ᠪᠤᠬᠲᠠ ᠠᠭᠤᠯᠠ ᠶᠢᠨ ᠠᠯᠳᠠᠷᠰᠢᠯ ᠢᠶᠠᠷ ᠪᠤᠶᠠᠨ ᠬᠡᠰᠢᠭ ᠳᠠᠯᠠᠯᠤᠬᠰᠠᠨ ᠨᠠᠶᠢᠷ
ᠨᠡᠶᠢᠲᠡᠯᠡᠭᠰᠡᠨ ᠴᠠᠭ᠄
2018-07-16
— ᠵᠠᠯᠠᠶᠢᠳ ᠬᠤᠰᠢᠭᠤᠨ ᠤ ᠪᠤᠬᠲᠠ ᠠᠭᠤᠯᠠ ᠶᠢᠨ ᠲᠠᠬᠢᠯᠭ᠎ᠠ ᠵᠢᠴᠢ ᠦᠭᠡᠯᠦᠨ ᠡᠭᠡ ᠶᠢᠨ ᠲᠠᠬᠢᠯᠭ᠎ᠠ ᠶᠢᠨ ᠲᠠᠲᠠᠯᠠᠭ᠎ᠠ    ᠪᠤᠬᠲᠠ ᠠᠭᠤᠯᠠ ᠶᠢᠨ ᠪᠠᠷ᠎ᠠ ᠰᠦᠨᠳᠡᠷᠯᠡᠵᠦ᠂ ᠴᠤᠤᠯ ᠭᠤᠤᠯ ᠤᠨ ᠤᠷᠤᠰᠬᠠᠯ ᠮᠡᠯᠮᠡᠷᠡᠨ᠂ ᠬᠦᠳᠡᠭᠡ ᠲᠠᠯ᠎ᠠ ᠨᠢ ᠬᠦᠬᠡᠷᠡᠨ ᠨᠤᠭᠤᠭᠠᠷᠠᠵᠦ᠂ ᠬᠦᠮᠦᠨ ᠠᠷᠡᠳ ᠨᠢ ᠵᠢᠷᠭᠠᠨ ᠪᠠᠶᠠᠰᠦᠯᠴᠠᠨ᠂ ᠠᠳᠤᠭᠤ ᠮᠠᠯ ᠨᠢ ᠳᠠᠷᠭᠤᠨ ᠪᠡᠯᠴᠢᠵᠦ᠂ ᠠᠶᠢᠷᠠᠬ ᠰᠦ ᠶᠢᠨ ᠦᠨᠦᠷ ᠬᠠᠨᠭ᠍ᠬᠤᠯᠤᠬᠰᠠᠨ ᠳᠡᠯᠭᠡᠷ ᠵᠤᠨ ᠤ ᠤᠯᠠᠷᠢᠯ ᠳᠤ᠂ ᠵᠠᠯᠠᠶᠢᠳ ᠬᠤᠰᠢᠭᠤᠨ ᠤ ᠪᠤᠬᠳᠠ ᠠᠭᠤᠯᠠ ᠶᠢᠨ ᠲᠠᠬᠢᠯᠭ᠎ᠠ ᠶᠢᠨ ᠨᠡᠶᠢᠭᠡᠮᠯᠢᠭ ᠠᠴᠠ ᠡᠷᠬᠢᠯᠡᠭᠰᠡᠨ ᠵᠠᠯᠠᠶᠢᠳ ᠬᠤᠰᠢᠭᠤᠨ ᠤ ᠪᠤᠬᠳᠠ ᠠᠭᠤᠯᠠ ᠶᠢᠨ ᠲᠠᠬᠢᠯᠭ᠎ᠠ ᠵᠢᠴᠢ ᠦᠭᠡᠯᠦᠨ ᠡᠭᠡ ᠶᠢᠨ ᠲᠠᠬᠢᠯᠭ᠎ᠠ ᠪᠤᠬᠳᠠ ᠠᠭᠤᠯᠠ ᠶᠢᠨ ᠡᠩᠭᠡᠷ ᠲᠤ ᠪᠤᠶᠠᠨ ᠬᠡᠰᠢᠭ ᠳᠠᠯᠠᠯᠤᠨ ᠦᠪᠡᠳᠡᠭᠰᠢ ᠶᠡᠬᠡᠪᠡᠷ ᠶᠠᠪᠤᠬᠳᠠᠵᠦ ᠦᠡᠭᠭᠡᠷᠡᠪᠠ᠃    7 ᠰᠠᠷ᠎ᠠ ᠶᠢᠨ 5 ᠤ ᠦᠯᠵᠡᠶᠢᠲᠦ ᠰᠠᠶᠢᠬᠠᠨ ᠡᠳᠦᠷ᠂ ᠮᠤᠩᠭᠤᠯ ᠢᠶᠠᠷ ᠢᠶᠠᠨ ᠭᠤᠶᠤᠵᠦ᠂ ᠮᠤᠩᠭᠤᠯ ᠢᠶᠠᠷ ᠢᠶᠠᠨ ᠪᠠᠭ᠋ᠠᠷᠬᠠᠵᠤ ᠶᠠᠪᠤᠭ᠎ᠠ ᠬᠤᠯᠠ ᠤᠢᠢᠷ᠎ᠠ ᠶᠢᠨ ᠵᠤᠭᠠᠴᠠᠭᠰᠠᠳ᠂ ᠮᠦᠷᠬᠦᠯᠴᠢᠳ᠂ ᠨᠠᠭᠠᠳᠤᠮᠴᠢᠳ ᠵᠠᠯᠠᠶᠢᠳ ᠤᠨ ᠪᠤᠭᠳᠠ ᠠᠭᠤᠯᠠ ᠶᠢᠨ ᠤᠪᠤᠭᠠᠨ ᠳᠤ ᠪᠤᠯᠵᠤᠭ᠎ᠠ ᠶᠤᠰᠤᠭᠠᠷ ᠢᠶᠠᠨ ᠤᠴᠠᠷᠠᠨ ᠵᠤᠯᠭᠠᠵᠦ᠂ ᠵᠠᠯᠠᠶᠢᠳ ᠤᠨ ᠪᠤᠭᠳᠠ ᠠᠭᠤᠯᠠ ᠶᠢᠨ ᠲᠠᠬᠢᠯᠭ᠎ᠠ ᠵᠢᠴᠢ ᠦᠬᠡᠯᠦᠨ ᠡᠭᠡ ᠶᠢᠨ ᠲᠠᠬᠢᠯᠭ᠎ᠠ ᠶᠢᠨ ᠶᠤᠰᠤᠯᠠᠯ ᠢᠶᠠᠨ ᠲᠦᠷᠢᠮ ᠭᠤᠷᠢᠮ ᠲᠠᠢ ᠰᠠᠶᠢᠬᠠᠨ ᠶᠠᠪᠤᠭᠳᠠᠭᠤᠯᠤᠨ ᠲᠠᠩᠰᠤᠬ ᠨᠤᠭᠤᠭᠠᠨ ᠪᠠᠶᠢᠭᠠᠯᠢ ᠨᠤᠲᠤᠭ᠂ ᠲᠠᠭᠠᠳᠠᠢ ᠤᠨᠳᠤᠷᠤᠯ ᠲᠠᠢ ᠬᠦᠮᠦᠨ ᠠᠷᠡᠳ ᠤᠨ ᠢᠶᠠᠨ ᠰᠠᠶᠢᠨ ᠰᠠᠶᠢᠬᠠᠨ ᠢ ᠳᠠᠭᠠᠳᠬᠠᠨ ᠬᠦᠰᠡᠭᠰᠡᠨ ᠪᠠᠶᠢᠨ᠎ᠠ᠃ ᠶᠤᠰᠤᠯᠠᠯ ᠳᠤ᠂ ᠬᠢᠷᠢᠨ᠂ ᠬᠦᠭᠡᠬᠤᠳᠠ᠂ ᠲᠦᠩᠯᠢᠶᠤᠤ᠂ ᠬᠦᠯᠦᠨ ᠪᠤᠶᠢᠷ ᠵᠢᠴᠢ ᠮᠠᠨ ᠤ ᠠᠶᠢᠮᠠᠬ ᠤᠨ ᠡᠯ᠎ᠡ ᠬᠤᠰᠢᠭᠤ ᠬᠤᠳᠠ ᠶᠢᠨ ᠬᠤᠯᠠ ᠤᠢᠢᠷ᠎ᠠ ᠶᠢᠨ ᠵᠤᠴᠢᠳ ᠨᠠᠭᠠᠳᠦᠮᠴᠢᠳ ᠬᠦᠷᠦᠯᠴᠠᠨ ᠢᠷᠡᠵᠦ ᠨᠠᠶᠢᠷ ᠲᠤ ᠬᠦᠷ ᠬᠦᠭᠵᠢᠶᠠᠨ ᠨᠡᠮᠡᠭᠰᠡᠨ ᠪᠠᠶᠢᠨ᠎ᠠ᠃ᠲᠤᠰ ᠤᠳᠠᠭᠠᠨ ᠤ ᠶᠤᠰᠤᠯᠠᠯ ᠨᠢ ᠦᠨᠳᠦᠰᠦᠳᠡᠨ ᠤ ᠪᠠ ᠭᠠᠵᠠᠷ ᠤᠷᠤᠨ ᠤ ᠦᠪᠡᠷᠮᠢᠴᠡ ᠤᠨᠴᠠᠯᠢᠬ ᠢ ᠨᠡᠩ ᠢᠯᠡᠭᠦᠦ ᠳᠤᠪᠤᠶᠢᠯᠭᠠᠬᠤ ᠶᠢᠨ ᠲᠦᠯᠦᠭᠡ᠂ ᠪᠤᠬᠲᠠ ᠠᠭᠤᠯᠠ ᠶᠢᠨ ᠤᠪᠤᠭᠠᠨ ᠲᠠᠬᠢᠯᠭ᠎ᠠ᠂ ᠦᠭᠡᠯᠦᠨ ᠡᠭᠡ ᠶᠢᠨ ᠲᠠᠬᠢᠯᠭ᠎ᠠ ᠠᠴᠠ ᠭᠠᠳᠠᠨ᠎ᠠ ᠰᠤᠷ ᠬᠠᠷᠪᠤᠯᠳᠠ᠂ ᠪᠦᠬᠡ ᠶᠢᠨ ᠮᠦᠷᠦ᠋ᠢᠴᠡᠭᠡᠨ᠂ ᠵᠠᠯᠠᠶᠢᠳ ᠠᠷᠡᠳ ᠤᠨ ᠳᠠᠭᠤᠤ ᠶᠢᠨ ᠤᠷᠠᠨ ᠰᠠᠶᠢᠬᠠᠨ ᠤ ᠲᠤᠬᠯᠠᠯᠲᠠ ᠵᠡᠷᠭᠡ ᠡᠯᠪᠡᠭ ᠠᠭᠤᠯᠭ᠎ᠠ ᠶᠢ ᠠᠯᠬᠤᠮ ᠳᠠᠷᠠᠭ᠎ᠠ ᠲᠠᠢ ᠶᠠᠪᠤᠬᠳᠠᠭᠤᠯᠵᠦ᠂ ᠨᠠᠶᠢᠷ ᠤᠨ ᠲᠠᠯᠠᠪᠠᠢ ᠶᠢᠨ ᠮᠤᠩᠭᠤᠯ ᠰᠤᠶᠤᠯ ᠤᠨ ᠷᠢᠳᠢ ᠰᠢᠳᠢ ᠶᠢ ᠭᠠᠶᠢᠬᠠᠭᠤᠯᠬᠤ ᠶᠢᠨ ᠬᠠᠮᠲᠦ ᠨᠤᠲᠤᠭ ᠤᠨ ᠲᠦᠮᠡᠨ ᠤ ᠪᠠᠨ ᠬᠠᠷᠠᠭ᠎ᠠ ᠶᠢ ᠪᠠᠶᠠᠰᠬᠠᠵᠦ ᠰᠤᠨᠤᠷ ᠢ ᠨᠢ ᠮᠢᠯᠢᠶᠠᠬᠰᠨᠨ ᠪᠠᠶᠢᠨ᠎ᠠ᠃    ᠪᠤᠬᠳᠠ ᠠᠭᠤᠯᠠ ᠪᠤᠯ ᠵᠠᠯᠠᠶᠢᠳ ᠬᠤᠰᠢᠭᠤᠨ ᠤ ᠠᠷᠡᠳ ᠲᠦᠮᠡᠨ ᠤ ᠨᠤᠲᠤᠭ ᠪᠠᠶᠢᠭᠠᠯᠢ᠂ ᠭᠠᠵᠠᠷ ᠰᠢᠷᠦᠢ᠂ ᠬᠦᠮᠦᠨ ᠠᠷᠡᠳ ᠤᠨ ᠪᠠᠶᠠᠨ ᠲᠠᠩᠰᠤᠬ ᠠᠵᠦ ᠠᠮᠢᠳᠦᠷᠠᠯ᠂ ᠦᠭᠡᠳᠡ ᠡᠰᠡᠷᠡᠭ ᠠᠵᠦ ᠤᠢᠢᠯᠡᠰ ᠤᠨ ᠰᠠᠶᠢᠨ ᠰᠠᠶᠢᠬᠠᠨ ᠢᠶᠠᠨ ᠳᠠᠭᠠᠳᠬᠠᠬᠤ ᠭᠡᠳᠦᠨ ᠵᠠᠭᠤᠨ ᠤ ᠲᠠᠬᠢᠯᠭᠠᠳᠤ ᠠᠭᠤᠯᠠ ᠪᠤᠯᠬᠤ ᠮᠦᠷᠲᠡᠭᠡᠨ ᠲᠡᠤᠭᠡ ᠰᠤᠶᠤᠯ ᠤᠨ ᠬᠦᠷᠦᠰᠦ ᠬᠦᠨ ᠵᠤᠵᠠᠭᠠᠨ᠂ ᠦᠵᠡᠮᠤᠷᠢ ᠰᠠᠶᠢᠲᠠᠢ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠢᠭᠡ ᠨᠢ ᠪᠤᠯᠬᠤ ᠶᠤᠮ᠃ ᠲᠠᠬᠢᠯᠭ᠎ᠠ ᠶᠢᠨ ᠶᠠᠪᠤᠴᠠ ᠳᠤ ᠪᠤᠬᠳᠠ ᠠᠭᠤᠯᠠ ᠶᠢᠨ ᠲᠠᠬᠢᠯᠭ᠎ᠠ ᠶᠢᠨ ᠨᠡᠶᠢᠭᠡᠮᠯᠢᠭ ᠤᠨ ᠳᠠᠷᠤᠭ᠎ᠠ ᠪᠠᠢ ᠱᠤᠸᠠᠩ ᠬᠤ᠋ ᠰᠤᠷᠪᠤᠯᠵᠢᠯᠠᠭ᠎ᠠ ᠬᠦᠯᠢᠶᠠᠬᠦ ᠳᠡᠭᠡᠨ᠄ ︽ᠪᠤᠬᠳᠠ ᠠᠭᠤᠯᠠ ᠶᠢᠨ ᠲᠠᠬᠢᠯᠭ᠎ᠠ ᠶᠢᠨ ᠶᠤᠰᠤᠯᠠᠯ ᠨᠢ ᠵᠠᠯᠠᠶᠢᠳ ᠨᠤᠳᠤᠬ ᠤᠨ ᠲᠡᠤᠭᠡ ᠰᠤᠶᠤᠯ᠂ ᠦᠯᠢᠭᠡᠷ ᠲᠤᠮᠤᠭ᠂ ᠦᠡᠭᠭᠡ ᠦᠵᠡᠮᠵᠢ ᠶᠢ ᠨᠡᠩ ᠤᠯᠠᠨ ᠬᠦᠮᠦᠰ ᠲᠤ ᠲᠠᠨᠢᠯᠴᠠᠭᠤᠯᠬᠤ ᠵᠤᠷᠢᠯᠭ᠎ᠠ ᠠᠴᠠ ᠡᠷᠬᠢᠯᠡᠵᠤ ᠪᠠᠶᠢᠭ᠎ᠠ ᠶᠤᠮ᠂ ᠲᠤᠰ ᠤᠳᠠᠭᠠᠨ ᠤ ᠨᠠᠶᠢᠷ ᠨᠢ ᠦᠡᠭᠭᠡᠷᠡᠭᠰᠡᠨ ᠤ ᠬᠢᠨ ᠲᠠᠢ ᠬᠠᠷᠢᠴᠠᠭᠤᠯᠪᠠᠯ ᠬᠦᠷᠢᠶ᠎ᠠ ᠬᠡᠪᠴᠢᠶ᠎ᠠ ᠪᠠᠷ ᠦᠷᠭᠡᠨ᠂ ᠤᠷᠤᠯᠴᠠᠬᠰᠠᠨ ᠬᠦᠮᠦᠨ ᠤ ᠲᠤᠭ᠎ᠠ ᠪᠠᠷ ᠤᠯᠠᠨ᠂ ᠲᠠᠬᠢᠯᠭ᠎ᠠ ᠶᠢᠨ ᠠᠭᠤᠯᠭ᠎ᠠ ᠬᠡᠯᠪᠡᠷᠢ ᠶᠢᠨ ᠲᠠᠯ᠎ᠠ ᠪᠠᠷ ᠴᠦ ᠡᠯᠪᠡᠭ ᠠᠭᠤᠯᠭ᠎ᠠ ᠪᠠᠶᠢᠳᠠᠬ᠂ ᠡᠨᠡ ᠨᠢ ᠪᠤᠬᠳᠠ ᠠᠭᠤᠯᠠ ᠶᠢᠨ ᠲᠠᠬᠢᠯᠭ᠎ᠠ ᠨᠢ ᠵᠢᠯ ᠠᠴᠠ ᠵᠢᠯ ᠬᠦᠮᠦᠰ ᠤᠨ ᠬᠦᠷᠢᠶᠠᠯᠡᠯ ᠢ ᠤᠯᠵᠦ ᠪᠠᠶᠢᠬᠤ ᠶᠢ ᠬᠠᠷᠠᠭᠤᠯᠵᠤ᠂ ᠨᠡᠩ ᠴᠢᠨᠠᠬᠰᠢᠯᠠᠪᠠᠯ ᠨᠤᠲᠤᠭ ᠤᠨ ᠠᠷᠡᠳ ᠲᠦᠮᠡᠨ ᠤ ᠪᠠᠶᠢᠭᠠᠯᠢ ᠤᠷᠴᠢᠨ ᠲᠠᠢ ᠪᠠᠨ ᠡᠶ᠎ᠡ ᠵᠤᠬᠢᠴᠡᠯ ᠲᠠᠢ ᠰᠠᠶᠢᠨ ᠰᠠᠶᠢᠬᠠᠨ ᠤᠷᠤᠰᠢᠨ ᠲᠤᠬᠲᠠᠨᠢᠵᠦ ᠪᠠᠶᠢᠭ᠎ᠠ ᠶᠢ ᠲᠤᠰᠬᠠᠬᠤ ᠶᠢᠨ ᠬᠠᠮᠲᠦ ᠠᠷᠡᠳ ᠲᠦᠮᠡᠨ ᠤ ᠰᠤᠶᠤᠯ ᠤᠨ ᠠᠮᠢᠳᠦᠷᠠᠯ ᠢ ᠨᠢ ᠪᠠᠶᠠᠯᠢᠬᠵᠢᠭᠤᠯᠤᠬᠰᠠᠨ ᠶᠠᠪᠤᠳᠠᠯ ᠪᠤᠯᠤᠨ᠎ᠠ︾ ᠭᠡᠵᠦ ᠶᠠᠷᠢᠯ᠎ᠠ᠃    ᠪᠤᠬᠳᠠ ᠠᠭᠤᠯᠠ ᠶᠢᠨ ᠤᠪᠤᠭᠠᠨ ᠲᠠᠬᠢᠯᠭ᠎ᠠ ᠵᠢᠴᠢ ᠦᠭᠡᠯᠦᠨ ᠡᠭᠡ ᠶᠢᠨ ᠲᠠᠬᠢᠯᠭ᠎ᠠ ᠶᠢ ᠡᠷᠬᠢᠯᠡᠭᠰᠡᠨ ᠨᠢ ᠬᠦᠮᠦᠰ ᠤᠨ ᠮᠤᠩᠭᠤᠯ ᠦᠨᠳᠦᠰᠦᠲᠡᠨ ᠤ ᠤᠯᠠᠮᠵᠢᠯᠠᠯᠲᠦ ᠲᠡᠤᠭᠡ᠂ ᠰᠤᠶᠤᠯ ᠤᠨ ᠦᠪ ᠬᠦᠷᠦᠩᠭᠡ ᠪᠠᠨ ᠤᠯᠠᠮᠵᠢᠯᠠᠨ ᠪᠠᠳᠠᠷᠠᠭᠤᠯᠵᠦ᠂ ᠬᠠᠶᠢᠷᠠᠯᠠᠨ ᠬᠠᠮᠠᠭᠠᠯᠠᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠤ᠂ ᠵᠠᠯᠠᠶᠢᠳ ᠬᠤᠰᠢᠭᠤᠨ ᠤ ᠰᠤᠶᠤᠯ ᠵᠤᠭᠠᠴᠠᠯ ᠤᠨ ᠠᠭᠤᠰᠤᠯᠴᠠᠯ ᠢ ᠨᠡᠩ ᠢᠯᠡᠭᠦᠦ ᠠᠬᠢᠭᠤᠯᠤᠨ᠂ ᠪᠠᠶᠠᠨ ᠴᠢᠨᠡᠭᠡᠯᠢᠭ ᠵᠠᠯᠠᠶᠢᠳ ᠬᠤᠰᠢᠭᠤ ᠶᠢ ᠪᠦᠲᠦᠭᠡᠨ ᠪᠠᠶᠢᠭᠤᠯᠬᠤ ᠳᠤ ᠭᠦᠨ ᠵᠤᠵᠠᠭᠠᠨ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠵᠦ ᠦᠭᠭᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号