| ᠨᠠᠶᠢᠷᠠᠭᠤᠯᠤᠬᠴᠢ ᠶᠢᠨ ᠦᠭᠡ᠄ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ | ᠶᠠᠮᠤᠨ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ︽ᠬᠤᠲᠠ ᠬᠦᠲᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠲᠤᠬᠲᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠦᠩᠬᠦ ᠶᠢ ᠬᠡᠪ ᠤᠨ ᠶᠤᠰᠤᠭᠠᠷ ᠲᠤᠬᠢᠷᠠᠭᠤᠯᠬᠤ ᠲᠤᠬᠲᠠᠴᠠ ᠶᠢ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ︵ | ᠳᠤᠷᠤᠭᠰᠢ ︽ᠰᠠᠨᠠᠯ︾ ᠭᠡᠵᠦ ᠳᠤᠪᠴᠢᠯᠠᠨ᠎ᠠ︶ ᠢ ᠲᠠᠷᠤᠮᠠᠯᠯᠠᠨ ᠲᠠᠷᠬᠠᠭᠠᠵᠦ᠂ 5 ᠳ᠋ᠦᠩᠰᠢᠭᠤᠷ ᠭᠠᠷᠤᠢ ᠬᠦᠮᠦᠨ | ᠤᠷᠤᠯᠴᠠᠵᠦ ᠪᠠᠶᠢᠭ᠎ᠠ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠨᠠᠭᠠᠲᠦ | ᠵᠠᠬ᠎ᠠ ᠳᠠᠭᠠᠨ 5 ᠶᠡᠭᠡ ᠬᠤᠪᠢᠷᠠᠯᠲᠠ ᠲᠠᠢ ᠪᠤᠯᠤᠨ᠎ᠠ ᠬᠡᠵᠡᠢ᠄ ᠤᠯᠭᠤᠮᠵᠢ ᠶᠢ ᠲᠤᠬᠲᠠᠭᠠᠬᠤ᠂ ᠰᠠᠭᠤᠷᠢ ᠨᠠᠰᠤᠵᠢᠯ ᠤᠨ | ᠠᠰᠠᠷᠠᠮᠵᠢ ᠶᠢᠨ ᠮᠦᠩᠬᠦ ᠶᠢ ᠬᠡᠪ ᠤᠨ ᠶᠤᠰᠤᠭᠠᠷ ᠲᠤᠬᠢᠷᠠᠭᠤᠯᠬᠤ᠂ ᠬᠤᠪᠢ ᠬᠦᠮᠦᠨ ᠤ ᠰᠦᠢᠳᠬᠡᠯ ᠲᠤᠰᠢᠶᠠᠬᠤ | ᠲᠡᠰ ᠤᠨ ᠪᠠᠷᠢᠮᠵᠢᠶ᠎ᠠ ᠶᠢ ᠲᠤᠬᠢᠷᠠᠭᠤᠯᠬᠤ᠂ ᠰᠦᠢᠳᠬᠡᠯ ᠲᠤᠰᠢᠶᠠᠬᠤ ᠨᠦᠬᠦᠪᠦᠷᠢ ᠶᠢ ᠲᠤᠬᠢᠷᠠᠭᠤᠯᠬᠤ ᠵᠡᠷᠭᠡ ᠲᠦᠷᠪᠡᠨ | ᠲᠦᠷᠤᠯ ᠤᠨ ᠲᠤᠬᠲᠠᠴᠠ ᠶᠢ ᠪᠠᠶᠢᠭᠤᠯᠬᠤ ᠪᠠ ᠲᠡᠭᠦᠯᠲᠡᠷᠵᠢᠭᠦᠯᠬᠦ ᠪᠠᠷ ᠪᠠᠶᠢᠬᠤ ᠮᠦᠷᠲᠡᠭᠡᠨ ᠬᠤᠲᠠ ᠬᠦᠲᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ ᠳᠤ ᠨᠠᠶᠢᠲᠠᠨ ᠪᠡᠯᠡ ᠤᠷᠤᠭᠤᠯᠵᠦ᠂ | ᠬᠤᠪᠢ ᠬᠦᠮᠦᠨ ᠤ ᠲᠠᠩᠰᠠᠨ ᠡᠷᠦᠭᠡ ᠶᠢᠨ ᠰᠠᠭᠤᠷᠢ ᠮᠦᠩᠬᠦ ᠶᠢᠨ ᠦᠷᠲᠡᠭ ᠢ ᠪᠠᠲᠤᠯᠠᠨ ᠦᠷᠲᠡᠭ ᠢ ᠨᠡᠮᠡᠭᠲᠡᠭᠦᠯᠬᠦ ᠶᠢ | ᠪᠡᠶᠡᠯᠡᠭᠦᠯᠬᠦ ᠪᠤᠯᠤᠨ᠎ᠠ᠃ ᠡᠨᠡᠬᠦ ︽ᠰᠠᠨᠠᠯ︾ ᠪᠤᠯ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠲᠠᠭᠠᠳᠬᠠᠯ ᠤᠨ ᠲᠦᠷᠢᠮ ᠢ ᠪᠠᠶᠢᠭᠤᠯᠤᠬᠰᠠᠨ ᠤ ᠲᠠᠷᠠᠭᠠᠬᠢ ᠲᠦᠷᠪᠡᠲᠡᠬᠢ ᠵᠢᠯ ᠳᠠᠬᠢ ᠴᠢᠬᠤᠯᠠ ᠶᠡᠭᠡ | ᠲᠤᠬᠢᠷᠠᠭᠤᠯᠤᠯᠲᠠ ᠪᠤᠯᠤᠨ᠎ᠠ᠃ ᠲᠤᠤᠷ᠎ᠠ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠲᠠᠭᠠᠳᠬᠠᠯ ᠤᠨ 5 ᠶᠡᠭᠡ ᠬᠤᠪᠢᠷᠠᠯᠳ᠋ᠨ ᠶᠢ ᠤᠢᠢᠯᠠᠭᠠᠶ᠎ᠠ︕ ᠤᠯᠭᠤᠮᠵᠢ ᠶᠢ ᠲᠤᠬᠲᠠᠭᠠᠬᠤ ᠲᠤᠬᠲᠠᠴᠠ ᠶᠢ | ᠲᠡᠭᠦᠯᠲᠡᠷᠵᠢᠭᠦᠯᠦᠨ᠎ᠡ | — 65 ᠨᠠᠰᠤ ᠵᠢᠴᠢ ᠲᠡᠭᠡᠭᠰᠢᠬᠢ ᠰᠠᠭᠤᠭᠠᠯᠢ ᠠᠷᠠᠳ ᠲᠤ ᠵᠤᠬᠢᠰᠲᠠᠢ ᠬᠡᠯᠪᠠᠶᠢᠨᠡ | ᠲᠤᠰ ᠤᠳᠠᠭᠠᠨ ᠤ ᠲᠤᠬᠢᠷᠠᠭᠤᠯᠤᠯᠲᠠ ᠨᠢ ᠶᠠᠬ ᠰᠠᠶᠢᠬᠠᠨ ᠴᠠᠬ ᠤᠨ ᠪᠠᠶᠢᠲᠠᠯ ᠳᠤ ᠲᠤᠬᠢᠷᠠᠵᠠᠢ᠃ ᠬᠤᠲᠠ | ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠦᠷᠢᠮ ᠢ ᠪᠠᠶᠢᠭᠤᠯᠤᠬᠰᠠᠨ ᠬᠤᠭᠤᠴᠠᠭ᠎ᠠ | ᠤᠷᠳᠤ ᠪᠢᠰᠢ᠂ ᠮᠦᠨ ᠪᠠᠲᠤᠯᠠᠬᠤ ᠲᠦᠪᠰᠢᠨ ᠨᠡᠯᠢᠶᠡᠳ ᠲᠤᠤᠷ᠎ᠠ᠂ ᠤᠯᠭᠤᠮᠵᠢ ᠶᠢ ᠲᠤᠬᠲᠠᠭᠠᠬᠤ ᠪᠠ ᠬᠡᠪ ᠤᠨ | ᠶᠤᠰᠤᠭᠠᠷ ᠲᠤᠬᠢᠷᠠᠭᠤᠯᠬᠤ ᠳᠤᠬᠲᠠᠴᠠ ᠬᠠᠷᠠᠬᠠᠨ ᠪᠦᠷᠢᠨᠰᠢᠭᠡᠳᠦᠢ᠂ ᠰᠦᠢᠳᠬᠡᠯ ᠲᠤᠰᠢᠶᠠᠬᠤ ᠶᠢ ᠤᠷᠮᠠᠰᠢᠭᠤᠯᠬᠤ | ᠬᠢᠵᠠᠭᠠᠷᠯᠠᠬᠤ ᠲᠤᠬᠲᠠᠴᠠ ᠲᠡᠶᠢᠮᠦ ᠴᠢᠩᠭ᠎ᠠ ᠪᠢᠰᠢ ᠵᠡᠷᠭᠡ ᠠᠰᠠᠭᠤᠲᠠᠯ ᠤᠷᠤᠰᠢᠵᠦ ᠪᠠᠶᠢᠨ᠎ᠠ ᠭᠡᠵᠦ ᠬᠦᠮᠦᠨ ᠤ | ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠢᠯᠡᠷᠭᠡᠶᠢᠯᠡᠭᠰᠡᠨ ᠪᠠᠶᠢᠨ᠎ᠠ᠃ | ︽ᠰᠠᠨᠠᠯ︾ ᠢ ᠦᠨᠳᠦᠰᠦᠯᠡᠪᠡᠯ᠂ ᠲᠦᠪ ᠠᠴᠠ ᠪᠦᠬᠦ ᠤᠯᠤᠰ ᠤᠨ ᠬᠤᠲᠠ ᠬᠦᠲᠡᠭᠡ ᠶᠢᠨ ᠰᠠᠭᠤᠭᠠᠯᠢ | ᠠᠷᠠᠳ ᠤᠨ ᠬᠦᠮᠦᠨ ᠲᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ ᠪᠤᠯᠤᠨ ᠡᠳ᠋ ᠤᠨ ᠬᠦᠴᠦᠨ ᠤ ᠪᠠᠶᠢᠲᠠᠯ ᠵᠡᠷᠭᠡ | ᠡᠯᠧᠮᠧᠨ᠋ᠲ ᠢ ᠦᠨᠳᠦᠰᠦᠯᠡᠨ᠂ ᠪᠦᠬᠦ ᠤᠯᠤᠰ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠨᠠᠭᠠᠳᠤ | ᠵᠠᠬ᠎ᠠ ᠶᠢᠨ ᠪᠠᠷᠢᠮᠵᠢᠶ᠎ᠠ ᠶᠢ ᠵᠤᠬᠢᠰᠲᠠᠢ ᠲᠤᠬᠲᠠᠭᠠᠨ᠎ᠠ︔ ᠤᠷᠤᠨ ᠨᠤᠳᠤᠭ ᠤᠨ ᠬᠢᠨ ᠲᠤᠬᠠᠢ ᠶᠢᠨ ᠭᠠᠵᠠᠷ ᠤᠨ | ᠪᠤᠲᠠᠳᠤ ᠪᠠᠶᠢᠲᠠᠯ ᠢᠶᠠᠨ ᠦᠨᠳᠦᠰᠦᠯᠡᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠪᠠᠷᠢᠮᠵᠢᠶ᠎ᠠ ᠶᠢ | ᠲᠡᠭᠡᠭᠰᠢᠯᠡᠭᠦᠯᠵᠦ᠂ 65 ᠨᠠᠰᠤ ᠵᠢᠴᠢ ᠲᠡᠭᠡᠭᠰᠢᠬᠢ ᠬᠤᠲᠠ ᠬᠦᠲᠡᠭᠡ ᠶᠢᠨ ᠰᠠᠭᠤᠭᠠᠯᠢ ᠠᠷᠠᠳ ᠲᠤ ᠵᠤᠬᠢᠰᠲᠠᠢ | ᠬᠡᠯᠪᠠᠶᠢᠨᠡ︔ ᠤᠷᠳᠤ ᠬᠤᠭᠤᠴᠠᠭ᠎ᠠ ᠪᠠᠷ ᠰᠦᠢᠳᠬᠡᠯ ᠲᠤᠰᠢᠶᠠᠵᠦ᠂ ᠨᠠᠭᠠᠲᠦ ᠵᠠᠬ᠎ᠠ ᠶᠢᠨ ᠰᠦᠢᠳᠬᠡᠯ ᠲᠤᠰᠢᠶᠠᠬᠤ | ᠵᠢᠯ ᠬᠤᠭᠤᠴᠠᠭ᠎ᠠ ᠠᠴᠠ ᠬᠡᠲᠦᠷᠡᠭᠰᠡᠨ ᠢ ᠨᠢ᠂ ᠵᠢᠯ ᠬᠤᠭᠤᠴᠠᠭ᠎ᠠ ᠶᠢᠨ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠦᠩᠬᠦ ᠶᠢ ᠵᠤᠬᠢᠰᠲᠠᠢ ᠨᠡᠮᠡᠬᠦ ᠪᠤᠯᠤᠨ᠎ᠠ᠃ | ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ᠂ 65 ᠨᠠᠰᠤ ᠵᠢᠴᠢ ᠲᠡᠭᠡᠭᠰᠢᠬᠢ ᠲᠠᠭᠠᠳᠬᠠᠯ ᠳᠤ ᠤᠷᠤᠯᠴᠠᠬᠰᠠᠨ ᠬᠤᠲᠠ ᠬᠦᠲᠡᠭᠡ ᠶᠢᠨ | ᠰᠠᠭᠤᠭᠠᠯᠢ ᠠᠷᠠᠳ ᠲᠤ ᠵᠤᠬᠢᠰᠲᠠᠢ ᠬᠡᠯᠪᠠᠶᠢᠬᠦ ᠨᠢ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠲᠠᠭᠠᠳᠬᠠᠯ ᠤᠨ ᠲᠦᠷᠢᠮ ᠢ ᠪᠠᠶᠢᠭᠤᠯᠤᠬᠰᠠᠨ ᠬᠤᠭᠤᠴᠠᠭ᠎ᠠ ᠤᠷᠳᠤ ᠪᠢᠰᠢ᠂ ᠬᠡᠰᠡᠭ ᠨᠠᠰᠤ ᠠᠬᠠᠰᠢᠷᠠᠬᠰᠠᠨ | ᠰᠠᠭᠤᠭᠠᠯᠢ ᠠᠷᠠᠳ ᠰᠦᠢᠳᠬᠡᠯ ᠲᠤᠰᠢᠶᠠᠬᠰᠠᠨ ᠦᠭᠡᠢ ᠪᠤᠶᠤ ᠰᠦᠢᠳᠬᠡᠯ ᠲᠤᠰᠢᠶᠠᠬᠰᠠᠨ ᠵᠢᠯ ᠬᠤᠭᠤᠴᠠᠭ᠎ᠠ ᠨᠢ | ᠤᠷᠳᠤ ᠪᠢᠰᠢ᠂ ᠬᠤᠪᠢ ᠬᠦᠮᠦᠨ ᠤ ᠲᠠᠩᠰᠠᠨ ᠡᠷᠦᠭᠡ ᠳᠤ ᠨᠠᠰᠤᠵᠢᠯ ᠤᠨ ᠠᠰᠠᠷᠠᠮᠵᠢ ᠶᠢᠨ ᠮᠦᠩᠬᠦ ᠪᠠᠶᠢᠬᠤ ᠦᠭᠡᠢ | ᠪᠤᠶᠤ ᠬᠡᠮᠵᠢᠶ᠎ᠡ ᠨᠢ ᠲᠤᠤᠷ᠎ᠠ ᠪᠠᠶᠢᠬᠤ ᠵᠡᠷᠭᠡ ᠪᠠᠶᠢᠲᠠᠯ ᠲᠠᠢ᠂ ᠬᠠᠷᠢᠨ ᠲᠡᠲᠡ ᠦᠩᠭᠡᠷᠡᠭᠰᠡᠨ ᠳᠤ ᠤᠯᠤᠰ ᠤᠨ ᠠᠵᠦ | ᠠᠬᠤᠢ ᠨᠡᠶᠢᠭᠡᠮ ᠤᠨ ᠬᠦᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠵᠡᠷᠭᠡ ᠶᠢ ᠪᠤᠳᠤᠯᠬᠢᠯᠠᠬᠰᠠᠨ | ᠪᠠᠶᠢᠨ᠎ᠠ ᠬᠡᠵᠦ ᠢᠯᠡᠷᠬᠡᠶᠢᠯᠡᠪᠡ᠃ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠬᠡᠪ ᠤᠨ ᠶᠤᠰᠤᠭᠠᠷ ᠲᠤᠬᠢᠷᠠᠭᠤᠯᠬᠤ ᠲᠤᠬᠲᠠᠴᠠ ᠶᠢ | ᠪᠠᠶᠢᠭᠤᠯᠤᠨ᠎ᠠ | — ᠤᠷᠤᠯᠭ᠎ᠠ ᠶᠢᠨ ᠨᠡᠮᠡᠭᠲᠡᠯ᠂ ᠪᠤᠲᠠᠰ ᠤᠨ ᠦᠨ᠎ᠡ ᠶᠢᠨ ᠬᠤᠪᠢᠷᠠᠯᠲᠠ ᠵᠡᠷᠭᠡ ᠡᠯᠧᠮᠧᠨ᠋ᠲ ᠢ ᠪᠤᠳᠤᠯᠬᠢᠯᠠᠨ᠎ᠠ | ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠪᠦᠬᠦ | ᠤᠯᠤᠰ ᠤᠨ ᠨᠠᠭᠠᠲᠦ ᠵᠠᠬ᠎ᠠ ᠶᠢᠨ ᠪᠠᠷᠢᠮᠵᠢᠶ᠎ᠠ ᠨᠢ ᠤᠳᠤᠬᠠᠨ ᠳᠤ 70 ᠲᠦᠭᠦᠷᠢᠭ / ᠰᠠᠷ᠎ᠠ᠂ ᠡᠨᠡᠬᠦ ᠪᠠᠷᠢᠮᠵᠢᠶ᠎ᠠ ᠨᠢ | 2015 ᠤᠨ ᠤ 55 ᠲᠦᠭᠦᠷᠢᠭ ᠪᠠᠶᠢᠬᠰᠠᠨ ᠰᠠᠭᠤᠷᠢᠨ ᠲᠡᠭᠡᠷ᠎ᠡ ᠲᠤᠬᠢᠷᠠᠭᠤᠯᠤᠯᠲᠠ ᠬᠢᠭᠰᠡᠨ ᠮᠦᠷᠲᠡᠭᠡᠨ ᠤᠳᠤ | ᠪᠤᠯᠲᠠᠯ᠎ᠠ ᠬᠡᠷᠡᠭᠵᠢᠭᠦᠯᠵᠡᠢ᠃ ᠲᠡᠷᠡᠴᠢᠯᠡᠨ ᠠᠳᠠᠯᠢ ᠬᠤᠭᠤᠴᠠᠭᠠᠨ ᠤ ᠠᠵᠢᠯ ᠠᠴᠠ ᠪᠠᠨ ᠠᠮᠠᠷᠠᠬᠰᠠᠨ ᠠᠵᠢᠯᠲᠠᠨ ᠤ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠨᠢ ᠵᠢᠯ ᠪᠤᠯᠭᠠᠨ ᠦᠰᠦᠯᠲᠡ ᠲᠠᠢ᠃ | ᠡᠨᠡᠬᠦ ᠪᠠᠶᠢᠲᠠᠯ ᠢ ᠬᠤᠪᠢᠷᠠᠭᠤᠯᠬᠤ ᠪᠠᠷ ᠪᠠᠶᠢᠨ᠎ᠠ᠃ ︽ᠰᠠᠨᠠᠯ︾ ᠢ ᠦᠨᠳᠦᠰᠦᠯᠡᠪᠡᠯ᠂ ᠬᠦᠮᠦᠨ ᠤ ᠬᠦᠴᠦᠨ ᠤ | ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠡᠳ᠋ ᠤᠨ ᠵᠠᠰᠠᠭ ᠤᠨ ᠶᠠᠮᠤᠨ ᠲᠠᠢ ᠬᠠᠮᠲᠦ᠂ ᠬᠤᠲᠠ | ᠬᠦᠲᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠲᠡᠯ᠂ ᠪᠤᠲᠠᠰ ᠤᠨ ᠦᠨ᠎ᠡ ᠶᠢᠨ ᠬᠤᠪᠢᠷᠠᠯᠲᠠ ᠪᠤᠯᠤᠨ | ᠠᠵᠢᠯᠲᠠᠨ ᠤ ᠦᠨᠳᠦᠰᠦᠨ ᠨᠠᠰᠤᠵᠢᠯ ᠤᠨ ᠲᠠᠭᠠᠳᠬᠠᠯ ᠵᠡᠷᠭᠡ ᠪᠤᠰᠤᠳ ᠨᠡᠶᠢᠭᠡᠮ ᠤᠨ ᠪᠠᠲᠤᠯᠠᠪᠤᠷᠢ ᠶᠢᠨ | ᠪᠠᠷᠢᠮᠵᠢᠶ᠎ᠠ ᠳᠤ ᠲᠤᠬᠢᠷᠠᠭᠤᠯᠤᠯᠲᠠ ᠬᠢᠭᠰᠡᠨ ᠪᠠᠶᠢᠲᠠᠯ ᠢ ᠪᠤᠳᠤᠯᠬᠢᠯᠠᠵᠦ᠂ ᠬᠤᠲᠠ ᠬᠦᠲᠡᠭᠡ ᠶᠢᠨ ᠰᠠᠭᠤᠭᠠᠯᠢ | ᠠᠷᠠᠳ ᠤᠨ ᠪᠦᠬᠦ ᠤᠯᠤᠰ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠨᠠᠭᠠᠲᠦ ᠵᠠᠬ᠎ᠠ ᠶᠢᠨ | ᠪᠠᠷᠢᠮᠵᠢᠶ᠎ᠠ ᠳᠤ ᠲᠤᠬᠢᠷᠠᠭᠤᠯᠤᠯᠲᠠ ᠬᠢᠬᠦ ᠲᠦᠰᠦᠯ ᠢ ᠲᠤᠬᠢᠷᠠᠬᠰᠠᠨ ᠴᠠᠬ ᠲᠤ ᠲᠤᠷᠠᠳᠤᠨ ᠭᠠᠷᠭᠠᠵᠦ᠂ ᠨᠠᠮ ᠤᠨ | ᠲᠦᠪ ᠬᠤᠷᠢᠶ᠎ᠠ ᠪᠤᠯᠤᠨ ᠲᠦᠷᠦ ᠶᠢᠨ ᠶᠠᠪᠤᠲᠠᠯ ᠤᠨ ᠬᠤᠷᠢᠶ᠎ᠠ ᠳᠤ ᠲᠡᠪᠰᠢᠭᠦᠯᠦᠨ ᠲᠤᠬᠲᠠᠭᠠᠬᠤ ᠬᠡᠷᠡᠭᠲᠡᠢ︔ ᠤᠷᠤᠨ | ᠨᠤᠳᠤᠭ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠲᠤᠬᠢᠷᠠᠭᠤᠯᠬᠤ ᠳᠤ ᠲᠤᠬᠠᠢ ᠶᠢᠨ ᠭᠠᠵᠠᠷ ᠤᠨ | ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ ᠠᠴᠠ ᠡᠳ᠋ ᠤᠨ | ᠵᠠᠰᠠᠬ ᠤᠨ ᠰᠠᠯᠠᠭ᠎ᠠ ᠮᠦᠴᠢᠷ ᠲᠠᠢ ᠬᠠᠮᠳᠤᠷᠠᠨ ᠲᠦᠰᠦᠯ ᠲᠤᠷᠠᠳᠤᠨ ᠭᠠᠷᠭᠠᠵᠦ᠂ ᠠᠳᠠᠯᠢ ᠱᠠᠲᠤᠨ ᠤ ᠨᠠᠮ ᠤᠨ | ᠬᠤᠷᠢᠶ᠎ᠠ ᠪᠤᠯᠤᠨ ᠵᠠᠰᠠᠭ ᠤᠨ ᠤᠷᠳᠤᠨ ᠳᠤ ᠲᠡᠪᠰᠢᠭᠦᠯᠦᠨ ᠲᠤᠬᠲᠠᠭᠠᠬᠤ ᠬᠡᠷᠡᠭᠲᠡᠢ ᠬᠡᠵᠡᠢ᠃ | ᠲᠤᠮᠲᠠᠲᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠯᠡᠬᠡᠢ ᠶᠢᠨ ᠨᠡᠶᠢᠭᠡᠮ ᠤᠨ | ᠲᠠᠭᠠᠳᠬᠠᠯ ᠤᠨ ᠰᠤᠳᠤᠯᠭᠠᠨ ᠤ ᠲᠦᠪ ᠤᠨ ᠬᠡᠷᠡᠭᠵᠢᠭᠦᠯᠦᠭᠴᠢ ᠰᠤᠳᠤᠯᠤᠬᠴᠢ ᠵᠠᠩ ᠶᠢᠩ ᠬᠤᠸᠠ ᠲᠤᠮᠲᠠᠲᠤ | ᠤᠯᠤᠰ ᠤᠨ ᠰᠤᠨᠢᠨ ᠮᠡᠲᠡᠭᠡᠨ ᠤ ᠰᠦᠯᠵᠢᠶ᠎ᠡ ᠶᠢᠨ ᠰᠤᠷᠪᠤᠯᠵᠢᠯᠠᠬᠴᠢ ᠳᠤ᠂ ᠬᠤᠲᠠ ᠬᠦᠲᠡᠭᠡ ᠶᠢᠨ ᠰᠠᠭᠤᠭᠠᠯᠢ | ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠲᠤᠬᠢᠷᠠᠭᠤᠯᠬᠤ ᠨᠢ ᠬᠤᠲᠠ ᠬᠦᠲᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠲᠠᠢ ᠬᠤᠯᠪᠤᠭ᠎ᠠ ᠲᠠᠢ᠂ ᠰᠠᠭᠤᠭᠠᠯᠢ ᠠᠷᠠᠳ ᠲᠤ ᠠᠵᠦ ᠠᠬᠤᠢ ᠶᠢᠨ | ᠬᠦᠭᠵᠢᠯᠲᠡ ᠶᠢᠨ ᠠᠮᠵᠢᠯᠲᠠ ᠪᠦᠲᠦᠮᠵᠢ ᠶᠢ ᠬᠠᠮᠳᠤᠪᠡᠷ ᠡᠳ᠋ᠯᠡᠭᠦᠯᠬᠦ ᠬᠡᠷᠡᠭᠲᠡᠢ︔ ᠪᠤᠲᠠᠰ ᠤᠨ ᠦᠨ᠎ᠡ ᠶᠢᠨ | ᠲᠦᠪᠰᠢᠨ ᠲᠠᠢ ᠬᠤᠯᠪᠤᠭ᠎ᠠ ᠲᠠᠢ ᠪᠠᠶᠢᠵᠦ᠂ ᠬᠤᠲᠠᠯᠲᠤᠨ ᠠᠪᠬᠤ ᠴᠢᠲᠠᠪᠤᠷᠢ ᠶᠢ ᠪᠠᠭᠤᠷᠠᠭᠤᠯᠬᠤ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ︔ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠲᠤᠬᠢᠷᠠᠭᠤᠯᠤᠯᠲᠠ ᠶᠢᠨ | ᠲᠦᠪᠰᠢᠨ ᠲᠠᠢ ᠬᠤᠯᠪᠤᠭ᠎ᠠ ᠲᠠᠢ ᠪᠠᠶᠢᠵᠦ᠂ ᠬᠤᠲᠠ ᠬᠦᠲᠡᠭᠡ ᠶᠢᠨ ᠰᠠᠭᠤᠭᠠᠯᠢ ᠠᠷᠠᠳ ᠪᠤᠯᠤᠨ ᠠᠵᠢᠯ ᠠᠴᠠ ᠪᠠᠨ | ᠠᠮᠠᠷᠠᠬᠰᠠᠨ ᠠᠵᠢᠯᠲᠠᠨ ᠤ ᠬᠤᠭᠤᠷᠤᠨᠳᠤᠬᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠤᠷᠤᠯᠭ᠎ᠠ ᠶᠢᠨ | ᠵᠦᠷᠢᠶ᠎ᠡ ᠶᠢ ᠶᠡᠬᠡᠰᠬᠡᠬᠦ ᠠᠴᠠ ᠵᠠᠶᠢᠯᠠᠰᠬᠢᠬᠤ ᠬᠡᠷᠡᠭᠲᠡᠢ ᠬᠡᠵᠦ ᠢᠯᠡᠳᠬᠡᠪᠡ᠃ ᠬᠤᠪᠢ ᠬᠦᠮᠦᠨ ᠤ ᠰᠦᠢᠳᠬᠡᠯ | ᠲᠤᠰᠢᠶᠠᠬᠤ ᠲᠡᠰ ᠤᠨ ᠪᠠᠷᠢᠮᠵᠢᠶ᠎ᠠ ᠶᠢ ᠲᠤᠬᠢᠷᠠᠭᠤᠯᠬᠤ ᠲᠤᠬᠲᠠᠴᠠ ᠶᠢ ᠪᠠᠶᠢᠭᠤᠯᠤᠨ᠎ᠠ | — ᠲᠡᠰ ᠢ ᠵᠤᠬᠢᠰᠲᠠᠢ ᠲᠤᠬᠲᠠᠭᠠᠬᠤ ᠪᠠ ᠲᠤᠬᠢᠷᠠᠭᠤᠯᠤᠨ᠎ᠠ | ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠢ ᠪᠠᠶᠢᠭᠤᠯᠬᠤ ᠳᠤ᠂ ᠬᠤᠪᠢ | ᠬᠦᠮᠦᠨ ᠤ ᠰᠦᠢᠳᠬᠡᠯ ᠲᠤᠰᠢᠶᠠᠬᠤ ᠲᠡᠰ ᠢ ᠵᠢᠯ ᠪᠤᠯᠭᠠᠨ ᠤ 100 ᠲᠦᠭᠦᠷᠢᠭ᠂ 200 ᠲᠦᠭᠦᠷᠢᠭ᠂ 300 | ᠲᠦᠭᠦᠷᠢᠭ᠂ 400 ᠲᠦᠭᠦᠷᠢᠭ᠂ 500 ᠲᠦᠭᠦᠷᠢᠭ᠂ 600 ᠲᠦᠭᠦᠷᠢᠭ᠂ 700 ᠲᠦᠭᠦᠷᠢᠭ᠂ 800 | ᠲᠦᠭᠦᠷᠢᠭ᠂ 900 ᠲᠦᠭᠦᠷᠢᠭ᠂ 1000 ᠲᠦᠭᠦᠷᠢᠭ᠂ 1500 ᠲᠦᠭᠦᠷᠢᠭ᠂ 2000 ᠲᠦᠬᠦᠷᠢᠭ ᠤᠨ 12 | ᠲᠡᠰ ᠬᠤᠪᠢᠶᠠᠵᠦ᠂ ᠮᠤᠵᠢ ︵ᠦᠪᠡᠷᠲᠡᠭᠡᠨ ᠵᠠᠰᠬᠠᠤ ᠤᠷᠤᠨ᠂ ᠬᠤᠲᠠ︶ ᠶᠢᠨ ᠠᠷᠠᠳ ᠤᠨ ᠵᠠᠰᠠᠭ ᠤᠨ ᠤᠷᠳᠤᠨ | ᠪᠤᠲᠠᠲᠤ ᠪᠠᠶᠢᠲᠠᠯ ᠢᠶᠠᠨ ᠦᠨᠳᠦᠰᠦᠯᠡᠨ ᠰᠦᠢᠳᠬᠡᠯ ᠲᠤᠰᠢᠶᠠᠬᠤ ᠲᠡᠰ ᠢ ᠨᠡᠮᠡᠨ ᠲᠤᠬᠢᠷᠠᠭᠤᠯᠵᠦ ᠪᠤᠯᠤᠨ᠎ᠠ᠃ ᠲᠤᠰ | ︽ᠰᠠᠨᠠᠯ︾ ᠳᠤ ᠲᠠᠬᠢᠨᠲᠠ ᠴᠢᠬᠤᠯᠠᠴᠢᠯᠠᠬᠰᠠᠨ ᠨᠢ᠂ ᠡᠯ᠎ᠡ ᠭᠠᠵᠠᠷ ᠤᠨ ᠬᠢᠨ ᠬᠤᠲᠠ ᠬᠦᠲᠡᠭᠡ ᠶᠢᠨ ᠰᠠᠭᠤᠭᠠᠯᠢ | ᠠᠷᠠᠳ ᠤᠨ ᠤᠷᠤᠯᠭ᠎ᠠ ᠶᠢᠨ ᠨᠡᠮᠡᠭᠲᠡᠯ ᠤᠨ ᠪᠠᠶᠢᠲᠠᠯ ᠢ ᠦᠨᠳᠦᠰᠦᠯᠡᠨ᠂ ᠬᠤᠲᠠ ᠬᠦᠲᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠦᠢᠳᠬᠡᠯ ᠲᠤᠰᠢᠶᠠᠬᠤ ᠲᠡᠰ ᠤᠨ ᠪᠠᠷᠢᠮᠵᠢᠶ᠎ᠠ ᠶᠢ | ᠵᠤᠬᠢᠰᠲᠠᠢ ᠲᠤᠬᠲᠠᠭᠠᠬᠤ ᠪᠠ ᠲᠤᠬᠢᠷᠠᠭᠤᠯᠵᠦ᠂ ᠬᠤᠲᠠ ᠬᠦᠲᠡᠭᠡ ᠶᠢᠨ ᠰᠠᠭᠤᠭᠠᠯᠢ ᠠᠷᠠᠳ ᠲᠤ ᠰᠤᠩᠭᠤᠯᠲᠠ | ᠬᠠᠩᠭᠠᠬᠤ ᠬᠡᠷᠡᠭᠲᠡᠢ ᠬᠡᠵᠡᠢ᠃ | ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ᠂ ᠨᠠᠭᠠᠲᠦ ᠵᠠᠬ᠎ᠠ ᠶᠢᠨ ᠰᠦᠢᠳᠬᠡᠯ ᠲᠤᠰᠢᠶᠠᠬᠤ ᠲᠡᠰ ᠤᠨ ᠪᠠᠷᠢᠮᠵᠢᠶ᠎ᠠ ᠶᠢ ᠲᠤᠬᠠᠢ ᠶᠢᠨ | ᠭᠠᠵᠠᠷ ᠤᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠲᠡᠯ ᠢ ᠲᠠᠭᠠᠯᠲᠤᠨ ᠵᠤᠬᠢᠰᠲᠠᠢ | ᠨᠡᠮᠡᠭᠲᠡᠭᠦᠯᠵᠦ᠂ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠲᠠᠷᠤᠭᠠᠰᠤ ᠶᠢ ᠲᠤᠬᠢᠷᠠᠮᠵᠢᠲᠠᠢ ᠪᠠᠶᠢᠯᠭᠠᠬᠤ ᠶᠢ | ᠪᠠᠲᠤᠯᠠᠬᠤ ᠶᠢᠨ ᠬᠠᠮᠲᠦ᠂ ᠬᠤᠪᠢ ᠬᠦᠮᠦᠨ ᠤ ᠲᠡᠩᠰᠠᠨ ᠡᠷᠦᠭᠡ ᠳᠠᠬᠢ ᠬᠠᠲᠠᠭᠠᠯᠠᠮᠵᠢ ᠶᠢᠨ ᠬᠡᠮᠵᠢᠶ᠎ᠡ ᠶᠢ ᠬᠡᠪ ᠤᠨ | ᠶᠤᠰᠤᠭᠠᠷ ᠦᠰᠬᠡᠬᠦ ᠶᠢ ᠠᠬᠢᠭᠤᠯᠵᠦ᠂ ᠬᠤᠪᠢ ᠬᠦᠮᠦᠨ ᠤ ᠲᠠᠩᠰᠠᠨ ᠡᠷᠦᠭᠡ ᠳᠠᠬᠢ ᠨᠠᠰᠤᠵᠢᠯ ᠤᠨ ᠠᠰᠠᠷᠠᠮᠵᠢ ᠶᠢᠨ | ᠮᠦᠩᠬᠦ ᠶᠢᠨ ᠲᠦᠪᠰᠢᠨ ᠢ ᠲᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠬᠡᠵᠦ ᠢᠯᠡᠳᠬᠡᠪᠡ᠃ | ᠰᠤᠷᠪᠤᠯᠵᠢᠯᠠᠬᠴᠢ ᠶᠢᠨ ᠠᠩᠬᠠᠷᠴᠤ ᠮᠡᠲᠡᠭᠰᠡᠨ ᠢᠶᠠᠷ᠂ ᠡᠨᠡ ᠵᠢᠯ ᠠᠴᠠ ᠨᠠᠰᠢ ᠤᠯᠠᠩᠬᠢ ᠭᠠᠵᠠᠷ ᠤᠷᠤᠨ | ᠰᠦᠢᠳᠬᠡᠯ ᠲᠤᠰᠢᠶᠠᠬᠤ ᠲᠡᠰ ᠲᠤ ᠲᠤᠬᠢᠷᠠᠭᠤᠯᠤᠯᠲᠠ ᠬᠢᠵᠡᠢ᠃ ᠵᠢᠱᠢᠶᠡᠯᠡᠪᠡᠯ᠂ ᠾᠧᠨᠠᠨ ᠮᠤᠵᠢ ᠬᠤᠲᠠ | ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠨᠠᠭᠠᠲᠦ ᠵᠠᠬ᠎ᠠ ᠶᠢᠨ ᠰᠦᠢᠳᠬᠡᠯ | ᠲᠤᠰᠢᠶᠠᠬᠤ ᠲᠡᠰ ᠲᠤ ᠲᠤᠬᠢᠷᠠᠭᠤᠯᠤᠯᠲᠠ ᠬᠢᠭᠡᠳ ᠬᠦᠮᠦᠨ ᠪᠦᠷᠢ ᠵᠢᠯ ᠪᠤᠯᠭᠠᠨ 200 ᠲᠦᠭᠦᠷᠢᠭ ᠪᠤᠯᠭᠠᠵᠦ᠂ | ᠬᠦᠮᠦᠨ ᠪᠦᠷᠢ ᠵᠢᠯ ᠪᠤᠯᠭᠠᠨ ᠤ 100 ᠲᠦᠭᠦᠷᠢᠭ ᠤᠨ ᠨᠠᠭᠠᠲᠦ ᠵᠠᠬ᠎ᠠ ᠶᠢᠨ ᠰᠦᠢᠳᠬᠡᠯ ᠲᠤᠰᠢᠶᠠᠬᠤ ᠲᠡᠰ ᠢ | ᠦᠭᠡᠶᠢᠰᠬᠡᠵᠡᠢ᠃ | ᠰᠦᠢᠳᠬᠡᠯ ᠲᠤᠰᠢᠶᠠᠬᠤ ᠨᠦᠬᠦᠪᠦᠷᠢ ᠶᠢ ᠬᠦᠲᠡᠯᠦᠩᠬᠦᠢ ᠲᠤᠬᠢᠷᠠᠭᠤᠯᠬᠤ ᠲᠤᠬᠲᠠᠴᠠ ᠶᠢ ᠪᠠᠶᠢᠭᠤᠯᠤᠨ᠎ᠠ | — ︽ᠢᠯᠡᠭᠦᠦ ᠲᠤᠰᠢᠶᠠᠪᠠᠯ ᠢᠯᠡᠭᠦᠦ ᠨᠦᠬᠦᠪᠦᠷᠢ ᠤᠯᠭᠤᠬᠤ︾ ᠲᠡᠭᠡᠲᠦ ᠲᠡᠰ ᠤᠨ ᠰᠦᠢᠳᠬᠡᠯ ᠲᠤᠰᠢᠶᠠᠬᠤ | ᠰᠤᠩᠭᠤᠯᠲᠠ ᠵᠦᠭ ᠬᠦᠲᠦᠯᠦᠨ᠎ᠡ | ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠪᠠᠯ ᠵᠠᠰᠠᠭ ᠤᠨ | ᠤᠷᠳᠤᠨ ᠤ ᠰᠦᠢᠳᠬᠡᠯ ᠲᠤᠰᠢᠶᠠᠬᠤ ᠨᠦᠬᠦᠪᠦᠷᠢ ᠶᠢ ᠡᠳ᠋ᠯᠡᠵᠦ ᠪᠤᠯᠤᠨ᠎ᠠ᠃ ︽ᠰᠠᠨᠠᠯ︾ ᠳᠤ ᠱᠠᠭᠠᠷᠲᠠᠬᠰᠠᠨ ᠨᠢ᠂ | ᠡᠯ᠎ᠡ ᠭᠠᠵᠠᠷ ᠤᠨ ᠬᠢᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠤᠨ ᠨᠠᠰᠤᠵᠢᠯ ᠤᠨ ᠲᠠᠭᠠᠳᠬᠠᠯ ᠤᠨ | ᠰᠦᠢᠳᠬᠡᠯ ᠲᠤᠰᠢᠶᠠᠬᠤ ᠨᠦᠬᠦᠪᠦᠷᠢ ᠶᠢ ᠬᠦᠲᠡᠯᠦᠩᠬᠦᠢ ᠲᠤᠬᠢᠷᠠᠭᠤᠯᠬᠤ ᠲᠤᠬᠲᠠᠴᠠ ᠶᠢ ᠪᠠᠶᠢᠭᠤᠯᠵᠦ᠂ ᠠᠵᠦ | ᠠᠬᠤᠢ ᠶᠢᠨ ᠬᠦᠭᠵᠢᠯᠲᠡ᠂ ᠬᠤᠪᠢ ᠬᠦᠮᠦᠨ ᠤ ᠰᠦᠢᠳᠬᠡᠯ ᠲᠤᠰᠢᠶᠠᠬᠤ ᠪᠠᠷᠢᠮᠵᠢᠶ ᠠ ᠶᠢᠨ ᠲᠡᠭᠡᠭᠰᠢᠯᠡᠯᠲᠡ ᠪᠤᠯᠤᠨ | ᠡᠳ᠋ ᠤᠨ ᠬᠦᠴᠦᠨ ᠤ ᠪᠠᠶᠢᠲᠠᠯ ᠢᠶᠠᠨ ᠦᠨᠳᠦᠰᠦᠯᠡᠨ᠂ ᠰᠦᠢᠳᠬᠡᠯ ᠲᠤᠰᠢᠶᠠᠬᠤ ᠨᠦᠬᠦᠪᠦᠷᠢ ᠶᠢᠨ ᠲᠦᠪᠰᠢᠨ ᠳᠤ | ᠲᠤᠬᠢᠷᠠᠮᠵᠢᠲᠠᠢ ᠲᠤᠬᠢᠷᠠᠭᠤᠯᠤᠯᠲᠠ ᠬᠢᠬᠦ ᠬᠡᠷᠡᠭᠲᠡᠢ ᠬᠡᠵᠡᠢ᠃ | ᠡᠭᠦᠨ ᠳᠤ ᠲᠡᠭᠡᠲᠦ ᠲᠡᠰ ᠤᠨ ᠰᠦᠢᠳᠬᠡᠯ ᠲᠤᠰᠢᠶᠠᠬᠤ ᠶᠢ ᠰᠤᠩᠭᠤᠬᠰᠠᠨ ᠬᠦᠮᠦᠰ ᠲᠤ ᠰᠦᠢᠳᠬᠡᠯ | ᠲᠤᠰᠢᠶᠠᠬᠤ ᠨᠦᠬᠦᠪᠦᠷᠢ ᠶᠢ ᠨᠢ ᠵᠤᠬᠢᠰᠲᠠᠢ ᠨᠡᠮᠡᠭᠲᠡᠭᠦᠯᠵᠦ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠲᠡᠭᠡᠲᠦ | ᠲᠡᠰ ᠤᠨ ᠪᠠᠷᠢᠮᠵᠢᠶ᠎ᠠ ᠶᠢ ᠰᠤᠩᠭᠤᠨ ᠰᠦᠢᠳᠬᠡᠯ ᠲᠤᠰᠢᠶᠠᠯᠭᠠᠬᠤ ᠪᠠᠷ ᠬᠦᠲᠦᠯᠦᠨ᠎ᠡ᠃ | ᠵᠠᠩ ᠶᠢᠩ ᠬᠤᠸᠠ ᠶᠢᠨ ᠦᠵᠡᠬᠦ ᠪᠠᠷ᠂ ᠡᠨᠡ ᠨᠢ ︽ᠢᠯᠡᠭᠦᠦ ᠲᠤᠰᠢᠶᠠᠪᠠᠯ ᠢᠯᠡᠭᠦᠦ ᠨᠦᠬᠦᠪᠦᠷᠢ ᠤᠯᠭᠤᠬᠤ︾ | ᠲᠤᠬᠲᠠᠴᠠ ᠶᠢ ᠪᠠᠶᠢᠭᠤᠯᠬᠤ ᠪᠠ ᠲᠡᠭᠦᠯᠲᠡᠷᠵᠢᠭᠦᠯᠬᠦ ᠶᠢ ᠴᠢᠬᠤᠯᠠᠴᠢᠯᠠᠵᠦ᠂ ᠲᠠᠭᠠᠳᠬᠠᠯ ᠳᠤ ᠤᠷᠤᠯᠴᠠᠬᠰᠠᠳ ᠤᠨ | ᠢᠯᠡᠭᠦᠦ ᠰᠦᠢᠳᠬᠡᠯ ᠲᠤᠰᠢᠶᠠᠬᠤ ᠶᠢ ᠵᠤᠷᠢᠬᠵᠢᠭᠤᠯᠤᠨ᠂ ᠢᠷᠡᠭᠡᠲᠦᠢ ᠳᠤ ᠨᠡᠩ ᠦᠨᠳᠦᠷ ᠨᠠᠰᠤᠵᠢᠯ ᠤᠨ | ᠠᠰᠠᠷᠠᠮᠵᠢ ᠶᠢᠨ ᠮᠦᠩᠬᠦ ᠬᠦᠷᠲᠡᠵᠦ᠂ ᠪᠠᠲᠤᠯᠠᠪᠤᠷᠢ ᠶᠢᠨ ᠲᠦᠪᠰᠢᠨ ᠢ ᠲᠡᠭᠡᠭᠰᠢᠯᠡᠭᠦᠯᠬᠦ ᠪᠠᠷ ᠵᠤᠷᠢᠯᠭ᠎ᠠ ᠪᠤᠯᠭᠠᠵᠠᠢ᠃ | ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ | ᠮᠦᠩᠬᠦ ᠳᠤ ᠨᠠᠶᠢᠲᠠᠨ ᠪᠡᠯᠡ ᠤᠷᠤᠭᠤᠯᠬᠤ ᠠᠵᠢᠯ ᠢ ᠦᠷᠨᠢᠭᠦᠯᠦᠨ᠎ᠡ | — ᠬᠤᠪᠢ ᠬᠦᠮᠦᠨ ᠤ ᠲᠠᠩᠰᠠᠨ ᠡᠷᠦᠭᠡ ᠳᠠᠬᠢ ᠰᠠᠭᠤᠷᠢ ᠮᠦᠩᠬᠦ ᠶᠢᠨ ᠦᠷᠲᠡᠭ ᠢ ᠪᠠᠲᠤᠯᠠᠵᠦ ᠦᠷᠲᠡᠭ ᠢ | ᠨᠡᠮᠡᠭᠲᠡᠭᠦᠯᠬᠦ ᠶᠢ ᠪᠡᠶᠡᠯᠡᠭᠦᠯᠦᠨ᠎ᠡ | ︽ᠰᠠᠨᠠᠯ︾ ᠳᠤ ᠱᠠᠭᠠᠷᠲᠠᠬᠰᠠᠨ ᠨᠢ᠂ ᠡᠯ᠎ᠡ ᠭᠠᠵᠠᠷ ᠤᠨ ᠬᠢᠨ ︽ᠦᠨᠳᠦᠰᠦᠨ ᠨᠠᠰᠤᠵᠢᠯ ᠤᠨ ᠲᠠᠭᠠᠳᠬᠠᠯ ᠤᠨ | ᠰᠠᠭᠤᠷᠢ ᠮᠦᠩᠬᠦ ᠶᠢᠨ ᠪᠡᠯᠡ ᠤᠷᠤᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠲᠠᠷᠤᠮᠠᠯᠯᠠᠨ ᠲᠠᠷᠬᠠᠭᠠᠬᠤ ᠲᠤᠬᠠᠢ | ᠲᠦᠷᠦ ᠶᠢᠨ ᠶᠠᠪᠤᠲᠠᠯ ᠤᠨ ᠬᠤᠷᠢᠶ᠎ᠠ ᠶᠢᠨ ᠮᠡᠲᠡᠭᠲᠡᠯ︾ ᠤᠨ ᠱᠠᠭᠠᠷᠲᠠᠯᠭ᠎ᠠ ᠪᠤᠯᠤᠨ ᠲᠤᠬᠲᠠᠭᠠᠯ ᠶᠤᠰᠤᠭᠠᠷ᠂ ᠬᠤᠲᠠ | ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ ᠶᠢ ᠨᠠᠶᠢᠲᠠᠨ | ᠪᠡᠯᠡ ᠤᠷᠤᠭᠤᠯᠬᠤ ᠠᠵᠢᠯ ᠢ ᠦᠷᠨᠢᠭᠦᠯᠵᠦ᠂ ᠰᠠᠭᠤᠷᠢ ᠮᠦᠩᠬᠦ ᠶᠢᠨ ᠦᠷᠲᠡᠭ ᠢ ᠪᠠᠲᠤᠯᠠᠨ ᠦᠷᠲᠡᠭ ᠢ | ᠨᠡᠮᠡᠭᠲᠡᠭᠦᠯᠬᠦ ᠶᠢ ᠪᠡᠶᠡᠯᠡᠭᠦᠯᠵᠦ᠂ ᠬᠤᠪᠢ ᠬᠦᠮᠦᠨ ᠤ ᠲᠠᠩᠰᠠᠨ ᠡᠷᠦᠭᠡ ᠳᠠᠬᠢ ᠨᠠᠰᠤᠵᠢᠯ ᠤᠨ ᠠᠰᠠᠷᠠᠮᠵᠢ ᠶᠢᠨ | ᠮᠦᠩᠬᠦ ᠶᠢᠨ ᠲᠦᠪᠰᠢᠨ ᠪᠤᠯᠤᠨ ᠰᠠᠭᠤᠷᠢ ᠮᠦᠩᠬᠦ ᠶᠢᠨ ᠲᠤᠭᠠᠴᠠᠭ᠎ᠠ ᠬᠢᠬᠦ ᠴᠢᠲᠠᠪᠤᠷᠢ ᠶᠢ ᠲᠡᠭᠡᠭᠰᠢᠯᠡᠭᠦᠯᠬᠦ ᠬᠡᠷᠡᠭᠲᠡᠢ | ᠬᠡᠵᠡᠢ᠃ | ᠡᠨᠡ ᠨᠢ ᠬᠤᠲᠠ ᠪᠠᠯᠭᠠᠰᠤᠨ ᠤ ᠠᠵᠢᠯᠲᠠᠨ ᠤ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ | ᠮᠦᠩᠬᠦ ᠳᠤ ᠪᠡᠯᠡ ᠤᠷᠤᠭᠤᠯᠤᠨ ᠡᠵᠡᠩᠨᠡᠭᠰᠡᠨ ᠤ ᠲᠠᠷᠠᠭ᠎ᠠ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ ᠳᠤ ᠵᠠᠯᠭᠠᠪᠡᠷ ᠪᠡᠯᠡ ᠤᠷᠤᠭᠤᠯᠵᠦ ᠡᠬᠢᠯᠡᠬᠦ | ᠪᠤᠯᠤᠬᠰᠠᠨ ᠢ ᠬᠠᠷᠠᠭᠤᠯᠵᠦ ᠪᠠᠶᠢᠨ᠎ᠠ᠃ | ᠲᠡᠬᠡᠪᠡᠯ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ | ᠰᠠᠭᠤᠷᠢ ᠮᠦᠩᠬᠦ ᠤᠳᠤ ᠬᠡᠲᠦᠢ ᠪᠤᠯᠤᠬᠰᠠᠨ ᠪᠤᠢ︖ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ | ᠪᠠᠲᠤᠯᠠᠪᠤᠷᠢ ᠶᠢᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2016 ᠤᠨ ᠤ ᠰᠡᠭᠦᠯᠴᠢ ᠪᠤᠯᠲᠠᠯ᠎ᠠ᠂ | ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ | ᠨᠡᠶᠢᠲᠡ 5385 ᠳ᠋ᠦᠩᠰᠢᠭᠤᠷ ᠲᠦᠭᠦᠷᠢᠭ ᠤᠨ ᠦᠯᠡᠲᠡᠪᠦᠷᠢ ᠲᠠᠢ᠃ | ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ | ᠮᠦᠩᠬᠦ ᠳᠤ ᠨᠠᠶᠢᠲᠠᠨ ᠪᠡᠯᠡ ᠤᠷᠤᠭᠤᠯᠬᠤ ᠨᠢ᠂ ᠲᠤᠩ ᠲᠤᠤᠷ᠎ᠠ ᠬᠦᠦ ᠨᠤᠷᠮ᠎ᠠ ᠪᠠᠷ ᠪᠠᠩᠬᠢ ᠳᠤ ᠬᠠᠲᠠᠭᠠᠯᠠᠬᠤ | ᠡᠶᠢᠮᠦᠷᠬᠦ ︽ᠤᠯᠠᠨ ᠮᠦᠩᠬᠦ ᠶᠢ ᠤᠬᠤᠷ ᠬᠤᠭᠤᠴᠠᠭ᠎ᠠ ᠬᠠᠲᠠᠭᠠᠯᠠᠬᠤ︾ ᠬᠡᠯᠪᠡᠷᠢ ᠠᠴᠠ ᠰᠠᠯᠵᠦ᠂ ᠤᠯᠠᠨ | ᠡᠰᠢᠵᠢᠯᠲᠡ ᠶᠢᠨ ᠪᠡᠯᠡ ᠤᠷᠤᠭᠤᠯᠤᠯᠲᠠ ᠪᠠᠷ ᠲᠠᠮᠵᠢᠨ ᠨᠡᠩ ᠰᠠᠶᠢᠨ ᠠᠰᠢᠬ ᠤᠯᠵᠠᠪᠤᠷᠢ ᠤᠯᠵᠦ᠂ ︽ᠤᠯᠠᠨ | ᠮᠦᠩᠬᠦ︾ ᠶᠢᠨ ᠦᠷᠲᠡᠭ ᠢ ᠪᠠᠲᠤᠯᠠᠨ ᠦᠷᠲᠡᠭ ᠢ ᠨᠡᠮᠡᠭᠲᠡᠭᠦᠯᠬᠦ ᠶᠢ ᠪᠠᠶᠡᠯᠡᠭᠦᠯᠬᠦ ᠶᠢ ᠪᠠᠲᠤᠯᠠᠵᠦ᠂ ᠲᠠᠭᠠᠳᠬᠠᠯ ᠳᠤ | ᠤᠷᠤᠯᠴᠠᠬᠰᠠᠳ ᠤᠨ ᠤᠯᠭᠤᠮᠵᠢ ᠶᠢ ᠲᠡᠭᠡᠭᠰᠢᠯᠡᠭᠦᠯᠵᠦ᠂ ᠲᠠᠭᠠᠳᠬᠠᠯ ᠳᠤ ᠤᠷᠤᠯᠴᠠᠭᠰᠠᠳ ᠢ ᠢᠯᠡᠭᠦᠬᠡᠨ ᠰᠦᠢᠳᠬᠡᠯ | ᠲᠤᠰᠢᠶᠠᠯᠭᠠᠵᠦ᠂ ᠤᠷᠳᠤ ᠬᠤᠭᠤᠴᠠᠭ᠎ᠠ ᠰᠦᠢᠳᠬᠡᠯ ᠲᠤᠰᠢᠶᠠᠯᠭᠠᠬᠤ ᠪᠠᠷ ᠤᠷᠮᠠᠰᠢᠭᠤᠯᠤᠨ᠎ᠠ ᠬᠡᠵᠦ ᠵᠠᠩ ᠶᠢᠩ | ᠬᠤᠸᠠ ᠢᠯᠡᠳᠬᠡᠪᠡ᠃ | ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠠᠴᠠ ᠰᠢᠯᠵᠢᠭᠦᠯᠪᠡ | |