ᠪᠠᠶᠢᠭᠠᠯᠢᠯᠢᠭ ᠡᠮᠨᠡᠯᠭᠡ ᠶᠢᠨ ᠬᠦᠨ ᠶᠤᠰᠤ ᠶᠢ ᠲᠡᠭᠡᠳᠦᠯᠡᠵᠦ ᠠᠨᠠᠭᠠᠬᠤ ᠤᠬᠠᠭᠠᠨ ᠤ ᠰᠢᠨ᠎ᠠ ᠡᠷᠡᠨ ᠢ ᠬᠠᠶᠢᠨᠠᠮ ᠪᠤᠬᠢᠷᠳᠦᠯ ᠦᠭᠡᠢ ᠡᠮ ᠵᠠᠰᠠᠯ ᠢ ᠡᠷᠬᠢᠮᠨᠡᠵᠦ ᠪᠡᠶ᠎ᠡ ᠰᠡᠳᠬᠢᠯ ᠤᠨ ᠬᠤᠤᠰ ᠮᠡᠨᠳᠦ ᠶᠢ ᠤᠷᠢᠶᠠᠯᠠᠨᠠᠮ
ᠨᠡᠶᠢᠲᠡᠯᠡᠭᠰᠡᠨ ᠴᠠᠭ᠄
2018-08-27
    ᠳ᠋ᠤᠺᠲ᠋ᠤᠷ ᠨᠠᠭᠤᠨᠪᠢᠯᠢᠭ᠌ ᠤᠯᠠᠭᠠᠨᠬᠤᠳᠠ ᠳᠤ ᠪᠠᠶ᠎ᠠ ᠰᠡᠳᠬᠢᠯ ᠬᠠᠷᠢᠯᠴᠠᠨ ᠦᠢᠯᠡᠳᠦᠯᠴᠡᠬᠦ ᠵᠠᠰᠠᠯ ᠵᠢᠴᠢ ᠡᠷᠡᠭᠦᠯ ᠮᠡᠨᠳᠦ ᠶᠢᠨ ᠲᠠᠶᠢᠯᠤᠮᠵᠢ ᠬᠢᠵᠡᠢ     8 ᠰᠠᠷ᠎ᠠ ᠶᠢᠨ 19 ᠤ ᠡᠳᠦᠷ ᠪᠤᠯ ᠠᠩᠬᠠᠳᠠᠬᠴᠢ ︽ᠲᠤᠮᠳᠠᠳᠤ ᠤᠯᠤᠰ ᠤᠨ ᠡᠮᠴᠢ ᠶᠢᠨ ᠪᠠᠶᠠᠷ ᠤᠨ ᠡᠳᠦᠷ︾ ᠪᠤᠯᠤᠨ᠎ᠠ᠃ ᠡᠨᠡᠬᠦ ᠲᠦᠭ ᠲᠦᠮᠡᠨ ᠡᠮᠴᠢ ᠰᠤᠪᠢᠯᠠᠬᠴᠢ ᠶᠢᠨ ᠪᠠᠶᠠᠷ ᠤᠨ ᠰᠡᠳᠬᠢᠯ ᠢ ᠮᠡᠳᠡᠭᠰᠡᠨ ᠶᠤᠮ ᠰᠢᠭ ᠤᠯᠠᠭᠠᠬᠤᠳᠠ ᠶᠢᠨ ᠠᠭᠠᠷ ᠴᠤ ᠲᠤᠩᠭᠠᠯᠠᠭ ᠴᠡᠯᠮᠡᠭ ᠪᠠᠶᠢᠯ᠎ᠠ᠃ ᠦᠷᠯᠦᠭᠡ ᠶᠢᠨ 7 ᠴᠠᠭ ᠠᠴᠠ ᠡᠬᠢᠯᠡᠵᠦ ᠤᠯᠠᠭᠠᠨᠬᠤᠳᠠ ᠶᠢᠨ ︽ᠬᠢᠨᠭ᠍ᠭᠠᠠ ᠶᠤᠰᠤᠯᠠᠯ ᠤᠨ ᠲᠠᠩᠬᠢᠮ︾ ᠤᠨ ᠬᠤᠶᠠᠷ ᠲᠠᠪᠬᠤᠷᠭ᠎ᠠ ᠶᠢᠨ ᠰᠠᠭᠤᠳᠠᠯ ᠳᠤ ᠬᠢᠴᠢᠶᠡᠯ ᠰᠤᠨᠤᠰᠤᠬᠴᠢ ᠨᠡᠷ ᠲᠦᠭᠦᠷᠳᠠᠯ᠎ᠠ ᠰᠠᠭᠤᠵᠠᠢ᠃ 8 ᠴᠠᠭ ᠤᠨ ᠦᠶᠡᠰ ᠢᠶᠠᠷ ᠮᠤᠩᠭᠤᠯ ᠠᠨᠠᠭᠠᠬᠤ ᠤᠬᠠᠭᠠᠨ ᠤ ᠫᠷᠥᠹᠧᠰᠰᠤᠷ᠂ ᠮᠤᠩᠭᠤᠯ ᠡᠮᠨᠡᠯᠭᠡ ᠶᠢᠨ ᠰᠡᠳᠬᠢᠴᠡ ᠶᠢᠨ ᠡᠮᠴᠢᠯᠡᠭᠡᠨ ᠤ ᠡᠷᠬᠢᠯᠡᠭᠴᠢ ᠡᠮᠴᠢ ᠨᠠᠭᠤᠨᠪᠢᠯᠢᠭ᠌ ᠮᠤᠩᠭᠤᠯ ᠢᠶᠠᠷ ᠪᠠᠶ᠎ᠠ ᠰᠡᠳᠬᠢᠯ ᠬᠠᠷᠢᠯᠴᠠᠨ ᠦᠢᠯᠡᠳᠦᠯᠴᠡᠬᠦ ᠵᠠᠰᠠᠯ ᠵᠢᠴᠢ ᠡᠷᠡᠭᠦᠯ ᠮᠡᠨᠳᠦ ᠶᠢᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃ ᠨᠠᠭᠤᠨᠪᠢᠯᠢᠭ᠌ ᠪᠠᠭᠰᠢ ᠠᠩᠬᠠᠳᠠᠬᠴᠢ ᠤᠳᠠᠭ᠎ᠠ ᠤᠯᠠᠭᠠᠨᠬᠤᠳᠠ ᠳᠤ ᠬᠢᠴᠢᠶᠡᠯ ᠲᠠᠶᠢᠯᠤᠮᠵᠢ ᠬᠢᠵᠦ ᠪᠤᠢ᠃ ᠦᠨᠡᠨ ᠳᠡᠭᠡᠨ ᠲᠤᠰ ᠠᠭᠤᠯᠭ᠎ᠠ ᠶᠢᠨ ᠬᠢᠴᠢᠶᠡᠯ ᠲᠠᠶᠢᠯᠤᠮᠵᠢ 18 ᠤ ᠡᠳᠦᠷ ᠠᠴᠠ ᠡᠬᠢᠯᠡᠭᠰᠡᠨ ᠶᠤᠮ᠃ 18 ᠤ ᠡᠳᠦᠷ ᠬᠢᠳᠡᠳ ᠢᠶᠠᠷ ᠬᠢᠴᠢᠶᠡᠯᠯᠡᠵᠦ 19 ᠤ ᠦᠳᠡ ᠶᠢᠨ ᠡᠮᠦᠨ᠎ᠡ ᠮᠤᠩᠭᠤᠯ ᠢᠶᠠᠷ ᠬᠢᠴᠢᠶᠡᠯᠯᠡᠵᠡᠢ᠃ ᠨᠠᠭᠤᠨᠪᠢᠯᠢᠭ᠌ ᠪᠠᠭᠰᠢ ᠲᠤᠰ ᠤᠳᠠᠭᠠᠨ ᠤ ᠲᠠᠶᠢᠯᠤᠮᠵᠢ ᠳᠠᠭᠠᠨ ᠪᠠᠶ᠎ᠠ ᠰᠡᠳᠬᠢᠯ ᠬᠠᠷᠢᠯᠴᠠᠨ ᠦᠢᠯᠡᠳᠦᠯᠴᠡᠬᠦ ᠵᠠᠰᠠᠯ ᠤᠨ ᠡᠭᠦᠰᠦᠯ ᠬᠦᠭᠵᠢᠯ᠂ ᠤᠳᠤᠬᠢ ᠬᠦᠭᠵᠢᠯᠳᠡ ᠶᠢᠨ ᠪᠠᠶᠢᠳᠠᠯ᠂ ᠡᠮᠴᠢᠯᠡᠭᠡᠨ ᠤ ᠦᠷ᠎ᠡ ᠳ᠋ᠦᠡᠭ ᠢ ᠦᠨᠡᠨ ᠪᠤᠳᠠᠳᠤ ᠵᠢᠱᠢᠶ᠎ᠡ ᠲᠠᠢ ᠪᠠᠷ ᠲᠠᠶᠢᠯᠪᠤᠷᠢᠯᠠᠪᠠ᠃ ᠲᠠᠷᠠᠭ᠎ᠠ ᠨᠢ ᠦᠡᠭᠭᠡᠷᠡᠭᠰᠡᠨ ᠤ ᠶᠡᠭᠡ ᠪᠠᠭ᠎ᠠ ᠴᠤ᠋ ᠰᠢᠨ᠎ᠡ ᠡᠮᠨᠡᠯᠭᠡ ᠶᠢᠨ ᠤᠬᠠᠭᠠᠨ ᠤ ᠲᠠᠶᠢᠯᠤᠮᠵᠢ ᠶᠢ ᠰᠤᠨᠤᠰᠤᠬᠰᠠᠨ ᠡᠪᠡᠳᠴᠢᠳᠡᠨ ᠠᠴᠠ ᠡᠪᠡᠳᠴᠢᠨ ᠤ ᠪᠠᠶᠢᠳᠠᠯ ᠢᠶᠠᠨ ᠬᠠᠷᠢᠭᠤ ᠮᠡᠳᠡᠭᠦᠯᠦᠯᠳᠡ ᠬᠢᠵᠡᠢ᠃ ᠲᠠᠶᠢᠯᠤᠮᠵᠢ ᠶᠢᠨ ᠲᠡᠭᠦᠰᠭᠡᠯ ᠳᠤ ᠨᠠᠭᠤᠨᠪᠢᠯᠢᠭ᠌ ᠪᠠᠭᠰᠢ ᠠᠴᠠ ᠪᠦᠬᠦ ᠬᠢᠴᠢᠶᠡᠯ ᠤᠨ ᠲᠠᠯᠠᠪᠠᠢ ᠳᠠᠬᠢ ᠬᠦᠮᠦᠰ ᠲᠤ ᠲᠠᠶᠢᠪᠤᠰᠢᠷᠠᠭᠤᠯᠬᠤ ᠵᠠᠰᠠᠯ ᠬᠢᠪᠡ᠃ ᠲᠤᠰ ᠤᠳᠠᠭᠠᠨ ᠤ ᠲᠠᠶᠢᠯᠤᠮᠵᠢ ᠶᠢ ᠨᠠᠶᠢᠳᠠ 3000 ᠬᠦᠮᠦᠨ ︵ᠤᠳᠠᠭ᠎ᠠ︶ ᠰᠤᠨᠤᠰᠴᠠᠢ᠃    ᠪᠠᠶ᠎ᠠ ᠰᠡᠳᠬᠢᠯ ᠬᠠᠷᠢᠯᠴᠠᠨ ᠦᠢᠯᠡᠳᠦᠯᠴᠡᠬᠦ ᠵᠠᠰᠠᠯ ᠵᠢᠴᠢ ᠡᠷᠡᠭᠦᠯ ᠮᠡᠨᠳᠦ ᠶᠢᠨ ᠲᠠᠶᠢᠯᠤᠮᠵᠢ ᠶᠢᠨ ᠪᠠᠭ᠎ᠠ ᠬᠢᠴᠢᠶᠡᠯ 8 ᠰᠠᠷ᠎ᠠ ᠶᠢᠨ 4 ᠤ ᠡᠳᠦᠷ ᠠᠴᠠ 8 ᠰᠠᠷ᠎ᠠ ᠶᠢᠨ 17 ᠤ ᠡᠳᠦᠷ ᠪᠤᠯᠳᠠᠯ᠎ᠠ ᠤᠯᠠᠭᠠᠨᠬᠤᠳᠠ ᠳᠤ ᠶᠠᠪᠤᠬᠳᠠᠬᠰᠠᠨ ᠶᠤᠮ᠃ 18 — 19 ᠤ ᠡᠳᠦᠷ ᠤᠨ ᠬᠢᠴᠢᠶᠡᠯ ᠪᠤᠯ ᠶᠡᠭᠡ ᠬᠢᠴᠢᠶᠡᠯ ᠪᠤᠯᠤᠨ᠎ᠠ᠃    ᠨᠠᠭᠤᠨᠪᠢᠯᠢᠭ᠌ ᠪᠠᠭᠰᠢ ᠶᠢᠨ ᠬᠡᠯᠡᠬᠦ ᠪᠠᠷ᠂ ᠠᠳᠠᠯᠢ ᠪᠤᠰᠤ ᠡᠮᠴᠢᠯᠡᠭᠡᠨ ᠤ ᠦᠢᠯᠡᠳᠦᠯᠭᠡ ᠶᠢᠨ ᠠᠷᠭ᠎ᠠ ᠬᠡᠯᠪᠡᠷᠢ ᠨᠢ ᠴᠦᠮ ᠲᠡᠭᠦᠨ ᠤ ᠤᠨᠤᠯ ᠤᠨ ᠠᠳᠠᠯᠢ ᠦᠭᠡᠢ ᠠᠴᠠ ᠲᠤᠬᠳᠠᠭᠠᠬᠳᠠᠨ᠎ᠠ᠃ ᠪᠤᠳᠤᠯ ᠰᠡᠳᠬᠢᠯ ᠨᠢ ᠮᠡᠳᠡᠭᠡ ᠵᠠᠩᠬᠢ ᠶᠢᠨ ᠰᠤᠷᠢᠨᠵᠢᠨ ᠲᠤᠯᠬᠢᠶᠠᠨ ᠲᠠᠢ ᠪᠠᠶᠢᠳᠠᠭ ᠤᠨᠴᠠᠯᠢᠭ ᠢ ᠦᠨᠳᠦᠰᠦᠯᠡᠨ᠂ ᠪᠢᠳᠡ ᠶᠠᠷᠢᠶᠠᠨ ᠤ ᠲᠠᠯᠠᠪᠤᠷ ᠤᠨ ᠬᠡᠯᠪᠡᠷᠢ ᠶᠢ ᠠᠰᠢᠬᠯᠠᠵᠤ ᠡᠪᠡᠳᠴᠢᠳᠡᠨ ᠤ ᠪᠡᠶ᠎ᠡ ᠰᠡᠳᠬᠢᠯ ᠢ ᠡᠷᠡᠭᠦᠯᠵᠢᠭᠦᠯᠵᠦ ᠪᠠᠶᠢᠨ᠎ᠠ᠃ ᠲᠡᠭᠦᠨ ᠤ ᠮᠦᠨ ᠴᠢᠨᠠᠷ ᠪᠤᠯ ᠪᠡᠶ᠎ᠡ ᠰᠤᠪᠢᠯᠠᠬᠤ ︵ᠶᠠᠪᠤᠳᠠᠯ ᠮᠦᠷ ᠠᠮᠢᠳᠤᠷᠠᠯ ᠤᠨ ᠬᠡᠯᠪᠡᠷᠢ︶ ᠬᠦᠮᠦᠵᠢᠯ ᠪᠠ ᠰᠡᠳᠬᠢᠴᠡ ᠶᠢ ᠲᠤᠬᠢᠷᠠᠭᠤᠯᠤᠨ ᠰᠠᠷᠠᠭᠤᠯᠵᠢᠭᠤᠯᠬᠤ ᠵᠢᠯᠤᠭᠤᠳᠤᠮᠵᠢ ᠶᠢ ᠬᠠᠷᠢᠯᠴᠠᠨ ᠤᠶᠠᠯᠳᠤᠭᠤᠯᠤᠬᠰᠠᠨ ᠦᠢᠯᠡᠳᠦᠯᠭᠡ ᠪᠤᠯᠤᠨ᠎ᠠ᠃ ᠡᠶᠢᠮᠦ ᠠᠴᠠ ᠲᠡᠭᠦᠨ ᠢ ᠠᠮᠢ ᠪᠡᠶ᠎ᠡ ᠰᠤᠪᠢᠯᠠᠬᠤ ᠰᠡᠳᠬᠢᠴᠡ ᠵᠠᠰᠠᠯ ᠭᠡᠳᠡᠭ᠃ ᠨᠦᠭᠦᠭᠡ ᠲᠠᠯ᠎ᠠ ᠪᠠᠷ᠂ ᠲᠤᠬᠠᠢ ᠶᠢᠨ ᠲᠠᠯᠠᠪᠠᠢ ᠨᠢ ᠤᠯᠠᠨ ᠬᠦᠮᠦᠨ ᠬᠠᠷᠢᠯᠴᠠᠨ ᠨᠦᠯᠦᠭᠡᠯᠡᠬᠦ ᠦᠷ᠎ᠡ ᠳ᠋ᠦᠡᠭ ᠭᠠᠷᠭᠠᠳᠠᠭ ᠤᠴᠢᠷ ᠠᠴᠠ ᠪᠠᠰᠠ ᠬᠠᠷᠢᠯᠴᠠᠨ ᠦᠢᠯᠡᠳᠦᠯᠴᠡᠬᠦ ᠵᠠᠰᠠᠯ ᠭᠡᠵᠦ ᠪᠤᠯᠤᠨ᠎ᠠ᠃ ᠲᠡᠷᠡᠴᠢᠯᠡᠨ ᠰᠤᠷᠤᠯᠴᠠᠬᠤ ᠪᠤᠯ ᠨᠢᠭᠡ ᠵᠦᠢᠯ ᠤᠨ ᠦᠪᠡᠰᠦᠪᠠᠨ ᠬᠢᠵᠦ ᠬᠦᠢᠴᠡᠳᠭᠡᠬᠦ ᠶᠠᠪᠤᠳᠠᠯ ᠤᠴᠢᠷ ᠠᠴᠠ ᠦᠪᠡᠷᠳᠡᠭᠡᠨ ᠲᠡᠩᠬᠡᠷᠡᠭᠦ ᠵᠠᠰᠠᠯ ᠤᠨ ᠠᠷᠭ᠎ᠠ ᠭᠡᠳᠡᠭ᠃ ᠶᠡᠷᠤ ᠶᠢᠨ ᠡᠮᠨᠡᠯᠭᠡ ᠲᠠᠢ ᠠᠳᠠᠯᠢᠳᠬᠠᠪᠠᠯ᠂ ᠡᠶᠢᠮᠦᠷᠬᠦ ᠵᠠᠰᠠᠯᠭ᠎ᠠ ᠨᠢ ᠨᠢᠭᠡᠨ ᠦᠪᠡᠷᠮᠢᠴᠡ ᠴᠢᠨᠠᠷᠳᠠᠢ ᠡᠮᠴᠢᠯᠡᠭᠡᠨ ᠤ ᠠᠷᠭ᠎ᠠ ᠤᠴᠢᠷ ᠠᠴᠠ ᠲᠦᠭᠦᠮᠴᠢᠯᠡᠭᠡᠳ ᠰᠡᠳᠬᠢᠴᠡ ᠵᠠᠰᠠᠯ ᠤᠨ ᠠᠷᠭ᠎ᠠ ᠭᠡᠵᠦ ᠬᠡᠯᠡᠳᠡᠭ᠃ ᠶᠡᠷᠤᠩᠭᠡᠶᠢᠯᠡᠭᠡᠳ ᠬᠡᠯᠡᠪᠡᠯ᠂ ᠡᠨᠡ ᠪᠤᠯ ᠰᠡᠳᠬᠢᠴᠡ ᠵᠠᠰᠠᠯ ᠤᠨ ᠬᠦᠷᠢᠶᠡᠨ ᠳᠤ ᠡᠮ᠂ ᠵᠡᠭᠦᠦ᠂ ᠮᠠᠰᠠ ᠵᠠᠰᠠᠯ ᠬᠡᠷᠡᠭᠯᠡᠬᠦ ᠦᠭᠡᠢ᠂ ᠮᠡᠳᠡᠭᠡ ᠵᠠᠩᠬᠢ ᠪᠠᠷ ᠡᠪᠡᠳᠴᠢᠨ ᠵᠠᠰᠠᠬᠤ ᠰᠢᠨ᠎ᠡ ᠠᠨᠠᠭᠠᠬᠤ ᠤᠬᠠᠭᠠᠨ ᠪᠤᠯᠤᠨ᠎ᠠ᠃    ᠰᠡᠳᠬᠢᠴᠡ ᠵᠠᠰᠠᠯ ᠤᠨ ᠤᠬ ᠶᠤᠰᠦ ᠪᠤᠯ ᠬᠦᠮᠦᠨ ᠤ ᠰᠡᠳᠬᠢᠴᠡ ᠶᠢᠨ ᠪᠠᠶᠢᠳᠠᠯ ᠢ ᠳᠤᠬᠢᠷᠠᠭᠤᠯᠬᠤ ᠪᠠᠷ ᠳᠠᠮᠵᠢᠨ ᠪᠡᠶ᠎ᠠ ᠮᠠᠬᠠᠪᠤᠳ ᠤᠨ ᠦᠪᠡᠰᠤᠪᠠᠨ ᠡᠳᠡᠭᠡᠷᠡᠬᠦ ᠬᠦᠴᠦᠨ ᠢ ᠬᠦᠭᠵᠢᠭᠡᠵᠦ᠂ ᠬᠦᠮᠦᠨ ᠤ ᠪᠡᠶ ᠎ᠠ ᠮᠠᠬᠠᠪᠤᠳ ᠤᠨ ᠡᠪᠡᠳᠴᠢᠨ ᠢ ᠡᠰᠡᠷᠬᠦᠴᠡᠬᠦ ᠴᠢᠳᠠᠪᠤᠷᠢ ᠪᠠ ᠡᠪᠡᠳᠴᠢᠨ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠬᠦᠯᠵᠦ᠂ ᠬᠦᠮᠦᠨ ᠤ ᠪᠡᠶ ᠎ᠠ ᠰᠡᠳᠬᠢᠴᠡ ᠶᠢᠨ ᠪᠦᠬᠦ ᠰᠢᠰᠲᠧᠮ ᠤᠨ ᠠᠶᠠᠨᠳᠠᠭᠠᠨ ᠳᠤᠬᠢᠷᠠᠭᠤᠯᠬᠤ ᠶᠠᠪᠤᠴᠠ ᠳᠤᠮᠳᠠ ᠡᠪᠡᠳᠴᠢᠨ ᠢ ᠠᠷᠢᠯᠭᠠᠨ ᠵᠠᠰᠠᠳᠠᠬ ᠪᠠᠶᠢᠨ᠎ᠠ᠃    ᠲᠤᠰ ᠤᠳᠠᠭᠠᠨ ᠤ ᠪᠠᠶ᠎ᠠ ᠰᠡᠳᠬᠢᠯ ᠬᠠᠷᠢᠯᠴᠠᠨ ᠦᠢᠯᠡᠳᠦᠯᠴᠡᠬᠦ ᠵᠠᠰᠠᠯ ᠵᠢᠴᠢ ᠡᠷᠡᠭᠦᠯ ᠮᠡᠨᠳᠦ ᠶᠢᠨ ᠲᠠᠶᠢᠯᠤᠮᠵᠢ ᠶᠢᠨ ᠠᠵᠠ ᠵᠠᠪᠰᠢᠶᠠᠨ ᠢ ᠪᠤᠯ ᠮᠠᠨ ᠤ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ ᠵᠢᠴᠢ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠠᠴᠠ ᠤᠯᠭᠤᠬᠰᠠᠨ ᠶᠤᠮ᠃ᠨᠠᠭᠤᠨᠪᠢᠯᠢᠭ᠌ ᠤᠨ ᠲᠠᠨᠢᠯᠴᠠᠭᠤᠯᠭ᠎ᠠ    ᠨᠠᠭᠤᠨᠪᠢᠯᠢᠭ᠌᠂ ᠡᠷᠡᠭᠳᠡᠢ᠂ ᠮᠤᠩᠭᠤᠯ ᠦᠨᠳᠥᠰᠥᠳᠡᠨ᠂ 1964 ᠤᠨ ᠤ 5 ᠳ᠋ᠤᠭᠠᠷ ᠰᠠᠷ᠎ᠠ ᠳᠤ ᠲᠦᠷᠥᠵᠡᠢ᠂ ᠤᠷᠳᠥᠰ ᠬᠤᠳᠠ ᠶᠢᠨ ᠤᠳᠤᠭ ᠤᠨ ᠡᠮᠥᠨᠡᠳᠥ ᠬᠤᠰᠢᠭᠤᠨ ᠤ ᠪᠤᠷᠤᠪᠠᠯᠭᠠᠰᠥᠨ ᠳᠤ ᠨᠤᠳᠤᠭ ᠲᠠᠢ᠃ ᠮᠤᠩᠭᠤᠯ ᠠᠨᠠᠭᠠᠬᠤ ᠤᠬᠠᠭᠠᠨ ᠤ ᠫᠷᠥᠹᠧᠰᠰᠤᠷ᠂ ᠮᠤᠩᠭᠤᠯ ᠡᠮᠨᠡᠯᠭᠡ ᠶᠢᠨ ᠰᠡᠳᠬᠢᠴᠡ ᠶᠢᠨ ᠡᠮᠴᠢᠯᠡᠭᠡᠨ ᠤ ᠡᠷᠬᠢᠯᠡᠭᠴᠢ ᠡᠮᠴᠢ ︵ᠤᠯᠤᠰ ᠤᠨ ᠬᠤᠶᠠᠳᠤᠭᠠᠷ ᠳᠡᠰ ᠤᠨ ᠫᠷᠥᠹᠧᠰᠰᠤᠷ︶᠂ ᠠᠰᠫᠢᠷᠠᠨᠲ ᠤᠨ ᠵᠢᠯᠤᠭᠤᠳᠤᠭᠴᠢ ᠪᠠᠭᠰᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠷᠡᠳᠥ ᠮᠤᠩᠭᠤᠯ ᠡᠮᠴᠢ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠦᠪᠯᠡᠭᠴᠢ᠂ ᠳᠡᠯᠡᠬᠡᠢ ᠶᠢᠨ ᠦᠨᠡᠮᠯᠡᠯᠳᠥ ᠳᠠᠶᠢᠪᠤᠰᠢᠷᠠᠭᠤᠯᠥᠨ ᠵᠠᠰᠠᠭᠴᠢ᠂ ᠤᠯᠤᠰ ᠤᠨ ᠤᠳᠠᠴᠢ ᠰᠦᠷᠥᠩᠵᠠᠪ ᠫᠷᠥᠹᠧᠰᠰᠤᠷ ᠤᠨ ᠡᠷᠳᠡᠮ ᠰᠢᠨᠵᠢᠯᠡᠭᠡᠨ ᠤ ᠵᠠᠯᠭᠠᠮᠵᠢᠯᠠᠭᠴᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠡᠮᠨᠡᠯᠭᠡ ᠶᠢᠨ ᠪᠠᠭᠰᠢᠯᠠᠨ ᠤᠯᠠᠮᠵᠢᠯᠠᠬᠤ ᠰᠤᠷᠭᠠᠨ ᠬᠦᠮᠥᠵᠢᠯ ᠤᠨ ᠵᠢᠯᠤᠭᠤᠳᠤᠭᠴᠢ ᠪᠠᠭᠰᠢ᠃ ᠮᠤᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠰᠠᠭᠤᠷᠢᠯᠠᠭᠴᠢ᠂ ᠮᠤᠩᠭᠤᠯ ᠡᠮᠨᠡᠯᠭᠡ ᠶᠢᠨ ᠪᠡᠶ᠎ᠡ ᠰᠡᠳᠬᠢᠯ ᠬᠠᠷᠢᠯᠴᠠᠨ ᠥᠢᠯᠡᠳᠥᠯᠴᠡᠬᠦ ᠵᠠᠰᠠᠯ ᠤᠨ ᠡᠬᠦᠰᠭᠡᠨ ᠪᠠᠶᠢᠭᠤᠯᠤᠭᠴᠢ᠂ ᠦᠪᠤᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶᠠᠨ ᠤ ᠪᠡᠶ᠎ᠡ ᠰᠡᠳᠬᠢᠯ ᠪᠦᠬᠦᠯᠢ ᠴᠤᠭᠴᠠ ᠶᠢᠨ ᠡᠮᠴᠢᠯᠡᠭᠡᠨ ᠤ ᠲᠦᠪ ᠤᠨ ᠡᠷᠬᠢᠯᠡᠭᠴᠢ᠂ ᠡᠬᠦᠰᠭᠡᠨ ᠪᠠᠶᠢᠭᠤᠯᠤᠭᠴᠢ᠃ ᠪᠠᠰᠠ ᠳᠡᠯᠡᠬᠡᠢ ᠶᠢᠨ ᠬᠢᠳᠠᠳ ᠡᠮᠨᠡᠯᠭᠡ ᠶᠢᠨ ᠰᠡᠳᠬᠢᠴᠡ ᠶᠢᠨ ᠤᠬᠠᠭᠠᠨ ᠤ ᠨᠡᠶᠢᠭᠡᠮᠯᠢᠭ ᠤᠨ ᠪᠠᠶᠢᠡᠭᠭᠤ ᠶᠢᠨ ᠬᠡᠷᠡᠭ ᠡᠷᠬᠢᠯᠡᠭᠴᠢ᠂ ᠳᠤᠮᠳᠠᠳᠥ ᠤᠯᠤᠰ ᠤᠨ ᠦᠨᠳᠥᠰᠥᠳᠡᠨ ᠤ ᠡᠮ ᠡᠮᠨᠡᠯᠭᠡ ᠶᠢᠨ ᠨᠡᠶᠢᠭᠡᠮᠯᠢᠭ ᠤᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠬᠤᠪᠢᠶᠠᠷᠢ ᠨᠡᠶᠢᠭᠡᠮᠯᠢᠭ ᠤᠨ ᠳᠠᠷᠤᠭ᠎ᠠ᠂ ᠳᠤᠮᠳᠠᠳᠥ ᠤᠯᠤᠰ ᠤᠨ ᠦᠨᠳᠥᠰᠥᠳᠡᠨ ᠤ ᠡᠷᠡᠬᠦᠯ ᠬᠠᠮᠠᠭᠠᠯᠠᠯ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠳᠡᠨ ᠤ ᠵᠦᠪᠯᠡᠯ ᠤᠨ ᠳᠡᠳ᠋ ᠡᠷᠬᠢᠯᠡᠭᠴᠢ ᠬᠡᠰᠢᠬᠦᠨ᠂ ᠳᠤᠮᠳᠠᠳᠥ ᠤᠯᠤᠰ ᠤᠨ ᠬᠢᠳᠠᠳ ᠡᠮ ᠡᠮᠨᠡᠯᠭᠡ ᠶᠢᠨ ᠨᠡᠶᠢᠭᠡᠮᠯᠢᠭ ᠤᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠬᠤᠪᠢᠶᠠᠷᠢ ᠨᠡᠶᠢᠭᠡᠮᠯᠢᠭ ᠤᠨ ᠪᠠᠶᠢᠡᠭᠭᠤ ᠶᠢᠨ ᠬᠡᠷᠡᠭ ᠡᠷᠬᠢᠯᠡᠭᠴᠢ᠂ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠮᠤᠩᠭᠤᠯ ᠡᠮ ᠡᠮᠨᠡᠯᠭᠡ ᠶᠢᠨ ᠨᠡᠶᠢᠭᠡᠮᠯᠢᠭ ᠤᠨ ᠪᠡᠶ ᠎ᠡ ᠰᠡᠳᠬᠢᠴᠡ ᠶᠢᠨ ᠠᠨᠠᠭᠠᠬᠤ ᠤᠬᠠᠭᠠᠨ ᠤ ᠲᠤᠰᠬᠠᠢ ᠵᠦᠪᠯᠡᠯ ᠤᠨ ᠡᠷᠬᠢᠯᠡᠭᠴᠢ ᠬᠡᠰᠢᠬᠦᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠭᠡᠮᠯᠢᠭ ᠤᠨ ᠳᠡᠳ᠋ ᠳᠠᠷᠤᠭ᠎ᠠ ᠵᠡᠷᠭᠡ ᠨᠡᠶᠢᠭᠡᠮ ᠤᠨ ᠳᠤᠰᠢᠶᠠᠯ ᠢ ᠬᠠᠷᠢᠭᠤᠴᠠᠵᠤ ᠪᠤᠢ᠃ᠨᠠᠭᠤᠨᠪᠢᠯᠢᠭ᠌ ᠤᠷᠴᠢᠮ ᠤᠨ ᠵᠢᠯ ᠤᠳ ᠲᠤ ᠤᠷᠢᠳ ᠬᠤᠵᠢᠳ ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠰᠢᠰᠲᠧᠮ ᠤᠨ ᠰᠢᠯᠢᠳᠡᠭ ᠠᠵᠢᠯᠳᠠᠨ᠂ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ ᠠᠵᠢᠯᠳᠠᠨ᠂ ᠪᠦᠬᠦ ᠤᠯᠤᠰ ᠤᠨ ᠬᠢᠳᠠᠳ ᠡᠮ ᠡᠮᠨᠡᠯᠭᠡ ᠶᠢᠨ ᠰᠤᠶᠤᠯ ᠤᠨ ᠬᠠᠮᠠᠭᠠᠯᠠᠯ ᠤᠨ ᠰᠢᠰᠲ᠋ᠧᠮ ᠤᠨ ᠳᠡᠷᠢᠬᠦᠨ ᠤ ᠠᠵᠢᠯᠳᠠᠨ᠂ ᠪᠦᠬᠦ ᠤᠯᠤᠰ ᠤᠨ ᠬᠢᠳᠠᠳ ᠡᠮ ᠡᠮᠨᠡᠯᠭᠡ ᠶᠢᠨ ᠰᠤᠶᠤᠯ ᠤᠨ ᠪᠦᠳᠥᠭᠡᠨ ᠪᠠᠶᠢᠭᠤᠯᠤᠯᠳᠠ ᠶᠢᠨ ᠳᠡᠷᠢᠬᠦᠨ ᠤ ᠬᠤᠪᠢ ᠬᠦᠮᠥᠨ᠂ ᠪᠦᠬᠦ ᠤᠯᠤᠰ ᠤᠨ ᠬᠢᠳᠠᠳ ᠡᠮ ᠡᠮᠨᠡᠯᠭᠡ ᠶᠢᠨ ᠰᠢᠰᠲ᠋ᠧᠮ ᠤᠨ ᠰᠢᠨ᠎ᠠ ᠶᠢ ᠡᠬᠦᠳᠴᠥ ᠳᠡᠷᠢᠬᠦᠨ ᠤ ᠬᠢ ᠶᠢ ᠪᠤᠢ ᠪᠤᠯᠭᠠᠬᠤ ᠳᠡᠷᠢᠬᠦᠨ ᠤ ᠬᠤᠪᠢ ᠬᠦᠮᠥᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠭᠠᠷᠠᠭᠰᠠᠨ ᠴᠢᠳᠠᠪᠤᠷᠢᠳᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽5.1︾ ᠤ ᠬᠦᠳᠡᠯᠮᠥᠷᠢᠴᠢᠳ ᠤᠨ ᠮᠧᠳᠠᠯ ᠬᠦᠷᠳᠡᠭᠴᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ ᠠᠵᠢᠯᠳᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠠᠯ᠎ᠠ ᠨᠤᠳᠤᠭ ᠤᠨ ᠴᠢᠳᠠᠪᠤᠷᠢᠳᠠᠨ ᠵᠡᠷᠭᠡ ᠢᠷᠠᠭᠤ ᠠᠯᠳᠠᠷ ᠢ ᠬᠦᠷᠳᠡᠵᠤ᠂ ᠤᠳᠥ ︽ᠳᠤᠮᠳᠠᠳᠥ ᠶᠢᠨ ᠠᠨᠠᠭᠠᠬᠤ ᠤᠬᠠᠭᠠᠨ ᠤ ᠪᠦᠷᠢᠨ ᠲᠤᠯᠢ ᠶᠢᠨ ᠮᠤᠩᠭᠤᠯ ᠠᠨᠠᠭᠠᠬᠤ ᠤᠬᠠᠭᠠᠨ ᠤ ᠬᠤᠪᠢᠶᠠᠷᠢ ᠲᠤᠯᠢ ︾ ᠶᠢᠨ ᠡᠮᠴᠢᠯᠡᠭᠡᠨ ᠤ ᠤᠬᠠᠭᠠᠨ ᠤ ᠳᠡᠳ᠋ ᠭᠤᠤᠯᠯᠠᠨ ᠨᠠᠶᠢᠷᠠᠭᠤᠯᠤᠭᠴᠢ᠂ ︽ᠤᠯᠤᠰ ᠤᠨ ᠭᠤᠤᠯᠳᠠᠯᠭ᠎ᠠ ᠲᠠᠢ ᠡᠮᠴᠢᠯᠡᠭᠡᠨ ᠤ ᠲᠤᠰᠬᠠᠢ ᠮᠡᠷᠭᠡᠵᠢᠯ ᠤᠨ ᠰᠠᠯᠠᠭ᠎ᠠ︾᠂ ︽ᠤᠯᠤᠰ ᠤᠨ ᠦᠨᠳᠥᠰᠥᠳᠡᠨ ᠤ ᠠᠨᠠᠭᠠᠬᠤ ᠤᠬᠠᠭᠠᠨ ᠤ ᠭᠤᠤᠯᠳᠠᠯᠭ᠎ᠠ ᠲᠠᠢ ᠰᠤᠳᠤᠯᠭᠠᠨ ᠤ ᠰᠠᠯᠠᠭ᠎ᠠ︾᠂ ︽ᠤᠯᠤᠰ ᠤᠨ ᠦᠨᠳᠥᠰᠥᠳᠡᠨ ᠤ ᠠᠨᠠᠭᠠᠬᠤ ᠤᠬᠠᠭᠠᠨ ᠤ ᠭᠤᠤᠯᠳᠠᠯᠭ᠎ᠠ ᠲᠠᠢ ᠲᠤᠰᠬᠠᠢ ᠮᠡᠷᠭᠡᠵᠢᠯ ᠤᠨ ᠰᠠᠯᠠᠭ᠎ᠠ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠠᠷᠢᠶ᠎ᠠ ᠰᠤᠳᠤᠯᠭᠠᠨ ᠤ ᠰᠡᠳᠥᠪ︾ ᠵᠡᠷᠭᠡ ᠤᠯᠤᠰ ᠪᠠ ᠤᠷᠤᠨ ᠤ ᠳᠡᠰ ᠤᠨ ᠰᠤᠳᠤᠯᠭᠠᠨ ᠤ ᠰᠡᠳᠥᠪ ᠤᠨ ᠰᠢᠨᠵᠢᠯᠭᠡᠨ ᠤ ᠳᠠᠭᠠᠭᠤᠯᠤᠭᠴᠢ ᠶᠢᠨ ᠠᠵᠢᠯ ᠢ ᠡᠷᠬᠢᠯᠡᠨ ᠬᠢᠵᠤ ᠪᠠᠶᠢᠨ᠎ᠠ᠃    ᠨᠠᠭᠤᠨᠪᠢᠯᠢᠭ᠌ ᠮᠤᠩᠭᠤᠯ ᠨᠤᠳᠤᠭ ᠤᠨ ᠢᠶᠠᠨ ᠬᠦᠭᠡᠮᠳᠥᠭ ᠴᠡᠩᠭᠡᠷ ᠳᠡᠭᠷᠢ᠂ ᠰᠢᠮᠡᠯᠢᠭ ᠳᠤᠯᠠᠭᠠᠨ ᠬᠦᠷᠥᠰᠥ ᠠᠴᠠ ᠮᠤᠩᠭᠤᠯ ᠬᠦᠮᠥᠨ ᠤ ᠡᠷᠡᠮᠡᠬᠡᠢ ᠬᠠᠳᠠᠨ ᠵᠤᠷᠢᠭ ᠰᠢᠨᠳᠠᠰᠥ ᠶᠢ ᠡᠪᠤᠷᠯᠡᠵᠤ ᠳᠤᠮᠤᠭᠠᠵᠢᠭᠠᠳ᠂ ᠤᠳᠤᠭ ᠤᠨ ᠡᠮᠥᠨᠡᠳᠥ ᠬᠤᠰᠢᠭᠤᠨ ᠤ ᠪᠤᠷᠤᠪᠠᠯᠭᠠᠰᠥᠨ ᠳᠤ ᠡᠭᠡ ᠬᠡᠯᠡᠨ ᠤ ᠪᠠᠨ ᠤᠤᠭᠠᠨ ᠰᠢᠮ᠎ᠠ ᠪᠠᠷ ᠬᠠᠷᠠᠭ᠎ᠠ ᠨᠡᠭᠡᠭᠡᠭᠳᠡᠵᠤ᠂ 1980 — 1982 ᠤᠨ ᠪᠤᠯᠳᠠᠯ᠎ᠠ ᠤᠳᠤᠭ ᠬᠤᠰᠢᠭᠤᠨ ᠤ ᠮᠤᠩᠭᠤᠯ ᠳᠤᠮᠳᠠᠳᠥ ᠰᠤᠷᠭᠠᠭᠤᠯᠢ ᠳᠤ ᠳᠡᠭᠡᠳᠥ ᠳᠤᠮᠳᠠᠳᠥ ᠪᠠᠨ ᠳᠡᠬᠦᠰᠭᠡᠪᠡ᠂ 1982 — 1987 ᠤᠨ ᠪᠤᠯᠳᠠᠯ᠎ᠠ ᠦᠪᠤᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠰᠤᠷᠤᠯᠴᠠᠵᠤ᠂ ᠡᠷᠳᠡᠮᠳᠡᠨ ᠴᠤᠯᠠ ᠬᠠᠮᠠᠭᠠᠯᠠᠠᠪᠠ᠃ 2000 — 2005 ᠤᠨ ᠪᠤᠯᠳᠠᠯ᠎ᠠ ᠦᠪᠤᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠮᠤᠩᠭᠤᠯ ᠡᠮ ᠡᠮᠨᠡᠯᠭᠡ ᠶᠢᠨ ᠳᠡᠭᠡᠳᠥ ᠰᠤᠷᠭᠠᠭᠤᠯᠢ ᠳᠤ ᠰᠤᠷᠤᠯᠴᠠᠵᠤ᠂ ᠮᠠᠰᠲᠧᠷ ᠴᠤᠯᠠ ᠬᠠᠮᠠᠭᠠᠯᠠᠪᠠ᠃ ᠮᠦᠨ ᠡ᠊ᠨᠡ ᠬᠤᠭᠤᠴᠠᠭᠠᠨ ᠳᠤ 2001 — 2002 ᠤᠨ ᠤ ᠬᠤᠭᠤᠷᠥᠨᠳᠥ ᠪᠠᠰᠠ ᠪᠡᠭᠡᠵᠢᠩ ᠶᠡᠭᠡ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠬᠦᠷᠢᠶᠡᠯᠡᠩ ᠳᠠᠬᠢ ᠬᠡᠷᠡᠭᠯᠡᠭᠡᠨ ᠤ ᠰᠡᠳᠬᠢᠴᠡ ᠵᠦᠢ ᠶᠢᠨ ᠰᠤᠳᠤᠯᠬᠤ ᠰᠤᠷᠤᠭᠴᠢ ᠶᠢᠨ ᠠᠩᠬᠢ ᠳᠤ ᠰᠤᠷᠤᠯᠴᠠᠵᠤ᠂ 2010 — 2011 ᠤᠨ ᠪᠤᠯᠳᠠᠯ᠎ᠠ ᠳᠤᠮᠳᠠᠳᠥ ᠤᠯᠤᠰ ᠤᠨ ᠬᠢᠳᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠭᠤᠸᠠᠩ ᠠᠨ ᠮᠧᠨ ᠡᠮᠨᠡᠯᠭᠡ ᠶᠢᠨ ᠬᠤᠷᠢᠶ᠎ᠠ ᠶᠢᠨ ᠰᠡᠳᠬᠢᠴᠡ ᠵᠦᠢ ᠶᠢᠨ ᠡᠮᠴᠢᠯᠡᠭᠡᠨ ᠤ ᠰᠠᠯᠠᠭᠠᠨ ᠳᠤ ᠤᠴᠢᠵᠤ ᠳᠠᠪᠳᠠᠨ ᠪᠤᠯᠪᠠᠰᠤᠷᠠᠯ ᠬᠢᠵᠤ᠂ 2012 ᠠᠴᠠ 2016 ᠤᠨ ᠪᠤᠯᠳᠠᠯ᠎ᠠ ᠪᠡᠭᠡᠵᠢᠩ ᠤᠨ ᠬᠢᠳᠠᠳ ᠡᠮᠨᠡᠯᠭᠡ ᠶᠢᠨ ᠶᠡᠭᠡ ᠰᠤᠷᠭᠠᠭᠤᠯᠢ ᠳᠤ ᠰᠤᠷᠤᠯᠴᠠᠭᠠᠳ ᠳ᠋ᠤᠺᠲ᠋ᠤᠷ ᠴᠤᠯᠠ ᠬᠠᠮᠠᠭᠠᠯᠠᠪᠠ᠃ 2016 — 2018 ᠤᠨ ᠪᠤᠯᠳᠠᠯ᠎ᠠ ᠪᠡᠭᠡᠵᠢᠩ ᠶᠡᠭᠡ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠳᠡᠭᠡᠳᠥ ᠳᠡᠰ ᠤᠨ ᠲᠤᠰᠬᠠᠢ ᠮᠡᠷᠭᠡᠵᠢᠯ ᠤᠨ ᠠᠩᠬᠢ ᠳᠤ ᠰᠤᠳᠤᠯᠥᠨ ᠰᠤᠷᠤᠯᠴᠠᠵᠤ᠂ 2018.1.19 ᠠᠴᠠ 2.10 ᠪᠤᠯᠳᠠᠯ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠶᠢᠨ ᠬᠤᠪᠢ ᠪᠠᠷ ᠠᠮᠧᠷᠢᠺᠠ ᠳᠤ ᠤᠴᠢᠵᠤ ᠰᠤᠷᠤᠯᠴᠠᠵᠠᠢ᠃    ᠨᠠᠭᠤᠨᠪᠢᠯᠢᠭ᠌ ᠤᠳᠥ ᠪᠤᠯᠳᠠᠯ᠎ᠠ ᠡᠮᠨᠡᠯᠭᠡ ᠶᠢᠨ ᠠᠵᠢᠯ ᠤᠨ ᠪᠠᠶᠢᠷᠢᠨ ᠳᠤ ᠶᠠᠭ ᠰᠠᠶ᠋ᠢᠬᠠᠨ 30 ᠬᠠᠪᠤᠷ ᠨᠠᠮᠥᠷ ᠢ ᠦᠡᠭᠭᠡᠷᠡᠭᠡᠵᠡᠢ᠃ 1988 — 1999 ᠤᠨ ᠪᠤᠯᠳᠠᠯ᠎ᠠ ᠤᠷᠳᠥᠰ ᠬᠤᠳᠠ ᠶᠢᠨ ᠤᠳᠤᠭ ᠤᠨ ᠡᠮᠥᠨᠡᠳᠥ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠠᠵᠢᠯᠯᠠᠵᠤ᠂ 2002 ᠤᠨ ᠳᠤ ︽ᠦᠪᠤᠷ ᠮᠤᠩᠭᠤᠯ ᠤᠨ ᠤᠳᠠᠴᠢ ᠮᠤᠩᠭᠤᠯ ᠡᠮᠨᠡᠯᠭᠡ ᠶᠢᠨ ᠪᠡᠶ᠎ᠡ ᠰᠡᠳᠬᠢᠯ ᠤᠨ ᠡᠷᠡᠬᠦᠯ ᠡᠩᠭᠡᠵᠢᠨ ᠰᠤᠳᠤᠯᠭᠠᠨ ᠤ ᠭᠠᠵᠠᠷ︾ ᠪᠠ ︽ᠦᠪᠤᠷ ᠮᠤᠩᠭᠤᠯ ᠤᠨ ᠠᠵᠠᠳᠠᠢ ᠦᠨᠳᠥᠰᠥᠳᠡᠨ ᠤ ᠨᠠᠰᠥᠳᠠᠶᠢᠴᠤᠳ ᠤᠨ ᠰᠤᠪᠢᠯᠠᠯᠳᠠ ᠶᠢᠨ ᠬᠤᠷᠢᠶ᠎ᠠ︾ ᠶᠢ ᠪᠠᠶᠢᠭᠤᠯᠪᠠ᠃ 2005 ᠤᠨ ᠳᠤ ᠦᠪᠤᠷ ᠮᠤᠩᠭᠤᠯ ᠤᠨ ᠬᠡᠷᠡᠭᠯᠡᠭᠴᠢᠳ ᠤᠨ ᠨᠡᠶᠢᠭᠡᠮᠯᠢᠭ ᠲᠠᠢ ᠬᠠᠮᠳᠤᠷᠠᠨ ︽ᠦᠪᠤᠷ ᠮᠤᠩᠭᠤᠯ ᠤᠨ ᠤᠳᠠᠴᠢ ᠤᠯᠠᠨ ᠨᠡᠶᠢᠳᠡ ᠶᠢᠨ ᠡᠷᠡᠬᠦᠯ ᠡᠩᠭᠡ ᠶᠢᠨ ᠰᠤᠷᠭᠠᠨ ᠬᠦᠮᠥᠵᠢᠯ ᠤᠨ ᠰᠤᠷᠭᠠᠭᠤᠯᠢ︾ ᠶᠢ ᠪᠠᠶᠢᠭᠤᠯᠵᠤ᠂ ᠪᠦᠬᠦ ᠨᠡᠶᠢᠭᠡᠮ ᠳᠤ ᠬᠠᠨᠳᠤᠭᠤᠯᠥᠨ ᠶᠠᠮᠠᠷᠴᠥ ᠰᠥᠢᠳᠭᠡᠯ ᠲᠦᠯᠥᠪᠤᠷᠢ ᠦᠬᠡᠢ ᠠᠯᠪᠠᠨ ᠵᠢᠷᠥᠮ ᠤᠨ ᠰᠤᠷᠭᠠᠨ ᠬᠦᠮᠥᠵᠢᠯ ᠤᠨ ᠥᠢᠯᠡᠴᠢᠯᠡᠭᠡ ᠬᠢᠵᠡᠢ᠃ ᠮᠤᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠡᠮᠴᠢᠯᠡᠭᠡᠨ ᠤ ᠥᠢᠯᠡᠰ ᠤᠨ ᠡᠷᠡᠬᠦᠯ ᠢᠶᠠᠷ ᠬᠦᠭᠵᠢᠬᠦ ᠳᠤ ᠨᠡᠩ ᠰᠠᠶᠢᠨ ᠨᠦᠬᠦᠴᠡᠯ ᠪᠦᠷᠢᠯᠳᠥᠬᠦᠯᠬᠦ ᠶᠢ ᠵᠤᠷᠢᠵᠤ᠂ 2010 ᠤᠨ ᠳᠤ ᠳᠡᠷᠡ ᠦᠪᠡᠷᠳᠡᠭᠡᠨ ᠵᠠᠰᠠᠬᠤ ᠤᠷᠤᠨ ᠤ ᠬᠦᠳᠡᠯᠮᠥᠷᠢ ᠠᠵᠢᠯᠳᠠᠨ ᠤ ᠶᠠᠪᠤᠳᠠᠯ ᠤᠨ ᠲᠢᠩᠬᠢᠮ ᠤᠨ ᠢᠯᠡ ᠰᠢᠯᠭᠠᠯᠳᠠ ᠪᠠᠷ ᠳᠠᠮᠵᠢᠨ ᠦᠪᠤᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠳᠤ ᠤᠷᠢᠭᠳᠠᠨ ᠠᠵᠢᠯᠯᠠᠭᠠᠳ ᠂ ᠠᠩᠬᠠᠳᠠᠭᠴᠢ ᠮᠤᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠡᠮᠴᠢᠯᠡᠭᠡᠨ ᠤ ᠰᠠᠯᠠᠭ᠎ᠠ ᠶᠢ ᠡᠬᠦᠰᠭᠡᠨ ᠪᠠᠶᠢᠭᠤᠯᠵᠠᠢ᠃ 2015 ᠤᠨ ᠳᠤ ᠮᠤᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠬᠤᠯᠪᠤᠭᠠᠯᠠᠯ ᠢ ᠪᠠᠶᠢᠭᠤᠯᠤᠭᠠᠳ᠂ ᠤᠳᠥ ᠡᠳᠥᠷ ᠪᠦᠷᠢ ᠳᠤᠮᠳᠠᠴᠢ ᠪᠠᠷ ᠪᠠᠷᠤᠭ 4000 — 6000 ᠭᠠᠷᠤᠢ ᠬᠦᠮᠥᠨ ᠪᠡᠶ᠎ᠡ ᠰᠡᠳᠬᠢᠯ ᠤᠨ ᠡᠮᠴᠢᠯᠡᠭᠡ ᠪᠤᠯᠤᠨ ᠡᠷᠡᠬᠦᠯ ᠮᠡᠨᠳᠥ ᠶᠢᠨ ᠰᠤᠷᠭᠠᠨ ᠬᠦᠮᠥᠵᠢᠯ ᠤᠨ ᠥᠢᠯᠡᠴᠢᠯᠡᠭᠡ ᠶᠢ ᠪᠠᠶᠢᠡᠭᠭᠤ ᠬᠦᠷᠳᠡᠵᠤ᠂ ᠶᠡᠭᠡ ᠰᠠᠶᠢᠨ ᠨᠡᠶᠢᠭᠡᠮ ᠤᠨ ᠦᠷ᠎ᠡ ᠠᠰᠢᠭ ᠢ ᠡᠬᠦᠰᠭᠡᠵᠤ ᠴᠢᠳᠠᠭᠰᠠᠨ ᠪᠦᠭᠡᠳ ᠴᠢᠨᠠᠭᠰᠢᠳᠠ ᠪᠦᠬᠦ ᠤᠷᠤᠨ ᠤ ᠮᠤᠩᠭᠤᠯ ᠡᠮ ᠡᠮᠨᠡᠯᠭᠡ ᠶᠢᠨ ᠥᠢᠯᠡᠰ ᠤᠨ ᠬᠦᠭᠵᠢᠯᠳᠡ ᠳᠤ ᠢᠳᠡᠪᠬᠢᠳᠡᠢ ᠰᠠᠶᠢᠨ ᠨᠡᠮᠡᠷᠢ ᠬᠠᠨᠳᠢᠪ ᠦᠵᠡᠬᠦᠯᠵᠤ ᠴᠢᠳᠠᠵᠠᠢ᠃ 2018 ᠤᠨ ᠠᠴᠠ ᠡᠬᠢᠯᠡᠨ ᠪᠠᠰᠠ ︽ᠰᠦᠯᠵᠢᠶᠡᠨ ᠡᠮᠴᠢᠯᠡᠭᠡ︾ ᠬᠡᠮᠡᠬᠦ ᠤᠯᠤᠰ ᠠᠴᠠ ᠰᠢᠨᠡᠭᠡᠨ ᠤᠷᠢᠶᠠᠯᠠᠵᠤ ᠡᠬᠢᠯᠡᠭᠰᠡᠨ ᠰᠢᠨ᠎ᠡ ᠬᠡᠯᠪᠡᠷᠢ ᠶᠢᠨ ᠥᠢᠯᠡᠴᠢᠯᠡᠭᠡ ᠶᠢ ᠳᠤᠷᠰᠢᠨ ᠶᠠᠪᠤᠭᠳᠠᠭᠤᠯᠵᠤ᠂ ᠨᠡᠩ ᠤᠯᠠᠨ ᠠᠷᠠᠳ ᠢᠷᠭᠡᠳ ᠲᠤ ᠠᠮᠢ ᠰᠤᠪᠢᠯᠠᠯ ᠤᠨ ᠡᠷᠡᠬᠦᠯ ᠮᠡᠨᠳᠥ ᠶᠢᠨ ᠰᠤᠷᠭᠠᠨ ᠬᠦᠮᠥᠵᠢᠯ ᠢ ᠲᠦᠭᠡᠮᠡᠯᠵᠢᠬᠦᠯᠬᠦ ᠨᠦᠬᠦᠴᠡᠯ ᠪᠤᠯᠤᠯᠴᠠᠭ᠎ᠠ ᠶᠢ ᠪᠦᠷᠢᠯᠳᠥᠬᠦᠯᠵᠤ ᠴᠢᠳᠠᠭᠰᠠᠨ ᠪᠠᠶᠢᠨ᠎ᠠ᠃    ᠨᠠᠭᠤᠨᠪᠢᠯᠢᠭ᠌ ᠤᠷᠢᠳ ᠬᠤᠵᠢᠳ ︽ᠮᠤᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠬᠠᠷᠢᠯᠴᠠᠨ ᠥᠢᠯᠡᠳᠥᠯᠴᠡᠬᠦ ᠵᠠᠰᠠᠯ︾᠂ ︽ᠮᠤᠩᠭᠤᠯ ᠠᠨᠠᠭᠠᠬᠤ ᠤᠬᠠᠭᠠᠨ ᠤ ᠠᠮᠢ ᠰᠤᠪᠢᠯᠠᠯ ᠤᠨ ᠦᠬᠦᠯᠡᠮᠵᠢ︾᠂ ︽ᠰᠢᠨ᠎ᠡ ᠤᠬᠠᠭᠳᠠᠬᠤᠨᠳᠥ ᠠᠨᠠᠭᠠᠬᠤ ᠤᠬᠠᠭᠠᠨ ᠤ ᠡᠷᠡᠬᠦᠯ ᠮᠡᠨᠳᠥ ᠶᠢᠨ ᠰᠤᠷᠭᠠᠨ ᠬᠦᠮᠥᠵᠢᠯ ᠤᠨ ᠳᠠᠶᠢᠯᠥᠮᠵᠢ︾᠂ ︽ᠠᠮᠢ ᠰᠤᠪᠢᠯᠠᠯ ᠤᠨ ᠡᠮᠨᠡᠯᠭᠡ ᠶᠢᠨ ᠰᠠᠭᠤᠷᠢ ᠮᠡᠳᠡᠯᠭᠡ︾᠂ ︽ᠪᠡᠶ᠎ᠡ ᠰᠡᠳᠬᠢᠯ ᠤᠨ ᠪᠢᠯᠢᠭ ᠤᠨ ᠷᠠᠰᠢᠶᠠᠨ︾᠂ ︽ᠡᠷᠡᠬᠦᠯ ᠡᠩᠭᠡ ᠶᠢᠨ ᠬᠠᠨᠢ︾᠂ ︽ᠡᠷᠡᠬᠦᠯ ᠡᠩᠭᠡ ᠶᠢᠨ ᠳᠠᠭᠤᠯᠠᠯ CD ᠪᠢᠴᠢᠯᠭᠡ︾᠂ ︽ᠡᠩᠭᠡ ᠠᠮᠥᠭᠤᠯᠠᠩ ᠰᠠᠶᠢᠬᠠᠨ DVD ᠪᠢᠴᠢᠯᠭᠡ︾᠂ ︽ᠨᠠᠭᠤᠨᠪᠢᠯᠢᠭ᠌ ᠤᠨ ᠤᠨᠴᠠᠯᠢᠬᠳᠥ ᠡᠮᠴᠢᠯᠡᠭᠡ DVD ᠪᠢᠴᠢᠯᠭᠡ︾ ᠵᠡᠷᠭᠡ 18 ᠲᠤᠰᠬᠠᠢ ᠪᠦᠳᠥᠭᠡᠯ ᠢ ᠬᠡᠪᠯᠡᠨ ᠳᠠᠷᠬᠠᠭᠠᠵᠠᠢ᠃ ᠡᠬᠦᠨ ᠤ ᠳᠤᠳᠤᠷᠠᠬᠢ ︽ᠮᠤᠩᠭᠤᠯ ᠠᠨᠠᠭᠠᠬᠤ ᠤᠬᠠᠭᠠᠨ ᠤ ᠠᠮᠢ ᠰᠤᠪᠢᠯᠠᠯ ᠤᠨ ᠦᠬᠦᠯᠡᠮᠵᠢ︾ ᠭᠡᠬᠦ ᠨᠤᠮ ᠨᠢ ᠳᠤᠮᠳᠠᠳᠥ ᠤᠯᠤᠰ ᠤᠨ ᠦᠨᠳᠥᠰᠥᠳᠡᠨ ᠤ ᠡᠮ ᠡᠮᠨᠡᠯᠭᠡ ᠶᠢᠨ ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠷᠳᠡᠮ ᠰᠢᠨᠵᠢᠯᠡᠭᠡᠨ ᠤ ᠵᠤᠬᠢᠶᠠᠯ ᠪᠦᠳᠥᠭᠡᠯ ᠤᠨ ᠳᠡᠷᠢᠬᠦᠨ ᠱᠠᠩ ᠢ ᠬᠦᠷᠳᠡᠭᠰᠡᠨ ᠪᠠᠶᠢᠨ᠎ᠠ᠂ ᠡᠬᠦᠨ ᠠᠴᠠ ᠭᠠᠳᠠᠨ᠎ᠠ ᠪᠠᠰᠠ ︽ᠮᠤᠩᠭᠤᠯ ᠡᠮᠨᠡᠯᠭᠡ ᠶᠢᠨ ᠪᠡᠶ᠎ᠡ ᠰᠡᠳᠬᠢᠯ ᠪᠦᠬᠦᠯᠢ ᠴᠤᠭᠴᠠ ᠶᠢᠨ ᠡᠮᠴᠢᠯᠡᠭᠡᠨ ᠤ ᠠᠷᠭ᠎ᠠ ᠪᠠᠷ ᠦᠭᠡᠷ ᠢᠯᠢᠳᠥ ᠡᠪᠡᠳᠴᠢᠨ ᠢ ᠵᠠᠰᠠᠭᠰᠠᠨ ᠰᠤᠳᠤᠯᠤᠯ︾᠂ ︽ᠦᠷᠥᠨᠡᠳᠠᠬᠢᠨ ᠤ ᠠᠨᠠᠭᠠᠬᠤ ᠤᠬᠠᠭᠠᠨ ᠤ ᠵᠦᠷᠢᠶᠡᠨ ᠠᠴᠠ ᠮᠤᠩᠭᠤᠯ ᠡᠮᠨᠡᠯᠭᠡ ᠶᠢᠨ ᠤᠨᠴᠠᠯᠢᠭ ᠢ ᠦᠬᠦᠯᠡᠬᠦ ᠨᠢ︾᠂ ︽ᠪᠡᠶ᠎ᠡ ᠰᠡᠳᠬᠢᠯ ᠰᠡᠷᠡᠯ ᠤᠨ ᠬᠠᠷᠢᠯᠴᠠᠨ ᠥᠢᠯᠡᠳᠥᠯᠴᠡᠬᠦ ᠵᠠᠰᠠᠯ ᠤᠨ ᠠᠷᠭ᠎ᠠ ᠶᠢᠨ ᠲᠦᠬᠦᠮ ᠲᠠᠨᠢᠯᠴᠠᠭᠤᠯᠭ᠎ᠠ︾᠂ ︽ᠮᠤᠩᠭᠤᠯ ᠠᠨᠠᠭᠠᠬᠤ ᠤᠬᠠᠭᠠᠨ ᠤ ᠰᠢᠨ᠎ᠡ ᠬᠡᠯᠪᠡᠷᠢ ᠶᠢᠨ ᠰᠡᠳᠬᠢᠴᠡ ᠵᠠᠰᠠᠯ ᠤᠨ ᠤᠨᠤᠯ ᠤᠨ ᠠᠩᠬᠠᠨ ᠤ ᠰᠦᠪᠡᠭᠴᠢᠯᠡᠯ︾ ᠵᠡᠷᠭᠡ ᠭᠤᠴᠢ ᠭᠠᠷᠤᠢ ᠬᠤᠪᠢ ᠡᠷᠳᠡᠮ ᠰᠢᠨᠵᠢᠯᠡᠭᠡᠨ ᠤ ᠦᠬᠦᠯᠡᠯ ᠤᠳ ᠢ ᠨᠡᠶᠢᠳᠡᠯᠡᠬᠦᠯᠵᠡᠢ᠂ ᠤᠨᠴᠠᠭᠠᠢᠢᠯᠠᠨ ︽ᠦᠷᠥᠨᠡᠳᠠᠬᠢᠨ ᠤ ᠠᠨᠠᠭᠠᠬᠤ ᠤᠬᠠᠭᠠᠨ ᠤ ᠵᠦᠷᠢᠶᠡᠨ ᠠᠴᠠ ᠮᠤᠩᠭᠤᠯ ᠡᠮᠨᠡᠯᠭᠡ ᠶᠢᠨ ᠤᠨᠴᠠᠯᠢᠭ ᠢ ᠦᠬᠦᠯᠡᠬᠦ ᠨᠢ︾ ᠭᠡᠳᠡᠭ ᠦᠬᠦᠯᠡᠯ ᠨᠢ ᠠᠷᠪᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠲᠤ ᠰᠢᠯᠢᠳᠡᠭ ᠦᠬᠦᠯᠡᠯ ᠤᠨ ᠭᠤᠷᠪᠠᠳᠤᠭᠠᠷ ᠳᠡᠰ ᠤᠨ ᠱᠠᠩᠨᠠᠯ ᠢ ᠬᠦᠷᠳᠡᠭᠰᠡᠨ ᠪᠠᠶᠢᠨ᠎ᠠ᠃ ︽ᠰᠤᠷᠢᠨᠵᠢᠨ ᠵᠡᠬᠦᠥ ᠨᠠᠭᠠᠯᠳᠠ︾ ᠭᠡᠬᠦ ᠡᠬᠦᠳᠥᠨ ᠪᠦᠳᠥᠭᠡᠯᠳᠡ ᠨᠢ ᠤᠯᠤᠰ ᠤᠨ ᠲᠤᠰᠬᠠᠢ ᠠᠰᠢᠭ ᠤᠨ ᠱᠠᠩᠨᠠᠯ ᠢ ᠭᠠᠷᠳᠠᠵᠠᠢ᠃    ᠨᠠᠭᠤᠨᠪᠢᠯᠢᠭ᠌ ᠤᠨ ᠤᠨᠤᠯ ᠤᠨ ᠰᠢᠨᠡᠴᠢᠯᠡᠯᠳᠡ ᠪᠤᠯᠤᠨ ᠮᠡᠷᠭᠡᠵᠢᠯ ᠤᠨ ᠰᠢᠨᠡᠴᠢᠯᠡᠯᠳᠡ ᠨᠢ ᠤᠷᠤᠨ ᠤ ᠳᠤᠳᠤᠨ᠎ᠠ ᠭᠠᠳᠠᠨ᠎ᠠ᠂ ᠴᠢᠨᠠᠭᠰᠢᠯᠠᠨ ᠭᠠᠳᠠᠭᠠᠳᠥ ᠤᠯᠤᠰ ᠤᠷᠤᠨ ᠢᠶᠠᠷ ᠴᠥ ᠨᠡᠯᠢᠶᠡᠳ ᠰᠠᠶᠢᠨ ᠨᠦᠯᠥᠭᠡ ᠳᠤᠰᠬᠠᠯ ᠲᠠᠢ ᠪᠤᠯᠤᠭᠰᠠᠨ ᠪᠠᠶᠢᠨ᠎ᠠ᠃ 2013 ᠤᠨ ᠤ 2 ᠳ᠋ᠤᠭᠠᠷ ᠰᠠᠷ᠎ᠠ ᠳᠤ ᠳᠡᠷᠡ ᠤᠯᠠᠨ ᠤᠯᠤᠰ ᠤᠨ ᠬᠤᠯᠪᠤᠭᠠᠳᠥ ᠬᠤᠷᠠᠯ ᠤᠨ ᠤᠷᠢᠯᠭ᠎ᠠ ᠪᠠᠷ ᠠᠮᠧᠷᠢᠺᠠ ᠳᠤ ᠪᠤᠯᠤᠭᠰᠠᠨ ︽ᠬᠤᠳᠠ ᠶᠢᠨ ᠬᠦᠭᠵᠢᠯᠳᠡ ᠶᠢᠨ ᠡᠮᠥᠨ᠎ᠡ ᠤᠮᠠᠷ᠎ᠠ ᠶᠢᠨ ᠵᠦᠪᠳᠡᠯᠴᠡᠭᠡᠷ ᠤᠨ ᠦᠨᠳᠥᠷ ᠳᠡᠰ ᠤᠨ ᠶᠠᠷᠢᠯᠴᠠᠭᠠᠨ ᠤ ᠳᠠᠪᠴᠠᠩ︾ ᠤᠨ ᠬᠤᠷᠠᠯᠳᠤᠭᠠᠨ ᠳᠤ ᠤᠷᠤᠯᠴᠠᠵᠤ᠂ ᠪᠠᠰᠠ ᠠᠮᠧᠷᠢᠺᠠ ᠶᠢᠨ ᠨᠢᠦ᠋ ᠶᠤᠷᠺ ᠳᠤ ᠬᠦᠷᠴᠥ ᠡᠷᠳᠡᠮ ᠰᠢᠨᠵᠢᠯᠡᠭᠡᠨ ᠤ ᠮᠡᠳᠡᠬᠦᠯᠥᠯᠳᠡ ᠬᠢᠭᠰᠡᠨ ᠪᠠᠶᠢᠨ᠎ᠠ᠂ ᠠᠶᠢᠯᠴᠢᠯᠠᠯᠳᠠ ᠶᠢᠨ ᠬᠤᠭᠤᠴᠠᠭᠠᠨ ᠳᠠᠭᠠᠨ ᠳᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠤᠯᠠᠨ ᠤᠯᠤᠰ ᠤᠨ ᠬᠤᠯᠪᠤᠭᠠᠳᠥ ᠬᠤᠷᠠᠯ ᠳᠤ ᠰᠠᠭᠤᠭ᠎ᠠ ᠡᠯᠴᠢᠨ ᠰᠠᠶᠢᠳ ᠤᠨ ᠲᠤᠰᠬᠠᠢ ᠤᠷᠢᠯᠭ᠎ᠠ ᠶᠢ ᠲᠤᠰᠴᠥ ᠠᠭᠤᠯᠵᠠᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ 2012 — 2016 ᠤᠨ ᠤ ᠬᠤᠭᠤᠷᠥᠨᠳᠥ ᠳᠡᠷᠡ ᠪᠠᠰᠠ ᠤᠷᠤᠰ᠂ ᠶᠠᠫᠥᠨ᠂ ᠮᠤᠩᠭᠤᠯ᠂ ᠰᠢᠩᠭᠠᠫᠤᠷ᠂ ᠲᠠᠶᠢᠸᠠᠨ ᠵᠡᠷᠭᠡ ᠤᠯᠤᠰ ᠤᠷᠤᠨ ᠨᠤᠭᠤᠳ ᠢᠶᠠᠷ ᠠᠶᠢᠯᠴᠢᠯᠠᠨ ᠬᠦᠷᠴᠥ ᠮᠡᠳᠡᠬᠦᠯᠥᠯᠳᠡ ᠬᠢᠵᠡᠢ᠂ ᠡᠬᠦᠨ ᠤ ᠤᠯᠠᠮ ᠢᠶᠠᠷ ᠮᠤᠩᠭᠤᠯ ᠡᠮ ᠡᠮᠨᠡᠯᠭᠡ ᠶᠢᠨ ᠥᠢᠯᠡᠰ ᠤᠨ ᠳᠡᠯᠡᠬᠡᠢ ᠶᠢᠨ ᠬᠡᠪᠴᠢᠶᠡᠨ ᠳᠠᠬᠢ ᠨᠦᠯᠥᠭᠡ ᠲᠤᠰᠬᠠᠯ ᠤᠯᠠᠮ ᠢᠶᠠᠷ ᠦᠷᠭᠡᠵᠢᠭᠰᠡᠨ ᠪᠠᠶᠢᠨ᠎ᠠ᠃    ᠠᠮᠢᠳᠤ ᠶᠠᠪᠤᠬᠤ ᠶᠢᠨ ᠲᠠᠪᠢᠯᠠᠩ ᠡ᠊ᠨᠳᠡ ᠠᠴᠠ ᠡᠬᠢᠯᠡᠯ᠎ᠡ    — ᠵᠢᠷᠦᠭᠡᠨ ᠰᠤᠳᠠᠯ ᠳᠠᠭᠠᠨ ᠨᠠᠢᠮᠠᠨ ᠭᠤᠤᠷᠰᠦ ᠲᠠᠢ ᠡᠪᠡᠳᠴᠢᠳᠡᠨ ᠤ ᠰᠡᠳᠬᠢᠯ ᠤᠨ ᠴᠤᠤᠷᠢᠶ᠎ᠠ                 ︵ᠲᠤᠪᠴᠢᠯᠠᠯ︶    ᠪᠢ ᠪᠤᠯ ᠬᠢᠨᠭ᠍ᠭᠠᠨ ᠠᠶᠢᠮᠠᠬ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠳᠤᠮᠳᠠᠳᠤ ᠰᠤᠷᠭᠠᠭᠤᠯᠢ ᠠᠴᠠ ᠠᠵᠢᠯ ᠤᠨ ᠠᠮᠠᠷᠠᠯᠳᠠ ᠪᠠᠨ ᠠᠪᠤᠬᠰᠠᠨ ᠪᠠᠭᠰᠢ ᠢᠤᠢ ᠵᠦ ᠪᠤᠯᠤᠨ᠎ᠠ᠂ ᠡᠨᠡ ᠵᠢᠯ 62 ᠨᠠᠰᠦ ᠲᠠᠢ᠂ ᠰᠤᠷᠤᠯᠴᠠᠯᠭ᠎ᠠ ᠶᠢᠨ ᠨᠤᠮᠧᠷ 1403130᠃    ᠪᠢ ᠪᠤᠯ 2009 ᠤᠨ ᠠᠴᠠ 2013 ᠪᠤᠯᠳᠠᠯ᠎ᠠ ᠵᠢᠷᠤᠬᠡᠨ ᠰᠤᠳᠠᠯ ᠳᠠᠭᠠᠨ ᠨᠠᠢᠮᠠᠨ ᠭᠤᠥᠷᠰᠤ ᠲᠠᠭᠠᠷᠠᠭᠤᠯᠤᠭᠰᠠᠨ ᠡᠪᠡᠳᠴᠢᠳᠠᠨ᠃ 2014 ᠤᠨ ᠤ 3 ᠰᠠᠷ᠎ᠠ ᠶᠢᠨ 8 ᠤ ᠡᠳᠦᠷ ᠠᠴᠠ ᠡᠬᠢᠯᠡᠨ ᠪᠡᠶ᠎ᠠ ᠰᠡᠳᠬᠢᠯ ᠪᠦᠬᠦᠯᠢ ᠴᠤᠬᠴᠠ ᠶᠢᠨ ᠬᠢᠴᠢᠶᠡᠯ ᠢ ᠰᠤᠨᠤᠰᠴᠠᠢ᠃ ᠬᠢᠴᠢᠶᠡᠯ ᠰᠤᠨᠤᠰᠤᠬᠰᠠᠨ ᠤ ᠲᠦᠷᠪᠡᠳᠦᠭᠡᠷ ᠡᠳᠦᠷ ᠲᠤ ᠬᠦᠵᠢ ᠶᠢᠨ ᠦᠨᠦᠷ ᠦᠨᠦᠷᠳᠦᠭᠳᠡᠵᠠᠢ᠃ ᠳᠠᠪᠤᠳᠤᠭᠠᠷ ᠰᠦᠨᠢ ᠠᠴᠠ ᠨᠢᠭᠡ ᠰᠦᠨᠢ ᠭᠤᠷᠪᠠ ᠤᠳᠠᠭ᠎ᠠ ᠰᠢᠭᠡᠳᠡᠭ ᠪᠠᠶᠢᠬᠰᠠᠨ ᠠᠴᠠ ᠪᠠᠨ ᠨᠢᠭᠡ ᠯᠠ ᠤᠳᠠᠭ᠎ᠠ ᠰᠢᠭᠡᠳᠡᠭ ᠪᠤᠯᠤᠬᠰᠠᠨ ᠪᠦᠭᠡᠳ ᠲᠦᠷᠦᠯᠬᠢ ᠰᠢᠭᠡᠰᠦ ᠬᠦᠷᠪᠡᠯ ᠪᠠᠴᠢᠮ ᠰᠢᠭᠡᠳᠡᠭ ᠪᠤᠯᠪᠠᠰᠦ ᠰᠢᠭᠡᠰᠦ ᠶᠢᠨ ᠭᠡᠮᠵᠢᠶ᠎ᠠ ᠠᠷᠪᠢᠨ ᠪᠢᠰᠢ᠂ ᠤᠳᠦ ᠡᠨᠡᠬᠦ ᠡᠪᠡᠳᠴᠢᠨ ᠪᠦᠷᠢᠮᠤᠰᠤᠨ ᠰᠠᠶᠢᠵᠢᠷᠠᠵᠦ ᠰᠢᠭᠡᠰᠦ ᠬᠦᠷᠪᠡᠴᠦ ᠳᠠᠰᠪᠤᠷᠢᠯᠠᠬᠤ ᠴᠠᠬ ᠨᠢ ᠴᠦ ᠤᠷᠳᠦ ᠪᠤᠯᠵᠠᠢ᠃ ᠵᠢᠷᠭᠤᠳᠤᠭᠠᠷ ᠡᠳᠦᠷ ᠠᠴᠠ ᠡᠬᠢᠯᠡᠨ ᠬᠢᠴᠢᠶᠡᠯ ᠳᠡᠭᠡᠷ᠎ᠠ ᠵᠤᠬᠰᠤᠯ ᠦᠭᠡᠢ ᠬᠠᠨᠢᠶᠠᠵᠦ ᠡᠨᠡ ᠮᠡᠳᠦ ᠪᠠᠷ ᠲᠦᠴᠢᠨ ᠭᠡᠳᠤᠨ ᠡᠳᠦᠷ ᠴᠠᠭᠠᠨ ᠬᠦᠭᠡᠰᠦ ᠪᠠᠷ ᠬᠠᠨᠢᠶᠠᠯᠭᠠᠵᠠᠢ᠃ ᠬᠢᠴᠢᠶᠡᠯ ᠤᠨ ᠳᠤᠮᠳᠠ ᠬᠤᠶᠠᠷ ᠪᠦᠳᠦᠬᠦᠨ ᠭᠤᠶ᠎ᠠ ᠬᠠᠳᠠᠭᠠᠵᠦ ᠡᠪᠡᠳᠴᠦ ᠪᠠᠶᠢᠵᠠᠢ᠃ 13 ᠳ᠋ᠤᠭᠠᠷ ᠡᠳᠦᠷ ᠲᠤ ᠪᠦᠳᠦᠬᠦᠨ ᠭᠤᠶ᠎ᠠ ᠶᠢᠨ ᠬᠢᠯᠭᠠᠰᠤᠨ ᠰᠤᠳᠠᠯ ᠤᠨ ᠲᠦᠭᠵᠢᠷᠡᠯ ᠦᠭᠡᠢ ᠪᠤᠯᠤᠬᠰᠠᠨ ᠶᠤᠮ ᠤᠤ︖ ᠭᠡᠵᠦ ᠦᠵᠡᠬᠦ ᠳᠤ ᠤᠬ ᠶᠠᠩᠵᠦ ᠪᠠᠷ ᠢᠶᠠᠨ ᠪᠠᠶᠢᠵᠠᠢ᠃ 15᠂ 16 ᠳ᠋ᠤᠭᠠᠷ ᠬᠤᠶᠠᠷ ᠡᠳᠦᠷ ᠶᠡᠭᠡ ᠬᠢᠴᠢᠶᠡᠯ ᠰᠤᠨᠤᠰᠤᠬᠰᠠᠨ ᠤ ᠰᠡᠬᠦᠯᠡᠷ ᠦᠵᠡᠬᠦ ᠳᠤ ᠪᠠᠷᠠᠭᠤᠨ ᠭᠤᠶ᠎ᠠ ᠳᠡᠭᠡᠷᠡᠬᠢ ᠨᠢ ᠪᠦᠷᠢᠮᠤᠰᠤᠨ ᠦᠭᠡᠢ ᠪᠤᠯᠵᠦ᠂ ᠵᠡᠬᠦᠨ ᠭᠤᠶ᠎ᠠ ᠳᠡᠭᠡᠷᠡᠬᠢ ᠨᠢ ᠨᠢᠳᠤᠷᠭ᠎ᠠ ᠶᠢᠨ ᠬᠢᠷᠢ ᠦᠯᠡᠳᠡᠭᠰᠡᠨ ᠨᠢ ᠤᠳᠦ ᠪᠤᠯᠳᠠᠯ᠎ᠠ ᠪᠠᠶᠢᠨ᠎ᠠ᠃ ᠬᠤᠶᠠᠳᠤᠭᠠᠷ ᠤᠳᠠᠭ᠎ᠠ ᠤᠬ ᠲᠦᠯᠦᠪᠯᠡᠭᠡ ᠪᠠᠷ ᠶᠢᠰᠤᠨ ᠰᠠᠷ᠎ᠠ ᠶᠢᠨ ᠰᠡᠬᠦᠯᠴᠢ ᠪᠠᠷ ᠰᠤᠨᠤᠰᠤᠶ᠎ᠠ ᠭᠡᠵᠦ ᠪᠠᠶᠢᠬᠰᠠᠨ ᠢᠶᠠᠨ ᠪᠡᠶ᠎ᠠ ᠶᠢᠨ ᠪᠠᠶᠢᠳᠠᠯ ᠬᠢᠴᠢᠶᠡᠯ ᠰᠤᠨᠤᠰᠴᠦ ᠪᠠᠶᠢᠭ᠎ᠠ ᠦᠶ᠎ᠠ ᠪᠠᠨ ᠬᠦᠷᠬᠦ ᠦᠭᠡᠢ ᠪᠤᠯᠤᠬᠰᠠᠨ ᠳᠤᠯᠠ ᠨᠠᠢᠮᠠᠨ ᠰᠠᠷ᠎ᠠ ᠶᠢᠨ ᠳᠤᠮᠳᠠᠴᠢ ᠪᠠᠷ ᠢᠷᠡᠵᠦ ᠪᠠᠭᠤᠳᠠᠯ ᠰᠠᠭᠤᠵᠦ ᠬᠢᠴᠢᠶᠡᠯ ᠰᠤᠨᠤᠰᠪᠠ᠃ ᠰᠠᠶ᠋ᠢ ᠢᠷᠡᠬᠦ ᠳᠡᠭᠡᠨ 20 cm ᠦᠨᠳᠦᠷ ᠳᠠᠶᠢᠰᠠ ᠶᠢ ᠳᠤᠭᠤᠷᠢᠵᠦ ᠭᠠᠷᠳᠠᠬ ᠪᠠᠶᠢᠵᠠᠢ᠂ ᠳᠠᠪᠤᠨ ᠡᠳᠦᠷ ᠤᠨ ᠬᠢᠴᠢᠶᠡᠯ ᠤᠨ ᠳᠠᠷᠠᠭ᠎ᠠ ᠤᠷᠤᠢ ᠪᠠᠷ ᠨᠢ ᠦᠰᠦᠷᠴᠦ ᠪᠠᠭᠤᠬᠰᠠᠨ ᠴᠦ ᠬᠠᠮᠢᠶ᠎ᠠ ᠦᠭᠡᠢ ᠪᠤᠯᠵᠠᠢ᠃ 20 ᠡᠳᠦᠷ ᠤᠨ ᠳᠠᠷᠠᠭ᠎ᠠ ᠭᠠᠳᠠᠨ᠎ᠠ ᠰᠠᠭᠤᠵᠦ ᠪᠠᠶᠢᠭ᠎ᠠ ᠬᠦᠮᠦᠰ ᠨᠠ᠊ ᠪᠠᠭᠰᠢ ᠲᠠᠢ ᠨᠢᠭᠤᠷᠳᠠᠨ ᠠᠭᠤᠯᠵᠠᠵᠦ ᠳᠠᠶᠢᠯᠬᠦ ᠦᠭᠡᠢ ᠭᠡᠬᠦ ᠶᠢ ᠰᠤᠨᠤᠰᠤᠭᠠᠳ ᠳᠡᠷᠡ ᠡᠳᠦᠷ ᠨᠢ ᠡᠮᠨᠡᠯᠭᠡ ᠳᠤ ᠰᠢᠯᠵᠢᠵᠦ ᠤᠴᠢᠭᠠᠳ ᠨᠠ᠊ ᠪᠠᠭᠰᠢ ᠲᠠᠢ ᠨᠢᠭᠤᠷᠳᠠᠨ ᠠᠭᠤᠯᠵᠠᠪᠠ᠃ ᠡᠨᠡ ᠤᠳᠠᠭ᠎ᠠ ᠪᠢ 50 ᠡᠳᠦᠷ ᠤᠨ ᠬᠢᠴᠢᠶᠡᠯ ᠰᠤᠨᠤᠰᠤᠭᠠᠳ ᠪᠡᠶ᠎ᠠ ᠶᠡᠭᠡ ᠰᠠᠶᠢᠵᠢᠷᠠᠵᠦ ᠭᠡᠷ ᠲᠡᠭᠡᠨ ᠪᠤᠴᠠᠪᠠ᠃ ᠨᠢᠭᠡ ᠮᠡᠳᠡᠬᠦ ᠳᠤ ᠲᠦᠴᠢᠨ ᠵᠢᠯ ᠤᠨ ᠤᠷᠤᠢ ᠤᠨᠳᠠᠬᠤ ᠳᠠᠭᠠᠨ ᠭᠡᠪᠳᠡᠭᠰᠡᠨ ᠤ ᠰᠡᠬᠦᠯᠡᠷ ᠬᠤᠷᠢ ᠭᠤᠴᠢ ᠨᠤᠯᠮᠤᠳᠠᠭ ᠮᠢᠨᠢ ᠶᠠᠬ ᠳᠠᠬ ᠦᠭᠡᠢ ᠪᠤᠯᠵᠠᠢ᠃    2015 ᠤᠨ ᠤ 1 ᠰᠠᠷ᠎ᠠ ᠶᠢᠨ 20 ᠤ ᠡᠳᠦᠷ᠂ ᠨᠢᠭᠡᠨ ᠬᠦᠭᠡᠷᠤᠬᠦᠨ ᠤᠮᠪᠤᠯ ᠭᠡᠤᠭᠡᠨ ᠲᠠᠢ ᠪᠤᠯᠤᠬᠰᠠᠨ ᠳᠠᠭᠠᠨ ᠪᠠᠶᠠᠷᠯᠠᠬᠰᠠᠨ ᠤ ᠶᠤᠮ ᠤᠤ︖ ᠪᠡᠶ᠎ᠠ ᠡᠪ ᠦᠭᠡᠶᠢᠷᠡᠵᠦ ᠴᠢᠰᠤᠨ ᠳᠠᠷᠤᠯᠳᠠ ᠦᠰᠦᠭᠰᠡᠨ ᠠᠴᠠ ᠮᠦᠭᠳᠡᠨ ᠬᠤᠳᠠ ᠶᠢᠨ ᠬᠠᠭᠤᠷᠠᠢ ᠵᠠᠮ ᠤᠨ ᠴᠡᠷᠢᠭ ᠤᠨ ᠶᠡᠷᠦᠩᠭᠡᠢ ᠡᠮᠨᠡᠯᠭᠡ ᠶᠢᠨ ᠬᠤᠷᠢᠶ᠎ᠠ ᠳᠤ ᠪᠠᠶᠢᠴᠠᠭᠠᠯᠭᠠᠬᠤ ᠳᠤ ᠴᠢᠰᠤᠨ ᠤ ᠪᠠᠶᠢᠳᠠᠯ ᠪᠦᠷᠢᠮᠤᠰᠤᠨ ᠳᠡᠭᠰᠢᠷᠡᠵᠦ᠂ ᠳᠡᠭᠡᠷ᠎ᠠ ᠳᠤᠤᠷ᠎ᠠ ᠶᠠᠭᠤᠮ᠎ᠠ ᠪᠠᠶᠢᠬᠤ ᠦᠭᠡᠢ᠂ 8 ᠭᠤᠤᠷᠰᠦ ᠨᠢ ᠴᠦ ᠪᠦᠷ ᠶᠡᠭᠡ ᠰᠠᠶᠢᠨ ᠪᠠᠶᠢᠨ᠎ᠠ ᠭᠡᠵᠠᠢ᠃ ᠲᠡᠷᠠ ᠵᠢᠯ ᠬᠠᠪᠤᠷ ᠨᠠᠮᠤᠷ ᠬᠤᠶᠠᠷ ᠤᠳᠠᠭ᠎ᠠ 60 ᠡᠳᠦᠷ ᠤᠨ ᠬᠢᠴᠢᠶᠡᠯ ᠰᠤᠨᠤᠰᠴᠦ᠂ ᠨᠠ᠊ ᠪᠠᠭᠰᠢ ᠲᠠᠢ ᠨᠢᠭᠡ ᠤᠳᠠᠭ᠎ᠠ ᠨᠢᠭᠤᠷᠳᠠᠨ ᠠᠭᠤᠯᠵᠠᠵᠦ᠂ ᠪᠡᠶ᠎ᠠ ᠶᠢᠨ ᠪᠠᠶᠢᠳᠠᠯ ᠤᠯᠠᠮ ᠠᠴᠠ ᠤᠯᠠᠮ ᠰᠠᠶᠢᠵᠢᠷᠠᠵᠦ᠂ ᠮᠦᠭᠡᠷᠰᠤᠨ ᠬᠤᠭᠤᠯᠠᠢ ᠶᠢᠨ ᠦᠷᠪᠢᠰᠤᠯ ᠦᠨᠳᠦᠰᠤᠨ ᠳᠡᠭᠡᠨ ᠰᠠᠶᠢᠨ ᠪᠤᠯᠵᠠᠢ᠃ ᠪᠢ ᠭᠤᠴᠢᠨ ᠨᠠᠰᠤᠨ ᠤ ᠦᠶ᠎ᠠ ᠠᠴᠠ ᠠᠮᠠ ᠪᠠᠨ ᠵᠠᠪᠰᠠᠷᠯᠠᠬᠤ ᠦᠭᠡᠢ ᠪᠤᠯ ᠬᠠᠮᠠᠷ ᠤᠨ ᠠᠮᠢᠰᠬᠤᠯ ᠬᠦᠢᠴᠡᠬᠦ ᠦᠭᠡᠢ ᠪᠠᠶᠢᠵᠠᠢ᠂ ᠤᠳᠦ ᠤᠨᠳᠠᠬᠤ᠂ ᠰᠠᠭᠤᠬᠤ᠂ ᠠᠯᠬᠤᠵᠦ ᠬᠢᠰᠬᠢᠬᠦ ᠳᠤ ᠪᠦᠷ ᠬᠠᠮᠠᠷ ᠢᠶᠠᠷ ᠢᠶᠠᠨ ᠠᠮᠢᠰᠬᠤᠬᠤ ᠳᠤ ᠬᠦᠴᠢᠷᠳᠡᠬᠦ ᠦᠭᠡᠢ ᠪᠤᠯᠵᠠᠢ᠃    2016 ᠤᠨ ᠤ ᠬᠠᠪᠤᠷ᠂ 21 ᠡᠳᠦᠷ ᠬᠢᠴᠢᠶᠡᠯ ᠰᠤᠨᠤᠰᠤᠭᠠᠳ ᠲᠦᠷᠪᠡᠨ ᠰᠠᠷ᠎ᠠ ᠳᠤ ᠪᠠᠰᠠ ᠤᠬ ᠤᠨ ᠡᠮᠨᠡᠯᠭᠡ ᠳᠡᠭᠡᠨ ᠤᠴᠢᠵᠦ ᠪᠠᠶᠢᠴᠠᠭᠠᠯᠳᠠ ᠬᠢᠬᠦ ᠳᠤ ᠲᠦᠷᠪᠡᠨ ᠭᠡᠰᠡᠭ ᠲᠦᠭᠵᠢᠷᠡᠯ ᠨᠢ ᠭᠤᠷᠪᠠᠨ ᠭᠡᠰᠡᠭ ᠪᠤᠯᠵᠦ᠂ ᠨᠢᠭᠡ ᠨᠢ 50% ᠠᠴᠠ ᠪᠠᠨ 30% ᠪᠤᠯᠵᠦ ᠪᠠᠭᠠᠰᠴᠠᠢ᠃ ᠮᠠᠰᠠ ᠵᠠᠰᠠᠯ ᠤᠨ ᠰᠡᠬᠦᠯ ᠳᠤ ᠡᠮᠴᠢ ᠮᠢᠨᠦ ᠬᠠᠵᠠᠭᠤ ᠳᠤ ᠢᠷᠡᠭᠰᠡᠨ ᠴᠦ ᠦᠭᠡᠢ ᠨᠠᠮ᠎ᠠ ᠶᠢ ᠬᠠᠮᠢᠶ᠎ᠠ ᠦᠭᠡᠢ ᠭᠡᠳ ᠶᠠᠮᠠᠷ ᠡᠮ ᠴᠦ ᠦᠭᠬᠦᠭᠰᠡᠨ ᠦᠭᠡᠢ᠃ ᠨᠠᠮᠤᠷ ᠨᠢ ᠬᠦᠷᠢᠶ᠎ᠠ ᠬᠤᠰᠢᠭᠤᠨ ᠳᠤ 21 ᠡᠳᠦᠷ ᠬᠢᠴᠢᠶᠡᠯ ᠰᠤᠨᠤᠰᠴᠦ ᠠᠩᠬ᠎ᠠ ᠤᠳᠠᠭ᠎ᠠ ᠶᠢᠨ ᠬᠠᠷᠢᠭᠤ ᠮᠡᠳᠡᠬᠦᠯᠤᠯᠳᠠ ᠬᠢᠪᠡ᠃ 2017 ᠤᠨ ᠤ ᠬᠠᠪᠤᠷ᠂ ᠬᠦᠭᠡᠬᠤᠳᠠ ᠳᠤ 21 ᠡᠳᠦᠷ ᠬᠢᠴᠢᠶᠡᠯ ᠰᠤᠨᠤᠰᠴᠦ ᠲᠠᠭᠤᠯᠠ ᠪᠠᠭᠰᠢ ᠲᠠᠢ ᠨᠢᠭᠡ ᠤᠳᠠᠭ᠎ᠠ ᠨᠢᠭᠤᠷᠳᠠᠨ ᠠᠭᠤᠯᠵᠠᠵᠦ ᠬᠤᠶᠠᠳᠤᠭᠠᠷ ᠤᠳᠠᠭᠠᠨ ᠤ ᠬᠠᠷᠢᠭᠤ ᠮᠡᠳᠡᠬᠦᠯᠤᠯᠳᠠ ᠪᠠᠨ ᠪᠢᠴᠢᠵᠦ ᠪᠠᠷᠠᠬᠤ ᠲᠠᠢ ᠵᠡᠷᠭᠡ ᠶᠡᠰᠦ ᠰᠢᠬᠢᠷᠠᠵᠦ᠂ ᠬᠠᠮᠠᠷ ᠠᠴᠠ ᠨᠢᠰᠦ ᠬᠤᠭᠤᠵᠢᠵᠦ ᠬᠢᠮᠤᠷᠠᠭ᠎ᠠ ᠭᠡᠬᠦ ᠳᠤ ᠪᠡᠶ᠎ᠠ ᠬᠠᠯᠠᠭᠤᠷᠠᠬᠤ ᠦᠭᠡᠢ ᠪᠠᠰᠠ ᠬᠤᠶᠠᠷ ᠤᠳᠠᠭ᠎ᠠ ᠰᠠᠭᠤᠯᠭᠠᠪᠠ᠃ ᠡᠨᠡ ᠤᠳᠠᠭ᠎ᠠ ᠪᠡᠶ᠎ᠠ ᠶᠢᠨ ᠪᠠᠶᠢᠳᠠᠯ ᠮᠡᠳᠡᠭᠳᠡᠮ᠎ᠠ ᠰᠠᠶᠢᠵᠢᠷᠠᠪᠠ᠃ 2016 ᠤᠨ ᠠᠴᠠ ᠡᠬᠢᠯᠡᠨ 21 ᠡᠳᠦᠷ ᠢᠶᠠᠷ ᠵᠢᠯ ᠤᠨ ᠭᠤᠷᠪᠠ ᠤᠳᠠᠭ᠎ᠠ ᠰᠤᠨᠤᠰᠳᠠᠬ ᠪᠤᠯᠵᠠᠢ᠃ ᠡᠨᠡ ᠤᠳᠠᠭ᠎ᠠ ᠪᠢ 13 ᠳ᠋ᠤᠭᠠᠷ ᠤᠳᠠᠭ᠎ᠠ ᠪᠠᠨ ᠰᠤᠨᠤᠰᠴᠦ ᠪᠠᠶᠢᠨ᠎ᠠ᠃ ᠭᠤᠷᠪᠠᠳᠤᠭᠠᠷ ᠤᠳᠠᠭᠠᠨ ᠤ ᠬᠠᠷᠢᠭᠤ ᠮᠡᠳᠡᠬᠦᠯᠤᠯᠳᠠ ᠪᠢᠴᠢᠵᠦ ᠪᠠᠶᠢᠬᠤ ᠬᠤᠭᠤᠴᠠᠭᠠᠨ ᠳᠠᠭᠠᠨ ᠬᠠᠮᠠᠷ ᠪᠦᠭᠯᠡᠷᠡᠵᠦ ᠨᠢᠰᠦ ᠭᠤᠭᠤᠵᠢᠵᠦ᠂ ᠬᠠᠭᠠᠰ ᠵᠢᠯ ᠢᠯᠡᠬᠦᠦ ᠡᠪᠡᠳᠴᠦ ᠪᠠᠶᠢᠬᠰᠠᠨ ᠮᠦᠷᠦ ᠡᠪᠡᠳᠬᠦ ᠪᠠᠨ ᠵᠤᠬᠰᠤᠴᠢᠬᠠᠪᠠ᠃ ᠡᠨᠡ ᠦᠨᠡᠨ ᠭᠠᠶᠢᠬᠠᠯᠳᠠᠢ᠂ ᠬᠦᠡᠭᠭᠡᠨ ᠰᠢᠭ ᠱᠠᠮᠪᠠᠷᠠᠮ ᠡᠪᠡᠳᠴᠢᠨ ᠳᠠᠪᠤᠨ ᠵᠢᠯ ᠳᠤ ᠨᠢᠭᠡ ᠤᠳᠠᠭ᠎ᠠ ᠴᠦ ᠬᠦᠳᠡᠯᠦᠭᠰᠡᠨ ᠦᠭᠡᠢ᠂ ᠬᠦᠵᠦᠬᠦᠨ ᠦᠶ᠎ᠠ ᠶᠢᠨ ᠮᠦᠭᠡᠷᠰᠤᠯ ᠴᠦ ᠪᠠᠰᠠ ᠦᠨᠳᠦᠰᠤᠨ ᠳᠡᠭᠡᠨ ᠰᠠᠶᠢᠨ ᠪᠤᠯᠵᠠᠢ᠃ᠳᠠᠨᠢᠯᠳᠡ ᠲᠦᠷᠦᠭᠳᠡᠯ    ᠪᠡᠶ᠎ᠠ ᠰᠡᠳᠬᠢᠯ ᠪᠦᠬᠦᠯᠢ ᠴᠤᠬᠴᠠ ᠶᠢᠨ ᠡᠮᠴᠢᠯᠡᠭᠡ ᠪᠤᠯ ᠰᠢᠨᠵᠢᠯᠡᠬᠦ ᠤᠬᠠᠭᠠᠨᠴᠢ ᠡᠮᠴᠢᠯᠡᠭᠡ ᠮᠦᠨ᠃ ᠴᠠᠬ ᠦᠶ᠎ᠠ ᠠᠴᠠ ᠤᠷᠢᠳᠴᠢᠯᠡᠬᠰᠡᠨ᠂ ᠬᠦᠮᠦᠰ ᠤᠨ ᠰᠡᠳᠬᠢᠯ ᠳᠤ ᠳᠠᠭᠠᠯᠠᠬᠳᠠᠬᠰᠠᠨ᠂ ᠡᠪᠡᠳᠴᠢᠨ ᠢ ᠦᠨᠳᠦᠰᠤᠨ ᠠᠴᠠ ᠨᠢ ᠡᠳᠡᠭᠡᠳᠡᠭ ᠡᠮᠴᠢᠯᠡᠭᠡ ᠮᠦᠨ ᠪᠦᠭᠡᠳ ᠰᠡᠳᠬᠢᠯ ᠢ ᠵᠠᠰᠠᠬᠤ ᠳᠡᠯᠡᠭᠡᠢ ᠳᠤ ᠬᠤᠤᠰ ᠦᠭᠡᠢ ᠡᠮᠴᠢᠯᠡᠭᠡ ᠮᠦᠨ᠃ ᠮᠠᠨ ᠤ ᠮᠤᠩᠭᠤᠯ ᠦᠨᠳᠦᠰᠦᠳᠡᠨ ᠤ ᠬᠤᠪᠢ ᠢᠷᠦᠭᠡᠯ ᠮᠦᠨ ᠪᠦᠭᠡᠳ ᠤᠮᠤᠬᠰᠢᠯ ᠮᠦᠨ᠂ ᠴᠢᠨᠠᠬᠰᠢᠯᠠᠭᠠᠳ ᠪᠦᠬᠦ ᠤᠯᠤᠰ ᠤᠨ ᠤᠮᠤᠬᠰᠢᠯ᠂ ᠪᠦᠬᠦ ᠳᠡᠯᠡᠭᠡᠢ ᠶᠢᠨ ᠬᠦᠮᠦᠰ ᠤᠨ ᠪᠠᠶᠠᠰᠤᠯ ᠮᠦᠨ᠃ ᠬᠠᠮᠤᠬ ᠰᠡᠬᠦᠯ ᠳᠤ ᠨᠠᠭᠤᠨ ᠡᠮᠴᠢ ᠪᠤᠯᠤᠨ ᠳᠠᠭᠤᠯᠠ ᠪᠠᠭᠰᠢ ᠵᠢᠴᠢ ᠵᠢᠷᠦᠭᠡᠨ ᠰᠤᠳᠠᠯ ᠳᠤ ᠵᠠᠰᠠᠯ ᠬᠢᠭᠰᠡᠨ ᠡᠮᠴᠢ ᠨᠠᠷ ᠲᠠᠭᠠᠨ ᠳᠠᠯᠠᠷᠬᠠᠵᠦ ᠪᠠᠶᠢᠨ᠎ᠠ᠃ ᠡᠨᠡᠬᠦ ᠡᠮᠴᠢᠯᠡᠭᠡ ᠶᠢ ᠬᠠᠪᠰᠤᠷᠤᠨ ᠳᠡᠳᠬᠦᠭᠰᠡᠨ ᠬᠦᠮᠦᠰ ᠪᠤᠯᠤᠨ ᠨᠠᠮ ᠵᠠᠰᠠᠬ ᠤᠨ ᠤᠳᠤᠷᠢᠳᠤᠯᠭ᠎ᠠ ᠳᠠᠭᠠᠨ ᠳᠠᠯᠠᠷᠬᠠᠵᠦ ᠪᠠᠶᠢᠨ᠎ᠠ᠃ ᠡᠨᠡ ᠰᠠᠯᠠᠭᠠᠨ ᠤ ᠡᠮᠴᠢ ᠰᠤᠪᠢᠯᠠᠬᠴᠢ ᠳᠠᠭᠠᠨ ᠳᠠᠯᠠᠷᠬᠠᠵᠦ ᠪᠠᠶᠢᠨ᠎ᠠ ᠂ ᠬᠠᠮᠳᠦ ᠰᠤᠷᠤᠯᠭᠠᠳᠠᠨ ᠳᠠ ᠪᠦᠬᠦᠨ ᠤ ᠡᠪᠡᠳᠴᠢᠨ ᠡᠷᠳᠡ ᠡᠳᠦᠷ ᠡᠷᠡᠬᠦᠯᠵᠢᠵᠦ᠂ ᠡᠷᠦᠭᠡ ᠭᠡᠷ ᠲᠡᠭᠡᠨ ᠪᠠᠶᠠᠷ ᠪᠠᠶᠠᠰᠬᠤᠯᠠᠩ ᠲᠠᠢ ᠪᠤᠴᠠᠬᠤ ᠶᠢ ᠬᠦᠰᠡᠶ᠎ᠠ︕             ᠬᠢᠨᠭ᠍ᠭᠠᠨ ᠠᠶᠢᠮᠠᠬ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠪᠠᠶᠠᠡᠮᠠᠩᠬ᠎ᠠ ᠳᠤᠮᠳᠠᠳᠤ ᠰᠤᠷᠭᠠᠭᠤᠯᠢ ᠶᠢᠨ ᠪᠠᠭᠰᠢ ᠢᠤᠢ ᠵᠦ ᠠᠴᠠ                ᠤᠳᠠᠰᠦ ᠶᠢᠨ ᠨᠤᠮᠧᠷ᠄ 139 — 4825 — 4730                       2018 ᠤᠨ ᠤ 8 ᠰᠠᠷ᠎ᠠ ᠶᠢᠨ 19 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号