ᠳᠠᠭᠠᠭᠠᠴᠢᠯᠠᠭᠰᠠᠨ ᠭᠠᠵᠠᠷ ᠰᠢᠷᠦᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠪᠤᠯ ᠬᠦᠳᠡᠭᠡ | ᠳᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠭᠡ ᠶᠢ ᠰᠠᠯᠭᠠᠬᠤ︾ ᠦᠭᠡᠷᠡᠴᠢᠯᠡᠯᠳᠡ ᠶᠢᠨ ᠲᠡᠷᠢᠬᠦᠨ ᠴᠢᠬᠤᠯᠠ | ᠡᠬᠦᠷᠭᠡ ᠮᠦᠨ᠂ ᠪᠠᠰᠠᠴᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ ᠰᠢᠯᠵᠢᠬᠦᠯᠬᠦ ᠶᠢᠨ ᠤᠷᠢᠳᠠᠯ ᠪᠤᠯᠤᠨ᠎ᠠ᠃ | ᠤᠳᠤᠬᠠᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠠᠵᠢᠯ ᠪᠤᠯ ᠳᠠᠷᠤᠢ | ᠳᠠᠷᠢᠶᠠᠴᠢᠨ ᠡᠷᠦᠭᠡ ᠶᠢᠨ ᠳᠠᠭᠠᠭᠠᠴᠢᠯᠠᠭᠰᠠᠨ ᠭᠠᠵᠠᠷ ᠰᠢᠷᠤᠢ ᠶᠢᠨ ᠮᠡᠳᠡᠭᠡ ᠵᠠᠩᠬᠢ ᠶᠢ ᠳᠠᠩᠰᠠᠨ ᠳᠤ ᠤᠷᠤᠭᠤᠯᠵᠤ᠂ | ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠶᠢᠨ ᠦᠨᠡᠮᠯᠡᠯ ᠳᠠᠷᠬᠠᠭᠠᠵᠤ᠂ ᠳᠠᠷᠢᠶᠠᠴᠢᠳ ᠤᠨ | ᠳᠠᠭᠠᠭᠠᠴᠢᠯᠠᠭᠰᠠᠨ ᠭᠠᠵᠠᠷ ᠰᠢᠷᠤᠢ ᠶᠢᠨ ᠡᠷᠭᠡ ᠠᠰᠢᠬ ᠢ ᠬᠠᠮᠠᠭᠠᠯᠠᠨ᠂ ᠳᠠᠷᠢᠶᠠᠴᠢᠳ ᠢ ᠳᠠᠬᠢᠭᠠᠳ ᠭᠠᠵᠠᠷ | ᠰᠢᠷᠤᠢ ᠳᠠᠭᠠᠨ ᠬᠦᠯᠢᠶᠡᠰᠦᠯᠡᠭᠳᠡᠬᠦ ᠦᠭᠡᠢ ᠪᠤᠯᠭᠠᠬᠤ ᠶᠢᠨ ᠲᠦᠯᠦᠭᠡ ᠶᠤᠮ᠃ | ᠤᠳᠤᠬᠠᠨ ᠳᠤ ᠪᠦᠬᠦ ᠤᠯᠤᠰ ᠤᠨ ᠭᠡᠪᠴᠢᠶᠡᠨ ᠳᠠᠬᠢ ᠬᠦᠳᠡᠭᠡ ᠳᠤᠰᠬᠤᠨ ᠤ ᠭᠠᠵᠠᠷ ᠰᠢᠷᠤᠢ ᠶᠢᠨ | ᠳᠠᠭᠠᠭᠠᠴᠢᠯᠠᠬᠤ ᠡᠷᠬᠡ ᠡᠵᠡᠩᠨᠡᠬᠦ ᠡᠷᠬᠡ ᠦᠮᠴᠢᠯᠡᠬᠦ ᠡᠷᠭᠡ ᠶᠢ ᠳᠤᠳᠤᠯᠠᠨ ᠦᠨᠡᠮᠯᠡᠯ ᠤᠯᠭᠤᠬᠤ ᠶᠢ ᠪᠦᠬᠦ ᠲᠠᠯ᠎ᠠ ᠪᠠᠷ | ᠠᠬᠢᠭᠤᠯᠵᠣ ᠨᠢᠭᠡᠨᠳᠡ 28 ᠮᠣᠵᠢ ᠪᠤᠯᠵᠤ᠂ ᠪᠤᠳᠠᠳᠠᠢ ᠭᠡᠮᠵᠢᠭᠰᠡᠨ ᠬᠦᠳᠡᠭᠡ ᠳᠤᠰᠬᠤᠨ ᠤ ᠳᠠᠭᠠᠭᠠᠴᠢᠯᠠᠭᠰᠠᠨ | ᠭᠠᠵᠠᠷ ᠰᠢᠷᠤᠢ ᠶᠢᠨ ᠳᠠᠯᠠᠪᠠᠢ ᠨᠢ ᠨᠡᠶᠢᠳᠠ 15.2 ᠳ᠋ᠦᠡᠭᠰᠢᠭᠤᠷ ᠮᠦ ᠬᠦᠷᠦᠭᠰᠡᠨ ᠪᠤᠯᠪᠠᠴᠤ ᠦᠮᠴᠢᠯᠡᠯ ᠤᠨ | ᠡᠷᠭᠡ ᠶᠢ ᠳᠤᠳᠤᠯᠠᠭᠰᠠᠨ ᠳᠠᠯᠠᠪᠠᠢ ᠨᠢ ᠬᠠᠷᠢᠨ 11.1 ᠳ᠋ᠦᠡᠭᠰᠢᠭᠤᠷ ᠮᠦ ᠳᠤ ᠯᠠ ᠬᠦᠷᠴᠡᠢ᠃ ᠳᠠᠷᠤᠢ ᠪᠠᠰᠠ | ᠲᠦᠷᠪᠡᠨ ᠤ ᠨᠢᠭᠡ ᠢᠯᠡᠬᠦᠦ ᠶᠢᠨ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠭᠠᠳᠤᠢ ᠭᠡᠰᠡᠨ ᠦᠭᠡ᠃ | ᠡᠨᠡᠬᠦ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢᠨ ᠦᠨᠡᠮᠯᠡᠯ ᠤᠨ ᠬᠤᠪᠢ ᠶᠢᠨ ᠵᠢᠩ ᠨᠢ ᠮᠠᠰᠢ ᠬᠦᠨᠳᠦ᠂ | ᠳᠠᠷᠢᠶᠠᠴᠢᠳ ᠤᠨ ᠭᠠᠵᠠᠷ ᠰᠢᠷᠤᠢ᠂ ᠬᠡᠷ ᠪᠠᠶᠢᠰᠢᠩ ᠤᠨ ᠰᠠᠭᠤᠷᠢᠠ ᠭᠠᠵᠠᠷ ᠵᠡᠷᠭᠡ ᠶᠢᠨ ᠡᠷᠭᠡ ᠠᠰᠢᠬ ᠲᠤ | ᠬᠤᠯᠪᠤᠭᠳᠠᠨ᠂ ᠨᠠᠭᠠᠳᠤ ᠵᠠᠬ᠎ᠠ ᠳᠠᠭᠠᠨ 20 ᠲᠦᠮᠡ ᠠᠴᠠ ᠲᠡᠭᠡᠭᠰᠢ ᠳᠤ ᠬᠦᠷᠬᠦ ᠪᠤᠯᠤᠨ᠎ᠠ᠃ ᠲᠡᠭᠡᠪᠡᠯ ᠡᠳᠡᠭᠡᠷ | ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠶᠠᠭᠤᠨ ᠳᠤ ᠳᠤᠳᠤᠯᠠᠬᠤ ᠦᠭᠡᠢ ᠪᠤᠢ︖ ᠴᠤᠬᠤᠮ ᠶᠠᠮᠠᠷᠰᠢᠦ | ᠲᠦᠷᠦᠯ ᠤᠨ ᠳᠠᠭᠠᠭᠠᠴᠢᠯᠠᠭᠰᠠᠨ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠳᠠᠭ ᠦᠭᠡᠢ ᠪᠤᠢ︖ | ᠭᠤᠤᠯᠳᠠᠭᠤ ᠳᠤᠤᠷᠠᠬᠢ ᠮᠡᠳᠦ ᠭᠤᠷᠪᠠᠨ ᠲᠦᠷᠦᠯ ᠪᠤᠢ᠃ | ᠨᠢᠭᠡ᠂ ᠳᠠᠳᠠᠪᠤᠷᠢᠯᠠᠨ ᠭᠡᠷᠡᠭᠯᠡᠭᠳᠡᠭᠰᠡᠨ ᠮᠦᠷᠲᠡᠭᠡᠨ ᠳᠠᠳᠠᠪᠤᠷᠢᠯᠠᠨ ᠭᠡᠷᠡᠭᠯᠡᠬᠦ ᠭᠡᠷ᠎ᠡ ᠳᠤᠭᠳᠠᠭᠰᠠᠨ ᠤ ᠬᠠᠮᠳᠤ | ᠲᠦᠯᠦᠪᠦᠷᠢ ᠤᠯᠭᠤᠭᠰᠠᠨ ᠭᠠᠵᠠᠷ ᠰᠢᠷᠤᠢ | ᠡᠶᠢᠮᠦᠷᠬᠦ ᠭᠠᠵᠠᠷ ᠰᠢᠷᠤᠢ᠂ ᠳᠠᠳᠠᠪᠤᠷᠢᠯᠠᠨ ᠭᠡᠷᠡᠭᠯᠡᠭᠰᠡᠨ ᠠᠴᠠ ᠭᠠᠵᠠᠷ ᠰᠢᠷᠤᠢ ᠶᠢ ᠭᠡᠷᠡᠭᠯᠡᠬᠦ ᠠᠷᠭ᠎ᠠ ᠵᠠᠮ ᠨᠢ | ᠤᠯᠤᠰ ᠤᠨ ᠦᠮᠴᠢᠯᠡᠯ ᠤᠨ ᠭᠠᠵᠠᠷ ᠰᠢᠷᠤᠢ ᠪᠤᠯᠵᠤ᠂ ᠳᠠᠷᠢᠶᠠᠴᠢᠳ ᠴᠤ ᠲᠦᠯᠦᠪᠦᠷᠢ ᠤᠯᠤᠭᠰᠠᠨ ᠳᠤᠯᠠ ᠭᠠᠵᠠᠷ | ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠪᠠᠨ ᠠᠯᠳᠠᠪᠠ᠃ ᠭᠡᠯᠡᠯᠭᠡᠨ ᠦᠭᠡᠢ᠂ ᠦᠮᠴᠢᠯᠡᠯ ᠤᠨ ᠡᠷᠭᠡ ᠶᠢ | ᠳᠠᠬᠢᠭᠠᠳ ᠳᠤᠳᠤᠯᠠᠵᠤ ᠪᠤᠯᠬᠤ ᠦᠭᠡᠢ᠃ | ᠬᠤᠶᠠᠷ᠂ ᠭᠠᠵᠠᠷ ᠰᠢᠷᠤᠢ ᠶᠢᠨ ᠡᠷᠭᠡ ᠶᠢᠨ ᠬᠠᠷᠢᠶᠠᠯᠠᠯ ᠨᠢ ᠳᠤᠳᠤᠷᠬᠠᠢ ᠦᠭᠡᠢ᠂ ᠮᠠᠷᠭᠤᠭᠠᠨ ᠲᠠᠢ ᠭᠠᠵᠠᠷ | ᠰᠢᠷᠤᠢ ᠶᠢᠨ ᠦᠮᠴᠢᠯᠡᠯ ᠤᠨ ᠡᠷᠭᠡ ᠶᠢ ᠲᠦᠷ ᠳᠤᠳᠤᠯᠠᠬᠤ ᠦᠭᠡᠢ | ᠬᠦᠳᠡᠭᠡ ᠳᠤᠰᠬᠤᠨ ᠳᠤ ᠳᠠᠷᠢᠶᠠᠨ ᠭᠠᠵᠠᠷ ᠢᠶᠠᠨ ᠬᠠᠷᠢᠯᠴᠠᠨ ᠰᠤᠯᠢᠬᠤ᠂ ᠭᠠᠵᠠᠷ ᠤᠨ ᠵᠠᠭᠠᠭ ᠱᠤᠭᠤᠮ ᠨᠢ | ᠳᠤᠳᠤᠷᠬᠠᠢ ᠦᠭᠡᠢ ᠵᠡᠷᠭᠡ ᠠᠴᠠ ᠭᠠᠵᠠᠷ ᠰᠢᠷᠤᠢ ᠶᠢᠨ ᠦᠮᠴᠢᠯᠡᠯ ᠤᠨ ᠡᠷᠭᠡ ᠨᠢ ᠳᠤᠳᠤᠷᠬᠠᠢ ᠦᠭᠡᠢ ᠪᠠᠶᠢᠳᠠᠭ᠃ | ᠬᠦᠳᠡᠭᠡ ᠳᠤᠰᠬᠤᠨ ᠳᠤ ᠡᠶᠢᠮᠦᠷᠬᠦ ᠭᠠᠵᠠᠷ ᠰᠢᠷᠤᠢ ᠲᠡᠶᠢᠮᠦ ᠠᠷᠪᠢᠨ ᠪᠢᠰᠢ ᠪᠤᠯᠪᠠᠴᠤ ᠡᠶᠢᠮᠦᠷᠬᠦ ᠪᠠᠶᠢᠳᠠᠯ | ᠭᠠᠷᠤᠭᠰᠠᠭᠠᠷ ᠭᠠᠵᠠᠷ ᠰᠢᠷᠤᠢ ᠶᠢᠨ ᠡᠷᠭᠡ ᠶᠢᠨ ᠬᠠᠷᠢᠶᠠᠯᠠᠯ ᠨᠢ ᠳᠤᠳᠤᠷᠬᠠᠢ ᠦᠭᠡᠢ᠂ ᠦᠮᠴᠢᠯᠡᠯ ᠤᠨ ᠡᠷᠭᠡ ᠶᠢ | ᠳᠤᠳᠤᠯᠠᠬᠤ ᠳᠤᠭᠤᠢᠢᠯᠠᠩ ᠴᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠨᠢ ᠭᠡᠨ ᠤ ᠬᠢ ᠪᠠᠶᠢᠪᠠᠯ ᠳᠠᠭᠠᠷᠠᠬᠤ ᠶᠢ | ᠮᠡᠳᠡᠬᠦ ᠦᠭᠡᠢ ᠦᠶᠡᠰ ᠳᠤᠳᠤᠯᠠᠬᠤ ᠦᠭᠡᠢ᠃ ᠳᠤᠰᠬᠤᠨ ᠤ ᠬᠠᠮᠳᠤ ᠠᠴᠠ ᠪᠠᠶᠢᠴᠠᠭᠠᠵᠤ ᠬᠢᠨᠠᠨ ᠬᠠᠷᠭᠤᠭᠤᠯᠬᠤ | ᠪᠤᠶᠤ ᠵᠤᠬᠢᠴᠠᠭᠤᠯᠤᠭᠠᠳ ᠵᠦᠪᠳᠡᠯᠴᠡᠭᠡᠷ ᠳᠤᠭᠳᠠᠭᠰᠠᠨ ᠤ ᠳᠠᠷᠠᠭ᠎ᠠ ᠰᠠᠶ᠋ᠢ ᠦᠮᠴᠢᠯᠡᠯ ᠤᠨ ᠡᠷᠭᠡ ᠶᠢ ᠳᠤᠳᠤᠯᠠᠨ | ᠦᠨᠡᠮᠯᠡᠯ ᠳᠠᠷᠬᠠᠭᠠᠨ᠎ᠠ᠃ | ᠭᠤᠷᠪᠠ᠂ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠰᠠᠨ ᠭᠠᠵᠠᠷ ᠰᠢᠷᠤᠢ | ᠡᠮᠦᠨ᠎ᠡ ᠭᠡᠳᠦᠨ ᠵᠢᠯ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠤ ᠲᠦᠷᠦ ᠶᠢᠨ ᠪᠤᠳᠤᠯᠭ᠎ᠠ ᠶᠢ | ᠭᠡᠷᠡᠭᠵᠢᠬᠦᠯᠦᠭᠰᠡᠨ ᠠᠴᠠ ᠤᠯᠠᠨ ᠳᠠᠷᠢᠶᠠᠴᠢᠨ ᠤᠷᠢᠶᠠᠯᠠᠭ᠎ᠠ ᠶᠢ ᠲᠠᠭᠠᠨ ᠳᠠᠷᠢᠶᠠᠯᠠᠬᠤ ᠪᠠᠨ ᠵᠤᠭᠰᠤᠭᠠᠨ ᠤᠢ ᠮᠤᠳᠤ | ᠳᠠᠷᠢᠬᠤ ᠵᠦᠪᠳᠡᠯᠴᠡᠭᠡᠷ ᠳᠤᠭᠳᠠᠭᠰᠠᠨ ᠤ ᠬᠠᠮᠳᠤ ᠭᠠᠵᠠᠷ ᠰᠢᠷᠤᠢ ᠪᠠᠨ ᠨᠢᠭᠡᠨᠳᠡ ᠤᠢᠢᠵᠢᠭᠤᠯᠤᠭᠰᠠᠨ ᠮᠦᠷᠲᠡᠭᠡᠨ | ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠤ ᠨᠦᠬᠦᠪᠦᠷᠢ ᠠᠪᠤᠭᠰᠠᠨ ᠪᠤᠯ ᠨᠢᠭᠡᠨᠳᠡ ᠳᠠᠷᠢᠶᠠᠯᠠᠬᠤ ᠶᠢ | ᠵᠤᠭᠰᠤᠭᠠᠨ ᠤᠢ ᠮᠤᠳᠤ ᠳᠠᠷᠢᠭᠰᠠᠨ ᠭᠠᠵᠠᠷ ᠰᠢᠷᠤᠢ ᠳᠠᠭᠠᠨ ᠳᠠᠬᠢᠭᠠᠳ ᠦᠮᠴᠢᠯᠡᠯ ᠤᠨ ᠡᠷᠭᠡ ᠶᠢ ᠳᠤᠳᠤᠯᠠᠭᠤᠯᠵᠤ | ᠪᠤᠯᠬᠤ ᠦᠭᠡᠢ᠃ ᠬᠡᠶ᠎ᠡ ᠤᠢ ᠰᠢᠭᠤᠢ ᠶᠢᠨ ᠦᠮᠴᠢᠯᠡᠯ ᠤᠨ ᠡᠷᠭᠡ ᠶᠢᠨ ᠦᠨᠡᠮᠯᠡᠯ ᠠᠪᠤᠭᠠᠳᠤᠢ ᠮᠦᠷᠲᠡᠭᠡᠨ | ᠨᠦᠬᠦᠪᠦᠷᠢ ᠤᠯᠤᠭᠠᠳᠤᠢ ᠪᠤᠯ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠭᠤᠯᠵᠤ ᠪᠤᠯᠤᠨ᠎ᠠ᠃ | 2018 ᠤᠨ ᠤ ᠰᠡᠬᠦᠯᠴᠢ ᠳᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ | ᠠᠵᠢᠯ ᠲᠡᠬᠦᠰᠬᠦ ᠪᠤᠯᠤᠨ᠎ᠠ᠃ ᠡᠨᠡ ᠨᠢᠭᠡ ᠵᠢᠯ ᠳᠤ ᠦᠮᠴᠢᠯᠡᠯ ᠤᠨ ᠡᠷᠭᠡ ᠶᠢ ᠳᠤᠳᠤᠯᠠᠭᠰᠠᠨ ᠦᠨᠡᠮᠯᠡᠯ ᠤᠯᠤᠭᠠᠳᠤᠢ | ᠳᠠᠷᠢᠶᠠᠴᠢᠳ ᠴᠠᠭ ᠢ ᠵᠠᠪᠳᠤᠨ ᠳᠠᠩᠰᠠᠯᠠᠭᠤᠯᠵᠤ᠂ ᠦᠪᠡᠷ ᠤᠨ ᠬᠠᠤᠯᠢ ᠶᠤᠰᠤᠨ ᠤ ᠡᠷᠭᠡ ᠠᠰᠢᠬ ᠢᠶᠠᠨ | ᠬᠠᠮᠠᠭᠠᠯᠠᠬᠤ ᠳᠤ ᠪᠠᠳᠤᠯᠠᠭ᠎ᠠ ᠲᠠᠢ ᠪᠤᠯᠬᠤ ᠶᠢ ᠠᠩᠬᠠᠷᠤᠭᠤᠰᠢᠳᠠᠢ᠃ | ︵︽ᠳᠤᠮᠳᠠᠳᠤ ᠤᠯᠤᠰ ᠤᠨ ᠰᠢᠩ ᠨᠦᠩ ᠰᠦᠯᠵᠢᠶ᠎ᠡ︾ ᠠᠴᠠ ᠤᠷᠴᠢᠭᠤᠯᠤᠨ ᠨᠠᠶᠢᠷᠡᠭᠤᠯᠵᠤ ᠠᠪᠤᠪᠠ︶ | |