ᠠᠨᠳᠠ ᠶᠢᠨ ᠨᠠᠶᠢᠷ ᠤᠨ ᠢᠷᠠᠭᠤ ᠡᠭᠡᠰᠢᠭ ᠢ ᠴᠢᠪᠠᠭᠳᠠᠬᠰᠠᠨ ᠨᠠᠭᠠᠳᠤᠮ ᠠᠷᠠᠳ ᠤᠨ ᠰᠡᠳᠬᠢᠯ ᠤᠨ ᠪᠠᠶᠠᠷ ᠪᠠᠭ᠋ᠠᠳᠤᠯ ᠢ ᠬᠦᠭᠵᠢᠮᠳᠡᠭᠰᠡᠨ ᠴᠤᠭᠯᠠᠭᠠᠨ
ᠨᠡᠶᠢᠲᠡᠯᠡᠭᠰᠡᠨ ᠴᠠᠭ᠄
2018-08-17
2018• ᠬᠢᠩᠭᠠᠨ ᠠᠶᠢᠮᠠᠬ ᠤᠨ ᠨᠠᠭᠠᠳᠤᠮ ᠵᠢᠴᠢ ᠤᠯᠠᠭᠠᠨᠮᠤᠳᠤ ᠶᠢᠨ ᠲᠠᠯ᠎ᠠ ᠨᠤᠳᠤᠬ ᠤᠨ ᠰᠤᠶᠤᠯ ᠵᠤᠭᠠᠴᠠᠯ ᠤᠨ ᠨᠠᠶᠢᠷ ᠤᠨ ᠲᠠᠳᠠᠯᠠᠭ᠎ᠠ    ᠦᠪᠡᠷᠮᠢᠴᠡ ᠤᠨᠴᠠᠯᠢᠬᠲᠦ ᠡᠬᠢᠯᠡᠯᠲᠡ ᠶᠢᠨ ᠶᠤᠰᠤᠯᠠᠯ
   ᠬᠦᠭᠡ ᠲᠡᠭᠷᠢ ᠨᠢ ᠴᠡᠯᠮᠡᠭᠰᠢᠵᠦ᠂ ᠬᠦᠮᠦᠨ ᠠᠷᠡᠳ ᠨᠢ ᠪᠠᠶᠠᠰᠦᠯᠴᠠᠬᠰᠠᠨ 8 ᠰᠠᠷ᠎ᠠ ᠶᠢᠨ 10 ᠤ ᠦᠳᠠ ᠶᠢᠨ ᠬᠤᠶᠢᠨ᠎ᠠ᠂ ᠬᠢᠩᠭᠠᠨ ᠠᠶᠢᠮᠠᠭ ᠤᠨ ︽ᠠᠨᠳᠠ ᠶᠢᠨ ᠨᠠᠶᠢᠷ︾ ᠤᠨ ᠴᠢᠬᠤᠯᠠ ᠨᠢᠬᠡᠨ ᠰᠢᠷᠢᠰ ᠠᠵᠢᠯᠯᠠᠭ᠎ᠠ ᠪᠤᠯᠤᠭᠰᠠᠨ 2018 · ᠬᠢᠩᠭᠠᠨ ᠠᠶᠢᠮᠠᠭ ᠤᠨ ᠨᠠᠭᠠᠳᠤᠮ ᠵᠢᠴᠢ ᠤᠯᠠᠭᠠᠨᠮᠤᠳᠦ ᠶᠢᠨ ᠲᠠᠯ᠎ᠠ ᠨᠤᠳᠤᠭ ᠤᠨ ᠰᠤᠶᠤᠯ ᠵᠤᠭᠠᠴᠠᠯ ᠤᠨ ᠨᠠᠶᠢᠷ ᠤᠨ ᠡᠬᠢᠯᠡᠯᠳᠠ ᠶᠢᠨ ᠶᠤᠰᠤᠯᠠᠯ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠳᠤ ᠰᠤᠮᠤ ᠶᠢᠨ ᠮᠤᠷᠢᠨ ᠤᠷᠤᠯᠳᠤᠭᠠᠨ ᠤ ᠲᠠᠯᠠᠪᠠᠢ ᠳᠤ ᠦᠪᠡᠳᠡᠭᠰᠢ ᠶᠡᠬᠡᠪᠡᠷ ᠡᠬᠢᠯᠡᠨ ᠶᠠᠪᠤᠭᠳᠠᠪᠠ᠃ ᠡᠬᠢᠯᠡᠯᠳᠡ ᠶᠢᠨ ᠶᠤᠰᠤᠯᠠᠯ ᠳᠤ ᠠᠶᠢᠮᠠᠬ ᠤᠨ ᠨᠠᠮ ᠤᠨ ᠬᠤᠷᠢᠶ᠎ᠠ ᠶᠢᠨ ᠱᠦᠵᠢ ᠵᠠᠩ ᠡᠸ᠋ᠨ ᠬᠤᠢ᠂ ᠠᠶᠢᠮᠠᠬ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠯᠢᠦ ᠵᠢᠶᠠᠨ ᠰᠢ᠂ ᠠᠶᠢᠮᠠᠬ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠶᠢᠦ ᠬᠦᠸᠧ ᠵᠢᠶᠦ᠋ᠨ ᠵᠡᠷᠭᠡ ᠠᠶᠢᠮᠠᠬ ᠤᠨ ᠲᠦᠷᠪᠡᠨ ᠶᠡᠭᠡ ᠤᠳᠤᠷᠢᠳᠬᠤ ᠪᠠᠬ ᠤᠨ ᠤᠳᠤᠷᠢᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠤᠳᠤᠷᠢᠳᠤᠯᠭ᠎ᠠ᠂ ᠡᠯ᠎ᠠ ᠬᠤᠰᠢᠭᠤ ᠰᠢᠶᠠᠨ ᠬᠤᠳᠠ ᠶᠢᠨ ᠨᠠᠮ ᠵᠠᠰᠠᠬ ᠤᠨ ᠤᠳᠤᠷᠢᠳᠤᠯᠭ᠎ᠠ ᠨᠠᠷ ᠤᠷᠤᠯᠴᠠᠵᠤ᠂ ᠠᠶᠢᠮᠠᠬ ᠤᠨ ᠲᠡᠳ᠋ ᠲᠠᠷᠤᠭ᠎ᠠ ᠵᠠᠩ ᠯᠢ ᠸᠧᠨ ᠶᠤᠰᠤᠯᠠᠯ ᠢ ᠡᠷᠬᠢᠯᠡᠵᠤ᠂ ᠠᠶᠢᠮᠠᠬ ᠤᠨ ᠨᠠᠮ ᠤᠨ ᠬᠤᠷᠢᠶ᠎ᠠ ᠶᠢᠨ ᠬᠡᠰᠢᠬᠦᠨ᠂ ᠠᠶᠢᠮᠠᠬ ᠤᠨ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠠᠯᠳᠠᠨ᠋ᠧᠴᠢᠷ ᠬᠢᠭᠡᠳ ᠡᠯ᠎ᠡ ᠬᠤᠰᠢᠭᠤ ᠰᠢᠶᠠᠨ ᠬᠤᠳᠠ ᠶᠢᠨ ᠲᠠᠷᠤᠭ᠎ᠠ ᠨᠠᠷ ᠨᠠᠭᠠᠳᠤᠮ ᠤᠨ ᠰᠦᠯᠳᠡ ᠶᠢ ᠲᠠᠬᠢᠵᠤ᠂ ᠠᠶᠢᠮᠠᠬ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ᠂ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠦ ᠴᠧᠩ ᠪᠠᠩ ᠤᠬᠳᠤᠯᠭ᠎ᠠ ᠶᠢᠨ ᠦᠬᠡᠰ ᠶᠠᠷᠢᠵᠤ᠂ ᠠᠶᠢᠮᠠᠬ ᠤᠨ ᠲᠡᠳ᠋ ᠲᠠᠷᠤᠭ᠎ᠠ ᠰᠦᠨ ᠳ᠋ᠧ ᠮᠢᠨ ᠡᠬᠢᠯᠡᠯᠳᠡ ᠶᠢᠨ ᠶᠠᠷᠢᠶ᠎ᠠ ᠲᠠᠯᠪᠢᠵᠤ᠂ ᠠᠶᠢᠮᠠᠬ ᠤᠨ ᠨᠠᠮ ᠤᠨ ᠬᠤᠷᠢᠶ᠎ᠠ ᠶᠢᠨ ᠱᠦᠵᠢ ᠵᠠᠩ ᠡᠸ᠋ᠨ ᠬᠤᠢ ᠨᠠᠶᠢᠷ ᠡᠬᠢᠯᠡᠭᠰᠡᠨ ᠢ ᠲᠤᠩᠬᠠᠬᠯᠠᠪᠠ᠃    ᠨᠠᠭᠠᠳᠤᠮ ᠤᠨ ᠬᠤᠷᠠᠯ ᠤᠨ ᠡᠬᠢᠯᠡᠯᠳᠠ ᠶᠢᠨ ᠶᠤᠰᠤᠯᠠᠯ ᠨᠢ ᠮᠤᠩᠭᠤᠯ ᠦᠨᠳᠦᠰᠦᠳᠠᠨ ᠤ ᠤᠯᠠᠮᠵᠢᠯᠠᠯᠳᠦ ᠨᠠᠭᠠᠳᠤᠮ ᠤᠨ ᠬᠤᠷᠠᠯ ᠤᠨ ᠡᠬᠢᠯᠡᠯᠳᠠ ᠶᠢᠨ ᠶᠤᠰᠤᠯᠠᠯ ᠶᠤᠰᠤᠭᠠᠷ ᠶᠠᠪᠤᠭᠳᠠᠭᠤᠯᠬᠤ ᠶᠢᠨ ᠬᠠᠮᠳᠦ ᠮᠤᠷᠢᠨ ᠮᠡᠷᠭᠡᠵᠢᠯ ᠤᠨ ᠦᠵᠡᠭᠦᠯᠦᠯᠭᠡ᠂ ᠮᠢᠩᠭᠠᠨ ᠬᠦᠮᠦᠨ ᠤ ᠠᠨᠳᠠᠢ ᠪᠦᠵᠢᠭ᠂ ᠲᠠᠪᠤᠨ ᠵᠠᠭᠤᠨ ᠬᠦᠮᠦᠨ ᠤ ᠲᠦᠷᠪᠡᠨ ᠤᠳᠠᠰᠦᠳᠦ ᠬᠤᠭᠤᠷ ᠤᠨ ᠬᠦᠭᠵᠢᠮ ᠬᠦᠭᠵᠢᠮᠳᠡᠬᠦ᠂ ᠪᠠᠭᠠᠴᠤᠳ ᠤᠨ ᠮᠤᠷᠢᠨ ᠬᠤᠭᠤᠷ ᠤᠨ ᠬᠦᠭᠵᠢᠮ ᠬᠦᠭᠵᠢᠮᠳᠡᠬᠦ ᠵᠡᠷᠭᠡ ᠤᠷᠤᠨ ᠨᠤᠳᠤᠭ ᠤᠨ ᠤᠨᠴᠠᠯᠢᠬᠳᠦ ᠤᠷᠠᠨ ᠰᠠᠶᠢᠬᠠᠨ ᠤ ᠲᠤᠭᠯᠠᠯᠳᠠ ᠨᠢ ᠦᠵᠡᠭᠴᠢ ᠲᠦᠮᠡᠨ ᠤ ᠪᠠᠨ ᠤᠤᠬᠠᠢᠢᠯᠠᠯ ᠢ ᠬᠦᠷᠲᠡᠭᠰᠡᠨ ᠪᠠᠶᠢᠨ᠎ᠠ᠃    ᠲᠤᠰ ᠤᠳᠠᠭᠠᠨ ᠤ ᠨᠠᠭᠠᠳᠤᠮ ᠭᠤᠷᠪᠠᠨ ᠡᠳᠦᠷ ᠶᠠᠪᠤᠭᠳᠠᠭᠰᠠᠨ ᠪᠦᠬᠡᠳ ᠡᠷ᠎ᠠ ᠶᠢᠨ ᠭᠤᠷᠪᠡᠨ ᠨᠠᠭᠠᠳᠤᠮ ᠪᠤᠯᠬᠤ ᠪᠦᠬᠡ ᠪᠠᠷᠢᠯᠳᠤᠬᠤ᠂ ᠰᠤᠷ ᠬᠠᠷᠪᠤᠯᠳᠠ᠂ ᠮᠤᠷᠢᠨ ᠤᠷᠤᠯᠳᠤᠭᠠᠨ ᠠᠴᠠ ᠭᠠᠳᠠᠨ᠎ᠠ ᠪᠢᠯᠠᠭᠤ ᠰᠢᠳᠡᠬᠦ᠂ ᠮᠤᠩᠭᠤᠯ ᠦᠨᠳᠦᠰᠦᠳᠠᠨ ᠤ ᠬᠤᠪᠴᠠᠰᠦ ᠵᠠᠰᠠᠯ ᠭᠠᠷ ᠤᠷᠠᠯᠠᠯ ᠤᠨ ᠪᠦᠳᠦᠭᠡᠭᠳᠡᠬᠦᠨ ᠤ ᠦᠵᠡᠬᠦᠯᠦᠯᠬᠡ ᠶᠢᠨ ᠤᠷᠤᠯᠳᠤᠭᠠᠨ᠂ ᠴᠠᠭᠠᠨ ᠢᠳᠡᠭᠡᠨ ᠤ ᠪᠤᠯᠪᠠᠰᠤᠷᠠᠭᠤᠯᠤᠯᠳᠠ ᠶᠢᠨ ᠦᠵᠡᠬᠦᠯᠦᠯᠬᠡ ᠶᠠᠪᠤᠭᠳᠠᠭᠤᠯᠵᠦ᠂ ᠲᠦᠳᠡᠭ ᠭᠠᠯ ᠤᠨ ᠦᠳᠡᠰᠢᠯᠡᠭᠡ᠂ ᠤᠷᠠᠨ ᠰᠠᠶᠢᠬᠠᠨ ᠤ ᠲᠤᠭᠯᠠᠯᠳᠠ ᠵᠡᠷᠭᠡ ᠡᠯᠪᠡᠭ ᠠᠭᠤᠯᠭ᠎ᠠ ᠶᠢ ᠲᠤᠬᠢᠷᠠᠭᠤᠯᠤᠬᠰᠠᠨ ᠪᠠᠶᠢᠨ᠎ᠠ᠃ ᠡᠭᠦᠨ ᠳᠤ᠂ ᠨᠠᠭᠠᠳᠦᠮ ᠤᠨ ᠬᠤᠷᠠᠯ ᠤᠨ ᠲᠤᠭ ᠤᠨ ᠠᠩᠬᠢ᠂ ᠨᠤᠲᠤᠭ ᠤᠨ ᠬᠡᠶᠢᠮᠤᠷᠢ ᠶᠢᠨ ᠲᠠᠷᠴᠠᠬ ᠤᠨ ᠠᠩᠬᠢ᠂ ᠬᠠᠳᠠᠬ ᠤᠨ ᠠᠩᠬᠢ᠂ ᠦᠨᠳᠦᠰᠦᠲᠡᠨ ᠤ ᠬᠤᠪᠴᠠᠰᠦ ᠵᠠᠰᠠᠯ ᠪᠠ ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠬᠴᠢᠳ ᠤᠨ ᠠᠩᠬᠢ᠂ ᠪᠦᠭᠡ ᠶᠢᠨ ᠠᠩᠬᠢ᠂ ᠰᠤᠷᠴᠢᠳ ᠤᠨ ᠠᠩᠬᠢ᠂ ᠴᠠᠭᠠᠨ ᠢᠳᠡᠭᠡᠨ ᠤ ᠪᠤᠯᠪᠠᠰᠦᠷᠠᠭᠤᠯᠤᠯᠲᠠ ᠶᠢᠨ ᠠᠩᠬᠢ᠂ ᠬᠦᠳᠡᠯᠮᠤᠷᠢ ᠶᠢᠨ ᠵᠢᠱᠢᠶᠡᠴᠢ ᠶᠢᠨ ᠠᠩᠬᠢ᠂ ᠬᠢᠨᠠᠬᠴᠢ ᠶᠢᠨ ᠠᠩᠬᠢ ᠵᠡᠷᠭᠡ ᠠᠩᠬᠢ ᠰᠦᠷ ᠵᠢᠪᠬᠤᠭ᠎ᠠ ᠲᠠᠢ ᠨᠠᠭᠠᠳᠦᠮ ᠤᠨ ᠲᠠᠯᠠᠪᠦᠷ ᠲᠤ ᠤᠷᠤᠬᠰᠠᠨ ᠨᠢ ᠬᠤᠯᠠ ᠤᠢᠢᠷ᠎ᠠ ᠠᠴᠠ ᠬᠦᠷᠦᠯᠴᠡᠨ ᠢᠷᠡᠭᠰᠡᠨ ᠪᠦᠬᠦᠨ ᠤ ᠪᠠᠨ ᠬᠠᠷᠠᠭ᠎ᠠ ᠶᠢ ᠪᠤᠯᠢᠶᠠᠬᠰᠠᠨ ᠪᠠᠶᠢᠨ᠎ᠠ᠃    ᠤᠯᠠᠭᠠᠨᠮᠤᠲᠦ ᠰᠤᠮᠤ ᠶᠢᠨ ᠰᠠᠴᠤᠷᠠᠯ ᠦᠵᠡᠭᠴᠢ ᠶᠢᠨ ᠬᠤᠪᠢ ᠠᠴᠠ ᠰᠤᠷᠪᠤᠯᠵᠢᠯᠠᠭ᠎ᠠ ᠬᠦᠯᠢᠶᠡᠬᠦ ᠳᠡᠭᠡᠨ ᠲᠡᠷᠡ᠄ ︽ᠪᠢ ᠦᠡᠭᠭᠡᠷᠡᠭᠰᠡᠨ ᠵᠢᠯ ᠤᠨ ᠨᠠᠭᠠᠳᠦᠮ ᠤᠨ ᠬᠤᠷᠠᠯ ᠳᠤ ᠤᠷᠤᠯᠴᠠᠬᠰᠠᠨ ᠪᠠᠶᠢᠨ᠎ᠠ᠂ ᠭᠡᠪᠡᠴᠦ ᠡᠨᠡ ᠵᠢᠯ ᠤᠨ ᠨᠠᠭᠠᠳᠦᠮ ᠦᠡᠭᠭᠡᠷᠡᠭᠰᠡᠨ ᠤ ᠬᠢᠨ ᠲᠠᠢ ᠬᠠᠷᠢᠴᠠᠭᠤᠯᠪᠠᠯ ᠡᠬᠢᠯᠡᠯᠲᠡ ᠶᠢᠨ ᠶᠤᠰᠤᠯᠠᠯ ᠳᠤ ᠤᠷᠤᠯᠴᠠᠬᠰᠨ ᠬᠦᠮᠦᠨ ᠤ ᠲᠤᠭ᠎ᠠ ᠤᠯᠠᠡ ᠪᠠᠶᠢᠨ᠎ᠠ᠂ ᠨᠡᠩ ᠢᠯᠠᠩᠭᠤᠶ᠎ᠠ ᠡᠬᠢᠯᠡᠯᠲᠡ ᠶᠢᠨ ᠶᠤᠰᠤᠯᠠᠯ ᠤᠨ ᠲᠠᠯᠠᠪᠦᠷ ᠳᠤ ᠤᠷᠤᠬᠰᠨ ᠦᠭᠡᠷ ᠲᠡᠷᠭᠡ ᠪᠤᠯᠤᠨ ᠰᠠᠭᠠᠯᠢᠴᠢᠨ ᠡᠵᠢ ᠨᠠᠷ ᠤᠨ ᠪᠦᠯᠬᠦᠮ ᠨᠢ ᠮᠢᠨᠦ ᠪᠠᠭ᠋ᠠᠷᠬᠠᠯ ᠢ ᠬᠠᠮᠤᠭ ᠠᠴᠠ ᠢᠯᠡᠭᠦᠦ ᠲᠠᠲᠠᠵᠦ᠂ ᠮᠠᠨ ᠤ ᠤᠯᠠᠮᠵᠢᠯᠠᠯᠲᠦ ᠮᠤᠩᠭᠤᠯ ᠠᠮᠢᠳᠦᠷᠠᠯ ᠤᠨ ᠦᠨᠦᠷ ᠠᠮᠳᠠ ᠶᠢ ᠦᠳᠭᠡᠷᠡᠭᠦᠯᠵᠦ᠂ ᠮᠤᠩᠭᠤᠯ ᠰᠤᠶᠤᠯ ᠢᠶᠠᠨ ᠤᠯᠠᠮᠵᠢᠯᠠᠨ ᠬᠠᠳᠠᠭᠠᠯᠠᠵᠦ ᠢᠷᠡᠭᠰᠡᠨ ᠢ ᠬᠠᠷᠠᠭᠤᠯᠤᠬᠰᠠᠨ ᠪᠠᠶᠢᠨ᠎ᠠ︾ ᠭᠡᠵᠦ ᠪᠠᠶᠠᠷᠲᠠᠶᠢᠬᠠᠨ ᠶᠠᠷᠢᠵᠦ ᠪᠠᠶᠢᠪᠠ᠃    ︽ᠮᠤᠷᠢᠨ ᠨᠢᠷᠤᠭᠤᠨ ᠲᠡᠭᠡᠷᠡᠬᠢ ᠦᠨᠳᠦᠰᠦᠳᠡᠨ︾ ᠤ ᠴᠤᠬ ᠵᠢᠪᠬᠤᠭ᠎ᠠ
   ᠮᠤᠩᠭᠤᠯ ᠦᠨᠳᠦᠰᠦᠳᠡᠨ ᠪᠤᠯ ︽ᠮᠤᠷᠢᠨ ᠨᠢᠷᠤᠭᠤᠨ ᠲᠡᠭᠡᠷᠡᠬᠢ ᠦᠨᠳᠦᠰᠦᠳᠡᠨ︾ ᠭᠡᠭᠳᠡᠳᠡᠭ ᠪᠦᠭᠡᠳ ᠨᠠᠭᠠᠳᠤᠮ ᠤᠨ ᠬᠤᠷᠠᠯ ᠳᠤ ᠮᠤᠷᠢᠨ ᠤᠷᠤᠯᠳᠤᠭᠠᠨ ᠵᠠᠪᠠᠯ ᠪᠠᠶᠢᠬᠤ ᠶᠤᠰᠤᠳᠠᠢ ᠤᠷᠤᠯᠳᠤᠭᠠᠨ ᠪᠤᠯᠬᠤ ᠶᠤᠮ᠃ᠲᠤᠰ ᠤᠳᠠᠭᠠᠨ ᠤ ᠨᠠᠭᠠᠳᠤᠮ ᠤᠨ ᠡᠬᠢᠯᠡᠯᠳᠡ ᠶᠢᠨ ᠶᠤᠰᠤᠯᠠᠯ ᠤᠨ ᠲᠠᠷᠭᠠᠬᠠᠨ ᠮᠤᠩᠭᠤᠯ ᠮᠤᠷᠢᠨ ᠤ 5000 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠪᠦᠬᠦ᠋ᠢᠯᠡ ᠮᠤᠷᠢᠨ ᠤᠷᠤᠯᠳᠤᠭᠠᠨ ᠤ ᠠᠩᠬᠠᠨ ᠤ ᠰᠠᠯᠬᠢ ᠶᠢ ᠬᠠᠭᠠᠯᠵᠤ᠂ ᠠᠩᠬᠠᠨ ᠤ ᠤᠷᠤᠯᠳᠤᠭᠠᠨ ᠳᠤ ᠲᠦᠩᠯᠢᠶᠤᠤ ᠬᠤᠳᠠ ᠶᠢᠨ ᠤᠳᠬᠤᠨ ᠤ ᠬᠠᠷ᠎ᠠ ᠭᠡᠭᠡᠷ ᠲᠡᠷᠢᠬᠦᠯᠡᠵᠤ᠂ ᠮᠤᠷᠢᠨ ᠤᠷᠤᠯᠳᠤᠭᠠᠨ ᠤ ᠬᠠᠮᠤᠬ ᠠᠩᠬᠠᠨ ᠤ ᠲᠡᠷᠢᠬᠦᠨ ᠨᠡᠷᠡᠰ ᠤᠨ ᠠᠯᠳᠠᠷ ᠢ ᠬᠦᠷᠳᠡᠵᠡᠢ᠃    ᠨᠠᠭᠠᠳᠤᠮ ᠤᠨ ᠬᠤᠷᠠᠯ ᠤᠨ ᠬᠤᠶᠠᠳᠤᠭᠠᠷ ᠡᠳᠦᠷ ᠠᠴᠠ ᠡᠬᠢᠯᠡᠨ ᠮᠤᠷᠢᠨ ᠤᠷᠤᠯᠳᠤᠭᠠᠨ ᠤᠯᠠᠨ ᠦᠵᠡᠭᠴᠢᠳ ᠤᠨ ᠠᠩᠬᠠᠷᠤᠯ ᠢ ᠲᠠᠳᠠᠵᠤ᠂ ᠡᠯ᠎ᠡ ᠲᠦᠷᠦᠯ ᠤᠨ ᠮᠤᠷᠢᠨ ᠤᠷᠤᠯᠳᠤᠭᠠᠨ ᠢᠳᠡ ᠬᠦᠭ ᠲᠠᠢ ᠶᠠᠪᠤᠭᠳᠠᠪᠠ ᠃ ᠡᠬᠦᠨ ᠳᠤ 3000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠨᠠᠰᠤᠬᠤᠢᠯᠵᠡᠢ ᠶᠢᠨ ᠭᠡᠭᠡᠷ ᠮᠤᠷᠢ᠂ 10000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠰᠢᠯᠤᠭᠤᠨ ᠬᠦᠭᠡ ᠬᠤᠰᠢᠭᠤᠨ ᠤ ᠰᠢᠨᠵᠢᠯᠡ ᠶᠢᠨ ᠭᠡᠭᠡᠷ ᠮᠤᠷᠢ᠂ 10000 ᠮᠧᠲᠷ ᠤᠨ ᠬᠤᠯᠢᠮᠠᠬ ᠴᠢᠰᠤᠨ ᠤ ᠬᠤᠷᠳᠤᠨ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠨᠠᠰᠤᠬᠤᠢᠯᠵᠡᠢ ᠶᠢᠨ ᠭᠡᠭᠡᠷ ᠮᠤᠷᠢ᠂ 2000 ᠮᠧᠲᠷ ᠤᠨ ᠬᠤᠯᠢᠮᠠᠬ ᠴᠢᠰᠤᠨ ᠤ ᠬᠤᠷᠳᠤᠨ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠨᠠᠰᠤᠬᠤᠢᠯᠵᠡᠢ ᠶᠢᠨ ᠭᠡᠭᠡᠷ ᠮᠤᠷᠢ᠂ 2000 ᠮᠧᠲᠷ ᠤᠨ ᠮᠤᠩᠭᠤᠯ ᠮᠤᠷᠢᠨ ᠤ ᠬᠤᠷᠳᠤᠨ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠰᠦᠭᠡ ᠶᠢᠨ ᠬᠠᠷ᠎ᠠ ᠮᠤᠷᠢ᠂ 5000 ᠮᠧᠲᠷ ᠤᠨ ᠮᠤᠩᠭᠤᠯ ᠮᠤᠷᠢᠨ ᠤ ᠬᠤᠷᠳᠤᠨ ᠮᠤᠷᠢᠨ ᠤ ᠤᠷᠤᠯᠳᠤᠭᠠᠨ ᠳᠤ ᠲᠦᠰᠢᠶᠡᠳᠦ ᠶᠢᠨ ᠬᠤᠩ ᠯᠢᠨ ᠤ ᠭᠡᠭᠡᠷ ᠮᠤᠷᠢ᠂ 5000 ᠮᠧᠲᠷ ᠤᠨ ᠬᠤᠯᠢᠮᠠᠬ ᠴᠢᠰᠤᠨ ᠤ ᠬᠠᠳᠠᠷᠢᠶ ᠎ᠠ ᠮᠤᠷᠢᠨ ᠤ ᠤᠷᠤᠯᠳᠤᠭᠠᠨ ᠳᠤ ᠲᠦᠩᠯᠢᠶᠤᠤ ᠬᠤᠳᠠ ᠶᠢᠨ ᠢᠤᠢ ᠶᠢᠨ ᠯᠦᠩ ᠤᠨ ᠭᠡᠭᠡᠷ ᠮᠤᠷᠢ᠂ 5000 ᠮᠧᠲᠷ ᠤᠨ ᠬᠤᠯᠢᠮᠠᠬ ᠴᠢᠰᠤᠨ ᠤ ᠵᠢᠷᠤᠭ᠎ᠠ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠠᠮᠢᠬᠤᠢᠨᠳᠦᠷ ᠤᠨ ᠬᠠᠷ᠎ᠠ ᠮᠤᠷᠢ᠂ ᠬᠤᠯᠢᠮᠠᠬ ᠴᠢᠰᠤᠨ ᠤ 2000 ᠮᠧᠲᠷ ᠤᠨ ᠲᠠᠭ᠎ᠠ ᠶᠢᠨ ᠤᠷᠤᠯᠳᠤᠭᠠᠨ ᠳᠤ ᠲᠦ᠋ᠩᠯᠢᠶᠤᠤ ᠬᠤᠳᠠ ᠶᠢᠨ ᠲᠠᠸᠠ ᠶᠢᠨ ᠬᠦᠷᠡᠩ ᠲᠠᠭ᠎ᠠ᠂ 3000 ᠮᠧᠲᠷ ᠤᠨ ᠲᠠᠭ᠎ᠠ ᠶᠢᠨ ᠤᠷᠤᠯᠳᠤᠭᠠᠨ ᠳᠤ ᠤᠯᠠᠭᠠᠨᠮᠤᠳᠤ ᠰᠤᠮᠤ ᠶᠢᠨ ᠴᠢᠯᠠᠭᠤ ᠶᠢᠨ ᠬᠦᠷᠡᠩ ᠲᠠᠭ᠎ᠠ᠂ ᠮᠤᠩᠭᠤᠯ ᠮᠤᠷᠢᠨ ᠤ 5000 ᠮᠧᠲᠷ ᠤᠨ ᠬᠠᠳᠠᠷᠢᠶ᠎ᠠ ᠮᠤᠷᠢᠨ ᠤ ᠤᠷᠤᠯᠳᠤᠭᠠᠨ ᠳᠤ ᠲᠤᠮᠳᠠᠳᠤ ᠬᠤᠰᠢᠭᠤ ᠶᠢᠨ ᠴᠢ ᠱᠢ ᠰᠠᠨ ᠤ ᠬᠠᠷ᠎ᠠ ᠮᠤᠷᠢ᠂ ᠬᠤᠯᠢᠮᠠᠬ ᠴᠢᠰᠤᠨ ᠤ 8000 ᠮᠧᠲᠷ ᠤᠨ ᠬᠠᠳᠠᠷᠢᠶ᠎ᠠ ᠮᠤᠷᠢᠨ ᠤ ᠤᠷᠤᠯᠳᠤᠭᠠᠨ ᠳᠤ ᠲᠦᠩᠯᠢᠶᠤᠤ ᠬᠤᠳᠠ ᠶᠢᠨ ᠴᠢᠩ ᠰᠦᠩ ᠤᠨ ᠬᠠᠷ᠎ᠠ ᠮᠤᠷᠢ᠂ ᠮᠤᠩᠭᠤᠯ ᠮᠤᠷᠢᠨ ᠤ 3000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠠᠷᠤ ᠬᠤᠷᠴᠢᠨ ᠤ ᠵᠢᠷᠭᠠᠯ ᠤᠨ ᠬᠠᠯᠵᠠᠨ ᠮᠤᠷᠢ᠂ ᠬᠤᠯᠢᠮᠠᠬ ᠴᠢᠰᠳ ᠤ 5000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠨᠠᠰᠦᠨ᠋ᠦ᠋ᠯᠵᠡᠢ ᠶᠢᠨ ᠬᠦᠷᠡᠩ ᠮᠤᠷᠢ᠂ ᠮᠤᠩᠭᠤᠯ ᠮᠤᠷᠢᠨ ᠤ 8000 ᠮᠧᠲᠷ ᠤᠨ ᠬᠠᠳᠠᠷᠢᠶ᠎ᠠ ᠮᠤᠷᠢᠨ ᠤ ᠤᠷᠤᠯᠳᠤᠭᠠᠨ ᠳᠤ ᠤᠯᠠᠭᠠᠨᠮᠤᠳᠤ ᠶᠢᠨ ᠠᠮᠢᠨ᠋ᠦ᠋ᠨᠳᠦᠷ ᠤᠨ ᠬᠠᠯᠵᠠᠨ ᠬᠦᠷᠡᠩ ᠮᠤᠷᠢ᠂ ᠬᠤᠯᠢᠮᠠᠬ ᠴᠢᠰᠤᠨ ᠤ 8000 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠠᠮᠢᠨ᠋ᠦ᠋ᠨᠳᠦᠷ ᠤᠨ ᠬᠠᠷ᠎ᠠ ᠮᠤᠷᠢ᠂ ᠮᠤᠩᠭᠤᠯ ᠮᠤᠷᠢᠨ ᠤ 8000 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠲᠦᠩᠯᠢᠶᠤᠤ ᠬᠤᠳᠠ ᠶᠢᠨ ᠤᠳᠬᠤᠨ ᠤ ᠬᠠᠷ᠎ᠠ ᠮᠤᠷᠢ᠂ ᠮᠤᠩᠭᠤᠯ ᠮᠤᠷᠢᠨ ᠤ 15000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠪᠠᠳᠠᠷᠠᠩᠭᠤᠢ ᠶᠢᠨ ᠪᠠᠳᠤ ᠶᠢᠨ ᠬᠦᠷᠡᠩ ᠮᠤᠷᠢ ᠲᠤᠰ ᠲᠤᠰ ᠲᠡᠷᠢᠬᠦᠯᠡᠵᠡᠢ᠃    ᠮᠤᠷᠢᠨ ᠤᠷᠤᠯᠳᠤᠭᠠᠨ ᠳᠤ ᠦᠪᠦᠷ ᠮᠤᠩᠭᠤᠯ ᠤᠷᠤᠨ ᠤ ᠬᠦᠯᠦᠨ ᠪᠤᠶᠢᠷ᠂ ᠲᠦᠩᠯᠢᠶᠤᠤ᠂ ᠰᠢᠯᠢ ᠶᠢᠨ ᠭᠤᠤᠯ ᠵᠡᠷᠭᠡ ᠠᠶᠢᠮᠠᠬ ᠬᠤᠳᠠ ᠪᠠ ᠪᠦᠬᠦ ᠠᠶᠢᠮᠠᠬ ᠤᠨ ᠤᠯᠠᠭᠠᠨᠬᠤᠳᠠ᠂ ᠡᠮᠤᠨᠡᠳᠦ ᠬᠤᠰᠢᠭᠤ᠂ ᠲᠤᠮᠳᠠᠳᠤ ᠬᠤᠰᠢᠭᠤ ᠪᠠ ᠵᠠᠯᠠᠶᠢᠳ ᠬᠤᠢᠰᠭᠤ ᠠᠴᠠ 200 ᠭᠠᠷᠤᠢ ᠤᠶᠠᠭᠠᠴᠢᠳ ᠤᠷᠤᠯᠳᠤᠭᠠᠨ ᠳᠤ ᠤᠷᠤᠯᠴᠠᠬᠤ ᠪᠠᠷ ᠢᠷᠡᠭᠰᠡᠨ ᠪᠠᠶᠢᠨ᠎ᠠ᠃    512 ᠪᠦᠭᠡ ᠵᠤᠳᠤᠬᠯᠠᠨ ᠦᠯᠵᠡᠶᠢᠪᠠᠭᠠᠳᠤᠷ ᠲᠡᠷᠢᠬᠦᠯᠡᠪᠡ
   ᠮᠤᠩᠭᠤᠯ ᠪᠦᠭᠡ ᠶᠢᠨ ᠪᠠᠷᠢᠯᠳᠤᠭᠠᠨ ᠪᠤᠯ ᠡᠷ᠎ᠡ ᠶᠢᠨ ᠭᠤᠷᠪᠠᠨ ᠨᠠᠭᠠᠳᠤᠮ ᠤᠨ ᠦᠵᠡᠭᠴᠢᠳ ᠤᠨ ᠠᠩᠬᠠᠷᠤᠯ ᠢ ᠬᠠᠮᠤᠬ ᠠᠴᠠ ᠶᠡᠭᠡ ᠲᠠᠳᠠᠳᠠᠬ ᠪᠡᠶ᠎ᠡ ᠲᠠᠮᠢᠷ ᠤᠨ ᠤᠷᠤᠯᠳᠤᠭᠠᠨ ᠪᠤᠯᠤᠨ᠎ᠠ᠃ ᠲᠤᠰ ᠤᠳᠠᠭᠠᠨ ᠤ ᠠᠶᠢᠮᠠᠬ ᠤᠨ ᠨᠠᠭᠠᠳᠤᠮ ᠨᠢ ᠭᠤᠷᠪᠠᠳᠤᠭᠠᠷ ᠬᠤᠭᠤᠴᠠᠭᠠᠨ ᠤ ᠪᠦᠬᠦ ᠠᠶᠢᠮᠠᠬ ᠤᠨ ᠨᠠᠭᠠᠳᠤᠮ ᠤᠨ ᠬᠤᠷᠠᠯ ᠪᠤᠯᠤᠬᠰᠠᠨ ᠪᠦᠭᠡᠳ ᠲᠤᠰ ᠨᠠᠶᠢᠷ ᠲᠤ 512 ᠪᠦᠭᠡ ᠵᠤᠳᠤᠬᠯᠠᠨ ᠪᠠᠷᠢᠯᠳᠤᠬᠰᠠᠨ ᠨᠢ ᠪᠦᠬᠦ᠋ᠢᠯᠡ ᠨᠠᠶᠢᠷ ᠤᠨ ᠲᠠᠯᠠᠪᠤᠷ ᠤᠨ ᠴᠢᠮᠡᠭ ᠪᠤᠯᠤᠬᠰᠠᠨ ᠶᠠᠪᠤᠳᠠᠯ ᠪᠤᠯᠤᠨ᠎ᠠ᠃    ᠨᠠᠭᠠᠳᠤᠮ ᠤᠨ ᠬᠤᠷᠠᠯ ᠤᠨ ᠬᠤᠶᠠᠳᠤᠭᠠᠷ ᠡᠳᠦᠷ ᠤᠨ ᠦᠳᠡ ᠶᠢᠨ ᠬᠤᠶᠢᠨ᠎ᠠ 512 ᠪᠦᠭᠡ ᠶᠢᠨ ᠤᠷᠤᠯᠳᠤᠭᠠᠨ ᠵᠢᠩᠬᠢᠨᠢ ᠪᠠᠷ ᠶᠠᠪᠤᠬᠳᠠᠵᠤ᠂ ᠪᠦᠭᠡ ᠶᠢᠨ ᠤᠷᠤᠯᠳᠤᠭᠠᠨ ᠤ ᠲᠠᠯᠠᠪᠤᠷ ᠲᠤ ᠮᠠᠨ ᠤ ᠠᠶᠢᠮᠠᠬ ᠲᠤ ᠬᠤᠪᠤᠷᠬᠠᠨ ᠲᠤᠬᠢᠶᠠᠯᠳᠤᠳᠠᠬ ᠪᠦᠭᠡ ᠶᠢᠨ ᠪᠠᠷᠢᠯᠳᠤᠭᠠᠨ ᠶᠠᠪᠤᠭᠳᠠᠵᠤ᠂ ᠬᠤᠯᠠ ᠤᠢᠢᠷ᠎ᠠ ᠶᠢᠨ 512 ᠪᠦᠭᠡᠴᠢᠳ ᠵᠤᠳᠤᠬᠯᠠᠵᠤ᠂ ᠰᠤᠬᠤᠷ ᠰᠢᠪᠠᠭ᠎ᠠ ᠰᠤᠭᠤᠯᠬᠤ ᠠᠷᠭ᠎ᠠ ᠪᠠᠷ ᠬᠤᠶᠠᠷ ᠡᠳᠦᠷ ᠤᠨ ᠬᠤᠷᠴᠠ ᠰᠢᠷᠦᠬᠦᠨ ᠤᠷᠤᠯᠳᠤᠭᠠᠨ ᠢ ᠶᠠᠪᠤᠭᠳᠠᠭᠤᠯᠵᠠᠢ᠃ ᠤᠷᠤᠯᠳᠤᠭᠠᠨ ᠳᠤ ᠪᠡᠭᠡᠵᠢᠩ᠂ ᠬᠦᠭᠡᠬᠤᠳᠠ᠂ ᠰᠢᠯᠢ ᠶᠢᠨ ᠭᠤᠤᠯ᠂ ᠤᠯᠠᠭᠠᠨᠬᠠᠳᠠ᠂ ᠲᠦᠩᠯᠢᠶᠤᠤ᠂ ᠬᠦᠯᠦᠨ ᠪᠤᠶᠢᠷ ᠵᠡᠷᠭᠡ ᠨᠤᠳᠤᠬ ᠠᠴᠠ 100 ᠭᠠᠷᠤᠢ ᠪᠦᠭᠡᠴᠢᠡ ᠬᠦᠷᠤᠯᠴᠡᠨ ᠢᠷᠡᠵᠤ᠂ ᠤᠷᠤᠯᠳᠤᠭᠠᠨ ᠳᠤ ᠵᠤᠳᠤᠬᠠᠯᠨ ᠲᠡᠪᠢᠭᠰᠡᠨ ᠪᠦᠭᠡᠳ ᠤᠷᠤᠯᠳᠤᠭᠠᠨ ᠤ ᠶᠠᠪᠤᠴᠠ ᠳᠤ ᠬᠠᠶᠠ ᠨᠤᠳᠤᠬ ᠤᠷᠤᠨ ᠰᠢᠬ ᠨᠤᠳᠤᠬ ᠤᠨ ᠪᠦᠭᠡ ᠪᠠᠨ ᠬᠠᠮᠠᠭᠠᠯᠠᠬᠤ ᠪᠤᠶᠤ ᠲᠦᠷᠢᠮ ᠤᠨ ᠪᠤᠰᠤ ᠤᠨᠤᠭ᠎ᠠ ᠲᠠᠭᠠᠷᠠᠭᠤᠯᠤᠬᠰᠠᠨ ᠦᠬᠡᠢ ᠪᠤᠯᠬᠤᠷ ᠬᠤᠯᠠ ᠶᠢᠨ ᠪᠦᠭᠡᠴᠢᠳ ᠤᠯᠠᠨ ᠢᠶᠠᠷ ᠢᠶᠠᠨ ︽ᠡᠨᠡ ᠤᠳᠠᠭᠠᠨ ᠤ ᠪᠦᠭᠡ ᠶᠢᠨ ᠤᠷᠤᠯᠳᠤᠭᠠᠨ ᠶᠤᠰᠤᠳᠠᠢ ᠮᠤᠩᠭᠤᠯ ᠦᠨᠳᠦᠰᠦᠳᠡᠨ ᠤ ᠤᠯᠠᠮᠵᠢᠯᠠᠯᠳᠤ ᠪᠦᠭᠡ ᠤᠨᠤᠭᠠᠯᠠᠬᠤ ᠠᠷᠭ᠎ᠠ ᠪᠠᠷ ᠤᠨᠤᠭᠠᠯᠠᠬᠰᠠᠨ ᠲᠤᠯᠠ ᠮᠠᠰᠢ ᠰᠠᠶᠢᠨ ᠪᠤᠯᠵᠠᠢ︾ ᠭᠡᠵᠤ ᠶᠠᠷᠢᠯᠴᠠᠵᠠᠭᠠᠵᠤ ᠪᠠᠶᠢᠪᠠ᠃    ᠬᠤᠶᠠᠷ ᠡᠳᠦᠷ ᠤᠨ ᠬᠤᠷᠴᠠ ᠰᠢᠷᠦᠬᠦᠨ ᠤᠷᠤᠯᠳᠤᠭᠠᠨ ᠢᠶᠠᠷ ᠲᠡᠭᠡᠳᠦ ᠨᠠᠢᠮᠠ ᠳᠤ ᠵᠡᠬᠦᠨ ᠦᠵᠦᠮᠦᠴᠢᠨ ᠤ ᠪᠠᠳᠤᠵᠢᠷᠭᠠᠯ᠂ ᠦᠯᠵᠡᠶᠢᠪᠠᠭᠠᠳᠤᠷ᠂ ᠤᠷᠠᠨᠪᠢᠯᠢᠭ᠌᠂ ᠪᠠᠷᠠᠭᠤᠨ ᠦᠵᠦᠮᠦᠴᠢᠨ ᠤ ᠦᠯᠵᠡᠢ᠂ ᠰᠠᠨᠢᠴᠢᠷ᠂ ᠪᠠᠷᠠᠭᠤᠨ ᠪᠠᠭᠠᠷᠢᠨ ᠤ ᠴᠢᠩᠵᠤᠷᠢᠬ᠂ ᠤᠳᠬᠠᠳᠤ᠂ ᠠᠪᠠᠭ᠎ᠠ ᠶᠢᠨ ᠴᠠᠭᠠᠨᠵᠠᠭᠠᠨ ᠨᠠᠷ ᠮᠠᠬᠰᠢᠵᠤ᠂ ᠲᠡᠷᠢᠬᠦᠨ ᠲᠡᠳ᠋ ᠤᠨ ᠪᠠᠷᠢᠯᠳᠤᠭᠠᠨ ᠢᠶᠠᠷ ᠵᠡᠬᠦᠨ ᠦᠵᠦᠮᠦᠴᠢᠨ ᠤ ᠦᠯᠵᠡᠶᠢᠪᠠᠭᠠᠳᠤᠷ ᠲᠡᠷᠢᠬᠦᠯᠡᠵᠤ᠂ ᠵᠡᠬᠦᠨ ᠦᠵᠦᠮᠦᠴᠢᠨ ᠤ ᠪᠠᠳᠤᠵᠢᠷᠭᠠᠯ ᠲᠡᠳ᠋ᠯᠡᠭᠰᠡᠨ ᠪᠠᠶᠢᠨ᠎ᠠ᠃ ᠡᠮᠡᠭᠳᠡᠢ ᠶᠢᠨ 64 ᠪᠦᠭᠡ ᠶᠢᠨ ᠤᠷᠤᠯᠳᠤᠭᠠᠨ ᠳᠤ ᠲᠦᠩᠯᠢᠶᠤᠤ ᠬᠤᠳᠠ ᠶᠢᠨ ᠮᠢᠩ ᠰᠢᠶᠠ ᠲᠡᠷᠢᠬᠦᠯᠡᠵᠤ᠂ ᠲᠦᠩᠯᠢᠶᠤᠤ ᠬᠤᠳᠠ ᠶᠢᠨ ᠰᠠᠷᠠᠭᠤᠯ ᠲᠡᠳ᠋ᠯᠡᠨ᠂ 128 ᠬᠡᠤᠭᠡᠳ ᠤᠨ ᠪᠦᠭᠡ ᠶᠢᠨ ᠮᠦᠷᠦ᠋ᠢᠴᠡᠭᠡᠨ ᠳᠤ ᠪᠠᠷᠠᠭᠤᠨ ᠦᠵᠦᠮᠦᠴᠢᠨ ᠤ ᠬᠦᠷᠡᠯᠳᠤᠭᠤᠨᠤ ᠲᠡᠷᠢᠬᠦᠯᠡᠵᠤ᠂ ᠪᠠᠷᠠᠭᠤᠨ ᠦᠵᠦᠮᠦᠴᠢᠨ ᠤ ᠰᠤᠳᠤᠮᠠᠩᠯᠠᠢ ᠲᠡᠳ᠋ᠯᠡᠵᠤ᠂ ᠪᠦᠬᠦ᠋ᠢᠯᠡ ᠪᠦᠭᠡ ᠶᠢᠨ ᠤᠷᠤᠯᠳᠤᠭᠠᠨ ᠠᠮᠵᠢᠯᠳᠠ ᠲᠠᠢ ᠦᠨᠳᠦᠷᠯᠡᠪᠡ᠃    ᠮᠠᠨ ᠤ ᠠᠶᠢᠮᠠᠬ ᠤᠨ ᠪᠦᠭᠡᠴᠢᠳ ᠬᠡᠳᠦ᠋ᠢᠪᠡᠷ ᠰᠢᠯᠢ ᠶᠢᠨ ᠭᠤᠤᠯ᠂ ᠤᠯᠠᠭᠠᠨᠬᠳᠠ᠂ ᠬᠦᠯᠦᠨ ᠪᠤᠶᠢᠷ ᠤᠨ ᠪᠦᠭᠡᠴᠢᠳ ᠲᠠᠢ ᠠᠳᠠᠯᠢᠳᠬᠠᠪᠠᠯ ᠬᠢᠷᠢ ᠪᠦᠳᠦᠮᠵᠢ ᠪᠠᠷ ᠠᠨᠠᠢ ᠪᠤᠯᠪᠠᠴᠤ ᠲᠤᠰ ᠤᠳᠠᠭᠠᠨ ᠤ ᠪᠠᠷᠢᠯᠳᠤᠭᠠᠨ ᠳᠤ ᠰᠤᠬᠤᠷ ᠰᠢᠪᠠᠭ᠎ᠠ ᠪᠠᠷ ᠪᠠᠷᠢᠯᠳᠤᠭᠤᠯᠤᠬᠰᠠᠨ ᠪᠠᠶᠢᠳᠠᠯ ᠲᠤᠤᠷ᠎ᠠ ᠲᠡᠭᠡᠳᠦ 32 ᠤᠨ ᠪᠦᠭᠡ ᠳᠤ 9 ᠨᠡᠷᠡᠰ ᠪᠦᠭᠡ ᠲᠡᠪᠢᠵᠤ᠂ ᠮᠠᠨ ᠤ ᠮᠤᠩᠭᠤᠯ ᠪᠦᠭᠡ ᠶᠢᠨ ᠢᠷᠡᠭᠡᠳᠦᠢ ᠭᠡᠭᠡᠨ ᠰᠠᠷᠠᠭᠤᠯ ᠪᠠᠶᠢᠬᠤ ᠶᠢ ᠬᠠᠷᠠᠭᠤᠯᠵᠠᠢ᠃ ᠮᠠᠨ ᠤ ᠨᠤᠳᠤᠬ ᠤᠨ ᠪᠦᠭᠡ ᠶᠢᠨ ᠬᠢᠷᠢ ᠪᠦᠳᠦᠮᠵᠢ ᠲᠡᠳᠦᠢ ᠦᠨᠳᠦᠷ ᠪᠢᠰᠢ ᠪᠤᠯᠪᠠᠴᠤ ᠤᠢᠢᠷ᠎ᠠ ᠶᠢᠨ ᠵᠢᠯ ᠳᠤ᠂ ᠮᠤᠩᠭᠤᠯ ᠪᠦᠭᠡ ᠶᠢᠨ ᠦᠢᠯᠡᠰ ᠲᠤ ᠬᠠᠶᠢᠷᠠᠳᠠᠢ ᠬᠦᠮᠦᠰ ᠤᠨ ᠴᠢᠷᠮᠠᠶᠢᠯᠭ᠎ᠠ ᠪᠠᠷ ᠮᠠᠨ ᠤ ᠠᠶᠢᠮᠠᠬ ᠤᠨ ᠡᠯ᠎ᠡ ᠭᠠᠵᠠᠷ ᠤᠷᠤᠨ ᠳᠤ ᠬᠤᠪᠢ ᠶᠢᠨ ᠲᠠᠯ᠎ᠠ ᠠᠴᠠ ᠮᠤᠩᠭᠤᠯ ᠪᠦᠭᠡ ᠶᠢᠨ ᠨᠡᠶᠢᠭᠡᠮᠯᠢᠭ ᠪᠤᠶᠤ ᠮᠤᠩᠭᠤᠯ ᠪᠦᠭᠡ ᠶᠢᠨ ᠺᠯᠦ᠋ᠪ ᠤᠯᠠᠨ ᠪᠠᠶᠢᠭᠤᠯᠤᠬᠳᠠᠵᠤ᠂ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠵᠤ᠂ ᠵᠢᠯ ᠪᠦᠷᠢ ᠶᠢᠨ ᠨᠠᠶᠢᠷ ᠨᠠᠭᠠᠳᠤᠮ ᠢᠶᠠᠷ ᠵᠤᠳᠤᠬᠯᠠᠵᠤ ᠶᠠᠪᠤᠬᠰᠠᠨ ᠤ ᠬᠠᠷᠢᠭᠤ ᠳᠤ ᠪᠦᠭᠡᠴᠢᠳ ᠤᠨ ᠤᠷ᠎ᠠ ᠲᠠᠮ ᠲᠡᠭᠡᠭᠰᠢᠯᠡᠵᠤ᠂ ᠰᠤᠷᠢᠭ᠎ᠠ ᠪᠤᠯᠪᠠᠰᠤᠷᠠᠯ ᠴᠢᠩᠭᠠᠷᠠᠵᠤ᠂ ᠬᠢᠩᠭᠠᠨ ᠤ ᠪᠦᠭᠡ ᠭᠡᠰᠡᠨ ᠠᠯᠳᠠᠷ ᠢ ᠲᠠᠭᠤᠷᠢᠰᠤᠭᠤᠯᠬᠤ ᠪᠠᠷ ᠵᠢᠳᠬᠦᠵᠤ ᠪᠠᠶᠢᠭ᠎ᠠ ᠨᠢ ᠮᠠᠰᠢ ᠪᠠᠶᠠᠷᠯᠠᠭᠤᠰᠢᠳᠠᠢ ᠶᠠᠪᠤᠳᠠᠯ ᠪᠤᠯᠬᠤ ᠶᠤᠮ᠃    ︽ᠡᠷᠡᠭᠡᠢ ᠮᠡᠷᠭᠡᠨ︾ ᠰᠤᠷᠴᠢᠳ ᠤᠨ ᠭᠠᠶᠢᠬᠠᠮᠰᠢᠬᠳᠤ ᠮᠦᠷᠦ᠋ᠢᠴᠡᠭᠡᠨ
   ᠮᠤᠩᠭᠤᠯ ᠬᠦᠮᠦᠨ ᠤ ᠡᠷ᠎ᠡ ᠶᠢᠨ ᠭᠤᠷᠪᠠᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠨᠢ ᠢᠰᠡᠭᠡᠢ ᠲᠤᠭᠤᠷᠭᠠᠳᠠᠳ ᠤᠨ ᠦᠤᠭᠡ ᠲᠡᠤᠭᠡ ᠶᠢᠨ ᠡᠳᠦᠷ ᠲᠤᠳᠤᠮ ᠤᠨ ᠠᠮᠢᠳᠤᠷᠠᠯ ᠦᠢᠯᠡᠳᠪᠦᠷᠢᠯᠡᠯ᠂ ᠲᠠᠶᠢᠨ ᠪᠠᠶᠢᠯᠳᠤᠭᠠᠨ ᠪᠤᠶᠤ ᠠᠩ ᠠᠩᠨᠠᠯ ᠠᠴᠠ ᠢᠷᠡᠯᠳᠡ ᠲᠠᠢ ᠪᠦᠭᠡᠳ ︽ᠡᠷᠡᠭᠡᠢ ᠮᠡᠷᠭᠡᠨ︾ ᠰᠤᠷᠴᠢᠳ ᠴᠤ ᠤᠯᠠᠨ ᠪᠠᠶᠢᠳᠠᠬ᠃    ᠲᠤᠰ ᠤᠳᠠᠭᠠᠨ ᠤ ᠰᠤᠷ ᠬᠠᠷᠪᠤᠯᠳᠠ ᠶᠢᠨ ᠤᠷᠤᠯᠳᠤᠭᠠᠨ ᠳᠤ ᠤᠯᠤᠰ ᠤᠷᠤᠨ ᠤ ᠬᠡᠪᠴᠢᠶᠡᠨ ᠳᠤ ᠠᠯᠳᠠᠷ ᠨᠡᠷ᠎ᠡ ᠲᠠᠢ᠂ ᠪᠠᠷᠠᠭᠤᠨ ᠪᠠᠭᠠᠷᠢᠨ ᠤ ᠴᠤᠯᠮᠤᠨᠴᠡᠴᠡᠭ ᠵᠡᠷᠭᠡ ᠪᠤᠰᠤᠳ ᠠᠶᠢᠮᠠᠬ ᠬᠤᠳᠠ ᠶᠢᠨ ᠤᠯᠠᠨ ᠰᠠᠶᠢᠨ ᠬᠠᠷᠪᠤᠭᠠᠴᠢᠳ ᠴᠤᠭᠯᠠᠷᠠᠵᠤ᠂ ᠡᠷᠡᠭᠳᠡᠢ ᠶᠢᠨ ᠰᠤᠷ ᠬᠠᠷᠪᠤᠯᠳᠠ ᠳᠤ 168 ᠰᠤᠷᠴᠢᠳ ᠤᠷᠤᠯᠴᠠᠵᠤ᠂ ᠡᠮᠡᠭᠳᠡᠢ ᠶᠢᠨ ᠰᠤᠷ ᠬᠠᠷᠪᠤᠯᠳᠠ ᠳᠤ 60 ᠤᠷᠴᠢᠮ ᠰᠤᠷᠴᠢᠳ ᠤᠷᠤᠯᠴᠠᠬᠰᠠᠨ ᠨᠢ ᠤᠷᠤᠯᠳᠤᠭᠠᠨ ᠢ ᠤᠯᠠᠮ ᠬᠤᠷᠴᠠ ᠰᠢᠷᠦᠬᠦᠨ ᠪᠤᠯᠭᠠᠬᠰᠠᠨ ᠪᠠᠶᠢᠳᠠᠬ᠃ ᠤᠯᠠᠨ ᠲᠠᠮᠢᠷᠴᠢᠳ ︽ᠲᠡᠬᠦᠨ ᠤ ᠲᠦᠯᠦᠭᠡ ᠲᠡᠬᠦᠨ ᠠᠴᠠ ᠲᠠᠪᠠᠭ᠋ᠤ︾ ᠤᠷᠤᠯᠳᠤᠭᠠᠨ ᠤ ᠵᠤᠷᠢᠬ ᠰᠠᠨᠠᠭ᠎ᠠ ᠪᠠᠷ ᠪᠦᠬᠦ ᠠᠩᠬᠠᠷᠤᠯ ᠢᠶᠠᠨ ᠲᠦᠪᠯᠡᠷᠡᠬᠦᠯᠦᠨ ᠤᠳᠠᠭ᠎ᠠ ᠪᠦᠷᠢ ᠨᠠᠷᠠᠨ ᠭᠤᠤᠯ ᠢ ᠤᠨᠤᠭᠠᠬᠤ ᠪᠠᠷ ᠰᠢᠷᠤᠩᠬᠠᠢᠢᠯᠠᠨ᠎ᠠ᠃ ᠨᠢᠭᠡ ᠡᠳᠦᠷ ᠤᠨ ᠬᠤᠷᠴᠠ ᠰᠢᠷᠦᠬᠦᠨ ᠲᠡᠮᠡᠴᠡᠭᠡᠨ ᠢᠶᠠᠷ ᠲᠠᠮᠵᠢᠨ ᠡᠷᠡᠭᠳᠡᠢ ᠶᠢᠨ ᠰᠤᠷ ᠬᠠᠷᠪᠤᠯᠳᠠ ᠶᠢᠨ ᠤᠷᠤᠯᠳᠤᠭᠠᠨ ᠳᠤ ᠠᠪᠠᠭ᠎ᠠ ᠬᠤᠰᠢᠭᠤᠨ ᠤ ᠲᠤᠯᠭᠠᠭᠤᠷᠢ 49 ᠬᠤᠪᠢ ᠪᠠᠷ ᠲᠡᠷᠢᠬᠦᠯᠡᠵᠤ᠂ ᠠᠷᠤ ᠬᠤᠷᠴᠢᠨ ᠤ ᠰᠠᠶᠢᠬᠤᠴᠠᠷᠠᠯᠳᠤ 47 ᠬᠤᠪᠢ ᠪᠠᠷ ᠲᠡᠳ᠋ᠯᠡᠨ᠂ ᠡᠮᠤᠨᠡᠳᠦ ᠬᠤᠰᠢᠭᠤᠨ ᠤ ᠪᠤᠶᠠᠨᠳᠠᠯᠠᠢ 45 ᠬᠤᠪᠢ ᠪᠠᠷ ᠭᠤᠷᠪᠠᠳᠤᠭᠠᠷ ᠨᠡᠷᠡᠰ ᠲᠤ ᠲᠤᠳᠤᠷᠠᠵᠤ᠂ ᠡᠮᠡᠭᠳᠡᠢ ᠶᠢᠨ ᠰᠤᠷ ᠬᠠᠷᠪᠤᠯᠳᠠ ᠳᠤ ᠪᠠᠷᠠᠭᠤᠨ ᠪᠠᠭᠠᠷᠢᠨ ᠤ ᠴᠤᠯᠮᠤᠨᠴᠡᠴᠡᠭ 42 ᠬᠤᠪᠢ ᠪᠠᠷ ᠲᠡᠷᠢᠬᠦᠯᠡᠵᠤ᠂ ᠵᠡᠬᠦᠨ ᠦᠵᠦᠮᠦᠴᠢᠨ ᠤ ᠯᠢᠩᠬᠤᠸᠠᠴᠡᠴᠡᠭ 38 ᠬᠤᠪᠢ ᠪᠠᠷ ᠲᠡᠳ᠋ᠯᠡᠨ᠂ ᠮᠠᠨ ᠤ ᠠᠶᠢᠮᠠᠬ ᠤᠨ ᠤᠳᠤᠨᠭᠤᠸ᠎ᠠ 37 ᠬᠤᠪᠢ ᠪᠠᠷ ᠭᠤᠷᠪᠠᠳᠤᠭᠠᠷ ᠨᠡᠷᠡᠰ ᠲᠤ ᠲᠤᠳᠤᠷᠠᠬᠰᠠᠨ ᠪᠠᠶᠢᠨ᠎ᠠ᠃    2014 ᠤᠨ ᠳᠤ᠂ ᠮᠤᠩᠭᠤᠯ ᠦᠨᠳᠦᠰᠦᠳᠡᠨ ᠤ ᠡᠷ᠎ᠡ ᠶᠢᠨ ᠭᠤᠷᠪᠠᠨ ᠨᠠᠭᠠᠳᠤᠮ ᠪᠤᠶᠤ ᠮᠤᠩᠭᠤᠯ ᠰᠤᠶᠤᠯ ᠳᠠᠭᠠᠨ ᠬᠠᠶᠢᠷᠠᠳᠠᠢ ᠬᠡᠳᠦᠨ ᠬᠦᠮᠦᠰ ᠤᠨ ᠴᠢᠷᠮᠠᠶᠢᠯᠭ᠎ᠠ ᠪᠠᠷ ᠪᠦᠬᠦ ᠠᠶᠢᠮᠠᠬ ᠤᠨ ᠬᠠᠮᠤᠬ ᠠᠩᠬᠠᠨ ᠤ ᠰᠤᠷ ᠬᠠᠷᠪᠤᠯᠳᠠ ᠶᠢᠨ ᠨᠡᠶᠢᠭᠡᠮᠯᠢᠭ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ ᠰᠤᠷ ᠬᠠᠷᠪᠤᠯᠳᠠ ᠶᠢᠨ ᠨᠡᠶᠢᠭᠡᠮᠯᠢᠭ ᠪᠠᠶᠢᠭᠤᠯᠤᠬᠳᠠᠵᠤ᠂ ᠠᠩᠬᠠᠯᠠᠨ ᠠᠷᠪᠠᠨ ᠬᠦᠮᠦᠨ ᠬᠦᠷᠬᠦ ᠦᠬᠡᠢ ᠪᠠᠶᠢᠬᠰᠠᠨ ᠠᠴᠠ ᠪᠠᠨ ᠤᠳᠤᠬᠠᠨ ᠤ 80 ᠭᠠᠷᠤᠢ ᠬᠡᠰᠢᠬᠦᠨ ᠲᠠᠢ ᠪᠤᠯᠤᠬᠰᠠᠨ ᠪᠠᠶᠢᠨ᠎ᠠ᠃ ᠲᠡᠳᠡᠨ ᠤ ᠲᠠᠭᠠᠭᠤᠯᠭ᠎ᠠ ᠲᠤᠤᠷ᠎ᠠ ᠤᠷᠢᠳ ᠬᠤᠵᠢᠳ ᠠᠶᠢᠮᠠᠬ ᠤᠨ ᠰᠤᠷ ᠬᠠᠷᠪᠤᠯᠳᠠ ᠶᠢᠨ ᠨᠡᠶᠢᠭᠡᠮᠯᠢᠭ᠂ ᠵᠠᠯᠠᠶᠢᠳ ᠬᠤᠰᠢᠭᠤᠨ ᠤ ᠰᠤᠷ ᠬᠠᠷᠪᠤᠯᠳᠠ ᠶᠢᠨ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠰᠤᠷ ᠬᠠᠷᠪᠤᠯᠳᠠ ᠶᠢᠨ ᠨᠡᠶᠢᠭᠡᠮᠯᠢᠭ ᠪᠠ ᠤᠯᠠᠭᠠᠨᠬᠤᠳᠠ ᠶᠢᠨ ᠰᠤᠷ ᠬᠠᠷᠪᠤᠯᠳᠠ ᠶᠢᠨ ᠨᠡᠶᠢᠭᠡᠮᠯᠢᠭ ᠪᠠᠶᠢᠭᠤᠯᠤᠬᠳᠠᠵᠤ᠂ ᠪᠦᠬᠦ ᠠᠶᠢᠮᠠᠬ ᠤᠨ ᠰᠤᠷ ᠬᠠᠷᠪᠤᠯᠳᠠ ᠶᠢᠨ ᠲᠠᠮᠢᠷᠴᠢᠳ ᠤᠨ ᠲᠤᠭ᠎ᠠ ᠨᠡᠶᠢᠳᠡ 300 ᠭᠠᠷᠤᠢ ᠪᠤᠯᠤᠬᠰᠠᠨ ᠪᠠᠶᠢᠨ᠎ᠠ᠃ ᠲᠡᠳᠡ ᠤᠯᠠᠨ ᠤᠷᠤᠯᠳᠤᠭᠠᠨ ᠢᠶᠠᠷ ᠲᠠᠮᠵᠢᠨ᠂ ᠪᠠᠷᠠᠭᠤᠨ ᠪᠠᠭᠠᠷᠢᠨ᠂ ᠬᠦᠯᠦᠨ ᠪᠤᠶᠢᠷ᠂ ᠵᠡᠬᠦᠨ ᠦᠵᠦᠮᠦᠴᠢᠨ᠂ ᠠᠷᠤ ᠬᠤᠷᠴᠢᠨ ᠵᠡᠷᠭᠡ ᠬᠤᠰᠢᠭᠤ ᠶᠢᠨ ᠰᠤᠷ ᠬᠠᠷᠪᠤᠯᠳᠠ ᠶᠢᠨ ᠲᠠᠮᠢᠷᠴᠢᠳ ᠠᠴᠠ ᠲᠠᠭᠠᠨ ᠰᠤᠷᠤᠯᠴᠠᠵᠤ᠂ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠵᠤ᠂ ᠡᠮᠤᠨᠡᠳᠦ ᠬᠤᠰᠢᠭᠤᠨ ᠤ ᠰᠤᠷ ᠬᠠᠷᠪᠤᠯᠳᠠ ᠶᠢᠨ ᠨᠡᠶᠢᠭᠡᠮᠯᠢᠭ ᠤᠨ ᠪᠤᠶᠠᠨᠳᠠᠯᠠᠢ ᠨᠢᠳᠤᠨᠤᠨ ᠤ ᠪᠦᠬᠦ ᠤᠷᠤᠨ ᠤ ᠶᠢᠰᠦᠳᠦᠭᠡᠷ ᠬᠤᠭᠤᠴᠠᠭᠠᠨ ᠤ ᠴᠦᠭᠡᠨ ᠲᠤᠭᠠᠳᠤ ᠦᠨᠳᠦᠰᠦᠳᠡᠨ ᠤ ᠪᠡᠶ᠎ᠡ ᠲᠠᠮᠢᠷ ᠤᠨ ᠴᠤᠭᠯᠠᠭᠠᠨ ᠳᠤ ᠭᠤᠷᠪᠠᠨ ᠲᠦᠷᠦᠯ ᠤᠨ ᠰᠤᠷ ᠬᠠᠷᠪᠤᠯᠳᠠ ᠶᠢᠨ ᠤᠷᠤᠯᠳᠤᠭᠠᠨ ᠤ ᠲᠦᠷᠪᠡᠳᠦᠭᠡᠷ ᠨᠡᠷᠡᠰ ᠲᠤ ᠲᠤᠳᠤᠷᠠᠵᠤ᠂ ᠪᠦᠬᠦ ᠠᠶᠢᠮᠠᠬ ᠲᠠᠭᠠᠨ ᠰᠤᠷ ᠬᠠᠷᠪᠤᠯᠳᠠ ᠶᠢᠨ ᠲᠡᠷᠢᠬᠦᠨ ᠤ ᠬᠢᠷᠢ ᠪᠦᠳᠦᠮᠵᠢ ᠶᠢᠨ ᠢᠷᠠᠭᠤ ᠠᠯᠳᠠᠷ ᠢ ᠠᠪᠴᠢᠷᠠᠬᠰᠠᠨ ᠪᠠᠶᠢᠨ᠎ᠠ᠃ ᠤᠷᠤᠯᠳᠤᠭᠠᠨ ᠤ ᠲᠤᠮᠳᠠ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ ᠰᠤᠷ ᠬᠠᠷᠪᠤᠯᠳᠠ ᠶᠢᠨ ᠨᠡᠶᠢᠭᠡᠮᠯᠢᠭ ᠤᠨ ᠲᠠᠮᠢᠷᠴᠢᠨ ᠬᠢᠩᠭᠠᠨ ᠮᠠᠨ ᠤ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ︽ᠲᠤᠰ ᠤᠳᠠᠭᠠᠨ ᠤ ᠤᠷᠤᠯᠳᠤᠭᠠᠨ ᠨᠢ ᠮᠠᠨ ᠤ ᠠᠶᠢᠮᠠᠬ ᠤᠨ ᠬᠡᠳᠦᠨ ᠰᠤᠷ ᠬᠠᠷᠪᠤᠯᠳᠠ ᠶᠢᠨ ᠨᠡᠶᠢᠭᠡᠮᠯᠢᠭ ᠤᠨ ᠲᠠᠮᠢᠷᠴᠢᠳ ᠲᠤ ᠠᠪᠴᠤ ᠬᠡᠯᠡᠪᠡᠯ ᠦᠪᠡᠷ ᠤᠨ ᠬᠢᠷᠢ ᠪᠦᠳᠦᠮᠵᠢ ᠪᠠᠨ ᠰᠢᠯᠭᠠᠬᠤ ᠮᠠᠰᠢ ᠰᠠᠶᠢᠨ ᠠᠵᠠ ᠵᠠᠪᠰᠢᠶᠠᠨ ᠪᠤᠯᠤᠬᠰᠠᠨ ᠢᠶᠠᠷ ᠪᠠᠷᠠᠬᠤ ᠦᠬᠡᠢ᠂ ᠪᠤᠰᠤᠳ ᠭᠠᠵᠠᠷ ᠤᠷᠤᠨ ᠤ ᠰᠤᠷᠴᠢᠳ ᠲᠠᠢ ᠰᠤᠷ ᠬᠠᠷᠪᠤᠯᠳᠠ ᠶᠢᠨ ᠤᠬᠠᠭᠠᠨ ᠰᠠᠮᠪᠠᠭ᠎ᠠ᠂ ᠬᠢᠷᠢ ᠪᠦᠳᠦᠮᠵᠢ ᠪᠠᠨ ᠠᠳᠠᠯᠢᠳᠬᠠᠬᠤ ᠶᠢᠨ ᠬᠠᠮᠳᠤ ᠲᠡᠳᠡᠨ ᠲᠠᠢ ᠦᠷᠭᠡᠨ ᠢᠶᠠᠷ ᠬᠠᠷᠢᠯᠴᠠᠵᠤ᠂ ᠬᠠᠷᠢᠯᠴᠠᠨ ᠰᠤᠷᠤᠯᠴᠠᠬᠤ ᠵᠠᠪᠰᠢᠶᠠᠨ ᠢ ᠤᠯᠭᠤᠭᠰᠠᠨ ᠪᠠᠶᠢᠨ᠎ᠠ︾ ᠭᠡᠵᠤ ᠪᠠᠶᠠᠷᠳᠠᠶᠢᠬᠠᠨ ᠶᠠᠷᠢᠵᠤ ᠪᠠᠶᠢᠪᠠ᠃    ᠮᠤᠩᠭᠤᠯ ᠭᠤᠶᠤᠯᠠᠯ ᠢᠶᠠᠷ ᠴᠢᠮᠡᠭᠰᠡᠨ ᠬᠤᠷᠸ᠎ᠠ
   ᠤᠯᠠᠭᠠᠨᠮᠤᠲᠦ ᠨᠤᠲᠤᠭ ᠭᠡᠵᠦ ᠤᠯᠠᠭᠠᠨᠮᠤᠲᠦ ᠰᠤᠮᠤ᠂ ᠲᠤᠬᠤᠮ ᠰᠤᠮᠤ᠂ ᠮᠠᠨᠵᠦᠲ᠋ᠦ᠋ᠨ ᠤ ᠮᠠᠨᠵᠦ ᠦᠨᠳᠦᠰᠦᠳᠡᠨ ᠤ ᠰᠢᠶᠠᠩ ᠪᠠ ᠲᠡᠪᠰᠡᠭ ᠪᠠᠯᠭᠠᠰᠤ ᠵᠡᠷᠭᠡ ᠶᠢ ᠪᠠᠭᠳᠠᠭᠠᠬᠰᠠᠨ ᠮᠠᠯᠵᠢᠬᠤ ᠤᠷᠤᠨ ᠢᠶᠠᠷ ᠪᠦᠷᠢᠯᠳᠦᠵᠠᠢ᠃ ᠲᠡᠭᠦᠨ ᠤ ᠬᠤᠪᠴᠠᠰᠦ ᠵᠠᠰᠠᠯ᠂ ᠭᠠᠷ ᠤᠷᠠᠯᠠᠯ᠂ ᠢᠳᠡᠭᠡᠨ ᠤᠮᠳᠠᠭᠠᠨ᠂ ᠡᠳ᠋ᠯᠡᠯ ᠬᠡᠷᠡᠭᠰᠡᠯ ᠵᠡᠷᠭᠡ ᠠᠮᠢᠳᠦᠷᠠᠯ ᠤᠢᠢᠯᠡᠳᠪᠦᠷᠢᠯᠡᠯ ᠤᠨ ᠶᠠᠭᠤ ᠪᠦᠬᠦᠨ ᠳᠤ ᠮᠠᠯᠵᠢᠬᠤ ᠤᠷᠤᠨ ᠤ ᠪᠠᠷ᠎ᠠ ᠬᠠᠷᠠᠬᠳᠠᠵᠦ ᠯᠡ ᠪᠠᠶᠢᠳᠠᠬ᠃ ᠡᠭᠦᠨ ᠤ ᠳᠤᠳᠤᠷ᠎ᠠ᠂ ᠬᠤᠪᠴᠠᠰᠦ ᠵᠠᠰᠠᠯ᠂ ᠭᠠᠷ ᠤᠷᠠᠯᠠᠯ᠂ ᠡᠮᠤᠰᠭᠡᠯ᠂ ᠬᠠᠳᠬᠤᠮᠠᠯ ᠤᠷᠠᠯᠠᠯ ᠵᠡᠷᠭᠡ ᠨᠢ ᠤᠯᠠᠮᠵᠢᠯᠠᠯᠲᠦ ᠵᠠᠩ ᠵᠠᠩᠰᠢᠯ ᠢᠶᠠᠨ ᠪᠠᠷᠢᠮᠳᠠᠯᠠᠬᠰᠠᠭᠠᠷ ᠢᠷᠡᠵᠦ᠂ ᠡᠨᠡ ᠨᠤᠲᠤᠭ ᠤᠨ ᠪᠠᠰᠠ ᠨᠢᠭᠡ ᠦᠡᠭᠭᠡ ᠦᠵᠡᠮᠵᠢ ᠨᠢ ᠪᠤᠯᠵᠦ ᠬᠦᠮᠦᠨ ᠤᠯᠠᠨ ᠤ ᠪᠠᠨ ᠪᠠᠭ᠋ᠠᠷᠦᠯ ᠢ ᠳᠠᠲᠠᠵᠦ ᠪᠤᠢ᠃    8 ᠰᠠᠷ᠎ᠠ 10 — 13 ᠤ ᠡᠳᠦᠷ ᠶᠠᠪᠤᠬᠳᠠᠬᠰᠠᠨ 2018 · ᠬᠢᠨᠭ᠍ᠭᠠᠨ ᠠᠶᠢᠮᠠᠭ ᠤᠨ ᠨᠠᠭᠠᠳᠦᠮ ᠵᠢᠴᠢ ᠤᠯᠠᠭᠠᠨᠮᠤᠲᠦ ᠶᠢᠨ ᠲᠠᠯ᠎ᠠ ᠨᠤᠲᠤᠭ ᠤᠨ ᠰᠤᠶᠤᠯ ᠵᠤᠭᠠᠴᠠᠯ ᠤᠨ ᠨᠠᠶᠢᠷ ᠤᠨ ᠨᠢᠭᠡ ᠠᠭᠤᠯᠭ᠎ᠠ ᠪᠤᠯᠬᠤ 2018 ᠤᠨ ᠤ ᠬᠢᠨᠭ᠍ᠭᠠᠨ ᠠᠶᠢᠮᠠᠭ ᠤᠨ ᠮᠤᠩᠭᠤᠯ ᠦᠨᠳᠦᠰᠦᠲᠡᠨ ᠤ ᠬᠤᠪᠴᠠᠰᠦ ᠵᠠᠰᠠᠯ ᠭᠠᠷ ᠤᠷᠠᠯᠠᠯ ᠤᠨ ᠪᠦᠲᠦᠭᠡᠭᠳᠡᠭᠦᠨ ᠤ ᠤᠷᠤᠯᠳᠤᠭᠠᠨ ᠨᠢ ᠦᠵᠡᠭᠴᠢ ᠤᠯᠠᠨ ᠤ ᠠᠩᠬᠠᠷᠤᠯ ᠢ ᠶᠡᠭᠡᠪᠡᠷ ᠲᠠᠳᠠᠪᠠ᠃ ᠲᠤᠰ ᠤᠳᠠᠭᠠᠨ ᠤ ᠤᠷᠤᠯᠳᠤᠭᠠᠨ ᠢ ᠮᠤᠩᠭᠤᠯ ᠦᠨᠳᠦᠰᠦᠲᠡᠨ ᠤ ᠤᠳᠤ ᠦᠶ᠎ᠠ ᠶᠢᠨ ᠬᠤᠪᠴᠠᠰᠦ ᠵᠠᠰᠠᠯ ᠤᠨ ᠲᠤᠭᠤᠢᠢᠯᠠᠩ᠂ ᠤᠯᠠᠮᠵᠢᠯᠠᠯᠲᠦ ᠬᠤᠪᠴᠠᠰᠦ ᠵᠠᠰᠠᠯ ᠤᠨ ᠲᠤᠭᠤᠢᠢᠯᠠᠩ᠂ ᠬᠠᠳᠬᠤᠮᠠᠯ ᠤᠷᠠᠯᠠᠯ ᠤᠨ ᠲᠤᠭᠤᠢᠢᠯᠠᠩ᠂ ᠭᠠᠷ ᠤᠷᠠᠯᠠᠯ ᠤᠨ ᠲᠤᠭᠤᠢᠢᠯᠠᠩ ᠵᠡᠷᠭᠡ ᠲᠤᠭᠤᠢᠢᠯᠠᠩ ᠬᠤᠪᠢᠶᠠᠵᠤ᠂ ᠡᠯ᠎ᠡ ᠰᠤᠮᠤ ᠪᠠᠯᠭᠠᠰᠦ ᠠᠴᠠ ᠬᠦᠷᠦᠯᠴᠡᠨ ᠢᠷᠡᠭᠰᠡᠨ ᠬᠤᠪᠴᠠᠰᠦ ᠵᠠᠰᠠᠯ ᠤᠨ ᠤᠷᠤᠯᠳᠤᠬᠴᠢᠳ ᠮᠠᠨᠢ ᠮᠤᠩᠭᠤᠯ ᠢᠶᠠᠷ ᠢᠶᠠᠨ ᠭᠤᠶᠤᠯᠠᠵᠦ᠂ ᠦᠪᠡᠷ ᠦᠪᠡᠷ ᠤᠨ ᠤᠨᠴᠠᠯᠢᠬᠲᠦ ᠬᠤᠪᠴᠠᠰᠦ ᠵᠠᠰᠠᠯ᠂ ᠭᠠᠷ ᠤᠷᠠᠯᠠᠯ ᠢᠶᠠᠨ ᠲᠡᠯᠭᠡᠵᠤ᠂ ᠤᠷᠠᠯᠢᠬ ᠭᠤᠶᠤᠬᠠᠨ᠂ ᠦᠵᠡᠮᠵᠢᠲᠦ ᠰᠠᠶᠢᠬᠠᠨ ᠲᠦᠷᠢ ᠲᠦᠷᠬᠦ ᠪᠠᠷ ᠦᠵᠡᠭᠴᠢᠳ ᠤᠨ ᠢᠶᠠᠨ ᠠᠩᠬᠠᠷᠦᠯ ᠢ ᠳᠠᠲᠠᠵᠦ ᠬᠦᠷ ᠬᠦᠭᠵᠢᠶᠠᠨ ᠲᠠᠢ ᠶᠠᠪᠤᠬᠳᠠᠬᠰᠠᠨ ᠪᠠᠶᠢᠨ᠎ᠠ᠃    ᠬᠤᠷᠴᠡ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠤᠳᠤ ᠦᠶ᠎ᠠ ᠶᠢᠨ ᠬᠤᠪᠴᠠᠰᠦ ᠵᠠᠰᠠᠯ ᠤᠨ ᠲᠤᠭᠤᠢᠢᠯᠠᠩ ᠳᠤ ︽ᠪᠠᠶᠠᠨ ᠵᠠᠰᠠᠬᠲᠦ︾ ᠦᠨᠳᠦᠰᠦᠲᠡᠨ ᠤ ᠬᠤᠪᠴᠠᠰᠦ ᠵᠠᠰᠠᠯ ᠤᠨ ᠦᠵᠡᠭᠦᠯᠦᠯᠭᠡ ᠶᠢᠨ ᠠᠩᠬᠢ ᠨᠢᠭᠡᠳᠦᠭᠡᠷ ᠲᠤ ᠳᠤᠳᠤᠷᠠᠵᠦ᠂ ︽ᠨᠤᠮᠢᠨ ᠬᠠᠨᠭ᠍ᠭᠠᠢ︾ ᠦᠨᠳᠦᠰᠦᠲᠡᠨ ᠤ ᠬᠤᠪᠴᠠᠰᠦ ᠵᠠᠰᠠᠯ ᠤᠨ ᠦᠵᠡᠭᠦᠯᠦᠯᠭᠡ ᠶᠢᠨ ᠠᠩᠬᠢ᠂ ︽ᠵᠠᠰᠠᠬᠲᠦ︾ ᠬᠤᠪᠴᠠᠰᠦ ᠵᠠᠰᠠᠯ ᠤᠨ ᠦᠵᠡᠭᠦᠯᠦᠯᠭᠡ ᠶᠢᠨ ᠬᠠᠮᠲᠦᠯᠢᠬ ᠲᠤᠰ ᠲᠤᠰ ᠬᠤᠶᠠᠳᠤᠭᠠᠷ ᠨᠡᠷᠡᠰ ᠲᠤ ᠳᠤᠳᠤᠷᠠᠵᠦ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠶᠢᠨ ᠲᠦᠯᠦᠭᠡᠯᠡᠭᠴᠢ ᠠᠩᠬᠢ᠂ ︽ᠬᠤᠨᠭ᠍ᠭᠤᠷ︾ ᠦᠨᠳᠦᠰᠦᠲᠡᠨ ᠤ ᠬᠤᠪᠴᠠᠰᠦ ᠵᠠᠰᠠᠯ ᠤᠨ ᠦᠵᠡᠭᠦᠯᠦᠯᠭᠡ ᠶᠢᠨ ᠠᠩᠬᠢ᠂ ᠠᠯᠳᠠᠷ ᠰᠤᠮᠤ ᠶᠢᠨ ᠬᠤᠪᠴᠠᠰᠦ ᠵᠠᠰᠠᠯ ᠤᠨ ᠦᠵᠡᠭᠦᠯᠦᠯᠭᠡ ᠶᠢᠨ ᠠᠩᠬᠢ ᠲᠤᠰ ᠲᠤᠰ ᠭᠤᠷᠪᠠᠳᠤᠭᠠᠷ ᠲᠤ ᠵᠢᠬᠰᠠᠭᠠᠭᠳᠠᠪᠠ᠃ ᠤᠯᠠᠮᠵᠢᠯᠠᠯᠲᠦ ᠬᠤᠪᠴᠠᠰᠦ ᠵᠠᠰᠠᠯ ᠤᠨ ᠲᠤᠭᠤᠢᠢᠯᠠᠩ ᠳᠤ᠂ ︽ᠠᠶᠢᠺᠧᠰ︾ ᠬᠤᠪᠴᠠᠰᠦ ᠵᠠᠰᠠᠯ ᠤᠨ ᠦᠵᠡᠭᠦᠯᠦᠯᠭᠡ ᠶᠢᠨ ᠠᠩᠬᠢ ᠨᠢᠭᠡᠳᠦᠭᠡᠷ ᠲᠤ ᠳᠤᠳᠤᠷᠠᠵᠦ᠂ ︽ᠨᠤᠮᠢᠨ ᠬᠠᠨᠭ᠍ᠭᠠᠢ︾ ᠦᠨᠳᠦᠰᠦᠲᠡᠨ ᠤ ᠬᠤᠪᠴᠠᠰᠦ ᠵᠠᠰᠠᠯ ᠤᠨ ᠦᠵᠡᠭᠦᠯᠦᠯᠭᠡ ᠶᠢᠨ ᠠᠩᠬᠢ᠂ ︽ᠵᠠᠰᠠᠬᠲᠦ ᠤᠷᠠᠨᠪᠦ᠋ᠰᠡᠭᠦᠢ︾ ᠬᠤᠪᠴᠠᠰᠦ ᠵᠠᠰᠠᠯ ᠤᠨ ᠦᠵᠡᠭᠦᠯᠦᠯᠭᠡ ᠶᠢᠨ ᠬᠠᠮᠲᠦᠯᠢᠬ ᠲᠤᠰ ᠲᠤᠰ ᠬᠤᠶᠠᠳᠤᠭᠠᠷ ᠲᠤ ᠳᠤᠳᠤᠷᠠᠵᠦ᠂ ᠲᠠᠯ᠎ᠠ ᠶᠢᠨ ᠤᠶᠠᠩᠭ᠎ᠠ ᠬᠠᠮᠲᠦᠯᠢᠬ᠂ ︽ᠰᠠᠷᠠᠯᠠᠩ︾ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠭᠦᠨ ᠤ ᠲᠤᠰᠬᠠᠢ ᠬᠤᠷᠰᠢᠶ᠎ᠠ᠂ ︽ᠵᠤᠰᠠᠯᠠᠩ︾ ᠬᠠᠮᠲᠦᠯᠢᠬ ᠲᠤᠰ ᠲᠤᠰ ᠭᠤᠷᠪᠠᠳᠤᠭᠠᠷ ᠲᠤ ᠤᠷᠤᠪᠠ᠃ ᠦᠨᠳᠦᠰᠦᠲᠡᠨ ᠤ ᠬᠠᠳᠬᠤᠮᠠᠯ ᠤᠨ ᠲᠤᠭᠤᠢᠢᠠᠯᠡᠭ ᠳᠤ᠂ ᠪᠤᠤ ᠯᠢᠩᠬᠸ᠎ᠠ ᠲᠡᠷᠢᠭᠦᠯᠡᠵᠦ᠂ ᠰᠡᠴᠡᠩᠭᠤ᠋ ᠤᠠ᠋᠂ ᠵᠠᠷᠮ᠎ᠠ ᠲᠤᠰ ᠲᠤᠰ ᠬᠤᠶᠠᠳᠤᠭᠠᠷ ᠨᠡᠷᠡᠰ ᠲᠤ ᠳᠤᠳᠤᠷᠠᠵᠦ᠂ ᠰᠤᠪᠤᠳ᠂ ᠰᠤᠪᠤᠳᠴᠢᠮᠡᠭ᠂ ᠽᠠᠨᠳᠠᠨ ᠲᠤᠰ ᠲᠤᠰ ᠭᠤᠷᠪᠠᠳᠤᠭᠠᠷ ᠲᠤ ᠳᠤᠳᠤᠷᠠᠪᠠ᠃ ᠭᠠᠷ ᠤᠷᠠᠯᠠᠯ ᠤᠨ ᠪᠦᠲᠦᠭᠡᠭᠳᠡᠭᠦᠨ ᠤ ᠲᠤᠭᠤᠢᠢᠯᠠᠩ ᠳᠤ᠂ ᠲᠦᠮᠬᠠᠦ᠋ᠯᠵᠠᠢ ᠨᠢᠭᠡᠳᠦᠭᠡᠷ ᠲᠤ ᠳᠤᠳᠤᠷᠠᠵᠦ᠂ ᠪᠤᠤ ᠶᠢᠨ ᠱᠠᠨ᠂ ᠭᠡᠷᠡᠯᠲᠦ ᠲᠤᠰ ᠲᠤᠰ ᠬᠤᠶᠠᠳᠤᠭᠠᠷ ᠲᠤ ᠤᠷᠤᠵᠦ᠂ ᠲᠢᠶᠠᠨ ᠰᠢ᠂ ᠴᠤᠬᠯᠠ᠂ ᠮᠦᠡᠭᠭᠡ ᠲᠤᠰ ᠲᠤᠰ ᠭᠤᠷᠪᠠᠳᠤᠭᠠᠷ ᠲᠤ ᠵᠢᠬᠰᠠᠭᠠᠬᠳᠠᠪᠠ᠃   ᠳᠠᠶᠠᠭᠠᠷ ᠲᠦᠮᠡᠨ ᠢᠶᠠᠨ ᠪᠠᠶᠠᠰᠬᠠᠬᠰᠠᠨ ᠤᠷᠠᠨ ᠰᠠᠶᠢᠬᠠᠨ ᠤ ᠲᠤᠬᠯᠠᠯᠲᠠ ᠵᠢᠴᠢ ᠦᠯᠵᠡᠢ ᠬᠡᠶᠢᠮᠤᠷᠢ ᠶᠢ ᠰᠡᠷᠭᠦᠭᠡᠭᠰᠡᠨ ᠲᠦᠳᠡᠭ ᠭᠠᠯ ᠤᠨ ᠦᠳᠡᠰᠢᠯᠡᠭᠡ    ᠲᠠᠯ᠎ᠠ ᠶᠢᠨ ᠡᠪᠠᠰᠦᠨ ᠤ ᠠᠩᠬᠢᠯᠦᠮ᠎ᠠ ᠦᠨᠦᠷ ᠰᠠᠩᠬᠢᠨᠡᠵᠦ᠂ ᠨᠤᠲᠤᠭ ᠤᠨ ᠲᠦᠮᠡᠨ ᠢᠶᠠᠨ ᠪᠠᠶᠠᠰᠬᠠᠬᠰᠠᠨ ᠤᠯᠠᠭᠠᠨᠮᠤᠲᠦ ᠶᠢᠨ ᠲᠠᠯ᠎ᠠ ᠨᠤᠲᠤᠭ ᠤᠨ ᠦᠳᠡᠰᠢ ᠭᠡᠵᠦ ᠦᠨᠡᠭᠡᠷ ᠭᠤᠶᠦ ᠰᠠᠶᠢᠬᠠᠨ ᠠᠵᠢ︕8 ᠰᠠᠷ᠎ᠠ ᠶᠢᠨ 10 — 13 ᠤ ᠡᠳᠦᠷ ᠪᠤᠯᠳᠠᠯ᠎ᠠ ᠶᠠᠪᠤᠬᠳᠠᠬᠰᠠᠨ ︽ᠠᠨᠳᠠ ᠶᠢᠨ ᠨᠠᠶᠢᠷ︾ ᠤᠨ ᠰᠢᠷᠢᠰ ᠠᠵᠢᠯᠯᠠᠭ᠎ᠠ 2018 · ᠬᠢᠨᠭ᠍ᠭᠠᠨ ᠠᠶᠢᠮᠠᠭ ᠤᠨ ᠨᠠᠭᠠᠳᠦᠮ ᠵᠢᠴᠢ ᠤᠯᠠᠭᠠᠨᠮᠤᠲᠦ ᠶᠢᠨ ᠲᠠᠯ᠎ᠠ ᠨᠤᠲᠤᠭ ᠤᠨ ᠰᠤᠶᠤᠯ ᠵᠤᠭᠠᠴᠠᠯ ᠤᠨ ᠨᠠᠶᠢᠷ ᠤᠨ ᠰᠤᠶᠤᠯ ᠤᠷᠠᠯᠢᠭ ᠤᠨ ᠠᠭᠤᠯᠭ᠎ᠠ ᠪᠤᠯᠬᠤ ︽ᠦᠨᠢ ᠮᠦᠡᠭᠭᠡ ᠶᠢᠨ ᠵᠠᠰᠠᠬᠲᠦ︾᠂ ︽ᠪᠠᠶᠠᠰᠦᠯᠲᠦ ᠲᠠᠯ᠎ᠠ ᠨᠤᠲᠤᠭ︾᠂ ︽ᠠᠯᠳᠠᠨ ᠰᠢᠷᠭᠠᠯ ᠨᠠᠭᠠᠳᠦᠮ — ᠤᠯᠠᠭᠠᠨᠮᠤᠲᠦ ᠶᠢᠨ ᠦᠳᠡᠰᠢ︾ ᠭᠡᠬᠦ ᠭᠤᠷᠪᠠᠨ ᠲᠤᠮᠤ ᠤᠷᠠᠨ ᠰᠠᠶᠢᠬᠠᠨ ᠤ ᠲᠤᠬᠯᠠᠯᠲᠠ ᠵᠢᠴᠢ ᠲᠦᠳᠡᠭ ᠭᠠᠯ ᠤᠨ ᠦᠳᠡᠰᠢᠯᠡᠭᠡ ᠨᠢ ᠦᠵᠡᠭᠴᠢ ᠤᠯᠠᠨ ᠤ ᠪᠠᠨ ᠪᠠᠭ᠋ᠠᠷᠬᠠᠯ ᠢ ᠳᠠᠲᠠᠵᠦ ᠬᠦᠷ ᠬᠦᠭᠵᠢᠶᠠᠨ ᠲᠠᠢ ᠶᠠᠪᠤᠬᠳᠠᠬᠰᠠᠨ ᠪᠠᠶᠢᠨ᠎ᠠ᠃    ᠲᠤᠰ ᠤᠳᠠᠭᠠᠨ ᠤ ᠦᠳᠡᠰᠢᠯᠡᠭᠡ ᠶᠢ ᠤᠷᠠᠨ ᠰᠠᠶᠢᠬᠠᠨ ᠤ ᠲᠤᠬᠯᠠᠯᠲᠠ ᠪᠤᠯᠤᠨ ᠳᠦᠳᠡᠭ ᠭᠠᠯ ᠤᠨ ᠦᠳᠡᠰᠢᠯᠡᠭᠡ ᠬᠤᠶᠠᠷ ᠪᠦᠯᠦᠭ ᠬᠤᠪᠢᠶᠠᠨ ᠶᠠᠪᠤᠬᠳᠠᠭᠤᠯᠤᠬᠰᠠᠨ ᠪᠠᠶᠢᠨ᠎ᠠ᠃ ᠡᠭᠦᠨ ᠳᠤ᠂ ᠭᠤᠷᠪᠠᠨ ᠲᠤᠮᠤ ᠤᠷᠠᠨ ᠰᠠᠶᠢᠬᠠᠨ ᠤ ᠲᠤᠬᠯᠠᠯᠲᠠ ᠨᠢ ᠬᠢᠩᠭᠠᠨ ᠨᠤᠳᠤᠬ ᠤᠨ ᠴᠡᠴᠡᠭᠯᠡᠯ ᠬᠦᠭᠵᠢᠯᠳᠡ᠂ ᠮᠠᠯᠴᠢᠨ ᠠᠷᠠᠳ ᠤᠨ ᠵᠢᠷᠭᠠᠯᠳᠤ ᠠᠮᠢᠳᠤᠷᠠᠯ᠂ ᠠᠵᠤ ᠠᠬᠤᠢ ᠨᠡᠶᠢᠭᠡᠮ ᠤᠨ ᠦᠰᠦᠷᠦᠩᠬᠦᠢ ᠲᠠᠪᠰᠢᠯᠳᠠ ᠶᠢ ᠮᠠᠬᠳᠠᠨ ᠲᠠᠭᠤᠯᠠᠬᠤ ᠶᠢᠨ ᠬᠠᠮᠳᠤ ᠨᠠᠭᠠᠳᠤᠮᠴᠢᠨ ᠲᠦᠮᠡᠨ ᠤ ᠶᠠᠳᠠᠷᠠᠭ᠎ᠠ ᠶᠢ ᠨᠢ ᠲᠠᠶᠢᠯᠵᠤ᠂ ᠰᠡᠳᠬᠢᠯ ᠢ ᠪᠠᠶᠠᠰᠬᠠᠵᠤ᠂ ᠰᠤᠶᠤᠯ ᠤᠨ ᠠᠮᠢᠳᠤᠷᠠᠯ ᠢ ᠨᠢ ᠪᠠᠶᠠᠯᠢᠬᠵᠢᠭᠤᠯᠤᠬᠰᠠᠨ ᠪᠠᠶᠢᠨ᠎ᠠ᠃ ᠳᠦᠳᠡᠭ ᠭᠠᠯ ᠤᠨ ᠦᠳᠡᠰᠢᠯᠡᠭᠡ ᠨᠢ ᠵᠠᠰᠠᠬᠲᠦ ᠨᠤᠲᠤᠭ ᠤᠨ ᠢᠶᠠᠨ ᠰᠠᠶᠢᠨ ᠰᠠᠶᠢᠬᠠᠨ᠂ ᠨᠤᠲᠤᠭ ᠤᠨ ᠬᠦᠮᠦᠰ ᠤᠨ ᠪᠡᠶ᠎ᠠ ᠮᠠᠬᠠᠪᠤᠳ ᠤᠨ ᠡᠷᠡᠭᠦᠯ ᠴᠢᠬᠢᠷᠠᠬ ᠢ ᠵᠦᠡᠭᠨᠡᠨ ᠪᠡᠯᠭᠡᠳᠡᠭᠰᠡᠨ ᠪᠦᠭᠡᠳ ᠬᠤᠯᠠ ᠤᠢᠢᠷ᠎ᠠ ᠠᠴᠠ ᠬᠦᠷᠦᠯᠴᠠᠨ ᠢᠷᠡᠭᠰᠡᠨ ᠵᠤᠴᠢᠳ ᠨᠠᠭᠠᠳᠦᠮᠴᠢᠳ ᠤᠨ ᠢᠶᠠᠨ ᠬᠠᠷᠠᠭ᠎ᠠ ᠰᠤᠨᠢᠷᠬᠠᠯ ᠢ ᠪᠠᠶᠠᠰᠬᠠᠵᠦ ᠂ ᠲᠠᠯ᠎ᠠ ᠨᠤᠲᠤᠭ ᠤᠨ ᠦᠳᠡᠰᠢ ᠶᠢᠨ ᠭᠤᠶᠤ ᠦᠵᠡᠮᠵᠢ ᠶᠢ ᠤᠯᠠᠨ ᠪᠦᠬᠦᠲᠡ ᠳᠤ ᠭᠠᠶᠢᠬᠠᠭᠤᠯᠤᠬᠰᠠᠨ ᠪᠠᠶᠢᠨ᠎ᠠ᠃    ᠤᠬᠠᠭᠠᠨ ᠲᠠᠮᠢᠷ ᠢ ᠰᠤᠷᠢᠬᠰᠠᠨ ᠪᠢᠯᠠᠭᠤ ᠰᠢᠳᠡᠬᠦ ᠤᠷᠤᠯᠳᠤᠭᠠᠨ
  ᠪᠢᠯᠠᠭᠤ ᠪᠤᠯ ᠮᠤᠩᠭᠤᠯ ᠦᠨᠳᠦᠰᠦᠲᠡᠨ ᠤ ᠡᠷᠲᠡ ᠲᠡᠤᠭᠡ ᠶᠢᠨ ᠠᠵᠦ ᠠᠮᠢᠳᠦᠷᠠᠯ᠂ ᠬᠦᠳᠡᠯᠮᠦᠷᠢ ᠦᠢᠯᠡᠳᠪᠦᠷᠢᠯᠡᠯ ᠪᠠ ᠲᠠᠶᠢᠨ ᠪᠠᠶᠢᠯᠳᠤᠭᠠᠨ ᠤ ᠳᠤᠮᠳᠠ ᠳᠤᠳᠠᠬᠳᠠᠵᠦ ᠪᠤᠯᠤᠰᠢ ᠦᠭᠡᠢ ᠨᠢᠭᠡ ᠲᠦᠷᠦᠯ ᠤᠨ ᠠᠡᠭ ᠠᠩᠨᠠᠬᠤ ᠪᠠᠭᠠᠵᠢ ᠬᠡᠷᠡᠭᠰᠡᠯ ᠪᠤᠯᠬᠤ ᠪᠦᠭᠡᠳ ᠪᠡᠶ᠎ᠠ ᠮᠠᠬᠠᠪᠤᠳ ᠢᠶᠠᠨ ᠪᠤᠯᠪᠠᠰᠦᠷᠠᠭᠤᠯᠬᠤ ᠳᠤ ᠬᠡᠷᠡᠭᠯᠡᠵᠦ ᠪᠠᠶᠢᠬᠰᠠᠨ ᠶᠤᠮ᠃ ᠴᠠᠬ ᠦᠶ᠎ᠠ ᠶᠢᠨ ᠬᠦᠭᠵᠢᠵᠦ ᠬᠤᠪᠢᠷᠠᠬᠤ ᠶᠢ ᠳᠠᠭᠠᠯᠲᠦᠨ ᠮᠤᠩᠭᠤᠯ ᠨᠤᠲᠤᠭ ᠤᠨ ᠨᠠᠶᠢᠷ ᠨᠠᠭᠠᠳᠦᠮ ᠤᠨ ᠳᠤᠮᠳᠠ ᠳᠤᠲᠠᠬᠳᠠᠵᠦ ᠪᠤᠯᠤᠰᠢ ᠦᠭᠡᠢ ︽ᠡᠷ᠎ᠠ ᠶᠢᠨ ᠭᠤᠷᠪᠠᠨ ᠨᠠᠭᠠᠳᠦᠮ︾ ᠠᠴᠠ ᠭᠠᠳᠠᠨᠠᠬᠢ ᠨᠢᠭᠡ ᠵᠦᠢᠯ ᠤᠨ ᠤᠯᠠᠮᠵᠢᠯᠠᠯᠲᠦ ᠪᠠᠶ᠎ᠠ ᠲᠠᠮᠢᠷ ᠤᠨ ᠤᠷᠤᠯᠳᠤᠭᠠᠨ ᠪᠤᠯᠤᠨ ᠤᠯᠠᠮᠵᠢᠯᠠᠨ ᠬᠠᠳᠠᠭᠠᠯᠠᠬᠳᠠᠵᠦ ᠢᠷᠡᠭᠰᠡᠨ ᠪᠠᠶᠢᠨ᠎ᠠ᠃    2018 · ᠬᠢᠨᠭ᠍ᠭᠠᠨ ᠠᠶᠢᠮᠠᠭ ᠤᠨ ᠨᠠᠭᠠᠳᠦᠮ ᠵᠢᠴᠢ ᠤᠯᠠᠭᠠᠨᠮᠤᠲᠦ ᠶᠢᠨ ᠲᠠᠯ᠎ᠠ ᠨᠤᠲᠤᠭ ᠤᠨ ᠰᠤᠶᠤᠯ ᠵᠤᠭᠠᠴᠠᠯ ᠤᠨ ᠨᠠᠶᠢᠷ ᠤᠨ ᠨᠢᠭᠡ ᠠᠭᠤᠯᠭ᠎ᠠ ᠪᠤᠯᠤᠨ ᠶᠠᠪᠤᠬᠳᠠᠬᠰᠠᠨ ᠪᠢᠯᠠᠭᠤ ᠰᠢᠳᠡᠬᠦ ᠤᠷᠤᠯᠳᠤᠭᠠᠨ ᠨᠢ ᠪᠠᠰᠠ ᠨᠢᠭᠡᠨ ᠬᠢᠯᠡᠰ ᠴᠡᠭ ᠪᠤᠯᠤᠨ ᠶᠠᠪᠤᠬᠳᠠᠵᠦ ᠬᠦᠷᠦᠯᠴᠠᠨ ᠢᠷᠡᠭᠰᠡᠨ ᠪᠦᠬᠦᠨ ᠤ ᠪᠠᠨ ᠠᠩᠬᠠᠷᠦᠯ ᠢ ᠲᠠᠳᠠᠬᠰᠠᠨ ᠪᠠᠶᠢᠨ᠎ᠠ᠃ ᠲᠤᠰ ᠤᠳᠠᠭᠠᠨ ᠤ ᠪᠢᠯᠠᠭᠤ ᠰᠢᠳᠡᠬᠦ ᠤᠷᠤᠯᠳᠤᠭᠠᠨ ᠳᠤ ᠠᠶᠢᠮᠠᠭ ᠤᠨ ᠳᠤᠳᠤᠨ᠎ᠠ ᠭᠠᠳᠠᠨᠠᠬᠢ ᠨᠡᠶᠢᠲᠡ 140 ᠭᠠᠷᠦᠢ ᠲᠠᠮᠢᠷᠴᠢᠨ ᠤᠷᠤᠯᠴᠠᠵᠦ ᠤᠬᠠᠭᠠᠨ ᠲᠠᠮᠢᠷ ᠢᠶᠠᠨ ᠰᠤᠷᠢᠵᠦ᠂ ᠤᠷᠤᠯᠳᠤᠭᠠᠨ ᠨᠢ ᠬᠤᠷᠴᠠ ᠰᠢᠷᠦᠭᠦᠨ ᠶᠠᠪᠤᠬᠳᠠᠪᠠ᠃ ᠤᠷᠤᠯᠳᠤᠭᠠᠨ ᠨᠢ ᠤᠨᠤᠪᠴᠢᠲᠠᠢ ᠰᠢᠳᠡᠬᠦ ᠪᠠ ᠬᠤᠯᠠ ᠰᠢᠳᠡᠬᠦ ᠭᠡᠵᠦ ᠬᠤᠶᠠᠷ ᠲᠤᠭᠤᠢᠢᠯᠠᠩ ᠬᠤᠪᠢᠶᠠᠨ ᠶᠠᠪᠤᠬᠳᠠᠭᠤᠯᠵᠠᠢ᠃ ᠤᠷᠤᠯᠳᠤᠭᠠᠨ ᠨᠢ ᠬᠤᠪᠢ ᠤᠯᠭᠤᠬᠤ ᠬᠡᠯᠪᠡᠷᠢ ᠪᠠᠷ ᠶᠠᠪᠤᠬᠳᠠᠭᠤᠯᠤᠨ᠂ ᠬᠦᠮᠦᠨ ᠪᠦᠷᠢ ᠨᠢᠭᠡ ᠤᠳᠠᠭ᠎ᠠ ᠭᠤᠷᠪᠠᠨ ᠪᠢᠯᠠᠭᠤ ᠰᠢᠳᠡᠬᠦ ᠪᠠᠷ ᠳᠦᠷᠢᠮ ᠪᠤᠯᠭᠠᠵᠦ ᠡᠯ᠎ᠠ ᠭᠠᠵᠠᠷ ᠠᠴᠠ ᠬᠦᠷᠦᠯᠴᠡᠨ ᠢᠷᠡᠭᠰᠡᠨ ᠲᠠᠮᠢᠷᠴᠢᠳ ᠤᠨ ᠬᠤᠭᠤᠷᠤᠨᠳᠤᠬᠢ ᠤᠷ᠎ᠠ ᠮᠡᠷᠭᠡᠵᠢᠯ ᠢᠶᠠᠨ ᠰᠤᠯᠢᠯᠴᠠᠬᠤ ᠵᠠᠪᠰᠢᠶᠠᠨ ᠢ ᠤᠯᠭᠤᠬᠰᠠᠨ ᠨᠢᠭᠡ ᠤᠳᠠᠭᠠᠨ ᠤ ᠨᠠᠶᠢᠷ ᠪᠤᠯᠪᠠ᠃    ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠤᠨᠤᠪᠴᠢᠲᠠᠢ ᠰᠢᠳᠡᠬᠦ ᠤᠷᠤᠯᠳᠤᠭᠠᠨ ᠳᠤ ᠤᠯᠠᠭᠠᠨᠮᠤᠲᠦ ᠶᠢᠨ ᠰᠤᠭᠤᠨᠲᠠᠢ ᠭᠠᠴᠠᠭ᠎ᠠ ᠶᠢᠨ ᠪᠠᠶᠠᠨᠨᠠᠮᠤᠷ᠂ ᠳᠤᠮᠳᠠᠲᠦ ᠬᠤᠰᠢᠭᠤᠨ ᠤ ᠰᠠᠶᠢᠰᠢᠶᠠᠯᠲᠦ᠂ ᠤᠯᠠᠭᠠᠨᠮᠤᠲᠦ ᠶᠢᠨ ᠦᠪᠦᠷᠵᠢᠯᠠᠭ᠎ᠠ ᠭᠠᠴᠠᠭ᠎ᠠ ᠶᠢᠨ ᠶᠦᠡᠭ ᠬᠤᠨᠭ᠌ ᠲᠤᠰ ᠲᠤᠰ ᠨᠢᠭᠡ ᠬᠤᠶᠠᠷ ᠭᠤᠷᠪᠠ ᠳᠤ ᠳᠤᠳᠤᠷᠠᠬᠰᠠᠨ ᠪᠠᠶᠢᠨ᠎ᠠ᠃ ᠬᠤᠯᠠ ᠰᠢᠳᠡᠬᠦ ᠤᠷᠤᠯᠳᠤᠭᠠᠨ ᠳᠤ᠂ ᠡᠮᠤᠨᠡᠲᠦ ᠬᠤᠰᠢᠭᠤᠨ ᠤ ᠭᠦᠢᠯᠡᠷ ᠪᠠᠯᠭᠠᠰᠦ ᠶᠢᠨ ᠪᠠᠢ ᠾᠧ ᠫᠢᠡᠭ᠂ ᠪᠤᠷᠭᠠᠰᠦᠲᠠᠢ ᠰᠢᠶᠠᠩ ᠤᠨ ᠪᠠᠢ ᠹᠦ᠋ ᠱᠸᠡᠭ᠂ ᠳᠤᠮᠳᠠᠲᠦ ᠬᠤᠰᠢᠭᠤᠨ ᠤ ᠰᠠᠶᠢᠰᠢᠶᠠᠯᠲᠦ ᠲᠤᠰ ᠲᠤᠰ ᠡᠮᠤᠨ᠎ᠠ ᠭᠤᠷᠪᠠ ᠳᠤ ᠲᠤᠳᠤᠷᠠᠬᠰᠠᠨ ᠪᠠᠶᠢᠨ᠎ᠠ᠃   ᠬᠢᠨᠠᠬᠴᠢ ᠮᠦᠷᠲᠡᠭᠡᠨ ᠲᠠᠮᠢᠷᠴᠢᠳ ᠤᠨ ᠬᠤᠪᠢ ᠠᠴᠠ ᠤᠷᠤᠯᠳᠤᠭᠠᠨ ᠳᠤ ᠤᠷᠤᠯᠴᠠᠬᠰᠠᠨ ᠴᠦᠨ ᠮᠢᠩ ᠢ ᠰᠤᠷᠪᠤᠯᠵᠢᠯᠠᠬᠤ ᠳᠤ ᠲᠡᠷᠡ᠄ ︽ᠪᠢ ᠪᠤᠯ ᠬᠡᠲᠦᠨ ᠵᠢᠯ ᠳᠠᠷᠠᠭᠠᠯᠠᠨ ᠪᠢᠯᠠᠭᠤ ᠰᠢᠳᠡᠬᠦ ᠤᠷᠤᠯᠳᠤᠭᠠᠨ ᠳᠤ ᠤᠷᠤᠯᠴᠠᠬᠰᠠᠨ ᠪᠠᠶᠢᠨ᠎ᠠ᠂ ᠬᠤᠰᠢᠭᠤᠨ ᠤ ᠨᠠᠭᠠᠳᠦᠮ ᠠᠴᠠ ᠠᠶᠢᠮᠠᠭ ᠤᠨ ᠨᠠᠭᠠᠳᠦᠮ ᠪᠤᠯᠤᠬᠰᠠᠨ ᠨᠢ ᠪᠢᠯᠠᠭᠤ ᠰᠢᠳᠡᠬᠦ ᠳᠤᠷ᠎ᠠ ᠪᠠᠭ᠋ᠠᠲᠡᠳ ᠲᠤ ᠠᠪᠴᠦ ᠬᠡᠯᠡᠪᠠᠯ ᠨᠢᠭᠡᠨ ᠰᠠᠶᠢᠨ ᠰᠠᠶᠢᠬᠠᠨ ᠠᠵᠨ ᠵᠠᠪᠰᠢᠶᠠᠨ ᠪᠤᠯᠤᠨ᠎ᠠ᠂ ᠮᠢᠨᠦ ᠬᠡᠲᠦᠨ ᠵᠢᠯ ᠳᠠᠷᠠᠭᠠᠯᠠᠨ ᠪᠢᠯᠠᠭᠤ ᠰᠢᠳᠡᠬᠦ ᠤᠷᠤᠯᠳᠤᠭᠠᠨ ᠳᠤ ᠤᠷᠤᠯᠴᠠᠬᠰᠠᠨ ᠪᠠᠶᠢᠳᠠᠯ ᠠᠴᠠ ᠦᠵᠡᠪᠠᠯ ᠮᠠᠨ ᠤ ᠠᠶᠢᠮᠠᠭ ᠤᠨ ᠪᠢᠯᠠᠭᠤ ᠰᠢᠳᠡᠬᠦ ᠤᠷᠤᠯᠳᠤᠭᠠᠨ ᠤ ᠮᠡᠷᠭᠡᠵᠢᠯ ᠭᠠᠳᠠᠷ ᠠᠶᠢᠮᠠᠭ ᠬᠤᠲᠠ ᠶᠢᠨ ᠬᠢᠨ ᠲᠠᠢ ᠬᠠᠷᠢᠴᠠᠭᠤᠯᠪᠠᠯ ᠵᠦᠷᠢᠶ᠎ᠠ ᠨᠢ ᠨᠡᠯᠢᠶᠡᠳ ᠪᠠᠭᠠᠰᠴᠦ ᠪᠠᠶᠢᠨ᠎ᠠ᠃ ᠡᠶᠢᠮᠤ ᠠᠴᠠ ᠪᠢᠯᠠᠭᠤ ᠰᠢᠳᠡᠬᠦ ᠤᠷᠤᠯᠳᠤᠭᠠᠨ ᠨᠢ ᠨᠡᠩ ᠤᠯᠠᠨ ᠬᠦᠮᠦᠨ ᠤ ᠳᠤᠷ᠎ᠠ ᠪᠠᠬ᠎ᠠ ᠶᠢ ᠲᠠᠳᠠᠵᠦ᠂ ᠮᠤᠩᠭᠤᠯ ᠰᠤᠶᠤᠯ ᠢᠶᠠᠨ ᠨᠡᠩ ᠢᠯᠡᠭᠦᠦ ᠤᠯᠠᠮᠵᠢᠯᠠᠨ ᠪᠠᠳᠠᠷᠠᠭᠤᠯᠵᠦ ᠶᠠᠪᠤᠶ᠎ᠠ︾ ᠭᠡᠵᠦ ᠤᠷᠮᠠᠳᠠᠶᠢᠬᠠᠨ ᠶᠠᠷᠢᠵᠦ ᠪᠠᠶᠢᠪᠠ᠃    ᠮᠤᠩᠭᠤᠯ ᠦᠨᠳᠦᠰᠦᠲᠠᠨ ᠤ ᠢᠳᠡᠭᠡᠨ ᠤ ᠳᠡᠭᠡᠵᠢ — ᠴᠠᠭᠠᠨ ᠢᠳᠡᠭᠡᠨᠴᠠᠭᠠᠨ ᠢᠳᠡᠭᠡᠨ ᠪᠤᠯ ᠮᠤᠩᠭᠤᠯ ᠦᠨᠳᠦᠰᠦᠲᠡᠨ ᠤ ᠤᠯᠠᠮᠵᠢᠯᠠᠯᠲᠦ ᠢᠳᠡᠭᠡᠨ ᠤ ᠳᠤᠳᠤᠷᠠᠬᠢ ᠬᠠᠮᠤᠬ ᠤᠨ ᠠᠷᠢᠭᠤᠨ ᠨᠠᠨᠳᠢᠨ᠂ ᠬᠠᠮᠤᠬ ᠤᠨ ᠡᠷᠬᠢᠮ ᠳᠡᠭᠡᠲᠦ ᠢᠳᠡᠭᠡᠨ ᠤ ᠨᠢᠭᠡ ᠲᠦᠷᠦᠯ ᠪᠤᠯᠬᠤ ᠪᠦᠭᠡᠳ ᠮᠤᠩᠭᠤᠯ ᠠᠮᠢᠳᠦᠷᠠᠯ ᠤᠨ ᠳᠤᠮᠳᠠ ᠳᠤᠲᠠᠬᠳᠠᠵᠦ ᠪᠤᠯᠤᠰᠢ ᠦᠭᠡᠢ ᠴᠢᠬᠤᠯᠠ ᠢᠳᠡᠭᠡᠨ ᠤ ᠰᠤᠶᠤᠯ ᠤᠨ ᠪᠦᠷᠢᠯᠳᠦᠭᠦᠨ ᠪᠤᠯᠤᠨ᠎ᠠ᠃ ᠡᠭᠦᠨ ᠢᠶᠠᠨ ᠤᠯᠠᠮᠵᠢᠯᠠᠬᠤ᠂ ᠳᠡᠯᠭᠡᠷᠡᠭᠦᠯᠬᠦ᠂ ᠬᠠᠮᠠᠭᠠᠯᠠᠬᠤ ᠡᠭᠦᠳᠡᠨ ᠠᠴᠠ ︽ᠵᠠᠰᠠᠬᠲᠦ ᠶᠢᠰᠦᠳᠦᠭᠡᠷ ᠬᠤᠭᠤᠴᠠᠭᠠᠨ ᠤ ᠤᠯᠠᠮᠵᠢᠯᠠᠯᠲᠦ ᠴᠠᠭᠠᠨ ᠢᠳᠡᠭᠡᠨ ᠢ ᠰᠢᠯᠭᠠᠷᠠᠭᠤᠯᠬᠤ ᠠᠵᠢᠯᠯᠠᠭ᠎ᠠ︾ ᠶᠢ 2018 · ᠬᠢᠨᠭ᠍ᠭᠠᠨ ᠠᠶᠢᠮᠠᠭ ᠤᠨ ᠨᠠᠭᠠᠳᠦᠮ ᠵᠢᠴᠢ ᠤᠯᠠᠭᠠᠨᠮᠤᠲᠦ ᠶᠢᠨ ᠲᠠᠯ᠎ᠠ ᠨᠤᠲᠤᠭ ᠤᠨ ᠰᠤᠶᠤᠯ ᠵᠤᠭᠠᠴᠠᠯ ᠤᠨ ᠨᠠᠶᠢᠷ ᠤᠨ ᠨᠢᠭᠡ ᠴᠢᠬᠤᠯᠠ ᠠᠭᠤᠯᠭ᠎ᠠ ᠪᠤᠯᠭᠠᠨ ᠶᠠᠪᠤᠬᠳᠠᠭᠤᠯᠤᠬᠰᠠᠨ ᠪᠠᠶᠢᠨ᠎ᠠ᠃    8 ᠰᠠᠷ᠎ᠠ ᠶᠢᠨ 11 ᠤ ᠡᠳᠦᠷ᠂ ᠲᠡᠷᠢᠭᠦᠯᠡᠭᠴᠢ ᠶᠢᠨ ᠲᠠᠶᠢᠰᠠᠨ ᠤ ᠡᠰᠡᠷᠬᠦ ᠲᠠᠯ᠎ᠠ ᠳᠤ ᠠᠶᠢᠮᠠᠭ ᠤᠨ ᠳᠤᠳᠤᠨ᠎ᠠ ᠭᠠᠳᠠᠨᠠᠬᠢ ᠡᠯ᠎ᠠ ᠮᠠᠯᠵᠢᠬᠤ ᠰᠤᠮᠤ ᠰᠢᠶᠠᠩ ᠤᠨ ᠮᠠᠯᠴᠢᠨ ᠲᠦᠮᠡᠨ ᠢᠳᠡᠭᠡᠨ ᠤ ᠳᠡᠭᠡᠵᠢ ᠪᠤᠯᠬᠤ ᠴᠠᠭᠠᠨ ᠢᠳᠡᠭᠡᠨ ᠢᠶᠠᠨ ᠤᠯᠠᠨ ᠪᠦᠬᠦᠨ ᠳᠡᠭᠡᠨ ᠳᠡᠯᠭᠡᠨ ᠦᠵᠡᠭᠦᠯᠦᠨ ᠶᠠᠭᠠᠷᠠᠯᠳᠤᠵᠦ ᠬᠦᠷ ᠬᠦᠭᠵᠢᠶᠠᠨ ᠢᠶᠠᠷ ᠪᠢᠯᠬᠠᠯ᠎ᠠ᠃ ᠮᠠᠯᠴᠢᠳ ᠠᠴᠠ ᠰᠢᠷ᠎ᠠ ᠲᠤᠰᠦ᠂ ᠬᠤᠷᠤᠳ᠂ ᠲᠤᠭᠤᠭᠠᠨ ᠦᠷᠦᠮ᠎ᠠ᠂ ᠵᠦᠭᠡᠭᠡᠢ᠂ ᠰᠠᠭᠠᠯᠢ ᠶᠢᠨ ᠠᠷᠢᠬᠢ᠂ ᠦᠷᠦᠮ᠎ᠠ ᠂ ᠴᠡᠭᠡ ᠵᠡᠷᠭᠡ ᠴᠠᠭᠠᠨ ᠢᠳᠡᠭᠡᠨ ᠤ ᠦᠵᠡᠭᠦᠯᠦᠯᠭᠡ ᠭᠠᠷᠭᠠᠵᠤ᠂ ᠬᠢᠨᠠᠬᠴᠢ ᠠᠴᠠ ᠢᠳᠡᠭᠡᠨ ᠤ ᠦᠨᠦᠷ ᠠᠮᠳᠠ᠂ ᠦᠡᠭᠭᠡ ᠲᠦᠷᠰᠦ ᠵᠡᠷᠭᠡ ᠶᠢ ᠦᠨᠳᠦᠰᠦᠯᠡᠨ ᠬᠤᠪᠢ ᠤᠯᠭᠤᠬᠤ ᠲᠦᠷᠢᠮ ᠢᠶᠠᠷ ᠰᠢᠯᠠᠭᠷᠠᠭᠤᠯᠤᠯᠳᠠ ᠬᠢᠵᠡᠢ᠃   ᠰᠢᠯᠭᠠᠷᠠᠭᠤᠯᠤᠯᠲᠠ ᠪᠠᠷ ᠳᠠᠮᠵᠢᠨ᠂ ᠶᠡᠷᠦᠩᠬᠡᠢ ᠲᠦᠷᠦᠯ ᠤᠨ ᠤᠷᠤᠯᠳᠤᠭᠠᠨ ᠳᠤ ᠶᠢᠨ ᠷᠦᠡᠭ ᠨᠢᠭᠡᠳᠦᠭᠡᠷ ᠲᠤ ᠳᠤᠳᠤᠷᠠᠵᠦ᠂ ᠢᠷᠡᠭᠦᠦ᠂ ᠪᠤᠤ ᠭᠡᠷᠡᠯ ᠲᠤᠰ ᠲᠤᠰ ᠬᠤᠶᠠᠳᠤᠭᠠᠷ ᠲᠤ ᠤᠷᠤᠵᠦ᠂ ᠤᠳᠬᠤᠨᠪᠠᠶᠠᠷ᠂ ᠰᠤᠪᠤᠳᠲᠠᠨ᠎ᠠ᠂ ᠰᠠᠨ ᠶᠦᠸᠧ ᠲᠤᠰ ᠲᠤᠰ ᠭᠤᠷᠪᠠᠳᠤᠭᠠᠷ ᠲᠤ ᠵᠢᠬᠰᠠᠭᠠᠬᠳᠠᠪᠠ᠃ ᠳ᠋ᠠᠩ ᠲᠦᠷᠦᠯ ᠤᠨ ᠤᠷᠤᠯᠳᠤᠭᠠᠨ ᠳᠤ ᠺᠠᠢ ᠬᠤᠸᠠ᠂ ᠰᠢᠤᠸᠠᠢ ᠮᠸᠢ᠂ ᠶᠢᠨ ᠬᠤᠸ᠋ᠨ᠂ ᠪᠦᠷᠢᠨᠴᠡᠴᠡᠭ᠂ ᠨᠠᠪᠴᠢ᠂ ᠳᠠᠷᠦ᠋ᠢᠳᠡᠬᠦᠲᠠ ᠲᠤᠰ ᠲᠤᠰ ᠨᠢᠭᠡᠳᠦᠭᠡᠷ ᠪᠠᠶᠢᠷᠢᠨ ᠳᠤ ᠳᠤᠳᠤᠷᠠᠵᠦ᠂ ᠮᠦᠯᠠᠨ᠂ ᠰᠠᠷᠠᠩᠭᠤᠸ᠎ᠠ᠂ ᠴᠢ ᠶᠦᠸᠧ᠂ ᠡᠷᠳᠡᠨᠢᠴᠡᠴᠡᠭ᠂ ᠭᠤ ᠤᠠ᠋᠂ ᠶᠢᠩ ᠴᠦᠨ᠂ ᠳᠡᠯᠭᠡᠷᠡᠭᠦᠦ᠂ ᠪᠦᠬᠡ᠂ ᠤᠶᠤᠨᠭᠡᠷᠡᠯ᠂ ᠨᠠᠷᠠᠨᠴᠢᠮᠡᠭ᠂ ᠵᠢᠷᠡᠨᠪᠠᠶᠠᠷ᠂ ᠳᠠᠭᠤᠯᠠ ᠲᠤᠰ ᠲᠤᠰ ᠬᠤᠶᠠᠳᠤᠭᠠᠷ ᠨᠡᠷᠡᠰ ᠲᠤ ᠳᠤᠳᠤᠷᠠᠬᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号