ᠡᠯ᠎ᠠ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠄ | ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠭᠠᠯ ᠰᠡᠷᠭᠡᠶᠢᠯᠡᠯᠳᠡ ᠶᠢᠨ ᠦᠨᠳᠦᠰᠦᠨ ᠱᠠᠳᠤᠨ ᠤ ᠰᠠᠭᠤᠷᠢ ᠶᠢᠨ ᠪᠠᠶᠢᠭᠤᠯᠤᠯᠳᠠ ᠶᠢ ᠤᠯᠠᠮ | ᠨᠢᠭᠡ ᠠᠯᠬᠤᠮ ᠴᠢᠩᠭᠠᠳᠬᠠᠵᠦ᠂ ᠤᠨᠴᠠ ᠬᠦᠨᠳᠦ ᠭᠠᠯ ᠤᠨ ᠠᠶᠤᠯ ᠡᠭᠦᠰᠬᠦ ᠶᠢ ᠪᠦᠳᠦᠮᠵᠢ ᠰᠡᠷᠭᠡᠶᠢᠯᠡᠬᠦ ᠪᠠ ᠡᠷᠡᠰ | ᠬᠤᠷᠢᠭᠯᠠᠬᠤ ᠶᠢᠨ ᠲᠦᠯᠦᠭᠡ᠂ ᠤᠳᠤ 2018 ᠤᠨ ᠤ ᠪᠦᠬᠦ ᠠᠶᠢᠮᠠᠭ ᠤᠨ ᠭᠠᠯ ᠰᠡᠷᠭᠡᠶᠢᠯᠡᠬᠦ ᠠᠵᠢᠯ ᠤᠨ ᠲᠤᠬᠠᠢ | ᠲᠤᠤᠷᠠᠬᠢ ᠭᠤᠤᠯ ᠡᠭᠦᠷᠭᠡ ᠶᠢ ᠲᠤᠭᠳᠠᠭᠠᠪᠠ᠄ | ᠨᠢᠭᠡ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ | ︵1︶ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠭᠠᠯ ᠰᠡᠷᠭᠡᠶᠢᠯᠡᠬᠦ ᠠᠮᠤᠷ | ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠭᠡᠷᠡᠭᠵᠢᠭᠦᠯᠭᠦ ᠠᠷᠭ᠎ᠠ ᠶᠢ ᠭᠡᠪᠯᠡᠨ ᠲᠠᠷᠬᠠᠭᠠᠬᠤ ᠲᠤᠬᠠᠢ ᠮᠡᠳᠡᠭᠳᠡᠯ︾ | ︵ᠲᠦᠷᠦ ᠶᠢᠨ ᠶᠠᠪᠤᠳᠠᠯ ᠤᠨ ᠬᠤᠷᠢᠶ᠎ᠠ ︹2017︺87 ᠳ᠋ᠤᠭᠠᠷ ᠨᠤᠮᠧᠷᠳᠤ︶ ᠪᠠ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠦᠷᠢᠮ ᠢ ᠭᠡᠷᠡᠭᠵᠢᠭᠦᠯᠭᠦ ᠠᠷᠭ᠎ᠠ ᠶᠢ ᠭᠡᠪᠯᠡᠨ ᠲᠠᠷᠬᠠᠭᠠᠬᠤ ᠲᠤᠬᠠᠢ ᠮᠡᠳᠡᠭᠳᠡᠯ ᠢ ᠲᠠᠮᠵᠢᠭᠤᠯᠬᠤ︾ ︵ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠷᠬᠠᠭᠠᠪᠠ | ︹2018︺14 ᠳ᠋ᠦ᠋ᠭᠡᠷ ᠨᠤᠮᠧᠷᠳᠤ︶ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ | ᠂ ᠭᠠᠯ ᠤᠨ ᠠᠶᠤᠯ ᠤᠨ ᠪᠠᠶᠢᠳᠠᠯ ᠤᠨ ᠲᠤᠭᠳᠠᠭᠤᠨ ᠪᠠᠶᠢᠬᠤ ᠶᠢ ᠪᠠᠳᠤᠯᠠᠨ᠎ᠠ᠃ | ︵2︶ ᠡᠯ᠎ᠠ ᠬᠤᠰᠢᠭᠤ ᠰᠢᠶᠠᠨ ᠬᠤᠳᠠ ᠬᠠᠮᠤᠭ ᠪᠠᠭ᠎ᠠ ᠳᠠᠭᠠᠨ 1 ᠤᠳᠠᠭᠠᠨ ᠤ ᠵᠠᠰᠠᠭ ᠤᠨ ᠤᠷᠳᠤᠨ ᠤ | ᠪᠠᠶᠢᠩᠭᠤ ᠶᠢᠨ ᠬᠤᠷᠠᠯ ᠬᠤᠷᠠᠯᠳᠤᠭᠤᠯᠵᠦ ᠭᠠᠯ ᠰᠡᠷᠭᠡᠶᠢᠯᠡᠬᠦ ᠠᠵᠢᠯ ᠢ ᠰᠤᠳᠤᠯᠬᠤ ᠶᠢᠨ ᠬᠠᠮᠳᠤ ᠭᠠᠯ ᠰᠡᠷᠭᠡᠶᠢᠯᠡᠬᠦ | ᠠᠵᠢᠯ ᠢ ᠵᠠᠰᠠᠭ ᠤᠨ ᠶᠠᠪᠤᠳᠠᠯ ᠤᠨ ᠬᠢᠨᠠᠨ ᠱᠠᠯᠠᠪᠳᠠᠭᠤᠯᠬᠤ ᠠᠭᠤᠯᠭ᠎ᠠ ᠳᠤ ᠤᠷᠤᠭᠤᠯᠤᠨ᠎ᠠ᠃ | ︵3︶ 2017 ᠤᠨ ᠤ ᠲᠠᠭᠤᠰᠬᠠᠭᠠᠳᠤᠢ ᠠᠵᠢᠯ ᠤᠨ ᠡᠭᠦᠷᠭᠡ ᠶᠢ ᠲᠤᠰ ᠤᠨ ᠤ ᠭᠤᠤᠯ ᠡᠭᠦᠷᠭᠡ ᠳᠤ | ᠤᠷᠤᠭᠤᠯᠤᠨ᠎ᠠ᠃ | ᠬᠤᠶᠠᠷ᠂ ᠤᠯᠠᠨ ᠨᠡᠶᠢᠳᠡ ᠶᠢᠨ ᠭᠠᠯ ᠰᠡᠷᠭᠡᠶᠢᠯᠡᠬᠦ ᠰᠠᠭᠤᠷᠢ ᠪᠠᠶᠢᠭᠤᠯᠤᠯᠳᠠ ᠶᠢ ᠴᠢᠩᠭᠠᠳᠬᠠᠬᠤ | ︵1︶ ᠬᠤᠳᠠ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠦᠨᠡᠯᠡᠯᠳᠡ ᠶᠢ | ᠪᠡᠶᠡᠯᠡᠭᠦᠯᠦᠨ᠎ᠠ᠃ | ︵2︶ ᠦᠨᠳᠦᠷ ᠪᠠᠷᠢᠯᠭ᠎ᠠ᠂ ᠴᠢᠯᠠᠭᠤᠨ ᠲᠤᠰᠤ ᠬᠢᠮᠢ ᠶᠢᠨ ᠠᠵᠤ ᠠᠬᠤᠢᠢᠯᠠᠯ ᠤᠨ ᠭᠠᠯ ᠤᠨ ᠠᠶᠤᠯ ᠢ | ᠰᠢᠢᠳᠪᠤᠷᠢᠯᠡᠬᠦ ᠲᠤᠰᠬᠠᠢ ᠠᠩᠬᠢ ᠶᠢ ᠲᠦᠷᠦᠯ ᠬᠤᠪᠢᠶᠠᠨ ᠪᠠᠶᠢᠭᠤᠯᠵᠦ᠂ ᠵᠤᠬᠢᠰᠳᠠᠢ ᠲᠡᠷᠭᠡ ᠤᠨᠤᠭ᠎ᠠ ᠪᠠ | ᠲᠦᠭᠦᠭᠡᠷᠦᠮᠵᠢ ᠲᠤᠨᠤᠭᠯᠠᠯ ᠲᠤᠬᠢᠷᠠᠭᠤᠯᠤᠨ᠎ᠠ᠃ ᠭᠠᠯ ᠰᠡᠷᠭᠡᠶᠢᠯᠡᠵᠦ ᠤᠨᠳᠠᠷᠠᠭᠠᠬᠤ ᠦᠷᠳᠡᠭᠡ ᠶᠢᠨ ᠲᠡᠷᠭᠡ ᠶᠢ | ᠲᠤᠬᠢᠷᠠᠭᠤᠯᠬᠤ ᠳᠤ ︽ᠬᠤᠳᠠ ᠶᠢᠨ ᠭᠠᠯ ᠰᠡᠷᠭᠡᠶᠢᠯᠡᠵᠦ ᠤᠨᠳᠠᠷᠠᠭᠠᠬᠤ ᠦᠷᠳᠡᠭᠡ ᠶᠢᠨ ᠪᠠᠶᠢᠭᠤᠯᠤᠯᠳᠠ ᠶᠢᠨ | ᠪᠠᠷᠢᠮᠵᠢᠶ᠎ᠠ︾ ︵ᠪᠠᠷᠢᠯᠭ᠎ᠠ ᠶᠢᠨ ᠪᠠᠷᠢᠮᠵᠢᠶ᠎ᠠ 152 — 2017︶ ᠳᠤ ᠬᠦᠷᠭᠡᠨ᠎ᠠ᠃ ᠷᠠᠰᠢᠶᠠᠨ ᠬᠤᠳᠠ ᠶᠢᠨ | ᠭᠠᠯ ᠰᠡᠷᠭᠡᠶᠢᠯᠡᠵᠦ ᠭᠠᠯ ᠤᠨᠳᠠᠷᠠᠭᠠᠬᠤ ᠬᠤᠶᠠᠳᠤᠭᠠᠷ ᠲᠤᠮᠳᠠ ᠠᠩᠬᠢ ᠶᠢ ᠠᠰᠢᠭᠯᠠᠯᠳᠠ ᠳᠤ ᠤᠷᠤᠭᠤᠯᠵᠦ | ᠵᠢᠵᠢᠭᠦᠷᠯᠡᠭᠦᠯᠦᠨᠠ᠃ | ︵3︶ ᠤᠯᠠᠭᠠᠨᠬᠤᠳᠠ ᠬᠤᠳᠠ ᠶᠢᠨ ᠶᠠᠪᠤᠳᠠᠯ ᠤᠨ ᠭᠠᠯ ᠤᠨᠳᠠᠷᠠᠭᠠᠭᠤᠷ ᠢ 60 ᠪᠠᠶᠢᠭᠤᠯᠵᠦ᠂ ᠷᠠᠰᠢᠶᠠᠨ | ᠬᠤᠳᠠ ᠬᠤᠳᠠ ᠶᠢᠨ ᠶᠠᠪᠤᠳᠠᠯ ᠤᠨ ᠭᠠᠯ ᠤᠨᠳᠠᠷᠠᠭᠠᠭᠤᠷ ᠢ 20 ᠪᠠᠶᠢᠭᠤᠯᠵᠦ᠂ ᠵᠠᠯᠠᠶᠢᠳ ᠬᠤᠰᠢᠭᠤ᠂ ᠬᠤᠷᠴᠢᠨ | ᠪᠠᠷᠠᠭᠤᠨ ᠭᠠᠷᠤᠨ ᠡᠮᠦᠨᠡᠳᠦ ᠬᠤᠰᠢᠭᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠪᠠ ᠲᠦᠴᠢᠤᠸᠠᠨ | ᠰᠢᠶᠠᠨ ᠬᠤᠳᠠ ᠶᠢᠨ ᠶᠠᠪᠤᠳᠠᠯ ᠤᠨ ᠭᠠᠯ ᠤᠨᠳᠠᠷᠠᠭᠠᠭᠤᠷ ᠢ ᠲᠤᠰ ᠲᠤᠰ 30 ᠪᠠᠶᠢᠭᠤᠯᠤᠨ᠎ᠠ᠃ ᠬᠤᠳᠠ ᠶᠢᠨ | ᠶᠠᠪᠤᠳᠠᠯ ᠤᠨ ᠭᠠᠯ ᠤᠨᠳᠠᠷᠠᠭᠠᠭᠤᠷ ᠤᠨ ᠪᠦᠷᠢᠨ ᠪᠦᠳᠦᠨ ᠨᠤᠷᠮ᠎ᠠ 98% ᠠᠴᠠ ᠲᠡᠭᠡᠭᠰᠢ ᠪᠠᠶᠢᠬᠤ ᠶᠢ ᠪᠠᠳᠤᠯᠠᠨ᠎ᠠ᠃ | | ᠭᠤᠷᠪᠠ᠂ ᠤᠯᠠᠨ ᠭᠡᠯᠪᠡᠷᠢ ᠶᠢᠨ ᠭᠠᠯ ᠰᠡᠷᠭᠡᠶᠢᠯᠡᠬᠦ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ | ︵1︶ ᠡᠩᠨᠡᠭᠡ ᠪᠠᠶᠢᠭᠤᠯᠬᠤ ᠨᠦᠬᠦᠴᠡᠯ ᠳᠤ ᠨᠡᠶᠢᠴᠡᠬᠦ ᠰᠤᠮᠤ ᠰᠢᠶᠠᠩ ᠪᠠᠯᠭᠠᠰᠤ ᠪᠦᠷ ᠵᠠᠰᠠᠭ ᠤᠨ | ᠤᠷᠳᠤᠨ ᠤ ᠲᠤᠰᠬᠠᠢ ᠲᠤᠰᠢᠶᠠᠯᠳᠤ ᠭᠠᠯ ᠰᠡᠷᠭᠡᠶᠢᠯᠡᠬᠦ ᠠᠩᠬᠢ ᠪᠠᠶᠢᠭᠤᠯᠤᠨ᠎ᠠ᠃ ᠲᠤᠮᠤ ᠭᠡᠪᠴᠢᠶᠡᠨ ᠤ ᠠᠵᠤ | ᠠᠬᠤᠢᠢᠯᠠᠯ ᠬᠠᠤᠯᠢ ᠶᠤᠰᠤᠭᠠᠷ ᠲᠤᠰᠬᠠᠢ ᠲᠤᠰᠢᠶᠠᠯᠳᠤ ᠭᠠᠯ ᠰᠡᠷᠭᠡᠶᠢᠯᠡᠬᠦ ᠠᠩᠬᠢ ᠪᠠᠶᠢᠭᠤᠯᠤᠨ᠎ᠠ᠃ | ︵ᠬᠤᠶᠠᠷ︶ ᠤᠯᠠᠭᠠᠨᠬᠤᠳᠠ ᠶᠢᠨ ᠬᠢᠨ ᠵᠠᠰᠠᠭ ᠤᠨ ᠤᠷᠳᠤᠨ ᠤ ᠲᠤᠰᠬᠠᠢ ᠲᠤᠰᠢᠶᠠᠯᠳᠤ ᠭᠠᠯ ᠰᠡᠷᠭᠡᠶᠢᠯᠡᠬᠦ | ᠭᠡᠰᠢᠭᠦᠨ ᠢ 25 ᠨᠡᠷᠡᠰ ᠡᠯᠰᠡᠵᠦ᠂ ᠷᠠᠰᠢᠶᠠᠨ ᠬᠤᠳᠠ ᠶᠢᠨ ᠬᠢᠨ ᠵᠠᠰᠠᠭ ᠤᠨ ᠤᠷᠳᠤᠨ ᠤ ᠲᠤᠰᠬᠠᠢ ᠲᠤᠰᠢᠶᠠᠯᠳᠤ | ᠭᠠᠯ ᠰᠡᠷᠭᠡᠶᠢᠯᠡᠬᠦ ᠭᠡᠰᠢᠭᠦᠨ ᠢ 15 ᠨᠡᠷᠡᠰ ᠡᠯᠰᠡᠨ᠎ᠠ᠃ | ᠲᠦᠷᠪᠡ᠂ ᠭᠠᠯ ᠤᠨ ᠠᠶᠤᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠬᠤ | ︵1︶ ᠭᠠᠯ ᠤᠨ ᠠᠶᠤᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠬᠦᠴᠦᠯᠡᠴᠡ ᠪᠠᠨ ᠴᠢᠩᠭᠠᠳᠬᠠᠨ᠂ | ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠭᠠᠯ ᠰᠡᠷᠭᠡᠶᠢᠯᠡᠬᠦ ᠠᠮᠤᠷ ᠲᠦᠪᠰᠢᠨ ᠤ ᠲᠤᠰᠬᠠᠢ ᠵᠠᠰᠠᠨ ᠴᠡᠭᠴᠡᠯᠡᠬᠦ | ᠠᠵᠢᠯᠯᠠᠭ᠎ᠠ ᠦᠷᠨᠢᠭᠦᠯᠦᠨ᠎ᠠ᠃ | ︵2︶ 5 ᠠᠵᠢᠯ ᠲᠦᠷᠦᠯ ᠤᠨ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠭᠠᠯ ᠰᠡᠷᠭᠡᠶᠢᠯᠡᠬᠦ | ᠬᠠᠮᠢᠶᠠᠷᠤᠯᠳᠠ ᠶᠢᠨ ᠵᠢᠱᠢᠶ᠎ᠠ ᠦᠵᠡᠭᠦᠯᠭᠦ ᠪᠠᠶᠢᠭᠤᠯᠤᠯᠳᠠ ᠦᠷᠨᠢᠭᠦᠯᠵᠦ᠂ ᠠᠵᠢᠯ ᠲᠦᠷᠦᠯ ᠤᠨ ᠰᠠᠯᠠᠭ᠎ᠠ ᠮᠦᠴᠢᠷ | ᠪᠦᠷᠢ ᠶᠢᠨ ᠭᠠᠯ ᠰᠡᠷᠭᠡᠶᠢᠯᠡᠬᠦ ᠬᠠᠮᠢᠶᠠᠷᠤᠯᠳᠠ ᠶᠢᠨ ᠵᠢᠱᠢᠶ᠎ᠠ ᠦᠵᠡᠭᠦᠯᠭᠦ ᠪᠠᠶᠢᠭᠤᠯᠤᠯᠳᠠ ᠶᠢᠨ ᠪᠠᠷᠢᠮᠵᠢᠶ᠎ᠠ ᠳᠤ ᠨᠡᠶᠢᠴᠡᠬᠦ | ᠨᠢᠭᠡᠴᠡ ᠨᠢ 1 ᠠᠴᠠ ᠲᠤᠷᠤᠭᠰᠢ ᠪᠠᠶᠢᠵᠦ ᠪᠤᠯᠬᠤ ᠦᠭᠡᠢ᠃ | ︵3︶ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ ᠶᠢᠨ ᠭᠠᠯ ᠰᠡᠷᠭᠡᠶᠢᠯᠡᠬᠦ ᠬᠢᠨᠠᠯᠳᠠ | ᠬᠠᠮᠢᠶᠠᠷᠤᠯᠳᠠ ᠶᠢᠨ ᠪᠠᠷᠢᠮᠵᠢᠶ᠎ᠠ ᠳᠤ ᠬᠦᠷᠭᠡᠬᠦ ᠡᠭᠦᠳᠦᠨ ᠪᠠᠶᠢᠭᠤᠯᠬᠤ ᠵᠢᠱᠢᠶ᠎ᠠ ᠦᠵᠡᠭᠦᠯᠭᠦ ᠠᠵᠢᠯᠯᠠᠭ᠎ᠠ ᠦᠷᠨᠢᠭᠦᠯᠵᠦ᠂ | ᠷᠠᠰᠢᠶᠠᠨ ᠬᠤᠳᠠ 1 ᠪᠠᠶᠢᠭᠤᠯᠤᠯᠳᠠ ᠶᠢᠨ ᠡᠭᠦᠷᠭᠡ ᠶᠢ ᠪᠡᠶᠡᠯᠡᠭᠦᠯᠵᠦ᠂ ᠪᠤᠰᠤᠳ ᠬᠤᠰᠢᠭᠤ ᠰᠢᠶᠠᠨ ᠬᠤᠳᠠ | ᠬᠠᠮᠤᠭ ᠪᠠᠭ᠎ᠠ ᠳᠠᠭᠠᠨ 2 ᠪᠠᠶᠢᠭᠤᠯᠤᠯᠳᠠ ᠶᠢᠨ ᠡᠭᠦᠷᠭᠡ ᠶᠢ ᠪᠡᠶᠡᠯᠡᠭᠦᠯᠭᠦ ᠭᠡᠷᠡᠭᠳᠡᠢ᠃ | ︵4︶ ᠰᠤᠮᠤ᠂ ᠰᠢᠶᠠᠩ ᠪᠠᠯᠭᠠᠰᠤ᠂ ᠵᠡᠭᠡᠯᠢ ᠶᠢᠨ ᠬᠢᠨ ᠭᠠᠯ ᠰᠡᠷᠭᠡᠶᠢᠯᠡᠬᠦ ᠠᠮᠤᠷ ᠲᠦᠪᠰᠢᠨ ᠤ | ᠲᠤᠤᠷᠵᠢᠯᠳᠡ ᠶᠢᠨ ᠭᠡᠯᠪᠡᠷᠢ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠳᠡᠢ᠃ ︽ᠭᠠᠯ | ᠰᠡᠷᠭᠡᠶᠢᠯᠡᠬᠦ ᠠᠮᠤᠷ ᠲᠦᠪᠰᠢᠨ ᠤ ᠨᠡᠶᠢᠭᠡᠮ ᠲᠤᠭᠤᠷᠢᠭ ᠢ ᠡᠭᠦᠳᠦᠨ ᠪᠠᠶᠢᠭᠤᠯᠬᠤ︾ ᠠᠵᠢᠯᠯᠠᠭ᠎ᠠ ᠶᠢ | ᠬᠦᠨᠵᠡᠭᠡᠶᠢᠷᠡᠭᠦᠯᠵᠦ᠂ ᠨᠡᠶᠢᠭᠡᠮ ᠲᠤᠭᠤᠷᠢᠭ 100% ᠪᠠᠷ ᠢᠶᠠᠨ ᠪᠠᠷᠢᠮᠵᠢᠶ᠎ᠠ ᠳᠤ ᠨᠡᠶᠢᠴᠡᠬᠦ ᠭᠡᠷᠡᠭᠳᠡᠢ᠃ | ︵5︶ 2017 ᠤᠨ ᠠᠴᠠ ᠡᠮᠦᠨ᠎ᠠ ᠫᠠᠶᠢᠰᠠ ᠡᠯᠭᠦᠭᠰᠡᠨ ᠪᠠ ᠰᠡᠷᠡᠮᠵᠢᠯᠡᠭᠦᠯᠦᠭᠰᠡᠨ ᠬᠦᠨᠳᠦ ᠨᠤᠴᠢᠳᠠᠢ ᠪᠤᠶᠤ | ᠤᠷᠤᠨ ᠲᠤᠭᠤᠷᠢᠭ ᠤᠨ ᠴᠢᠨᠠᠷᠳᠠᠢ ᠭᠠᠯ ᠤᠨ ᠠᠶᠤᠯ ᠤᠨ ᠲᠠᠯᠳᠠ ᠭᠡᠮ ᠢ 2018 ᠤᠨ ᠤ 9 ᠰᠠᠷ᠎ᠠ ᠠᠴᠠ ᠡᠮᠦᠨ᠎ᠠ | ᠪᠦᠬᠦᠨ ᠢ ᠵᠠᠰᠠᠨ ᠰᠠᠶᠢᠵᠢᠷᠠᠭᠤᠯᠤᠨ ᠲᠠᠭᠤᠰᠬᠠᠨ᠎ᠠ᠂ 2018 ᠳᠤ ᠫᠠᠶᠢᠰᠠ ᠡᠯᠭᠦᠭᠰᠡᠨ ᠪᠠ ᠰᠡᠷᠡᠮᠵᠢᠯᠡᠭᠦᠯᠦᠭᠰᠡᠨ ᠢ | ᠵᠢᠯ ᠤᠨ ᠰᠡᠭᠦᠯᠴᠢ ᠠᠴᠠ ᠡᠮᠦᠨ᠎ᠠ ᠵᠠᠰᠠᠨ ᠰᠠᠶᠢᠵᠢᠷᠠᠭᠤᠯᠵᠦ ᠲᠠᠭᠤᠰᠬᠠᠨ᠎ᠠ᠃ | ᠲᠠᠪᠤ᠂ ︽ᠤᠶᠤᠨ ᠤᠬᠠᠭᠠᠨᠴᠢᠯᠠᠭᠰᠠᠨ ᠭᠠᠯ ᠰᠡᠷᠭᠡᠶᠢᠯᠡᠯᠳᠡ︾ ᠪᠠ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢ | ᠠᠬᠢᠭᠤᠯᠬᠤ | ︵1︶ ︽ᠤᠶᠤᠨ ᠤᠬᠠᠭᠠᠨᠴᠢᠯᠠᠭᠰᠠᠨ ᠭᠠᠯ ᠰᠡᠷᠭᠡᠶᠢᠯᠡᠯᠳᠡ︾ ᠶᠢᠨ ᠪᠠᠶᠢᠭᠤᠯᠤᠯᠳᠠ ᠶᠢ ᠦᠷᠨᠢᠭᠦᠯᠵᠦ᠂ ︽ | ᠤᠶᠤᠨ ᠤᠬᠠᠭᠠᠨᠴᠢᠯᠠᠭᠰᠠᠨ ᠬᠤᠳᠠ︾ ᠶᠢᠨ ᠪᠠᠶᠢᠭᠤᠯᠤᠯᠳᠠ ᠲᠠᠢ ᠬᠠᠮᠳᠤᠪᠠᠷ ᠭᠡᠷᠡᠭᠵᠢᠭᠦᠯᠦᠨ᠎ᠠ᠃ | ︵2︶ ᠬᠤᠳᠠ ᠶᠢᠨ ᠡᠳ᠋ ᠪᠠᠷᠠᠭᠠᠨ ᠤ ᠰᠦᠯᠵᠢᠶ᠎ᠠ ᠶᠢᠨ ᠭᠠᠯ ᠰᠡᠷᠭᠡᠶᠢᠯᠡᠬᠦ ᠠᠯᠤᠰ ᠡᠵᠡᠮᠰᠢᠯᠳᠡ ᠶᠢᠨ ᠬᠢᠨᠠᠨ | ᠡᠵᠡᠮᠰᠢᠬᠦ ᠰᠢᠰᠲ᠋ᠧᠮ ᠤᠨ ᠪᠠᠶᠢᠭᠤᠯᠤᠯᠳᠠ ᠶᠢ ᠲᠠᠭᠤᠰᠬᠠᠵᠦ᠂ ᠭᠠᠯ ᠤᠨ ᠠᠶᠤᠯ ᠤᠨ ᠦᠨᠳᠦᠷ ᠠᠶᠤᠯ | ᠲᠦᠭᠰᠢᠭᠦᠷᠢᠳᠡᠢ ᠨᠢᠭᠡᠴᠡ ᠪᠠ ᠠᠦ᠋ᠲ᠋ᠣ᠋ ᠭᠠᠯ ᠰᠡᠷᠭᠡᠶᠢᠯᠡᠯᠳᠡ ᠶᠢᠨ ᠲᠦᠭᠦᠭᠡᠷᠦᠮᠵᠢ ᠲᠠᠢ ᠦᠨᠳᠦᠷ ᠪᠠᠷᠢᠯᠭ᠎ᠠ ᠶᠢ ᠪᠦᠷ | ᠰᠢᠰᠲ᠋ᠧᠮ ᠳᠤ ᠵᠠᠯᠭᠠᠨ ᠤᠷᠤᠭᠤᠯᠤᠨ᠎ᠠ᠃ ᠬᠤᠳᠠ ᠶᠢᠨ ᠬᠦᠨᠳᠦ ᠨᠤᠴᠢᠳᠠᠢ ᠡ᠊ᠨᠳᠡᠯ ᠢ ᠪᠠᠴᠢᠮ ᠠᠷᠭᠠᠴᠠᠬᠤ ᠴᠢᠮᠡᠭᠡ | ᠨᠡᠪᠳᠡᠷᠡᠯᠭᠡ ᠶᠢᠨ ᠰᠢᠰᠲ᠋ᠧᠮ᠂ ᠭᠠᠵᠠᠷ ᠰᠢᠨᠵᠢᠯᠡᠭᠡᠨ ᠤ ᠴᠢᠨᠠᠷᠳᠠᠢ ᠭᠠᠮᠰᠢᠭ ᠠᠴᠠ ᠠᠪᠤᠷᠠᠬᠤ ᠪᠠᠴᠢᠮ ᠠᠷᠭᠠᠴᠠᠬᠤ | ᠴᠢᠮᠡᠭᠡ ᠨᠡᠪᠳᠡᠷᠡᠯᠭᠡ ᠶᠢᠨ ᠰᠢᠰᠲ᠋ᠧᠮ ᠢ ᠪᠠᠶᠢᠭᠤᠯᠤᠨ᠎ᠠ᠃ ᠪᠤᠳᠠᠳᠤ ᠪᠠᠶᠢᠯᠳᠤᠭᠠᠨᠴᠢᠯᠠᠭᠰᠠᠨ ᠵᠢᠯᠤᠭᠤᠳᠬᠤ | ᠲᠠᠪᠴᠠᠩ ᠤᠨ ᠪᠠᠶᠢᠭᠤᠯᠤᠯᠳᠠ ᠶᠢ ᠲᠠᠭᠤᠰᠬᠠᠨ᠎ᠠ᠃ | ᠵᠢᠷᠭᠤᠭ᠎ᠠ᠂ ᠭᠠᠯ ᠰᠡᠷᠭᠡᠶᠢᠯᠡᠬᠦ ᠤᠬᠠᠭᠤᠯᠭ᠎ᠠ ᠰᠤᠷᠭᠠᠨ ᠬᠦᠮᠦᠵᠢᠯ ᠪᠤᠯᠪᠠᠰᠤᠷᠠᠯ ᠢ ᠲᠡᠭᠦᠯᠳᠡᠷᠵᠢᠭᠦᠯᠭᠦ | ︵1︶ ︽ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠭᠡᠷᠡᠭᠵᠢᠭᠦᠯᠭᠦ ᠠᠷᠭ᠎ᠠ︾ | ᠶᠢᠨ ᠤᠬᠠᠭᠤᠯᠭ᠎ᠠ ᠪᠤᠯᠪᠠᠰᠤᠷᠠᠯ ᠢ ᠲᠦᠪᠯᠡᠷᠡᠭᠦᠯᠦᠨ ᠦᠷᠨᠢᠭᠦᠯᠵᠦ᠂ ᠨᠠᠮ ᠤᠨ ᠰᠤᠷᠭᠠᠭᠤᠯᠢ ᠪᠠ ᠠᠯᠪᠠᠳᠠᠨ ᠤ | ᠪᠤᠯᠪᠠᠰᠤᠷᠠᠯ ᠤᠨ ᠠᠭᠤᠯᠭ᠎ᠠ ᠳᠤ ᠤᠷᠤᠭᠤᠯᠵᠦ᠂ ᠨᠠᠮ ᠵᠠᠰᠠᠭ ᠤᠨ ᠤᠳᠤᠷᠢᠳᠤᠯᠭ᠎ᠠ᠂ ᠠᠵᠢᠯ ᠲᠦᠷᠦᠯ ᠤᠨ ᠰᠠᠯᠠᠭ᠎ᠠ | ᠮᠦᠴᠢᠷ᠂ ᠲᠤᠰᠬᠤᠨ ︵ᠰᠠᠭᠤᠭᠠᠯᠢ ᠠᠷᠠᠳ︶ ᠤᠨ ︽ᠬᠤᠶᠠᠷ ᠵᠦᠪᠯᠡᠯ︾ ᠤᠨ ᠬᠠᠷᠢᠭᠤᠴᠠᠯᠭᠠᠳᠠᠨ ᠳᠤ ᠪᠤᠯᠪᠠᠰᠤᠷᠠᠯ | ᠬᠦᠷᠳᠡᠭᠡᠬᠦ ᠨᠤᠷᠮ᠎ᠠ ᠶᠢ 100% ᠬᠦᠷᠭᠡᠵᠦ᠂ ᠨᠡᠶᠢᠭᠡᠮ ᠤᠨ ᠨᠢᠭᠡᠴᠡ ᠶᠢᠨ ᠪᠦᠬᠦ ᠭᠡᠰᠢᠭᠦᠳ ᠢ ᠪᠦᠷ | ᠪᠤᠯᠪᠠᠰᠤᠷᠠᠯ ᠳᠤ ᠤᠷᠤᠯᠴᠠᠭᠤᠯᠤᠨ᠎ᠠ᠃ | ︵2︶ ᠭᠠᠯ ᠰᠡᠷᠭᠡᠶᠢᠯᠡᠬᠦ ᠤᠬᠠᠭᠤᠯᠭ᠎ᠠ ᠰᠤᠷᠭᠠᠨ ᠬᠦᠮᠦᠵᠢᠯ ᠪᠤᠯᠪᠠᠰᠤᠷᠠᠯ ᠤᠨ ᠰᠠᠭᠤᠷᠢᠨ ᠢ ᠪᠠᠶᠢᠭᠤᠯᠵᠦ᠂ 1 | ᠵᠢᠱᠢᠶ᠎ᠠ ᠦᠵᠡᠭᠦᠯᠭᠦ ᠲᠠᠯᠠᠪᠤᠷ ᠪᠠᠶᠢᠭᠤᠯᠤᠨ᠎ᠠ᠃ ᠪᠤᠯᠪᠠᠰᠤᠷᠠᠯ ᠬᠦᠷᠳᠡᠭᠡᠬᠦ ᠨᠦᠬᠦᠴᠡᠯ ᠡᠭᠦᠳᠴᠦ᠂ ᠭᠠᠯ ᠰᠡᠷᠭᠡᠶᠢᠯᠡᠬᠦ | ᠠᠵᠢᠯ ᠲᠦᠷᠦᠯ ᠤᠨ ᠤᠨᠴᠠᠭᠠᠢ ᠲᠦᠷᠦᠯ ᠤᠨ ᠠᠵᠢᠯ ᠤᠨ ᠠᠵᠢᠯᠳᠠᠨ ᠤ ᠬᠢᠷᠢ ᠭᠡᠮ ᠲᠠᠢ ᠬᠦᠮᠦᠰ ᠲᠤ ᠲᠠᠬᠢᠨ | ᠪᠤᠯᠪᠠᠰᠤᠷᠠᠯ ᠬᠦᠷᠳᠡᠭᠡᠵᠦ ᠲᠠᠬᠢᠨ ᠬᠦᠮᠦᠵᠢᠯ ᠬᠦᠷᠳᠡᠭᠡᠬᠦ ᠶᠢ ᠴᠢᠩᠭᠠᠳᠬᠠᠨ᠎ᠠ᠃ | ᠲᠤᠯᠤᠭ᠎ᠠ᠂ ᠭᠠᠯ ᠰᠡᠷᠭᠡᠶᠢᠯᠡᠬᠦ ᠵᠠᠷᠤᠳᠠᠯ ᠢ ᠪᠠᠳᠤᠯᠠᠬᠤ | ᠦᠨᠳᠦᠰᠦᠨ ᠭᠠᠯ ᠰᠡᠷᠭᠡᠶᠢᠯᠡᠬᠦ ᠵᠠᠷᠤᠳᠠᠯ ᠨᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠤᠷᠤᠨ ᠨᠤᠳᠤᠭ ᠤᠨ ᠭᠠᠯ ᠰᠡᠷᠭᠡᠶᠢᠯᠡᠬᠦ ᠵᠠᠷᠤᠳᠠᠯ ᠤᠨ ᠪᠠᠷᠢᠮᠵᠢᠶ᠎ᠠ︾ ︵ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠡᠳ᠋ ᠤᠨ ᠵᠠᠰᠠᠭ ᠤᠨ ᠲᠦᠰᠦᠪ ︹2012︺1849 ᠳ᠋ᠦ᠋ᠭᠡᠷ ᠨᠤᠮᠧᠷᠳᠤ︶ ᠳᠤ ᠨᠡᠶᠢᠴᠡᠭᠰᠡᠨ ᠪᠠᠶᠢᠬᠤ | ᠭᠡᠷᠡᠭᠳᠡᠢ᠃ | ᠨᠠᠢᠮᠠ᠂ ᠭᠠᠯ ᠤᠨ ᠠᠶᠤᠯ ᠤᠨ ᠡ᠊ᠨᠳᠡᠯ ᠤᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠬᠦ | ︵1︶ ᠭᠠᠯ ᠤᠨ ᠠᠶᠤᠯ ᠤᠨ ᠡ᠊ᠨᠳᠡᠯ ᠤᠨ ᠬᠠᠷᠢᠭᠤᠴᠠᠯᠭ᠎ᠠ ᠶᠢ ᠬᠠᠤᠯᠢ ᠲᠦᠷᠢᠮ ᠶᠤᠰᠤᠭᠠᠷ ᠨᠡᠭᠡᠮᠵᠢᠯᠡᠵᠦ᠂ | ᠶᠠᠯ᠎ᠠ ᠪᠤᠯᠤᠭᠰᠠᠨ ᠪᠤᠯ ᠡᠷᠡᠭᠦᠤ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠠ᠃ | ︵2︶ 3 ᠬᠦᠮᠦᠨ ᠠᠴᠠ ᠲᠡᠭᠡᠭᠰᠢ ᠬᠦᠮᠦᠨ ᠡ᠊ᠨᠳᠡᠭᠰᠡᠨ ᠨᠡᠯᠢᠶᠡᠳ ᠶᠡᠭᠡ ᠭᠠᠯ ᠤᠨ ᠠᠶᠤᠯ ᠪᠤᠶᠤ ᠬᠦᠨᠳᠦ | ᠨᠤᠴᠢᠳᠠᠢ ᠭᠠᠯ ᠤᠨ ᠠᠶᠤᠯ ᠨᠢᠭᠡ ᠤᠳᠠᠭ᠎ᠠ ᠭᠠᠷᠪᠠᠯ᠂ ᠰᠢᠯᠢᠳᠡᠭ ᠢᠶᠠᠷ ᠦᠨᠡᠯᠡᠬᠦ ᠬᠢᠷᠢ ᠭᠡᠮ ᠢ ᠦᠭᠡᠶᠢᠰᠭᠡᠨ᠎ᠠ᠃ | 2018 ᠤᠨ ᠤ 4 ᠰᠠᠷ᠎ᠠ ᠶᠢᠨ 23 |