ᠡᠷᠳᠡᠨᠢᠳᠤ ᠨᠤᠳᠤᠬ ᠲᠤᠬᠤᠮ ᠤᠨ ᠠᠷᠠᠳ ᠢᠶᠠᠨ ᠪᠠᠶᠠᠰᠬᠠᠭᠰᠠᠨ ᠨᠠᠶᠢᠷ ᠡᠷᠡᠭᠡᠢ ᠮᠡᠷᠭᠡᠨ ᠰᠤᠷᠴᠢᠳ ᠤᠨ ᠡᠷᠳᠡᠮ ᠢᠶᠠᠨ ᠰᠤᠷᠢᠬᠰᠠᠨ ᠨᠠᠭᠠᠳᠤᠮ
ᠨᠡᠶᠢᠲᠡᠯᠡᠭᠰᠡᠨ ᠴᠠᠭ᠄
2018-07-06
   ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ 2018 ᠤᠨ ᠤ ᠮᠤᠩᠭᠤᠯ ᠦᠨᠳᠦᠰᠦᠲᠡᠨ ᠤ ᠤᠯᠠᠮᠵᠢᠯᠠᠯᠲᠦ ᠰᠤᠷ ᠬᠠᠷᠪᠤᠯᠲᠠ ᠶᠢᠨ ᠱᠠᠩᠨᠠᠯᠲᠦ ᠤᠷᠤᠯᠳᠤᠭᠠᠨ ᠤ ᠬᠢᠯᠠᠰ ᠬᠤᠷᠤᠮ     ᠵᠢᠷᠭᠤᠭᠠᠨ ᠰᠠᠷ᠎ᠠ ᠶᠢᠨ ᠲᠤᠬᠤᠮ ᠨᠤᠳᠤᠬ ᠲᠤ ᠵᠢᠷᠭᠠᠯ ᠤᠨ ᠲᠠᠭᠤᠤ ᠤᠶᠠᠩᠭᠠᠷᠠᠵᠤ᠂ ᠬᠦᠳᠡᠭᠡ ᠲᠠᠯ᠎ᠠ ᠨᠢ ᠬᠦᠭᠡᠷᠡᠨ ᠴᠡᠯᠡᠶᠢᠵᠤ᠂ ᠬᠦᠭᠡᠮᠳᠦᠭ ᠠᠭᠤᠯᠠᠰ ᠨᠢ ᠢᠰᠬᠢᠷᠦᠨ ᠱᠤᠤᠬᠢᠵᠤ᠂ ᠬᠦᠯᠦᠭ ᠮᠤᠷᠢᠳ ᠨᠢ ᠴᠤᠪᠬᠤᠴᠢᠨ ᠢᠨᠴᠠᠭᠠᠵᠤ᠂ ᠬᠦᠮᠦᠨ ᠠᠷᠠᠳ ᠨᠢ ᠲᠠᠩᠰᠤᠬᠷᠠᠨ ᠰᠠᠭᠠᠳᠠᠬᠰᠠᠨ ᠦᠯᠵᠡᠶᠢᠲᠦ ᠵᠤᠨ ᠤ ᠰᠠᠶᠢᠬᠠᠨ ᠴᠠᠬ ᠮᠦᠴᠡ ᠳᠤ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ 2018 ᠤᠨ ᠤ ᠮᠤᠩᠭᠤᠯ ᠦᠨᠳᠦᠰᠦᠲᠡᠨ ᠤ ᠤᠯᠠᠮᠵᠢᠯᠠᠯᠲᠦ ᠰᠤᠷ ᠬᠠᠷᠪᠤᠯᠲᠠ ᠶᠢᠨ ᠱᠠᠩᠨᠠᠯᠲᠦ ᠤᠷᠤᠯᠳᠤᠭᠠᠨ ᠨᠢ ᠲᠤᠬᠤᠮ ᠶᠢᠨ ᠲᠠᠯ᠎ᠠ ᠳᠤ ᠦᠯᠵᠡᠢ ᠬᠡᠶᠢᠮᠤᠷᠢ ᠲᠠᠢ ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠢ ᠬᠢᠨᠭ᠍ᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠵᠠᠰᠠᠬ ᠤᠨ ᠤᠷᠳᠦᠨ ᠠᠴᠠ ᠭᠤᠤᠯᠯᠠᠨ ᠡᠷᠬᠢᠯᠡᠵᠦ᠂ ᠬᠤᠰᠢᠭᠤᠨ ᠤ ᠵᠤᠭᠠᠴᠠᠯ ᠤᠨ ᠲᠤᠪᠴᠢᠶ᠎ᠠ᠂ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠬᠤᠰᠢᠭᠤᠨ ᠤ ᠰᠤᠶᠤᠯ ᠪᠡᠶ᠎ᠠ ᠲᠠᠮᠢᠷ ᠷᠠᠳᠢᠣ᠋ ᠲᠧᠯᠸᠢᠰ ᠲᠤᠪᠴᠢᠶ᠎ᠠ᠂ ᠲᠤᠬᠤᠮ ᠰᠤᠮᠤ ᠶᠢᠨ ᠠᠷᠡᠳ ᠤᠨ ᠵᠠᠰᠠᠬ ᠤᠨ ᠤᠷᠳᠤᠨ ᠠᠴᠠ ᠳᠠᠭᠠᠭᠠᠴᠢᠯᠡᠨ ᠡᠷᠬᠢᠯᠡᠭᠰᠡᠨ ᠪᠠᠶᠢᠨ᠎ᠠ᠃    ᠲᠤᠰ ᠤᠳᠠᠭᠠᠨ ᠤ ᠨᠠᠶᠢᠷ ᠨᠢ ᠭᠡᠳᠦ᠋ᠢᠪᠡᠷ ᠰᠤᠷ ᠬᠠᠷᠪᠤᠯᠳᠠ ᠶᠢᠨ ᠨᠠᠭᠠᠳᠤᠮ ᠭᠡᠳᠡᠭ ᠪᠤᠯᠪᠠᠴᠤ ᠨᠠᠶᠢᠷ ᠢᠶᠠᠨ ᠴᠢᠮᠡᠵᠤ᠂ ᠨᠠᠶᠢᠷ ᠢᠶᠠᠨ ᠤᠯᠠᠮ ᠬᠦᠷ ᠬᠦᠭᠵᠢᠶᠡᠨ ᠲᠠᠢ ᠪᠤᠯᠭᠠᠬᠤ ᠶᠢᠨ ᠲᠦᠯᠦᠭᠡ ᠨᠠᠶᠢᠷ ᠡᠷᠬᠢᠯᠡᠭᠰᠡᠨ ᠨᠢᠭᠡᠴᠡ ᠠᠴᠠ ᠲᠦᠳᠡᠭ ᠭᠠᠯ ᠤᠨ ᠦᠳᠡᠰᠢᠯᠡᠭᠡ᠂ ᠪᠦᠬᠦ ᠠᠶᠢᠮᠠᠭ ᠤᠨ ᠠᠩᠬᠠᠳᠤᠭᠠᠷ ᠤᠳᠠᠭᠠᠨ ᠤ ᠤᠯᠠᠭᠠᠨ ᠢᠳᠡᠭᠡᠨ ᠪᠠ ᠴᠠᠭᠠᠨ ᠢᠳᠡᠭᠡᠨ ᠤ ᠰᠢᠯᠭᠠᠷᠠᠭᠤᠯᠤᠯᠳᠠ᠂ ᠠᠨᠳᠠᠢ ᠪᠦᠵᠢᠭ ᠤᠨ ᠦᠵᠡᠬᠦᠯᠦᠯᠭᠡ ᠵᠡᠷᠭᠡ ᠤᠯᠠᠨ ᠠᠷᠪᠢᠨ ᠠᠭᠤᠯᠭ᠎ᠠ ᠶᠢ ᠲᠤᠬᠢᠷᠠᠭᠤᠯᠤᠬᠰᠠᠨ ᠠᠴᠠ ᠪᠦᠬᠦ᠋ᠢᠯᠡ ᠨᠠᠶᠢᠷ ᠨᠢ ᠬᠤᠯᠠ ᠶᠢᠨ ᠵᠤᠴᠢᠳ ᠤᠨ ᠰᠡᠳᠬᠢᠯ ᠳᠤ ᠲᠤᠬᠤᠮ ᠨᠤᠳᠤᠬ ᠲᠤ ᠬᠤᠨᠤᠬ ᠲᠤᠭᠠᠯᠠᠨ ᠵᠢᠷᠭᠠᠵᠤ ᠰᠠᠭᠤᠮᠠᠷ ᠰᠡᠳᠬᠢᠯᠭᠡ ᠶᠢ ᠲᠦᠷᠦᠭᠳᠡᠬᠦᠯᠦᠭᠰᠡᠨ ᠪᠠᠶᠢᠨ᠎ᠠ᠃     ᠲᠦᠳᠡᠭ ᠭᠠᠯ ᠤᠨ ᠦᠳᠡᠰᠢᠯᠡᠭᠡ ᠨᠢ ᠲᠤᠬᠤᠮ ᠰᠤᠮᠤ ᠶᠢᠨ ᠮᠤᠷᠢᠨ ᠤᠷᠤᠯᠳᠤᠭᠠᠨ ᠤ ᠲᠠᠯᠠᠪᠤᠷ ᠲᠤ ᠲᠤᠭᠳᠠᠬᠰᠠᠨ ᠴᠠᠭ ᠲᠠᠭᠠᠨ ᠠᠰᠢᠳᠠᠢ ᠰᠠᠶᠢᠬᠠᠨ ᠶᠠᠪᠤᠭᠳᠠᠵᠤ᠂ ᠬᠤᠰᠢᠭᠤ ᠨᠤᠳᠤᠬ ᠤᠨ ᠨᠠᠮ ᠵᠠᠰᠠᠬ ᠤᠨ ᠤᠳᠤᠷᠢᠳᠤᠯᠭ᠎ᠠ ᠪᠠ ᠲᠤᠬᠤᠮ ᠨᠤᠳᠤᠬ ᠤᠨ ᠠᠷᠠᠳ ᠲᠦᠮᠡᠨ᠂ ᠬᠤᠯᠠ ᠨᠤᠳᠤᠬ ᠤᠨ ᠵᠢᠭᠤᠯᠴᠢᠳ᠂ ᠰᠤᠷᠴᠢᠳ᠂ ᠦᠵᠡᠭᠴᠢ ᠲᠦᠮᠡᠨ ᠲᠠᠯ᠎ᠠ ᠨᠤᠳᠤᠬ ᠤᠨ ᠦᠳᠡᠰᠢ ᠶᠢᠨ ᠵᠢᠷᠭᠠᠯ ᠤᠨ ᠲᠠᠭᠤᠤ ᠪᠠᠷ ᠰᠡᠳᠬᠢᠯ ᠬᠦᠪᠰᠡᠵᠤ᠂ ᠲᠦᠳᠡᠭ ᠭᠠᠯ ᠢᠶᠠᠨ ᠲᠤᠭᠤᠷᠢᠨ ᠬᠤᠷᠴᠢᠨ ᠠᠷᠠᠳ ᠤᠨ ᠤᠯᠠᠮᠵᠢᠯᠠᠯᠳᠤ ᠠᠨᠳᠠᠢ ᠪᠦᠵᠢᠭ ᠢᠶᠠᠨ ᠪᠦᠵᠢᠭᠯᠡᠨ᠂ ᠲᠠᠯ᠎ᠠ ᠨᠤᠳᠤᠬ ᠤᠨ ᠠᠷᠠᠳ ᠲᠦᠮᠡᠨ ᠤ ᠪᠠᠶᠠᠨ ᠲᠠᠩᠰᠤᠬ ᠠᠮᠢᠳᠤᠷᠠᠯ᠂ ᠢᠯᠠᠭᠤᠮ ᠤᠷᠤᠬᠰᠢᠳᠠᠢ ᠦᠢᠯᠡᠰ ᠶᠠᠭᠤ ᠪᠦᠬᠦᠨ ᠢᠶᠠᠨ ᠲᠠᠭᠠᠳᠬᠠᠨ ᠴᠡᠩᠭᠡᠯᠳᠦᠨ᠎ᠡ᠃     6 ᠰᠠᠷ᠎ᠠ ᠶᠢᠨ 30 ᠤ ᠡᠳᠦᠷ᠂ ᠮᠤᠩᠭᠤᠯ ᠢᠶᠠᠷ ᠢᠶᠠᠨ ᠭᠤᠶᠤᠬᠰᠠᠨ ᠰᠤᠷᠴᠢᠳ ᠨᠠᠶᠢᠷ ᠤᠨ ᠲᠠᠯᠠᠪᠠᠢ ᠳᠤ ᠤᠷᠤᠬᠤ᠂ ᠤᠯᠤᠰ ᠤᠨ ᠰᠦᠯᠲᠠ ᠳᠠᠭᠤᠤ ᠶᠢ ᠳᠠᠭᠤᠯᠠᠬᠤ᠂ ᠤᠯᠤᠰ ᠤᠨ ᠲᠤᠬ ᠢᠶᠠᠨ ᠮᠠᠨᠳᠤᠭᠤᠯᠬᠤ᠂ ᠮᠤᠷᠢᠯᠠᠨ ᠰᠠᠭᠠᠳᠠᠬᠰᠠᠨ ᠬᠦᠨᠲᠦᠲᠦ ᠵᠤᠴᠢᠳ ᠢᠶᠠᠨ ᠲᠠᠨᠢᠯᠴᠠᠭᠤᠯᠬᠤ᠂ ᠤᠬᠳᠤᠯᠭ᠎ᠠ ᠶᠢᠨ ᠦᠭᠡ ᠶᠠᠷᠢᠬᠤ᠂ ᠬᠠᠷᠪᠤᠯᠲᠠ ᠶᠢᠨ ᠤᠷᠤᠯᠳᠤᠭᠠᠨ ᠤ ᠬᠢᠨᠠᠬᠴᠢ ᠶᠢᠨ ᠳᠠᠷᠤᠭ᠎ᠠ᠂ ᠰᠤᠷᠴᠢᠳ ᠤᠨ ᠲᠦᠯᠦᠭᠡᠯᠡᠭᠴᠢ ᠠᠴᠠ ᠲᠠᠩᠭᠠᠷᠢᠬ ᠬᠢᠬᠦ᠂ ᠳᠤᠯᠭ᠎ᠠ ᠪᠠᠨ ᠨᠤᠴᠤᠭᠠᠵᠤ ᠰᠤᠷᠴᠢᠳ ᠨᠤᠮᠤ ᠪᠠᠨ ᠠᠷᠢᠭᠤᠳᠬᠠᠬᠤ ᠵᠡᠷᠭᠡ ᠠᠯᠬᠤᠮ ᠳᠠᠷᠠᠭ᠎ᠠ ᠪᠠᠷ ᠰᠤᠷ ᠬᠠᠷᠪᠤᠯᠲᠠ ᠶᠢᠨ ᠱᠠᠩᠨᠠᠯᠲᠦ ᠤᠷᠤᠯᠳᠤᠭᠠᠨ ᠢᠶᠠᠨ ᠪᠤᠯᠵᠤᠭ᠎ᠠ ᠶᠤᠰᠤᠭᠠᠷ ᠢᠶᠠᠨ ᠶᠠᠪᠤᠬᠳᠠᠭᠤᠯᠤᠬᠰᠠᠨ ᠪᠠᠶᠢᠨ᠎ᠠ᠃ ᠤᠷᠤᠯᠳᠤᠭᠠᠨ ᠳᠤ᠂ ᠬᠤᠯᠠ ᠶᠢᠨ ᠨᠤᠳᠤᠬ ᠬᠢᠷᠢᠨ ᠮᠤᠵᠢ ᠶᠢᠨ ᠡᠮᠤᠨᠡᠳᠦ ᠭᠤᠷᠯᠤᠰ ᠵᠢᠴᠢ ᠪᠦᠬᠦ ᠤᠷᠤᠨ ᠤ ᠰᠢᠯᠢ ᠶᠢᠨ ᠭᠤᠤᠯ᠂ ᠬᠦᠯᠦᠨ ᠪᠤᠶᠢᠷ᠂ ᠲᠦᠡᠭᠯᠢᠶᠤᠤ᠂ ᠤᠯᠠᠭᠠᠨᠬᠠᠲᠠ ᠪᠤᠯᠤᠨ ᠮᠠᠨ ᠤ ᠠᠶᠢᠮᠠᠬ ᠤᠨ ᠡᠯ᠎ᠡ ᠬᠤᠰᠢᠭᠤ ᠬᠤᠳᠠ ᠶᠢᠨ 350 ᠭᠠᠷᠤᠢ ᠰᠤᠷᠴᠢᠳ ᠬᠦᠷᠦᠯᠴᠠᠨ ᠢᠷᠡᠵᠦ ᠤᠬᠠᠭᠠᠨ ᠲᠠᠮᠢᠷ ᠢᠶᠠᠨ ᠰᠦᠢᠵᠦ᠂ ᠤᠷᠤᠯᠳᠤᠭᠠᠨ ᠨᠢ ᠬᠤᠷᠴᠠ ᠦᠷᠢᠰᠦᠯᠳᠦᠭᠡᠨ ᠲᠠᠢ ᠶᠠᠪᠤᠭᠳᠠᠯ᠎ᠠ᠃ ᠤᠷᠤᠯᠳᠤᠭᠠᠨ ᠨᠢ ᠡᠷᠡᠭᠲᠠᠢ ᠡᠮᠡᠭᠲᠠᠢ ᠶᠢᠨ ᠤᠷᠤᠯᠳᠤᠭᠠᠨ᠂ ᠬᠠᠮᠲᠦ ᠨᠢᠭᠡᠴᠡ ᠶᠢᠨ ᠤᠷᠤᠯᠳᠤᠭᠠᠨ ᠭᠡᠵᠤ ᠬᠤᠪᠢᠶᠠᠨ ᠶᠠᠪᠤᠬᠳᠠᠭᠤᠯᠵᠠᠢ᠃ ᠲᠤᠰ ᠤᠳᠠᠭᠠᠨ ᠤ ᠰᠤᠷ ᠬᠠᠷᠪᠤᠯᠳᠠ ᠶᠢᠨ ᠤᠷᠤᠯᠳᠤᠭᠠᠨ ᠨᠢ ᠠᠩᠬᠠᠳᠤᠭᠠᠷ ᠤᠳᠠᠭᠠᠨ ᠤ ᠮᠤᠩᠭᠤᠯ ᠦᠨᠳᠦᠰᠦᠲᠡᠨ ᠤ ᠤᠯᠠᠮᠵᠢᠯᠠᠯᠲᠦ ᠰᠤᠷ ᠬᠠᠷᠪᠤᠯᠲᠠ ᠶᠢᠨ ᠰᠤᠮᠤ ᠶᠢᠨ ᠳᠡᠰ ᠤᠨ ᠬᠦᠷᠢᠶ᠎ᠠ ᠬᠡᠪᠴᠢᠶ᠎ᠠ ᠪᠠᠷ ᠬᠠᠮᠤᠭ ᠶᠡᠭᠡ᠂ ᠱᠠᠩᠨᠠᠯ ᠤᠨ ᠮᠦᠩᠬᠦ ᠬᠠᠮᠤᠭ ᠦᠨᠳᠦᠷ ᠪᠤᠯᠬᠤ ᠤᠷᠤᠯᠳᠤᠭᠠᠨ ᠪᠤᠯᠬᠤᠷ ᠡᠮᠤᠨᠡᠳᠦ ᠭᠤᠷᠯᠤᠰ ᠪᠠ ᠮᠠᠨ ᠤ ᠤᠷᠤᠨ ᠤ ᠬᠠᠮᠤᠬ ᠤᠨ ᠰᠢᠯᠢᠳᠡᠭ ᠰᠤᠷᠴᠢᠳ ᠪᠦᠷ ᠬᠦᠷᠦᠯᠴᠡᠨ ᠢᠷᠡᠵᠤ᠂ ᠤᠷᠤᠯᠳᠤᠭᠠᠨ ᠳᠤ ᠤᠷᠤᠯᠴᠠᠠ᠂ ᠤᠷᠤᠯᠳᠤᠭᠠᠨ ᠨᠢ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠷ ᠬᠠᠷᠪᠤᠯᠳᠠ ᠶᠢᠨ ᠤᠷᠤᠯᠳᠤᠭᠠᠨ ᠤ ᠨᠡᠯᠢᠶᠡᠳ ᠦᠨᠳᠦᠷ ᠬᠢᠷᠢ ᠲᠦᠪᠰᠢᠨ ᠤ ᠤᠷᠤᠯᠳᠤᠭᠠᠨ ᠪᠤᠯᠵᠤ ᠶᠠᠪᠤᠭᠳᠠᠯ᠎ᠠ᠃ ᠲᠤᠬᠤᠮ ᠰᠤᠮᠤ ᠶᠢᠨ ᠲᠠᠷᠤᠭ᠎ᠠ ᠡᠷᠳᠡᠨᠢ ᠭᠤᠸᠠᠢ ᠲᠤᠰ ᠤᠳᠠᠭᠠᠨ ᠤ ᠲᠤᠬᠠᠢ ᠰᠤᠷᠪᠤᠯᠵᠢᠯᠠᠬᠴᠢ ᠳᠤ ︽ᠲᠤᠬᠤᠮ ᠰᠤᠮᠤ ᠪᠤᠯ ᠪᠦᠬᠦ ᠠᠶᠢᠮᠠᠬ ᠤᠨ ᠲᠤᠭᠠᠳᠠᠢ ᠭᠡᠳᠦᠨ ᠮᠠᠯᠵᠢᠬᠤ ᠰᠤᠮᠤ ᠶᠢᠨ ᠨᠢᠭᠡᠨ ᠪᠤᠯᠬᠤ ᠪᠦᠭᠡᠳ ᠮᠤᠩᠭᠤᠯ ᠦᠨᠳᠦᠰᠦᠳᠡᠨ ᠤ ᠤᠯᠠᠮᠵᠢᠯᠠᠯᠳᠤ ᠡᠷ᠎ᠡ ᠶᠢᠨ ᠭᠤᠷᠪᠠᠨ ᠨᠠᠭᠠᠳᠤᠮ ᠢ ᠦᠷᠬᠦᠯᠵᠢ ᠶᠠᠪᠤᠭᠳᠠᠭᠤᠯᠳᠠᠬ ᠮᠤᠩᠭᠤᠯ ᠨᠤᠳᠤᠬ ᠪᠤᠯᠤᠨ᠎ᠠ᠂ ᠪᠢᠳᠡ ᠲᠤᠰ ᠤᠳᠠᠭ᠎ᠠ ᠳ᠋ᠠᠩ ᠭᠠᠭᠴᠠ ᠰᠤᠷ ᠬᠠᠷᠪᠤᠯᠳᠠ ᠶᠢᠨ ᠤᠷᠤᠯᠳᠤᠭᠠᠨ ᠢ ᠶᠠᠪᠤᠭᠳᠠᠭᠤᠯᠤᠬᠰᠠᠨ ᠨᠢ ᠮᠠᠨ ᠤ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠷ ᠬᠠᠷᠪᠤᠯᠳᠠ ᠶᠢᠨ ᠬᠦᠳᠡᠯᠭᠡᠭᠡᠨ ᠢ ᠮᠠᠨ ᠤ ᠠᠶᠢᠮᠠᠬ ᠲᠠᠭᠠᠨ ᠲᠦᠭᠡᠮᠡᠯᠵᠢᠬᠦᠯᠦᠨ ᠂ ᠪᠦᠬᠦ ᠤᠷᠤᠨ ᠤ ᠰᠤᠷᠴᠢᠳ ᠲᠤ ᠨᠢᠭᠡᠨ ᠤᠳᠠᠭᠠᠨ ᠤ ᠰᠤᠷᠢᠯᠳᠠ ᠪᠤᠯᠪᠠᠰᠤᠷᠠᠯ ᠢᠶᠠᠨ ᠰᠢᠯᠭᠠᠬᠤ ᠲᠤᠬᠢᠶᠠᠯ ᠤᠯᠭᠤᠬᠰᠠᠨ ᠪᠦᠭᠡᠳ ᠨᠤᠳᠤᠬ ᠤᠨ ᠲᠦᠮᠡᠨ ᠳᠡᠭᠡᠨ ᠤᠯᠠᠮᠵᠢᠯᠠᠯᠳᠤ ᠰᠤᠶᠤᠯ ᠢᠶᠠᠨ ᠬᠠᠶᠢᠷᠠᠯᠠᠨ ᠬᠦᠨᠳᠦᠳᠭᠡᠬᠦ ᠲᠠᠨᠢᠯᠳᠠ ᠤᠬᠠᠮᠰᠠᠷ ᠢ ᠪᠤᠢ ᠪᠤᠯᠭᠠᠬᠤ ᠶᠢ ᠵᠤᠷᠢᠬᠰᠠᠨ ᠶᠤᠮ︾ ᠭᠡᠵᠤ ᠢᠳᠡᠬᠡᠯ ᠪᠦᠳᠦᠨ ᠶᠠᠷᠢᠵᠤ ᠪᠠᠶᠢᠪᠠ᠃     ᠨᠢᠭᠡ ᠡᠳᠦᠷ ᠤᠨ ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠡᠷᠡᠭᠲᠠᠢ ᠶᠢᠨ ᠰᠤᠷ ᠬᠠᠷᠪᠤᠯᠲᠠ ᠳᠤ ᠬᠠᠭᠤᠴᠢᠨ ᠪᠠᠷᠭᠤ ᠶᠢᠨ ᠠᠯᠮᠠᠰ ᠮᠠᠩᠯᠠᠶᠢᠯᠠᠵᠦ᠂ ᠪᠠᠭᠠᠷᠢᠨ ᠪᠠᠷᠠᠭᠤᠨ ᠬᠤᠰᠢᠭᠤᠨ ᠤ ᠰᠡᠴᠡᠨᠮᠦ᠋ᠡᠭᠭᠡ ᠬᠤᠶᠠᠳᠤᠭᠠᠷ ᠲᠤ ᠳᠤᠲᠤᠷᠠᠨ᠂ ᠪᠠᠷᠠᠭᠤᠨ ᠦᠵᠦᠮᠦᠴᠢᠨ ᠤ ᠬᠦᠭᠵᠢᠯᠲᠦ ᠭᠤᠳᠠᠭᠠᠷ ᠲᠤ ᠰᠠᠭᠠᠳᠠᠵᠤ᠂ ᠮᠠᠨ ᠤ ᠠᠶᠢᠮᠠᠭ ᠤᠨ ᠱᠤᠸᠠᠩ ᠯᠦᠡᠭ ᠠᠷᠪᠠᠨ ᠬᠤᠶᠠᠳᠤᠭᠠᠷ ᠨᠡᠷᠡᠰ ᠤᠨ ᠰᠢᠯᠢᠳᠡᠭ ᠬᠢᠷᠢ ᠪᠦᠲᠦᠮᠵᠢ ᠶᠢ ᠤᠯᠤᠬᠰᠠᠨ ᠪᠠᠶᠢᠨ᠎ᠠ᠃ ᠡᠮᠡᠭᠲᠠᠢ ᠶᠢᠨ ᠰᠤᠷ ᠬᠠᠷᠪᠤᠯᠲᠠ ᠳᠤ ᠠᠪᠠᠭ᠎ᠠ ᠬᠤᠰᠢᠭᠤᠨ ᠤ ᠨᠠᠨᠳᠢᠨᠴᠡᠴᠡᠭ ᠮᠠᠩᠯᠠᠶᠢᠯᠠᠵᠦ᠂ ᠪᠠᠷᠠᠭᠤᠨ ᠦᠵᠦᠮᠦᠴᠢᠨ ᠤ ᠨᠠᠩᠰᠠᠯ᠂ ᠠᠯᠲᠡᠨᠳᠤᠶᠠᠭ᠎ᠠ ᠳᠤᠰ ᠳᠤᠰ ᠬᠤᠶᠠᠷ ᠭᠤᠷᠪᠠᠳᠦᠭᠠᠷ ᠨᠡᠷᠡᠰ ᠲᠤ ᠳᠤᠲᠤᠷᠠᠬᠰᠠᠨ ᠪᠠᠶᠢᠨ᠎ᠠ᠃ ᠬᠠᠮᠲᠦ ᠨᠢᠭᠡᠴᠡ ᠶᠢᠨ ᠤᠷᠤᠯᠳᠤᠭᠠᠨ ᠳᠤ ᠤᠯᠠᠭᠠᠨᠬᠠᠲᠠ ᠬᠤᠲᠠ᠂ ᠰᠢᠯᠢ ᠶᠢᠨ ᠭᠤᠤᠯ ᠠᠶᠢᠮᠠᠭ᠂ ᠬᠦᠯᠦᠨ ᠪᠤᠶᠢᠷ ᠬᠤᠲᠠ ᠲᠤᠰ ᠲᠤᠰ ᠨᠢᠭᠡ ᠬᠤᠶᠠᠷ ᠭᠤᠷᠪᠠᠳᠦᠭᠠᠷ ᠨᠡᠷᠡᠰ ᠲᠤ ᠳᠤᠳᠤᠷᠠᠪᠠ᠃ ᠡᠭᠦᠨ ᠠᠴᠠ ᠭᠠᠳᠠᠨ᠎ᠠ ᠪᠠᠰᠠ ᠤᠯᠠᠭᠠᠨ ᠢᠳᠡᠭᠡᠨ ᠤ ᠤᠷᠤᠯᠳᠤᠭᠠᠨ ᠪᠠ ᠴᠠᠭᠠᠨ ᠢᠳᠡᠭᠡᠨ ᠬᠢᠬᠦ ᠤᠷᠤᠯᠳᠤᠭᠠᠨ ᠤ ᠡᠮᠤᠨ᠎ᠠ ᠭᠤᠷᠪᠠᠨ ᠨᠡᠷᠡᠰ ᠲᠤ ᠳᠤᠳᠤᠷᠠᠬᠰᠠᠨ ᠤᠷᠤᠯᠳᠤᠬᠴᠢᠳ ᠢ ᠱᠠᠩᠨᠠᠬᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠶᠢ ᠶᠠᠪᠤᠬᠳᠠᠭᠤᠯᠤᠬᠰᠠᠨ ᠨᠢ ᠲᠠᠯ᠎ᠠ ᠨᠤᠲᠤᠭ ᠤᠨ ᠰᠤᠶᠤᠯ ᠤᠨ ᠦᠵᠡᠮᠵᠢ ᠶᠢ ᠨᠡᠩ ᠤᠯᠠᠨ ᠬᠦᠮᠦᠰ ᠲᠤ ᠲᠠᠨᠢᠭᠤᠯᠵᠦ ᠤᠢᠢᠯᠠᠭᠠᠭᠤᠯᠬᠤ ᠶᠢᠨ ᠬᠠᠮᠲᠦ ᠮᠤᠩᠭᠤᠯ ᠦᠨᠳᠦᠰᠦᠲᠡᠨ ᠤ ᠤᠯᠠᠮᠵᠢᠯᠠᠯᠲᠦ ᠰᠤᠶᠤᠯ ᠤᠨ ᠬᠦᠭᠵᠢᠯᠲᠠ ᠶᠢ ᠠᠬᠢᠭᠤᠯᠤᠨ᠂ ᠦᠨᠳᠦᠰᠦᠲᠡᠨ ᠤ ᠤᠯᠠᠮᠵᠢᠯᠠᠯᠲᠦ ᠰᠤᠶᠤᠯ ᠢᠶᠠᠨ ᠤᠯᠠᠮᠵᠢᠯᠠᠨ ᠪᠠᠳᠠᠷᠠᠭᠤᠯᠬᠤ ᠳᠤ ᠰᠠᠶᠢᠨ ᠰᠠᠶᠢᠬᠠᠨ ᠲᠠᠪᠴᠠᠩ ᠢ ᠬᠠᠨᠭ᠍ᠭᠠᠬᠰᠠᠨ ᠮᠦᠷᠲᠡᠭᠡᠨ ᠮᠠᠨ ᠤ ᠠᠶᠢᠮᠠᠭ ᠤᠨ ᠰᠤᠶᠤᠯ ᠵᠤᠭᠠᠴᠠᠯ ᠤᠨ ᠠᠭᠤᠰᠤᠯᠴᠠᠯ ᠢ ᠨᠡᠩ ᠶᠡᠭᠡᠪᠡᠷ ᠠᠬᠢᠭᠤᠯᠤᠬᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号