ᠳᠤᠮᠳᠠᠳᠤ ᠬᠤᠰᠢᠭᠤᠨ ᠤ 2018 ᠤᠨ ᠤ ᠮᠤᠩᠭᠤᠯ ᠰᠢᠲᠠᠷ᠎ᠠ ᠶᠢᠨ ᠤᠷᠤᠯᠳᠤᠭᠠᠨ ᠠᠮᠵᠢᠯᠳᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2018-07-06
   ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠦᠨᠳᠦᠰᠤᠳᠠᠨ ᠤ ᠪᠦᠯᠬᠦᠮᠳᠠᠯ ᠲᠠᠪᠰᠢᠯᠳᠡ ᠶᠢᠨ ᠠᠵᠢᠯ ᠦᠢᠯᠠᠰ ᠤᠨ ᠬᠦᠭᠵᠢᠯᠳᠡ ᠶᠢ ᠠᠬᠢᠭᠤᠯᠵᠤ᠂ ᠦᠨᠳᠤᠰᠦᠲᠡᠨ ᠤ ᠤᠯᠠᠮᠵᠢᠯᠠᠯᠳᠤ ᠰᠤᠶᠤᠯ ᠢᠶᠠᠨ ᠵᠠᠯᠭᠠᠮᠵᠢᠯᠠᠨ ᠬᠦᠭᠵᠢᠭᠦᠯᠬᠦ ᠪᠠᠷ᠂ 6 ᠰᠠᠷ᠎ᠠ ᠶᠢᠨ 24 ᠤ ᠡᠳᠤᠷ ᠪᠠᠶᠠᠨᠬᠤᠰᠢᠭᠤ ᠪᠠᠯᠭᠠᠰᠤ ᠶᠢᠨ ᠮᠠᠨᠳᠦᠯ᠎ᠠ ᠨᠡᠶᠢᠭᠡᠮ ᠳᠤᠭᠤᠷᠢᠭ ᠲᠤ ᠳᠤᠮᠳᠠᠳᠤ ᠬᠤᠰᠢᠭᠤᠨ ᠤ ᠮᠤᠩᠭᠤᠯ ᠰᠢᠲᠠᠷ᠎ᠠ ᠶᠢᠨ ᠤᠷᠤᠯᠳᠤᠭᠠᠨ ᠶᠠᠪᠤᠭᠳᠠᠪᠠ᠃ ᠳᠤᠰ ᠤᠳᠠᠭᠠᠨ ᠤ ᠤᠷᠤᠯᠳᠤᠭᠠᠨ ᠢ ᠲᠤᠮᠳᠠᠳᠤ ᠬᠤᠰᠢᠭᠤᠨ ᠤ ᠦᠨᠳᠤᠰᠦᠲᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠳᠤᠪᠴᠢᠶ᠎ᠠ ᠠᠴᠠ ᠭᠤᠤᠯᠯᠠᠨ ᠡᠷᠬᠢᠯᠡᠵᠤ᠂ ᠮᠤᠩᠭᠤᠯ ᠰᠤᠤ ᠤᠬᠠᠭᠠᠨ ᠤᠶᠤᠨ ᠤ ᠲᠤᠭᠯᠠᠭᠠᠮ ᠤᠨ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠪᠠ᠃    ᠤᠷᠤᠯᠳᠤᠭᠠᠨ ᠤ ᠡᠬᠢᠨ ᠳᠤ᠂ ᠬᠢᠨᠠᠭᠴᠢ ᠶᠢᠨ ᠲᠠᠷᠤᠭ᠎ᠠ ᠪᠢᠯᠢᠭᠳᠤ ᠠᠴᠠ ᠤᠷᠤᠯᠳᠤᠭᠠᠨ ᠤ ᠲᠦᠷᠢᠮ ᠢ ᠨᠡᠶᠢᠲᠡᠯᠡᠵᠦ᠂ 18 ᠵᠤᠷᠪᠤᠰ ᠤᠷᠤᠯᠳᠤᠭᠠᠨ ᠤ ᠲᠦᠷᠢᠮ ᠲᠤᠭᠳᠠᠭᠠᠯ ᠢ ᠨᠠᠷᠢᠨ ᠨᠢᠮᠪᠠᠢ ᠲᠤᠭᠳᠠᠭᠠᠵᠤ᠂ ᠰᠢᠲᠠᠷᠴᠢᠳ ᠤᠨ ᠲᠦᠯᠦᠭᠡᠯᠡᠭᠴᠢ ᠠᠴᠠ ᠤᠷᠤᠯᠳᠤᠭᠠᠨ ᠤ ᠲᠦᠷᠢᠮ ᠢ ᠴᠢᠩᠭ᠎ᠠ ᠰᠠᠬᠢᠬᠤ ᠶᠢ ᠲᠠᠩᠭᠠᠷᠢᠭᠯᠠᠪᠠ᠃ ᠤᠷᠤᠯᠳᠤᠭᠠᠨ ᠨᠢ ᠳᠤᠮᠤᠴᠤᠤᠯ ᠤᠨ ᠳᠤᠭᠤᠶᠢᠯᠠᠩ ᠪᠠ ᠪᠠᠭᠠᠴᠤᠤᠯ ᠤᠨ ᠳᠤᠭᠤᠶᠢᠯᠠᠩ ᠭᠡᠵᠦ ᠬᠤᠶᠠᠷ ᠳᠤᠭᠤᠶᠢᠯᠠᠩ ᠬᠤᠪᠢᠶᠠᠵᠤ᠂ ᠲᠤᠭᠳᠠᠭᠰᠠᠨ ᠴᠠᠭ ᠳᠤᠳᠤᠷ᠎ᠠ ᠭᠤᠷᠪᠡᠨ ᠨᠤᠭᠤᠯᠠᠭ᠎ᠠ ᠪᠠᠷ ᠲᠠᠮᠵᠢᠨ ᠡᠮᠤᠨ᠎ᠠ ᠲᠦᠷᠪᠡᠨ ᠨᠠᠷᠠᠰ ᠢ ᠰᠢᠯᠭᠠᠷᠠᠭᠤᠯᠤᠨ ᠭᠠᠷᠭᠠᠪᠠ᠃ ᠤᠷᠤᠯᠳᠤᠭᠠᠨ ᠤ ᠳᠤᠮᠳᠠ ᠰᠢᠲᠠᠷᠴᠢᠳ ᠤᠶᠤᠨ ᠲᠠᠷᠢᠬᠢ ᠪᠠᠨ ᠰᠢᠪᠬᠠᠵᠦ᠂ ᠠᠪᠢᠶᠠᠰ ᠪᠢᠯᠢᠭ ᠢᠶᠠᠨ ᠪᠠᠳᠠᠷᠠᠭᠤᠯᠤᠨ ᠬᠤᠷᠴᠠ ᠰᠢᠷᠦᠭᠦᠨ ᠦᠷᠢᠰᠤᠯᠳᠦᠭᠡᠨ ᠢᠶᠠᠷ ᠲᠠᠮᠵᠢᠵᠦ᠂ ᠳᠤᠮᠤᠴᠤᠤᠯ ᠤᠨ ᠳᠤᠭᠤᠶᠢᠯᠠᠩ ᠳᠤ ᠬᠤᠤᠯᠢᠨᠬᠦᠤ᠂ ᠪᠤᠶᠠᠨᠳᠠᠯᠠᠢ᠂ ᠰᠦᠷᠯᠢᠭ᠂ ᠬᠦᠭᠵᠢᠯ ᠡᠮᠤᠨ᠎ᠠ ᠲᠦᠷᠪᠡᠨ ᠨᠠᠷᠠᠰ ᠲᠤ ᠲᠤᠳᠤᠷᠠᠵᠤ᠂ ᠪᠠᠭᠠᠴᠤᠤᠯ ᠤᠨ ᠳᠤᠭᠤᠶᠢᠯᠠᠩ ᠳᠤ ᠲᠤᠯᠭᠠᠭᠤᠷᠢ᠂ ᠭᠤᠶᠤᠬᠠᠨ᠂ ᠵᠤᠤ ᠸᠧᠨ ᠪᠢᠨ᠂ ᠠᠭᠤᠳᠠᠮ ᠡᠮᠤᠨ᠎ᠠ ᠲᠦᠷᠪᠡᠨ ᠨᠠᠷᠡᠰ ᠲᠤ ᠲᠤᠳᠤᠷᠠᠪᠠ᠃    ᠮᠤᠩᠭᠤᠯ ᠰᠢᠲᠠᠷ᠎ᠠ ᠶᠢᠨ ᠤᠷᠤᠯᠳᠤᠭᠠᠨ ᠶᠠᠪᠤᠭᠳᠠᠭᠤᠯᠬᠤ ᠪᠠᠷ ᠲᠠᠮᠵᠢᠨ᠂ ᠡᠨᠡᠬᠦ ᠢᠵᠠᠭᠤᠷ ᠡᠷᠲᠡᠨ ᠤ ᠰᠤᠶᠤᠯ ᠢ ᠭᠦᠭᠵᠢᠬᠦᠯᠦᠨ ᠪᠠᠲᠠᠷᠠᠭᠤᠯᠵᠤ᠂ ᠮᠤᠩᠭᠤᠯ ᠤᠯᠠᠮᠵᠢᠯᠠᠯᠳᠤ ᠰᠤᠶᠤᠯ ᠢᠶᠠᠨ ᠠᠮᠢᠳᠤᠷᠠᠯ ᠳᠤᠮᠳᠠ ᠠᠭᠤᠰᠬᠠᠨ᠂ ᠨᠡᠩ ᠴᠢᠨᠠᠭᠰᠢᠯᠡᠨ ᠬᠡᠤᠬᠡᠳ ᠲᠤ ᠵᠠᠯᠭᠠᠮᠵᠢᠯᠠᠵᠤ ᠴᠢᠳᠠᠭᠰᠠᠨ ᠪᠠᠶᠢᠨ᠎ᠠ᠃ ᠮᠦᠨ ᠴᠤ᠂ ᠲᠤᠮᠳᠠᠳᠤ ᠬᠤᠰᠢᠭᠤᠨ ᠤ ᠮᠤᠩᠭᠤᠯ ᠰᠢᠲᠠᠷ᠎ᠠ ᠶᠢᠨ ᠰᠤᠶᠤᠯ ᠤᠨ ᠬᠦᠭᠵᠢᠯᠳᠠ ᠪᠠ ᠰᠤᠶᠤᠯ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠭᠰᠠᠨ ᠤ ᠬᠠᠮᠳᠤ ᠰᠢᠲᠠᠷᠴᠢᠳ ᠪᠠ ᠮᠤᠩᠭᠤᠯ ᠰᠤᠶᠤᠯ ᠳᠠᠭᠠᠨ ᠬᠠᠶᠢᠷ᠎ᠠ ᠲᠠᠢ ᠬᠦᠮᠦᠰ ᠡᠨᠡᠬᠦ ᠠᠵᠠ ᠵᠠᠪᠰᠢᠶᠠᠨ ᠢ ᠠᠰᠢᠭᠯᠠᠨ ᠬᠠᠷᠢᠯᠴᠡᠨ ᠰᠤᠷᠤᠯᠴᠠᠵᠦ᠂ ᠰᠢᠲᠠᠷ᠎ᠠ ᠶᠢᠨ ᠮᠡᠷᠭᠡᠵᠢᠯ ᠪᠠᠨ ᠲᠡᠭᠡᠭᠰᠢᠯᠡᠬᠦᠯᠬᠦ ᠳᠤ ᠤᠬᠢ ᠰᠠᠶᠢᠨ ᠲᠠᠪᠴᠠᠩ ᠬᠠᠩᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号