᠭᠲᠠᠢ᠂ ᠬᠡᠷᠪᠡ ᠦᠭᠡᠢ ᠪᠤᠶᠤ ᠭᠦᠢᠴᠡᠳ ᠦᠭᠡᠢ᠂ ᠡᠰᠡᠬᠦᠯ᠎ᠠ ᠪᠤᠳᠠᠳᠤ ᠪᠤᠳᠠᠰ ᠲᠠᠢ ᠪᠠᠨ ᠨᠡᠶᠢᠴᠡᠬᠦ ᠦᠭᠡᠢ ᠪᠤᠯ ᠦᠷ᠎ᠠ ᠶᠢᠨ ᠢᠷᠡᠯᠲᠡ ᠲᠤᠳᠤᠷᠬᠠᠢ ᠦᠭᠡᠢ ᠪᠤᠶᠤ ᠬᠠᠭᠤᠷᠮᠠᠭ ᠦᠷ᠎ᠠ ᠪᠤᠯᠤᠨ᠎ᠠ᠃    ᠲᠦᠷᠪᠡ᠂ ᠲᠦᠷᠦᠯ ᠵᠦᠢᠯ ᠢ ᠤᠨᠤᠪᠴᠢᠲᠠᠢ ᠰᠤᠩᠭᠤᠬᠤ ᠬᠡᠷᠡᠭᠲᠠᠢ᠃    ᠲᠠᠪᠤ᠂ ᠦᠷ᠎ᠠ ᠶᠢᠨ ᠦᠡᠭᠭᠡ ᠶᠢ ᠦᠵᠡᠵᠦ᠂ ᠦᠨᠦᠷ ᠢ ᠨᠢ ᠦᠨᠦᠷᠳᠦᠵᠤ ᠦᠵᠡᠬᠦ ᠬᠡᠷᠡᠭᠲᠠᠢ᠃    ᠵᠢᠷᠭᠤᠭ᠎ᠠ᠂ ᠦᠷ᠎ᠠ ᠶᠢᠨ ᠦᠢᠯᠡᠳᠪᠦᠷᠢᠯᠡᠭᠰᠡᠨ ᠴᠠᠭ ᠬᠤᠭᠤᠴᠠᠭ᠎ᠠ ᠶᠢ ᠠᠩᠬᠠᠷᠴᠤ᠂ ᠤᠷᠭᠤᠯᠳᠠ ᠶᠢᠨ ᠨᠢᠬᠡ ᠦᠶᠡᠯᠡᠯ ᠬᠤᠭᠤᠴᠠᠭ᠎ᠠ ᠠᠴᠠ ᠬᠡᠲᠦᠷᠡᠭᠰᠡᠨ ᠦᠷ᠎ᠠ ᠶᠢ ᠬᠤᠳᠠᠯᠳᠤᠨ ᠠᠪᠬᠤ ᠠᠴᠠ ᠬᠢᠴᠢᠶᠡᠬᠦ ᠬᠡᠷᠡᠭᠲᠠᠢ᠃ ᠲᠣᠯᠤᠭ᠎ᠠ᠂ ᠬᠡᠷᠡᠭᠯᠡᠬᠦ ᠠᠷᠭ᠎ᠠ ᠪᠤᠯᠤᠨ ᠠᠩᠬᠠᠷᠬᠤ ᠵᠦᠢᠯ ᠢ ᠨᠢ ᠨᠠᠷᠢᠨ ᠦᠵᠡᠬᠦ ᠬᠡᠷᠡᠭᠲᠠᠢ᠃ᠨᠠᠢᠮᠠ᠂ ᠲᠤᠭᠲᠠᠭᠠᠯ ᠳᠤ ᠨᠡᠶᠢᠴᠡᠭᠰᠡᠨ ᠪᠤᠷᠤᠯᠠᠭᠤᠯᠬᠤ ᠴᠢᠭ ᠠᠴᠠ ᠪᠠᠷᠢᠮᠳᠠ ᠠᠪᠬᠤ ᠶᠢᠨ ᠬᠠᠮᠲᠤ ᠪᠠᠷᠢᠮᠳᠠ ᠳᠡᠭᠡᠷ᠎ᠠ ᠲᠦᠷᠦᠯ ᠵᠦᠢᠯ᠂ ᠨᠡᠷᠡᠶᠢᠳᠦᠯ᠂ ᠲᠤᠭ᠎ᠠ ᠬᠡᠮᠵᠢᠶ᠎ᠠ᠂ ᠦᠨ᠎ᠠ᠂ ᠬᠠᠶ᠋ᠢᠭ ᠬᠢᠭᠡᠳ ᠴᠠᠭ ᠬᠤᠭᠤᠴᠠᠭ᠎ᠠ ᠶᠢ ᠪᠢᠴᠢᠭᠰᠡᠨ ᠪᠠᠶᠢᠵᠦ᠂ ᠠᠩᠬᠠᠷᠤᠨ ᠬᠠᠳᠠᠭᠠᠯᠠᠬᠤ ᠬᠡᠷᠡᠭᠲᠠᠢ᠃    ︽ᠦᠷ᠎ᠠ ᠶᠢᠨ ᠬᠠᠤᠯᠢ︾ ᠳᠤ᠂ ᠳᠤᠤᠷᠠᠬᠢ ᠬᠤᠶᠠᠷ ᠵᠦᠢᠯ ᠤᠨ ᠦᠷ᠎ᠠ ᠶᠢ ᠬᠠᠭᠤᠷᠮᠠᠭ ᠦᠷ᠎ᠠ ᠪᠠᠷ ᠲᠤᠭᠲᠠᠭᠠᠪᠠ᠄    ᠨᠢᠬᠡ᠂ ᠪᠤᠰᠤᠳ ᠵᠦᠢᠯ ᠢᠶᠠᠷ ᠦᠷ᠎ᠠ ᠶᠢ ᠤᠷᠤᠯᠠᠭᠤᠯᠬᠤ ᠪᠤᠶᠤ ᠨᠢᠭᠡ ᠵᠦᠢᠯ ᠤᠨ ᠦᠷ᠎ᠠ ᠪᠠᠷ ᠨᠦᠭᠦᠭᠡ ᠵᠦᠢᠯ ᠤᠨ ᠦᠷ᠎ᠠ ᠶᠢ ᠤᠷᠤᠯᠠᠭᠤᠯᠤᠭᠰᠠᠨ︔    ᠬᠤᠶᠠᠷ᠂ ᠦᠷ᠎ᠠ ᠶᠢᠨ ᠲᠦᠷᠦᠯ ᠵᠦᠢᠯ᠂ ᠭᠠᠷᠤᠯᠲᠠ ᠶᠢᠨ ᠤᠷᠤᠨ ᠨᠢ ᠱᠤᠰᠢᠭ᠎ᠠ ᠳᠤ ᠬᠠᠳᠠᠭᠰᠠᠨ ᠠᠭᠤᠯᠭ᠎ᠠ ᠲᠠᠢ ᠪᠠᠨ ᠨᠡᠶᠢᠴᠡᠬᠦ ᠦᠭᠡᠢ᠃    ᠬᠡᠷᠪᠡ ᠦᠷ᠎ᠠ ᠶᠢᠨ ᠶᠠᠰᠤ ᠴᠢᠨᠠᠷ ᠲᠤ ᠠᠰᠠᠭᠤᠳᠠᠯ ᠲᠠᠢ ᠪᠤᠯ᠂ ᠦᠷ᠎ᠠ ᠶᠢᠨ ᠶᠠᠰᠤ ᠴᠢᠨᠠᠷ ᠢ ᠬᠢᠨᠡᠨ ᠪᠠᠶᠢᠴᠠᠭᠠᠵᠤ ᠰᠢᠯᠭᠠᠬᠤ ᠰᠠᠯᠠᠭ᠎ᠠ ᠮᠦᠴᠢᠷ ᠢᠶᠠᠷ ᠰᠢᠯᠭᠠᠨ ᠪᠠᠶᠢᠴᠠᠭᠠᠯᠭᠠᠵᠦ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠦᠨᠳᠦᠰᠦᠯᠡᠵᠦ᠂ ᠦᠷ᠎ᠠ ᠡᠵᠡᠩᠨᠡᠭᠰᠡᠨ ᠨᠢᠭᠡᠴᠡ ᠶᠢ ᠲᠦᠯᠦᠭᠦᠯᠬᠦ ᠪᠠᠷ ᠱᠠᠭᠠᠷᠳᠠᠬᠤ ᠪᠤᠶᠤ ᠦᠷ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠵᠠᠭᠠᠯᠳᠤᠵᠦ ᠪᠤᠯᠤᠨ᠎ᠠ᠃    ᠦᠷ᠎ᠠ ᠶᠢᠨ ᠶᠠᠰᠤ ᠴᠢᠨᠠᠷ ᠦᠨᠡᠨᠬᠦ ᠠᠰᠠᠭᠤᠳᠠᠯ ᠲᠠᠢ ᠪᠠᠶᠢᠬᠤ ᠶᠢ ᠤᠯᠵᠦ ᠮᠡᠳᠡᠪᠡᠯ᠂ ᠲᠡᠷᠡ ᠳᠠᠷᠤᠢ ᠳᠤᠨᠢ ᠠᠷᠭ᠎ᠠ ᠬᠡᠮᠵᠢᠶ᠎ᠠ ᠠᠪᠴᠤ᠂ ᠤᠷᠢᠳᠠᠪᠠᠷ ᠦᠯᠡᠳᠡᠭᠰᠡᠨ ᠦᠷ᠎ᠠ ᠶᠢ ᠪᠢᠲᠡᠭᠦᠮᠵᠢᠯᠡᠨ ᠬᠠᠳᠠᠭᠠᠯᠠᠵᠦ᠂ ᠬᠢᠨᠠᠨ ᠰᠢᠯᠭᠠᠬᠤ ᠳᠤ ᠬᠡᠷᠡᠭᠯᠡᠨ᠎ᠠ᠃ ᠬᠡᠷᠪᠡ ᠲᠤᠬᠠᠢ ᠶᠢᠨ ᠭᠠᠵᠠᠷ ᠲᠤᠨᠢ ᠰᠡᠭᠦᠳᠡᠷᠯᠡᠵᠦ ᠪᠤᠯᠪᠠᠯ ᠲᠡᠷᠡ ᠳᠠᠷᠤᠢ ᠳᠤᠨᠢ ᠬᠤᠬᠢᠷᠠᠯ ᠤᠨ ᠪᠠᠶᠢᠳᠠᠯ ᠢ ᠨᠢ ᠰᠡᠭᠦᠳᠡᠷᠯᠡᠵᠦ ᠲᠠᠯᠪᠢᠪᠠᠯ ᠬᠠᠮᠤᠭ ᠰᠠᠶᠢᠨ᠃ ᠭᠡᠷᠡᠴᠢ ᠪᠠᠨ ᠬᠠᠳᠠᠭᠠᠯᠠᠭᠰᠠᠨ ᠬᠤᠶᠢᠨ᠎ᠠ ᠬᠤᠶᠠᠷ ᠲᠠᠯ᠎ᠠ ᠪᠠᠷ ᠢᠶᠠᠨ ᠶᠠᠷᠢᠯᠴᠠᠨ ᠰᠢᠢᠳᠪᠦᠷᠢᠯᠡᠨ᠎ᠠ᠃ ᠶᠠᠷᠢᠯᠴᠠᠭᠠᠳ ᠪᠤᠯᠬᠤ ᠦᠭᠡᠢ ᠪᠤᠯ ᠬᠤᠶᠠᠷ ᠲᠠᠯ᠎ᠠ ᠪᠠᠷ ᠢᠶᠠᠨ᠂ ᠡᠰᠡᠬᠦᠯ᠎ᠠ ᠨᠢᠭᠡ ᠲᠠᠯ᠎ᠠ ᠨᠢ ᠲᠤᠬᠠᠢ ᠶᠢᠨ ᠭᠠᠵᠠᠷ ᠤᠨ ᠲᠠᠷᠢᠶᠠᠯᠠᠩ ᠤᠨ ᠲᠤᠪᠴᠢᠶ᠎ᠠ ᠪᠠ ᠦᠷ᠎ᠠ ᠶᠢᠨ ᠬᠠᠮᠢᠶᠠᠷᠤᠯᠲᠠ ᠶᠢᠨ ᠦᠷᠲᠡᠭᠡᠨ ᠳᠤ ᠬᠦᠷᠴᠦ ᠭᠤᠶᠤᠴᠢᠯᠠᠯ ᠭᠠᠷᠭᠠᠨ ᠬᠠᠪᠰᠤᠷᠤᠭᠤᠯᠤᠨ ᠰᠢᠢᠳᠪᠦᠷᠢᠯᠡᠭᠦᠯᠦᠨ᠎ᠠ᠃ ᠬᠤᠬᠢᠷᠠᠯ ᠠᠮᠰᠠᠭᠰᠠᠨ ᠲᠠᠯ᠎ᠠ ᠨᠢ ᠪᠠᠰᠠ ᠰᠢᠭᠤᠳ ᠠᠷᠠᠳ ᠤᠨ ᠰᠢᠭᠦᠬᠦ ᠬᠤᠷᠢᠶᠠᠨ ᠳᠤ ᠬᠦᠷᠴᠦ ᠢᠷᠭᠡᠨ ᠤ ᠬᠡᠷᠡᠭ ᠤᠨ ᠵᠠᠭᠠᠯᠳᠤᠯᠭ᠎ᠠ ᠬᠢᠵᠦ ᠪᠤᠯᠤᠨ᠎ᠠ᠃ ︵ᠡᠭᠡ ᠪᠢᠴᠢᠭ ᠢ ︽ᠮᠠᠯᠴᠢᠨ ᠲᠠᠷᠢᠶᠠᠴᠢᠠ ᠤ ᠬᠠᠤᠯᠢ ᠴᠠᠭᠠᠵᠠ ᠶᠢᠨ ᠮᠡᠳᠡᠯᠭᠡ ᠶᠢᠨ ᠤᠡᠭᠰᠢᠬᠤ ᠪᠢᠴᠢᠭ︾ ᠠᠴᠠ ᠡᠮᠬᠢᠳᠭᠡᠨ ᠨᠠᠶᠢᠷᠠᠭᠤᠯᠵᠦ ᠠᠪᠤᠪᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号