ᠬᠢᠩᠭᠠᠨ ᠤ ᠲᠦᠢᠮᠤ ᠪᠠᠶᠢᠳᠠᠯ
ᠨᠡᠶᠢᠲᠡᠯᠡᠭᠰᠡᠨ ᠴᠠᠭ᠄
2018-08-01
    ᠬᠢᠩᠭᠠᠨ ᠠᠶᠢᠮᠠᠭ ︵︽ᠬᠢᠩᠭᠠᠨ︾ ᠪᠤᠯ ᠮᠠᠨᠵᠦ ᠦᠭᠡ᠂ ︽ᠲᠤᠪᠤ ᠲᠤᠪᠤᠷᠴᠠᠭ︾ ᠭᠡᠬᠦ ᠤᠳᠬ᠎ᠠ ᠲᠠᠢ︶ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ ᠭᠡᠰᠡᠭ ᠲᠤ ᠪᠠᠶᠢᠷᠢᠰᠢᠵᠦ᠂ ᠶᠡᠭᠡ ᠬᠢᠩᠭᠠᠨ ᠲᠠᠪᠠᠭ᠎ᠠ ᠠᠴᠠ ᠰᠤᠩᠭᠠᠷᠢ ᠮᠦᠷᠡᠨ ᠨᠤᠨᠮᠦ᠋ᠷᠡᠨ ᠤ ᠲᠠᠯ᠎ᠠ ᠭᠠᠵᠠᠷ ᠲᠡᠰᠢ ᠶᠢᠨ ᠰᠢᠯᠵᠢᠯᠳᠡ ᠶᠢᠨ ᠪᠦᠰᠡ ᠳᠤ ᠤᠷᠤᠰᠢᠵᠦ᠂ ᠵᠡᠭᠦᠨ ᠬᠤᠶᠢᠨ᠎ᠠ᠂ ᠵᠡᠭᠦᠨ ᠡᠮᠦᠨ᠎ᠠ ᠲᠠᠯ᠎ᠠ ᠨᠢ ᠲᠤᠰ ᠲᠤᠰ ᠬᠠᠷᠠᠮᠦ᠋ᠷᠡᠨ᠂ ᠬᠢᠷᠢᠨ ᠬᠤᠶᠠᠷ ᠮᠤᠵᠢ ᠲᠠᠢ ᠬᠦᠷᠰᠢᠯᠡᠵᠦ᠂ ᠡᠮᠦᠨ᠎ᠠ᠂ ᠪᠠᠷᠠᠭᠤᠨ᠂ ᠬᠤᠶᠢᠳᠤ ᠲᠠᠯ᠎ᠠ ᠪᠠᠷ ᠢᠶᠠᠨ ᠲᠤᠰ ᠲᠤᠰ ᠲᠦᠩᠯᠢᠶᠤᠤ ᠬᠤᠳᠠ᠂ ᠰᠢᠯᠢ ᠶᠢᠨ ᠭᠤᠤᠯ ᠠᠶᠢᠮᠠᠭ ᠪᠠ ᠬᠦᠯᠦᠨ ᠪᠤᠶᠢᠷ ᠬᠤᠳᠠ ᠲᠠᠢ ᠵᠠᠯᠭᠠᠯᠳᠤᠵᠦ᠂ ᠪᠠᠷᠠᠭᠤᠨ ᠬᠤᠶᠢᠳᠤ ᠭᠡᠰᠡᠭ ᠢᠶᠠᠷ ᠢᠶᠠᠨ ᠮᠤᠩᠭᠤᠯ ᠤᠯᠤᠰ ᠲᠠᠢ ᠬᠦᠷᠰᠢᠯᠡᠵᠦ᠂ ᠬᠢᠯᠢ ᠶᠢᠨ ᠱᠤᠭᠤᠮ ᠤᠨ ᠤᠷᠳᠤ ᠨᠢ 126 ᠺᠢᠯᠤᠮᠧᠲᠷ ᠪᠤᠢ᠃ ᠲᠤᠮᠳᠠᠳᠤ ᠤᠯᠤᠰ ᠤᠨ ᠷᠠᠰᠢᠶᠠᠨ — ᠮᠤᠩᠭᠤᠯ ᠤᠯᠤᠰ ᠤᠨ ᠰᠦᠮᠪᠤᠷ ᠤᠯᠠᠨ ᠤᠯᠤᠰ ᠤᠨ ᠤᠯᠠᠷᠢᠯ ᠤᠨ ᠴᠢᠨᠠᠷᠳᠠᠢ ᠨᠡᠭᠡᠭᠡᠯᠳᠡ ᠬᠢᠬᠦ ᠪᠤᠭᠤᠮᠳᠠ ᠪᠤᠢ᠃ ᠶᠡᠷᠦᠩᠭᠡᠢ ᠲᠠᠯᠠᠪᠠᠢ 6 ᠲᠦᠮᠡᠨ ᠲᠡᠭᠰᠢ ᠲᠦᠷᠪᠡᠯᠵᠢᠨ ᠺᠢᠯᠤᠮᠧᠲᠷ᠂ ᠶᠡᠷᠦᠩᠭᠡᠢ ᠬᠦᠮᠦᠨ ᠠᠮᠠ 168 ᠲᠦᠮᠡ᠂ ᠴᠦᠭᠡᠨ ᠲᠤᠭᠠᠳᠤ ᠦᠨᠳᠦᠰᠦᠳᠡᠨ ᠤ ᠬᠦᠮᠦᠨ ᠠᠮᠠ 47% ᠶᠢ ᠡᠵᠡᠯᠡᠵᠦ᠂ ᠡᠭᠦᠨ ᠳᠤ ᠮᠤᠩᠭᠤᠯ ᠦᠨᠳᠦᠰᠦᠳᠡᠨ ᠤ ᠬᠦᠮᠦᠨ ᠠᠮᠠ 42.1% ᠶᠢ ᠡᠵᠡᠯᠡᠵᠦ᠂ ᠪᠦᠬᠦ ᠤᠯᠤᠰ ᠤᠨ ᠮᠤᠩᠭᠤᠯ ᠦᠨᠳᠦᠰᠦᠳᠡᠨ ᠤ ᠬᠦᠮᠦᠨ ᠠᠮᠠ ᠶᠢᠨ ᠬᠠᠷᠢᠴᠠᠯ ᠨᠡᠯᠢᠶᠡᠳ ᠦᠨᠳᠦᠷ ᠭᠠᠵᠠᠷ ᠤᠷᠤᠨ ᠪᠤᠯᠤᠨ᠎ᠠ᠃ 1980 ᠤᠨ ᠳᠤ ᠬᠢᠩᠭᠠᠨ ᠠᠶᠢᠮᠠᠭ ᠠᠶᠢᠮᠠᠭ ᠤᠨ ᠪᠠᠶᠢᠭᠤᠯᠤᠮᠵᠢ ᠪᠠᠨ ᠰᠡᠷᠭᠦᠭᠡᠵᠦ᠂ ᠤᠳᠤ ᠬᠠᠷᠢᠶᠠᠨ ᠳᠤᠨᠢ ᠬᠤᠶᠠᠷ ᠬᠤᠳᠠ ︵ᠤᠯᠠᠭᠠᠨᠬᠤᠳᠠ᠂ ᠷᠠᠰᠢᠶᠠᠨ ᠬᠤᠳᠠ︶ ᠭᠤᠷᠪᠠᠨ ᠬᠤᠰᠢᠭᠤ ︵ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ᠂ ᠵᠠᠯᠠᠶᠢᠳ ᠬᠤᠰᠢᠭᠤ︶ ᠨᠢᠭᠡ ᠰᠢᠶᠠᠨ ︵ᠲᠦᠴᠢᠤᠸᠠᠨ ᠰᠢᠶᠠᠨ︶ ᠪᠤᠢ᠂ ᠡᠭᠦᠨ ᠳᠤ ᠷᠠᠰᠢᠶᠠᠨ ᠬᠤᠳᠠ ᠪᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠪᠤᠯ ᠬᠢᠯᠢ ᠶᠢᠨ ᠬᠤᠰᠢᠭᠤ ᠬᠤᠳᠠ ᠪᠠᠶᠢᠵᠦ᠂ ᠤᠯᠠᠭᠠᠨᠬᠤᠳᠠ ᠪᠤᠯ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠠᠭᠤᠭ᠎ᠠ ᠭᠠᠵᠠᠷ ᠪᠤᠯᠤᠨ᠎ᠠ᠃     ᠬᠢᠩᠭᠠᠨ ᠠᠶᠢᠮᠠᠭ ᠪᠤᠯ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠃ 1947 ᠤᠨ ᠤ 5 ᠰᠠᠷ᠎ᠠ ᠶᠢᠨ 1 ᠤ ᠡᠳᠦᠷ᠂ ᠰᠢᠨ᠎ᠠ ᠲᠤᠮᠳᠠᠳᠤ ᠤᠯᠤᠰ ᠤᠨ ᠬᠠᠮᠤᠭ ᠠᠩᠬᠠᠨ ᠤ ᠴᠦᠭᠡᠨ ᠲᠤᠭᠠᠳᠤ ᠦᠨᠳᠦᠰᠦᠳᠡᠨ ᠤ ᠦᠪᠡᠷᠳᠡᠭᠡᠨ ᠵᠠᠰᠠᠬᠤ ᠵᠠᠰᠠᠭ ᠤᠨ ᠡᠷᠭᠡ — ᠦᠪᠤᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠡ᠊ᠨᠳᠡ ᠮᠡᠨᠳᠦᠯᠡᠵᠦ᠂ ᠨᠠᠮ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠲᠦᠷᠦ ᠶᠢᠨ ᠪᠤᠳᠤᠯᠭ᠎ᠠ ᠶᠢ ᠬᠠᠮᠤᠭ ᠡᠷᠳᠡ ᠦᠢᠯᠡᠳᠦᠯᠭᠡᠵᠢᠭᠦᠯᠦᠭᠰᠡᠨ ᠭᠠᠵᠠᠷ ᠪᠤᠯᠤᠨ᠎ᠠ᠃ ︽5.1 ᠬᠤᠷᠠᠯ ᠤᠨ ᠪᠠᠭᠤᠷᠢ︾᠂ ︽ᠤᠯᠠᠭᠠᠨᠬᠦᠤ ᠶᠢᠨ ᠠᠯᠪᠠᠯᠠᠵᠦ ᠪᠠᠶᠢᠭᠰᠠᠨ ᠭᠠᠵᠠᠷ︾᠂ ︽ᠦᠨᠳᠦᠰᠦᠳᠡᠨ ᠤ ᠴᠢᠯᠦᠭᠡᠯᠡᠯᠳᠡ ᠶᠢᠨ ᠲᠤᠷᠠᠰᠬᠠᠯ ᠤᠨ ᠤᠷᠳᠤᠨ︾ ᠵᠡᠷᠭᠡ ᠨᠢᠭᠡ ᠪᠦᠯᠦᠭ ᠬᠤᠪᠢᠰᠬᠠᠯ ᠤᠨ ᠪᠠᠭᠤᠷᠢ ᠪᠤᠢ᠃ ᠤᠰᠤᠨ ᠤ ᠡᠬᠢ ᠪᠠᠶᠠᠯᠢᠭ ᠡᠯᠪᠡᠭ  ᠃ ᠶᠡᠭᠡ ᠪᠠᠭ᠎ᠠ ᠭᠤᠤᠯ ᠮᠦᠷᠡᠨ 200 ᠭᠠᠷᠤᠢ ᠵᠤᠷᠪᠤᠰ᠂ 25 ᠤᠰᠤᠨ ᠴᠦᠬᠦᠷᠦᠮ ᠪᠠᠶᠢᠵᠦ᠂ ᠴᠦᠬᠦᠷᠦᠮ ᠤᠨ ᠶᠡᠷᠦᠩᠭᠡᠢ ᠪᠠᠭᠳᠠᠭᠠᠮᠵᠢ 19 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ ᠤᠰᠤᠨ ᠤ ᠡᠬᠢ ᠪᠠᠶᠠᠯᠢᠭ ᠤᠨ ᠶᠡᠷᠦᠩᠭᠡᠢ ᠭᠡᠮᠵᠢᠶ᠎ᠠ 50 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠬᠦᠷᠴᠦ᠂ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠲᠤ ᠤᠷᠤᠵᠦ᠂ ᠵᠡᠭᠦᠨ ᠬᠤᠶᠢᠳᠤ ᠶᠢᠨ ᠭᠠᠵᠠᠷ ᠤᠷᠤᠨ ᠤ ︽ᠤᠰᠤᠨ ᠲᠦᠭᠡᠭᠡᠭᠦᠷ ᠤᠨ ᠬᠤᠭᠤᠯᠠᠢ︾ ᠪᠤᠯᠤᠨ᠎ᠠ᠃ ᠤᠰᠤ ᠨᠡᠭᠦᠷᠡᠰᠦ ᠶᠢᠨ ᠬᠠᠮᠳᠤᠷᠠᠯ᠂ ᠰᠢᠨ᠎ᠠ ᠭᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠤᠷᠢ ᠪᠠ ᠰᠢᠨ᠎ᠠ ᠭᠡᠯᠪᠡᠷᠢ ᠶᠢᠨ ᠡᠨᠧᠷᠬᠢ ᠶᠢᠨ ᠤᠨᠴᠠ ᠲᠠᠪᠠᠭᠤᠯᠢᠭ ᠲᠠᠢ᠃     ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ᠃ ᠨᠤᠨᠮᠦ᠋ᠷᠡᠨ᠂ ᠰᠤᠩᠭᠠᠷᠢ ᠮᠦᠷᠡᠨ ᠤ ᠰᠠᠪᠠ ᠭᠠᠵᠠᠷ ᠪᠠ ᠬᠤᠷᠴᠢᠨ ᠤ ᠡᠯᠡᠰᠦᠷᠭᠡ ᠭᠠᠵᠠᠷ ᠤᠨ ᠡᠬᠢᠨ ᠳᠤ ᠤᠷᠤᠰᠢᠵᠦ᠂ ᠶᠡᠭᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠴᠢᠬᠤᠯᠠ ᠪᠦᠷᠢᠯᠳᠦᠭᠦᠨ ᠭᠡᠰᠡᠭ ᠪᠤᠯᠤᠨ᠎ᠠ᠃ ᠠᠰᠢᠭᠯᠠᠵᠦ ᠪᠤᠯᠬᠤᠢᠢᠴᠠ ᠡᠪᠡᠰᠦ ᠪᠡᠯᠴᠢᠭᠡᠷ ᠤᠨ ᠲᠠᠯᠠᠪᠠᠢ 3900 ᠲᠦᠮᠡᠨ ᠮᠤ᠋᠂ ᠤᠢ ᠰᠢᠭᠤᠢ ᠶᠢᠨ ᠲᠠᠯᠠᠪᠠᠢ 2400 ᠲᠦᠮᠡᠨ ᠮᠤ᠋᠂ ᠠᠰᠢᠭᠯᠠᠵᠦ ᠪᠤᠯᠬᠤᠢᠢᠴᠠ ᠴᠦᠯᠯᠡᠷᠭᠡᠭᠵᠢᠭᠰᠡᠨ ᠬᠦᠷᠦᠰᠦ ᠰᠢᠷᠤᠢ ᠶᠢᠨ ᠲᠠᠯᠠᠪᠠᠢ 2000 ᠲᠦᠮᠡᠨ ᠮᠤ᠋ ᠪᠠᠶᠢᠵᠦ᠂ ᠠᠮᠢ ᠠᠬᠤᠢ ᠶᠢᠨ ᠦᠢᠯᠡᠴᠢᠯᠡᠭᠡᠨ ᠤ ᠦᠷᠳᠡᠭ᠂ ᠨᠡᠭᠦᠷᠡᠰᠦᠳᠦ᠋ᠷᠦᠭᠴᠢ ᠶᠢ ᠰᠢᠩᠭᠡᠭᠡᠬᠦ ᠪᠠ ᠬᠠᠳᠠᠭᠠᠯᠠᠬᠤ ᠴᠢᠳᠠᠪᠬᠢ ᠶᠢᠨ ᠲᠠᠯᠳᠠ ᠬᠦᠴᠦᠨ ᠮᠠᠰᠢ ᠶᠡᠭᠡ᠂ ᠵᠡᠭᠦᠨ ᠬᠤᠶᠢᠳᠤ ᠤᠷᠤᠨ ᠤ ᠴᠢᠬᠤᠯᠠ ᠠᠮᠢ ᠠᠬᠤᠢ ᠶᠢᠨ ᠴᠢᠳᠠᠪᠬᠢᠳᠦ ᠤᠷᠤᠨ ᠪᠠ ᠠᠮᠢ ᠠᠬᠤᠢ ᠶᠢᠨ ᠦᠢᠯᠡᠴᠢᠯᠡᠭᠡᠨ ᠤ ᠤᠷᠤᠨ ᠪᠤᠯᠤᠨ᠎ᠠ᠃      ᠪᠠᠶᠢᠭᠠᠯᠢᠯᠢᠭ ᠵᠤᠭᠠᠴᠠᠯ ᠤᠨ ᠡᠬᠢ ᠪᠠᠶᠠᠯᠢᠭ ᠡᠯᠪᠡᠭ ᠲᠡᠯᠪᠡᠭ᠃ ᠡᠯ᠎ᠠ ᠲᠡᠰ ᠡᠯ᠎ᠠ ᠲᠦᠷᠦᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ 10 ᠪᠠᠶᠢᠵᠦ᠂ ᠶᠡᠷᠦᠩᠭᠡᠢ ᠲᠠᠯᠠᠪᠠᠢ 1000 ᠲᠦᠮᠡ ᠭᠠᠷᠤᠢ ᠮᠤ᠋ ᠪᠤᠢ᠃ ᠤᠨᠴᠠᠭᠠᠢᠢᠯᠠᠨ ᠷᠠᠰᠢᠶᠠᠨ ᠳᠤ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠤᠯᠤᠰ ᠤᠨ ᠤᠢ ᠰᠢᠭᠤᠢ ᠶᠢᠨ ᠴᠡᠴᠡᠷᠯᠢᠭ ᠪᠠᠶᠢᠬᠤ ᠶᠢᠨ ᠬᠠᠮᠳᠤ ᠪᠠᠰᠠ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠳᠤ ᠠᠭᠤᠯᠠ᠂ ᠮᠦᠰᠦ ᠴᠠᠰᠤ᠂ ᠤᠢ ᠰᠢᠭᠤᠢ᠂ ᠲᠠᠯ᠎ᠠ ᠨᠤᠳᠤᠭ ᠵᠡᠷᠭᠡ ᠪᠠᠶᠢᠭᠠᠯᠢ ᠶᠢᠨ ᠦᠵᠡᠮᠵᠢ ᠶᠢ ᠪᠦᠷᠢᠯᠳᠦᠭᠦᠯᠵᠦ᠂ ᠨᠡᠶᠢᠳᠡᠯᠢᠭ ᠠᠮᠢ ᠠᠬᠤᠢ ᠶᠢᠨ ᠪᠤᠯᠪᠠᠰᠤᠨ ᠤ ᠪᠠᠶᠡᠴᠢᠯᠡᠨ ᠤᠢᠢᠯᠠᠭᠠᠬᠤ ᠤᠷᠤᠨ ᠪᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠨᠦᠬᠦᠴᠡᠯ ᠨᠡᠯᠢᠶᠡᠳ ᠰᠠᠶᠢᠨ᠃ ᠵᠢᠯ ᠤᠨ ᠲᠤᠮᠳᠠᠴᠢ ᠲᠤᠨᠤᠳᠠᠰᠤᠨ ᠤ ᠭᠡᠮᠵᠢᠶ᠎ᠠ 400 — 500 ᠮᠢᠯᠢᠮᠧᠲᠷ᠂ ᠨᠠᠷᠠ ᠬᠤᠷ᠎ᠠ ᠲᠡᠭᠰᠢ᠂ ᠲᠦᠷᠪᠡᠨ ᠤᠯᠠᠷᠢᠯ ᠤᠨ ᠢᠯᠭᠠᠭ᠎ᠠ ᠢᠯᠡ ᠲᠤᠳᠤ᠂ ᠲᠡᠯᠡᠭᠡᠢ ᠪᠠᠷ ᠢᠶᠠᠨ ᠮᠡᠳᠡᠷᠡᠭᠰᠡᠨ ︽ᠡᠷᠳᠡᠨᠢ ᠰᠢᠰᠢ ᠲᠠᠷᠢᠬᠤ ᠰᠢᠵᠢᠷ ᠠᠯᠳᠠᠨ ᠪᠦᠰᠡ︾ ᠪᠠ ︽ᠬᠠᠮᠤᠭ ᠰᠠᠶᠢᠨ ᠦᠭᠡᠷ ᠲᠡᠵᠢᠭᠡᠬᠦ ᠪᠦᠰᠡ︾ ᠪᠤᠯᠤᠨ᠎ᠠ᠃ ᠲᠠᠷᠢᠶᠠᠨ ᠭᠠᠵᠠᠷ ᠤᠨ ᠲᠠᠯᠠᠪᠠᠢ 1200 ᠲᠦᠮᠡᠨ ᠮᠤ᠋᠂ ᠠᠮᠤ ᠪᠤᠳᠠᠭᠠᠨ ᠤ ᠵᠢᠯ ᠤᠨ ᠤᠨᠠᠯᠳᠠ 50 ᠳ᠋ᠦᠩᠰᠢᠭᠤᠷ ᠵᠢᠩ ᠠᠴᠠ ᠲᠡᠭᠡᠭᠰᠢ ᠪᠠᠶᠢᠳᠠᠯ ᠳᠤ ᠲᠤᠭᠳᠠᠪᠤᠷᠢᠵᠢᠵᠦ ᠂ ᠮᠠᠯ ᠤᠨᠤᠭ᠎ᠠ ᠶᠢᠨ ᠲᠤᠭ᠎ᠠ 820 ᠲᠦᠮᠡᠨ ᠲᠤᠯᠤᠭᠠᠢ ᠪᠤᠢ᠃     ᠵᠠᠮ ᠬᠠᠷᠢᠯᠴᠠᠭ᠎ᠠ ᠶᠢᠨ ᠤᠷᠤᠨ ᠪᠠᠶᠢᠷᠢ ᠶᠢᠨ ᠲᠠᠪᠠᠭᠤᠯᠢᠭ ᠢᠯᠡᠷᠭᠡᠢ᠃ ᠡᠷᠬᠢᠨ ᠲᠤᠭᠤᠷᠢᠨ ᠤ 400 ᠺᠢᠯᠤᠮᠧᠲᠷ ᠤᠨ ᠬᠦᠷᠢᠶ᠎ᠠ ᠭᠡᠪᠴᠢᠶᠡᠨ ᠳᠤ ᠨᠢᠭᠡ ᠠᠶᠢᠮᠠᠭ ᠬᠤᠶᠠᠷ ᠬᠤᠳᠠ ᠭᠤᠷᠪᠠᠨ ᠮᠤᠵᠢ ᠨᠢᠭᠡ ᠤᠯᠤᠰ ᠪᠠᠶᠢᠵᠦ᠂ ᠵᠡᠭᠦᠨ ᠬᠤᠶᠢᠳᠤ ᠶᠢᠨ ᠵᠠᠬ᠎ᠠ ᠲᠡᠯᠭᠡᠭᠦᠷ ᠲᠠᠢ ᠤᠢᠢᠷᠠᠬᠠᠨ᠂ ᠬᠠᠷᠠᠮᠦ᠋ᠷᠡᠨ ᠬᠢᠷᠢᠨ ᠯᠢᠶᠤᠤᠨᠢᠩ ᠭᠤᠷᠪᠠᠨ ᠮᠤᠵᠢ ᠶᠢᠨ ᠲᠡᠪᠢᠭᠦᠷ ᠬᠡᠯᠪᠡᠷᠢᠳᠤ ᠶᠢᠨ ᠲᠦᠪ  ᠲᠤ ᠪᠠᠶᠢᠷᠢᠰᠢᠵᠦ᠂ ᠵᠡᠭᠦᠨ ᠬᠤᠶᠢᠳᠤ ᠤᠷᠤᠨ ᠴᠢᠨᠠᠭᠰᠢᠯᠠᠪᠠᠯ ᠵᠡᠭᠦᠨ ᠬᠤᠶᠢᠳᠤ ᠠᠽᠢᠶ᠎ᠠ ᠶᠢᠨ ᠤᠷᠤᠰ ᠮᠤᠩᠭᠤᠯ ᠲᠠᠢ ᠨᠡᠪᠳᠡᠷᠡᠬᠦ ᠴᠢᠬᠤᠯᠠ ᠠᠵᠤ ᠠᠬᠤᠢ ᠶᠢᠨ ᠬᠤᠩᠬᠢᠯ ᠪᠤᠯᠤᠨ᠎ᠠ᠃ ᠤᠳᠤᠬᠠᠨ ᠳᠤ ᠭᠡᠳᠦ᠋ᠢᠪᠡᠷ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠨ ᠵᠠᠮ ᠬᠠᠷᠢᠯᠴᠠᠭᠠᠨ ᠤ ᠵᠦᠷᠢᠯᠢᠭ ᠲᠤᠤᠷ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠪᠤᠯᠪᠠᠴᠦ ᠰᠠᠭᠤᠷᠢ ᠲᠦᠭᠦᠭᠡᠷᠦᠮᠵᠢ ᠶᠢᠨ ᠨᠦᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠭᠦ ᠴᠢᠬᠤᠯᠠᠳᠠᠢ᠃     ᠡᠬᠢ ᠪᠠᠶᠠᠯᠢᠭ ᠢ ᠤᠷᠤᠨ ᠠᠯᠤᠰᠯᠠᠨ ᠲᠤᠬᠢᠷᠠᠭᠤᠯᠬᠤ ᠲᠦᠭᠦᠮ ᠨᠦᠬᠦᠴᠡᠯ ᠲᠠᠢ᠃ ᠶᠡᠭᠡ ᠬᠢᠩᠭᠠᠨ ᠳᠠᠪᠠᠭᠠᠨ  ᠤ ᠠᠭᠤᠷᠬᠠᠢ ᠪᠦᠷᠢᠯᠳᠦᠬᠦ ᠪᠦᠰᠡ ᠶᠢᠨ ᠭᠤᠤᠯ ᠤᠷᠤᠨ ᠳᠤ ᠪᠠᠶᠢᠷᠢᠰᠢᠵᠤ᠂ ᠦᠩᠭᠡᠲᠦ ᠲᠡᠮᠦᠷᠯᠢᠭ ᠤᠨ  ᠡᠬᠢ ᠪᠠᠶᠠᠯᠢᠭ ᠭᠤᠤᠯ ᠪᠠᠶᠢᠷᠢ ᠶᠢ ᠡᠵᠡᠯᠡᠨ᠎ᠡ᠃ ᠭᠠᠵᠠᠷ ᠲᠤᠤᠷ᠎ᠠ ᠬᠦᠩᠭᠡᠨᠴᠠᠭᠠᠨ᠂ ᠴᠠᠶᠢᠷ᠂  ᠵᠠᠰ᠂ ᠮᠠᠭᠨᠢ᠂  ᠲᠠᠮᠤᠷ ᠵᠡᠷᠭᠡ ᠡᠳ᠋ ᠠᠭᠤᠷᠰᠤᠨ ᠪᠤᠢ᠃ ᠠᠵᠤ ᠠᠬᠤᠢ ᠶᠢᠨ ᠭᠦᠢᠯᠭᠡᠭᠡᠨ ᠲᠤᠭᠤᠷᠢᠭ ᠤᠨ ᠬᠡᠪᠴᠢᠶᠡᠨ ᠳᠤ᠂  ᠮᠤᠩᠭᠤᠯ ᠤᠯᠤᠰ ᠪᠤᠯᠤᠨ ᠬᠦᠯᠦᠨ ᠪᠤᠶᠢᠷ᠂ ᠰᠢᠯᠢ ᠶᠢᠨ ᠭᠤᠤᠯ᠂  ᠲᠦᠩᠯᠢᠶᠤᠤ ᠵᠡᠷᠭᠡ ᠭᠠᠵᠠᠷ ᠤᠷᠤᠨ ᠲᠠᠢ ᠨᠠᠶᠢᠯᠡᠭᠡᠳ ᠨᠡᠭᠦᠷᠡᠰᠦᠨ ᠡᠳ᠋ ᠪᠠᠶᠠᠯᠢᠭ ᠡᠯᠪᠡᠭ ᠤᠷᠤᠨ ᠪᠤᠯᠤᠭᠰᠠᠨ ᠪᠠᠶᠢᠨ᠎ᠠ᠃      ᠠᠩᠬᠠᠯᠠᠨ ᠪᠤᠳᠤᠭᠰᠠᠨ ᠢᠶᠠᠷ᠂ 2017 ᠤᠨ ᠳᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 417.92 ᠳ᠋ᠦᠩᠰᠢᠭᠤᠷ ᠲᠦᠭᠦᠷᠢᠭ   ᠢ ᠪᠡᠶᠡᠯᠡᠭᠦᠯᠦᠨ᠎ᠡ᠂ ᠬᠠᠷᠢᠴᠠᠭᠤᠯᠬᠤᠶᠢᠴᠠ ᠦᠨ᠎ᠡ ᠬᠠᠩᠰᠢ ᠪᠠᠷ ᠪᠤᠳᠤᠪᠠᠯ᠂  ᠨᠢᠳᠤᠨᠤᠨ ᠤ   ᠬᠢ ᠠᠴᠠ4.0%   ᠪᠠᠷ ᠨᠡᠮᠡᠭᠳᠡᠭᠰᠡᠨ ᠪᠠᠶᠢᠨ᠎ᠠ  ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ125.51 ᠳ᠋ᠦᠩᠰᠢᠭᠤᠷ ᠲᠦᠭᠦᠷᠢᠭ  ᠂ 5.1% ᠪᠠᠷ ᠨᠡᠮᠡᠭᠳᠡᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ124.44 ᠳ᠋ᠦᠩᠰᠢᠭᠤᠷ ᠲᠦᠭᠦᠷᠢᠭ᠂ 2.9% ᠪᠠᠷ ᠨᠡᠮᠡᠭᠳᠡᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ167.97 ᠳ᠋ᠦᠩᠰᠢᠭᠤᠷ ᠲᠦᠭᠦᠷᠢᠭ  ᠂ 3.9% ᠪᠠᠷ ᠨᠡᠮᠡᠭᠳᠡᠨ᠎ᠡ᠃ ᠤᠷᠤᠨ ᠨᠤᠲᠤᠭ ᠤᠨ ᠦᠢᠯᠡᠳᠪᠦᠷᠢᠯᠡᠯ ᠤᠨ ᠦᠷᠳᠡᠭ ᠤᠨ ᠲᠤᠲᠤᠷ᠎ᠠ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠠᠷᠢᠴᠠᠯ ᠲᠡᠭᠡᠷ᠎ᠡ ᠵᠢᠯ ᠤᠨ 29.9:30.0:40.1 ᠪᠠᠶᠢᠭᠰᠠᠨ ᠠᠴᠠ30.0:29.8:40.2 ᠪᠤᠯᠵᠠᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠪᠢ ᠨᠡᠮᠡᠷᠢ ᠦᠵᠡᠭᠦᠯᠦᠭᠰᠡᠨ ᠬᠡᠮᠵᠢᠶ᠎ᠡ ᠲᠤᠰ ᠲᠤᠰ 39.4 %᠂ 21.4%  ᠪᠠ 39.2% ᠲᠤ ᠬᠦᠷᠴᠦ᠂  ᠪᠦᠬᠦ ᠠᠶᠢᠮᠠᠭ ᠤᠨ ᠬᠦᠮᠦᠨ ᠲᠤᠮᠳᠠᠴᠢ ᠶᠢᠨ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 26074 ᠲᠦᠭᠦᠷᠢᠭ ᠲᠤ ᠬᠦᠷᠴᠦ᠂  ᠨᠢᠳᠤᠨᠤᠨ ᠤ ᠬᠢ ᠠᠴᠠ3.8% ᠪᠠᠷ ᠨᠡᠮᠡᠭᠳᠡᠨ᠎ᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号