ᠮᠠᠨ ᠤ ᠠᠶᠢᠮᠠᠭ ᠤᠨ ᠠᠷᠪᠠᠳᠤᠭᠠᠷ ᠬᠤᠭᠤᠴᠠᠭᠠᠨ ᠤ ︽ᠦᠵᠡᠰᠭᠦᠯᠠᠩᠲᠦ ᠬᠢᠨᠭ᠍ᠭᠠᠨ︾ ᠰᠤᠶᠤᠯ ᠤᠷᠠᠯᠢᠭ ᠤᠨ ᠨᠠᠶᠢᠷ ᠤᠨ ᠡᠬᠢᠯᠡᠯᠲᠡ ᠶᠢᠨ ᠶᠤᠰᠤᠯᠠᠯ ᠵᠢᠴᠢ ᠬᠢᠨᠭ᠍ᠭᠠᠨ ᠠᠶᠢᠮᠠᠭ ᠤᠨ ᠶᠢᠰᠦᠳᠦᠭᠡᠷ ᠬᠤᠭᠤᠴᠠᠭᠠᠨ ᠤ ᠵᠤᠬᠢᠶᠠᠯ ᠤᠨ ᠳᠠᠭᠤᠤ ᠬᠦᠭᠵᠢᠮ ᠤᠨ ᠲᠧᠯᠸᠢᠰ ᠱᠠᠩᠨᠠᠯᠲᠦ ᠤᠷᠤᠯᠳᠤᠭᠠᠨ ᠤ ᠱᠠᠩᠨᠠᠯ ᠤᠯᠭᠤᠬᠤ ᠦᠳᠡᠰᠢᠯᠡᠭᠡ ᠠᠮᠵᠢᠯᠲᠠᠲᠠᠢ ᠰᠠᠶᠢᠬᠠᠨ ᠶᠠᠪᠤᠬᠳᠠᠪᠠ
ᠨᠡᠶᠢᠲᠡᠯᠡᠭᠰᠡᠨ ᠴᠠᠭ᠄
2018-07-06
   ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠳᠤᠮᠳᠠᠲᠦ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢᠨ ᠳᠤᠤᠷ᠎ᠠ᠂ ᠦᠨᠳᠦᠰᠦᠲᠡᠨ ᠤ ᠰᠤᠶᠤᠯ ᠤᠷᠠᠯᠢᠭ ᠤᠨ ᠬᠦᠭᠵᠢᠯᠲᠠ ᠶᠢ ᠤᠯᠠᠮ ᠢᠯᠡᠭᠦᠦ ᠲᠦᠯᠬᠢᠨ ᠠᠬᠢᠭᠤᠯᠵᠦ᠂ ᠤᠷᠤᠨ ᠨᠤᠲᠤᠭ ᠤᠨ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠬᠤ ᠪᠠᠷ ᠵᠤᠷᠢᠯᠭ᠎ᠠ ᠪᠤᠯᠭᠠᠨᠰᠠᠨ ᠬᠢᠨᠭ᠍ᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ︽ᠦᠵᠡᠰᠭᠦᠯᠠᠩᠲᠦ ᠬᠢᠨᠭ᠍ᠭᠠᠨ︾ ᠰᠤᠶᠤᠯ ᠤᠷᠠᠯᠢᠭ ᠤᠨ ᠨᠠᠶᠢᠷ ᠤᠨ ᠡᠬᠢᠯᠡᠯᠲᠡ ᠶᠢᠨ ᠶᠤᠰᠤᠯᠠᠯ ᠵᠢᠴᠢ ᠬᠢᠨᠭ᠍ᠭᠠᠨ ᠠᠶᠢᠮᠠᠭ ᠤᠨ ᠶᠢᠰᠦᠳᠦᠭᠡᠷ ᠬᠤᠭᠤᠴᠠᠭᠠᠨ ᠤ ᠵᠤᠬᠢᠶᠠᠯ ᠤᠨ ᠳᠠᠭᠤᠤ ᠬᠦᠭᠵᠢᠮ ᠤᠨ ᠲᠧᠯᠸᠢᠰ ᠱᠠᠩᠨᠠᠯᠲᠦ ᠤᠷᠤᠯᠳᠤᠭᠠᠨ ᠤ ᠱᠠᠩᠨᠠᠯ ᠤᠯᠭᠤᠬᠤ ᠦᠳᠡᠰᠢᠯᠡᠭᠡ 6 ᠰᠠᠷ᠎ᠠ ᠶᠢᠨ 22 ᠤᠨ ᠤᠷᠤᠢ᠂ ᠤᠯᠠᠭᠠᠨᠮᠦ᠋ᠴᠢᠷ ᠤᠷᠳᠤᠨ ᠳᠤ ᠠᠮᠵᠢᠯᠲᠠᠲᠠᠢ ᠰᠠᠶᠢᠬᠠᠨ ᠶᠠᠪᠤᠬᠳᠠᠪᠠ᠃    ᠲᠤᠰ ᠤᠳᠠᠭᠠᠨ ᠤ ᠠᠵᠢᠯᠯᠠᠭ᠎ᠠ ᠶᠢ ᠬᠢᠨᠭ᠍ᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠢᠨᠭ᠍ᠭᠠᠨ ᠠᠶᠢᠮᠠᠭ ᠤᠨ ᠰᠤᠶᠤᠯ ᠪᠡᠶ᠎ᠠ ᠲᠠᠮᠢᠷ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠤᠪᠴᠢᠶ᠎ᠠ᠂ ᠬᠢᠨᠭ᠍ᠭᠠᠨ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠢᠨᠭ᠍ᠭᠠᠨ ᠤ ᠷᠠᠳᠢᠣ᠋ ᠲᠧᠯᠸᠢᠰ ᠬᠤᠷᠢᠶ᠎ᠠ᠂ ᠬᠢᠨᠭ᠍ᠭᠠᠨ ᠠᠶᠢᠮᠠᠭ ᠤᠨ ᠦᠨᠳᠦᠰᠦᠲᠡᠨ ᠤ ᠳᠠᠭᠤᠤ ᠬᠦᠭᠵᠢᠮ ᠤᠨ ᠪᠦᠯᠬᠦᠮ ᠠᠴᠠ ᠭᠤᠤᠯᠯᠠᠨ ᠡᠷᠬᠢᠯᠡᠵᠦ᠂ ᠬᠢᠨᠭ᠍ᠭᠠᠨ ᠤ ᠷᠠᠳᠢᠣ᠋ ᠲᠧᠯᠸᠢᠰ ᠬᠤᠷᠢᠶᠠᠨ ᠤ ᠰᠤᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠬ᠂ ᠬᠢᠨᠭ᠍ᠭᠠᠨ ᠠᠶᠢᠮᠠᠭ ᠤᠨ ᠳᠠᠭᠤᠤ ᠬᠦᠭᠵᠢᠮᠴᠢᠳ ᠤᠨ ᠨᠡᠶᠢᠭᠡᠮᠯᠢᠭ᠂ ᠬᠢᠨᠭ᠍ᠭᠠᠨ ᠠᠶᠢᠮᠠᠭ ᠤᠨ ᠤᠯᠠᠨ ᠲᠦᠮᠡᠨ ᠤ ᠤᠷᠠᠯᠢᠭ ᠤᠨ ᠤᠷᠳᠤᠨ ᠠᠴᠠ ᠳᠠᠭᠠᠭᠠᠴᠢᠯᠡᠨ ᠡᠷᠬᠢᠯᠡᠭᠰᠡᠨ ᠪᠠᠶᠢᠨ᠎ᠠ᠃ ᠡᠬᠢᠯᠡᠯᠲᠡ ᠶᠢᠨ ᠶᠤᠰᠤᠯᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠦ ᠽᠢ ᠴᠢᠶᠠᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠬᠦᠭᠡ᠂ ᠠᠶᠢᠮᠠᠭ ᠤᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠲᠦᠡᠭ ᠪᠦᠷᠢᠨ ᠵᠡᠷᠭᠡ ᠠᠶᠢᠮᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠤᠷᠤᠯᠴᠠᠵᠦ᠂ ᠬᠦᠭᠡ ᠠᠴᠠ ᠬᠢᠨᠭ᠍ᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ︽ᠦᠵᠡᠰᠭᠦᠯᠠᠩᠲᠦ ᠬᠢᠨᠭ᠍ᠭᠠᠨ︾ ᠰᠤᠶᠤᠯ ᠤᠷᠠᠯᠢᠭ ᠤᠨ ᠨᠠᠶᠢᠷ ᠤᠨ ᠡᠬᠢᠯᠡᠯᠲᠡ ᠶᠢᠨ ᠶᠤᠰᠤᠯᠠᠯ ᠵᠢᠴᠢ ᠬᠢᠨᠭ᠍ᠭᠠᠨ ᠠᠶᠢᠮᠠᠭ ᠤᠨ ᠶᠢᠰᠦᠳᠦᠭᠡᠷ ᠬᠤᠭᠤᠴᠠᠭᠠᠨ ᠤ ᠵᠤᠬᠢᠶᠠᠯ ᠤᠨ ᠳᠠᠭᠤᠤ ᠬᠦᠭᠵᠢᠮ ᠤᠨ ᠲᠧᠯᠸᠢᠰ ᠱᠠᠩᠨᠠᠯᠲᠦ ᠤᠷᠤᠯᠳᠤᠭᠠᠨ ᠤ ᠱᠠᠩᠨᠠᠯ ᠤᠯᠭᠤᠬᠤ ᠦᠳᠡᠰᠢᠯᠡᠭᠡ ᠶᠢᠨ ᠪᠠᠶᠠᠷ ᠤᠨ ᠦᠭᠡ ᠶᠠᠷᠢᠬᠰᠠᠨ ᠪᠠᠶᠢᠨ᠎ᠠ᠃     ᠲᠤᠰ ᠤᠳᠠᠭᠠᠨ ᠤ ᠦᠳᠡᠰᠢᠯᠡᠭᠡ ᠪᠠᠨ ︽ᠬᠢᠨᠭ᠍ᠭᠠᠨ ᠤ ᠤᠶᠠᠩᠭ᠎ᠠ︾᠂ ︽ᠬᠢᠨᠭ᠍ᠭᠠᠨ ᠤ ᠮᠠᠬᠳᠠᠭᠠᠯ︾᠂ ︽ᠦᠵᠡᠰᠭᠦᠯᠠᠩᠲᠦ ᠬᠢᠨᠭ᠍ᠭᠠᠨ︾ ᠭᠡᠬᠦ ᠭᠤᠷᠪᠠᠨ ᠪᠦᠯᠦᠭ ᠬᠤᠪᠢᠶᠠᠨ ᠶᠠᠪᠤᠬᠳᠠᠭᠤᠯᠵᠠᠢ᠃ ᠡᠭᠦᠨ ᠳᠤ᠂ ︽ᠬᠢᠨᠭ᠍ᠭᠠᠨ ᠤ ᠮᠠᠬᠳᠠᠭᠠᠯ︾᠂ ︽ᠦᠵᠡᠰᠭᠦᠯᠠᠩᠲᠦ ᠶᠡᠭᠡ ᠬᠢᠨᠭ᠍ᠭᠠᠨ︾᠂ ︽ᠳᠠᠶᠢᠴᠢᠨᠳᠠᠯ᠎ᠠ ᠮᠢᠨᠦ ᠨᠤᠲᠤᠭ︾᠂ ︽ᠪᠤᠬᠳᠠ ᠠᠭᠤᠯᠠ ᠶᠢᠨ ᠮᠠᠬᠳᠠᠭᠠᠯ︾ ᠵᠡᠷᠭᠡ ᠳᠠᠭᠤᠤ ᠬᠦᠭᠵᠢᠮ ᠨᠢ ᠦᠵᠡᠭᠴᠢ ᠤᠯᠠᠨ ᠤ ᠪᠠᠨ ᠬᠠᠯᠠᠭᠤᠨ ᠠᠯᠠᠭ᠎ᠠ ᠲᠠᠰᠢᠯᠲᠠ ᠶᠢ ᠬᠦᠷᠲᠡᠵᠦ᠂ ᠦᠳᠡᠰᠢᠯᠡᠭᠡ ᠨᠢ ᠬᠦᠷ ᠬᠦᠭᠵᠢᠶᠠᠨ ᠢᠶᠠᠷ ᠪᠢᠯᠬᠠᠬᠰᠠᠨ ᠪᠠᠶᠢᠨ᠎ᠠ᠃ ᠲᠤᠰᠬᠠᠢ ᠮᠡᠷᠭᠡᠵᠢᠯ ᠤᠨ ᠲᠤᠭᠤᠢᠢᠯᠠᠩ ᠤᠨ ᠨᠢᠭᠡᠳᠦᠭᠡᠷ ᠨᠡᠷᠡᠰ ᠲᠤ ᠬᠢᠨᠭ᠍ᠭᠠᠨ ᠤᠯᠠᠭᠠᠨᠮᠦ᠋ᠴᠢᠷ ᠤᠨ ᠼᠠᠢ ᠭᠦᠸᠧ ᠪᠢᠨ ᠳᠤᠳᠤᠷᠠᠵᠦ᠂ ᠲᠤᠰᠬᠠᠢ ᠮᠡᠷᠭᠡᠵᠢᠯ ᠤᠨ ᠪᠤᠰᠤ ᠲᠤᠭᠤᠢᠢᠯᠠᠩ ᠤᠨ ᠨᠢᠭᠡᠳᠦᠭᠡᠷ ᠨᠡᠷᠡᠰ ᠲᠤ ᠬᠢᠨᠭ᠍ᠭᠠᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠯᠢ ᠶᠢᠨ ᠢᠤᠢ ᠲᠤᠳᠤᠷᠠᠪᠠ᠃ ᠦᠳᠡᠰᠢᠯᠡᠭᠡ ᠶᠢᠨ ᠲᠤᠬᠯᠠᠯᠲᠠ ᠶᠢᠨ ᠶᠠᠪᠤᠴᠠ ᠳᠤ᠂ ᠬᠢᠨᠭ᠍ᠭᠠᠨ ᠠᠶᠢᠮᠠᠭ ᠤᠨ ᠶᠢᠰᠦᠳᠦᠭᠡᠷ ᠬᠤᠭᠤᠴᠠᠭᠠᠨ ᠤ ᠵᠤᠬᠢᠶᠠᠯ ᠤᠨ ᠳᠠᠭᠤᠤ ᠬᠦᠭᠵᠢᠮ ᠤᠨ ᠲᠧᠯᠸᠢᠰ ᠱᠠᠩᠨᠠᠯᠲᠦ ᠤᠷᠤᠯᠳᠤᠭᠠᠨ ᠤ ᠲᠤᠰᠬᠠᠢ ᠮᠡᠷᠭᠡᠵᠢᠯ ᠤᠨ ᠲᠤᠭᠤᠢᠢᠯᠠᠩ ᠪᠠ ᠮᠡᠷᠭᠡᠵᠢᠯ ᠤᠨ ᠪᠤᠰᠤ ᠲᠤᠭᠤᠢᠢᠯᠠᠩ ᠤᠨ ᠡᠮᠤᠨ᠎ᠠ ᠭᠤᠷᠪᠠᠨ ᠨᠡᠷᠡᠰ ᠲᠤ ᠳᠤᠳᠤᠷᠠᠬᠰᠠᠨ ᠤᠷᠤᠯᠳᠤᠬᠴᠢᠳ᠂ ᠬᠠᠮᠤᠭ ᠤᠨ ᠬᠦᠷᠢᠶᠡᠯᠡᠯ ᠢ ᠤᠯᠤᠬᠰᠠᠨ ᠳᠠᠭᠤᠴᠢᠨ ᠪᠠ ᠰᠢᠯᠢᠳᠡᠭ ᠳᠠᠭᠤᠴᠢᠨ ᠢ ᠱᠠᠩᠨᠠᠨ ᠬᠦᠬᠢᠬᠦᠯᠬᠦ ᠶᠤᠰᠤᠯᠠᠯ ᠶᠠᠪᠤᠭᠳᠠᠭᠤᠯᠵᠠᠢ᠃ ᠬᠠᠮᠤᠭ ᠰᠡᠭᠦᠯ ᠳᠤᠨᠢ ᠤᠳᠤᠷᠢᠳᠤᠯᠭ᠎ᠠ ᠨᠠᠷ ᠠᠴᠠ ᠬᠢᠨᠭ᠍ᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ︽ᠦᠵᠡᠰᠭᠦᠯᠠᠩᠲᠦ ᠬᠢᠨᠭ᠍ᠭᠠᠨ︾ ᠰᠤᠶᠤᠯ ᠤᠷᠠᠯᠢᠭ ᠤᠨ ᠨᠠᠶᠢᠷ ᠤᠨ ᠡᠬᠢᠯᠡᠯᠲᠡ ᠶᠢᠨ ᠶᠤᠰᠤᠯᠠᠯ ᠤᠨ ᠪᠤᠯᠤᠷ ᠪᠦᠮᠪᠦᠭᠡ ᠶᠢ ᠳᠠᠷᠦᠬᠰᠠᠨ ᠪᠠᠶᠢᠨ᠎ᠠ᠃     ᠦᠳᠡᠰᠢᠯᠡᠭᠡ ᠶᠢᠨ ᠶᠠᠪᠤᠴᠠ ᠳᠤ᠂ ᠤᠷᠤᠯᠳᠤᠭᠠᠨ ᠤ ᠱᠠᠩᠨᠠᠯ ᠢ ᠲᠤᠰᠤᠬᠰᠠᠨ ᠱᠸᠡᠭ ᠯᠢ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠲᠤᠰ ᠤᠳᠠᠭᠠᠨ ᠤ ᠵᠤᠬᠢᠶᠠᠯ ᠤᠨ ᠳᠠᠭᠤᠤ ᠬᠦᠭᠵᠢᠮ ᠤᠨ ᠲᠧᠯᠸᠢᠰ ᠱᠠᠩᠨᠠᠯᠲᠦ ᠤᠷᠤᠯᠳᠤᠭᠠᠨ ᠳᠤ ᠦᠪᠡᠷ ᠤᠨ ᠵᠤᠬᠢᠶᠠᠬᠰᠠᠨ ᠳᠠᠭᠤᠤ ᠬᠦᠭᠵᠢᠮ ᠢᠶᠠᠷ ᠡᠨᠡᠬᠦ ᠢᠷᠠᠭᠤ ᠠᠯᠳᠠᠷ ᠢ ᠬᠦᠷᠲᠡᠭᠰᠡᠨ ᠳᠡᠭᠡᠨ ᠰᠡᠳᠬᠢᠯ ᠮᠠᠰᠢ ᠦᠨᠳᠦᠷ ᠪᠠᠶᠢᠨ᠎ᠠ︔ ᠲᠤᠰ ᠤᠳᠠᠭᠠᠨ ᠤ ᠤᠷᠤᠯᠳᠤᠭᠠᠨ ᠤ ᠲᠠᠪᠴᠠᠩ ᠢ ᠬᠠᠩᠭᠠᠵᠤ ᠦᠭᠭᠦᠭᠰᠡᠨ ᠨᠢ ᠮᠠᠨ ᠤ ᠠᠶᠢᠮᠠᠭ ᠤᠨ ᠵᠠᠯᠠᠭᠤ ᠨᠢᠭᠡ ᠦᠶ᠎ᠠ ᠶᠢᠨ ᠬᠦᠮᠦᠰ ᠲᠤ ᠦᠨᠳᠦᠰᠦᠲᠡᠨ ᠤ ᠪᠠᠨ ᠰᠤᠶᠤᠯ ᠤᠷᠠᠯᠢᠭ ᠢ ᠤᠯᠠᠮᠵᠢᠯᠠᠨ ᠪᠠᠳᠠᠷᠠᠭᠤᠯᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠵᠦ ᠦᠭᠭᠦᠭᠰᠡᠨ ᠮᠦᠷᠲᠡᠭᠡᠨ ᠠᠶᠢᠮᠠᠭ ᠤᠨ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠤᠬᠰᠠᠨ ᠪᠠᠶᠢᠨ᠎ᠠ︾ ᠭᠡᠵᠦ ᠶᠠᠷᠢᠯ᠎ᠠ᠃    ᠵᠤᠬᠢᠶᠠᠯ ᠤᠨ ᠳᠠᠭᠤᠤ ᠬᠦᠭᠵᠢᠮ ᠤᠨ ᠤᠷᠤᠯᠳᠤᠭᠠᠨ ᠨᠢ ᠨᠠᠢᠮᠠᠨ ᠬᠤᠭᠤᠴᠠᠭ᠎ᠠ ᠶᠠᠪᠤᠬᠳᠠᠬᠤ ᠳᠤᠮᠳᠠ ᠳᠠᠭᠠᠨ ᠳᠠᠰᠦᠷᠠᠯᠲᠠ ᠦᠭᠡᠢ ᠰᠢᠨᠡᠴᠢᠯᠡᠨ ᠬᠦᠭᠵᠢᠵᠦ᠂ ᠦᠪᠡᠷ ᠤᠨ ᠭᠡᠰᠡᠨ ᠤᠨᠴᠠᠯᠢᠭ ᠲᠠᠢ ᠤᠷ᠎ᠠ ᠠᠪᠢᠶᠠᠰ ᠤᠨ ᠦᠵᠡᠭᠦᠯᠦᠯᠭᠡ ᠶᠢᠨ ᠲᠠᠪᠴᠠᠩ ᠪᠤᠯᠵᠦ ᠴᠢᠳᠠᠬᠰᠠᠨ ᠪᠦᠭᠡᠳ ᠨᠡᠩ ᠤᠯᠠᠨ ᠬᠦᠮᠦᠰ ᠤᠨ ᠤᠶᠤᠨ ᠰᠠᠨᠠᠭᠠᠨ ᠤ ᠱᠠᠭᠠᠷᠳᠠᠯᠭ᠎ᠠ ᠶᠢ ᠪᠠᠶᠠᠯᠢᠬᠵᠢᠭᠤᠯᠵᠦ ᠴᠢᠳᠠᠬᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号