ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠠᠴᠠ ᠳᠠᠷᠬᠠᠭᠠᠭᠰᠠᠨ ︹2015︺63 ᠳ᠋ᠤᠭᠠᠷ ᠨᠤᠮᠧᠷᠳᠥ | ᠡᠯ᠎ᠡ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠥᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠦᠪᠯᠡᠯ ᠂ ᠠᠯᠪᠠᠨ ᠭᠡᠷ᠂ ᠲᠤᠪᠴᠢᠶ᠎ᠠ᠂ ᠡᠯ᠎ᠡ ᠠᠵᠤ ᠠᠬᠤᠢᠢᠯᠠᠯ᠂ ᠠᠵᠢᠯ ᠥᠢᠯᠡᠰ ᠤᠨ ᠨᠢᠭᠡᠴᠡ᠂ ᠤᠯᠤᠰ ᠪᠤᠯᠤᠨ | ᠣᠷᠣᠨ ᠠᠴᠠ ᠰᠢᠭᠤᠳ ᠬᠠᠮᠢᠶᠠᠷᠬᠤ ᠨᠢᠭᠡᠴᠡ᠄ | ᠠᠶᠢᠮᠠᠭ ᠤᠨ ᠵᠠᠬᠢᠷᠭ᠎ᠠ ᠶᠢᠨ ᠵᠦᠪᠰᠢᠶᠡᠷᠡᠯ ᠢᠶᠠᠷ᠂ ᠳᠤᠤᠷ᠎ᠠ ︽ᠬᠢᠨᠭ᠍ᠭᠠᠨ ᠠᠶᠢᠮᠠᠭ ᠤᠨ 2015 ᠤᠨ ᠤ | ᠢᠳᠡᠭᠡᠨ ᠤ ᠠᠮᠥᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ︾ ᠶᠢ ᠲᠠᠨᠥᠰ ᠲᠤ ᠬᠡᠪᠯᠡᠨ | ᠳᠠᠷᠬᠠᠭᠠᠵᠤ ᠦᠭᠬᠦ ᠪᠤᠯᠤᠯ᠎ᠠ᠂ ᠨᠠᠷᠢᠨ ᠬᠢᠨᠠᠮᠠᠭᠠᠢ ᠲᠤᠤᠱᠯᠠᠭᠤᠯᠥᠨ ᠬᠡᠷᠡᠭᠵᠢᠬᠦᠯᠬᠦ ᠶᠢ ᠬᠦᠰᠡᠶ᠎ᠡ᠃ | | 2015 ᠤᠨ ᠤ 7 ᠰᠠᠷ᠎ᠠ ᠶᠢᠨ 29 ᠤ ᠡᠳᠥᠷ | ᠬᠢᠨᠭ᠍ᠭᠠᠨ ᠠᠶᠢᠮᠠᠭ ᠤᠨ 2015 ᠤᠨ ᠤ ᠢᠳᠡᠭᠡᠨ ᠤ ᠠᠮᠥᠷ ᠲᠦᠪᠰᠢᠨ ᠤ ᠭᠤᠤᠯᠳᠠᠯᠭ᠎ᠠ ᠲᠠᠢ ᠠᠵᠢᠯ | ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠯᠪᠠᠨ ᠲᠢᠩᠬᠢᠮ ᠤᠨ 2015 ᠤᠨ ᠤ | ᠢᠳᠡᠭᠡᠨ ᠤ ᠠᠮᠥᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢ ᠬᠡᠪᠯᠡᠨ ᠳᠠᠷᠬᠠᠭᠠᠬᠤ | ᠲᠤᠬᠠᠢ ᠮᠡᠳᠡᠭᠳᠡᠯ︾ ︵ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠥᠨ ᠤ ᠠᠯᠪᠠᠨ ᠲᠢᠩᠬᠢᠮ ᠠᠴᠠ ᠳᠠᠷᠬᠠᠭᠠᠭᠰᠠᠨ ︹2015︺63 ᠳ᠋ᠤᠭᠠᠷ ᠨᠤᠮᠧᠷᠳᠥ︶ ᠤᠨ ᠵᠤᠷᠢᠭ | ᠰᠠᠨᠠᠭ᠎ᠠ ᠶᠢ ᠬᠦ᠋ᠨᠵᠡᠬᠡᠢ ᠲᠤᠤᠱᠯᠠᠭᠤᠯᠥᠨ ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠠᠶᠢᠮᠠᠭ ᠤᠨ ᠪᠤᠳᠠᠳᠠᠢ ᠲᠠᠢ | ᠤᠶᠠᠯᠳᠤᠭᠤᠯᠥᠨ᠂ ᠪᠦᠬᠦ ᠠᠶᠢᠮᠠᠭ ᠤᠨ 2015 ᠤᠨ ᠤ ᠢᠳᠡᠭᠡᠨ ᠤ ᠠᠮᠥᠷ ᠲᠦᠪᠰᠢᠨ ᠤ ᠭᠤᠤᠯᠳᠠᠯᠭ᠎ᠠ ᠲᠠᠢ | ᠠᠵᠢᠯ ᠳᠤ ᠳᠤᠤᠷᠠᠬᠢ ᠮᠡᠳᠥ ᠲᠤᠬᠢᠷᠠᠭᠤᠯᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ ᠪᠠ ᠶᠡᠷᠥᠩᠬᠡᠢ ᠬᠠᠷᠠᠯᠳᠠ | ᠪᠦᠬᠦ ᠠᠶᠢᠮᠠᠭ ᠤᠨ 2015 ᠤᠨ ᠤ ᠢᠳᠡᠭᠡᠨ ᠤ ᠠᠮᠥᠷ ᠲᠦᠪᠰᠢᠨ ᠤ ᠠᠵᠢᠯ ᠨᠢ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ | ᠲᠦᠷᠪᠡᠳᠥᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ | ᠲᠦᠪ ᠬᠤᠷᠢᠶ᠎ᠠ᠂ ᠲᠦᠷᠥ ᠶᠢᠨ ᠶᠠᠪᠤᠳᠠᠯ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠥᠨ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠢᠳᠡᠭᠡᠨ ᠤ ᠠᠮᠥᠷ ᠲᠦᠪᠰᠢᠨ ᠤ | ᠠᠵᠢᠯ ᠤᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠲᠤᠤᠱᠯᠠᠭᠤᠯᠥᠨ ᠨᠠᠶᠢᠳᠠᠪᠤᠷᠢᠵᠢᠭᠤᠯᠵᠤ᠂ ᠦᠪᠠᠷᠳᠡᠭᠡᠨ | ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠪᠠ ᠠᠶᠢᠮᠠᠭ ᠤᠨ ᠨᠠᠮ ᠤᠨ ᠬᠤᠷᠢᠶᠠᠨ ᠤ | ᠦᠷᠭᠡᠳᠭᠡᠭᠰᠡᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠥᠨ ᠨᠠᠶᠢᠳᠠᠪᠤᠷᠢᠵᠢᠭᠤᠯᠵᠤ᠂ ︽ | ᠭᠤᠤᠯᠳᠠᠯᠭ᠎ᠠ ᠪᠠᠨ ᠳᠤᠪᠤᠶᠢᠯᠭᠠᠨ᠂ ᠠᠮᠥᠷ ᠲᠦᠪᠰᠢᠨ ᠢ ᠪᠠᠳᠤᠯᠠᠬᠤ︾ ᠵᠠᠷᠴᠢᠮ ᠢ ᠪᠠᠷᠢᠮᠳᠠᠯᠠᠵᠤ᠂ | ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠬᠦᠳᠡᠯᠭᠡᠭᠴᠢ ᠬᠦᠴᠥᠨ ᠪᠤᠯᠭᠠᠵᠤ᠂ ᠬᠠᠤᠯᠢᠵᠢᠯ ᠪᠠᠶᠢᠭᠤᠯᠤᠯᠳᠠ ᠶᠢ | ᠴᠢᠩᠭᠠᠳᠬᠠᠬᠤ ᠪᠠᠷ ᠪᠠᠳᠤᠯᠠᠭ᠎ᠠ ᠪᠤᠯᠭᠠᠵᠤ᠂ ᠠᠵᠢᠯ ᠤᠨ ᠰᠤᠷᠳᠠᠯ ᠢᠶᠠᠨ ᠰᠠᠶᠢᠵᠢᠷᠠᠭᠤᠯᠬᠤ ᠪᠠᠷ ᠵᠤᠭᠰᠤᠴᠠ | ᠪᠤᠯᠭᠠᠵᠤ᠂ ᠠᠵᠢᠯ ᠤᠨ ᠬᠦᠴᠥᠯᠡᠴᠡ ᠪᠠᠨ ᠦᠷᠬᠦᠯᠵᠢᠯᠡᠨ ᠴᠢᠩᠭᠠᠷᠠᠭᠤᠯᠥᠨ᠂ ᠬᠡᠮ ᠰᠤᠭᠤᠭ ᠢ ᠴᠡᠭᠴᠡᠯᠡᠨ | ᠪᠠᠶᠢᠴᠠᠭᠠᠬᠤ ᠪᠠ ᠲᠤᠰᠬᠠᠢ ᠲᠦᠷᠥᠯ ᠤᠨ ᠴᠡᠭᠴᠡᠯᠡᠨ ᠵᠠᠰᠠᠬᠤ ᠶᠢ ᠬᠦᠨᠵᠡᠬᠡᠢ ᠦᠷᠨᠢᠬᠦᠯᠵᠤ᠂ ᠪᠦᠬᠦ ᠠᠶᠢᠮᠠᠭ ᠤᠨ | ᠢᠳᠡᠭᠡᠨ ᠤ ᠵᠠᠬ᠎ᠠ ᠳᠡᠯᠭᠡᠬᠦᠷ ᠤᠨ ᠡᠮᠬᠢ ᠲᠢᠭᠯᠢᠮ ᠢ ᠲᠦᠷᠢᠮᠵᠢᠬᠦᠯᠵᠤ᠂ ᠢᠳᠡᠭᠡᠨ ᠤ ᠠᠮᠥᠷ ᠲᠦᠪᠰᠢᠨ ᠤ ᠬᠦᠨᠳᠥ | ᠶᠡᠭᠡ ᠡ᠊ᠨᠳᠡᠯ ᠭᠠᠷᠬᠤ ᠶᠢ ᠪᠦᠳᠥᠮᠵᠢᠳᠡᠢ ᠰᠡᠷᠬᠡᠶᠢᠯᠡᠵᠤ᠂ ᠢᠳᠡᠭᠡᠨ ᠪᠠ ᠡᠮ ᠤᠨ ᠵᠥᠢᠯᠡᠰ ᠤᠨ ᠠᠮᠥᠷ ᠲᠦᠪᠰᠢᠨ ᠢ | ᠴᠡᠭᠴᠡᠯᠡᠨ ᠵᠠᠰᠠᠬᠤ ᠴᠢᠳᠠᠪᠤᠷᠢ ᠪᠠ ᠪᠠᠳᠤᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠥᠨ᠂ | ᠮᠠᠨ ᠤ ᠠᠶᠢᠮᠠᠭ ᠤᠨ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠪᠠ ᠨᠡᠶᠢᠭᠡᠮ ᠤᠨ ᠡᠶ᠎ᠡ ᠨᠠᠶᠢᠷᠠᠮᠳᠠᠭᠤ | ᠳᠤᠭᠳᠠᠭᠤᠨ ᠢ ᠪᠠᠳᠤᠯᠠᠬᠤ ᠳᠤ ᠬᠤᠪᠢ ᠨᠡᠮᠡᠷᠢ ᠦᠵᠡᠬᠦᠯᠥᠨ᠎ᠡ᠃ | ᠬᠤᠶᠠᠷ᠂ ᠭᠤᠤᠯᠳᠠᠯᠭ᠎ᠠ ᠲᠠᠢ ᠠᠵᠢᠯ ᠪᠠ ᠡᠬᠦᠷᠭᠡ ᠶᠢᠨ ᠬᠤᠪᠢᠶᠠᠷᠢᠯᠠᠯ᠃ | ︵ᠨᠢᠭᠡ︶ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠪᠠᠨ ᠴᠢᠩᠭᠠᠳᠬᠠᠵᠤ᠂ ᠳᠤᠪᠤᠶᠢᠮ᠎ᠠ ᠠᠰᠠᠭᠤᠳᠠᠯ ᠢ | ᠲᠤᠤᠱᠳᠠᠢ ᠰᠢᠢᠳᠪᠤᠷᠢᠯᠡᠬᠦ ᠬᠡᠷᠡᠭᠳᠡᠢ᠃ | 1. ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠤ ᠶᠠᠰᠥ ᠴᠢᠨᠠᠷ ᠤᠨ ᠠᠮᠥᠷ | ᠲᠦᠪᠰᠢᠨ ᠤ ᠡᠬᠢ ᠰᠤᠷᠪᠤᠯᠵᠢ ᠠᠴᠠ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠳᠡᠢ᠃ | ︵1︶ ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠥᠢᠯᠡᠳᠬᠦᠨ ᠤ ᠬᠢᠨᠠᠨ ᠬᠠᠮᠢᠶᠠᠷᠬᠤ | ᠬᠦᠴᠥᠯᠡᠴᠡ ᠪᠠᠨ ᠦᠷᠬᠦᠯᠵᠢᠯᠡᠨ ᠴᠢᠩᠭᠠᠷᠠᠭᠤᠯᠬᠤ ᠬᠡᠷᠡᠭᠳᠡᠢ᠃ ᠬᠠᠤᠯᠢ ᠪᠤᠰᠥ ᠪᠠᠷ ᠬᠤᠤᠷᠠᠳᠠᠢ ᠪᠤᠳᠠᠰ ᠨᠡᠮᠡᠵᠤ | ᠤᠷᠤᠭᠤᠯᠬᠤ᠂ ᠡᠪᠡᠳᠴᠢᠨ ᠢᠶᠠᠷ ᠦᠬᠦᠭᠰᠡᠨ ᠵᠢᠬᠦᠷᠳᠡᠨ ᠠᠮᠢᠳᠠᠨ ᠢ ᠬᠤᠳᠠᠯᠳᠥᠨ ᠠᠪᠴᠢᠷᠠᠵᠤ ᠵᠠᠬ᠎ᠠ ᠲᠡᠯᠭᠡᠭᠦᠷ ᠲᠤ | ᠭᠠᠷᠭᠠᠬᠤ᠂ ᠬᠠᠭᠤᠷᠮᠠᠭ ᠳᠠᠷᠢᠶᠠᠯᠠᠩ ᠤᠨ ᠬᠡᠷᠡᠭᠰᠡᠯ ᠥᠢᠯᠡᠳᠴᠥ ᠪᠤᠷᠤᠯᠠᠭᠤᠯᠬᠤ ᠵᠡᠷᠭᠡ ᠬᠠᠤᠯᠢ ᠶᠢ ᠵᠦᠷᠢᠴᠡᠭᠰᠡᠨ | ᠠᠵᠢᠯᠯᠠᠭ᠎ᠠ ᠳᠤ ᠴᠤᠬᠢᠯᠳᠠ ᠦᠭᠬᠦ ᠬᠦᠴᠥᠯᠡᠴᠡ ᠪᠠᠨ ᠴᠢᠩᠭᠠᠷᠠᠭᠤᠯᠥᠨ᠂ ᠬᠤᠤᠷᠠᠳᠠᠢ ᠪᠤᠶᠤ ᠬᠡᠷᠡᠭᠯᠡᠬᠦ ᠶᠢ | ᠬᠢᠵᠠᠭᠠᠷᠯᠠᠵᠤ ᠪᠦᠬᠦᠢ ᠳᠠᠷᠢᠶᠠᠨ ᠡᠮ᠂ ᠬᠤᠤᠷ᠎ᠠ ᠪᠠᠷ ᠪᠠᠭ᠎ᠠ ᠳᠠᠷᠢᠶᠠᠨ ᠡᠮ ᠳᠤ ᠬᠠᠤᠯᠢ ᠪᠤᠰᠥ ᠪᠠᠷ ᠦᠨᠳᠥᠷ | ᠬᠤᠤᠷᠠᠳᠠᠢ ᠪᠦᠷᠢᠯᠳᠥᠯ᠂ ᠨᠢᠶᠠᠨ ᠳᠠᠷᠤᠭᠴᠢ᠂ ᠬᠤᠷᠮᠥᠨ ᠨᠡᠮᠡᠵᠤ ᠤᠷᠤᠭᠤᠯᠬᠤ ᠵᠡᠷᠭᠡ ᠡᠯ᠎ᠡ ᠲᠦᠷᠥᠯ ᠤᠨ | ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠬᠡᠷᠡᠭᠳᠡᠢ᠃ ᠠᠷᠢᠶᠠᠳᠠᠨ ᠵᠢᠬᠦᠷᠳᠠᠨ ᠠᠯᠠᠵᠤ | ᠨᠢᠳᠤᠯᠬᠤ ᠠᠵᠤ ᠠᠬᠤᠢᠢᠯᠠᠯ ᠤᠨ ᠲᠦᠷᠢᠮᠵᠢᠯ ᠬᠠᠮᠢᠶᠠᠷᠤᠯᠳᠠ ᠶᠢ ᠴᠢᠩᠭᠠᠳᠬᠠᠵᠤ᠂ ᠡᠪᠡᠳᠴᠢᠯᠡᠵᠤ ᠦᠬᠦᠭᠰᠡᠨ | ᠵᠢᠬᠦᠷᠳᠠᠨ ᠢ ᠬᠤᠤᠷᠠᠳᠥᠯ ᠦᠬᠡᠢ ᠪᠠᠷ ᠰᠢᠢᠳᠪᠤᠷᠢᠯᠡᠬᠦ ᠶᠢ ᠠᠬᠢᠭᠤᠯᠵᠤ᠂ ᠠᠷᠢᠶᠠᠳᠠᠨ ᠵᠢᠬᠦᠷᠳᠡᠨ ᠠᠯᠠᠵᠤ | ᠨᠢᠳᠤᠯᠬᠤ ᠶᠢ ᠴᠡᠭᠴᠡᠯᠡᠨ ᠵᠠᠰᠠᠬᠤ ᠶᠢ ᠬᠦᠨᠵᠡᠬᠡᠢ ᠦᠷᠨᠢᠬᠦᠯᠬᠦ ᠬᠡᠷᠡᠭᠳᠡᠢ᠃ ᠡᠯ᠎ᠡ ᠲᠦᠷᠥᠯ ᠤᠨ ᠨᠡᠮᠡᠯᠳᠡ ᠡᠳ᠋ ᠵᠢᠴᠢ | ᠳᠡᠵᠢᠭᠡᠯ ᠪᠤᠷᠳᠤᠭ᠎ᠠ ᠶᠢ ᠲᠦᠪᠯᠡᠷᠡᠬᠦᠯᠥᠨ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠳᠡᠢ᠃ ᠭᠤᠤᠯᠳᠠᠯᠭ᠎ᠠ ᠲᠠᠢ | ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠠᠬᠤ ᠥᠢᠯᠡᠳᠬᠦᠨ ᠢ ᠴᠡᠭᠴᠯᠡᠨ ᠵᠠᠰᠠᠬᠤ ᠠᠵᠢᠯᠯᠠᠭ᠎ᠠ ᠦᠷᠨᠢᠬᠦᠯᠬᠦ | ᠬᠡᠷᠡᠭᠳᠡᠢ᠃ ᠤᠳᠥ ᠦᠶ᠎ᠡ ᠶᠢᠨ ᠳᠠᠷᠢᠶᠠᠯᠠᠩ ᠮᠠᠯᠵᠢᠬᠤ ᠥᠢᠯᠡᠰ ᠢ ᠲᠦᠷᠭᠡᠳᠭᠡᠨ ᠬᠦᠭᠵᠢᠬᠦᠯᠵᠤ᠂ ᠪᠠᠷᠢᠮᠵᠢᠶ᠎ᠠ ᠶᠢ | ᠳᠡᠬᠦᠯᠳᠡᠷᠵᠢᠬᠦᠯᠥᠭᠰᠡᠨ᠂ ᠥᠢᠯᠡ ᠠᠵᠢᠯᠯᠠᠭ᠎ᠠ ᠨᠢ ᠲᠦᠷᠢᠮᠵᠢᠭᠰᠡᠨ᠂ ᠰᠤᠭᠤᠯᠤᠨ ᠪᠠᠶᠢᠴᠠᠭᠠᠬᠤ ᠶᠢ ᠴᠢᠩᠭᠠᠳᠬᠠᠭᠰᠠᠨ | ᠵᠡᠷᠭᠡ ᠪᠤᠳᠠᠳᠠᠢ ᠠᠷᠭ᠎ᠠ ᠠᠪᠴᠠᠯ ᠢ ᠠᠪᠴᠥ᠂ ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠬᠤ ᠥᠢᠯᠡᠳᠬᠦᠨ ᠤ | ᠪᠠᠷᠢᠮᠵᠢᠶᠠᠵᠢᠭᠰᠠᠨ᠂ ᠲᠦᠷᠢᠮᠵᠢᠭᠰᠡᠨ᠂ ᠠᠵᠤ ᠥᠢᠯᠡᠰᠴᠢᠯᠡᠭᠰᠡᠨ ᠪᠠᠶᠢᠬᠤ ᠶᠢ ᠶᠡᠭᠡᠪᠠᠷ ᠠᠬᠢᠭᠤᠯᠬᠤ ᠬᠡᠷᠡᠭᠳᠡᠢ᠃ ︵ | ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠬᠠᠷᠢᠭᠤᠴᠠᠨ ᠬᠡᠷᠡᠭᠵᠢᠬᠦᠯᠥᠨ᠎ᠡ︶ | ︵2︶ ᠮᠠᠨ ᠤ ᠠᠶᠢᠮᠠᠭ ᠤᠨ ᠪᠤᠳᠠᠳᠠᠢ ᠲᠠᠢ ᠤᠶᠠᠯᠳᠤᠭᠤᠯᠥᠨ᠂ ᠢᠳᠡᠭᠡᠨ ᠳᠤ ᠬᠡᠷᠡᠭᠯᠡᠬᠦ ᠳᠠᠷᠢᠶᠠᠯᠠᠩ | ᠳᠤᠰᠠᠯᠬᠤ ᠥᠢᠯᠡᠳᠬᠦᠨ ᠤ ᠶᠠᠰᠥ ᠴᠢᠨᠠᠷ ᠤᠨ ᠠᠮᠥᠷ ᠲᠦᠪᠰᠢᠨ ᠬᠢᠨᠠᠨ ᠬᠠᠮᠢᠶᠠᠷᠬᠤ ᠠᠵᠢᠯ ᠤᠨ ᠵᠢᠯᠤᠭᠤᠳᠬᠤ | ᠰᠠᠨᠠᠯ ᠢ ᠰᠤᠳᠤᠯᠥᠨ ᠭᠠᠷᠭᠠᠵᠤ᠂ ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠬᠤ ᠥᠢᠯᠡᠳᠬᠦᠨ ᠤ | ᠥᠢᠯᠡᠳᠪᠤᠷᠢᠯᠡᠬᠦ ᠠᠴᠠ ᠪᠦᠭᠡᠮ ᠢᠶᠠᠷ ᠪᠤᠷᠤᠯᠠᠭᠤᠯᠬᠤ᠂ ᠰᠤᠯᠠ ᠪᠠᠷ ᠵᠠᠬ᠎ᠠ ᠳᠡᠯᠭᠡᠬᠦᠷ ᠲᠤ ᠪᠤᠷᠤᠯᠠᠭᠤᠯᠤᠭᠳᠠᠬᠤ ᠪᠤᠶᠤ | ᠥᠢᠯᠡᠳᠪᠤᠷᠢᠯᠡᠬᠦ ᠠᠵᠤ ᠠᠬᠤᠢᠢᠯᠠᠯ ᠳᠤ ᠤᠷᠤᠬᠤ ᠠᠴᠠ ᠡᠮᠥᠨᠡᠬᠢ ᠪᠦᠬᠦ᠋ᠢᠯᠡ ᠶᠠᠪᠤᠴᠠ ᠶᠢ ᠪᠦᠷᠬᠦᠬᠦᠯᠬᠦ ᠬᠡᠷᠡᠭᠳᠡᠢ᠃ | ︵ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ ᠵᠥᠢᠯᠡᠰ ᠤᠨ | ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | ︵3︶ ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠤ | ᠥᠢᠯᠡᠳᠪᠤᠷᠢᠯᠡᠯ ᠤᠨ ᠭᠠᠵᠠᠷ ᠤᠨ ᠬᠦᠨᠳᠦ ᠳᠡᠮᠦᠷᠯᠢᠭ ᠤᠨ ᠪᠤᠵᠠᠷᠳᠠᠯ᠂ ᠳᠠᠷᠢᠵᠤ ᠳᠡᠵᠢᠭᠡᠬᠦ ᠤᠢᠢᠯᠡᠰ ᠤᠨ | ᠤᠰᠥᠨ ᠤ ᠪᠤᠵᠠᠷᠳᠠᠯ᠂ ᠤᠳᠠᠭᠠᠨ ᠴᠢᠨᠠᠷᠳᠠᠢ ᠤᠷᠭᠠᠨᠢᠭ ᠪᠤᠳᠠᠰ ᠤᠨ ᠪᠤᠵᠠᠷᠳᠠᠯ ᠵᠡᠷᠭᠡ ᠠᠰᠠᠭᠤᠳᠠᠯ ᠳᠤ | ᠴᠢᠭᠯᠡᠬᠦᠯᠥᠨ᠂ ᠤᠷᠴᠢᠨ ᠳᠤᠭᠤᠷᠢᠨ ᠤ ᠪᠤᠬᠢᠷᠳᠤᠯ ᠢ ᠶᠡᠷᠥᠩᠬᠡᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ | ᠶᠠᠪᠤᠭᠳᠠᠭᠤᠯᠥᠨ᠂ ᠳᠠᠷᠢᠶᠠᠨ ᠭᠠᠵᠠᠷ ᠮᠠᠯᠵᠢᠯ ᠤᠨ ᠲᠠᠯᠠᠪᠠᠢ ᠭᠠᠵᠠᠷ ᠰᠢᠷᠥᠢ ᠶᠢ ᠵᠠᠰᠠᠨ ᠵᠦᠭᠰᠢᠷᠡᠭᠦᠯᠬᠦ ᠶᠢ | ᠲᠦᠷᠭᠡᠳᠭᠡᠬᠦ ᠬᠡᠷᠡᠭᠳᠡᠢ᠃ ︵ᠠᠶᠢᠮᠠᠭ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠪᠠ | ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠬᠠᠷᠢᠭᠤᠴᠠᠨ ᠬᠡᠷᠡᠭᠵᠢᠬᠦᠯᠥᠨ᠎ᠡ︶ | 2. ᠢᠳᠡᠭᠡᠨ ᠥᠢᠯᠡᠳᠪᠤᠷᠢᠯᠡᠵᠤ ᠡᠵᠡᠩᠨᠡᠬᠦ ᠪᠦᠬᠦ ᠶᠠᠪᠤᠴᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠬᠤ | ᠬᠡᠷᠡᠭᠳᠡᠢ᠃ | ︵1︶ ᠡᠭᠡ ᠨᠢᠯᠬᠠᠰ ᠤᠨ ᠨᠠᠶᠢᠷᠠᠯᠳᠠᠳᠤ ᠰᠦ ᠤᠨ ᠳᠠᠯᠬ᠎ᠠ᠂ ᠡᠭᠡ ᠨᠢᠯᠬᠠᠰ ᠤᠨ ᠰᠤᠯᠠ ᠢᠳᠡᠭᠡᠨ᠂ ᠰᠦᠨ | ᠥᠢᠯᠡᠳᠬᠦᠨ᠂ ᠮᠢᠬᠠᠨ ᠥᠢᠯᠡᠳᠬᠦᠨ᠂ ᠤᠰᠥᠨ ᠭᠠᠷᠤᠯᠳᠠ ᠶᠢᠨ ᠥᠢᠯᠡᠳᠬᠦᠨ᠂ ᠢᠳᠡᠭᠡᠨ ᠤ ᠲᠤᠰᠥ᠂ ᠬᠠᠷ᠎ᠠ | ᠠᠷᠢᠬᠢ ᠵᠡᠷᠭᠡ ᠭᠤᠤᠯᠳᠠᠯᠭ᠎ᠠ ᠲᠠᠢ ᠢᠳᠡᠭᠡᠨ ᠤ ᠲᠦᠷᠥᠯ ᠳᠤ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠥᠨ᠂ | ᠢᠳᠡᠭᠡᠨ ᠤ ᠨᠡᠮᠡᠯᠳᠡ ᠡᠳ᠋ ᠬᠡᠪᠴᠢᠶᠡᠨ ᠠᠴᠠ ᠬᠡᠳᠥᠷᠡᠳᠡᠯᠡ ᠬᠡᠷᠡᠭᠯᠡᠬᠦ ᠵᠡᠷᠭᠡ ᠲᠦᠷᠢᠮᠵᠢᠯ ᠦᠬᠡᠢ ᠠᠰᠠᠭᠤᠳᠠᠯ ᠢ | ᠲᠤᠤᠱᠳᠠᠢ ᠰᠢᠢᠳᠪᠤᠷᠢᠯᠡᠬᠦ ᠬᠡᠷᠡᠭᠳᠡᠢ᠃ ᠡᠳᠥᠷ ᠳᠤᠳᠤᠮ ᠤᠨ ᠬᠢᠨᠠᠨ ᠬᠠᠮᠢᠶᠠᠷᠬᠤ᠂ ᠴᠡᠭᠴᠡᠯᠡᠨ ᠵᠠᠰᠠᠬᠤ ᠪᠠ ᠬᠢᠨᠠᠨ | ᠬᠡᠮᠵᠢᠬᠦ ᠳᠤᠮᠳᠠ ᠢᠯᠡᠷᠡᠬᠦᠯᠥᠭᠰᠡᠨ ᠠᠮᠥᠷ ᠲᠦᠪᠰᠢᠨ ᠤ ᠬᠡᠮ ᠰᠤᠭᠤᠭ ᠤᠯᠠᠨ ᠵᠡᠷᠭᠡ ᠲᠦᠷᠥᠯ ᠵᠥᠢᠯ ᠢ | ᠦᠷᠬᠦᠯᠵᠢᠯᠡᠨ ᠬᠠᠨᠳᠥᠯᠭᠠᠳᠥ ᠴᠢᠨᠠᠷᠳᠠᠢ᠂ ᠠᠮᠢᠳᠤᠯᠢᠭ ᠢᠶᠠᠷ ᠴᠡᠭᠴᠡᠯᠡᠨ ᠵᠠᠰᠠᠬᠤ ᠬᠡᠷᠡᠭᠳᠡᠢ᠃ ︵ᠠᠶᠢᠮᠠᠭ ᠤᠨ | ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠬᠠᠷᠢᠭᠤᠴᠠᠨ ᠬᠡᠷᠡᠭᠵᠢᠬᠦᠯᠥᠨ᠎ᠡ︶ | | ︵2︶ ᠢᠳᠡᠭᠡᠨ ᠤᠮᠳᠠᠭᠠᠨ ᠥᠢᠯᠡᠳᠪᠤᠷᠢᠯᠡᠬᠦ᠂ ᠭᠦᠢᠯᠭᠡᠭᠡ ᠪᠠ ᠢᠳᠡᠭᠡᠨ ᠤᠮᠳᠠᠭᠠᠨ ᠤ ᠲᠤᠮᠤ ᠠᠵᠤ | ᠠᠬᠤᠢᠢᠯᠠᠯ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠪᠠᠭ᠎ᠠ ᠠᠵᠤ ᠠᠬᠤᠢᠢᠯᠠᠯ᠂ ᠵᠢᠵᠢᠭ ᠬᠤᠳᠠᠯᠳᠤᠭ᠎ᠠ᠂ | ᠰᠦᠯᠵᠢᠶᠡᠨ ᠳᠡᠯᠭᠡᠬᠦᠷ ᠵᠡᠷᠭᠡ ᠶᠢᠨ ᠬᠠᠮᠢᠶᠠᠷᠤᠯᠳᠠ ᠪᠠᠨ ᠲᠦᠷᠢᠮᠵᠢᠬᠦᠯᠬᠦ ᠬᠡᠷᠡᠭᠳᠡᠢ᠃ ᠦᠨᠡᠮᠯᠡᠯ ᠦᠬᠡᠢ ᠪᠠᠷ ᠡᠵᠡᠩᠨᠡᠬᠦ | ᠂ ᠬᠠᠤᠯᠢ ᠪᠤᠰᠥ ᠶᠢᠨ ᠢᠷᠡᠯᠳᠡ ᠪᠦᠬᠦᠢ ᠢᠳᠡᠭᠡᠨ ᠪᠠ ᠲᠦᠬᠦᠬᠡᠢ ᠮᠠᠲ᠋ᠧᠷᠢᠶᠠᠯ᠂ ᠬᠠᠭᠤᠷᠮᠠᠭ ᠥᠢᠯᠡᠳᠪᠤᠷᠢᠯᠡᠭᠰᠡᠨ | ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠦᠷᠬᠦᠯᠵᠢᠯᠡᠨ ᠴᠤᠬᠢᠯᠳᠠ ᠦᠭᠬᠦ ᠬᠡᠷᠡᠭᠳᠡᠢ᠃ ︵ᠠᠶᠢᠮᠠᠭ ᠤᠨ | ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ᠂ ᠥᠢᠯᠡᠳᠪᠤᠷᠢ ᠬᠤᠳᠠᠯᠳᠤᠭᠠᠨ ᠤ | ᠲᠤᠪᠴᠢᠶ᠎ᠠ᠂ ᠶᠠᠰᠥ ᠴᠢᠨᠠᠷ ᠲᠤ ᠬᠢᠨᠠᠯᠳᠠ ᠲᠠᠯᠪᠢᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ | ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵3︶ ᠬᠢᠯᠢ ᠪᠠᠷ ᠭᠠᠷᠭᠠᠵᠤ ᠤᠷᠤᠭᠤᠯᠬᠤ ᠢᠳᠡᠭᠡᠨ ᠤ ᠬᠢᠨᠠᠨ ᠬᠠᠮᠢᠶᠠᠷᠬᠤ ᠪᠠ ᠲᠦᠭᠰᠢᠬᠦᠷᠢ ᠶᠢ | ᠬᠠᠮᠢᠶᠠᠷᠴᠥ ᠡᠵᠡᠮᠳᠡᠬᠦ ᠪᠠᠨ ᠴᠢᠩᠭᠠᠳᠬᠠᠬᠤ ᠬᠡᠷᠡᠭᠳᠡᠢ᠃ ᠬᠢᠯᠢ ᠪᠠᠷ ᠤᠷᠤᠭᠤᠯᠬᠤ ᠬᠤᠳᠠᠯᠳᠤᠭᠠᠴᠢᠨ ᠤ | ᠳᠠᠩᠰᠠᠨ ᠳᠤ ᠳᠡᠮᠳᠡᠭᠯᠡᠬᠦᠯᠬᠦ ᠶᠢ ᠴᠢᠩᠭ᠎ᠠ ᠬᠡᠷᠡᠭᠵᠢᠬᠦᠯᠥᠨ᠂ ᠢᠳᠡᠭᠡᠨ ᠤ ᠵᠥᠢᠯ ᠢ ᠬᠢᠯᠢ ᠪᠠᠷ ᠤᠷᠤᠭᠤᠯᠬᠤ ᠪᠠ | ᠪᠤᠷᠤᠯᠠᠭᠤᠯᠬᠤ ᠳᠡᠮᠳᠡᠭᠯᠡᠯ ᠢ ᠬᠢᠨᠠᠨ ᠬᠠᠮᠢᠶᠠᠷᠬᠤ ᠲᠦᠷᠢᠮ ᠢ ᠬᠡᠷᠡᠭᠵᠢᠬᠦᠯᠥᠨ᠂ ᠬᠢᠯᠢ ᠪᠠᠷ ᠤᠷᠤᠭᠤᠯᠬᠤ ᠢᠳᠡᠭᠡᠨ ᠤ | ᠵᠥᠢᠯ ᠥᠢᠯᠡᠳᠪᠤᠷᠢᠯᠡᠬᠦ᠂ ᠬᠢᠯᠢ ᠪᠠᠷ ᠤᠷᠤᠭᠤᠯᠬᠤ᠂ ᠪᠤᠷᠤᠯᠠᠭᠤᠯᠬᠤ ᠪᠦᠬᠦ ᠶᠠᠪᠤᠴᠠ ᠶᠢᠨ ᠰᠤᠷᠠᠭ ᠵᠠᠩᠬᠢ ᠶᠢ | ᠮᠦᠷᠳᠡᠵᠤ ᠳᠡᠶᠢᠯᠬᠦ ᠬᠡᠷᠡᠭᠳᠡᠢ᠃ ︵ ᠤᠯᠠᠭᠠᠨᠬᠤᠳᠠ ᠳᠠᠬᠢ ᠬᠢᠯᠢ ᠪᠠᠷ ᠭᠠᠷᠴᠥ ᠤᠷᠤᠬᠤ ᠬᠢᠵᠢᠭ ᠢ ᠪᠠᠶᠢᠴᠠᠭᠠᠬᠤ | ᠲᠤᠪᠴᠢᠶ᠎ᠠ ᠬᠠᠷᠢᠭᠤᠴᠠᠨ ᠬᠡᠷᠡᠭᠵᠢᠬᠦᠯᠥᠨ᠎ᠡ︶ | ︵4︶ ᠳᠡᠭᠡᠳᠥ ᠳᠤᠤᠷ᠎ᠠ ᠱᠠᠳᠥ ᠪᠠᠷ ᠢᠶᠠᠨ ᠢᠳᠡᠪᠬᠢᠳᠡᠢ ᠬᠠᠮᠵᠢᠯᠴᠠᠨ᠂ ᠪᠠᠷᠢᠮᠵᠢᠶᠠᠨ ᠠᠴᠠ ᠬᠡᠳᠥᠷᠡᠭᠰᠡᠨ | ᠠᠮᠥ ᠪᠤᠳᠠᠭ᠎ᠠ ᠶᠢ ᠰᠢᠢᠳᠪᠤᠷᠢᠯᠡᠬᠦ ᠤᠷᠳᠥ ᠬᠤᠭᠤᠴᠠᠭᠠᠳᠥ ᠳᠤᠭᠳᠠᠴᠠ ᠶᠢ ᠠᠯᠭᠤᠷ ᠠᠯᠬᠤᠮ ᠢᠶᠠᠷ ᠪᠠᠶᠢᠭᠤᠯᠥᠨ᠂ | ᠤᠤᠯ ᠤᠨ ᠠᠮᠥ ᠪᠤᠳᠠᠭ᠎ᠠ ᠬᠤᠳᠠᠯᠳᠥᠨ ᠠᠪᠬᠤ᠂ ᠳᠡᠭᠡᠭᠡᠪᠤᠷᠢᠯᠡᠬᠦ᠂ ᠬᠤᠳᠠᠯᠳᠤᠬᠤ ᠶᠠᠰᠥ ᠴᠢᠨᠠᠷ ᠤᠨ ᠠᠮᠥᠷ | ᠲᠦᠪᠰᠢᠨ ᠤ ᠬᠢᠨᠠᠨ ᠬᠠᠮᠢᠶᠠᠷᠤᠯᠳᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠮᠥ ᠪᠤᠳᠠᠭ᠎ᠠ ᠬᠤᠳᠠᠯᠳᠥᠨ | ᠠᠪᠬᠤ ᠪᠠ ᠬᠤᠷᠢᠶᠠᠬᠤ ᠶᠠᠰᠥ ᠴᠢᠨᠠᠷ ᠤᠨ ᠠᠮᠥᠷ ᠲᠦᠪᠰᠢᠨ ᠤ ᠬᠢᠨᠠᠨ ᠬᠡᠮᠵᠢᠬᠦ ᠪᠠ ᠰᠤᠭᠤᠴᠢᠨ ᠪᠠᠶᠢᠴᠠᠭᠠᠬᠤ ᠶᠢ | ᠢᠳᠡᠪᠬᠢᠳᠡᠢ ᠠᠬᠢᠭᠤᠯᠬᠤ ᠬᠡᠷᠡᠭᠳᠡᠢ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠬᠠᠷᠢᠭᠤᠴᠠᠨ | ᠬᠡᠷᠡᠭᠵᠢᠬᠦᠯᠥᠨ᠎ᠡ︶ | 3. ᠭᠤᠤᠯᠳᠠᠯᠭ᠎ᠠ ᠲᠠᠢ ᠤᠷᠤᠨ ᠤ ᠲᠦᠭᠰᠢᠬᠦᠷᠢ ᠶᠢ ᠰᠡᠷᠬᠡᠶᠢᠯᠡᠵᠤ ᠡᠵᠡᠮᠳᠡᠬᠦ ᠪᠠ ᠡ᠊ᠨᠳᠡᠯ ᠢ ᠴᠡᠭᠴᠡᠯᠡᠨ | ᠵᠠᠰᠠᠬᠤ ᠶᠢ ᠴᠢᠩᠭᠠᠳᠬᠠᠬᠤ ᠬᠡᠷᠡᠭᠳᠡᠢ᠃ | ︵1︶ ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠤ ᠭᠤᠤᠯ ᠭᠠᠷᠤᠯᠳᠠ ᠶᠢᠨ | ᠤᠷᠤᠨ᠂ ᠢᠳᠡᠭᠡᠨ ᠥᠢᠯᠡᠳᠪᠤᠷᠢᠯᠡᠬᠦ ᠥᠢᠯᠡᠰ ᠲᠦᠪᠯᠡᠷᠡᠭᠰᠡᠨ ᠤᠷᠤᠨ᠂ ᠳᠠᠷᠢᠶᠠᠯᠠᠩ ᠲᠤᠰᠠᠯᠠᠬᠤ ᠥᠢᠯᠡᠳᠬᠦᠨ ᠪᠠ | ᠢᠳᠡᠭᠡᠨ ᠤ ᠵᠥᠢᠯ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠬᠦᠷ᠂ ᠬᠦᠳᠡᠭᠡ ᠲᠤᠰᠬᠤᠨ ᠮᠠᠯᠵᠢᠬᠤ ᠤᠷᠤᠨ ᠤ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠬᠦᠷ᠂ ᠬᠤᠳᠠ ᠬᠦᠳᠡᠭᠡ ᠶᠢᠨ ᠠᠭᠤᠯᠵᠠᠷ ᠬᠡᠰᠡᠭ᠂ ᠰᠤᠷᠭᠠᠭᠤᠯᠢ ᠶᠢᠨ | ᠤᠢᠢᠷᠠᠯᠴᠠᠭ᠎ᠠ ᠶᠢᠨ ᠭᠤᠤᠯᠳᠠᠯᠭ᠎ᠠ ᠲᠠᠢ ᠤᠷᠤᠨ ᠤ ᠬᠢᠨᠠᠨ ᠬᠠᠮᠢᠶᠠᠷᠬᠤ ᠬᠦᠴᠥᠯᠡᠴᠡ ᠪᠠᠨ ᠴᠢᠩᠭᠠᠷᠠᠭᠤᠯᠥᠨ᠂ ᠵᠠᠬ᠎ᠠ | ᠳᠡᠯᠭᠡᠬᠦᠷ ᠲᠤ ᠤᠷᠤᠭᠤᠯᠬᠤ ᠶᠢ ᠬᠢᠨᠠᠨ ᠵᠦᠪᠰᠢᠶᠡᠷᠡᠬᠦ ᠪᠠ ᠥᠢᠯᠡᠳᠪᠤᠷᠢᠯᠡᠬᠦ ᠭᠠᠵᠠᠷ ᠲᠤ ᠤᠷᠤᠭᠤᠯᠬᠤ ᠶᠢ ᠬᠢᠨᠠᠨ | ᠵᠦᠪᠰᠢᠶᠡᠷᠡᠬᠦ ᠶᠢ ᠬᠠᠷᠢᠯᠴᠠᠨ ᠵᠤᠯᠭᠠᠭᠤᠯᠵᠤ᠂ ᠬᠢᠷᠢ ᠳᠡᠩᠴᠡᠬᠦ ᠦᠬᠡᠢ ᠳᠠᠷᠢᠶᠠᠯᠠᠩ ᠮᠠᠯ ᠠᠵᠤ ᠠᠬᠤᠢ ᠶᠢᠨ | ᠥᠢᠯᠡᠳᠬᠦᠨ ᠪᠠ ᠢᠳᠡᠭᠡᠨ ᠤ ᠵᠥᠢᠯ ᠤᠨ ᠵᠠᠬ᠎ᠠ ᠳᠡᠯᠭᠡᠬᠦᠷ ᠲᠤ ᠤᠷᠤᠬᠤ ᠶᠢ ᠴᠢᠩᠭ᠎ᠠ ᠰᠡᠷᠬᠡᠶᠢᠯᠡᠬᠦ ᠬᠡᠷᠡᠭᠳᠡᠢ᠃ ︵ | ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ | ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | ︵2︶ ᠡᠯ᠎ᠡ ᠲᠦᠷᠥᠯ ᠤᠨ ᠢᠳᠡᠭᠡᠨ ᠤᠮᠳᠠᠭᠠᠨ ᠤ ᠥᠢᠯᠡᠴᠢᠯᠡᠭᠡᠨ ᠤ ᠨᠢᠭᠡᠴᠡ᠂ ᠬᠤᠭᠤᠯᠠᠨ ᠭᠡᠷ᠂ | ᠵᠤᠭᠠᠴᠠᠯ ᠤᠨ ᠦᠵᠡᠮᠵᠢ ᠶᠢᠨ ᠤᠷᠤᠨ᠂ ᠭᠠᠯᠳᠥ ᠳᠡᠷᠭᠡᠨ ᠦᠷᠳᠡᠭᠡ ᠵᠡᠷᠭᠡ ᠬᠦᠮᠥᠨ ᠤᠯᠠᠨ ᠴᠤᠭᠯᠠᠷᠠᠳᠠᠭ | ᠭᠠᠵᠠᠷ ᠤᠨ ᠢᠳᠡᠭᠡᠨ ᠤ ᠠᠮᠥᠷ ᠲᠦᠪᠰᠢᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠬᠦᠳᠡᠭᠡ ᠲᠤᠰᠬᠤᠨ ᠤ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠬᠦᠷ ᠲᠤ ᠵᠢᠭᠠᠨ ᠵᠢᠯᠤᠭᠤᠳᠤᠯᠭ᠎ᠠ ᠬᠢᠵᠤ᠂ ᠢᠳᠡᠭᠡᠨ ᠳᠤ ᠬᠤᠤᠷᠠᠳᠤᠭᠳᠠᠬᠤ | ᠦᠵᠡᠭᠳᠡᠯ ᠭᠠᠷᠬᠤ ᠶᠢ ᠰᠡᠷᠬᠡᠶᠢᠯᠡᠬᠦ ᠬᠡᠷᠡᠭᠳᠡᠢ᠃ ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ | ᠬᠠᠮᠢᠶᠠᠷᠬᠤ ᠲᠤᠪᠴᠢᠶ᠎ᠠ᠂ ᠰᠤᠷᠭᠠᠨ ᠬᠦᠮᠥᠵᠢᠯ ᠤᠨ ᠲᠤᠪᠴᠢᠶ᠎ᠠ᠂ ᠤᠷᠤᠨ ᠰᠠᠭᠤᠴᠠ ᠶᠢᠨ ᠪᠦᠳᠥᠭᠡᠨ | ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠳᠡᠭᠡᠭᠡᠪᠤᠷᠢ ᠶᠢᠨ ᠲᠤᠪᠴᠢᠶ᠎ᠠ᠂ ᠵᠤᠭᠠᠴᠠᠯ ᠤᠨ ᠲᠤᠪᠴᠢᠶ᠎ᠠ | ᠵᠡᠷᠭᠡ ᠰᠠᠯᠠᠭ᠎ᠠ ᠮᠦᠴᠢᠷ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | ︵3︶ ᠢᠳᠡᠭᠡᠨ ᠤ ᠵᠥᠢᠯ ᠥᠢᠯᠡᠳᠪᠤᠷᠢᠯᠡᠵᠤ ᠡᠵᠡᠩᠨᠡᠬᠦ ᠭᠤᠤᠯ ᠴᠤᠭᠴᠠ ᠶᠢᠨ ᠦᠨᠳᠥᠰᠥᠨ ᠪᠠᠶᠢᠳᠠᠯ ᠢ | ᠪᠦᠷᠢᠳᠭᠡᠵᠤ᠂ ᠦᠨᠳᠥᠰᠥᠨ ᠪᠠᠶᠢᠳᠠᠯ ᠢ ᠤᠢᠢᠯᠠᠭᠠᠵᠤ᠂ ᠢᠳᠡᠭᠡᠨ ᠤ ᠵᠥᠢᠯ ᠥᠢᠯᠡᠳᠪᠤᠷᠢᠯᠡᠵᠤ ᠡᠵᠡᠩᠨᠡᠭᠴᠢ | ᠦᠨᠡᠮᠯᠡᠯ ᠠᠳᠬᠤᠨ ᠬᠠᠤᠯᠢ ᠶᠤᠰᠥ ᠪᠠᠷ ᠡᠵᠡᠩᠨᠡᠬᠦ ᠶᠢ ᠴᠢᠩᠭ᠎ᠠ ᠬᠢᠨᠠᠨ ᠬᠠᠮᠢᠶᠠᠷᠴᠥ᠂ ᠪᠠᠷᠠᠭ᠎ᠠ ᠤᠷᠤᠭᠤᠯᠬᠤ ᠶᠢ | ᠪᠠᠶᠢᠴᠠᠭᠠᠨ ᠦᠵᠡᠬᠦ ᠪᠠ ᠪᠠᠶᠢᠴᠠᠭᠠᠨ ᠦᠵᠡᠭᠰᠡᠨ ᠪᠠᠶᠢᠳᠠᠯ ᠢᠶᠠᠨ ᠦᠨᠡᠨ ᠪᠤᠳᠠᠳᠠᠢ ᠪᠠᠷ ᠳᠡᠮᠳᠡᠭᠯᠡᠨ ᠠᠪᠬᠤ ᠶᠢ | ᠴᠢᠩᠭ᠎ᠠ ᠱᠠᠭᠠᠷᠳᠠᠬᠤ ᠬᠡᠷᠡᠭᠳᠡᠢ᠃ ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ | ᠲᠤᠪᠴᠢᠶ᠎ᠠ ᠬᠠᠷᠢᠭᠤᠴᠠᠨ ᠬᠡᠷᠡᠭᠵᠢᠬᠦᠯᠥᠨ᠎ᠡ︶ | ︵4︶ ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠪᠠ ᠢᠳᠡᠭᠡᠨ ᠤ ᠠᠮᠥᠷ ᠲᠦᠪᠰᠢᠨ ᠢ ᠰᠤᠭᠤᠯᠤᠨ | ᠪᠠᠶᠢᠴᠠᠭᠠᠬᠤ ᠬᠢᠨᠠᠨ ᠪᠠᠢᠴᠠᠭᠠᠬᠤ ᠶᠢ ᠴᠢᠩᠭᠠᠳᠬᠠᠵᠤ᠂ ᠦᠯᠢᠭᠡᠷ ᠡᠳ᠋ ᠢ ᠰᠢᠯᠭᠠᠨ ᠪᠠᠶᠢᠴᠠᠭᠠᠬᠤ ᠶᠢ ᠤᠯᠠᠮ ᠨᠢᠭᠡ | ᠠᠯᠬᠤᠮ ᠲᠦᠷᠢᠮᠵᠢᠬᠦᠯᠵᠤ᠂ ᠦᠷ᠎ᠡ ᠳ᠋ᠦᠩ ᠢ ᠵᠠᠳᠠᠯᠥᠨ ᠮᠠᠭᠤᠳᠯᠠᠬᠤ ᠶᠢ ᠴᠢᠩᠭᠠᠳᠬᠠᠵᠤ᠂ ᠰᠤᠭᠤᠴᠢᠨ | ᠪᠠᠶᠢᠴᠠᠭᠠᠭᠰᠠᠨ ᠰᠤᠷᠠᠭ ᠵᠠᠩᠬᠢ ᠶᠢ ᠨᠡᠶᠢᠳᠡᠯᠡᠬᠦ ᠬᠡᠯᠪᠡᠷᠢ ᠪᠠᠨ ᠳᠡᠬᠦᠯᠳᠡᠷᠵᠢᠬᠦᠯᠥᠨ᠂ ᠰᠤᠭᠤᠴᠢᠨ ᠪᠠᠶᠢᠴᠠᠭᠠᠭᠰᠠᠨ | ᠰᠤᠷᠠᠭ ᠵᠠᠩᠬᠢ ᠶᠢ ᠬᠠᠤᠯᠢ ᠶᠤᠰᠤᠭᠠᠷ ᠨᠡᠶᠢᠳᠡᠯᠡᠬᠦ ᠬᠡᠷᠡᠭᠳᠡᠢ᠃ ᠬᠡᠮ ᠰᠤᠭᠤᠭ ᠢ ᠠᠷᠢᠯᠭᠠᠬᠤ ᠪᠠᠷ ᠬᠠᠷᠠᠯᠳᠠ ᠪᠤᠯᠭᠠᠨ | ᠂ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠴᠥ ᠰᠤᠭᠤᠴᠢᠨ ᠪᠠᠶᠢᠴᠠᠭᠠᠬᠤ ᠪᠠ ᠲᠦᠭᠰᠢᠬᠦᠷᠢ ᠶᠢ ᠬᠢᠨᠠᠨ ᠬᠡᠮᠵᠢᠬᠦ | ᠲᠦᠯᠥᠪᠯᠡᠭᠡ ᠳᠤᠭᠳᠠᠭᠠᠵᠤ᠂ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠲᠦᠯᠥᠪᠯᠡᠭᠡ ᠶᠢᠨ ᠰᠢᠨᠵᠢᠯᠡᠬᠦ ᠤᠬᠠᠭᠠᠨᠴᠢ | ᠴᠢᠨᠠᠷ᠂ ᠠᠮᠢᠳᠤᠯᠢᠭ ᠴᠢᠨᠠᠷ ᠢ ᠲᠤᠤᠱᠳᠠᠢ ᠳᠡᠭᠡᠭᠰᠢᠯᠡᠬᠦᠯᠥᠨ᠂ ᠦᠯᠢᠭᠡᠷ ᠡᠳ᠋ ᠤᠨ ᠪᠦᠷᠬᠦᠴᠡ ᠶᠢᠨ ᠨᠤᠷᠮ᠎ᠡ ᠶᠢ | ᠳᠡᠭᠡᠭᠰᠢᠯᠡᠬᠦᠯᠬᠦ ᠬᠡᠷᠡᠭᠳᠡᠢ᠃ ᠬᠢᠨᠠᠨ ᠬᠠᠮᠢᠶᠠᠷᠬᠤ ᠰᠤᠭᠤᠴᠢᠨ ᠪᠠᠶᠢᠴᠠᠭᠠᠬᠤ ᠪᠠ ᠲᠦᠭᠰᠢᠬᠦᠷᠢ ᠶᠢ ᠬᠢᠨᠠᠨ ᠬᠡᠮᠵᠢᠬᠦ | ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠥᠨ ᠬᠡᠷᠡᠭᠵᠢᠬᠦᠯᠵᠤ᠂ ᠠᠰᠠᠭᠤᠳᠠᠯ ᠢ ᠴᠠᠭ ᠲᠤᠬᠠᠢ ᠳᠤᠨᠢ | ᠢᠯᠡᠷᠡᠬᠦᠯᠥᠨ᠂ ᠴᠡᠭᠴᠡᠯᠡᠨ ᠵᠠᠰᠠᠬᠤ ᠪᠠᠨ ᠴᠢᠩᠭᠠᠳᠬᠠᠨ᠂ ᠠᠰᠠᠭᠤᠳᠠᠯ ᠪᠠ ᠭᠡᠮ ᠰᠤᠭᠤᠭ ᠢ ᠠᠷᠢᠯᠭᠠᠬᠤ ᠬᠡᠷᠡᠭᠳᠡᠢ᠃ | ︵ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ | ᠦᠷᠡᠵᠢᠯ ᠤᠨ ᠵᠦᠪᠯᠡᠯ᠂ ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ | ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵5︶ ᠢᠳᠡᠭᠡᠨ ᠤᠮᠳᠠᠭᠠᠨ ᠤ ᠥᠢᠯᠡᠴᠢᠯᠡᠭᠡᠨ ᠤ ᠨᠢᠭᠡᠴᠡ ᠠᠴᠠ ᠪᠤᠬᠢᠷᠳᠤᠯ ᠭᠠᠳᠠᠭᠰᠢᠯᠠᠭᠤᠯᠬᠤ | ᠰᠦᠢᠳᠭᠡᠯ ᠬᠤᠷᠢᠶᠠᠬᠤ ᠵᠢᠴᠢ ᠳᠤᠭᠤᠭᠠᠨ ᠭᠡᠷ ᠤᠨ ᠬᠤᠭ ᠨᠤᠪᠰᠢ ᠶᠢ ᠬᠤᠷᠢᠶᠠᠨ ᠵᠦᠭᠡᠭᠡᠪᠤᠷᠢᠯᠡᠬᠦ᠂ | ᠰᠢᠢᠳᠪᠤᠷᠢᠯᠡᠬᠦ ᠲᠦᠷᠢᠮᠵᠢᠯ ᠬᠠᠮᠢᠶᠠᠷᠤᠯᠳᠠ ᠶᠢ ᠢᠳᠡᠪᠬᠢᠳᠡᠢ ᠠᠬᠢᠭᠤᠯᠵᠤ᠂ ᠳᠤᠭᠤᠭᠠᠨ ᠭᠡᠷ ᠤᠨ ᠬᠤᠭ ᠨᠤᠪᠰᠢ ᠶᠢ | ᠰᠢᠢᠳᠪᠤᠷᠢᠯᠡᠬᠦ ᠪᠠ ᠠᠰᠢᠭᠯᠠᠬᠤ ᠬᠦᠴᠥᠯᠡᠴᠡ ᠪᠠᠨ ᠴᠢᠩᠭᠠᠷᠠᠭᠤᠯᠬᠤ ᠬᠡᠷᠡᠭᠳᠡᠢ᠃ ︵ᠠᠶᠢᠮᠠᠭ ᠤᠨ ᠤᠷᠤᠨ | ᠰᠠᠭᠤᠴᠠ ᠶᠢᠨ ᠪᠦᠳᠥᠭᠡᠨ ᠪᠠᠶᠢᠭᠤᠯᠤᠯᠳᠠ ᠶᠢᠨ ᠲᠤᠪᠴᠢᠶ᠎ᠠ ᠠᠶᠢᠮᠠᠭ ᠤᠨ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠵᠡᠷᠭᠡ ᠰᠠᠯᠠᠭ᠎ᠠ ᠮᠦᠴᠢᠷ ᠠᠴᠠ ᠬᠠᠷᠢᠭᠤᠴᠠᠨ ᠬᠡᠷᠡᠭᠵᠢᠬᠦᠯᠥᠨ᠎ᠡ︶ | | ︵6︶ ᠤᠯᠤᠰ᠂ ᠦᠪᠡᠷᠳᠡᠭᠡᠨ ᠵᠠᠰᠠᠬᠤ ᠤᠷᠤᠨ ᠢ ᠬᠠᠮᠵᠢᠯᠴᠠᠨ ᠢᠳᠡᠭᠡᠨ ᠤ ᠵᠥᠢᠯ ᠤᠨ ᠬᠡᠷᠡᠭᠯᠡᠭᠡᠨ ᠤ | ᠬᠡᠮᠵᠢᠶ᠎ᠡ ᠶᠢ ᠪᠠᠶᠢᠴᠠᠭᠠᠬᠤ ᠠᠵᠢᠯ ᠢ ᠦᠷᠬᠦᠯᠵᠢᠯᠡᠨ ᠦᠷᠨᠢᠭᠦᠯᠵᠤ᠂ ᠤᠯᠤᠰ ᠤᠨ ᠢᠳᠡᠭᠡᠨ ᠤ ᠵᠥᠢᠯ ᠤᠨ | ᠬᠡᠷᠡᠭᠯᠡᠭᠡᠨ ᠤ ᠬᠡᠮᠵᠢᠶ᠎ᠡ ᠶᠢᠨ ᠦᠨᠳᠥᠰᠥᠨ ᠳᠤᠭ᠎ᠠ ᠪᠦᠷᠢᠳᠭᠡᠯ ᠤᠨ ᠬᠦᠮᠥᠷᠭᠡ ᠶᠢ ᠳᠡᠬᠦᠯᠳᠡᠷᠵᠢᠬᠦᠯᠬᠦ ᠬᠡᠷᠡᠭᠳᠡᠢ᠃ | ᠰᠢᠨ᠎ᠡ ᠢᠳᠡᠭᠡᠨ ᠤ ᠵᠥᠢᠯ ᠤᠨ ᠲᠦᠬᠦᠭᠡᠢ ᠡᠳ᠋᠂ ᠢᠳᠡᠭᠡᠨ ᠤ ᠨᠡᠮᠡᠯᠳᠡ ᠡᠳ᠋ ᠤᠨ ᠰᠢᠨ᠎ᠡ ᠲᠦᠷᠥᠯ ᠵᠥᠢᠯ᠂ | ᠢᠳᠡᠭᠡᠨ ᠤ ᠵᠥᠢᠯ ᠤᠨ ᠬᠠᠮᠢᠶ᠎ᠠ ᠪᠦᠬᠦᠢ ᠥᠢᠯᠡᠳᠬᠦᠨ ᠰᠢᠨ᠎ᠡ ᠲᠦᠷᠥᠯ ᠵᠥᠢᠯ ᠤᠨ ᠠᠮᠥᠷ ᠲᠦᠪᠰᠢᠨ ᠴᠢᠨᠠᠷ ᠢ | ᠰᠠᠶᠢᠳᠥᠷ ᠠᠩᠬᠠᠷᠬᠤ ᠬᠡᠷᠡᠭᠳᠡᠢ᠃ ︵ ᠠᠶᠢᠮᠠᠭ ᠤᠨ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ᠂ | ᠠᠶᠢᠮᠠᠭ ᠤᠨ ᠢᠳᠡᠭᠡᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ᠂ ᠠᠶᠢᠮᠠᠭ ᠤᠨ ᠶᠠᠰᠥ ᠴᠢᠨᠠᠷ ᠲᠤ | ᠬᠢᠨᠠᠯᠳᠠ ᠲᠠᠯᠪᠢᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | 4᠂ ᠢᠳᠡᠭᠡᠨ ᠤ ᠠᠮᠥᠷ ᠲᠦᠪᠰᠢᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠦᠭᠬᠦ | ᠬᠦᠴᠥᠯᠡᠴᠡ ᠪᠠᠨ ᠴᠢᠩᠭᠠᠷᠠᠭᠤᠯᠬᠤ ᠬᠡᠷᠡᠭᠳᠡᠢ᠃ | ︵1︶ ᠢᠳᠡᠭᠡᠨ ᠤ ᠠᠮᠥᠷ ᠲᠦᠪᠰᠢᠨ ᠢ ᠬᠠᠷᠰᠢᠯᠠᠭᠰᠠᠨ ᠲᠤᠪᠤᠶᠢᠮ᠎ᠠ ᠠᠰᠠᠭᠤᠳᠠᠯ ᠳᠤ ᠴᠢᠭᠯᠡᠬᠦᠯᠥᠨ᠂ | ᠢᠳᠡᠭᠡᠨ ᠤ ᠠᠮᠥᠷ ᠲᠦᠪᠰᠢᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ᠂ ᠰᠤᠷᠠᠭ | ᠵᠠᠩᠬᠢ ᠨᠡᠶᠢᠳᠡᠯᠡᠬᠦ ᠵᠡᠷᠭᠡ ᠠᠵᠢᠯ ᠢ ᠵᠤᠯᠭᠠᠭᠤᠯᠬᠤ ᠳᠤᠭᠳᠠᠴᠠ ᠶᠢᠨ ᠪᠠᠶᠢᠭᠤᠯᠤᠯᠳᠠ ᠶᠢ ᠦᠷᠬᠦᠯᠵᠢᠯᠡᠨ | ᠴᠢᠩᠭᠠᠳᠬᠠᠵᠤ᠂ ᠬᠡᠷᠡᠭ ᠲᠤ ᠬᠤᠯᠪᠤᠭᠳᠠᠭᠰᠠᠨ ᠡᠳ᠋ ᠪᠤᠳᠠᠰ ᠢ ᠰᠢᠢᠳᠪᠤᠷᠢᠯᠡᠬᠦ᠂ ᠬᠡᠷᠡᠭ ᠲᠤ ᠬᠤᠯᠪᠤᠭᠳᠠᠬᠤ | ᠥᠢᠯᠡᠳᠬᠦᠨ ᠢ ᠪᠠᠶᠢᠴᠠᠭᠠᠨ ᠬᠤᠷᠢᠶᠠᠬᠤ᠂ ᠬᠡᠷᠡᠴᠢ ᠪᠠᠷᠢᠮᠳᠠ ᠶᠢ ᠰᠤᠯᠢᠬᠤ ᠵᠡᠷᠭᠡ ᠠᠵᠢᠯ ᠢ ᠬᠠᠮᠵᠢᠯᠴᠠᠨ | ᠲᠤᠬᠢᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠥ ᠶᠢᠨ ᠬᠡᠷᠡᠭ ᠤᠨ ᠬᠠᠤᠯᠢ ᠴᠠᠭᠠᠵᠠ ᠶᠢᠨ | ᠵᠠᠢ ᠦᠬᠡᠢ ᠵᠤᠯᠭᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠠᠤᠯᠢ ᠬᠡᠷᠡᠭᠵᠢᠬᠦᠯᠬᠦ ᠶᠢ ᠴᠢᠩᠭᠠᠳᠬᠠᠵᠤ᠂ | ᠳᠤᠷᠭᠤᠭᠠᠬᠤ ᠪᠠᠷ ᠬᠠᠮᠢᠶᠠᠷᠬᠤ ᠶᠢ ᠤᠷᠤᠯᠠᠬᠤ ᠶᠢ ᠴᠢᠩᠭ᠎ᠠ ᠴᠠᠭᠠᠵᠠᠯᠠᠵᠤ᠂ ᠡᠷᠡᠬᠦᠥ ᠶᠢᠨ ᠬᠡᠷᠡᠭ ᠤᠨ | ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠨ᠂ ᠢᠳᠡᠭᠡᠨ ᠤ ᠠᠮᠥᠷ ᠲᠦᠪᠰᠢᠨ ᠤ ᠬᠠᠤᠯᠢ ᠶᠢ ᠵᠦᠷᠢᠴᠡᠭᠰᠡᠨ | ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦ ᠬᠡᠷᠡᠭᠳᠡᠢ᠃ ︵ᠠᠶᠢᠮᠠᠭ ᠤᠨ ᠳᠤᠳᠤᠭᠠᠳᠥ ᠶᠢ | ᠬᠠᠮᠠᠭᠠᠯᠠᠬᠤ ᠲᠤᠪᠴᠢᠶ᠎ᠠ᠂ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠵᠡᠷᠭᠡ ᠰᠠᠯᠠᠭ᠎ᠠ ᠮᠦᠴᠢᠷ ᠲᠤᠰ ᠲᠤᠰ ᠤᠨ ᠬᠠᠷᠢᠭᠤᠴᠠᠯᠭ᠎ᠠ ᠪᠠᠨ | ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵2︶ ᠳᠤᠳᠤᠭᠠᠳᠥ ᠶᠢ ᠬᠠᠮᠠᠭᠠᠯᠠᠬᠤ ᠪᠠᠶᠢᠭᠤᠯᠤᠯᠭ᠎ᠠ ᠨᠢᠭᠡᠴᠡ ᠠᠴᠠ ᠢᠳᠡᠭᠡᠨ ᠤ ᠠᠮᠥᠷ ᠲᠦᠪᠰᠢᠨ ᠤ | ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠳᠡᠩᠨᠡᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠳᠠ ᠶᠢ ᠦᠷᠬᠦᠯᠵᠢᠯᠡᠨ | ᠠᠬᠢᠭᠤᠯᠵᠤ᠂ ᠬᠦᠮᠥᠨ ᠢᠶᠠᠨ ᠳᠡᠬᠦᠯᠳᠡᠷᠵᠢᠬᠦᠯᠥᠨ᠂ ᠳᠤᠳᠤᠭᠠᠳᠥ ᠶᠢ ᠬᠠᠮᠠᠭᠠᠯᠠᠬᠤ ᠪᠠᠶᠢᠭᠤᠯᠤᠯᠭ᠎ᠠ ᠨᠢᠭᠡᠴᠡ ᠶᠢᠨ | ᠲᠤᠰᠬᠠᠢ ᠴᠤᠬᠢᠯᠳᠠ ᠦᠭᠬᠦ ᠬᠦᠴᠥᠨ ᠢᠶᠠᠨ ᠴᠢᠩᠭᠠᠳᠬᠠᠬᠤ ᠬᠡᠷᠡᠭᠳᠡᠢ᠃ ︵ᠡᠯ᠎ᠡ ᠬᠤᠰᠢᠭᠤ ᠰᠢᠶᠠᠨ ᠬᠤᠳᠠ ᠶᠢᠨ | ᠵᠠᠰᠠᠭ ᠤᠨ ᠤᠷᠳᠥᠨ᠂ ᠠᠶᠢᠮᠠᠭ ᠤᠨ ᠳᠤᠳᠤᠭᠠᠳᠥ ᠶᠢ ᠬᠠᠮᠠᠭᠠᠯᠠᠬᠤ ᠲᠤᠪᠴᠢᠶ᠎ᠠ ᠲᠤᠰ ᠲᠤᠰ ᠤᠨ | ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵ᠬᠤᠶᠠᠷ︶ ᠬᠠᠤᠯᠢ ᠲᠦᠷᠢᠮ ᠤᠨ ᠪᠠᠷᠢᠮᠵᠢᠶ᠎ᠠ ᠪᠠᠨ ᠳᠡᠬᠦᠯᠳᠡᠷᠵᠢᠬᠦᠯᠥᠨ᠂ ᠲᠦᠷᠢᠮ ᠤᠨ | ᠪᠠᠶᠢᠭᠤᠯᠥᠮᠵᠢ ᠪᠠᠨ ᠳᠡᠬᠦᠯᠳᠡᠷᠵᠢᠬᠦᠯᠬᠦ ᠬᠡᠷᠡᠭᠳᠡᠢ᠃ | 1. ᠢᠳᠡᠭᠡᠨ ᠤ ᠠᠮᠥᠷ ᠲᠦᠪᠰᠢᠨ ᠤ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | | ︵1︶ ᠰᠢᠨ᠎ᠡ ᠪᠠᠷ ᠵᠠᠰᠠᠪᠤᠷᠢᠯᠬᠠᠰᠠᠨ ︽ᠪᠦᠬᠦᠳᠡ ᠨᠠᠶᠢᠷᠠᠮᠳᠠᠬᠤ ᠳᠤᠮᠳᠠᠳᠥ ᠠᠷᠠᠳ ᠤᠯᠤᠰ ᠤᠨ | ᠢᠳᠡᠭᠡᠨ ᠤ ᠠᠮᠥᠷ ᠲᠦᠪᠰᠢᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠥ ᠠᠷᠠᠳ ᠤᠯᠤᠰ ᠤᠨ | ᠳᠠᠷᠢᠶᠠᠯᠠᠩ ᠤᠨ ᠥᠢᠯᠡᠳᠬᠦᠨ ᠤ ᠶᠠᠰᠥ ᠴᠢᠨᠠᠷ ᠤᠨ ᠠᠮᠥᠷ ᠲᠦᠪᠰᠢᠨ ᠤ ᠬᠠᠤᠯᠢ︾ ᠪᠠ ᠦᠪᠠᠷᠳᠡᠭᠡᠨ ᠵᠠᠰᠠᠬᠤ | ᠤᠷᠤᠨ ᠤ ᠬᠡᠷᠡᠭᠵᠢᠬᠦᠯᠬᠦ ᠪᠠᠷ ᠪᠠᠶᠢᠭ᠎ᠠ ︽ᠢᠳᠡᠭᠡᠨ ᠤ ᠵᠥᠢᠯ ᠥᠢᠯᠳᠪᠤᠷᠢᠯᠡᠵᠤ ᠪᠤᠯᠪᠠᠰᠤᠷᠠᠭᠤᠯᠬᠤ ᠭᠠᠵᠠᠷ ᠪᠠ | ᠢᠳᠡᠭᠡᠨ ᠤ ᠬᠤᠳᠠᠯᠳᠤᠭᠠᠴᠢᠨ ᠤ ᠬᠠᠮᠢᠶᠠᠷᠤᠯᠳᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠦᠷᠢᠮ ᠢ | ᠤᠬᠠᠭᠤᠯᠵᠤ ᠬᠡᠷᠡᠭᠵᠢᠬᠦᠯᠬᠦ ᠠᠵᠢᠯ ᠢ ᠨᠠᠷᠢᠨ ᠬᠢᠨᠠᠮᠠᠭᠠᠢ ᠰᠠᠶᠢᠳᠥᠷ ᠬᠢᠵᠤ᠂ ᠳᠡᠭᠡᠷᠡᠬᠢ ᠳᠤᠷᠠᠳᠤᠭᠰᠠᠨ ᠬᠠᠤᠯᠢ | ᠴᠠᠭᠠᠵᠠ ᠬᠠᠤᠯᠢ ᠲᠦᠷᠢᠮ ᠲᠠᠢ ᠢᠵᠢ ᠪᠦᠷᠢᠯᠳᠦᠭᠦᠯᠦᠭᠰᠡᠨ ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ | ᠠᠬᠤᠢ ᠶᠢᠨ ᠥᠢᠯᠡᠳᠬᠦᠨ ᠡᠵᠡᠩᠨᠡᠬᠦ ᠬᠢᠨᠠᠨ ᠬᠠᠮᠢᠶᠠᠷᠬᠤ ᠠᠷᠭ᠎ᠠ᠂ ᠢᠳᠡᠭᠡᠨ ᠤ ᠵᠥᠢᠯ ᠥᠢᠯᠡᠳᠪᠤᠷᠢᠯᠡᠬᠦ ᠠᠵᠤ | ᠠᠬᠤᠢᠢᠯᠠᠯ ᠤᠨ ᠬᠢᠨᠠᠨ ᠬᠠᠮᠢᠶᠠᠷᠬᠤ᠂ ᠢᠳᠡᠭᠡᠨ ᠤ ᠵᠥᠢᠯ ᠡᠵᠡᠩᠨᠡᠬᠦ ᠬᠢᠨᠠᠨ ᠬᠠᠮᠢᠶᠠᠷᠬᠤ᠂ ᠡᠷᠡᠬᠦᠯᠵᠢᠯ ᠤᠨ ᠡᠳ᠋ | ᠳᠠᠩᠰᠠᠯᠠᠬᠤ ᠵᠢᠴᠢ ᠬᠢᠨᠠᠨ ᠬᠠᠮᠢᠶᠠᠷᠬᠤ᠂ ᠢᠳᠡᠭᠡᠨ ᠤ ᠵᠥᠢᠯ ᠬᠤᠷᠢᠶᠠᠨ ᠠᠪᠬᠤ ᠪᠤᠶᠤ ᠡᠵᠡᠩᠨᠡᠬᠦ ᠶᠢ ᠨᠢ | ᠵᠤᠭᠰᠤᠭᠠᠬᠤ᠂ ᠢᠳᠡᠭᠡᠨ ᠤ ᠬᠠᠮᠢᠶ᠎ᠠ ᠪᠦᠬᠦᠢ ᠥᠢᠯᠡᠳᠬᠦᠨ ᠢ ᠬᠢᠨᠠᠨ ᠬᠠᠮᠢᠶᠠᠷᠬᠤ᠂ ᠢᠳᠡᠭᠡᠨ ᠤ ᠠᠮᠥᠷ | ᠲᠦᠪᠰᠢᠨ ᠤ ᠲᠦᠭᠰᠢᠬᠦᠷᠢ ᠶᠢ ᠬᠢᠨᠠᠨ ᠬᠡᠮᠵᠢᠬᠦ᠂ ᠲᠦᠭᠰᠢᠬᠦᠷᠢ ᠶᠢ ᠦᠨᠡᠯᠡᠬᠦ ᠵᠡᠷᠭᠡ ᠢᠳᠡᠭᠡᠨ ᠳᠤ ᠬᠡᠷᠡᠭᠯᠡᠬᠦ | ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠪᠠ ᠢᠳᠡᠭᠡᠨ ᠤ ᠠᠮᠥᠷ ᠲᠦᠪᠰᠢᠨ ᠢ ᠬᠢᠨᠠᠨ ᠬᠠᠮᠢᠶᠠᠷᠬᠤ ᠭᠠᠵᠠᠷ | ᠤᠷᠤᠨ ᠤ ᠴᠢᠨᠠᠷᠳᠠᠢ ᠲᠦᠷᠢᠮ ᠢ ᠬᠦᠴᠥᠨ ᠦᠬᠡᠢ ᠪᠤᠯᠭᠠᠬᠤ ᠂ ᠦᠭᠡᠷᠡᠴᠢᠯᠡᠬᠦ ᠪᠤᠶᠤ ᠡᠰᠡᠭᠦᠯ᠎ᠡ ᠰᠢᠨ᠎ᠡ ᠪᠠᠷ | ᠲᠤᠭᠳᠠᠭᠠᠬᠤ ᠵᠡᠷᠭᠡ ᠶᠢᠨ ᠬᠦᠴᠥᠯᠡᠴᠡ ᠶᠢ ᠴᠢᠩᠭᠠᠷᠠᠭᠤᠯᠬᠤ ᠬᠡᠷᠡᠭᠳᠡᠢ᠃ ︵ ᠠᠶᠢᠮᠠᠭ ᠤᠨ ᠳᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ᠂ ᠠᠶᠢᠮᠠᠭ ᠤᠨ ᠢᠳᠡᠭᠡᠨ | ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ᠂ ᠠᠶᠢᠮᠠᠭ ᠤᠨ ᠶᠠᠰᠥ ᠴᠢᠨᠠᠷ ᠲᠤ ᠬᠢᠨᠠᠯᠳᠠ | ᠲᠠᠯᠪᠢᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | ︵2︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ | ᠠᠬᠢᠭᠤᠯᠥᠨ᠂ ᠵᠠᠰᠠᠭ ᠢ ᠤᠯᠠᠮ ᠨᠢᠭᠡ ᠠᠯᠬᠤᠮ ᠴᠤᠮᠬᠠᠳᠬᠠᠵᠤ᠂ ᠡᠷᠭᠡ ᠶᠢ ᠲᠠᠯᠪᠢᠵᠤ᠂ ᠬᠢᠨᠠᠨ ᠵᠦᠪᠰᠢᠶᠡᠷᠡᠵᠤ | ᠬᠢᠨᠠᠨ ᠦᠨᠡᠯᠡᠬᠦ ᠠᠵᠢᠯ ᠤᠨ ᠬᠢᠨᠠᠯᠳᠠ ᠲᠠᠯᠪᠢᠨ ᠪᠠᠶᠢᠴᠠᠭᠠᠬᠤ ᠪᠠ ᠬᠠᠮᠢᠶᠠᠷᠬᠤ ᠪᠠᠨ ᠴᠢᠩᠭᠠᠳᠬᠠᠵᠤ᠂ ᠵᠠᠰᠠᠭ | ᠵᠠᠬᠢᠷᠭᠠᠨ ᠤ ᠡᠷᠭᠡ ᠶᠢ ᠨᠠᠷᠢᠨ ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠲᠦᠷᠢᠮ ᠢ ᠶᠠᠭᠡᠪᠡᠷ | ᠬᠡᠷᠡᠭᠵᠢᠬᠦᠯᠥᠨ᠎ᠡ᠃ ᠬᠦᠯᠢᠶᠡᠨ ᠠᠪᠬᠤ᠂ ᠬᠢᠨᠠᠨ ᠦᠨᠡᠯᠡᠬᠦ᠂ ᠬᠢᠨᠠᠨ ᠵᠦᠪᠰᠢᠶᠡᠷᠡᠬᠦ᠂ ᠬᠢᠨᠠᠯᠳᠠ ᠲᠠᠯᠪᠢᠬᠤ | ᠲᠦᠷᠪᠡ ᠶᠢ ᠰᠠᠯᠭᠠᠬᠤ ᠵᠠᠷᠴᠢᠮ ᠤᠨ ᠶᠤᠰᠤᠭᠠᠷ᠂ ᠪᠦᠷᠢᠨ ᠲᠦᠬᠦᠷ ᠬᠢᠨᠠᠨ ᠦᠨᠡᠯᠡᠬᠦ ᠬᠢᠨᠠᠨ ᠵᠦᠪᠰᠢᠶᠡᠷᠡᠬᠦ ᠲᠦᠷᠢᠮ | ᠂ ᠪᠠᠷᠢᠮᠵᠢᠶ᠎ᠠ᠂ ᠶᠠᠪᠤᠴᠠ᠂ ᠵᠢᠭᠠᠪᠤᠷᠢ ᠵᠡᠷᠭᠡ ᠶᠢ ᠨᠢᠭᠡᠳᠭᠡᠭᠰᠡᠨ ᠱᠠᠭᠠᠷᠳᠠᠯᠭ᠎ᠠ ᠶᠢ ᠳᠤᠭᠳᠠᠭᠠᠵᠤ᠂ ᠬᠢᠨᠠᠨ ᠦᠨᠡᠯᠡᠬᠦ | ᠬᠢᠨᠠᠨ ᠵᠦᠪᠰᠢᠶᠡᠷᠡᠬᠦ ᠶᠠᠪᠤᠴᠠ ᠶᠢ ᠲᠦᠬᠦᠮᠴᠢᠯᠡᠵᠤ᠂ ᠬᠢᠨᠠᠨ ᠵᠦᠪᠰᠢᠶᠡᠷᠡᠬᠦ ᠴᠠᠭ ᠢ ᠪᠠᠭᠠᠰᠬᠠᠵᠤ᠂ ᠤᠯᠠᠨ ᠲᠦᠮᠡᠨ | ᠪᠠ ᠠᠵᠤ ᠠᠬᠤᠢᠢᠯᠠᠯ ᠳᠤ ᠰᠢᠯᠢᠳᠡᠭ ᠲᠦᠬᠦᠮ ᠥᠢᠯᠡᠴᠢᠯᠡᠭᠡ ᠬᠠᠨᠭ᠍ᠭᠠᠬᠤ ᠬᠡᠷᠡᠭᠳᠡᠢ᠃ ᠢᠳᠡᠭᠡᠨ ᠡᠮ ᠤᠨ | ᠵᠥᠢᠯᠡᠰ ᠤᠨ ᠬᠥᠢᠯᠭᠡᠭᠡ ᠪᠠ ᠢᠳᠡᠭᠡᠨ ᠤᠮᠳᠠᠭᠠᠨ ᠤ ᠥᠢᠯᠡᠴᠢᠯᠡᠭᠡ᠂ ᠠᠷᠢᠬᠢᠨ ᠤ ᠲᠦᠷᠥᠯ ᠤᠨ ᠬᠠᠮᠢᠶᠠᠷᠤᠯᠳᠠ | ᠵᠡᠷᠭᠡ ᠤᠯᠠᠨ ᠵᠦᠪᠰᠢᠶᠡᠷᠡᠯ ᠤᠨ ᠦᠨᠡᠮᠯᠡᠯ ᠢ ᠨᠢᠭᠡ ᠪᠤᠯᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠬᠦ ᠬᠡᠯᠪᠡᠷᠢ ᠶᠢᠨ | ᠦᠭᠡᠷᠡᠴᠢᠯᠡᠯᠳᠡ ᠶᠢᠨ ᠠᠷᠭ᠎ᠠ ᠶᠢ ᠰᠦᠪᠡᠭᠴᠢᠯᠡᠬᠦ ᠬᠡᠷᠡᠭᠳᠡᠢ᠃ ᠡᠷᠡᠬᠦᠯᠵᠢᠯ ᠤᠨ ᠢᠳᠡᠭᠡᠨ ᠤ ᠬᠢᠨᠠᠨ ᠦᠨᠡᠯᠡᠬᠦ ᠬᠢᠨᠠᠨ | ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠥᠨ᠂ ᠢᠳᠡᠭᠡᠨ ᠤ ᠵᠥᠢᠯ ᠥᠢᠯᠡᠳᠪᠤᠷᠢᠯᠡᠵᠤ | ᠡᠵᠡᠩᠨᠡᠬᠦ ᠠᠵᠤ ᠠᠬᠤᠢᠢᠯᠠᠯ ᠤᠨ ᠳᠡᠰ ᠬᠤᠪᠢᠶᠠᠨ ᠲᠦᠷᠥᠯ ᠬᠤᠪᠢᠶᠠᠨ ᠬᠠᠮᠢᠶᠠᠷᠬᠤ ᠶᠢ ᠢᠳᠡᠪᠬᠢᠳᠡᠢ ᠠᠬᠢᠭᠤᠯᠵᠤ᠂ | ᠢᠳᠡᠭᠡᠨ ᠤ ᠵᠥᠢᠯ ᠢ ᠬᠠᠮᠢᠶᠠᠷᠤᠭᠴᠢ ᠶᠢᠨ ᠲᠦᠷᠢᠮ ᠢ ᠪᠠᠶᠢᠭᠤᠯᠵᠤ ᠂ ᠦᠨᠳᠥᠰᠥᠨ ᠱᠠᠳᠥᠨ ᠤ ᠢᠳᠡᠭᠡᠨ ᠡᠮ ᠤᠨ | ᠵᠥᠢᠯᠡᠰ ᠤᠨ ᠬᠢᠨᠠᠨ ᠬᠠᠮᠢᠶᠠᠷᠤᠯᠳᠠ ᠶᠢᠨ ᠭᠠᠵᠠᠷ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠲᠦᠷᠢᠮ ᠢ ᠰᠤᠳᠤᠯᠥᠨ | ᠪᠠᠶᠢᠭᠤᠯᠬᠤ ᠬᠡᠷᠡᠭᠳᠡᠢ᠃ ᠬᠢᠯᠢ ᠪᠠᠷ ᠤᠷᠤᠭᠤᠯᠵᠤ ᠭᠠᠷᠭᠠᠬᠤ ᠢᠳᠡᠭᠡᠨ ᠤ ᠵᠥᠢᠯ ᠤᠨ ᠠᠮᠥᠷ ᠲᠦᠪᠰᠢᠨ ᠤ | ᠬᠤᠯᠪᠤᠭᠳᠠᠯ ᠪᠦᠬᠦᠢ ᠲᠦᠷᠢᠮ ᠢ ᠳᠡᠬᠦᠯᠳᠡᠷᠵᠢᠬᠦᠯᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠬᠠᠷᠢᠭᠤᠴᠠᠨ | ᠬᠡᠷᠡᠭᠵᠢᠬᠦᠯᠥᠨ᠎ᠡ︶ | 2. ᠢᠳᠡᠭᠡᠨ ᠤ ᠠᠮᠥᠷ ᠲᠦᠪᠰᠢᠨ ᠤ ᠪᠠᠷᠢᠮᠵᠢᠶᠠᠵᠢᠭᠰᠠᠨ ᠠᠵᠢᠯ ᠢ ᠴᠢᠩᠭᠠᠳᠬᠠᠬᠤ ᠬᠡᠷᠡᠭᠳᠡᠢ᠃ | | ︵1︶ ᠮᠠᠨ ᠤ ᠠᠶᠢᠮᠠᠭ ᠤᠨ ᠢᠳᠡᠭᠡᠨ ᠤ ᠠᠮᠥᠷ ᠲᠦᠪᠰᠢᠨ ᠤ ᠪᠠᠷᠢᠮᠵᠢᠶ᠎ᠠ ᠶᠢᠨ ᠬᠠᠮᠢᠶᠠᠷᠤᠯᠳᠠ ᠶᠢᠨ | ᠲᠦᠷᠢᠮ ᠢ ᠳᠡᠬᠦᠯᠳᠡᠷᠵᠢᠬᠦᠯᠵᠤ᠂ ᠭᠠᠵᠠᠷ ᠤᠷᠤᠨ ᠤ ᠴᠢᠨᠠᠷᠳᠠᠢ ᠪᠠᠷᠢᠮᠵᠢᠶ᠎ᠠ ᠭᠠᠷᠭᠠᠬᠤ ᠶᠠᠪᠤᠴᠠ ᠶᠢ ᠲᠦᠷᠢᠮᠵᠢᠬᠦᠯᠵᠤ᠂ | ᠢᠳᠡᠭᠡᠨ ᠤ ᠠᠮᠥᠷ ᠲᠦᠪᠰᠢᠨ ᠤ ᠪᠠᠷᠢᠮᠵᠢᠶ᠎ᠠ ᠶᠢ ᠤᠬᠠᠭᠤᠯᠬᠤ ᠪᠤᠯᠪᠠᠰᠤᠷᠠᠯ᠂ ᠰᠤᠷᠠᠭ ᠵᠠᠩᠬᠢ ᠶᠢ ᠨᠡᠶᠢᠳᠡᠯᠡᠬᠦ ᠪᠠ | ᠠᠰᠠᠭᠤᠨ ᠯᠠᠪᠯᠠᠯᠳᠠ ᠶᠢ ᠬᠠᠷᠢᠭᠤᠯᠬᠤ ᠵᠡᠷᠭᠡ ᠠᠵᠢᠯ ᠢ ᠰᠠᠶᠢᠳᠥᠷ ᠬᠢᠬᠦ ᠬᠡᠷᠡᠭᠳᠡᠢ᠃ ᠢᠳᠡᠭᠡᠨ ᠤ ᠠᠮᠥᠷ ᠲᠦᠪᠰᠢᠨ ᠤ | ᠪᠠᠷᠢᠮᠵᠢᠶ᠎ᠠ ᠶᠢ ᠰᠤᠳᠤᠯᠥᠨ ᠨᠠᠶᠢᠷᠠᠭᠤᠯᠬᠤ ᠪᠠᠶᠢᠭᠤᠯᠤᠯᠭ᠎ᠠ ᠨᠢᠭᠡᠴᠡ ᠪᠠ ᠲᠤᠰᠬᠠᠢ ᠡᠩᠨᠡᠭᠡ ᠶᠢᠨ ᠪᠠᠶᠢᠭᠤᠯᠤᠯᠳᠠ ᠶᠢ | ᠴᠢᠩᠭᠠᠳᠬᠠᠵᠤ᠂ ᠢᠳᠡᠭᠡᠨ ᠤ ᠠᠮᠥᠷ ᠲᠦᠪᠰᠢᠨ ᠤ ᠪᠠᠷᠢᠮᠵᠢᠶᠠᠵᠢᠭᠰᠠᠨ ᠠᠵᠢᠯ ᠤᠨ ᠴᠢᠳᠠᠪᠤᠷᠢ ᠪᠠ ᠠᠵᠢᠯ ᠤᠨ ᠦᠷ᠎ᠠ | ᠠᠰᠢᠭ ᠢ ᠳᠡᠭᠡᠭᠰᠢᠯᠡᠬᠦᠯᠬᠦ ᠬᠡᠷᠡᠭᠳᠡᠢ᠃ | ︵ᠠᠶᠢᠮᠠᠭ ᠤᠨ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ ᠬᠠᠷᠢᠭᠤᠴᠠᠨ ᠬᠡᠷᠡᠭᠵᠢᠬᠦᠯᠥᠨ᠎ᠠ︶ | | ︵2︶ ᠤᠯᠤᠰ ᠤᠨ ᠢᠳᠡᠭᠡᠨ ᠤ ᠠᠮᠥᠷ ᠲᠦᠪᠰᠢᠨ ᠤ ᠪᠠᠷᠢᠮᠵᠢᠶ᠎ᠠ ᠶᠢ ᠲᠤᠤᠱᠯᠠᠭᠤᠯᠥᠨ ᠬᠡᠷᠡᠭᠵᠢᠬᠦᠯᠬᠦ | ᠬᠦᠴᠥᠯᠡᠴᠡ ᠶᠢ ᠨᠡᠮᠡᠭᠳᠡᠬᠦᠯᠥᠨ᠂ ᠦᠨᠳᠥᠰᠥᠳᠡᠨ ᠤ ᠭᠠᠵᠠᠷ ᠤᠷᠤᠨ ᠤ ᠤᠨᠴᠠᠯᠢᠭ ᠲᠠᠢ ᠢᠳᠡᠭᠡᠨ ᠤ ᠵᠥᠢᠯ ᠵᠡᠷᠭᠡ | ᠢᠳᠡᠭᠡᠨ ᠤ ᠠᠮᠥᠷ ᠲᠦᠪᠰᠢᠨ ᠤ ᠭᠠᠵᠠᠷ ᠤᠷᠤᠨ ᠤ ᠪᠠᠷᠢᠮᠵᠢᠶ᠎ᠠ ᠶᠢ ᠳᠤᠭᠳᠠᠭᠠᠬᠤ ᠪᠠ ᠳᠡᠬᠦᠯᠳᠡᠷᠵᠢᠬᠦᠯᠬᠦ ᠶᠢ | ᠲᠦᠷᠭᠡᠳᠭᠡᠨ ᠂ ᠢᠳᠡᠭᠡᠨ ᠤ ᠠᠮᠥᠷ ᠲᠦᠪᠰᠢᠨ ᠤ ᠪᠠᠷᠢᠮᠵᠢᠶ᠎ᠠ ᠶᠢ ᠳᠤᠭᠳᠠᠭᠠᠬᠤ ᠪᠠ ᠢᠳᠡᠭᠡᠨ ᠤ ᠠᠮᠥᠷ | ᠲᠦᠪᠰᠢᠨ ᠤ ᠬᠢᠨᠠᠨ ᠬᠠᠮᠢᠶᠠᠷᠬᠤ ᠠᠵᠢᠯ ᠤᠨ ᠪᠤᠳᠠᠳᠥ ᠪᠠᠶᠢᠳᠠᠯ᠂ ᠪᠠᠷᠢᠮᠵᠢᠶ᠎ᠠ ᠶᠢ ᠬᠡᠷᠡᠭᠵᠢᠬᠦᠯᠬᠦ ᠪᠠᠶᠢᠳᠠᠯ ᠤᠨ | ᠤᠶᠠᠯᠳᠤᠯ ᠢ ᠴᠢᠩᠭᠠᠳᠬᠠᠬᠤ ᠬᠡᠷᠡᠭᠳᠡᠢ᠃ ᠠᠵᠤ ᠠᠬᠤᠢᠢᠯᠠᠯ ᠤᠨ ᠪᠠᠷᠢᠮᠵᠢᠶ᠎ᠠ ᠶᠢ ᠳᠠᠩᠰᠠᠯᠠᠬᠤ ᠠᠵᠢᠯ ᠢ ᠨᠠᠷᠢᠨ | ᠬᠢᠨᠠᠮᠠᠭᠠᠢ ᠬᠢᠵᠤ᠂ ᠤᠯᠠᠨ ᠨᠡᠶᠢᠳᠡ ᠪᠠᠷ ᠢᠶᠠᠨ ᠪᠠᠶᠢᠴᠠᠭᠠᠵᠤ ᠦᠵᠡᠬᠦ ᠪᠠ ᠬᠢᠨᠠᠨ ᠬᠠᠮᠢᠶᠠᠷᠬᠤ ᠳᠤ ᠲᠦᠬᠦᠮ | ᠦᠵᠡᠬᠦᠯᠬᠦ ᠬᠡᠷᠡᠭᠳᠡᠢ᠃ ︵ᠠᠶᠢᠮᠠᠭ ᠤᠨ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ ᠬᠠᠷᠢᠭᠤᠴᠠᠨ | ᠬᠡᠷᠡᠭᠵᠢᠬᠦᠯᠥᠨ᠎ᠠ︶ | 3. ᠬᠠᠤᠯᠢ ᠬᠡᠷᠡᠭᠵᠢᠬᠦᠯᠬᠦ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | ︵ 1︶ ᠢᠳᠡᠭᠡᠨ ᠤ ᠠᠮᠥᠷ ᠲᠦᠪᠰᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠠᠪᠤᠴᠠ ᠶᠢ | ᠳᠡᠬᠦᠯᠳᠡᠷᠵᠢᠬᠦᠯᠥᠨ᠂ ᠬᠠᠤᠯᠢ ᠬᠡᠷᠡᠭᠵᠢᠬᠦᠯᠬᠦ ᠶᠠᠪᠤᠴᠠ ᠶᠢ ᠲᠦᠷᠢᠮᠵᠢᠬᠦᠯᠬᠦ ᠬᠡᠷᠡᠭᠳᠡᠢ᠃ ᠤᠯᠤᠰ ᠤᠨ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠦᠷᠢᠮ ᠤᠨ ᠱᠠᠭᠠᠷᠳᠠᠯᠭ᠎ᠠ ᠶᠤᠰᠤᠭᠠᠷ᠂ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ | ᠵᠠᠬᠢᠷᠭᠠᠨ ᠤ ᠳᠤᠷᠭᠤᠭᠠᠯ ᠦᠭᠬᠦ᠂ ᠵᠠᠰᠠᠭ ᠵᠠᠬᠢᠷᠭᠠᠨ ᠤ ᠰᠥᠢᠳᠭᠡᠯ ᠬᠤᠷᠢᠶᠠᠬᠤ ᠪᠠ ᠵᠠᠰᠠᠭ ᠵᠠᠬᠢᠷᠭᠠᠨ ᠤ | ᠪᠠᠶᠢᠴᠠᠭᠠᠬᠤ ᠵᠡᠷᠭᠡ ᠠᠵᠢᠯᠯᠠᠭ᠎ᠠ ᠶᠢ ᠬᠠᠤᠯᠢ ᠶᠤᠰᠤᠭᠠᠷ ᠬᠡᠷᠡᠭᠵᠢᠬᠦᠯᠬᠦ ᠬᠡᠷᠡᠭᠳᠡᠢ᠃ | ︵ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ | ᠬᠠᠷᠢᠭᠤᠴᠠᠨ ᠬᠡᠷᠡᠭᠵᠢᠬᠦᠯᠥᠨ᠎ᠡ︶ | ︵2︶ ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠬᠤ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢ | ᠴᠢᠩᠭᠠᠳᠬᠠᠵᠤ᠂ ᠬᠠᠤᠯᠢ ᠬᠡᠷᠡᠭᠵᠢᠬᠦᠯᠬᠦ ᠠᠵᠢᠯᠯᠠᠭ᠎ᠠ ᠶᠢᠨ ᠪᠦᠬᠦ ᠶᠠᠪᠤᠴᠠ ᠶᠢ ᠳᠡᠮᠳᠡᠭᠯᠡᠬᠦ ᠶᠢ ᠢᠳᠡᠪᠬᠢᠳᠡᠢ | ᠠᠬᠢᠭᠤᠯᠥᠨ᠂ ᠵᠠᠰᠠᠭ ᠵᠠᠬᠢᠷᠭᠠᠨ ᠢᠶᠠᠷ ᠳᠤᠷᠭᠤᠭᠠᠬᠤ ᠰᠤᠷᠠᠭ ᠵᠠᠩᠬᠢ ᠶᠢ ᠬᠠᠤᠯᠢ ᠶᠤᠰᠤᠭᠠᠷ ᠨᠡᠶᠢᠳᠡᠯᠡᠨ᠂ | ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠠᠬᠤ ᠥᠢᠯᠡᠳᠬᠦᠨ ᠵᠢᠴᠢ ᠢᠳᠡᠭᠡᠨ ᠤ ᠵᠥᠢᠯ ᠤᠨ ᠬᠡᠪᠴᠢᠶᠡᠨ ᠳᠠᠬᠢ | ᠬᠠᠤᠯᠢ ᠬᠡᠷᠡᠭᠵᠢᠬᠦᠯᠬᠦ ᠪᠠ ᠢᠳᠡᠭᠡᠨ ᠤ ᠠᠮᠥᠷ ᠲᠦᠪᠰᠢᠨ ᠤ ᠬᠡᠪᠴᠢᠶᠡᠨ ᠳᠠᠬᠢ ᠬᠠᠮᠵᠢᠯᠴᠠᠭ᠎ᠠ ᠶᠢ ᠠᠬᠢᠭᠤᠯᠬᠤ | ᠬᠡᠷᠡᠭᠳᠡᠢ᠃ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ | ᠬᠡᠷᠡᠭᠵᠢᠬᠦᠯᠥᠨ᠂ ᠪᠤᠷᠤᠭᠤ ᠪᠠᠨ ᠵᠠᠯᠠᠷᠠᠭᠤᠯᠥᠨ ᠬᠠᠷᠢᠭᠤᠴᠠᠯᠭ᠎ᠠ ᠨᠡᠭᠡᠮᠵᠢᠯᠡᠬᠦ ᠳᠤᠭᠳᠠᠴᠠ ᠶᠢ ᠳᠡᠬᠦᠯᠳᠡᠷᠵᠢᠬᠦᠯᠥᠨ᠂ | ᠬᠦᠯᠢᠶᠡᠰᠥᠯᠡᠨ ᠬᠢᠨᠠᠨ ᠬᠠᠮᠢᠶᠠᠷᠬᠤ ᠶᠢ ᠴᠢᠩᠭᠠᠳᠬᠠᠨ᠂ ᠬᠠᠷᠢᠭᠤᠴᠠᠯᠭ᠎ᠠ ᠨᠡᠭᠡᠮᠵᠢᠯᠡᠬᠦ ᠬᠦᠴᠥᠯᠡᠴᠡ ᠶᠢ ᠨᠡᠮᠡᠭᠳᠡᠬᠦᠯᠬᠦ | ᠬᠡᠷᠡᠭᠳᠡᠢ᠃ | ︵ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ | ᠬᠠᠷᠢᠭᠤᠴᠠᠨ ᠬᠡᠷᠡᠭᠵᠢᠬᠦᠯᠥᠨ᠎ᠡ︶ | ︵ᠭᠤᠷᠪᠠ︶ ᠥᠢᠯᠡᠳᠪᠤᠷᠢᠯᠡᠯ ᠡᠵᠡᠩᠨᠡᠯᠳᠡ ᠶᠢ ᠲᠦᠷᠢᠮᠵᠢᠬᠦᠯᠥᠨ᠂ ᠠᠵᠤ ᠠᠬᠤᠢᠢᠯᠠᠯ ᠤᠨ ᠡᠬᠦᠷᠭᠡ | ᠬᠠᠷᠢᠭᠤᠴᠠᠯᠭ᠎ᠠ ᠶᠢ ᠪᠦᠬᠦ ᠳᠠᠯ᠎ᠠ ᠪᠠᠷ ᠬᠡᠷᠡᠭᠵᠢᠬᠦᠯᠥᠨ᠎ᠡ᠃ | 1. ᠠᠵᠤ ᠠᠬᠤᠢᠢᠯᠠᠯ ᠤᠨ ᠶᠠᠰᠥ ᠴᠢᠨᠠᠷ ᠤᠨ ᠠᠮᠥᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ | ᠳᠡᠬᠦᠯᠳᠡᠷᠵᠢᠬᠦᠯᠥᠨᠡ᠃ | ︵1︶ ᠢᠳᠡᠭᠡᠨ ᠤ ᠶᠠᠰᠥ ᠴᠢᠨᠠᠷ ᠤᠨ ᠠᠮᠥᠷ ᠲᠦᠪᠰᠢᠨ ᠤ ᠡᠷᠭᠡ ᠤᠯᠭᠤᠭᠰᠠᠨ ᠲᠦᠷᠢᠮ ᠤᠨ | ᠲᠤᠷᠰᠢᠯᠳᠠ ᠶᠢᠨ ᠴᠡᠭ ᠤᠨ ᠬᠦᠷᠢᠶ᠎ᠡ ᠬᠡᠪᠴᠢᠶ᠎ᠡ ᠪᠠᠨ ᠦᠷᠭᠡᠳᠭᠡᠨ᠂ ᠢᠳᠡᠭᠡᠨ ᠤ ᠵᠥᠢᠯ ᠥᠢᠯᠡᠳᠪᠤᠷᠢᠯᠡᠵᠤ | ᠡᠵᠡᠩᠨᠡᠬᠦ ᠪᠦᠬᠦ ᠶᠠᠪᠤᠴᠠ ᠶᠢᠨ ᠶᠠᠰᠥ ᠴᠢᠨᠠᠷ ᠤᠨ ᠠᠮᠥᠷ ᠲᠦᠪᠰᠢᠨ ᠢ ᠳᠡᠮᠳᠡᠭᠯᠡᠬᠦ ᠲᠦᠷᠢᠮ ᠢ ᠬᠡᠷᠡᠭᠵᠢᠬᠦᠯᠬᠦ ᠶᠢ | ᠠᠬᠢᠭᠤᠯᠵᠤ᠂ ᠢᠳᠡᠭᠡᠨ ᠤ ᠶᠠᠰᠥ ᠴᠢᠨᠠᠷ ᠤᠨ ᠠᠮᠥᠷ ᠲᠦᠪᠰᠢᠨ ᠤ ᠰᠤᠷᠠᠭ ᠵᠠᠩᠬᠢ ᠶᠢ ᠦᠵᠡᠵᠤ ᠳᠡᠶᠢᠯᠬᠦ᠂ | ᠶᠠᠪᠤᠴᠠ ᠶᠢ ᠨᠢ ᠡᠵᠡᠮᠳᠡᠵᠤ ᠳᠡᠶᠢᠯᠬᠦ᠂ ᠬᠠᠷᠢᠭᠤᠴᠠᠯᠭ᠎ᠠ ᠶᠢ ᠨᠡᠭᠡᠮᠵᠢᠯᠡᠵᠤ ᠳᠡᠶᠢᠯᠬᠦ ᠰᠢᠰᠲ᠋ᠧᠮ ᠢ ᠪᠦᠷᠢᠯᠳᠥᠬᠦᠯᠬᠦ | ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ | ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵2︶ ᠢᠳᠡᠭᠡᠨ ᠤ ᠵᠥᠢᠯ ᠥᠢᠯᠡᠳᠪᠤᠷᠢᠯᠡᠬᠦ ᠠᠵᠤ ᠠᠬᠤᠢᠢᠯᠠᠯ ᠳᠤᠮᠳᠠ ᠲᠦᠭᠰᠢᠬᠦᠷᠢᠳᠡᠢ ᠠᠰᠠᠭᠤᠳᠠᠯ ᠢ | ᠮᠡᠳᠡᠬᠦᠯᠬᠦ ᠲᠦᠷᠢᠮ ᠢ ᠪᠠᠶᠢᠭᠤᠯᠬᠤ ᠬᠡᠷᠡᠭᠳᠡᠢ᠃ ᠲᠤᠷᠰᠢᠯᠳᠠ ᠶᠢᠨ ᠴᠡᠭ ᠲᠤ ᠶᠡᠭᠡ ᠬᠡᠪᠴᠢᠶᠡᠨ ᠤ ᠢᠳᠡᠭᠡᠨ | ᠤᠮᠳᠠᠭᠠᠨ ᠤ ᠥᠢᠯᠡᠴᠢᠯᠡᠭᠡᠨ ᠤ ᠠᠵᠤ ᠠᠬᠤᠢᠢᠯᠠᠯ ᠤᠨ ᠲᠦᠭᠰᠢᠬᠦᠷᠢ ᠶᠢ ᠦᠪᠡᠰᠥᠪᠡᠨ ᠡᠷᠢᠬᠦ ᠮᠡᠳᠡᠬᠦᠯᠬᠦ ᠲᠦᠷᠢᠮ ᠢ | ᠬᠡᠷᠡᠭᠵᠢᠬᠦᠯᠥᠨ᠂ ᠢᠳᠡᠭᠡᠨ ᠤᠮᠳᠠᠭᠠᠨ ᠤ ᠥᠢᠯᠡᠴᠢᠯᠡᠭᠡᠨ ᠤ ᠠᠵᠤ ᠠᠬᠤᠢᠢᠯᠠᠯ ᠤᠨ ︽ᠢᠯᠡ ᠪᠤᠯᠭᠠᠬᠤ︾ | ᠢᠨᠵᠧᠨᠧᠷᠢᠩ ᠢ ᠪᠦᠬᠦ ᠳᠠᠯ᠎ᠠ ᠪᠠᠷ ᠬᠡᠷᠡᠭᠵᠢᠬᠦᠯᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ | ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | 2. ᠠᠵᠤ ᠠᠬᠤᠢᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠳᠡᠬᠦᠯᠳᠡᠷᠵᠢᠬᠦᠯᠬᠦ | ᠬᠡᠷᠡᠭᠳᠡᠢ᠃ | ︵1︶ ᠠᠵᠤ ᠠᠬᠤᠢᠢᠯᠠᠯ ᠤᠨ ᠢᠳᠡᠭᠡᠨ ᠤ ᠠᠮᠥᠷ ᠲᠦᠪᠰᠢᠨ ᠤ ᠥᠢᠯᠡᠳᠪᠤᠷᠢᠯᠡᠯ ᠡᠵᠡᠩᠨᠡᠭᠴᠢ ᠶᠢᠨ ᠭᠤᠤᠯ | ᠴᠤᠭᠴᠠ ᠶᠢᠨ ᠬᠠᠷᠢᠭᠤᠴᠠᠯᠭ᠎ᠠ ᠶᠢᠨ ᠲᠦᠷᠢᠮ ᠢ ᠳᠡᠬᠦᠯᠳᠡᠷᠵᠢᠬᠦᠯᠬᠦ ᠶᠢ ᠱᠠᠭᠠᠷᠳᠠᠵᠤ᠂ ᠠᠵᠤ ᠠᠬᠤᠢᠢᠯᠠᠯ ᠤᠨ ᠭᠤᠤᠯ | ᠬᠠᠷᠢᠭᠤᠴᠠᠯᠭᠠᠳᠠᠨ ᠤ ᠳᠡᠷᠢᠬᠦᠨ ᠡᠬᠦᠷᠭᠡ ᠶᠢ ᠡᠬᠦᠷᠭᠡᠯᠡᠬᠦ ᠶᠢ ᠴᠢᠩᠭᠠᠳᠬᠠᠵᠤ᠂ ᠢᠳᠡᠭᠡᠨ ᠤ ᠶᠠᠰᠥ ᠴᠢᠨᠠᠷ ᠤᠨ ᠠᠮᠥᠷ | ᠲᠦᠪᠰᠢᠨ ᠤ ᠡᠷᠭᠡ ᠤᠯᠭᠤᠭᠰᠠᠨ ᠬᠦᠮᠥᠨ᠂ ᠬᠠᠮᠢᠶᠠᠷᠤᠭᠴᠢ᠂ ᠲᠤᠬᠠᠢᠢᠯᠠᠭᠰᠠᠨ ᠠᠵᠢᠯᠳᠠᠨ ᠤ ᠡᠬᠦᠷᠭᠡ | ᠬᠠᠷᠢᠭᠤᠴᠠᠯᠭ᠎ᠠ ᠶᠢ ᠬᠡᠷᠡᠭᠵᠢᠬᠦᠯᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ | ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵2︶ ᠬᠠᠤᠯᠢ ᠲᠦᠷᠢᠮ ᠢ ᠵᠦᠷᠢᠴᠡᠭᠰᠡᠨ ᠠᠵᠤ ᠠᠬᠤᠢᠢᠯᠠᠯ ᠤᠨ ᠢᠳᠡᠭᠡᠨ ᠤ ᠠᠮᠥᠷ ᠲᠦᠪᠰᠢᠨ ᠤ ᠭᠤᠤᠯ | ᠴᠤᠭᠴᠠ ᠶᠢᠨ ᠬᠠᠷᠢᠭᠤᠴᠠᠯᠭ᠎ᠠ ᠶᠢ ᠨᠡᠭᠡᠮᠵᠢᠯᠡᠨ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠳᠤᠷᠭᠤᠭᠠᠯ ᠦᠭᠬᠦ | ᠬᠦᠴᠥᠯᠡᠴᠡ ᠶᠢ ᠨᠡᠮᠡᠭᠳᠡᠬᠦᠯᠥᠨ᠂ ᠦᠷ᠎ᠡ ᠳ᠋ᠦᠩ ᠢ ᠨᠢ ᠢᠯᠡ ᠨᠡᠶᠢᠳᠡᠯᠡᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ | ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | 3. ᠢᠳᠡᠭᠡᠨ ᠤ ᠠᠮᠥᠷ ᠲᠦᠪᠰᠢᠨ ᠤ ᠢᠳᠡᠭᠡᠮᠵᠢᠳᠥ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠬᠤ | ᠬᠡᠷᠡᠭᠳᠡᠢ᠃ | ︵1︶ ᠠᠵᠤ ᠠᠬᠤᠢᠢᠯᠠᠯ ᠤᠨ ᠢᠳᠡᠭᠡᠮᠵᠢᠳᠥ ᠳᠡᠮᠳᠡᠭᠯᠡᠯ ᠢ ᠤᠯᠠᠮ ᠨᠢᠭᠡ ᠠᠯᠬᠤᠮ ᠳᠡᠬᠦᠯᠳᠡᠷᠵᠢᠬᠦᠯᠥᠨ᠂ | ᠨᠢᠭᠡᠳᠥᠯᠳᠡᠢ ᠢᠳᠡᠭᠡᠨ ᠤ ᠵᠥᠢᠯ ᠤᠨ ᠢᠳᠡᠭᠡᠮᠵᠢ ᠶᠢᠨ ᠳᠡᠰ ᠬᠤᠪᠢᠶᠠᠬᠤ ᠪᠠᠷᠢᠮᠵᠢᠶ᠎ᠠ ᠶᠢ ᠰᠦᠪᠡᠭᠴᠢᠯᠡᠨ ᠪᠠᠶᠢᠭᠤᠯᠵᠤ᠂ | ᠢᠳᠡᠭᠡᠮᠵᠢ ᠲᠠᠢ ᠶᠢ ᠨᠢ ᠵᠤᠷᠢᠭᠵᠢᠭᠤᠯᠵᠤ᠂ ᠢᠳᠡᠭᠡᠮᠵᠢ ᠠᠯᠳᠠᠭᠰᠠᠨ ᠢ ᠨᠢ ᠳᠤᠷᠭᠤᠭᠠᠬᠤ ᠳᠤᠭᠳᠠᠴᠠ ᠶᠢ | ᠪᠠᠶᠢᠭᠤᠯᠬᠤ ᠬᠡᠷᠡᠭᠳᠡᠢ᠃ ᠢᠳᠡᠭᠡᠨ ᠤ ᠠᠮᠥᠷ ᠲᠦᠪᠰᠢᠨ ᠢ ᠰᠦᠷᠡᠬᠡᠢ ᠡᠪᠳᠡᠭᠰᠡᠨ ᠥᠢᠯᠡᠳᠪᠤᠷᠢᠯᠡᠯ ᠡᠵᠡᠩᠨᠡᠭᠴᠢ ᠶᠢᠨ | ᠬᠠᠮᠢᠶ᠎ᠠ ᠪᠦᠬᠦᠢ ᠰᠤᠷᠠᠭ ᠵᠠᠩᠬᠢ ᠶᠢ ᠨᠢ ᠬᠠᠤᠯᠢ ᠶᠤᠰᠤᠭᠠᠷ ᠴᠠᠭ ᠲᠤᠬᠠᠢ ᠳᠤᠨᠢ ᠨᠡᠶᠢᠳᠡᠯᠡᠵᠤ᠂ ᠢᠳᠡᠭᠡᠮᠵᠢ | ᠠᠯᠳᠠᠭᠰᠠᠨ ᠡᠵᠡᠩᠨᠡᠭᠴᠢ ᠶᠢ ᠳᠤᠷᠭᠤᠭᠠᠬᠤ ᠬᠦᠴᠥᠯᠡᠴᠡ ᠪᠠᠨ ᠨᠡᠮᠡᠭᠳᠡᠬᠦᠯᠬᠦ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ | ᠬᠠᠷᠢᠭᠤᠴᠠᠨ ᠬᠡᠷᠡᠭᠵᠢᠬᠦᠯᠥᠨ᠎ᠡ︶ | ︵2︶ ᠢᠳᠡᠭᠡᠨ ᠤ ᠠᠮᠥᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠳᠠ ᠶᠢᠨ ᠴᠡᠭ ᠢ | ᠬᠡᠷᠡᠭᠵᠢᠬᠦᠯᠥᠨ᠂ ᠵᠠᠰᠠᠭ ᠤᠨ ᠤᠷᠳᠥᠨ᠂ ᠳᠠᠭᠠᠳᠬᠠᠯ ᠤᠨ ᠪᠠᠶᠢᠭᠤᠯᠥᠮᠵᠢ᠂ ᠠᠵᠤ ᠠᠬᠤᠢᠢᠯᠠᠯ᠂ ᠬᠡᠷᠡᠭᠯᠡᠭᠴᠢ ᠤᠯᠠᠨ | ᠳᠠᠯ᠎ᠠ ᠤᠷᠤᠯᠴᠠᠭᠰᠠᠨ ᠬᠦᠯᠢᠶᠡᠰᠥᠯ ᠪᠠᠶᠢᠭᠤᠯᠥᠮᠵᠢ ᠪᠠ ᠲᠦᠭᠰᠢᠬᠦᠷᠢ ᠶᠢ ᠡᠵᠡᠮᠳᠡᠬᠦ ᠪᠠᠶᠢᠭᠤᠯᠥᠮᠵᠢ ᠶᠢ | ᠰᠦᠪᠡᠭᠴᠢᠯᠡᠨ ᠪᠠᠶᠢᠭᠤᠯᠬᠤ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ | ᠬᠠᠷᠢᠭᠤᠴᠠᠨ ᠬᠡᠷᠡᠭᠵᠢᠬᠦᠯᠥᠨ᠎ᠡ︶ | ︵ᠲᠦᠷᠪᠡ︶ ᠤᠬᠠᠭᠤᠯᠭ᠎ᠠ ᠪᠠ ᠪᠠᠴᠢᠮ ᠢ ᠠᠷᠭᠠᠴᠠᠬᠤ ᠪᠠᠨ ᠴᠢᠩᠭᠠᠳᠬᠠᠵᠤ᠂ ᠲᠦᠭᠰᠢᠬᠦᠷᠢ ᠶᠢ ᠡᠵᠡᠮᠳᠡᠬᠦ | ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠳᠡᠢ᠃ | 1. ᠤᠬᠠᠭᠤᠯᠭ᠎ᠠ ᠪᠠᠨ ᠴᠢᠩᠭᠠᠳᠬᠠᠬᠤ ᠬᠡᠷᠡᠭᠳᠡᠢ᠃ | ︵1︶ ᠤᠯᠤᠰ ᠤᠨ ︽ᠢᠳᠡᠭᠡᠨ ᠤ ᠠᠮᠥᠷ ᠲᠦᠪᠰᠢᠨ ᠤ ᠤᠬᠠᠭᠤᠯᠤᠯ ᠬᠦᠮᠥᠵᠢᠯ ᠤᠨ ᠠᠵᠢᠯ ᠤᠨ | ᠬᠦᠳᠥᠯᠪᠤᠷᠢ︾ ᠶᠢ ᠨᠠᠷᠢᠨ ᠬᠢᠨᠠᠮᠠᠭᠠᠢ ᠬᠡᠷᠡᠭᠵᠢᠬᠦᠯᠥᠨ᠂ ᠲᠦᠷᠥ ᠶᠢᠨ ᠪᠤᠳᠤᠯᠭ᠎ᠠ ᠶᠢ ᠳᠠᠶᠢᠯᠪᠤᠷᠢᠯᠠᠬᠤ ᠶᠢ ᠬᠦᠨᠵᠡᠬᠡᠢ | ᠦᠷᠨᠢᠬᠦᠯᠥᠨ᠂ ᠢᠳᠡᠭᠡᠨ ᠤ ᠠᠮᠥᠷ ᠲᠦᠪᠰᠢᠨ ᠤ ᠵᠶᠢᠯ ᠤᠨ ᠭᠤᠤᠯ ᠴᠢᠭᠯᠡᠯᠳᠡ᠂ ᠠᠷᠭ᠎ᠠ ᠠᠪᠴᠠᠯ ᠪᠠ | ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠪᠠᠶᠢᠳᠠᠯ ᠢ ᠶᠠᠬᠡᠪᠠᠷ ᠤᠬᠠᠭᠤᠯᠬᠤ | ᠬᠡᠷᠡᠭᠳᠡᠢ᠃ ᠢᠳᠡᠭᠡᠨ ᠤ ᠠᠮᠥᠷ ᠲᠦᠪᠰᠢᠨ ᠤ ᠰᠤᠨᠢᠨ ᠮᠡᠳᠡᠭᠡ ᠨᠡᠶᠢᠳᠡᠯᠡᠬᠦ᠂ ᠬᠠᠤᠯᠢ ᠴᠠᠭᠠᠵᠠ ᠬᠠᠤᠯᠢ ᠲᠦᠷᠢᠮ | ᠪᠠ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠤᠬᠠᠭᠤᠯᠤᠯ ᠢ ᠰᠠᠶᠢᠳᠥᠷ ᠬᠢᠵᠤ᠂ ᠤᠯᠠᠨ ᠨᠡᠶᠢᠳᠡ ᠶᠢᠨ ᠦᠪᠠᠷ ᠢ ᠪᠠᠨ | ᠬᠠᠮᠠᠭᠠᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠳᠡᠢ᠃ ᠢᠳᠡᠭᠡᠨ ᠤ ᠠᠮᠥᠷ ᠲᠦᠪᠰᠢᠨ ᠢ | ᠤᠯᠠᠨ ᠨᠡᠶᠢᠳᠡ ᠶᠢᠨ ᠴᠢᠨᠠᠷᠳᠠᠢ ᠤᠬᠠᠭᠤᠯᠤᠯ ᠤᠨ ᠬᠡᠪᠴᠢᠶᠡᠨ ᠳᠤ ᠤᠷᠤᠭᠤᠯᠵᠤ᠂ ᠭᠤᠤᠯ ᠵᠠᠭᠤᠴᠢᠯᠠᠭᠤᠷ ᠢᠶᠠᠷ | ᠳᠠᠮᠵᠢᠨ ᠳᠤᠭᠳᠠᠭᠰᠠᠨ ᠬᠤᠭᠤᠴᠠᠭ᠎ᠠ ᠲᠠᠢ ᠨᠡᠶᠢᠳᠡ ᠶᠢᠨ ᠠᠰᠠᠷᠠᠮᠵᠢ ᠶᠢᠨ ᠵᠠᠷ ᠨᠡᠶᠢᠳᠡᠯᠡᠵᠤ᠂ ᠨᠡᠶᠢᠭᠡᠮ ᠤᠨ | ᠬᠦᠴᠥᠨ ᠳᠤ ᠲᠦᠰᠢᠭᠯᠡᠨ ᠢᠳᠡᠭᠡᠨ ᠤ ᠠᠮᠥᠷ ᠲᠦᠪᠰᠢᠨ ᠤ ᠤᠬᠠᠭᠤᠯᠤᠯ ᠪᠠ ᠰᠢᠨᠵᠢᠯᠡᠬᠦ ᠤᠬᠠᠭᠠᠨ | ᠲᠦᠭᠡᠮᠡᠯᠵᠢᠬᠦᠯᠬᠦ ᠠᠵᠢᠯ ᠳᠤ ᠤᠷᠤᠯᠴᠠᠭᠤᠯᠥᠨ᠂ ᠤᠯᠠᠨ ᠨᠡᠶᠢᠳᠡ ᠶᠢᠨ ᠢᠳᠡᠭᠡᠨ ᠤ ᠠᠮᠥᠷ ᠲᠦᠪᠰᠢᠨ ᠤ ᠰᠢᠨᠵᠢᠯᠡᠬᠦ | ᠤᠬᠠᠭᠠᠨᠴᠢ ᠦᠵᠡᠯᠳᠡ ᠲᠠᠨᠢᠯᠳᠠ ᠶᠢ ᠳᠡᠭᠡᠭᠰᠢᠯᠡᠬᠦᠯᠬᠦ ᠬᠡᠷᠡᠭᠳᠡᠢ ᠃ ᠢᠳᠡᠭᠡᠨ ᠤ ᠠᠮᠥᠷ ᠲᠦᠪᠰᠢᠨ ᠤ ᠰᠢᠨᠵᠢᠯᠡᠬᠦ | ᠤᠬᠠᠭᠠᠨ ᠲᠦᠭᠡᠮᠡᠯᠵᠢᠬᠦᠯᠬᠦ ᠠᠵᠢᠯ ᠤᠨ ᠡᠩᠨᠡᠭᠡ ᠶᠢᠨ ᠪᠠᠶᠢᠭᠤᠯᠤᠯᠳᠠ ᠪᠠ ᠨᠡᠶᠢᠳᠡᠯᠢᠭ ᠵᠢᠱᠢᠶ᠎ᠡ ᠶᠢ ᠡᠬᠦᠳᠥᠨ | ᠪᠠᠶᠢᠭᠤᠯᠬᠤ ᠶᠢ ᠦᠷᠬᠦᠯᠵᠢᠯᠡᠨ ᠠᠬᠢᠭᠤᠯᠵᠤ᠂ ᠢᠳᠡᠭᠡᠨ ᠤ ᠠᠮᠥᠷ ᠲᠦᠪᠰᠢᠨ ᠤ ᠰᠢᠨᠵᠢᠯᠡᠬᠦ ᠤᠬᠠᠭᠠᠨ | ᠲᠦᠭᠡᠮᠡᠯᠵᠢᠬᠦᠯᠬᠦ ᠰᠦᠯᠵᠢᠶᠡᠨ ᠴᠡᠭ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | ︵ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ ᠵᠥᠢᠯᠡᠰ ᠤᠨ | ᠬᠢᠨᠠᠨ ᠬᠠᠮᠢᠶᠠᠷᠬᠤ ᠲᠤᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠢᠨᠭ᠍ᠭᠠᠨ ᠤ ᠷᠠᠳᠢᠣ᠋ ᠲᠧᠯᠸᠢᠰ | ᠬᠤᠷᠢᠶ᠎ᠠ ᠵᠡᠷᠭᠡ ᠰᠠᠯᠠᠭ᠎ᠠ ᠮᠦᠴᠢᠷ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | ︵2︶ ︽ᠢᠳᠡᠭᠡᠨ ᠤ ᠠᠮᠥᠷ ᠲᠦᠪᠰᠢᠨ ᠤ ᠤᠬᠠᠭᠤᠯᠭ᠎ᠠ ᠶᠢᠨ ᠭᠠᠷᠠᠭ︾ ᠵᠡᠷᠭᠡ ᠠᠵᠢᠯᠯᠠᠭ᠎ᠠ ᠶᠢ ᠵᠤᠬᠢᠶᠠᠨ | ᠪᠠᠶᠢᠭᠤᠯᠥᠨ ᠦᠷᠨᠢᠬᠦᠯᠬᠦ ᠬᠡᠷᠡᠭᠳᠡᠢ᠃ ᠳᠤᠭᠳᠠᠭᠰᠠᠨ ᠬᠤᠭᠤᠴᠠᠭ᠎ᠠ ᠲᠠᠢ ᠪᠠᠷ ᠰᠤᠨᠢᠨ ᠮᠡᠳᠡᠭᠡ ᠨᠡᠶᠢᠳᠡᠯᠡᠬᠦ ᠬᠤᠷᠠᠯ | ᠬᠢᠵᠤ᠂ ᠵᠦᠪ ᠳᠠᠯ᠎ᠠ ᠶᠢ ᠨᠢ ᠤᠬᠠᠭᠤᠯᠥᠨ᠂ ︽ᠢᠳᠡᠭᠡᠨ ᠡᠮ ᠤᠨ ᠵᠥᠢᠯᠡᠰ ᠤᠨ ᠠᠮᠥᠷ ᠲᠦᠪᠰᠢᠨ ᠢ ᠪᠠᠳᠤᠯᠠᠭᠰᠠᠨ | ᠬᠢᠨᠭ᠍ᠭᠠᠨ ᠠᠶᠢᠮᠠᠭ︾ ᠢ ᠡᠬᠦᠳᠥᠨ ᠪᠠᠶᠢᠭᠤᠯᠬᠤ ᠠᠵᠢᠯᠯᠠᠭ᠎ᠠ ᠶᠢ ᠤᠬᠠᠭᠤᠯᠬᠤ ᠬᠦᠴᠥᠯᠡᠴᠡ ᠪᠠᠨ ᠨᠡᠮᠡᠭᠳᠡᠬᠦᠯᠬᠦ | ᠬᠡᠷᠡᠭᠳᠡᠢ᠃ ᠢᠳᠡᠭᠡᠨ ᠤ ᠠᠮᠥᠷ ᠲᠦᠪᠰᠢᠨ ᠤ ᠬᠡᠷᠡᠭ ᠢ ᠴᠠᠭ ᠲᠤᠬᠠᠢ ᠳᠤᠨᠢ ᠢᠯᠡᠷᠡᠬᠦᠯᠥᠨ ᠰᠢᠢᠳᠪᠤᠷᠢᠯᠡᠵᠤ᠂ | ᠵᠠᠭᠤᠴᠢᠯᠠᠭᠤᠷ ᠲᠠᠢ ᠬᠠᠷᠢᠯᠴᠠᠬᠤ ᠪᠠᠨ ᠴᠢᠩᠭᠠᠳᠬᠠᠵᠤ᠂ ᠨᠡᠶᠢᠭᠡᠮ ᠤᠨ ᠬᠠᠷᠢᠭᠤ ᠲᠤᠰᠬᠠᠯ ᠢ ᠬᠦᠳᠡᠯᠥᠩᠬᠦᠢ ᠪᠠᠷ | ᠮᠡᠳᠡᠬᠦᠯᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ | ᠪᠠ ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ | ᠦᠷᠡᠵᠢᠯ ᠤᠨ ᠵᠦᠪᠯᠡᠯ᠂ ᠳᠤᠳᠤᠭᠠᠳᠥ ᠶᠢ ᠬᠠᠮᠠᠭᠠᠯᠠᠬᠤ ᠲᠤᠪᠴᠢᠶ᠎ᠠ᠂ ᠢᠳᠡᠭᠡᠨ ᠡᠮ ᠤᠨ ᠵᠥᠢᠯᠡᠰ ᠤᠨ ᠬᠢᠨᠠᠨ | ᠬᠠᠮᠢᠶᠠᠷᠬᠤ ᠲᠤᠪᠴᠢᠶ᠎ᠠ᠂ ᠬᠢᠨᠭ᠍ᠭᠠᠨ ᠤ ᠷᠠᠳᠢᠣ᠋ ᠲᠧᠯᠸᠢᠰ ᠬᠤᠷᠢᠶ᠎ᠠ ᠵᠡᠷᠭᠡ ᠰᠠᠯᠠᠭ᠎ᠠ ᠮᠦᠴᠢᠷ ᠬᠠᠷᠢᠭᠤᠴᠠᠨ | ᠬᠡᠷᠡᠭᠵᠢᠬᠦᠯᠥᠨ᠎ᠡ︶ | 2. ᠪᠠᠴᠢᠮ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠳᠡᠢ᠃ | ︵1︶ ᠤᠷᠤᠨ ᠪᠦᠰᠡ᠂ ᠰᠠᠯᠠᠭ᠎ᠠ ᠮᠦᠴᠢᠷ ᠠᠯᠤᠰᠯᠠᠨ ᠪᠠᠴᠢᠮ ᠢ ᠠᠷᠭᠠᠴᠠᠬᠤ ᠬᠠᠮᠵᠢᠯᠴᠠᠭ᠎ᠠ ᠪᠠ ᠰᠤᠷᠠᠭ | ᠵᠠᠩᠬᠢ ᠮᠡᠳᠡᠬᠦᠯᠬᠦ ᠳᠤᠭᠳᠠᠴᠠ ᠶᠢ ᠴᠢᠩᠭᠠᠳᠬᠠᠵᠤ᠂ ᠪᠦᠬᠦ ᠠᠶᠢᠮᠠᠭ ᠢ ᠪᠦᠷᠬᠦᠭᠰᠡᠨ ᠬᠡᠨᠡᠳᠳᠡ ᠭᠠᠷᠤᠭᠰᠠᠨ | ᠬᠡᠷᠡᠭ ᠤᠨ ᠰᠤᠷᠠᠭ ᠵᠠᠩᠬᠢ ᠶᠢ ᠰᠦᠯᠵᠢᠶᠡᠨ ᠳᠡᠭᠡᠷ᠎ᠡ ᠰᠢᠭᠤᠳ ᠮᠡᠳᠡᠬᠦᠯᠬᠦ ᠪᠠ ᠪᠠᠶᠢᠳᠠᠯ ᠢ ᠬᠢᠨᠠᠨ ᠬᠡᠮᠵᠢᠬᠦ | ᠰᠦᠯᠵᠢᠶ᠎ᠡ ᠶᠢ ᠪᠠᠶᠢᠭᠤᠯᠥᠨ᠂ ᠳᠡᠭᠡᠭᠰᠢ ᠳᠤᠷᠤᠭᠰᠢ ᠨᠡᠪᠳᠡᠷᠡᠯᠴᠡᠭᠰᠡᠨ᠂ ᠦᠨᠳᠥᠷ ᠦᠷ᠎ᠡ ᠠᠰᠢᠬᠳᠥ ᠢᠳᠡᠭᠡᠨ ᠤ | ᠠᠮᠥᠷ ᠲᠦᠪᠰᠢᠨ ᠤ ᠪᠠᠴᠢᠮ ᠢ ᠠᠷᠭᠠᠴᠠᠬᠤ ᠰᠢᠰᠲ᠋ᠧᠮ ᠢ ᠠᠯᠢ ᠲᠦᠷᠭᠡᠨ ᠢᠶᠠᠷ ᠪᠦᠷᠢᠯᠳᠥᠬᠦᠯᠬᠦ ᠬᠡᠷᠡᠭᠳᠡᠢ᠃ | ᠢᠳᠡᠭᠡᠨ ᠤ ᠠᠮᠥᠷ ᠲᠦᠪᠰᠢᠨ ᠤ ᠲᠦᠭᠰᠢᠬᠦᠷᠢ ᠶᠢ ᠬᠢᠨᠠᠨ ᠦᠨᠡᠯᠡᠬᠦ ᠰᠢᠰᠲ᠋ᠧᠮ ᠪᠠ ᠳᠡᠭᠡᠭᠰᠢ ᠮᠡᠳᠡᠬᠦᠯᠬᠦ | ᠰᠦᠯᠵᠢᠶ᠎ᠡ ᠶᠢ ᠪᠠᠶᠢᠭᠤᠯᠥᠨ ᠳᠡᠬᠦᠯᠳᠡᠷᠵᠢᠬᠦᠯᠬᠦ ᠶᠢᠨ ᠬᠠᠮᠳᠥ᠂ ᠬᠢᠨᠠᠨ ᠬᠡᠮᠵᠢᠬᠦ ᠦᠷ᠎ᠡ ᠳ᠋ᠦᠩ ᠢ ᠨᠢᠭᠡᠳᠥᠯᠳᠡᠢ | ᠶᠡᠷᠥᠩᠬᠡᠶᠢᠯᠡᠬᠦ᠂ ᠵᠠᠳᠠᠯᠬᠤ ᠪᠠ ᠳᠡᠭᠡᠭᠰᠢ ᠮᠡᠳᠡᠬᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ | ᠰᠤᠨᠢᠨ ᠮᠡᠳᠡᠭᠡ ᠨᠡᠶᠢᠳᠡᠯᠡᠭᠴᠢ ᠶᠢᠨ ᠲᠦᠷᠢᠮ ᠪᠠ ᠢᠳᠡᠭᠡᠨ ᠤ ᠠᠮᠥᠷ ᠲᠦᠪᠰᠢᠨ ᠤ ᠰᠤᠷᠠᠭ ᠵᠠᠩᠬᠢ ᠨᠡᠶᠢᠳᠡᠯᠡᠬᠦ | ᠲᠦᠷᠢᠮ ᠢ ᠳᠡᠬᠦᠯᠳᠡᠷᠵᠢᠬᠦᠯᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ | ᠪᠠ ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ | ᠦᠷᠡᠵᠢᠯ ᠤᠨ ᠵᠦᠪᠯᠡᠯ᠂ ᠢᠳᠡᠭᠡᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠵᠡᠷᠭᠡ ᠰᠠᠯᠠᠭ᠎ᠠ ᠮᠦᠴᠢᠷ | ᠬᠠᠷᠢᠭᠤᠴᠠᠨ ᠬᠡᠷᠡᠭᠵᠢᠬᠦᠯᠥᠨ᠎ᠡ︶ | ︵2︶ ᠪᠠᠴᠢᠮ ᠢ ᠠᠷᠭᠠᠴᠠᠬᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠬᠡᠯᠪᠡᠷᠢ ᠶᠢᠨ | ᠪᠠᠴᠢᠮ ᠢ ᠠᠷᠭᠠᠴᠠᠬᠤ ᠪᠤᠯᠪᠠᠰᠤᠷᠠᠯ ᠪᠠ ᠪᠠᠴᠢᠮ ᠢ ᠠᠷᠭᠠᠴᠠᠬᠤ ᠬᠠᠮᠢᠶᠠᠷᠤᠯᠳᠠ ᠶᠢᠨ ᠪᠤᠯᠪᠠᠰᠤᠷᠠᠯ ᠡᠷᠬᠢᠯᠡᠬᠦ ᠬᠡᠷᠡᠭᠳᠡᠢ | ᠃ ᠢᠳᠡᠭᠡᠨ ᠤ ᠵᠥᠢᠯ ᠥᠢᠯᠡᠳᠪᠤᠷᠢᠯᠡᠵᠤ ᠡᠵᠡᠩᠨᠡᠬᠦ ᠠᠵᠤ ᠠᠬᠤᠢᠢᠯᠠᠯ ᠤᠨᠴᠠᠭᠠᠢᠢᠯᠠᠨ ᠶᠡᠭᠡ ᠬᠡᠯᠪᠡᠷᠢ ᠶᠢᠨ ᠠᠵᠤ | ᠠᠬᠤᠢᠢᠯᠠᠯ ᠤᠨ ᠡ᠊ᠨᠳᠡᠯ ᠢ ᠰᠡᠷᠬᠡᠶᠢᠯᠡᠬᠦ᠂ ᠰᠢᠢᠳᠪᠤᠷᠢᠯᠡᠬᠦ᠂ ᠳᠡᠭᠡᠭᠰᠢ ᠮᠡᠳᠡᠬᠦᠯᠬᠦ ᠵᠡᠷᠭᠡ ᠠᠵᠢᠯ ᠤᠨ ᠲᠦᠷᠢᠮ ᠢ | ᠱᠠᠭᠠᠷᠳᠠᠨ ᠵᠢᠯᠤᠭᠤᠳᠬᠤ ᠬᠡᠷᠡᠭᠳᠡᠢ᠃ | ︵ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ᠂ ᠵᠡᠷᠭᠡ | ᠰᠠᠯᠠᠭ᠎ᠠ ᠮᠦᠴᠢᠷ ᠬᠠᠷᠢᠭᠤᠴᠠᠨ ᠬᠡᠷᠡᠭᠵᠢᠬᠦᠯᠥᠨ᠎ᠡ︶ | 3. ᠠᠶᠤᠯ ᠲᠦᠭᠰᠢᠬᠦᠷᠢ ᠶᠢ ᠤᠷᠢᠳᠴᠢᠯᠠᠨ ᠰᠡᠷᠭᠡᠶᠢᠯᠡᠬᠦ ᠠᠷᠭ᠎ᠠ ᠵᠠᠮ ᠢᠶᠠᠨ ᠬᠠᠷᠢᠯᠴᠠᠨ ᠰᠣᠯᠢᠯᠴᠠᠬᠤ ᠶᠢ | ᠴᠢᠩᠭᠠᠳᠬᠠᠬᠤ ᠬᠡᠷᠡᠭᠳᠡᠢ᠃ | ᠴᠢᠬᠤᠯᠠ ᠶᠡᠭᠡ ᠲᠦᠷᠥ ᠶᠢᠨ ᠪᠤᠳᠤᠯᠭ᠎ᠠ᠂ ᠲᠦᠷᠢᠮ ᠪᠠ ᠴᠢᠬᠤᠯᠠ ᠶᠡᠭᠡ ᠬᠡᠷᠡᠭ ᠶᠠᠪᠤᠳᠠᠯ ᠤᠨ ᠬᠠᠤᠯᠢ ᠳᠤ | ᠨᠡᠶᠢᠴᠡᠬᠦ ᠬᠢᠨᠠᠨ ᠪᠠᠶᠢᠴᠠᠭᠠᠬᠤ ᠲᠦᠷᠢᠮ ᠪᠠ ᠠᠶᠤᠯ ᠲᠦᠭᠰᠢᠬᠦᠷᠢ ᠶᠢ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠬᠦᠯᠬᠦ ᠪᠠ ᠬᠠᠷᠢᠯᠴᠠᠨ ᠰᠣᠯᠢᠯᠴᠠᠬᠤ ᠠᠵᠢᠯ ᠤᠨ ᠳᠤᠭᠳᠠᠴᠠ ᠶᠢ ᠪᠠᠶᠢᠭᠤᠯᠥᠨ ᠳᠡᠬᠦᠯᠳᠡᠷᠵᠢᠬᠦᠯᠵᠤ᠂ | ᠠᠵᠢᠯ ᠤᠨ ᠲᠦᠷᠢᠮᠵᠢᠯ ᠭᠠᠷᠭᠠᠵᠤ᠂ ᠢᠳᠡᠭᠡᠨ ᠤ ᠠᠮᠥᠷ ᠲᠦᠪᠰᠢᠨ ᠤ ᠲᠤᠰᠬᠠᠢ ᠮᠡᠷᠭᠡᠵᠢᠯᠳᠡᠨ ᠤ ᠡᠩᠨᠡᠭᠡ ᠶᠢ | ᠳᠡᠬᠦᠯᠳᠡᠷᠵᠢᠬᠦᠯᠬᠦ ᠬᠡᠷᠡᠭᠳᠡᠢ᠃ ᠭᠤᠷᠪᠠᠳᠤᠭᠠᠷ ᠡᠳᠡᠭᠡᠨ ᠤᠨ ᠢᠳᠡᠭᠡᠨ ᠤ ᠠᠮᠥᠷ ᠲᠦᠪᠰᠢᠨ ᠤ ᠲᠦᠭᠰᠢᠬᠦᠷᠢ ᠶᠢ | ᠬᠠᠷᠢᠯᠴᠠᠨ ᠨᠡᠪᠳᠡᠷᠡᠯᠴᠡᠬᠦ ᠠᠵᠢᠯ ᠤᠨ ᠳᠤᠮᠳᠠᠬᠢ ᠥᠢᠯᠡᠳᠥᠯ ᠢ ᠢᠳᠡᠪᠬᠢᠳᠡᠢ ᠪᠠᠳᠠᠷᠠᠭᠤᠯᠥᠨ᠂ ᠲᠦᠭᠰᠢᠬᠦᠷᠢ ᠶᠢ | ᠬᠠᠷᠢᠯᠴᠠᠨ ᠨᠡᠪᠳᠡᠷᠡᠯᠴᠡᠬᠦ ᠵᠠᠮ ᠢ ᠦᠷᠭᠡᠳᠭᠡᠬᠦ ᠬᠡᠷᠡᠭᠳᠡᠢ᠃ ᠶᠡᠭᠡ ᠬᠡᠪᠴᠢᠶᠡᠨ ᠤ ᠢᠳᠡᠭᠡᠨ ᠤ ᠵᠥᠢᠯ | ᠥᠢᠯᠡᠳᠪᠤᠷᠢᠯᠡᠵᠤ ᠡᠵᠡᠩᠨᠡᠬᠦ ᠠᠵᠤ ᠠᠬᠤᠢᠢᠯᠠᠯ ᠤᠨ ᠲᠦᠭᠰᠢᠬᠦᠷᠢ ᠶᠢ ᠬᠠᠷᠢᠯᠴᠠᠨ ᠨᠡᠪᠳᠡᠷᠡᠯᠴᠡᠬᠦ ᠳᠤᠭᠳᠠᠴᠠ ᠶᠢ | ᠪᠠᠶᠢᠭᠤᠯᠥᠨ ᠳᠡᠬᠦᠯᠳᠡᠷᠵᠢᠬᠦᠯᠬᠦ ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ | ᠪᠠ ᠠᠶᠢᠮᠠᠭ ᠤᠨ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ | ᠦᠷᠡᠵᠢᠯ ᠤᠨ ᠵᠦᠪᠯᠡᠯ᠂ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠵᠡᠷᠭᠡ | ᠰᠠᠯᠠᠭ᠎ᠠ ᠮᠦᠴᠢᠷ ᠬᠠᠷᠢᠭᠤᠴᠠᠨ ᠬᠡᠷᠡᠭᠵᠢᠬᠦᠯᠥᠨ᠎ᠡ︶ | ︵ᠲᠠᠪᠤ︶ ᠴᠡᠭᠴᠡᠯᠡᠨ ᠵᠠᠰᠠᠬᠤ ᠰᠢᠰᠲ᠋ᠧᠮ ᠢ ᠳᠡᠬᠦᠯᠳᠡᠷᠵᠢᠬᠦᠯᠥᠨ᠂ ᠬᠠᠤᠯᠢ ᠶᠤᠰᠤᠭᠠᠷ ᠵᠠᠰᠠᠭ ᠪᠠᠷᠢᠬᠤ ᠶᠢ | ᠪᠠᠷᠢᠮᠳᠠᠯᠠᠬᠤ ᠬᠡᠷᠡᠭᠳᠡᠢ᠃ | 1. ᠬᠢᠨᠠᠨ ᠬᠠᠮᠢᠶᠠᠷᠬᠤ ᠰᠢᠰᠲ᠋ᠧᠮ ᠢ ᠳᠡᠬᠦᠯᠳᠡᠷᠵᠢᠬᠦᠯᠬᠦ ᠬᠡᠷᠡᠭᠳᠡᠢ᠃ | ︵1︶ ᠬᠤᠰᠢᠭᠤ ᠰᠢᠶᠠᠨ ᠬᠤᠳᠠ ᠶᠢᠨ ᠢᠳᠡᠭᠡᠨ ᠤ ᠠᠮᠥᠷ ᠲᠦᠪᠰᠢᠨ ᠤ ᠬᠢᠨᠠᠨ ᠬᠠᠮᠢᠶᠠᠷᠬᠤ | ᠪᠠᠶᠢᠭᠤᠯᠥᠮᠵᠢ ᠶᠢ ᠦᠭᠡᠷᠡᠴᠢᠯᠡᠬᠦ ᠡᠬᠦᠷᠭᠡ ᠶᠢ ᠪᠡᠶᠡᠯᠡᠬᠦᠯᠵᠤ᠂ ᠡᠬᠦᠷᠭᠡ ᠴᠢᠳᠠᠪᠬᠢ ᠪᠠᠨ ᠲᠤᠬᠢᠷᠠᠭᠤᠯᠬᠤ᠂ | ᠮᠡᠷᠭᠡᠵᠢᠯ ᠤᠨ ᠡᠬᠢ ᠪᠠᠶᠠᠯᠢᠭ ᠢᠶᠠᠨ ᠲᠤᠬᠢᠷᠠᠭᠤᠯᠵᠤ᠂ ᠲᠤᠰᠬᠠᠢ ᠮᠡᠷᠭᠡᠵᠢᠯ ᠤᠨ ᠬᠦᠴᠥᠨ ᠢᠶᠠᠨ ᠨᠢᠭᠡᠳᠭᠡᠵᠤ᠂ | ᠬᠡᠪ ᠢᠶᠠᠷ ᠶᠠᠪᠤᠭᠳᠠᠬᠤ ᠶᠢ ᠪᠠᠳᠤᠯᠠᠬᠤ ᠬᠡᠷᠡᠭᠳᠡᠢ ᠃ ᠰᠤᠮᠤ ᠰᠢᠶᠠᠩ ᠪᠠᠯᠭᠠᠰᠥ ︵ᠬᠡᠷᠡᠭ ᠡᠷᠬᠢᠯᠡᠬᠦ ᠭᠠᠵᠠᠷ︶ ᠪᠤᠶᠤ | ᠤᠷᠤᠨ ᠳᠤᠭᠤᠷᠢᠭ ᠤᠨ ᠢᠳᠡᠭᠡᠨ ᠤ ᠠᠮᠥᠷ ᠲᠦᠪᠰᠢᠨ ᠤ ᠬᠢᠨᠠᠨ ᠬᠠᠮᠢᠶᠠᠷᠬᠤ ᠳᠤᠮᠢᠯᠠᠭᠰᠠᠨ ᠪᠠᠶᠢᠭᠤᠯᠥᠮᠵᠢ ᠶᠢ | ᠳᠡᠬᠦᠯᠳᠡᠷᠵᠢᠬᠦᠯᠥᠨ᠂ ᠭᠤᠤᠯᠳᠠᠯᠭ᠎ᠠ ᠪᠠᠨ ᠳᠤᠷᠤᠭᠰᠢ ᠬᠠᠨᠳᠤᠭᠤᠯᠤᠭᠰᠠᠨ ᠠᠵᠢᠯ ᠤᠨ ᠳᠤᠭᠳᠠᠴᠠ ᠶᠢ ᠪᠠᠶᠢᠭᠤᠯᠥᠨ᠂ | ᠦᠨᠳᠥᠰᠥᠨ ᠱᠠᠳᠥᠨ ᠤ ᠬᠢᠨᠠᠨ ᠬᠠᠮᠢᠶᠠᠷᠬᠤ ᠬᠦᠴᠥᠨ ᠢᠶᠠᠨ ᠴᠢᠩᠭᠠᠳᠬᠠᠵᠤ᠂ ᠦᠨᠳᠥᠰᠥᠨ ᠱᠠᠳᠥᠨ ᠤ ᠢᠳᠡᠭᠡᠨ ᠤ | ᠠᠮᠥᠷ ᠲᠦᠪᠰᠢᠨ ᠤ ᠰᠦᠯᠵᠢᠶᠡᠨ ᠬᠠᠮᠢᠶᠠᠷᠤᠯᠳᠠ ᠶᠢᠨ ᠰᠢᠰᠲ᠋ᠧᠮ ᠪᠠ ᠬᠠᠷᠢᠭᠤᠴᠠᠯᠭ᠎ᠠ ᠶᠢᠨ ᠰᠢᠰᠲ᠋ᠧᠮ ᠢ | ᠳᠡᠬᠦᠯᠳᠡᠷᠵᠢᠬᠦᠯᠵᠤ᠂ ︽ᠬᠠᠮᠤᠭ ᠰᠡᠬᠦᠯ ᠤᠨ ᠨᠢᠭᠡ ᠺᠢᠯᠥᠮᠧᠲᠷ︾ ᠢ ᠰᠠᠶᠢᠳᠥᠷ ᠬᠢᠨᠠᠨ ᠬᠠᠮᠢᠶᠠᠷᠬᠤ ᠬᠡᠷᠡᠭᠳᠡᠢ᠃ | ᠶᠡᠷᠥᠩᠬᠡᠶᠢᠯᠡᠨ ᠲᠤᠬᠢᠷᠠᠭᠤᠯᠤᠭᠰᠠᠨ ᠵᠠᠬ᠎ᠠ ᠳᠡᠯᠭᠡᠬᠦᠷ ᠤᠨ ᠬᠢᠨᠠᠨ ᠬᠠᠮᠢᠶᠠᠷᠬᠤ ᠪᠠᠶᠢᠭᠤᠯᠥᠮᠵᠢ ᠶᠢᠨ ᠭᠠᠵᠠᠷ ᠤᠷᠤᠨ ᠤ | ᠢᠳᠡᠭᠡᠨ ᠤ ᠠᠮᠥᠷ ᠲᠦᠪᠰᠢᠨ ᠢ ᠶᠡᠷᠥᠩᠬᠡᠶᠢᠯᠡᠨ ᠬᠠᠤᠯᠢ ᠬᠡᠷᠡᠭᠵᠢᠬᠦᠯᠬᠦ ᠶᠢᠨ ᠳᠡᠷᠢᠬᠦᠨ ᠡᠬᠦᠷᠭᠡ ᠪᠤᠯᠭᠠᠨ ᠠᠳᠬᠤᠵᠤ | ᠂ ᠬᠠᠷᠠᠭᠠᠯᠵᠠᠭᠰᠠᠨ ᠳᠤᠭᠳᠠᠴᠠ᠂ ᠲᠤᠰᠬᠠᠢ ᠠᠵᠢᠯᠳᠠᠨ ᠲᠤᠬᠢᠷᠠᠭᠤᠯᠥᠨ᠂ ᠢᠳᠡᠭᠡᠨ ᠤ ᠠᠮᠥᠷ ᠲᠦᠪᠰᠢᠨ ᠤ ᠬᠢᠨᠠᠨ | ᠬᠠᠮᠢᠶᠠᠷᠬᠤ ᠬᠠᠤᠯᠢ ᠬᠡᠷᠡᠭᠵᠢᠬᠦᠯᠬᠦ ᠲᠤᠰᠬᠠᠢ ᠴᠢᠨᠠᠷ ᠤᠨ ᠬᠢᠷᠢ ᠲᠦᠪᠰᠢᠨ ᠢ ᠳᠡᠭᠡᠭᠰᠢᠯᠡᠬᠦᠯᠵᠤ᠂ ᠬᠢᠨᠠᠨ ᠬᠠᠮᠢᠶᠠᠷᠬᠤ | ᠬᠦᠴᠥᠨ ᠢ ᠴᠢᠩᠭᠠᠳᠬᠠᠬᠤ ᠶᠢ ᠪᠠᠳᠤᠯᠠᠬᠤ ᠬᠡᠷᠡᠭᠳᠡᠢ᠃ ᠠᠶᠢᠮᠠᠭ᠂ ᠬᠤᠰᠢᠭᠤ ᠰᠢᠶᠠᠨ ᠬᠤᠳᠠ᠂ ᠰᠤᠮᠤ ᠰᠢᠶᠠᠩ | ᠪᠠᠯᠭᠠᠰᠥ ︵ᠬᠡᠷᠡᠭ ᠡᠷᠬᠢᠯᠡᠬᠦ ᠭᠠᠵᠠᠷ︶ ᠤᠨ ᠢᠳᠡᠭᠡᠨ ᠤ ᠠᠮᠥᠷ ᠲᠦᠪᠰᠢᠨ ᠢ ᠬᠢᠨᠠᠨ ᠬᠠᠮᠢᠶᠠᠷᠬᠤ ᠬᠡᠷᠡᠭ ᠪᠠ | ᠡᠷᠭᠡ ᠶᠢᠨ ᠬᠠᠷᠢᠴᠠᠭ᠎ᠠ ᠶᠢ ᠲᠦᠷᠢᠮ ᠶᠤᠰᠤᠭᠠᠷ ᠬᠤᠪᠢᠶᠠᠬᠤ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ | ᠬᠠᠷᠢᠭᠤᠴᠠᠨ ᠬᠡᠷᠡᠭᠵᠢᠬᠦᠯᠥᠨ᠎ᠡ︶ | ︵2︶ ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠤ ᠶᠠᠰᠥ ᠴᠢᠨᠠᠷ ᠤᠨ | ᠠᠮᠥᠷ ᠲᠦᠪᠰᠢᠨ ᠢ ᠬᠢᠨᠠᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠬᠤᠰᠢᠭᠤ | ᠰᠢᠶᠠᠨ ᠬᠤᠳᠠ᠂ ᠰᠤᠮᠤ ᠰᠢᠶᠠᠩ ᠪᠠᠯᠭᠠᠰᠥᠨ ᠤ ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠠᠬᠤ ᠥᠢᠯᠡᠳᠬᠦᠨ ᠤ | ᠶᠠᠰᠥ ᠴᠢᠨᠠᠷ ᠤᠨ ᠠᠮᠥᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ ᠶᠢ ᠴᠢᠩᠭᠠᠳᠬᠠᠵᠤ᠂ ᠰᠤᠮᠤ ᠰᠢᠶᠠᠩ | ᠪᠠᠯᠭᠠᠰᠥ ᠪᠤᠶᠤ ᠤᠷᠤᠨ ᠳᠤᠭᠤᠷᠢᠭ ᠤᠨ ᠴᠢᠨᠠᠷᠳᠠᠢ ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠠᠬᠤ | ᠥᠢᠯᠡᠳᠬᠦᠨ ᠤ ᠶᠠᠰᠥ ᠴᠢᠨᠠᠷ ᠤᠨ ᠠᠮᠥᠷ ᠲᠦᠪᠰᠢᠨ ᠢ ᠬᠢᠨᠠᠨ ᠬᠠᠮᠢᠶᠠᠷᠬᠤ ᠪᠠᠶᠢᠭᠤᠯᠥᠮᠵᠢ ᠶᠢ ᠳᠡᠬᠦᠯᠳᠡᠷᠵᠢᠬᠦᠯᠥᠨ᠂ | ᠭᠠᠴᠠᠭ᠎ᠠ ᠲᠤᠰᠬᠤᠨ ᠤ ᠬᠢᠨᠠᠨ ᠬᠠᠮᠢᠶᠠᠷᠤᠭᠴᠢ ᠶᠢᠨ ᠡᠩᠨᠡᠭᠡ ᠶᠢ ᠠᠯᠭᠤᠷ ᠠᠭᠠᠵᠢᠮ ᠢᠶᠠᠷ ᠪᠠᠶᠢᠭᠤᠯᠬᠤ ᠬᠡᠷᠡᠭᠳᠡᠢ᠃ | ᠳᠠᠷᠢᠶᠠᠯᠠᠩ ᠳᠤᠰᠠᠯᠠᠬᠤ ᠥᠢᠯᠡᠳᠬᠦᠨ ᠤ ᠶᠠᠰᠥ ᠴᠢᠨᠠᠷ ᠢ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠶᠢ ᠳᠠᠷᠢᠶᠠᠯᠠᠩ | ᠮᠠᠯ ᠠᠵᠤ ᠠᠬᠤᠢ ᠶᠢᠨ ᠶᠡᠷᠥᠩᠬᠡᠶᠢᠯᠡᠭᠰᠡᠨ ᠬᠠᠤᠯᠢ ᠬᠡᠷᠡᠭᠵᠢᠬᠦᠯᠬᠦ ᠬᠡᠪᠴᠢᠶᠡᠨ ᠳᠤ ᠤᠷᠤᠭᠤᠯᠵᠤ᠂ ᠬᠠᠤᠯᠢ | ᠬᠡᠷᠡᠭᠵᠢᠬᠦᠯᠬᠦ ᠬᠦᠴᠥᠨ ᠢᠶᠠᠨ ᠲᠤᠬᠢᠷᠠᠭᠤᠯᠥᠨ ᠳᠡᠬᠦᠯᠳᠡᠷᠵᠢᠬᠦᠯᠬᠦ ᠬᠡᠷᠡᠭᠳᠡᠢ᠃ ᠭᠠᠵᠠᠷ ᠤᠷᠤᠨ ᠤ ᠵᠢᠬᠦᠷᠳᠡᠨ | ᠠᠮᠢᠳᠠᠨ ᠢ ᠳᠤᠭᠳᠠᠭᠰᠠᠨ ᠭᠠᠵᠠᠷ ᠲᠤ ᠠᠯᠠᠵᠤ ᠨᠢᠳᠤᠯᠬᠤ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠳᠥᠷ | ᠪᠠᠶᠢᠷᠢᠯᠠᠭᠤᠯᠬᠤ ᠶᠢ ᠢᠳᠡᠪᠬᠢᠳᠡᠢ ᠠᠬᠢᠭᠤᠯᠬᠤ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠳᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | 2. ᠶᠡᠷᠥᠩᠬᠡᠢ ᠵᠣᠬᠢᠴᠠᠭᠤᠯᠬᠤ ᠶᠢ ᠴᠢᠩᠭᠠᠳᠬᠠᠬᠤ ᠬᠡᠷᠡᠭᠳᠡᠢ᠃ ᠡᠯ᠎ᠡ ᠱᠠᠳᠥᠨ ᠤ ᠢᠳᠡᠭᠡᠨ ᠤ ᠠᠮᠥᠷ | ᠲᠦᠪᠰᠢᠨ ᠤ ᠶᠡᠷᠥᠩᠬᠡᠢ ᠵᠣᠬᠢᠴᠠᠭᠤᠯᠬᠤ ᠪᠠᠶᠢᠭᠤᠯᠥᠮᠵᠢ ᠶᠢᠨ ᠨᠢᠭᠡᠳᠥᠯᠳᠡᠢ ᠲᠤᠬᠢᠷᠠᠭᠤᠯᠬᠤ᠂ ᠬᠢᠨᠠᠨ ᠵᠢᠯᠤᠭᠤᠳᠬᠤ | ᠥᠢᠯᠡᠳᠥᠯ ᠢ ᠬᠥᠢᠴᠡᠳ ᠪᠠᠳᠠᠷᠠᠭᠤᠯᠥᠨ᠂ ᠭᠠᠵᠠᠷ ᠤᠷᠤᠨ ᠤ ᠵᠠᠰᠠᠭ ᠤᠨ ᠤᠷᠳᠥᠨ ᠠᠴᠠ ᠢᠳᠡᠭᠡᠨ ᠤ ᠠᠮᠥᠷ | ᠲᠦᠪᠰᠢᠨ ᠤ ᠠᠵᠢᠯ ᠤᠨ ᠬᠠᠷᠢᠶᠠᠯᠠᠭᠳᠠᠬᠤ ᠭᠠᠵᠠᠷ ᠤᠷᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ | ᠬᠡᠷᠡᠭᠵᠢᠬᠦᠯᠬᠦ ᠶᠢ ᠱᠠᠭᠠᠷᠳᠠᠬᠤ ᠬᠡᠷᠡᠭᠳᠡᠢ᠃ ᠢᠳᠡᠭᠡᠨ ᠤ ᠠᠮᠥᠷ ᠲᠦᠪᠰᠢᠨ ᠤ ᠬᠢᠨᠠᠨ ᠬᠠᠮᠢᠶᠠᠷᠬᠤ ᠰᠠᠯᠠᠭ᠎ᠠ | ᠮᠦᠴᠢᠷ ᠠᠴᠠ ᠶᠡᠷᠥᠩᠬᠡᠢ ᠵᠣᠬᠢᠴᠠᠭᠤᠯᠬᠤ ᠬᠦᠴᠥᠨ ᠢ ᠴᠢᠩᠭᠠᠳᠬᠠᠵᠤ᠂ ᠢᠳᠡᠭᠡᠨ ᠤ ᠠᠮᠥᠷ ᠲᠦᠪᠰᠢᠨ ᠤ | ᠶᠡᠷᠥᠩᠬᠡᠶᠢᠯᠡᠨ ᠲᠤᠬᠢᠷᠠᠭᠤᠯᠬᠤ ᠪᠠᠶᠢᠭᠤᠯᠥᠮᠵᠢ ᠶᠢᠨ ᠡᠳᠥᠷ ᠳᠤᠳᠤᠮ ᠤᠨ ᠠᠵᠢᠯ ᠢ ᠨᠡᠩ ᠰᠠᠶᠢᠳᠥᠷ ᠳᠠᠭᠠᠭᠠᠴᠢᠯᠠᠨ᠂ | ᠰᠠᠯᠠᠭ᠎ᠠ ᠮᠦᠴᠢᠷ ᠪᠠ ᠤᠷᠤᠨ ᠳᠤᠭᠤᠷᠢᠭ ᠤᠨ ᠬᠤᠭᠤᠷᠥᠨᠳᠥᠬᠢ ᠰᠤᠷᠠᠭ ᠵᠠᠩᠬᠢ ᠮᠡᠳᠡᠬᠦᠯᠬᠦ᠂ ᠬᠤᠯᠪᠤᠭᠠᠯᠠᠨ | ᠬᠠᠤᠯᠢ ᠬᠡᠷᠡᠭᠵᠢᠬᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠥ ᠶᠢᠨ ᠬᠡᠷᠡᠭ ᠤᠨ ᠬᠠᠤᠯᠢ | ᠴᠠᠭᠠᠵᠠ ᠶᠢᠨ ᠵᠠᠯᠭᠠᠯᠳᠥᠯ᠂ ᠡ᠊ᠨᠳᠡᠯ ᠢ ᠰᠢᠢᠳᠪᠤᠷᠢᠯᠡᠬᠦ ᠵᠡᠷᠭᠡ ᠬᠤᠯᠪᠤᠭᠠᠯᠠᠨ ᠲᠤᠬᠢᠷᠠᠭᠤᠯᠬᠤ ᠪᠠᠶᠢᠭᠤᠯᠥᠮᠵᠢ ᠶᠢ | ᠳᠡᠬᠦᠯᠳᠡᠷᠵᠢᠬᠦᠯᠥᠨ᠂ ᠬᠠᠮᠳᠥᠪᠠᠷ ᠠᠳᠬᠤᠵᠤ ᠬᠠᠮᠳᠥᠪᠠᠷ ᠬᠠᠮᠢᠶᠠᠷᠬᠤ ᠨᠢᠭᠳᠠᠷᠠᠮᠠᠯ ᠬᠦᠴᠥᠨ ᠢ ᠪᠦᠷᠢᠯᠳᠥᠬᠦᠯᠬᠦ | ᠬᠡᠷᠡᠭᠳᠡᠢ᠃ | ︵ᠠᠶᠢᠮᠠᠭ ᠤᠨ ᠢᠳᠡᠭᠡᠨ ᠤᠮᠳᠠᠭᠠᠨ ᠡᠮ ᠤᠨ ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ | ᠬᠠᠷᠢᠭᠤᠴᠠᠨ ᠬᠡᠷᠡᠭᠵᠢᠬᠦᠯᠥᠨ᠎ᠡ︶ | 3. ᠨᠡᠶᠢᠭᠡᠮ ᠢᠶᠠᠷ ᠢᠶᠠᠨ ᠬᠠᠮᠳᠥᠪᠠᠷ ᠵᠠᠰᠠᠬᠤ ᠰᠢᠰᠲ᠋ᠧᠮ ᠢ ᠳᠡᠬᠦᠯᠳᠡᠷᠵᠢᠬᠦᠯᠬᠦ ᠬᠡᠷᠡᠭᠳᠡᠢ᠃ | ︵1︶ ᠨᠡᠶᠢᠭᠡᠮ ᠢᠶᠠᠷ ᠢᠶᠠᠨ ᠬᠠᠮᠳᠥᠪᠠᠷ ᠵᠠᠰᠠᠬᠤ ᠳᠠᠪᠴᠠᠩ ᠢ ᠪᠠᠶᠢᠭᠤᠯᠥᠨ᠂ ᠨᠡᠶᠢᠭᠡᠮ ᠢᠶᠠᠷ ᠢᠶᠠᠨ ᠬᠠᠮᠳᠥᠪᠠᠷ | ᠵᠠᠰᠠᠬᠤ ᠵᠤᠷᠢᠬᠵᠢᠭᠤᠯᠬᠤ ᠪᠠᠶᠢᠭᠤᠯᠥᠮᠵᠢ ᠶᠢ ᠪᠠᠶᠢᠭᠤᠯᠥᠨ᠂ ᠢᠯᠡᠴᠢᠯᠡᠨ ᠮᠡᠳᠡᠬᠦᠯᠬᠦ ᠠᠷᠭ᠎ᠠ ᠵᠠᠮ ᠤᠨ ᠰᠢᠭᠤᠳ | ᠨᠡᠪᠳᠡᠷᠡᠬᠦ ᠶᠢ ᠪᠠᠳᠤᠯᠠᠵᠤ᠂ ᠢᠯᠡᠴᠢᠯᠡᠨ ᠮᠡᠳᠡᠬᠦᠯᠬᠦ ᠶᠢ ᠱᠠᠩᠨᠠᠬᠤ ᠲᠤᠰᠬᠠᠢ ᠲᠦᠷᠥᠯ ᠤᠨ ᠪᠡᠯᠡ ᠮᠦᠡᠭᠬᠦ ᠶᠢ | ᠬᠡᠷᠡᠭᠵᠢᠬᠦᠯᠥᠨ᠂ ᠰᠤᠨᠢᠨ ᠮᠡᠳᠡᠭᠡᠨ ᠤ ᠵᠠᠭᠤᠴᠢᠯᠠᠭᠤᠷ᠂ ᠰᠠᠶᠢᠨ ᠳᠤᠷᠠᠴᠤᠤᠯ ᠵᠡᠷᠭᠡ ᠨᠡᠶᠢᠭᠡᠮ ᠤᠨ ᠡᠯ᠎ᠡ | ᠡᠳᠡᠭᠡᠳ ᠤᠨ ᠢᠳᠡᠭᠡᠨ ᠤ ᠠᠮᠥᠷ ᠲᠦᠪᠰᠢᠨ ᠤ ᠬᠢᠨᠠᠨ ᠬᠠᠮᠢᠶᠠᠷᠬᠤ ᠠᠵᠢᠯᠯᠠᠭ᠎ᠠ ᠳᠤ ᠤᠷᠤᠯᠴᠠᠬᠤ | ᠢᠳᠡᠪᠬᠢᠵᠢᠯ ᠢ ᠨᠢ ᠳᠠᠶᠢᠴᠢᠯᠠᠬᠤ ᠬᠡᠷᠡᠭᠳᠡᠢ᠃ ᠦᠨᠳᠥᠰᠥᠨ ᠱᠠᠳᠥᠨ ᠤ ᠬᠢᠨᠠᠨ ᠬᠠᠮᠢᠶᠠᠷᠤᠭᠴᠢ᠂ ᠬᠠᠮᠵᠢᠨ | ᠬᠠᠮᠢᠶᠠᠷᠤᠭᠴᠢ ᠵᠡᠷᠭᠡ ᠤᠯᠠᠨ ᠲᠦᠮᠡᠨᠴᠢ ᠴᠢᠨᠠᠷᠳᠠᠢ ᠡᠩᠨᠡᠭᠡ ᠶᠢ ᠶᠡᠬᠡᠪᠠᠷ ᠬᠦᠭᠵᠢᠬᠦᠯᠬᠦ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠤᠮᠳᠠᠭᠠᠨ ᠡᠮ ᠤᠨ | ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ | ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵2︶ ᠠᠵᠢᠯ ᠲᠦᠷᠥᠯ ᠤᠨ ᠨᠡᠶᠢᠭᠡᠮᠯᠢᠭ ᠤᠨ ᠲᠦᠷᠢᠮ ᠳᠤᠭᠳᠠᠭᠠᠯ ᠪᠠ ᠲᠤᠬᠠᠢᠢᠯᠠᠭᠰᠠᠨ ᠠᠵᠢᠯ ᠤᠨ ᠶᠤᠰᠥ | ᠰᠤᠷᠳᠠᠬᠤᠨ ᠤ ᠪᠠᠷᠢᠮᠵᠢᠶ᠎ᠠ ᠳᠤᠭᠳᠠᠭᠠᠬᠤ ᠶᠢ ᠳᠡᠮᠵᠢᠵᠤ᠂ ᠥᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠬᠢᠨᠠᠨ | ᠪᠠᠶᠢᠴᠠᠭᠠᠵᠤ᠂ ᠢᠳᠡᠭᠡᠨ ᠤ ᠠᠮᠥᠷ ᠲᠦᠪᠰᠢᠨ ᠤ ᠲᠦᠭᠰᠢᠬᠦᠷᠢᠳᠥ ᠰᠤᠷᠠᠭ ᠵᠠᠩᠬᠢ ᠶᠢ ᠬᠠᠷᠢᠯᠴᠠᠨ ᠨᠡᠪᠳᠡᠷᠡᠬᠦᠯᠵᠤ᠂ | ᠠᠵᠢᠯ ᠲᠦᠷᠥᠯ ᠤᠨ ᠰᠠᠬᠢᠯᠭ᠎ᠠ ᠲᠦᠷᠢᠮ ᠢ ᠴᠢᠩᠭᠠᠳᠬᠠᠬᠤ ᠬᠡᠷᠡᠭᠳᠡᠢ᠃ ᠲᠤᠰᠬᠠᠢ ᠮᠡᠷᠭᠡᠵᠢᠯᠳᠡᠨ ᠵᠡᠷᠭᠡ ᠶᠢᠨ | ᠥᠢᠯᠡᠳᠥᠯ ᠢ ᠪᠠᠳᠠᠷᠠᠭᠤᠯᠥᠨ᠂ ᠤᠯᠠᠨ ᠨᠡᠶᠢᠳᠡ ᠪᠠᠷ ᠢᠶᠠᠨ ᠤᠷᠤᠯᠴᠠᠬᠤ᠂ ᠲᠤᠰᠬᠠᠢ ᠮᠡᠷᠭᠡᠵᠢᠯᠳᠡᠨ ᠦᠨᠡᠯᠡᠬᠦ ᠶᠢ | ᠵᠠᠰᠠᠭ ᠵᠠᠬᠢᠷᠭᠠᠨ ᠤ ᠬᠠᠤᠯᠢ ᠪᠠᠷ ᠳᠤᠭᠳᠠᠭᠠᠭᠰᠠᠨ ᠶᠠᠪᠤᠴᠠ ᠳᠤ ᠤᠷᠤᠭᠤᠯᠵᠤ᠂ ᠭᠤᠷᠪᠠᠳᠤᠭᠠᠷ ᠳᠠᠯ᠎ᠠ ᠶᠢᠨ | ᠪᠠᠶᠢᠭᠤᠯᠥᠮᠵᠢ ᠪᠠᠶᠢᠴᠠᠭᠠᠨ ᠰᠢᠯᠭᠠᠨ ᠬᠡᠮᠵᠢᠬᠦ᠂ ᠪᠠᠷᠢᠮᠵᠢᠶ᠎ᠠ ᠳᠤ ᠬᠦᠷᠥᠭᠰᠡᠨ ᠪᠠᠶᠢᠴᠠᠭᠠᠬᠤ ᠪᠠ ᠦᠨᠡᠯᠡᠬᠦ ᠵᠡᠷᠭᠡ | ᠳᠠᠯ᠎ᠠ ᠳᠤ ᠥᠢᠯᠡᠳᠥᠯ ᠢᠶᠠᠨ ᠪᠠᠳᠠᠷᠠᠭᠤᠯᠬᠤ ᠶᠢ ᠠᠬᠢᠭᠤᠯᠬᠤ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠤᠮᠳᠠᠭᠠᠨ ᠡᠮ ᠤᠨ | ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ᠂ ᠶᠠᠰᠥ ᠴᠢᠨᠠᠷ ᠲᠤ ᠬᠢᠨᠠᠯᠳᠠ ᠲᠠᠯᠪᠢᠬᠤ ᠲᠤᠪᠴᠢᠶ᠎ᠠ | ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ︵3︶ ᠢᠳᠡᠭᠡᠨ ᠤ ᠠᠮᠥᠷ ᠲᠦᠪᠰᠢᠨ ᠤ ᠬᠠᠤᠯᠢ ᠶᠢᠨ ᠬᠦᠮᠥᠵᠢᠯ ᠢ ᠬᠦᠨᠵᠡᠬᠡᠢ ᠦᠷᠨᠢᠬᠦᠯᠵᠤ᠂ ᠬᠢᠨᠠᠨ | ᠬᠠᠮᠢᠶᠠᠷᠤᠭᠴᠢ ᠶᠢᠨ ᠬᠠᠤᠯᠢ ᠶᠢᠨ ᠦᠵᠡᠯ ᠤᠬᠠᠮᠰᠠᠷ ᠢ ᠴᠢᠩᠭᠠᠳᠬᠠᠵᠤ᠂ ᠦᠨᠳᠥᠰᠥᠨ ᠱᠠᠳᠥᠨ ᠤ ᠬᠢᠨᠠᠨ | ᠬᠠᠮᠢᠶᠠᠷᠤᠭᠴᠢ ᠶᠢᠨ ᠬᠠᠤᠯᠢ ᠬᠡᠷᠡᠭᠵᠢᠬᠦᠯᠬᠦ ᠴᠢᠳᠠᠪᠤᠷᠢ ᠶᠢ ᠲᠤᠤᠱᠳᠠᠢ ᠳᠡᠭᠡᠭᠰᠢᠯᠡᠬᠦᠯᠬᠦ ᠬᠡᠷᠡᠭᠳᠡᠢ᠃ ᠭᠠᠵᠠᠷ ᠤᠷᠤᠨ ᠤ | ᠤᠳᠤᠷᠢᠳᠬᠤ ᠺᠠᠳ᠋ᠷ ᠤᠨ ᠢᠳᠡᠭᠡᠨ ᠤ ᠠᠮᠥᠷ ᠲᠦᠪᠰᠢᠨ ᠤ ᠮᠡᠳᠡᠯᠭᠡ ᠶᠢᠨ ᠲᠤᠰᠬᠠᠢ ᠰᠡᠳᠥᠪᠳᠥ ᠪᠤᠯᠪᠠᠰᠤᠷᠠᠯ ᠢ | ᠵᠤᠬᠢᠶᠠᠨ ᠪᠠᠶᠢᠭᠤᠯᠥᠨ ᠡᠷᠬᠢᠯᠡᠵᠤ᠂ ᠢᠳᠡᠭᠡᠨ ᠤ ᠠᠮᠥᠷ ᠲᠦᠪᠰᠢᠨ ᠤ ᠠᠵᠢᠯ ᠤᠨ ᠴᠢᠳᠠᠪᠤᠷᠢ ᠪᠠ | ᠬᠠᠮᠢᠶᠠᠷᠤᠯᠳᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠬᠡᠷᠡᠭᠳᠡᠢ᠃ ᠲᠤᠬᠠᠢᠢᠯᠠᠭᠰᠠᠨ | ᠠᠵᠢᠯᠳᠠᠳ ᠲᠤ ᠢᠳᠡᠭᠡᠨ ᠤ ᠠᠮᠥᠷ ᠲᠦᠪᠰᠢᠨ ᠤ ᠬᠦᠮᠥᠵᠢᠯ ᠤᠨ ᠪᠤᠯᠪᠠᠰᠤᠷᠠᠯ ᠬᠦᠷᠳᠡᠭᠡᠬᠦ ᠬᠦᠴᠥᠯᠡᠴᠡ ᠶᠢ | ᠨᠡᠮᠡᠭᠳᠡᠬᠦᠥᠨ᠂ ᠲᠤᠬᠠᠢᠢᠯᠠᠭᠰᠠᠨ ᠠᠵᠢᠯᠳᠠᠳ ᠤᠨ ᠬᠠᠤᠯᠢ ᠶᠢ ᠰᠠᠬᠢᠬᠤ ᠡᠵᠡᠩᠨᠡᠯᠳᠡ ᠶᠢᠨ ᠤᠬᠠᠮᠰᠠᠷ ᠢ | ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠲᠦᠷᠢᠮ ᠢ ᠰᠠᠬᠢᠬᠤ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠡᠮ ᠤᠨ ᠵᠥᠢᠯᠡᠰ ᠤᠨ | ᠠᠮᠥᠷ ᠲᠦᠪᠰᠢᠨ ᠤ ᠵᠦᠪᠯᠡᠯ ᠤᠨ ᠠᠯᠪᠠᠨ ᠭᠡᠷ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ | ᠬᠠᠷᠢᠭᠤᠴᠠᠨ ᠬᠡᠷᠡᠭᠵᠢᠬᠦᠯᠥᠨ᠎ᠡ︶ | ︵ᠵᠢᠷᠭᠤᠭ᠎ᠠ︶ ᠤᠯᠠᠨ ᠵᠥᠢᠯ ᠤᠨ ᠠᠷᠭ᠎ᠠ ᠠᠪᠴᠠᠯ ᠢ ᠬᠠᠮᠳᠥ ᠳᠤᠨᠢ ᠬᠡᠷᠡᠭᠯᠡᠬᠦ ᠶᠢ ᠪᠠᠷᠢᠮᠳᠠᠯᠠᠵᠤ᠂ ᠬᠢᠨᠠᠨ | ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠬᠤ ᠬᠡᠷᠡᠭᠳᠡᠢ᠃ | 1. ᠬᠢᠨᠠᠨ ᠬᠠᠮᠢᠶᠠᠷᠬᠤ ᠵᠠᠷᠤᠳᠠᠯ ᠤᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠡᠢ᠃ | ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠶᠢᠨ ᠥᠢᠯᠡᠳᠬᠦᠨ ᠪᠠ ᠢᠳᠡᠭᠡᠨ ᠤ ᠠᠮᠥᠷ ᠲᠦᠪᠰᠢᠨ ᠤ | ᠬᠢᠨᠠᠨ ᠬᠠᠮᠢᠶᠠᠷᠬᠤ ᠲᠤᠰᠬᠠᠢ ᠶᠠᠪᠤᠳᠠᠯ ᠤᠨ ᠵᠠᠷᠤᠳᠠᠯ ᠤᠨ ᠪᠡᠯᠡ ᠤᠷᠤᠭᠤᠯᠤᠯᠳᠠ ᠶᠢᠨ ᠬᠦᠴᠥᠯᠡᠴᠡ ᠶᠢ | ᠦᠷᠬᠦᠯᠵᠢᠯᠡᠨ ᠨᠡᠮᠡᠭᠳᠡᠬᠦᠯᠥᠨ᠂ ᠡᠯ᠎ᠡ ᠲᠦᠷᠥᠯ ᠤᠨ ᠲᠤᠰᠬᠠᠢ ᠲᠦᠷᠥᠯ ᠤᠨ ᠪᠡᠯᠡ ᠮᠦᠡᠭᠬᠦ ᠶᠢᠨ ᠬᠡᠷᠡᠭᠯᠡᠯᠳᠡ ᠶᠢ | ᠰᠠᠶᠢᠳᠥᠷ ᠲᠤᠬᠢᠷᠠᠭᠤᠯᠵᠤ᠂ ᠲᠦᠪ ᠤᠨ ᠰᠢᠯᠵᠢᠬᠦᠯᠥᠨ ᠦᠭᠬᠦᠭᠰᠡᠨ ᠪᠡᠯᠡ ᠮᠦᠡᠭᠬᠦ ᠶᠢ ᠬᠡᠷᠡᠭᠯᠡᠬᠦ ᠪᠠᠶᠢᠳᠠᠯ ᠳᠤ ᠬᠢᠨᠠᠨ | ᠪᠠᠶᠢᠴᠠᠭᠠᠯᠳᠠ ᠬᠢᠵᠤ᠂ ᠲᠤᠰᠬᠠᠢ ᠲᠦᠷᠥᠯ ᠤᠨ ᠪᠡᠯᠡ ᠮᠦᠡᠭᠬᠦ ᠶᠢ ᠬᠡᠷᠡᠭᠯᠡᠬᠦ ᠪᠠᠶᠢᠳᠠᠯ ᠳᠤ ᠵᠢᠯ ᠤᠨ ᠳᠤᠮᠳᠠ | ᠰᠤᠭᠤᠯᠥᠨ ᠪᠠᠶᠢᠴᠠᠭᠠᠵᠤ᠂ ᠵᠢᠯ ᠤᠨ ᠡᠴᠥᠰ ᠲᠤ ᠬᠢᠨᠠᠨ ᠪᠤᠳᠤᠬᠤ ᠤᠷᠳᠥ ᠬᠤᠭᠤᠴᠠᠭᠠᠳᠥ ᠪᠠᠶᠢᠭᠤᠯᠥᠮᠵᠢ ᠶᠢ | ᠪᠠᠶᠢᠭᠤᠯᠬᠤ ᠬᠡᠷᠡᠭᠳᠡᠢ᠃ ᠡᠯ᠎ᠡ ᠱᠠᠳᠥᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠵᠢᠯ ᠤᠨ ᠵᠠᠷᠤᠳᠠᠯ ᠪᠠ | ᠲᠦᠬᠦᠭᠡᠷᠥᠮᠵᠢ ᠬᠤᠳᠠᠯᠳᠥᠨ ᠠᠪᠬᠤ ᠳᠤ ᠪᠠᠳᠤᠯᠠᠭ᠎ᠠ ᠤᠯᠭᠤᠬᠤ ᠬᠡᠷᠡᠭᠳᠡᠢ᠃ ᠬᠠᠤᠯᠢ ᠲᠦᠷᠢᠮ ᠢ ᠵᠦᠷᠢᠴᠡᠨ | ᠲᠤᠰᠬᠠᠢ ᠲᠦᠷᠥᠯ ᠤᠨ ᠪᠡᠯᠡ ᠮᠦᠡᠭᠬᠦ ᠶᠢ ᠬᠡᠷᠡᠭᠯᠡᠭᠰᠡᠨ ᠪᠠᠶᠢᠭᠤᠯᠤᠯᠭ᠎ᠠ ᠨᠢᠭᠡᠴᠡ ᠳᠤ ᠮᠡᠳᠡᠭᠳᠡᠬᠦ ᠪᠠ ᠪᠤᠯᠵᠤᠨ | ᠶᠠᠷᠢᠯᠴᠠᠬᠤ ᠲᠦᠷᠢᠮ ᠢ ᠬᠡᠷᠡᠭᠵᠢᠬᠦᠯᠥᠨ᠂ ᠲᠤᠰᠬᠠᠢ ᠲᠦᠷᠥᠯ ᠤᠨ ᠪᠡᠯᠡ ᠮᠦᠡᠭᠬᠦ ᠶᠢᠨ ᠲᠦᠷᠢᠮᠵᠢᠭᠰᠡᠨ᠂ ᠠᠮᠥᠷ | ᠲᠦᠪᠰᠢᠨ᠂ ᠪᠦᠳᠥᠮᠵᠢᠳᠡᠢ ᠪᠠᠷ ᠬᠡᠷᠡᠭᠯᠡᠬᠦ ᠶᠢ ᠪᠠᠳᠤᠯᠠᠵᠤ᠂ ᠬᠢᠨᠠᠨ ᠬᠠᠮᠢᠶᠠᠷᠬᠤ ᠠᠵᠢᠯ ᠤᠨ ᠵᠠᠷᠤᠳᠠᠯ ᠬᠦᠷᠥᠯᠴᠡᠬᠦ | ᠦᠬᠡᠢ ᠵᠡᠷᠭᠡ ᠳᠤᠪᠤᠶᠢᠮ᠎ᠠ ᠠᠰᠠᠭᠤᠳᠠᠯ ᠢ ᠲᠤᠤᠱᠳᠠᠢ ᠰᠢᠢᠳᠪᠤᠷᠢᠯᠡᠬᠦ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠡᠳ᠋ ᠤᠨ ᠵᠠᠰᠠᠭ ᠤᠨ | ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | 2. ᠡᠬᠦᠳᠥᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠬᠦ ᠬᠡᠷᠡᠭᠳᠡᠢ᠃ | ︽ᠢᠳᠡᠭᠡᠨ ᠤᠮᠳᠠᠭᠠᠨ ᠡᠮ ᠤᠨ ᠵᠥᠢᠯᠡᠰ ᠤᠨ ᠠᠮᠥᠷ ᠲᠦᠪᠰᠢᠨ ᠬᠢᠨᠭ᠍ᠭᠠᠨ ᠠᠶᠢᠮᠠᠭ︾ ᠢ ᠡᠬᠦᠳᠥᠨ ᠪᠠᠶᠢᠭᠤᠯᠬᠤ | ᠶᠡᠷᠥᠩᠬᠡᠢ ᠬᠠᠷᠠᠯᠳᠠ᠂ ᠵᠢᠯ ᠤᠨ ᠡᠬᠦᠷᠭᠡ᠂ ᠬᠡᠷᠡᠭᠵᠢᠬᠦᠯᠬᠦ ᠠᠯᠬᠤᠮ ᠳᠠᠷᠠᠭ᠎ᠠ᠂ ᠪᠠᠳᠤᠯᠠᠬᠤ ᠠᠷᠭ᠎ᠠ ᠠᠪᠴᠠᠯ ᠢ ᠤᠯᠠᠮ | ᠨᠢᠭᠡ ᠠᠯᠬᠤᠮ ᠨᠠᠷᠢᠯᠢᠬᠵᠢᠭᠤᠯᠥᠨ᠂ ︽ᠢᠳᠡᠭᠡᠨ ᠤᠮᠳᠠᠭᠠᠨ ᠡᠮ ᠤᠨ ᠵᠥᠢᠯᠡᠰ ᠤᠨ ᠠᠮᠥᠷ ᠲᠦᠪᠰᠢᠨ ᠬᠢᠨᠭ᠍ᠭᠠᠨ | ᠠᠶᠢᠮᠠᠭ ︾ ᠤᠨ ᠪᠠᠶᠢᠭᠤᠯᠤᠯᠳᠠ ᠶᠢᠨ ᠶᠠᠪᠤᠴᠠ ᠶᠢ ᠲᠦᠷᠭᠡᠳᠭᠡᠨ ᠠᠬᠢᠭᠤᠯᠬᠤ ᠬᠡᠷᠡᠭᠳᠡᠢ᠃ ᠤᠯᠤᠰ ᠤᠨ ᠢᠳᠡᠭᠡᠨ ᠤ | ᠠᠮᠥᠷ ᠲᠦᠪᠰᠢᠨ ᠤ ᠬᠤᠳᠠ᠂ ᠳᠠᠷᠢᠶᠠᠯᠠᠩ ᠤᠨ ᠥᠢᠯᠡᠳᠬᠦᠨ ᠤ ᠶᠠᠰᠥ ᠴᠢᠨᠠᠷ ᠤᠨ ᠠᠮᠥᠷ ᠲᠦᠪᠰᠢᠨ ᠰᠢᠶᠠᠨ ᠪᠠ | ᠬᠢᠯᠢ ᠠᠴᠠ ᠭᠠᠷᠭᠠᠬᠤ ᠢᠳᠡᠭᠡᠨ ᠤ ᠵᠥᠢᠯ᠂ ᠳᠠᠷᠢᠶᠠᠯᠠᠩ ᠤᠨ ᠥᠢᠯᠡᠳᠬᠦᠨ ᠤ ᠶᠠᠰᠥ ᠴᠢᠨᠠᠷ ᠤᠨ ᠠᠮᠥᠷ | ᠲᠦᠪᠰᠢᠨ ᠤ ᠵᠢᠱᠢᠶ᠎ᠡ ᠦᠵᠡᠬᠦᠯᠬᠦ ᠤᠷᠤᠨ ᠢ ᠪᠠᠶᠢᠭᠤᠯᠬᠤ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢᠨ ᠶᠤᠰᠤᠭᠠᠷ᠂ | ᠲᠤᠰ ᠭᠠᠵᠠᠷ ᠤᠷᠤᠨ ᠤ ᠪᠠᠨ ᠪᠤᠳᠠᠳᠠᠢ ᠲᠠᠢ ᠪᠠᠨ ᠤᠶᠠᠯᠳᠤᠭᠤᠯᠥᠨ᠂ ᠪᠤᠳᠠᠳᠠᠢ ᠬᠡᠷᠡᠭᠵᠢᠬᠦᠯᠬᠦ ᠲᠦᠰᠥᠯ ᠭᠠᠷᠭᠠᠵᠤ | ᠂ ᠢᠳᠡᠭᠡᠨ ᠤ ᠠᠮᠥᠷ ᠲᠦᠪᠰᠢᠨ ᠤ ᠬᠤᠳᠠ᠂ ᠵᠢᠱᠢᠶ᠎ᠡ ᠦᠵᠡᠬᠦᠯᠬᠦ ᠬᠤᠰᠢᠭᠤ ᠰᠢᠶᠠᠨ᠂ ᠵᠢᠱᠢᠶ᠎ᠠ ᠦᠵᠡᠬᠦᠯᠬᠦ | ᠤᠷᠤᠨ᠂ ᠵᠢᠱᠢᠶ᠎ᠡ ᠦᠵᠡᠬᠦᠯᠬᠦ ᠵᠡᠭᠡᠯᠢ᠂ ᠵᠢᠱᠢᠶ᠎ᠡ ᠦᠵᠡᠬᠦᠯᠬᠦ ᠠᠵᠤ ᠠᠬᠤᠢᠢᠯᠠᠯ ᠢ ᠡᠬᠦᠳᠥᠨ ᠪᠠᠶᠢᠭᠤᠯᠬᠤ | ᠠᠵᠢᠯᠯᠠᠭ᠎ᠠ ᠶᠢ ᠶᠡᠬᠡᠪᠠᠷ ᠦᠷᠨᠢᠬᠦᠯᠥᠨ᠂ ︽ᠬᠤᠭᠤᠯᠠᠨ ᠰᠢᠷᠡᠭᠡᠨ ᠤ ᠪᠤᠵᠠᠷᠳᠥᠯ︾ ᠢ ᠴᠡᠭᠴᠡᠯᠡᠨ ᠵᠠᠰᠠᠬᠤ ᠠᠵᠢᠯ ᠢ | ᠦᠷᠬᠦᠯᠵᠢᠯᠡᠨ ᠠᠬᠢᠭᠤᠯᠵᠤ᠂ 2015 ᠤᠨ ᠤ ᠬᠠᠷᠠᠯᠳᠠ ᠡᠬᠦᠷᠭᠡ ᠪᠠᠨ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃ | | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠠᠶᠢᠮᠠᠭ ᠤᠨ ᠢᠳᠡᠭᠡᠨ ᠡᠮ ᠤᠨ | ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠠᠯᠪᠠᠨ ᠭᠡᠷ᠂ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ | ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ | ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | 3. ᠪᠠᠶᠢᠴᠠᠭᠠᠨ ᠰᠢᠯᠭᠠᠨ ᠬᠡᠮᠵᠢᠬᠦ ᠴᠢᠳᠠᠪᠤᠷᠢ ᠪᠠ ᠬᠠᠤᠯᠢ ᠬᠡᠷᠡᠭᠵᠢᠬᠦᠯᠬᠦ ᠲᠦᠬᠦᠭᠡᠷᠥᠮᠵᠢ ᠶᠢᠨ | ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠢᠳᠡᠭᠡᠨ ᠳᠤ ᠬᠡᠷᠡᠭᠯᠡᠬᠦ ᠳᠠᠷᠢᠶᠠᠯᠠᠩ ᠮᠠᠯ ᠠᠵᠤ ᠠᠬᠤᠢ ᠶᠢᠨ | ᠥᠢᠯᠡᠳᠬᠦᠨ᠂ ᠢᠳᠡᠭᠡᠨ ᠤ ᠶᠠᠰᠥ ᠴᠢᠨᠠᠷ ᠤᠨ ᠠᠮᠥᠷ ᠲᠦᠪᠰᠢᠨ ᠢ ᠪᠠᠶᠢᠴᠠᠭᠠᠨ ᠰᠢᠯᠭᠠᠨ ᠬᠡᠮᠵᠢᠬᠦ ᠰᠢᠰᠲ᠋ᠧᠮ ᠤᠨ | ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠬᠢᠨᠠᠨ ᠬᠠᠮᠢᠶᠠᠷᠬᠤ ᠪᠠ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ | ᠴᠤᠬᠢᠯᠳᠠ ᠦᠭᠬᠦ ᠠᠵᠢᠯ ᠤᠨ ᠬᠡᠷᠡᠭᠴᠡᠭᠡ ᠶᠢ ᠪᠠᠳᠤᠯᠠᠬᠤ ᠬᠡᠷᠡᠭᠳᠡᠢ᠃ ᠠᠶᠢᠮᠠᠭ ᠤᠨ ᠢᠳᠡᠭᠡᠨ ᠤᠮᠳᠠᠭᠠᠨ ᠡᠮ ᠤᠨ | ᠵᠥᠢᠯᠡᠰ ᠤᠨ ᠠᠮᠥᠷ ᠲᠦᠪᠰᠢᠨ ᠤ ᠲᠤᠷᠰᠢᠯᠳᠠ ᠶᠢᠨ ᠳᠠᠰᠤᠭ ᠢ ᠰᠢᠨᠡᠳᠭᠡᠨ ᠵᠠᠰᠠᠬᠤ ᠶᠠᠪᠤᠴᠠ ᠶᠢ ᠲᠦᠷᠭᠡᠳᠭᠡᠨ | ᠠᠬᠢᠭᠤᠯᠬᠤ ᠬᠡᠷᠡᠭᠳᠡᠢ᠃ ᠬᠤᠰᠢᠭᠤ ᠰᠢᠶᠠᠨ ᠬᠤᠳᠠ ᠢᠳᠡᠭᠡᠨ ᠤ ᠵᠥᠢᠯ ᠢ ᠲᠦᠷᠭᠡᠨ ᠪᠠᠶᠢᠴᠠᠭᠠᠨ ᠬᠡᠮᠵᠢᠬᠦ | ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠪᠠᠶᠢᠴᠠᠭᠠᠨ ᠰᠢᠯᠭᠠᠨ ᠬᠡᠮᠵᠢᠬᠦ ᠡᠬᠢ ᠪᠠᠶᠠᠯᠢᠭ ᠢ | ᠲᠤᠬᠢᠷᠠᠭᠤᠯᠬᠤ ᠶᠢ ᠢᠳᠡᠪᠬᠢᠳᠡᠢ ᠠᠬᠢᠭᠤᠯᠬᠤ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠳᠠᠷᠢᠶᠠᠯᠠᠩ ᠮᠠᠯ ᠠᠵᠤ ᠠᠬᠤᠢ ᠶᠢᠨ | ᠲᠤᠪᠴᠢᠶ᠎ᠠ᠂ ᠢᠳᠡᠭᠡᠨ ᠤᠮᠳᠠᠭᠠᠨ ᠡᠮ ᠤᠨ ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ᠂ ᠶᠠᠰᠥ ᠴᠢᠨᠠᠷ ᠲᠤ | ᠬᠢᠨᠠᠯᠳᠠ ᠲᠠᠯᠪᠢᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | 4. ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | ᠤᠯᠤᠰ ᠤᠨ ᠨᠢᠭᠡᠳᠥᠯᠳᠡᠢ ᠦᠨᠳᠥᠷ ᠦᠷ᠎ᠡ ᠠᠰᠢᠬᠳᠥ᠂ ᠡᠬᠢ ᠪᠠᠶᠠᠯᠢᠭ ᠢ ᠬᠠᠮᠳᠥᠪᠠᠷ ᠡᠳ᠋ᠯᠡᠬᠦ ᠢᠳᠡᠭᠡᠨ ᠤ ᠠᠮᠥᠷ | ᠲᠦᠪᠰᠢᠨ ᠤ ᠰᠤᠷᠠᠭ ᠵᠠᠩᠬᠢ ᠶᠢᠨ ᠳᠠᠪᠴᠠᠩ ᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠮᠠᠨ ᠤ ᠠᠶᠢᠮᠠᠭ ᠤᠨ | ᠢᠳᠡᠭᠡᠨ ᠤ ᠠᠮᠥᠷ ᠲᠦᠪᠰᠢᠨ ᠢ ᠬᠢᠨᠠᠨ ᠬᠠᠮᠢᠶᠠᠷᠬᠤ ᠰᠤᠷᠠᠭ ᠵᠠᠩᠬᠢᠵᠢᠯᠳᠠ ᠶᠢᠨ ᠢᠨᠵᠧᠨᠧᠷᠢᠩ᠂ ᠢᠳᠡᠭᠡᠨ ᠤ ᠠᠮᠥᠷ | ᠲᠦᠪᠰᠢᠨ ᠤ ᠲᠦᠭᠰᠢᠬᠦᠷᠢ ᠶᠢ ᠦᠨᠡᠯᠡᠬᠦ ᠰᠡᠷᠡᠮᠵᠢ ᠶᠢᠨ ᠰᠢᠰᠲ᠋ᠧᠮ᠂ ᠭᠤᠤᠯᠳᠠᠯᠭ᠎ᠠ ᠲᠠᠢ ᠢᠳᠡᠭᠡᠨ ᠤ ᠠᠮᠥᠷ | ᠲᠦᠪᠰᠢᠨ ᠤ ᠰᠢᠰᠲ᠋ᠧᠮ᠂ ᠳᠠᠷᠢᠶᠠᠯᠠᠩ ᠳᠤᠰᠠᠯᠠᠬᠤ ᠥᠢᠯᠡᠳᠬᠦᠨ ᠤ ᠶᠠᠰᠥ ᠴᠢᠨᠠᠷ ᠤᠨ ᠠᠮᠥᠷ ᠲᠦᠪᠰᠢᠨ ᠤ | ᠬᠠᠮᠢᠶᠠᠷᠤᠯᠳᠠ ᠶᠢᠨ ᠰᠤᠷᠠᠭ ᠵᠠᠩᠬᠢ ᠶᠢᠨ ᠳᠠᠪᠴᠠᠩ ᠵᠡᠷᠭᠡ ᠲᠦᠷᠥᠯ ᠵᠥᠢᠯ ᠢ ᠬᠡᠷᠡᠭᠵᠢᠬᠦᠯᠬᠦ ᠬᠤᠷᠳᠤᠴᠠ ᠶᠢ | ᠲᠦᠷᠭᠡᠳᠭᠡᠵᠤ᠂ ︽ᠳᠠᠷᠢᠶᠠᠨ ᠳᠤᠮᠳᠠ ᠠᠴᠠ ᠬᠤᠭᠤᠯᠠᠨ ᠰᠢᠷᠡᠭᠡᠨ ᠳᠤ ᠬᠦᠷᠬᠦ︾ ᠪᠦᠬᠦ ᠶᠠᠪᠤᠴᠠ ᠶᠢᠨ | ᠪᠠᠶᠢᠭᠤᠯᠤᠯᠳᠠ ᠶᠢ ᠲᠦᠷᠭᠡᠳᠭᠡᠬᠦ ᠬᠡᠷᠡᠭᠳᠡᠢ᠃ ᠠᠶᠢᠮᠠᠭ ᠤᠨ ᠢᠳᠡᠭᠡᠨ ᠡᠮ ᠤᠨ ᠵᠥᠢᠯᠡᠰ ᠤᠨ ᠠᠮᠥᠷ ᠲᠦᠪᠰᠢᠨ ᠤ | ᠵᠦᠪᠯᠡᠯ ᠤᠨ ᠠᠯᠪᠠᠨ ᠭᠡᠷ ᠤᠨ ᠲᠦᠭᠰᠢᠬᠦᠷᠢᠳᠥ ᠰᠤᠷᠠᠭ ᠵᠠᠩᠬᠢ ᠶᠢ ᠬᠠᠷᠢᠯᠴᠠᠨ ᠨᠡᠪᠳᠡᠷᠡᠯᠴᠡᠬᠦ᠂ ᠬᠠᠷᠢᠯᠴᠠᠨ | ᠡᠳ᠋ᠯᠡᠬᠦ ᠶᠢ ᠴᠢᠩᠭᠠᠳᠬᠠᠬᠤ ᠬᠡᠷᠡᠭᠳᠡᠢ᠃ ᠢᠳᠡᠭᠡᠨ ᠤ ᠠᠮᠥᠷ ᠲᠦᠪᠰᠢᠨ ᠤ ᠪᠠᠷᠢᠮᠵᠢᠶ᠎ᠠ᠂ ᠲᠦᠭᠰᠢᠬᠦᠷᠢ ᠶᠢ ᠬᠢᠨᠠᠨ | ᠬᠡᠮᠵᠢᠬᠦ᠂ ᠲᠦᠭᠰᠢᠬᠦᠷᠢ ᠶᠢ ᠦᠨᠡᠯᠡᠬᠦ᠂ ᠡᠳᠥᠷ ᠳᠤᠳᠤᠮ ᠤᠨ ᠬᠢᠨᠠᠨ ᠬᠠᠮᠢᠶᠠᠷᠬᠤ ᠳᠤᠭ᠎ᠠ ᠪᠠᠷᠢᠮᠳᠠ ᠠᠪᠬᠤ ᠪᠠ | ᠵᠠᠳᠠᠯᠥᠨ ᠠᠰᠢᠭᠯᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠬᠤ ᠬᠢᠷᠢ ᠲᠦᠪᠰᠢᠨ ᠪᠠ | ᠬᠢᠨᠠᠨ ᠬᠠᠮᠢᠶᠠᠷᠬᠤ ᠴᠢᠳᠠᠪᠬᠢ ᠶᠢ ᠳᠡᠭᠡᠭᠰᠢᠯᠡᠬᠦᠯᠬᠦ ᠬᠡᠷᠡᠭᠳᠡᠢ᠃ | ︵ᠡᠯ᠎ᠡ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠥᠨ᠂ ᠳᠠᠷᠢᠶᠠᠯᠠᠩ ᠮᠠᠯ ᠠᠵᠤ ᠠᠬᠤᠢ ᠶᠢᠨ | ᠲᠤᠪᠴᠢᠶ᠎ᠠ᠂ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ ᠢᠳᠡᠭᠡᠨ ᠤᠮᠳᠠᠭᠠᠨ ᠡᠮ ᠤᠨ | ᠵᠥᠢᠯᠡᠰ ᠤᠨ ᠬᠢᠨᠠᠨ ᠬᠠᠮᠢᠶᠠᠷᠬᠤ ᠲᠤᠪᠴᠢᠶ᠎ᠠ᠂ ᠤᠯᠠᠭᠠᠨᠬᠤᠳᠠ ᠶᠢᠨ ᠬᠢᠯᠢ ᠪᠠᠷ ᠭᠠᠷᠭᠠᠵᠤ ᠤᠷᠤᠭᠤᠯᠬᠤ ᠬᠢᠵᠢᠭ ᠢ | ᠰᠢᠯᠭᠠᠨ ᠪᠠᠶᠢᠴᠠᠭᠠᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ ᠦᠨᠳᠥᠰᠥᠯᠡᠨ ᠲᠤᠰᠪᠤᠷᠢ ᠬᠠᠷᠢᠭᠤᠴᠠᠨ | ᠬᠡᠷᠡᠭᠵᠢᠬᠦᠯᠥᠨ᠎ᠡ︶ | 5. ᠲᠦᠭᠰᠢᠬᠦᠷᠢ ᠶᠢ ᠬᠢᠨᠠᠨ ᠬᠡᠮᠵᠢᠬᠦ ᠪᠠ ᠦᠨᠡᠯᠡᠬᠦ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠳᠡᠢ᠃ | ︵1︶ ᠲᠦᠭᠰᠢᠬᠦᠷᠢ ᠶᠢ ᠬᠢᠨᠠᠨ ᠬᠡᠮᠵᠢᠬᠦ ᠰᠦᠯᠵᠢᠶ᠎ᠡ ᠪᠠ ᠴᠢᠳᠠᠪᠤᠷᠢ ᠶᠢᠨ ᠪᠠᠶᠢᠭᠤᠯᠤᠯᠳᠠ ᠶᠢ ᠦᠷᠬᠦᠯᠵᠢᠯᠡᠨ | ᠴᠢᠩᠭᠠᠳᠬᠠᠵᠤ᠂ ᠢᠳᠡᠭᠡᠨ ᠳᠤ ᠬᠡᠷᠡᠭᠯᠡᠬᠦ ᠳᠠᠷᠢᠶᠠᠯᠠᠩ ᠳᠤᠰᠠᠯᠠᠬᠤ ᠥᠢᠯᠡᠳᠬᠦᠨ ᠪᠠ ᠢᠳᠡᠭᠡᠨ ᠤ ᠠᠮᠥᠷ | ᠲᠦᠪᠰᠢᠨ ᠤ ᠲᠦᠭᠰᠢᠬᠦᠷᠢ ᠶᠢ ᠦᠨᠡᠯᠡᠬᠦ ᠠᠵᠢᠯ ᠤᠨ ᠰᠠᠭᠤᠷᠢ ᠶᠢ ᠳᠠᠰᠤᠷᠠᠯᠳᠠ ᠦᠬᠡᠢ ᠪᠠᠬᠢᠵᠢᠬᠦᠯᠬᠦ ᠬᠡᠷᠡᠭᠳᠡᠢ᠃ | ᠢᠳᠡᠭᠡᠨ ᠤ ᠡᠬᠢ ᠠᠴᠠ ᠢᠷᠡᠯᠳᠡᠢ ᠬᠢᠵᠢᠭ ᠤᠨ ᠬᠠᠮᠢᠶᠠᠷᠤᠯᠳᠠ ᠶᠢ ᠴᠢᠩᠭᠠᠳᠬᠠᠵᠤ᠂ ᠬᠢᠨᠠᠨ ᠬᠡᠮᠵᠢᠬᠦ ᠬᠦᠷᠢᠶ᠎ᠡ | ᠬᠡᠪᠴᠢᠶ᠎ᠡ ᠪᠠᠨ ᠦᠷᠭᠡᠳᠭᠡᠨ᠂ ᠰᠠᠯᠠᠭ᠎ᠠ ᠮᠦᠴᠢᠷ ᠤᠨ ᠬᠤᠭᠤᠷᠥᠳᠥ ᠪᠠᠨ ᠰᠤᠷᠠᠭ ᠵᠠᠩᠬᠢ ᠨᠡᠪᠳᠡᠷᠡᠯᠴᠡᠭᠰᠡᠨ᠂ | ᠨᠢᠭᠡᠳᠥᠯᠳᠡᠢ ᠲᠤᠬᠢᠷᠠᠯᠴᠠᠬᠤ ᠰᠡᠷᠬᠡᠶᠢᠯᠡᠨ ᠡᠵᠡᠮᠳᠡᠬᠦ ᠠᠵᠢᠯ ᠤᠨ ᠳᠤᠭᠳᠠᠴᠠ ᠶᠢ ᠪᠠᠶᠢᠭᠤᠯᠬᠤ ᠶᠢ ᠠᠬᠢᠭᠤᠯᠬᠤ | ᠬᠡᠷᠡᠭᠳᠡᠢ᠃ | ︵ᠠᠶᠢᠮᠠᠭ ᠤᠨ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ ᠬᠠᠷᠢᠭᠤᠴᠠᠨ ᠬᠡᠷᠡᠭᠵᠢᠬᠦᠯᠥᠨ᠎ᠡ︶ | | ︵2︶ ᠢᠳᠡᠭᠡᠨ ᠤ ᠵᠥᠢᠯ ᠤᠨ ᠰᠢᠨ᠎ᠡ ᠪᠠᠷ ᠭᠠᠷᠤᠭᠰᠠᠨ ᠲᠦᠭᠰᠢᠬᠦᠷᠢ᠂ ᠬᠢᠯᠢ ᠠᠴᠠ ᠭᠠᠷᠭᠠᠬᠤ ᠢᠳᠡᠭᠡᠨ ᠤ | ᠠᠮᠥᠷ ᠲᠦᠪᠰᠢᠨ ᠤ ᠲᠦᠭᠰᠢᠬᠦᠷᠢ ᠶᠢ ᠬᠢᠨᠠᠨ ᠬᠡᠮᠵᠢᠬᠦ ᠬᠦᠴᠥᠯᠡᠴᠡ ᠪᠠᠨ ᠨᠡᠮᠡᠭᠳᠡᠬᠦᠯᠬᠦ ᠬᠡᠷᠡᠭᠳᠡᠢ᠃ | ᠲᠦᠭᠰᠢᠬᠦᠷᠢ ᠶᠢᠨ ᠰᠦᠪᠡᠭᠴᠢ ᠶᠢ ᠢᠯᠡᠷᠡᠬᠦᠯᠬᠦ᠂ ᠵᠠᠳᠠᠯᠬᠤ᠂ ᠮᠡᠳᠡᠬᠦᠯᠬᠦ ᠪᠠ ᠤᠷᠢᠳᠴᠢᠯᠠᠨ ᠰᠡᠷᠡᠮᠵᠢᠯᠡᠬᠦᠯᠬᠦ | ᠠᠵᠢᠯ ᠤᠨ ᠶᠠᠰᠥ ᠴᠢᠨᠠᠷ ᠢ ᠳᠡᠭᠡᠭᠰᠢᠯᠡᠬᠦᠯᠬᠦ ᠬᠡᠷᠡᠭᠳᠡᠢ᠃ | ︵ᠠᠶᠢᠮᠠᠭ ᠤᠨ ᠡᠷᠡᠬᠦᠯ ᠬᠠᠮᠠᠭᠠᠯᠠᠯ ᠲᠦᠯᠥᠪᠯᠡᠭᠡᠳᠥ ᠦᠷᠡᠵᠢᠯ ᠤᠨ ᠵᠦᠪᠯᠡᠯ᠂ ᠤᠯᠠᠭᠠᠨᠬᠤᠳᠠ ᠶᠢᠨ ᠬᠢᠯᠢ ᠪᠠᠷ | ᠭᠠᠷᠭᠠᠵᠤ ᠤᠷᠤᠭᠤᠯᠬᠤ ᠬᠢᠵᠢᠭ ᠢ ᠰᠢᠯᠭᠠᠨ ᠪᠠᠶᠢᠴᠠᠭᠠᠬᠤ ᠲᠤᠪᠴᠢᠶ᠎ᠠ ᠲᠤᠰ ᠲᠤᠰ ᠤᠨ ᠬᠠᠷᠢᠭᠤᠴᠠᠯᠭ᠎ᠠ ᠪᠠᠨ | ᠦᠨᠳᠥᠰᠥᠯᠡᠨ ᠲᠤᠰᠪᠤᠷᠢ ᠬᠠᠷᠢᠭᠤᠴᠠᠨ ᠬᠡᠷᠡᠭᠵᠢᠬᠦᠯᠥᠨ᠎ᠡ︶ | ᠭᠤᠷᠪᠠ᠂ ᠠᠵᠢᠯ ᠤᠨ ᠱᠠᠭᠠᠷᠳᠠᠯᠭ᠎ᠠ | ︵1︶ ᠦᠵᠡᠯᠳᠡ ᠲᠠᠨᠢᠯᠳᠠ ᠪᠠᠨ ᠳᠡᠭᠡᠭᠰᠢᠯᠡᠬᠦᠯᠬᠦ ᠬᠡᠷᠡᠭᠳᠡᠢ᠃ ᠡᠯ᠎ᠡ ᠬᠤᠰᠢᠭᠤ ᠰᠢᠶᠠᠨ ᠬᠤᠳᠠ ᠶᠢᠨ | ᠵᠠᠰᠠᠭ ᠤᠨ ᠤᠷᠳᠥᠨ᠂ ᠢᠳᠡᠭᠡᠨ ᠡᠮ ᠤᠨ ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠡᠯ᠎ᠡ ᠬᠡᠰᠢᠬᠦᠨ | ᠨᠢᠭᠡᠴᠡ ᠦᠵᠡᠯ ᠰᠠᠨᠠᠭ᠎ᠠ ᠪᠠᠨ ᠨᠢᠭᠡᠳᠭᠡᠵᠤ᠂ ᠦᠵᠡᠯᠳᠡ ᠲᠠᠨᠢᠯᠳᠠ ᠪᠠᠨ ᠳᠡᠭᠡᠭᠰᠢᠯᠡᠬᠦᠯᠥᠨ᠂ ︽ᠴᠢᠨᠡᠭᠡᠯᠢᠭ | ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠥᠨ᠂ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ᠂ ᠬᠠᠤᠯᠢ ᠪᠠᠷ | ᠤᠯᠤᠰ ᠢᠶᠠᠨ ᠵᠠᠰᠠᠬᠤ ᠶᠢ ᠪᠦᠬᠦ ᠳᠠᠯ᠎ᠠ ᠪᠠᠷ ᠪᠡᠶᠡᠯᠡᠬᠦᠯᠵᠤ᠂ ᠪᠦᠬᠦ ᠳᠠᠯ᠎ᠠ ᠪᠠᠷ ᠨᠠᠮ ᠢ ᠴᠢᠩᠭ᠎ᠠ ᠬᠠᠮᠢᠶᠠᠷᠬᠤ︾ ᠶᠢ | ᠪᠡᠶᠡᠯᠡᠬᠦᠯᠬᠦ ᠶᠢ ᠠᠬᠢᠭᠤᠯᠵᠤ᠂ ᠢᠳᠡᠭᠡᠨ ᠤ ᠠᠮᠥᠷ ᠲᠦᠪᠰᠢᠨ ᠤ ᠠᠵᠢᠯ ᠤᠨ ᠴᠢᠬᠤᠯᠠ ᠴᠢᠨᠠᠷ ᠪᠠ ᠪᠠᠴᠢᠮ | ᠲᠤᠯᠭᠠᠮ᠎ᠠ ᠴᠢᠨᠠᠷ ᠢ ᠪᠦᠷᠢᠮᠥᠰᠥᠨ ᠲᠠᠨᠢᠵᠤ᠂ ᠪᠤᠳᠠᠳᠠᠢ ᠠᠷᠭ᠎ᠠ ᠠᠪᠴᠠᠯ ᠭᠠᠷᠭᠠᠵᠤ᠂ ᠲᠤᠰ ᠲᠤᠰ ᠤᠨ ᠡᠬᠦᠷᠭᠡ | ᠬᠠᠷᠢᠭᠤᠴᠠᠯᠭ᠎ᠠ ᠪᠠᠨ ᠬᠥᠢᠴᠡᠳᠭᠡᠵᠤ᠂ ᠨᠠᠷᠢᠨ ᠬᠢᠨᠠᠮᠠᠭᠠᠢ ᠬᠡᠷᠡᠭᠵᠢᠬᠦᠯᠬᠦ ᠬᠡᠷᠡᠭᠳᠡᠢ᠃ | ︵2︶ ᠵᠤᠬᠢᠶᠠᠨ ᠪᠠᠶᠢᠭᠤᠯᠬᠤ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃ ᠡᠯ᠎ᠡ ᠬᠤᠰᠢᠭᠤ ᠰᠢᠶᠠᠨ | ᠬᠤᠳᠠ ᠶᠢᠨ ᠵᠠᠰᠠᠭ ᠤᠨ ᠤᠷᠳᠥᠨ ᠢᠳᠡᠭᠡᠨ ᠤ ᠠᠮᠥᠷ ᠲᠦᠪᠰᠢᠨ ᠤ ᠬᠠᠷᠢᠶᠠᠯᠠᠭᠳᠠᠬᠤ ᠤᠷᠤᠨ ᠤ ᠬᠠᠮᠢᠶᠠᠷᠤᠯᠳᠠ ᠶᠢᠨ | ᠡᠬᠦᠷᠭᠡ ᠬᠠᠷᠢᠭᠤᠴᠠᠯᠭ᠎ᠠ ᠪᠠᠨ ᠰᠠᠶᠢᠳᠥᠷ ᠬᠥᠢᠴᠡᠳᠭᠡᠵᠤ᠂ ᠢᠳᠡᠭᠡᠨ ᠤ ᠠᠮᠥᠷ ᠲᠦᠪᠰᠢᠨ ᠤ ᠠᠵᠢᠯ ᠢ ᠴᠢᠬᠤᠯᠠ | ᠬᠡᠷᠡᠭ ᠵᠦᠪᠯᠡᠬᠦ ᠡᠳᠥᠷ ᠤᠨ ᠳᠠᠷᠠᠭᠠᠯᠠᠯ ᠳᠤ ᠤᠷᠤᠭᠤᠯᠵᠤ᠂ ᠲᠤᠰ ᠭᠠᠵᠠᠷ ᠤᠷᠤᠨ ᠤ ᠪᠠᠨ ᠢᠳᠡᠭᠡᠨ ᠤ ᠠᠮᠥᠷ | ᠲᠦᠪᠰᠢᠨ ᠤ ᠠᠵᠢᠯ ᠳᠤ ᠨᠢᠭᠡᠳᠥᠯᠳᠡᠢ ᠤᠳᠤᠷᠢᠳᠴᠥ᠂ ᠵᠤᠬᠢᠶᠠᠨ ᠪᠠᠶᠢᠭᠤᠯᠥᠨ ᠲᠤᠬᠢᠷᠠᠭᠤᠯᠬᠤ ᠶᠢ ᠴᠢᠩᠭᠠᠳᠬᠠᠵᠤ᠂ | ᠲᠤᠰ ᠭᠠᠵᠠᠷ ᠤᠨ ᠢᠶᠠᠨ ᠪᠤᠳᠠᠳᠠᠢ ᠲᠠᠢ ᠤᠶᠠᠯᠳᠤᠭᠤᠯᠥᠨ᠂ ᠪᠤᠳᠠᠳᠠᠢ ᠬᠡᠷᠡᠭᠵᠢᠬᠦᠯᠬᠦ ᠲᠦᠰᠥᠯ ᠭᠠᠷᠭᠠᠵᠤ᠂ | ᠬᠠᠷᠠᠯᠳᠠ ᠡᠬᠦᠷᠭᠡ ᠪᠠᠨ ᠨᠠᠷᠢᠯᠢᠬᠵᠢᠭᠤᠯᠵᠤ᠂ ᠴᠠᠭ ᠤᠨ ᠬᠢᠵᠠᠭᠠᠷᠯᠠᠯ᠂ ᠰᠢᠯᠭᠠᠨ ᠦᠨᠡᠯᠡᠬᠦ ᠤᠷᠤᠨ ᠳᠤᠭ᠎ᠠ ᠪᠠ | ᠬᠠᠷᠢᠭᠤᠴᠠᠯᠭᠠᠳᠠᠨ ᠢᠶᠠᠨ ᠳᠤᠳᠤᠳᠬᠠᠵᠤ᠂ ᠤᠯᠠᠨ ᠰᠠᠯᠠᠭ᠎ᠠ ᠮᠦᠴᠢᠷ ᠲᠤ ᠬᠤᠯᠪᠤᠭᠳᠠᠭᠰᠠᠨ ᠠᠵᠢᠯ ᠢ ᠳᠠᠭᠠᠭᠤᠯᠵᠤ | ᠪᠠᠶᠢᠭ᠎ᠠ ᠰᠠᠯᠠᠭ᠎ᠠ ᠮᠦᠴᠢᠷ ᠲᠤᠬᠢᠷᠠᠯᠴᠠᠬᠤ ᠪᠠᠨ ᠴᠢᠩᠭᠠᠳᠬᠠᠵᠤ᠂ ᠪᠤᠰᠤᠳ ᠰᠠᠯᠠᠭ᠎ᠠ ᠮᠦᠴᠢᠷ ᠲᠤᠰ ᠲᠤᠰ ᠤᠨ | ᠡᠬᠦᠷᠭᠡ ᠪᠠᠨ ᠦᠨᠳᠥᠰᠥᠯᠡᠨ ᠬᠠᠮᠵᠢᠯᠴᠠᠵᠤ᠂ ᠪᠠᠶᠢᠷᠢᠯᠠᠭᠤᠯᠤᠯᠳᠠ ᠲᠠᠢ᠂ ᠪᠠᠶᠢᠴᠠᠭᠠᠯᠳᠠ ᠲᠠᠢ ᠪᠠᠶᠢᠬᠤ ᠬᠡᠷᠡᠭᠳᠡᠢ᠃ | | ︵3︶ ᠬᠢᠨᠠᠨ ᠪᠠᠶᠢᠴᠠᠭᠠᠬᠤ ᠰᠢᠯᠭᠠᠨ ᠳᠤᠭᠳᠠᠭᠠᠬᠤ ᠪᠠᠨ ᠴᠢᠩᠭᠠᠳᠬᠠᠬᠤ ᠬᠡᠷᠡᠭᠳᠡᠢ᠃ ᠢᠳᠡᠭᠡᠨ ᠤ ᠠᠮᠥᠷ | ᠲᠦᠪᠰᠢᠨ ᠢ ᠬᠢᠨᠠᠨ ᠪᠠᠶᠢᠴᠠᠭᠠᠬᠤ ᠰᠢᠯᠭᠠᠨ ᠳᠤᠭᠳᠠᠭᠠᠬᠤ ᠲᠦᠷᠢᠮ ᠢ ᠤᠯᠠᠮ ᠨᠢᠭᠡ ᠠᠯᠬᠤᠮ ᠳᠡᠬᠦᠯᠳᠡᠷᠵᠢᠬᠦᠯᠥᠨ᠂ | ᠢᠳᠡᠭᠡᠨ ᠤ ᠠᠮᠥᠷ ᠲᠦᠪᠰᠢᠨ ᠢ ᠪᠦᠬᠦ ᠳᠠᠯ᠎ᠠ ᠪᠠᠷ ᠭᠠᠵᠠᠷ ᠤᠷᠤᠨ ᠤ ᠵᠠᠰᠠᠭ ᠤᠨ ᠤᠷᠳᠥᠨ ᠤ ᠬᠢᠷᠢ ᠪᠦᠳᠥᠮᠵᠢ | ᠰᠢᠯᠭᠠᠨ ᠦᠨᠡᠯᠡᠬᠦ᠂ ᠨᠡᠶᠢᠭᠡᠮ ᠤᠨ ᠬᠠᠮᠢᠶᠠᠷᠤᠯᠳᠠ ᠶᠢᠨ ᠶᠡᠷᠥᠩᠬᠡᠶᠢᠯᠡᠨ ᠵᠠᠰᠠᠬᠤ ᠰᠢᠯᠭᠠᠨ ᠦᠨᠡᠯᠡᠬᠦ ᠬᠡᠪᠴᠢᠶᠡᠨ ᠳᠤ | ᠤᠷᠤᠭᠤᠯᠵᠤ᠂ ᠰᠢᠯᠭᠠᠨ ᠦᠨᠡᠯᠡᠬᠦ ᠦᠷ᠎ᠡ ᠳ᠋ᠦᠩ ᠢ ᠶᠡᠷᠥᠩᠬᠡᠶᠢᠯᠡᠨ ᠰᠢᠯᠭᠠᠨ ᠦᠨᠡᠯᠡᠬᠦ ᠤᠳᠤᠷᠢᠳᠬᠤ ᠪᠠᠭ ᠪᠠ | ᠬᠠᠮᠢᠶ᠎ᠠ ᠪᠦᠬᠦᠢ ᠤᠳᠤᠷᠢᠳᠬᠤ ᠺᠠᠳ᠋ᠷ ᠤᠨ ᠴᠢᠬᠤᠯᠠ ᠪᠠᠷᠢᠮᠳᠠ ᠪᠤᠯᠭᠠᠨ᠎ᠠ᠃ ᠡᠯ᠎ᠡ ᠱᠠᠳᠥᠨ ᠤ ᠢᠳᠡᠭᠡᠨ ᠤ ᠠᠮᠥᠷ | ᠲᠦᠪᠰᠢᠨ ᠤ ᠵᠦᠪᠯᠡᠯ ᠵᠢᠴᠢ ᠠᠯᠪᠠᠨ ᠭᠡᠷ ᠶᠡᠷᠥᠩᠬᠡᠶᠢᠯᠡᠨ ᠲᠤᠬᠢᠷᠠᠭᠤᠯᠬᠤ ᠪᠠᠨ ᠴᠢᠩᠭᠠᠳᠬᠠᠵᠤ᠂ ᠬᠤᠯᠪᠤᠭᠠᠯᠠᠨ | ᠲᠤᠬᠢᠷᠠᠭᠤᠯᠬᠤ ᠪᠠᠶᠢᠭᠤᠯᠥᠮᠵᠢ ᠶᠢ ᠳᠡᠬᠦᠯᠳᠡᠷᠵᠢᠬᠦᠯᠥᠨ᠂ ᠢᠳᠡᠭᠡᠨ ᠡᠮ ᠤᠨ ᠵᠥᠢᠯᠡᠰ ᠤᠨ ᠠᠮᠥᠷ ᠲᠦᠪᠰᠢᠨ ᠤ | ᠬᠠᠷᠢᠭᠤᠴᠠᠯᠭ᠎ᠠ ᠶᠢᠨ ᠪᠢᠴᠢᠭ ᠲᠤ ᠳᠡᠰ ᠳᠡᠰ ᠢᠶᠠᠷ ᠬᠡᠯᠡᠯᠴᠡᠭᠡᠷ ᠳᠤᠭᠳᠠᠬᠤ ᠪᠠᠷ ᠳᠠᠮᠵᠢᠨ᠂ ᠡᠯ᠎ᠡ ᠳᠡᠰ ᠤᠨ | ᠵᠠᠰᠠᠭ ᠤᠨ ᠤᠷᠳᠥᠨ ᠤ ᠬᠠᠷᠢᠶᠠᠯᠠᠭᠳᠠᠬᠤ ᠤᠷᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠪᠠ ᠰᠠᠯᠠᠭ᠎ᠠ | ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠤᠳᠤᠳᠬᠠᠵᠤ᠂ ᠬᠤᠰᠢᠭᠤ ᠰᠢᠶᠠᠨ | ᠬᠤᠳᠠ᠂ ᠰᠤᠮᠤ ᠰᠢᠶᠠᠩ ᠪᠠᠯᠭᠠᠰᠥ ︵ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠤ ᠠᠮᠥᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠪᠦᠳᠥᠮᠵᠢᠳᠡᠢ ᠬᠡᠷᠡᠭᠵᠢᠬᠦᠯᠬᠦ ᠬᠡᠷᠡᠭᠳᠡᠢ᠃ | ᠠᠶᠢᠮᠠᠭ ᠤᠨ ᠢᠳᠡᠭᠡᠨ ᠡᠮ ᠤᠨ ᠵᠥᠢᠯᠡᠰ ᠤᠨ ᠠᠮᠥᠷ ᠲᠦᠪᠰᠢᠨ ᠤ ᠵᠦᠪᠯᠡᠯ ᠤᠨ ᠡᠯ᠎ᠡ ᠬᠡᠰᠢᠬᠦᠨ ᠨᠢᠭᠡᠴᠡ | ᠳᠤᠤᠷ᠎ᠠ ᠱᠠᠳᠥᠨ ᠤ ᠠᠵᠢᠯ ᠢ ᠬᠢᠨᠠᠨ ᠪᠠᠶᠢᠴᠠᠭᠠᠵᠤ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠲᠦᠷᠥᠯ ᠤᠨ | ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ | ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠵᠤ᠂ ᠠᠯᠵᠠᠭᠤ ᠬᠤᠶᠢᠷᠭᠤ᠂ ᠬᠤᠶᠢᠰᠢ ᠤᠬᠤᠷᠢᠬᠤ᠂ ᠲᠤᠰᠢᠶᠠᠯ ᠳᠠᠭᠠᠨ | ᠬᠠᠷᠢᠭᠤᠴᠠᠬᠤ ᠦᠬᠡᠢ ᠵᠡᠷᠭᠡ ᠦᠵᠡᠭᠳᠡᠯ ᠢ ᠰᠢᠢᠳᠪᠤᠷᠢᠯᠡᠬᠦ ᠬᠦᠴᠥᠯᠡᠴᠡ ᠪᠠᠨ ᠨᠡᠮᠡᠭᠳᠡᠬᠦᠯᠥᠨ᠂ ᠢᠳᠡᠭᠡᠨ ᠡᠮ ᠤᠨ | ᠵᠥᠢᠯᠡᠰ ᠤᠨ ᠠᠮᠥᠷ ᠲᠦᠪᠰᠢᠨ ᠤ ᠡ᠊ᠨᠳᠡᠯ ᠳᠤᠮᠳᠠ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠬᠦᠮᠥᠨ ᠢ ᠬᠠᠤᠯᠢ | ᠶᠤᠰᠤᠭᠠᠷ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ | |