— ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠪᠠᠶᠠᠨᠬᠤᠰᠢᠭᠤ ᠪᠠᠯᠭᠠᠰᠦ ᠶᠢᠨ | ᠤᠰᠤᠨ ᠭᠠᠴᠠᠭ᠎ᠠ ᠶᠢ ᠬᠠᠪᠰᠤᠷᠤᠨ ᠲᠡᠳᠭᠦᠭᠰᠡᠨ ᠲᠤᠬᠠᠢ ᠲᠠᠳᠠᠯᠠᠭ᠎ᠠ | ᠤᠢᠢᠷ᠎ᠠ ᠳᠤ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠪᠠᠶᠠᠨᠬᠤᠰᠢᠭᠤ ᠪᠠᠯᠭᠠᠰᠦ ᠶᠢᠨ ᠤᠰᠤᠨ | ᠭᠠᠴᠠᠭ᠎ᠠ ᠳᠤ ᠤᠶᠠᠩᠭ᠎ᠠ ᠲᠠᠭᠤᠤ ᠬᠠᠩᠬᠢᠨᠠᠵᠦ᠂ ᠬᠦᠮᠦᠨ ᠠᠷᠠᠤᠨ ᠤᠨ ᠴᠤᠨᠨᠯᠠᠭᠠᠨ ᠪᠤᠯᠤᠨᠨᠰᠠᠨ ᠨᠢ ᠬᠠᠷᠢᠨ | ᠰᠢᠨ᠎ᠠ ᠪᠠᠷ ᠪᠠᠶᠢᠭᠤᠯᠤᠨᠨᠳ᠋ᠬᠠᠰᠠᠨ ᠭᠠᠴᠠᠭᠠᠨ ᠤ ᠵᠦᠪᠯᠡᠯ ᠤᠨ ᠰᠢᠨ᠎ᠠ ᠠᠯᠪᠠᠨ ᠭᠡᠷ ᠠᠰᠢᠨᠨᠯᠠᠯᠳᠠ ᠳᠤ ᠤᠷᠤᠨᠨᠰᠠᠨ | ᠪᠠᠶᠠᠷ ᠵᠢᠴᠢ ᠨᠠᠮ ᠪᠠᠶᠢᠭᠤᠯᠤᠨᠨᠳ᠋ᠬᠠᠰᠠᠨ 97 ᠵᠢᠯ ᠤᠨ ᠤᠢ ᠪᠠᠨ ᠪᠠᠶᠠᠷᠯᠠᠨ ᠪᠡᠯᠭᠡᠯᠡᠵᠦ ᠪᠠᠶᠢᠭ᠎ᠠ ᠠᠵᠢ᠃ | ᠭᠠᠴᠠᠭᠠᠨ ᠤ ᠬᠦᠭᠵᠢᠯᠳᠡ ᠬᠤᠪᠢᠷᠠᠯᠳᠠ᠂ ᠠᠷᠠᠤᠨ ᠤᠨ ᠠᠮᠢᠳᠤᠷᠠᠯ ᠤᠨ ᠬᠢᠷᠢ ᠲᠦᠪᠰᠢᠨ ᠤ ᠲᠡᠭᠡᠭᠰᠢᠯᠡᠯᠳᠡ | ᠵᠡᠷᠭᠡ ᠶᠢ ᠬᠡᠯᠡᠬᠦ ᠳᠤ ᠬᠠᠮᠤᠭ ᠲᠦᠷᠦᠭᠦᠨ ᠳᠤ ᠤᠰᠤᠨ ᠭᠠᠴᠠᠭ᠎ᠠ ᠶᠢ ᠬᠠᠪᠰᠤᠷᠤᠨ ᠲᠡᠤᠡᠬᠦᠬᠦ ᠴᠡᠭ ᠪᠤᠯᠤᠨᠨᠰᠠᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠢ ᠲᠤᠷᠠᠤᠡᠬᠤ ᠶᠤᠰᠤᠳᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ 2017 ᠤᠨ ᠠᠴᠠ ᠡᠬᠢᠯᠡᠨ | ᠤᠰᠤᠨ ᠭᠠᠴᠠᠭ᠎ᠠ ᠶᠢ ᠬᠠᠪᠰᠤᠷᠤᠨ ᠲᠡᠤᠡᠬᠦᠵᠠᠢ᠃ ᠡᠨᠡᠬᠦ ᠵᠢᠯ ᠢᠯᠡᠭᠦᠦ ᠶᠢᠨ ᠬᠠᠪᠰᠤᠷᠤᠯᠭ᠎ᠠ ᠲᠡᠮᠵᠢᠯᠭᠡ ᠪᠠᠷ ᠲᠠᠮᠵᠢᠨ | ᠤᠰᠤᠨ ᠭᠠᠴᠠᠭ᠎ᠠ ᠶᠢᠨ ᠠᠷᠠᠤᠨ ᠤᠨ ᠠᠮᠢᠳᠤᠷᠠᠯ ᠤᠨ ᠬᠢᠷᠢ ᠲᠦᠪᠰᠢᠨ᠂ ᠭᠠᠴᠠᠭᠠᠨ ᠤ ᠬᠦᠭᠵᠢᠯᠳᠡ ᠵᠢᠴᠢ ᠬᠦᠮᠦᠨ | ᠠᠷᠠᠤᠨ ᠤᠨ ᠰᠡᠤᠡᠬᠢᠯ ᠳᠤ ᠯᠤᠳᠦ ᠶᠡᠭᠡ ᠬᠤᠪᠢᠷᠠᠯᠳᠠ ᠭᠠᠷᠤᠨᠨᠰᠠᠨ ᠪᠠᠶᠢᠨ᠎ᠠ᠃ ᠲᠡᠤᠡᠬᠦᠮᠵᠢ ᠶᠢᠨ ᠪᠠᠶᠢᠳᠠᠯ ᠠᠴᠠ | ᠦᠵᠡᠪᠡᠯ᠂ ᠰᠤᠷᠭᠠᠨ ᠬᠦᠮᠦᠵᠢᠯ ᠤᠨ ᠬᠠᠪᠰᠤᠷᠤᠯᠭ᠎ᠠ ᠶᠢᠨ ᠲᠠᠯ᠎ᠠ ᠪᠠᠷ ᠲᠠᠩᠰᠠ ᠡᠪᠬᠡᠮᠡᠯ ᠪᠠᠶᠢᠭᠤᠯᠤᠨᠨᠰᠠᠨ ᠶᠠᠳᠠᠭᠤ | ᠬᠦᠴᠢᠷᠳᠡᠯᠳᠠᠢ ᠡᠷᠦᠬᠡ ᠶᠢᠨ 27 ᠨᠡᠷᠡᠰ ᠬᠡᠤᠬᠡᠤᠨ ᠲᠤ ᠨᠡᠶᠢᠳᠡ 6.85 ᠲᠦᠮᠡᠨ ᠲᠦᠭᠦᠷᠢᠭ ᠤᠨ ᠨᠦᠬᠦᠪᠦᠷᠢ | ᠤᠯᠭᠤᠵᠦ᠂ ᠠᠮᠢᠳᠤᠷᠠᠯ ᠤᠨ ᠲᠡᠮᠵᠢᠯᠭᠡ ᠶᠢᠨ ᠲᠠᠯ᠎ᠠ ᠪᠠᠷ 65 ᠨᠠᠰᠤᠨ ᠠᠴᠠ ᠲᠡᠭᠡᠭᠰᠢᠬᠢ ᠬᠠᠮᠤᠭ ᠲᠤᠤᠷ᠎ᠠ | ᠠᠮᠢᠳᠤᠷᠠᠯ ᠤᠨ ᠪᠠᠳᠤᠯᠠᠪᠦᠷᠢ ᠤᠯᠵᠦ ᠦᠭᠡᠢ ᠠᠮᠢᠳᠤᠷᠠᠯ ᠬᠦᠴᠢᠷᠳᠡᠯᠳᠠᠢ ᠡᠷᠦᠬᠡ ᠶᠢᠨ 22 ᠬᠦᠮᠦᠨ ᠳᠤ 5.28 | ᠲᠦᠮᠡᠨ ᠲᠦᠭᠦᠷᠢᠭ ᠤᠨ ᠲᠡᠮᠵᠢᠯᠭᠡ ᠶᠢᠨ ᠮᠦᠩᠬᠦ ᠤᠯᠭᠤᠵᠠᠢ᠃ ᠡᠷᠡᠭᠦᠯ ᠮᠡᠨᠳᠦ ᠶᠢᠨ ᠲᠡᠮᠵᠢᠯᠭᠡ ᠶᠢᠨ ᠲᠠᠯ᠎ᠠ ᠪᠠᠷ | ᠲᠠᠩᠰᠠ ᠡᠪᠬᠡᠮᠡᠯ ᠪᠠᠶᠢᠭᠤᠯᠤᠨᠨᠰᠠᠨ ᠠᠮᠢᠳᠤᠷᠠᠯ ᠬᠦᠴᠢᠷᠳᠡᠯᠳᠠᠢ ᠨᠢᠭᠡ᠂ ᠬᠤᠶᠠᠳᠤᠭᠠᠷ ᠲᠡᠰ ᠤᠨ 13 ᠵᠡᠮᠳᠡᠭ | ᠬᠦᠮᠦᠨ ᠳᠤ 3.12 ᠲᠦᠮᠡᠨ ᠲᠦᠭᠦᠷᠢᠭ ᠤᠨ ᠨᠦᠬᠦᠪᠦᠷᠢ ᠤᠯᠭᠤᠵᠠᠢ᠃ ᠤᠷᠤᠨ ᠰᠠᠭᠤᠴᠠ ᠶᠢᠨ ᠪᠠᠳᠤᠯᠠᠪᠦᠷᠢ ᠶᠢᠨ | ᠲᠠᠯ᠎ᠠ ᠪᠠᠷ 166 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ ᠤᠷᠤᠨ ᠰᠠᠭᠤᠴᠠ ᠶᠢ ᠵᠠᠰᠠᠨ ᠰᠢᠨᠡᠤᠡᠭᠡᠬᠦ | ᠪᠠ ᠤᠰᠦ ᠦᠯᠦ ᠨᠡᠪᠴᠢᠭᠦᠯᠭᠦ ᠢᠨᠵᠧᠨᠧᠷᠢᠩ ᠢ ᠶᠠᠪᠤᠨᠨᠳᠠᠭᠤᠯᠵᠦ᠂ 177 ᠡᠷᠦᠬᠡ ᠳᠤ ᠠᠰᠢᠭ ᠬᠦᠷᠳᠡᠭᠡᠪᠡ᠃ | ᠠᠵᠦ ᠦᠢᠯᠡᠰ ᠢ ᠬᠦᠭᠵᠢᠭᠦᠯᠬᠦ ᠲᠠᠯ᠎ᠠ ᠪᠠᠷ᠂ 55.8 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ | ᠠᠮᠢᠳᠤᠷᠠᠯ ᠬᠦᠴᠢᠷᠳᠡᠯᠳᠠᠢ 62 ᠡᠷᠦᠬᠡ ᠳᠤ ᠴᠢᠨ᠋ᠸ᠎ᠠ ᠶᠢᠨ ᠬᠠᠷᠮᠠᠭ ᠲᠠᠷᠢᠵᠦ ᠦᠭᠴᠦ᠂ 21 ᠲᠦᠮᠡᠨ | ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ ᠠᠮᠢᠳᠤᠷᠠᠯ ᠬᠦᠴᠢᠷᠳᠡᠯᠳᠠᠢ 32 ᠡᠷᠦᠬᠡ ᠶᠢᠨ ᠬᠠᠷ᠎ᠠ ᠲᠡᠯᠳᠡᠦ | ᠲᠠᠷᠢᠬᠤ ᠶᠢ ᠲᠡᠮᠵᠢᠵᠦ᠂ 24 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ ᠠᠮᠢᠳᠤᠷᠠᠯ ᠬᠦᠴᠢᠷᠳᠡᠯᠳᠠᠢ | 10 ᠡᠷᠦᠬᠡ ᠳᠤ ᠭᠡᠷᠡᠯ ᠸᠤᠯᠲ ᠢᠶᠠᠷ ᠴᠠᠬᠢᠯᠭᠠᠨ ᠬᠠᠩᠭᠠᠬᠤ ᠠᠵᠢᠯ ᠢ ᠪᠡᠶᠡᠯᠡᠭᠦᠯᠵᠠᠢ᠃ ᠡᠭᠦᠨ ᠤ ᠬᠠᠮᠳᠦ᠂ 535 | ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ ᠠᠶᠢᠯ ᠤᠨ ᠲᠤᠮᠳᠠᠭᠢ ᠴᠠᠷᠳᠠᠮᠠᠯ ᠵᠠᠮ ᠢ ᠰᠢᠨᠡᠤᠡᠭᠡᠨ | ᠵᠠᠰᠠᠬᠤ᠂ ᠤᠢᠢᠵᠢᠭᠤᠯᠬᠤ᠂ ᠭᠠᠴᠠᠭᠠᠨ ᠤ ᠬᠠᠮᠳᠦ ᠨᠡᠶᠢᠳᠡ ᠶᠢᠨ ᠠᠵᠦ ᠠᠬᠤᠢ ᠶᠢ ᠬᠦᠭᠵᠢᠭᠦᠯᠬᠦ ᠵᠡᠷᠭᠡ ᠠᠵᠢᠯ ᠢ | ᠬᠢᠵᠠᠢ᠃ ᠡᠭᠦᠨ ᠳᠤ᠂ 2017 ᠤᠨ ᠳᠤ ᠤᠰᠤᠨ ᠭᠠᠴᠠᠭ᠎ᠠ ᠶᠢᠨ ᠮᠠᠯᠴᠢᠨ ᠲᠠᠷᠢᠶᠠᠴᠢᠤᠨ ᠤᠨ ᠬᠦᠮᠦᠨ ᠪᠦᠷᠢ ᠶᠢᠨ | ᠲᠡᠭᠰᠢᠤᠡᠭᠡᠭᠰᠡᠨ ᠴᠡᠪᠡᠷ ᠤᠷᠤᠯᠭ᠎ᠠ 4800 ᠲᠦᠭᠦᠷᠢᠭ ᠲᠤ ᠲᠤᠯᠵᠠᠢ᠃ | ᠡᠨᠡ ᠵᠢᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠵᠢᠯ ᠤᠨ ᠡᠬᠢᠨ ᠠᠴᠠ | ᠬᠠᠪᠰᠤᠷᠤᠨ ᠲᠡᠤᠡᠬᠦᠬᠦ ᠪᠡᠯᠡ ᠮᠦᠩᠬᠦ ᠶᠢ ᠲᠤᠬᠢᠷᠠᠭᠤᠯᠤᠨ ᠲᠤᠤᠷᠠᠬᠢ ᠠᠵᠢᠯ ᠲᠦᠷᠦᠯ ᠢ ᠪᠡᠶᠡᠯᠡᠭᠦᠯᠵᠠᠢ᠃ | ᠬᠠᠪᠰᠤᠷᠤᠨ ᠲᠡᠤᠡᠬᠦᠬᠦ ᠪᠡᠯᠡ ᠮᠦᠩᠬᠦ ᠶᠢ 43.8 ᠲᠦᠮᠡᠨ ᠲᠦᠭᠦᠷᠢᠭ ᠴᠢᠷᠮᠠᠶᠢᠨ ᠤᠯᠵᠦ᠂ ᠤᠰᠤᠨ ᠭᠠᠴᠠᠭ᠎ᠠ ᠳᠤ | ᠲᠡᠵᠢᠭᠡᠨ ᠦᠷᠡᠵᠢᠭᠦᠯᠬᠦ ᠬᠤᠷᠰᠢᠶᠠᠵᠢᠯ ᠪᠠᠶᠢᠭᠤᠯᠤᠨ ᠦᠭᠴᠦ᠂ 25 ᠦᠨᠢᠶ᠎ᠠ ᠬᠤᠳᠠᠯᠳᠤᠨ ᠠᠪᠴᠤ ᠦᠭᠴᠠᠢ᠃ | 15 ᠲᠦᠮᠡᠨ ᠲᠦᠭᠦᠷᠢᠭ ᠵᠠᠷᠤᠴᠠᠭᠤᠯᠵᠦ ᠲᠠᠩᠰᠠ ᠡᠪᠬᠡᠮᠡᠯ ᠪᠠᠶᠢᠭᠤᠯᠤᠨᠨᠰᠠᠨ ᠶᠠᠳᠠᠭᠤ ᠬᠦᠴᠢᠷᠳᠡᠯᠳᠠᠢ ᠡᠷᠦᠬᠡ ᠳᠤ | 100 ᠲᠤᠨ ᠬᠦᠬᠡ ᠡᠪᠡᠰᠦ ᠪᠠ 8 ᠲᠦᠮᠡᠨ ᠵᠢᠩ ᠪᠤᠷᠳᠤᠭ᠎ᠠ ᠬᠤᠳᠠᠯᠳᠤᠨ ᠠᠪᠴᠦ ᠦᠭᠴᠠᠢ᠃ 2.3 ᠲᠦᠮᠡᠨ | ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ ᠲᠡᠵᠢᠭᠡᠨ ᠦᠷᠡᠵᠢᠭᠦᠯᠬᠦ ᠬᠤᠷᠰᠢᠶᠠᠵᠢᠯ ᠳᠤ 5 ᠲᠦᠮᠡᠨ ᠲᠤᠨ | ᠠᠷᠢᠬᠢᠨ ᠤ ᠱᠠᠷᠤᠭ ᠤᠷᠤᠭᠤᠯᠤᠨ ᠦᠭᠴᠦ᠂ 300 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ | 800 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠭᠠᠴᠠᠭᠠᠨ ᠤ ᠬᠦᠳᠡᠯᠭᠡᠭᠡᠨ ᠤ ᠭᠡᠷ ᠪᠠ 7000 ᠲᠡᠭᠰᠢ | ᠲᠦᠷᠪᠡᠯᠵᠢᠨ ᠮᠧᠳ᠋ᠷ ᠲᠠᠯᠠᠪᠠᠢ ᠲᠠᠢ ᠰᠤᠶᠤᠯ ᠤᠨ ᠠᠭᠤᠳᠠᠮ ᠲᠠᠯᠠᠪᠠᠢ ᠪᠠᠶᠢᠭᠤᠯᠵᠦ ᠦᠭᠪᠡ᠃ ᠤᠳᠤᠬᠠᠨ ᠳᠤ | ᠭᠠᠴᠠᠭᠠᠨ ᠤ ᠬᠦᠳᠡᠯᠭᠡᠭᠡᠨ ᠤ ᠭᠡᠷ ᠪᠠ ᠰᠤᠶᠤᠯ ᠤᠨ ᠠᠭᠤᠳᠠᠮ ᠲᠠᠯᠠᠪᠠᠢ ᠨᠢ ᠨᠢᠭᠡᠨᠳᠡ ᠠᠰᠢᠨᠨᠯᠠᠯᠳᠠ ᠳᠤ ᠤᠷᠤᠨᠨᠰᠠᠨ | ᠪᠠᠶᠢᠨ᠎ᠠ᠃ 6 ᠰᠠᠷ᠎ᠠ ᠳᠤ 62 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ ᠲᠡᠵᠢᠭᠡᠨ ᠦᠷᠡᠵᠢᠭᠦᠯᠬᠦ | ᠬᠤᠷᠰᠢᠶᠠᠵᠢᠯ ᠳᠤ 65 ᠦᠷ᠎ᠠ ᠶᠢᠨ ᠮᠠᠯ ᠬᠤᠳᠠᠯᠳᠤᠨ ᠠᠪᠴᠤ ᠦᠭᠴᠠᠢ᠃ | ᠬᠠᠪᠰᠤᠷᠤᠨ ᠲᠡᠤᠡᠬᠦᠬᠦ ᠬᠦᠴᠦᠯᠡᠴᠡ ᠪᠠᠨ ᠲᠠᠰᠤᠷᠠᠯᠳᠠ ᠦᠭᠡᠢ ᠨᠡᠮᠡᠭᠳᠡᠭᠦᠯᠦᠭᠰᠡᠭᠡᠷ ᠢᠷᠡᠭᠰᠡᠨ ᠦᠪᠡᠷᠳᠡᠭᠡᠨ | ᠵᠠᠰᠬᠠᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠤᠡᠬᠦᠮᠵᠢ ᠲᠤᠤᠷ᠎ᠠ ᠤᠰᠤᠨ ᠭᠠᠴᠠᠭ᠎ᠠ ᠶᠢᠨ | ᠠᠷᠠᠤᠨ ᠤᠯᠠᠨ ᠤ ᠶᠠᠳᠠᠭᠤ ᠠᠴᠠ ᠠᠩᠬᠢᠵᠢᠷᠠᠨ᠂ ᠪᠠᠶᠠᠨ ᠴᠢᠨᠡᠭᠡᠯᠢᠭ ᠠᠮᠢᠳᠤᠷᠠᠯ ᠡᠳ᠋ᠯᠡᠬᠦ ᠡᠷᠴᠢ ᠵᠤᠷᠢᠭ ᠨᠢ ᠤᠯᠠᠮ | ᠬᠦᠪᠴᠢᠯᠡᠭᠳᠡᠭᠰᠡᠨ ᠪᠠᠶᠢᠨ᠎ᠠ᠃ |