ᠮᠤᠩᠭᠤᠯ ᠨᠤᠳᠤᠭ ᠢᠶᠠᠨ ᠪᠠᠶᠠᠰᠬᠠᠭᠰᠠᠨ ᠮᠤᠷᠢᠨ ᠤᠷᠤᠯᠳᠤᠭᠠᠨ ᠤ ᠨᠠᠶᠢᠷ
ᠨᠡᠶᠢᠲᠡᠯᠡᠭᠰᠡᠨ ᠴᠠᠭ᠄
2018-07-06
— ᠬᠢᠩᠭᠠᠨ ᠠᠶᠢᠮᠠᠭ ᠤᠨ ᠮᠤᠩᠭᠤᠯ ᠮᠤᠷᠢᠨ ᠤ ᠰᠤᠶᠤᠯ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠳᠤᠬᠠᠢ ᠳᠠᠳᠠᠯᠠᠭ᠎ᠠ     7 ᠰᠠᠷ᠎ᠠ ᠶᠢᠨ 1 ᠤ ᠡᠳᠦᠷ᠂ ᠠᠯᠳᠠᠨ ᠨᠠᠷᠠᠨ ᠳᠤᠶᠠᠭᠠᠷᠠᠨ ᠠᠭᠠᠷ ᠳᠡᠭᠷᠢ ᠴᠡᠯᠮᠡᠭᠰᠢᠵᠤ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠭᠦᠢᠯᠡᠷ ᠪᠠᠯᠭᠠᠰᠤ ᠶᠢᠨ ᠬᠦᠭᠵᠢᠯᠳᠤ ᠭᠠᠴᠠᠭ᠎ᠠ ᠶᠢᠨ ᠬᠦᠬᠡ ᠳᠠᠯ᠎ᠠ ᠳᠤ ᠬᠦᠬᠦᠭᠡ ᠰᠢᠪᠠᠭᠤᠳ ᠨᠢ ᠳᠤᠩᠭᠤᠳᠤᠭᠠᠳ ᠬᠦᠮᠦᠨ ᠠᠷᠠᠳ ᠨᠢ ᠪᠠᠶᠠᠰᠤᠯᠴᠠᠵᠤ᠂ ᠬᠦᠯᠦᠭ ᠮᠤᠷᠢᠳ ᠨᠢ ᠳᠤᠪᠳᠤᠯᠤᠭᠠᠳ ᠬᠦᠭᠵᠢᠶᠡᠨ ᠨᠠᠶᠢᠷ ᠢᠶᠠᠷ ᠪᠢᠯᠬᠠᠨ᠎ᠠ᠃ ᠡ᠊ᠨᠳᠡ ᠬᠢᠩᠭᠠᠨ ᠠᠶᠢᠮᠠᠭ ᠤᠨ ᠮᠤᠩᠭᠤᠯ ᠮᠤᠷᠢᠨ ᠤ ᠰᠤᠶᠤᠯ ᠤᠨ ᠨᠡᠶᠢᠭᠡᠮᠯᠢᠭ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ ᠵᠢᠴᠢ ᠠᠩᠬᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠢᠶᠠᠨ ᠤᠷᠤᠭᠰᠢᠳᠠᠢ ᠶᠠᠪᠤᠭᠳᠠᠭᠤᠯᠤᠨ᠎ᠠ ᠪᠢᠯᠡ᠃     ᠬᠢᠩᠭᠠᠨ ᠠᠶᠢᠮᠠᠭ ᠤᠨ ᠮᠤᠩᠭᠤᠯ ᠮᠤᠷᠢᠨ ᠤ ᠰᠤᠶᠤᠯ ᠤᠨ ᠨᠡᠶᠢᠭᠡᠮᠯᠢᠭ ᠨᠢ 2017 ᠤᠨ ᠤ 5 ᠰᠠᠷ᠎ᠠ ᠳᠤ ᠪᠠᠶᠢᠭᠤᠯᠤᠭᠳᠠᠵᠤ᠂ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠢ ᠳᠦᠷᠢᠮᠵᠢᠭᠦᠯᠬᠦ᠂ ᠠᠳᠤᠭᠤᠴᠢᠨ᠂ ᠤᠶᠠᠭᠠᠴᠢᠨ᠂ ᠤᠷᠠᠯᠢᠭᠴᠢᠨ ᠢ ᠬᠦᠮᠦᠵᠢᠭᠦᠯᠵᠤ ᠬᠦᠭᠵᠢᠭᠦᠯᠬᠦ᠂ ᠡᠯ᠎ᠡ ᠬᠤᠰᠢᠭᠤ ᠰᠢᠶᠠᠨ ᠬᠤᠳᠠ ᠶᠢᠨ ᠠᠶᠢᠯ ᠳᠤᠰᠬᠤᠨ ᠤ ᠪᠠᠶᠢᠭᠠᠯᠢᠯᠢᠭ ᠮᠤᠷᠢᠨ ᠤᠷᠤᠯᠳᠤᠭᠠᠨ ᠤ ᠳᠠᠯᠠᠪᠤᠷ ᠢ ᠦᠯᠡᠳᠡᠭᠡᠵᠤ ᠬᠠᠮᠠᠭᠠᠯᠠᠬᠤ᠂ ᠠᠷᠠᠳ ᠤᠨ ᠳᠤᠮᠳᠠᠬᠢ ᠮᠤᠩᠭᠤᠯ ᠮᠤᠷᠢᠨ ᠤ ᠰᠤᠶᠤᠯ ᠢ ᠤᠯᠠᠮᠵᠢᠯᠠᠵᠤ ᠬᠦᠭᠵᠢᠭᠦᠯᠬᠦ ᠠᠵᠢᠯ ᠢ ᠬᠠᠷᠢᠭᠤᠴᠠᠨ᠂ ᠮᠤᠩᠭᠤᠯ ᠮᠤᠷᠢ ᠳᠡᠵᠢᠭᠡᠵᠤ ᠦᠷᠡᠵᠢᠭᠦᠯᠬᠦ ᠰᠠᠭᠤᠷᠢᠨ ᠭᠠᠵᠠᠷ᠂ ᠵᠢᠷᠤᠭ᠎ᠠ ᠮᠤᠷᠢ ᠪᠤᠯᠪᠠᠰᠤᠷᠠᠭᠤᠯᠬᠤ ᠰᠠᠭᠤᠷᠢᠨ ᠭᠠᠵᠠᠷ᠂ ᠭᠠᠷ ᠤᠷᠠᠯᠠᠯ ᠤᠨ ᠤᠯᠠᠮᠵᠢᠯᠠᠯ ᠤᠨ ᠰᠠᠭᠤᠷᠢᠨ ᠭᠠᠵᠠᠷ᠂ ᠴᠡᠭᠡ ᠢᠰᠭᠡᠬᠦ ᠰᠠᠭᠤᠷᠢᠨ ᠭᠠᠵᠠᠷ ᠵᠡᠷᠭᠡ ᠶᠢ ᠪᠠᠶᠢᠭᠤᠯᠵᠤ᠂ ᠮᠤᠩᠭᠤᠯ ᠮᠤᠷᠢᠨ ᠤ ᠰᠤᠶᠤᠯ ᠢ ᠤᠯᠠᠮᠵᠢᠯᠠᠵᠤ ᠬᠦᠭᠵᠢᠭᠦᠯᠦᠨ᠂ ᠬᠢᠩᠭᠠᠨ ᠤ ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠬᠤᠪᠢ ᠨᠠᠮᠡᠷᠢ ᠪᠠᠨ ᠦᠵᠡᠭᠦᠯᠵᠤ ᠪᠤᠢ᠃ ᠳᠤᠰ ᠤᠳᠠᠭᠠᠨ ᠤ ᠨᠠᠶᠢᠷ ᠨᠢ ᠰᠢᠨ᠎ᠡ ᠴᠠᠭ ᠦᠶ᠎ᠡ ᠶᠢᠨ ᠰᠢᠨ᠎ᠡ ᠠᠷᠭ᠎ᠠ ᠬᠢᠳᠡᠯ ᠪᠠᠶᠢᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ ᠳᠤᠷᠠᠳᠤᠭᠰᠠᠨ ᠰᠤᠶᠤᠯ ᠤᠨ ᠠᠮᠢ ᠠᠬᠤᠢ ᠶᠢᠨ ᠪᠠᠶᠢᠭᠤᠯᠤᠯᠳᠠ ᠪᠠᠷ ᠠᠨᠢᠰᠤ ᠪᠤᠯᠭᠠᠨ ᠮᠤᠩᠭᠤᠯ ᠮᠤᠷᠢᠨ ᠤ ᠰᠤᠶᠤᠯ ᠢᠶᠠᠨ ᠤᠯᠠᠮᠵᠢᠯᠠᠵᠤ ᠬᠦᠭᠵᠢᠭᠦᠯᠬᠦ ᠵᠤᠷᠢᠯᠭ᠎ᠠ ᠠᠴᠠ ᠡᠷᠭᠢᠯᠡᠨ ᠶᠠᠪᠤᠭᠳᠠᠭᠤᠯᠤᠭᠰᠠᠨ ᠪᠠᠶᠢᠨ᠎ᠠ᠃ ᠨᠠᠶᠢᠷ ᠤᠨ ᠬᠠᠮᠤᠭ ᠳᠡᠷᠢᠭᠦᠨ ᠳᠤ ᠵᠢᠷᠤᠭ᠎ᠠ ᠮᠤᠷᠢ᠂ ᠬᠠᠳᠠᠷᠢᠶ᠎ᠠ ᠮᠤᠷᠢ᠂ ᠬᠤᠷᠳᠤᠨ ᠮᠤᠷᠢᠨ ᠤ ᠬᠤᠯᠠ ᠭᠦᠶᠦᠳᠠᠯ ᠪᠠ ᠤᠢᠢᠷ᠎ᠠ ᠭᠦᠶᠦᠳᠠᠯ ᠤᠨ ᠤᠷᠤᠯᠳᠤᠭᠠᠨ ᠢ ᠶᠠᠪᠤᠭᠳᠠᠭᠤᠯᠵᠤ᠂ ᠤᠷᠤᠯᠳᠤᠭᠠᠨ ᠳᠤ ᠤᠷᠤᠯᠴᠠᠭᠰᠠᠨ 150 ᠭᠠᠷᠤᠢ ᠮᠤᠷᠢᠳ ᠨᠢ ᠵᠢᠭᠦᠷᠳᠡᠨ ᠬᠦᠯᠦᠭ ᠰᠢᠭ ᠳᠠᠪᠬᠢᠭ᠎ᠠ᠂ ᠬᠠᠷᠪᠤᠭᠰᠠᠨ ᠰᠤᠮᠤ ᠰᠢᠭ᠋ ᠬᠦᠶᠦᠳᠡᠯ ᠢᠶᠠᠷ ᠢᠶᠠᠨ ᠨᠠᠶᠢᠷ ᠤᠨ ᠬᠦᠭᠵᠢᠶᠡᠨ ᠢ ᠤᠷᠭᠢᠯ ᠳᠤ ᠬᠦᠷᠭᠡᠵᠤ᠂ ᠪᠦᠬᠦ ᠳᠠᠯᠠᠪᠠᠢ ᠶᠢᠨ ᠬᠦᠮᠦᠰ ᠤᠨ ᠰᠡᠳᠭᠢᠯ ᠢ ᠬᠦᠪᠰᠦᠭᠦᠯᠵᠤ ᠪᠠᠶᠢᠯ᠎ᠠ᠃ ᠨᠠᠶᠢᠷ ᠤᠨ ᠵᠠᠢ ᠳᠤ ᠠᠶᠢᠮᠠᠭ ᠤᠨ ᠳᠦᠷᠪᠡᠨ ᠤᠳᠠᠰᠤᠳᠤ ᠬᠤᠭᠤᠷ ᠤᠨ ᠨᠡᠶᠢᠭᠡᠮᠯᠢᠭ ᠤᠨ ᠳᠤᠭᠯᠠᠭᠴᠢᠳ ᠠᠴᠠ ᠤᠷᠠᠨ ᠰᠠᠶᠢᠬᠠᠨ ᠤ ᠳᠤᠭᠯᠠᠯᠳᠠ ᠭᠠᠷᠭᠠᠬᠤ᠂ ᠨᠠᠶᠢᠷ ᠳᠡᠭᠡᠷ᠎ᠡ ᠬᠦᠭ ᠨᠡᠮᠡᠵᠤ᠂ ᠬᠦᠳᠡᠭᠡ ᠨᠤᠳᠤᠭ ᠤᠨ ᠬᠦᠮᠦᠨ ᠠᠷᠠᠳ ᠢ ᠪᠠᠶᠠᠰᠬᠠᠭᠰᠠᠨ ᠪᠦᠭᠡᠳ ᠭᠠᠷ ᠤᠷᠠᠯᠢᠭᠴᠢᠳ ᠠᠴᠠ ᠭᠠᠷ ᠤᠷᠠᠯᠠᠯ ᠤᠨ ᠡᠷᠳᠡᠮ ᠢᠶᠠᠨ ᠳᠡᠯᠭᠡᠨ ᠦᠵᠡᠭᠦᠯᠵᠤ᠂ ᠤᠷ᠎ᠠ ᠠᠪᠢᠶᠠᠰ ᠢᠶᠠᠨ ᠭᠠᠶᠢᠬᠠᠭᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号