ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ︽7 · 1︾ ᠢ ᠤᠭᠳᠤᠬᠤ ᠤᠷᠠᠨ ᠰᠠᠶᠢᠬᠠᠨ ᠤ ᠲᠤᠭᠯᠠᠯᠳᠠ ᠭᠠᠷᠭᠠᠵᠠᠢ
ᠨᠡᠶᠢᠲᠡᠯᠡᠭᠰᠡᠨ ᠴᠠᠭ᠄
2018-07-06
     6 ᠰᠠᠷ᠎ᠠ ᠶᠢᠨ 22 ᠤᠨ ᠡᠳᠤᠷ ᠂ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠠᠶᠠᠷᠯᠠᠨ ᠪᠡᠯᠭᠡᠯᠡᠬᠦ ᠪᠠᠷ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠤᠨ ᠨᠠᠮ ᠤᠨ ᠡᠬᠦᠷ ᠠᠴᠠ ᠵᠤᠬᠢᠶᠠᠨ ᠪᠠᠶᠢᠭᠤᠯᠤᠭᠰᠠᠨ ︽ᠤᠭ ᠰᠠᠨᠠᠭ᠎ᠠ ᠪᠠᠨ ᠦᠯᠤ ᠮᠠᠷᠳᠠᠨ᠂ ᠠᠵᠢᠯ ᠤᠨ ᠪᠠᠶᠢᠷᠢ ᠳᠠᠭᠠᠨ ᠭᠠᠪᠢᠶ᠎ᠠ ᠪᠠᠶᠢᠭᠤᠯᠵᠤ᠂ ᠦᠨᠳᠤᠰᠤᠳᠡᠨ ᠨᠦᠭᠦᠳ ᠨᠢᠭᠳᠠᠷᠠᠨ ᠪᠦᠯᠬᠦᠮᠳᠡᠵᠤ᠂ ᠲᠠᠯ᠎ᠠ ᠨᠤᠳᠤᠭ ᠤᠨ ᠬᠦᠪᠡᠬᠦᠳ ᠦᠬᠢᠳ ᠨᠠᠮ ᠢᠶᠠᠨ ᠲᠠᠭᠠᠨ ᠤᠷᠤᠭᠰᠢᠯᠠᠶ᠎ᠠ︾ ᠭᠡᠬᠦ ᠲᠤᠰᠬᠠᠢ ᠰᠡᠳᠤᠪᠳᠤ ᠤᠷᠠᠨ ᠰᠠᠶᠢᠬᠠᠨ ᠤ ᠲᠤᠭᠯᠠᠯᠳᠠ ᠡᡁᠧ ᠫᠢᠩ ᠬᠡᠷᠡᠭ ᠡᠷᠬᠢᠯᠡᠬᠦ ᠭᠠᠵᠠᠷ ᠲᠤ ᠠᠰᠢᠳᠠᠢ ᠰᠠᠶᠢᠬᠠᠨ ᠶᠠᠪᠤᠭᠳᠠᠭᠤᠯᠤᠭᠰᠠᠨ ᠪᠠᠶᠢᠨ᠎ᠠ᠃    ᠲᠤᠭᠯᠠᠯᠳᠠ ᠨᠢ 120 ᠭᠠᠷᠤᠢ ᠴᠡᠴᠡᠷᠯᠢᠭ ᠤᠨ ᠪᠠᠭᠰᠢ ᠰᠤᠷᠤᠭᠴᠢᠳ ᠤᠨ ᠬᠠᠮᠳᠤ ᠶᠢᠨ ᠲᠠᠭᠤᠥ ︽ᠪᠢᠳᠠ ᠪᠤᠯ ᠡᠪ ᠬᠠᠮᠳᠤ ᠶᠤᠰᠤᠨ ᠤ ᠵᠠᠯᠭᠠᠮᠵᠢᠯᠠᠭᠴᠢ︾ ᠪᠠᠷ ᠡᠬᠢᠯᠡᠬᠦᠯᠵᠤ᠂ ᠲᠠᠷᠠᠭ᠎ᠠ ᠳᠤᠨᠢ᠂ ᠴᠡᠴᠡᠷᠯᠢᠭ ᠤᠨ ᠪᠠᠭᠰᠢ ᠠᠴᠠ ᠲᠠᠭᠠᠭᠤᠯᠤᠨ ᠲᠠᠭᠤᠯᠠᠭᠰᠠᠨ 4 ᠴᠡᠴᠡᠷᠯᠢᠭ ᠤᠨ ᠲᠠᠭᠤᠥ ᠪᠠᠨ ᠢᠳᠡ ᠬᠦᠭ ᠲᠠᠢ ᠲᠠᠭᠤᠯᠠᠵᠤ᠂ ᠴᠡᠴᠡᠷᠯᠢᠭ ᠤᠨ ᠬᠡᠥᠬᠡᠳ ᠤᠨ ᠭᠤᠶᠢᠳᠠ ᠰᠠᠶᠢᠬᠠᠨ ᠲᠤᠭᠯᠠᠯᠳᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠤᠭᠰᠠᠨ ᠪᠠᠶᠢᠨ᠎ᠠ᠃ ᠲᠤᠰ ᠤᠳᠠᠭᠠᠨ ᠤ ᠲᠤᠭᠯᠠᠯᠳᠠ ᠳᠤ ᠪᠠᠭᠰᠢ᠂ ᠬᠡᠥᠬᠡᠳ ᠠᠴᠠ ᠢᠳᠡᠪᠬᠢᠯᠡᠨ ᠤᠷᠤᠯᠴᠠᠵᠤ᠂ 11 ᠬᠡᠯᠪᠡᠷᠢ ᠶᠢᠨ 16 ᠲᠠᠭᠤᠥ᠂ ᠪᠦᠵᠢᠭ᠂ ᠰᠢᠯᠥᠭ ᠤᠶᠠᠩᠭᠠᠯᠠᠬᠤ᠂ ᠴᠠᠷᠬᠢᠯ ᠬᠤᠯᠪᠤᠭ᠎ᠠ ᠵᠡᠷᠭᠡ ᠠᠭᠤᠯᠭ᠎ᠠ ᠬᠡᠯᠪᠡᠷᠢ ᠪᠠᠶᠠᠯᠢᠭ ᠲᠤᠭᠯᠠᠯᠳᠠ ᠭᠠᠷᠭᠠᠵᠤ᠂ 2 ᠴᠠᠭ ᠭᠠᠷᠤᠢ ᠶᠢᠨ ᠤᠷᠠᠨ ᠰᠠᠶᠢᠬᠠᠨ ᠤ ᠲᠤᠭᠯᠠᠯᠳᠠ ᠳᠤ ᠡᠪ ᠬᠠᠮᠳᠤ ᠨᠠᠮ ᠪᠠ ᠦᠨᠳᠤᠰᠤᠳᠡᠨ ᠤ ᠪᠦᠯᠬᠦᠮᠳᠠᠯ ᠢ ᠤᠶᠠᠩᠭᠠᠯᠠᠵᠤ᠂ ᠬᠡᠥᠬᠡᠳ ᠤᠨ ᠤᠷ᠎ᠠ ᠠᠪᠢᠶᠠᠰ ᠢ ᠬᠦᠢᠴᠡᠳ ᠪᠠᠳᠠᠷᠠᠭᠤᠯᠵᠤ ᠴᠢᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号