︽ᠲᠠᠯ᠎ᠠ ᠶᠢᠨ ᠪᠤᠯᠵᠤᠭ᠎ᠠ︾ ᠵᠢᠷᠤᠭ ᠤᠷᠠᠯᠠᠯ ᠡᠭᠦᠳᠡ ᠰᠡᠭᠦᠵᠤ ᠦᠷᠦᠭᠡ ᠪᠠᠨ ᠮᠢᠯᠢᠶᠠᠯ᠎ᠠ
ᠨᠡᠶᠢᠲᠡᠯᠡᠭᠰᠡᠨ ᠴᠠᠭ᠄
2018-07-06
    ᠨᠠᠮ ᠪᠠᠶᠢᠭᠤᠯᠤᠭᠳᠠᠭᠰᠠᠨ 97 ᠵᠢᠯ ᠤᠨ ᠤᠢ ᠶᠢᠨ ᠦᠯᠵᠡᠢ ᠪᠡᠯᠭᠡᠳᠦ 7 ᠰᠠᠷ᠎ᠠ ᠶᠢᠨ 1 ᠤ ᠡᠳᠦᠷ᠂ ︽ᠲᠠᠯ᠎ᠠ ᠶᠢᠨ ᠪᠤᠯᠵᠤᠭ᠎ᠠ︾ ᠵᠢᠷᠤᠭ ᠤᠷᠠᠯᠠᠯ ᠤᠯᠠᠭᠠᠨᠬᠤᠳᠠ ᠳᠤ ᠡᠭᠦᠳᠡ ᠰᠡᠭᠦᠪᠡ᠃    ︽ᠲᠠᠯ᠎ᠠ ᠶᠢᠨ ᠪᠤᠯᠵᠤᠭ᠎ᠠ︾ ᠵᠢᠷᠤᠭ ᠤᠷᠠᠯᠠᠯ ᠤᠨ ᠲᠠᠭᠠᠭᠠᠮᠠᠯ ᠬᠠᠨᠠᠭᠠᠷ ᠪᠤᠯ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠠᠴᠠ ᠲᠡᠭᠦᠰᠦᠭᠰᠡᠨ ᠤᠶᠤᠳᠡᠨ ᠪᠤᠯᠤᠨ᠎ᠠ᠃ ᠲᠡᠷᠡ ᠶᠡᠭᠡ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠵᠢᠷᠤᠭ ᠤᠷᠠᠯᠠᠯ ᠢ ᠰᠢᠰᠲ᠋ᠧᠮ ᠲᠠᠢ ᠰᠤᠷᠤᠯᠴᠠᠭᠰᠠᠨ ᠪᠦᠭᠡᠳ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠬᠤᠪᠢ ᠪᠠᠷ ᠢᠶᠠᠨ ᠦᠢᠯᠡᠰ ᠪᠤᠰᠬᠠᠬᠤ ᠬᠦᠰᠡᠯ ᠲᠠᠢ ᠪᠠᠶᠢᠵᠠᠢ᠃ ᠡᠭᠦᠨ ᠳᠤ ᠲᠡᠷᠡ ᠵᠤᠬᠢᠬᠤ ᠬᠡᠮᠵᠢᠶᠡᠨ ᠤ ᠵᠠᠬ᠎ᠠ ᠲᠡᠯᠭᠡᠬᠦᠷ ᠤᠨ ᠪᠠᠶᠢᠴᠠᠭᠠᠯᠳᠠ ᠬᠢᠵᠤ᠂ ᠦᠨᠳᠦᠰᠦᠳᠡᠨ ᠤ ᠵᠢᠷᠤᠭ ᠤᠷᠠᠯᠠᠯ ᠬᠡᠷᠡᠭᠯᠡᠭᠴᠢᠳ ᠲᠤ ᠲᠠᠭᠠᠰᠢᠶᠠᠭᠳᠠᠵᠤ ᠪᠠᠶᠢᠬᠤ ᠶᠢ ᠬᠢᠷᠠᠬᠠᠢ ᠪᠠᠷ ᠤᠯᠵᠤ ᠬᠠᠷᠠᠭᠠᠳ ᠲᠤᠰ ︽ᠲᠠᠯ᠎ᠠ ᠶᠢᠨ ᠪᠤᠯᠵᠤᠭ᠎ᠠ︾ ᠵᠢᠷᠤᠭ ᠤᠷᠠᠯᠠᠯ ᠤᠨ ᠦᠷᠦᠭᠡ ᠪᠠᠨ ᠰᠡᠭᠦᠭᠰᠡᠨ ᠶᠤᠮ᠃ᠲᠡᠷᠡ ᠪᠠᠰᠠ ᠬᠤᠷᠴᠢᠨ ᠰᠤᠶᠤᠯ ᠤᠨ ᠨᠤᠮ ᠤᠨ ᠬᠦᠷᠢᠶᠡᠯᠡᠩ ᠤᠨ ᠲᠠᠷᠤᠭ᠎ᠠ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ︵ᠲᠦᠷᠪᠡᠨ ᠤᠳᠠᠰᠤᠳᠤ ᠬᠤᠭᠤᠷ ᠬᠦᠭᠵᠢᠮᠳᠡᠭᠦ︶ ᠤᠨ ᠦᠪᠯᠡᠨ ᠤᠯᠠᠮᠵᠢᠯᠠᠭᠴᠢ ᠲᠤᠭᠳᠠᠬᠤ᠂ ᠲᠦᠩᠯᠢᠶᠤᠤ ᠬᠤᠳᠠ ᠶᠢᠨ ᠵᠠᠷᠤᠳ ᠬᠤᠰᠢᠭᠤᠨ ᠤ ᠨᠡᠷᠡᠳᠦ ᠪᠠᠷ ᠵᠢᠷᠤᠭᠴᠢᠨ᠂ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪᠯᠡᠨ ᠤᠯᠠᠮᠵᠢᠯᠠᠭᠴᠢ ᠵᠠᠭᠤᠨᠨᠠᠮᠤᠷ ᠪᠠᠭᠰᠢ᠂ ᠷᠠᠰᠢᠶᠠᠨ ᠬᠤᠳᠠ ᠶᠢᠨ ᠤᠢᠢᠰᠦᠨ ᠵᠢᠷᠤᠭ ᠤᠨ ᠺᠤᠮᠫᠠᠨᠢ ᠶᠢᠨ ᠲᠠᠭᠠᠭᠠᠮᠠᠯ᠂ ᠤᠷᠤᠨ ᠤ ᠲᠠᠰ ᠤᠨ ᠪᠤᠳᠠᠰ ᠤᠨ ᠪᠤᠰᠤ ᠰᠤᠶᠤᠯ ᠤᠨ ᠦᠪᠯᠡᠨ ᠤᠯᠠᠮᠵᠢᠯᠠᠭᠴᠢ ᠯᠢ ᠶᠠᠨ ᠬᠤᠩ ᠨᠠᠷ ᠵᠢᠴᠢ ᠤᠷᠠᠨ ᠵᠢᠷᠤᠭ ᠤᠨ ᠪᠠᠭ᠋ᠠᠳᠡᠳ ᠢ ᠬᠤᠷᠴᠢᠨ ᠰᠤᠶᠤᠯ ᠤᠨ ᠨᠤᠮ ᠤᠨ ᠬᠦᠷᠢᠶᠡᠯᠡᠩ ᠳᠤ ᠤᠷᠢᠵᠤ᠂ ︽ᠲᠠᠯ᠎ᠠ ᠶᠢᠨ ᠪᠤᠯᠵᠤᠭ᠎ᠠ︾ ᠵᠢᠷᠤᠭ ᠤᠷᠠᠯᠠᠯ ᠤᠨ ᠡᠭᠦᠳᠡ ᠰᠡᠭᠦᠭᠰᠡᠨ ᠪᠦᠳᠦᠭᠡᠯ ᠤᠨ ᠶᠠᠷᠢᠯᠴᠠᠭᠠᠨ ᠦᠷᠨᠢᠬᠦᠯᠵᠤ᠂ ᠦᠨᠳᠦᠰᠦᠳᠡᠨ ᠤ ᠵᠢᠷᠤᠭ ᠤᠷᠠᠯᠠᠯ ᠤᠨ ᠲᠤᠬᠠᠢ ᠰᠤᠯᠢᠯᠴᠠᠭᠠᠨ ᠪᠠ ᠦᠨᠳᠦᠰᠦᠳᠡᠨ ᠤ ᠵᠢᠷᠤᠭ ᠤᠷᠠᠯᠠᠯ ᠤᠨ ᠪᠤᠯᠪᠠᠰᠤᠷᠠᠯ ᠤᠨ ᠲᠤᠬᠠᠢ ᠴᠢᠯᠦᠭᠡᠳᠠᠢ ᠶᠠᠷᠢᠯᠴᠠᠵᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号