︽ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ︾ ᠳᠤ ᠠᠵᠤ ᠠᠬᠤᠢ ᠶᠢᠨ ᠪᠦᠲᠦᠴᠡ ᠪᠠ ᠠᠵᠤ ᠠᠬᠤᠢ ᠶᠢᠨ ᠪᠠᠶᠢᠭᠤᠯᠤᠮᠵᠢ ᠶᠢᠨ ᠲᠠᠯ ᠎ᠠ ᠪᠠᠷ ᠶᠠᠭᠤ ᠭᠡᠵᠤ ᠲᠤᠭᠲᠠᠭᠠᠭᠰᠠᠨ ᠪᠤᠢ︖
ᠨᠡᠶᠢᠲᠡᠯᠡᠭᠰᠡᠨ ᠴᠠᠭ᠄
2018-06-26
    ︽ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ︾ ᠶᠢᠨ ᠬᠤᠷᠢᠨ ᠵᠢᠷᠭᠤᠳᠤᠭᠠᠷ ᠵᠦᠢᠯ ᠳᠤ᠂ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠨᠢ ᠨᠡᠶᠢᠭᠡᠮ ᠵᠢᠷᠤᠮ ᠤᠨ ᠵᠠᠷᠴᠢᠮ ᠢ ᠪᠠᠷᠢᠮᠲᠠᠯᠠᠬᠤ ᠤᠷᠢᠳᠠᠯ ᠳᠤᠤᠷ᠎ᠠ᠂ ᠬᠠᠤᠯᠢ ᠴᠠᠭᠠᠵᠠ ᠳᠦᠷᠢᠮ ᠲᠤᠭᠲᠠᠭᠠᠯ ᠪᠠ ᠲᠤᠰ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ ᠶᠢᠨ ᠤᠨᠴᠠᠯᠢᠭ ᠢ ᠦᠨᠳᠦᠰᠦᠯᠡᠨ᠂ ᠦᠢᠯᠡᠳᠪᠦᠷᠢᠯᠡᠯ ᠤᠨ ᠬᠠᠷᠢᠴᠠᠭ᠎ᠠ ᠪᠠ ᠠᠵᠤ ᠠᠬᠤᠢ ᠶᠢᠨ ᠪᠦᠲᠦᠴᠡ ᠶᠢ ᠵᠤᠬᠢᠰᠲᠠᠢ ᠲᠤᠬᠢᠷᠠᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠴᠢᠷᠮᠠᠶᠢᠨ ᠬᠦᠭᠵᠢᠭᠦᠯᠦᠨ᠎ᠠ᠃ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠨᠢ ᠨᠡᠶᠢᠲᠡ ᠶᠢᠨ ᠦᠮᠴᠢᠯᠡᠯ ᠢᠶᠠᠷ ᠭᠤᠤᠯ ᠴᠤᠭᠴᠠ ᠪᠤᠯᠭᠠᠵᠤ᠂ ᠤᠯᠠᠨ ᠲᠦᠷᠦᠯ ᠤᠨ ᠦᠮᠴᠢᠯᠡᠯ ᠤᠨ ᠠᠵᠤ ᠠᠬᠤᠢ ᠶᠢ ᠵᠡᠷᠭᠡ ᠪᠠᠷ ᠬᠦᠭᠵᠢᠭᠦᠯᠭᠦ ᠦᠨᠳᠦᠰᠦᠨ ᠠᠵᠤ ᠠᠬᠤᠢ ᠶᠢᠨ ᠳᠦᠷᠢᠮ ᠢ ᠪᠠᠷᠢᠮᠲᠠᠯᠠᠵᠤ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠤᠷᠮᠠᠰᠢᠭᠤᠯᠤᠨ ᠭᠦᠭᠵᠢᠭᠦᠯᠦᠨ᠎ᠠ ᠭᠡᠵᠤ ᠲᠤᠭᠲᠠᠭᠠᠵᠠᠢ᠃ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠠᠴᠠ ᠰᠢᠯᠵᠢᠭᠦᠯᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号