ᠬᠡᠷᠡᠭ ᠤᠨ ᠵᠢᠱᠢᠶ᠎ᠠ᠄ | ᠯᠢᠤᠢ ᠤᠪᠤᠭᠳᠤ ᠬᠢᠭᠡᠳ ᠲᠡᠬᠦᠨ ᠤ ᠡᠭᠡᠨᠡᠷ ᠵᠠᠩ ᠤᠪᠤᠭᠳᠤ ᠴᠦᠮ ᠰᠢᠯᠦᠭ ᠲᠠᠭᠤᠯᠠᠯ ᠪᠤᠯᠤᠨ ᠲᠤᠮᠳᠠᠳᠤ ᠶᠢᠨ | ᠤᠯᠠᠮᠵᠢᠯᠠᠯᠳᠤ ᠰᠤᠶᠤᠯ ᠳᠤ ᠲᠦᠢᠯ ᠤᠨ ᠪᠠᠭ᠋ᠠᠲᠠᠢ ᠲᠤᠯᠠ ᠦᠬᠢᠨ ᠳᠡᠭᠡᠨ ︽ᠪᠸᠢ ᠶᠠᠨ ᠶᠦᠨ ᠢ︾ ᠭᠡᠰᠡᠨ ᠨᠡᠷ᠎ᠡ | ᠬᠠᠶᠢᠷᠠᠯᠠᠭᠰᠠᠨ ᠪᠦᠭᠡᠳ ᠡᠨᠡᠬᠦ ᠨᠡᠷ᠎ᠡ ᠪᠠᠷ ᠨᠢ ᠬᠡᠦᠭᠡᠳ ᠤᠨ ᠢᠶᠠᠨ ᠲᠦᠷᠦᠭᠰᠡᠨ ᠭᠡᠷᠡᠴᠢ ᠶᠢ ᠬᠢᠯᠭᠡᠵᠤ᠂ | ᠲᠦᠯᠦᠪᠯᠡᠭᠡᠳᠤ ᠦᠷᠡᠵᠢᠯ ᠤᠨ ᠦᠢᠯᠡᠴᠢᠯᠡᠭᠡᠨ ᠤ ᠭᠠᠷ ᠲᠡᠪᠳᠡᠷ ᠲᠤ ᠨᠢᠯᠬ᠎ᠠ ᠬᠡᠦᠭᠡᠳ ᠤᠨ ᠡᠷᠦᠭᠡ ᠠᠮᠠ ᠤᠷᠤᠬᠤ | ᠲᠠᠩᠰᠠᠯᠠᠯᠲᠠ ᠬᠢᠯᠭᠡᠵᠠᠢ᠃ | ᠯᠢᠤᠢ ᠤᠪᠤᠭᠳᠤ ᠲᠤᠬᠠᠢ ᠶᠢᠨ ᠭᠠᠵᠠᠷ ᠤᠨ ᠢᠶᠠᠨ ᠳᠤᠲᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ ᠳᠤ | ᠤᠴᠢᠵᠤ ᠦᠬᠢᠨ ᠤ ᠪᠠᠨ ᠡᠷᠦᠭᠡ ᠠᠮᠠ ᠶᠢᠨ ᠲᠠᠩᠰᠠᠯᠠᠯᠲᠠ ᠶᠢ ᠬᠢᠯᠭᠡᠬᠦ ᠦᠶ᠎ᠡ ᠳᠤ᠂ ᠠᠷᠠᠳ ᠤᠨ ᠴᠠᠭᠳᠠᠭ᠎ᠠ | ᠲᠡᠬᠦᠨ ᠳᠤ ᠲᠠᠩᠰᠠᠯᠠᠭᠤᠯᠬᠤ ᠭᠡᠵᠤ ᠪᠠᠶᠢᠭ᠎ᠠ ᠬᠦ᠋ᠮᠦᠨ ᠤ ᠤᠪᠤᠭ ᠨᠢ ᠡᠴᠢᠭᠡ ᠡᠭᠡ ᠶᠢᠨ ᠢᠶᠠᠨ ᠨᠢᠭᠡᠨ ᠤ ᠬᠢᠨᠢ | ᠤᠪᠤᠭ ᠢ ᠲᠠᠭᠠᠬᠤ ᠬᠡᠷᠡᠭᠲᠠᠢ᠂ ᠦᠭᠡᠷ᠎ᠡ ᠪᠠᠷ ᠬᠡᠯᠡᠪᠡᠯ ︽ᠯᠢᠤᠢ︾ ᠪᠤᠶᠤ ︽ᠵᠠᠩ︾ ᠤᠪᠤᠭ ᠲᠠᠢ ᠪᠠᠶᠢᠬᠤ ᠬᠡᠷᠡᠭᠲᠠᠢ | ᠂ ᠡᠰᠡᠪᠡᠰᠦ ᠲᠠᠩᠰᠠᠯᠠᠯᠲᠠ ᠬᠢᠬᠦ ᠨᠦᠬᠦᠴᠡᠯ ᠳᠤ ᠨᠡᠶᠢᠴᠡᠬᠦ ᠦᠭᠡᠢ ᠭᠡᠵᠤ ᠬᠡᠯᠡᠵᠤ ᠦᠭᠴᠠᠢ᠃ ᠯᠢᠤᠢ ᠤᠪᠤᠭᠳᠤ | ᠮᠦᠨ ᠯᠡ ︽ᠪᠸᠢ ᠶᠠᠨ ᠶᠦᠨ ᠢ︾ ᠭᠡᠰᠡᠨ ᠤᠪᠤᠭ ᠨᠡᠷ᠎ᠡ ᠪᠠᠷ ᠦᠬᠢᠨ ᠤ ᠪᠠᠨ ᠡᠷᠦᠭᠡ ᠠᠮᠠ ᠶᠢᠨ | ᠲᠠᠩᠰᠠᠯᠠᠯᠲᠠ ᠶᠢ ᠬᠢᠯᠭᠡᠬᠦ ᠭᠡᠵᠦ ᠪᠠᠷᠢᠮᠲᠠᠯᠠᠭᠰᠠᠠ ᠪᠤᠯᠬᠤᠷ᠂ ᠲᠤᠬᠠᠢ ᠶᠢᠨ ᠭᠠᠵᠠᠷ ᠤᠨ ᠳᠤᠲᠤᠭᠠᠳᠤ ᠶᠢ ᠬᠠᠮᠠᠭᠠᠯᠠᠬᠤ | ᠲᠤᠮᠢᠯᠠᠭᠰᠠᠨ ᠰᠠᠯᠪᠤᠷᠢ ᠠᠴᠠ ᠡᠷᠦᠭᠡ ᠠᠮᠠ ᠶᠢᠨ ᠲᠠᠩᠰᠠᠯᠠᠯᠲᠠ ᠬᠢᠵᠤ ᠦᠭᠬᠦ ᠦᠭᠡᠢ ᠭᠡᠰᠡᠨ ᠪᠤᠲᠠᠲᠠᠢ ᠵᠠᠰᠠᠭ | ᠵᠠᠬᠢᠷᠭᠠᠨ ᠤ ᠲᠣᠭᠳᠠᠭᠠᠯ ᠭᠠᠷᠭᠠᠪᠠ᠃ | ᠯᠢᠤᠢ ᠤᠪᠤᠭᠳᠤ ᠶᠢᠨ ᠦᠵᠡᠬᠦ ᠪᠠᠷ᠂ ︽ᠪᠸᠢ ᠶᠠᠨ ᠶᠦᠨ ᠢ︾ ᠭᠡᠰᠡᠨ ᠨᠡᠷ᠎ᠡ ᠶᠢᠨ ︽ᠪᠸᠢ ᠶᠠᠨ︾ ᠨᠢ | ᠤᠪᠤᠭ᠂ ︽ᠶᠦᠨ ᠢ︾ ᠨᠢ ᠨᠡᠷ᠎ᠡ ᠪᠤᠯᠬᠤ ᠤᠴᠢᠷ ᠠᠴᠠ ᠬᠠᠤᠯᠢ ᠶᠢᠨ ᠲᠤᠭᠲᠠᠭᠠᠯ ᠳᠤ ᠨᠡᠶᠢᠴᠡᠨ᠎ᠡ᠂ | ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠡᠷᠦᠭᠡ ᠠᠮᠠ ᠤᠷᠤᠭᠤᠯᠵᠤ ᠦᠭᠬᠦ ᠶᠤᠰᠤᠲᠠᠢ᠃ ᠢᠩᠬᠢᠭᠡᠳ ᠲᠡᠷᠡ | ᠦᠬᠢᠨ ᠤ ᠪᠠᠨ ᠤᠷᠤᠯᠠᠭᠴᠢ ᠶᠢᠨ ᠬᠤᠪᠢ ᠪᠠᠷ ᠰᠢᠬᠦᠬᠦ ᠬᠤᠷᠢᠶᠠᠨ ᠳᠤ ᠵᠠᠭᠠᠯᠳᠤᠵᠤ᠂ ︽ᠪᠸᠢ ᠶᠠᠨ ᠶᠦᠨ ᠢ︾ | ᠭᠡᠰᠡᠨ ᠤᠪᠤᠭ ᠨᠡᠷ᠎ᠡ ᠪᠠᠷ ᠲᠤᠮᠢᠯᠠᠭᠰᠠᠨ ᠰᠠᠯᠪᠤᠷᠢ ᠶᠢᠨ ᠬᠢᠨ ᠡᠷᠦᠭᠡ ᠠᠮᠠ ᠶᠢᠨ ᠲᠠᠩᠰᠠᠯᠠᠯᠲᠠ ᠬᠢᠵᠤ ᠦᠭᠬᠦ ᠦᠭᠡᠢ | ᠪᠠᠶᠢᠬᠤ ᠦᠢᠯᠡ ᠠᠵᠢᠯᠯᠠᠭ᠎ᠠ ᠨᠢ ᠬᠠᠤᠯᠢ ᠠᠴᠠ ᠵᠦᠷᠢᠴᠡᠪᠡ ᠭᠡᠵᠤ ᠰᠢᠭᠦᠨ ᠲᠠᠰᠤᠯᠬᠤ ᠶᠢ ᠬᠦᠰᠡᠵᠠᠢ᠃ ᠰᠢᠬᠦᠬᠦ | ᠬᠤᠷᠢᠶ᠎ᠠ ᠰᠢᠬᠦᠯᠲᠡ ᠪᠠᠷ ᠲᠠᠮᠵᠢᠨ ᠲᠠᠰᠤᠯᠤᠯᠲᠠ ᠭᠠᠷᠭᠠᠵᠤ᠂ ᠵᠠᠭᠠᠯᠳᠤᠭᠴᠢ ᠶᠢᠨ ᠵᠠᠭᠠᠯᠳᠤᠯᠭ᠎ᠠ ᠶᠢ ᠨᠢᠴᠤᠭᠠᠭᠰᠠᠨ | ᠪᠠᠶᠢᠨ᠎ᠠ᠃ | ᠬᠠᠣᠯᠢᠴᠢ ᠶᠢᠨ ᠵᠠᠳᠠᠯᠣᠯᠳᠠ᠄ | ︽︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠤᠩᠬᠡᠢ ᠲᠦᠷᠢᠮ﹀ | ᠤᠨ 99 ᠳ᠋ᠤᠭᠡᠷ ᠵᠦᠢᠯ ᠤᠨ ᠨᠢᠭᠡᠳᠦᠭᠡᠷ ᠤᠯᠠᠭᠠᠨ ᠮᠦᠷ᠂ ︿ᠪᠦᠬᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠤᠷᠤᠭ ᠤᠨ ᠬᠠᠤᠯᠢ﹀ ᠶᠢᠨ ᠬᠤᠷᠢᠨ ᠬᠤᠶᠠᠳᠤᠭᠠᠷ ᠵᠦᠢᠯ ᠤᠨ ᠲᠤᠬᠠᠢ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠠᠶᠢᠯᠪᠦᠷᠢ︾ ᠳᠤ᠄ ︽ᠠᠷᠠᠳ ᠢᠷᠭᠡᠳ | ᠬᠠᠤᠯᠢ ᠶᠤᠰᠤᠭᠠᠷ ᠤᠪᠤᠭ ᠨᠡᠷ᠎ᠡ ᠶᠢᠨ ᠡᠷᠭᠡ ᠶᠢ ᠡᠳ᠋ᠯᠡᠨ᠎ᠡ᠃ ᠠᠷᠠᠳ ᠢᠷᠭᠡᠳ ᠤᠪᠤᠭ ᠨᠡᠷ᠎ᠡ ᠶᠢᠨ ᠡᠷᠭᠡ ᠪᠠᠨ | ᠬᠡᠷᠡᠭᠵᠢᠬᠦᠯᠬᠦ ᠳᠡᠭᠡᠨ ᠪᠠᠰᠠ ᠨᠡᠶᠢᠭᠡᠮ ᠨᠡᠶᠢᠲᠡ ᠶᠢᠨ ᠶᠤᠰᠤ ᠮᠤᠷᠠᠯ ᠢ ᠬᠦᠨᠳᠦᠳᠭᠡᠬᠦ ᠬᠡᠷᠡᠭᠲᠠᠢ᠂ ᠨᠡᠶᠢᠭᠡᠮ | ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠤᠯᠬᠤ ᠦᠭᠡᠢ᠃ ᠠᠷᠠᠳ ᠢᠷᠭᠡᠳ ᠵᠠᠷᠴᠢᠮ ᠲᠡᠭᠡᠷ᠎ᠡ ᠪᠠᠨ ᠡᠴᠢᠭᠡ | ᠪᠤᠶᠤ ᠡᠭᠡ ᠶᠢᠨ ᠢᠶᠠᠨ ᠤᠪᠤᠭ ᠢ ᠲᠠᠭᠠᠬᠤ ᠬᠡᠷᠡᠭᠲᠠᠢ᠃ ᠲᠤᠤᠷ᠎ᠠ ᠵᠢᠬᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ | ᠡᠴᠢᠭᠡ ᠡᠭᠡ ᠶᠢᠨ ᠢᠶᠠᠨ ᠤᠪᠤᠭ ᠢ ᠲᠠᠭᠠᠬᠤ ᠦᠭᠡᠢ ᠪᠠᠶᠢᠵᠤ ᠪᠤᠯᠤᠨ᠎ᠠ᠄ | ︵ᠨᠢᠭᠡ︶ ᠪᠤᠰᠤᠳ ᠰᠢᠭᠤᠳ ᠴᠢᠰᠦᠨ ᠲᠦᠷᠦᠯ ᠤᠨ ᠬᠠᠷᠢᠴᠠᠭ᠎ᠠ ᠲᠠᠢ ᠠᠬᠠᠮᠠᠳ ᠤᠨ ᠢᠶᠠᠨ ᠤᠪᠤᠭ ᠢ | ᠲᠠᠭᠠᠬᠤ︔ | ︵ᠬᠤᠶᠠᠷ︶ ᠬᠠᠤᠯᠢ ᠪᠠᠷ ᠲᠤᠭᠲᠠᠭᠠᠭᠰᠠᠨ ᠠᠰᠠᠷᠠᠨ ᠲᠡᠵᠢᠭᠡᠭᠴᠢ ᠠᠴᠠ ᠪᠤᠰᠤᠳ ᠬᠦᠮᠦᠨ ᠠᠰᠠᠷᠠᠨ | ᠲᠡᠵᠢᠭᠡᠭᠰᠡᠨ ᠠᠴᠠ ᠪᠤᠯᠵᠤ ᠠᠰᠠᠷᠠᠨ ᠲᠡᠵᠢᠭᠡᠭᠴᠢ ᠶᠢᠨ ᠢᠶᠠᠨ ᠤᠪᠤᠭ ᠢ ᠲᠠᠭᠠᠬᠤ︔ | ︵ᠭᠤᠷᠪᠠ︶ ᠨᠡᠶᠢᠲᠡ ᠶᠢᠨ ᠡᠮᠬᠢ ᠲᠢᠭᠯᠢᠮ ᠪᠠ ᠰᠠᠶᠢᠨ ᠰᠠᠶᠢᠬᠠᠨ ᠬᠡᠪ ᠵᠠᠩᠰᠢᠯ ᠢ ᠦᠯᠦ ᠵᠦᠷᠢᠴᠡᠬᠦ ᠪᠤᠰᠤᠳ | ᠵᠦᠢ ᠶᠤᠰᠤᠨ ᠤ ᠰᠢᠯᠲᠠᠭᠠᠨ ᠲᠠᠢ᠃ ︽ᠴᠦᠭᠡᠨ ᠲᠤᠭᠠᠳᠤ ᠦᠨᠳᠦᠰᠦᠲᠡᠨ ᠤ ᠤᠪᠤᠭ ᠨᠡᠷ᠎ᠡ ᠨᠢ ᠲᠤᠰ | ᠦᠨᠳᠦᠰᠦᠲᠡᠨ ᠤ ᠪᠠᠨ ᠰᠤᠶᠤᠯ ᠤᠨ ᠤᠯᠠᠮᠵᠢᠯᠠᠯ ᠪᠠ ᠵᠠᠩ ᠵᠠᠩᠰᠢᠯ ᠢ ᠲᠠᠭᠠᠵᠤ ᠪᠤᠯᠤᠨ᠎ᠠ︾ ᠭᠡᠵᠠᠢ᠃ ᠲᠤᠰ | ᠬᠡᠷᠡᠭ ᠲᠤ ᠪᠤᠰᠤᠳ ᠰᠢᠭᠤᠳ ᠴᠢᠰᠦᠨ ᠲᠦᠷᠦᠯ ᠤᠨ ᠬᠠᠷᠢᠴᠠᠭ᠎ᠠ ᠲᠠᠢ ᠠᠬᠠᠮᠠᠳ ᠤᠨ ᠢᠶᠠᠨ ᠤᠪᠤᠭ ᠢ ᠲᠠᠭᠠᠭᠰᠠᠨ | ᠪᠤᠶᠤ ᠬᠠᠤᠯᠢ ᠪᠠᠷ ᠲᠤᠭᠲᠠᠭᠠᠭᠰᠠᠨ ᠠᠰᠠᠷᠠᠨ ᠲᠡᠵᠢᠭᠡᠭᠴᠢ ᠠᠴᠠ ᠪᠤᠰᠤᠳ ᠠᠰᠠᠷᠠᠨ ᠲᠡᠵᠢᠭᠡᠭᠴᠢ ᠶᠢᠨ ᠢᠶᠠᠨ | ᠤᠪᠤᠭ ᠢ ᠲᠠᠭᠠᠭᠰᠠᠨ ᠪᠠᠶᠢᠳᠠᠯ ᠤᠷᠤᠰᠢᠬᠤ ᠦᠭᠡᠢ ᠤᠴᠢᠷ ᠠᠴᠠ᠂ ᠵᠠᠭᠠᠯᠳᠤᠭᠴᠢ ᠶᠢᠨ ᠬᠠᠤᠯᠢ ᠪᠠᠷ ᠲᠤᠭᠲᠠᠭᠠᠭᠰᠠᠨ | ᠤᠷᠤᠯᠠᠭᠴᠢ ᠯᠢᠤᠢ ᠤᠪᠤᠭᠳᠤ ᠶᠢᠨ ᠲᠤᠷᠠᠳᠤᠭᠰᠠᠨ ᠰᠢᠯᠲᠠᠭᠠᠨ ᠨᠢ ᠲᠡᠭᠡᠷ᠎ᠡ ᠲᠤᠷᠠᠳᠤᠭᠰᠠᠨ ᠬᠠᠤᠯᠢ ᠴᠠᠭᠠᠵᠠ ᠶᠢᠨ | ᠲᠠᠶᠢᠯᠪᠤᠷᠢ ᠶᠢᠨ ᠬᠤᠶᠠᠳᠤᠭᠠᠷ ᠪᠦᠯᠦᠭ ᠤᠨ ᠭᠤᠷᠪᠠᠳᠤᠭᠠᠷ ᠵᠦᠢᠯ ᠳᠤ ᠲᠤᠭᠲᠠᠭᠠᠭᠰᠠᠨ ︽ᠨᠡᠶᠢᠲᠡ ᠶᠢᠨ ᠡᠮᠬᠢ | ᠲᠢᠭᠯᠢᠮ ᠪᠠ ᠰᠠᠶᠢᠨ ᠰᠠᠶᠢᠬᠠᠨ ᠬᠡᠪ ᠵᠠᠩᠰᠢᠯ ᠢ ᠦᠯᠦ ᠵᠦᠷᠢᠴᠡᠬᠦ ᠪᠤᠰᠤᠳ ᠵᠦᠢ ᠶᠤᠰᠤᠨ ᠤ ᠰᠢᠯᠲᠠᠭᠠᠨ︾ ᠳᠤ | ᠨᠡᠶᠢᠴᠡᠬᠦ ᠡᠰᠡᠬᠦ ᠪᠤᠯ ᠬᠡᠷᠡᠭ ᠤᠨ ᠵᠠᠩᠬᠢᠯᠠᠭ᠎ᠠ ᠪᠤᠯᠤᠨ᠎ᠠ᠃ | ᠬᠠᠣᠯᠢᠴᠢ ᠶᠢᠨ ᠰᠠᠨᠠᠭᠤᠯᠣᠮᠵᠢ᠄ | ᠲᠤᠰ ᠬᠡᠷᠡᠭ ᠢ ᠰᠢᠬᠦᠭᠰᠡᠨ ᠰᠢᠬᠦᠭᠴᠢ ᠶᠢᠨ ᠬᠡᠯᠡᠬᠦ ᠪᠠᠷ᠂ ᠨᠡᠶᠢᠭᠡᠮ ᠤᠨ ᠬᠠᠮᠢᠶᠠᠷᠤᠯᠲᠠ ᠪᠠ ᠬᠦᠭᠵᠢᠯᠲᠡ ᠶᠢᠨ | ᠬᠠᠷᠠᠭᠠᠰᠤ ᠠᠴᠠ ᠦᠵᠡᠪᠡᠯ᠂ ᠦᠷ᠎ᠡ ᠬᠡᠦᠭᠡᠳ ᠨᠢ ᠡᠴᠢᠭᠡ ᠡᠭᠡ ᠶᠢᠨ ᠢᠶᠠᠨ ᠤᠪᠤᠭ ᠢ ᠲᠠᠭᠠᠬᠤ ᠨᠢ ᠨᠡᠶᠢᠭᠡᠮ ᠤᠨ | ᠬᠠᠮᠢᠶᠠᠷᠤᠯᠲᠠ ᠶᠢᠨ ᠪᠦᠲᠦᠮᠵᠢ ᠶᠢ ᠲᠡᠭᠡᠭᠰᠢᠯᠡᠬᠦᠯᠬᠦ ᠳᠤ ᠠᠰᠢᠭᠲᠠᠢ ᠪᠦᠭᠡᠳ ᠬᠠᠮᠢᠶᠠᠷᠤᠯᠲᠠ ᠶᠢᠨ ᠪᠠᠶᠢᠭᠤᠯᠤᠯᠭ᠎ᠠ ᠪᠠ | ᠪᠤᠰᠤᠳ ᠨᠡᠶᠢᠭᠡᠮ ᠤᠨ ᠪᠦᠷᠢᠯᠳᠦᠬᠦᠨ ᠠᠴᠠ ᠤᠪᠤᠭ ᠬᠡᠷᠡᠭᠯᠡᠭᠴᠢ ᠶᠢᠨ ᠭᠤᠤᠯ ᠨᠡᠶᠢᠭᠡᠮ ᠤᠨ ᠬᠠᠷᠢᠴᠠᠭ᠎ᠠ ᠳᠤ ᠠᠩᠬ᠎ᠠ | ᠠᠯᠬᠤᠮ ᠤᠨ ᠮᠠᠭᠠᠳᠯᠠᠯᠲᠠ ᠬᠢᠬᠦ ᠳᠤ ᠲᠦᠬᠦᠮ ᠪᠠᠶᠢᠳᠠᠭ᠃ ᠬᠡᠷᠪᠡ ᠲᠤᠷ᠎ᠠ ᠪᠠᠷ ᠢᠶᠠᠨ ᠤᠪᠤᠭ ᠠᠪᠬᠤ ᠪᠤᠶᠤ ᠤᠪᠤᠭ | ᠵᠤᠬᠢᠶᠠᠵᠤ ᠪᠤᠯᠬᠤ ᠳᠤ ᠬᠦᠷᠪᠡᠯ᠂ ᠨᠡᠶᠢᠭᠡᠮ ᠤᠨ ᠬᠠᠮᠢᠶᠠᠷᠤᠯᠲᠠ ᠶᠢᠨ ᠦᠪᠡᠷ ᠤᠨ ᠦᠷᠲᠡᠭ ᠢ ᠨᠡᠮᠡᠭᠳᠡᠬᠦᠯᠵᠤ᠂ | ᠨᠡᠶᠢᠭᠡᠮ ᠤᠨ ᠬᠠᠮᠢᠶᠠᠷᠤᠯᠲᠠ ᠶᠢᠨ ᠠᠶᠤᠯ ᠲᠦᠭᠰᠢᠬᠦᠷᠢᠳᠤ ᠴᠢᠨᠠᠷ ᠪᠠ ᠦᠯᠦ ᠮᠡᠳᠡᠬᠦ ᠴᠢᠨᠠᠷ ᠢ ᠨᠡᠮᠡᠭᠳᠡᠬᠦᠯᠬᠦ ᠪᠤᠯᠤᠨ᠎ᠠ | ᠭᠡᠵᠠᠢ᠃ | ︵ᠠᠷᠠᠳ ᠤᠨ ᠰᠦᠯᠵᠢᠶ᠎ᠠ ᠠᠴᠠ ᠣᠷᠴᠢᠭᠤᠯᠣᠨ ᠨᠠᠶᠢᠷᠠᠭᠤᠯᠵᠣ ᠠᠪᠤᠪᠠ︶ | |