6 ᠰᠠᠷ᠎ᠠ ᠶᠢᠨ 29 ᠤ ᠤᠷᠤᠢ᠂ ᠤᠯᠠᠭᠠᠨᠬᠤᠳᠠ ᠶᠢᠨ ︽5.1︾ ᠠᠭᠤᠳᠠᠮ ᠲᠠᠯᠠᠪᠠᠢ ᠳᠤ᠂ | ᠤᠯᠠᠭᠠᠨᠬᠤᠳᠠ ᠶᠢᠨ ᠨᠠᠰᠤᠳᠠᠶᠢᠴᠤᠳ ᠤᠨ ᠪᠡᠶ᠎ᠠ ᠲᠠᠮᠢᠷ ᠤᠨ ᠨᠡᠶᠢᠭᠡᠮᠯᠢᠭ ᠤᠨ ᠰᠤᠶᠤᠯ ᠤᠷᠠᠯᠢᠭ ᠤᠨ | ᠪᠦᠯᠬᠦᠮ ᠤᠨ ᠬᠢᠨ ᠨᠠᠮ ᠪᠠᠶᠢᠭᠤᠯᠤᠭᠳᠠᠭᠰᠠᠨ 97 ᠵᠢᠯ ᠤᠨ ᠤᠢ ᠪᠠ ᠦᠭᠡᠷᠡᠴᠢᠯᠡᠯᠳᠠ ᠨᠡᠭᠡᠭᠡᠯᠳᠠ ᠬᠢᠭᠰᠡᠨ 40 | ᠵᠢᠯ ᠤᠨ ᠤᠢ ᠶᠢ ᠪᠠᠶᠠᠷᠯᠠᠨ ᠪᠡᠯᠭᠡᠯᠡᠬᠦ ᠤᠷᠠᠨ ᠰᠠᠶᠢᠬᠠᠨ ᠤ ᠲᠤᠭᠯᠠᠯᠳᠠ ᠪᠠᠨ ᠠᠰᠢᠳᠠᠢ ᠰᠠᠶᠢᠬᠠᠨ ᠶᠠᠪᠤᠭᠳᠠᠭᠤᠯᠵᠤ᠂ | ᠦᠷᠭᠡᠨ ᠤᠯᠠᠨ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ | ᠤᠷᠤᠢ ᠶᠢᠨ 7᠄ 00 ᠴᠠᠭ ᠲᠤ᠂ ᠤᠯᠠᠭᠠᠨᠬᠤᠳᠠ ᠶᠢᠨ ᠨᠠᠰᠤᠳᠠᠶᠢᠴᠤᠳ ᠤᠨ ᠪᠡᠶ ᠠ ᠲᠠᠮᠢᠷ ᠤᠨ | ᠨᠡᠶᠢᠭᠡᠮᠯᠢᠭ ᠤᠨ ᠰᠤᠶᠤᠯ ᠤᠷᠠᠯᠢᠭ ᠤᠨ ᠪᠦᠯᠬᠦᠮ ᠤᠨ ᠨᠠᠰᠤᠳᠠᠶᠢᠴᠤᠳ ᠮᠤᠩᠭᠤᠯ ᠬᠤᠪᠴᠠᠰᠤ ᠪᠠᠷ ᠢᠶᠠᠨ ᠭᠤᠶᠤᠯᠠᠨ᠂ | ᠬᠤᠭᠤᠷ ᠬᠦᠭᠵᠢᠮ ᠢᠶᠠᠨ ᠪᠡᠯᠡᠳᠭᠡᠨ᠂ ᠠᠨᠳᠠᠢ ᠪᠦᠵᠢᠭ ᠤᠨ ᠲᠤᠮᠳᠠ ᠲᠤᠭᠯᠠᠯᠳᠠ ᠶᠢᠨ ᠬᠦᠰᠢᠭᠡ ᠪᠠᠨ ᠢᠷᠠᠯ᠎ᠠ᠃ | ᠲᠤᠭᠯᠠᠯᠳᠠ ᠨᠢ ᠭᠤᠴᠤᠯᠠᠯ ᠲᠠᠭᠤᠥ᠂ ᠪᠦᠵᠢᠭ᠂ ᠲᠦᠷᠪᠡᠨ ᠤᠳᠠᠰᠤᠳᠤ ᠬᠤᠭᠤᠷ ᠤᠨ ᠲᠤᠭᠯᠠᠯᠳᠠ ᠵᠡᠷᠭᠡ ᠬᠡᠯᠪᠡᠷᠢ | ᠠᠭᠤᠯᠭ᠎ᠠ ᠪᠠᠷ ᠡᠯᠪᠡᠭ ᠪᠠᠶᠠᠯᠢᠭ᠂ ᠠᠭᠤᠥ ᠨᠠᠮ ᠪᠠ ᠡᠬᠡ ᠤᠯᠤᠰ ᠢᠶᠠᠨ ᠮᠠᠭᠳᠠᠨ ᠲᠠᠭᠤᠯᠠᠭᠰᠠᠨ ᠠᠭᠤᠯᠭ᠎ᠠ ᠪᠦᠬᠦᠢ | ᠤᠷᠠᠨ ᠰᠠᠶᠢᠬᠠᠨ ᠤ ᠲᠤᠭᠯᠠᠯᠳᠠ ᠪᠠᠨ ᠦᠵᠡᠭᠴᠢ ᠤᠯᠠᠨ ᠳᠤ ᠰᠤᠨᠢᠷᠬᠠᠭᠤᠯᠵᠤ᠂ ᠲᠡᠳᠠᠨᠠᠷ ᠤᠨ ᠬᠠᠯᠠᠭᠤᠨ | ᠬᠦᠷᠢᠶᠡᠯᠡᠯ ᠢ ᠤᠯᠵᠤ ᠪᠢᠯᠠ᠃ | ᠡ᠊ᠨᠠ ᠵᠢᠯ ᠤᠨ 5 ᠰᠠᠷ᠎ᠠ ᠶᠢᠨ 1 ᠠᠴᠠ ᠡᠬᠢᠯᠠᠨ᠂ ᠤᠯᠠᠭᠠᠨᠬᠤᠳᠠ ᠶᠢᠨ ᠨᠠᠰᠤᠳᠠᠶᠢᠴᠤᠳ ᠤᠨ ᠪᠡᠶ᠎ᠠ ᠲᠠᠮᠢᠷ ᠤᠨ | ᠨᠡᠶᠢᠭᠡᠮᠯᠢᠭ ᠤᠨ ᠰᠤᠶᠤᠯ ᠤᠷᠠᠯᠢᠭ ᠤᠨ ᠪᠦᠯᠬᠦᠮ ᠵᠢᠯ ᠪᠦᠷᠢ ᠶᠢᠨ ᠵᠤᠷᠰᠢᠯ ᠶᠤᠰᠤᠭᠠᠷ᠂ ︽5.1︾ ᠠᠭᠤᠳᠠᠮ | ᠲᠠᠯᠠᠪᠠᠢ ᠳᠠᠬᠢ ᠲᠤᠭᠯᠠᠯᠳᠠ ᠪᠠᠨ ᠡᠬᠢᠯᠡᠬᠦᠯᠵᠤ᠂ ᠤᠷᠤᠢ ᠪᠤᠯᠭᠠᠨ ᠠᠭᠤᠳᠠᠮ ᠲᠠᠯᠠᠪᠠᠢ ᠳᠤ ᠲᠤᠭᠯᠠᠯᠳᠠ | ᠭᠠᠷᠭᠠᠬᠤ ᠶᠢᠨ ᠬᠠᠮᠳᠤ᠂ ᠡᠯ ᠠ ᠨᠡᠶᠢᠭᠡᠮ ᠲᠤᠭᠤᠷᠢᠭ ᠲᠠᠢ ᠬᠠᠮᠳᠤᠷᠠᠨ ᠪᠠᠶᠠᠷ ᠲᠤᠷᠠᠰᠬᠠᠯ ᠤᠨ ᠡᠳᠤᠷ ᠲᠤ | ᠨᠠᠶᠢᠷᠯᠠᠯᠳᠤᠨ ᠲᠤᠭᠯᠠᠯᠳᠠ ᠭᠠᠷᠭᠠᠵᠤ ᠪᠤᠢ᠃ ᠡᠬᠦᠨ ᠠᠴᠠ ᠭᠠᠳᠠᠨ᠎ᠠ᠂ ᠰᠤᠶᠤᠯ ᠢ ᠬᠦᠳᠡᠭᠡ ᠬᠦᠷᠭᠡᠬᠦ ᠠᠵᠢᠯᠯᠠᠭ᠎ᠠ | ᠦᠷᠨᠢᠬᠦᠯᠵᠤ᠂ ᠦᠨᠳᠤᠰᠤᠨ ᠱᠠᠳᠤᠨ ᠳᠤ ᠬᠦᠨᠵᠡᠭᠡᠶᠢᠷᠡᠬᠦ ᠶᠢ ᠴᠢᠬᠤᠯᠠᠴᠢᠯᠠᠵᠤ᠂ ᠵᠠᠯᠠᠶᠢᠳ ᠬᠤᠰᠢᠭᠤ ᠵᠡᠷᠭᠡ ᠭᠠᠵᠠᠷ | ᠤᠷᠤᠨ ᠢᠶᠠᠷ ᠬᠦᠷᠴᠤ᠂ ᠰᠤᠶᠤᠯ ᠤᠷᠠᠯᠢᠭ ᠢᠶᠠᠷ ᠠᠷᠠᠳ ᠤᠨ ᠠᠮᠢᠳᠤᠷᠠᠯ ᠢ ᠪᠠᠶᠠᠯᠢᠭᠵᠢᠭᠤᠯᠵᠤ ᠪᠤᠢ᠃ |