ᠮᠠᠨ ᠤ ᠠᠶᠢᠮᠠᠭ ᠤᠨ ᠦᠭᠡᠷᠡᠴᠢᠯᠡᠯᠳᠠ ᠨᠡᠬᠡᠬᠡᠯᠳᠡ ᠶᠢᠨ 40 ᠵᠢᠯ ᠤᠨ ᠭᠡᠷᠡᠯ ᠵᠢᠷᠤᠭ ᠤᠨ ᠦᠵᠡᠬᠦᠯᠤᠯᠭᠡ ᠵᠢᠴᠢ 2019 ᠤᠨ ᠤ ᠰᠢᠨ᠎ᠠ ᠵᠢᠯ ᠤᠨ ᠲᠠᠭᠤᠥ ᠬᠦᠭᠵᠢᠮ ᠤᠨ ᠴᠤᠭᠯᠠᠭᠠᠨ ᠠᠰᠢᠳᠠᠢ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2019-01-03
    2018 ᠤᠨ ᠤ 12 ᠰᠠᠷ᠎ᠠ ᠶᠢᠨ 29 ᠤ ᠤᠷᠤᠢ᠂ ᠠᠮᠵᠢᠯᠳᠠ ᠲᠡᠬᠦᠯᠳᠡᠷ ᠬᠠᠭᠤᠴᠢᠨ ᠵᠢᠯ ᠢᠶᠠᠨ ᠦᠳᠡᠨ ᠮᠤᠷᠳᠠᠭᠤᠯᠵᠤ᠂ ᠠᠬᠢᠨ ᠲᠠᠪᠰᠢᠬᠤ ᠰᠢᠨ᠎ᠠ ᠵᠢᠯ ᠢᠶᠠᠨ ᠤᠭᠳᠤᠬᠤ ᠴᠠᠭ ᠮᠦᠴᠠ ᠳᠤ᠂ ᠮᠠᠨ ᠤ ᠠᠶᠢᠮᠠᠭ ᠤᠨ ᠦᠭᠡᠷᠡᠴᠢᠯᠡᠯᠳᠠ ᠨᠡᠬᠡᠬᠡᠯᠳᠡ ᠶᠢᠨ 40 ᠵᠢᠯ ᠤᠨ ᠭᠡᠷᠡᠯ ᠵᠢᠷᠤᠭ ᠤᠨ ᠦᠵᠡᠬᠦᠯᠤᠯᠭᠡ ᠵᠢᠴᠢ 2019 ᠤᠨ ᠤ ᠰᠢᠨ᠎ᠠ ᠵᠢᠯ ᠤᠨ ᠲᠠᠭᠤᠥ ᠬᠦᠭᠵᠢᠮ ᠤᠨ ᠴᠤᠭᠯᠠᠭᠠᠨ ᠤᠯᠠᠭᠠᠨᠮᠦ᠋ᠴᠢᠷ ᠤᠨ ᠤᠷᠳᠤᠨ ᠳᠤ ᠨᠢᠵᠢᠬᠢᠷ ᠰᠠᠶᠢᠬᠠᠨ ᠶᠠᠪᠤᠭᠳᠠᠵᠠᠢ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠡᠸᠠ ᠬᠤᠢ᠂ ᠠᠶᠢᠮᠠᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠯᠢᠥ ᠵᠢᠶᠠᠨ ᠰᠢ᠂ ᠠᠶᠢᠮᠠᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠥ ᠬᠠᠥᠯᠢ ᠴᠠᠭᠠᠵᠠ ᠶᠢᠨ ᠵᠦᠪᠯᠡᠯ ᠤᠨ ᠱᠦᠵᠢ᠂ ᠤᠯᠠᠭᠠᠨᠬᠤᠳᠠ ᠶᠢᠨ ᠨᠠᠮ ᠤᠨ ᠬᠤᠷᠢᠶ ᠎ᠠ ᠶᠢᠨ ᠱᠦᠵᠢ ᠮᠠ ᠬᠤᠸᠠᠨ ᠯᠦᠩ᠂ ᠠᠶᠢᠮᠠᠭ ᠤᠨ ᠤᠯᠤᠰ ᠲᠦᠷᠥ ᠶᠢᠨ ᠵᠦᠪᠯᠡᠯᠭᠡᠨ ᠤ ᠲᠡᠷᠢᠬᠦᠯᠡᠭᠴᠢ ᠶᠢᠥ ᠬᠦᠸᠧ ᠵᠢᠶᠦ᠋ᠨ ᠵᠡᠷᠭᠡ ᠤᠳᠤᠷᠢᠳᠤᠯᠭ᠎ᠠ ᠪᠤᠯᠤᠨ ᠤᠯᠤᠰ᠂ ᠤᠷᠤᠨ᠂ ᠠᠶᠢᠮᠠᠭ ᠤᠨ ᠲᠡᠰ ᠤᠨ ᠬᠦᠳᠡᠯᠮᠤᠷᠢ ᠶᠢᠨ ᠵᠢᠱᠢᠶᠡᠴᠢ᠂ ᠲᠡᠷᠢᠬᠦᠨ ᠤ ᠠᠵᠢᠯᠳᠠᠨ ᠵᠢᠴᠢ ᠤᠯᠠᠭᠠᠨᠬᠤᠳᠠ ᠤᠷᠤᠨ ᠤ ᠦᠷᠭᠡᠨ ᠤᠯᠠᠨ ᠺᠠᠳ᠋ᠷ ᠲᠦᠮᠡᠨ ᠬᠢᠩᠭᠠᠨ ᠠᠶᠢᠮᠠᠭ ᠤᠨ ᠦᠭᠡᠷᠡᠴᠢᠯᠡᠯᠳᠠ ᠬᠢᠵᠤ ᠴᠢᠯᠤᠭᠡᠳᠠᠢ ᠶᠠᠪᠤᠯᠴᠠᠭᠰᠠᠨ 40 ᠵᠢᠯ ᠤᠨ ᠭᠡᠷᠡᠯ ᠵᠢᠷᠤᠭ ᠤᠨ ᠦᠵᠡᠬᠦᠯᠤᠯᠭᠡ ᠪᠠ ᠲᠠᠭᠤᠥ ᠬᠦᠭᠵᠢᠮ ᠤᠨ ᠴᠤᠭᠯᠠᠭᠠᠨ ᠢ ᠦᠵᠡᠵᠤ ᠰᠤᠨᠢᠷᠬᠠᠭᠰᠠᠨ ᠪᠠᠶᠢᠨ᠎ᠠ᠃     ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠠᠶᠢᠮᠠᠭ ᠤᠨ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠠᠯᠪᠠᠨ ᠭᠡᠷ᠂ ᠬᠢᠩᠭᠠᠨ ᠤ ᠡᠳᠤᠷ ᠤᠨ ᠰᠤᠨᠢᠨ ᠤ ᠬᠤᠷᠢᠶ᠎ᠠ ᠠᠴᠠ ᠭᠤᠥᠯᠯᠠᠨ ᠡᠷᠬᠢᠯᠡᠭᠰᠡᠨ ︽40 ᠵᠢᠯ᠂ ᠲᠠ ᠪᠢᠳᠠᠨ ᠤ ᠲᠤᠷᠠᠳᠬᠠᠯ︾ ᠭᠡᠬᠦ ᠭᠡᠷᠡᠯ ᠵᠢᠷᠤᠭ ᠤᠨ ᠦᠵᠡᠬᠦᠯᠤᠯᠭᠡ ᠨᠢ 9 ᠪᠦᠯᠥᠭ ᠬᠤᠪᠢᠶᠠᠨ᠂ ᠬᠢᠩᠭᠠᠨ ᠠᠶᠢᠮᠠᠭ ᠤᠨ ᠦᠭᠡᠷᠡᠴᠢᠯᠡᠯᠳᠠ ᠬᠢᠵᠤ ᠴᠢᠯᠤᠭᠡᠳᠠᠢ ᠶᠠᠪᠤᠯᠴᠠᠭᠰᠠᠨ 40 ᠵᠢᠯ ᠤᠨ ᠭᠡᠷᠡᠯ ᠰᠠᠴᠤᠷᠠᠩᠭᠤᠢ ᠤᠯᠠ ᠮᠦᠷ᠂ ᠬᠤᠪᠢᠰᠬᠠᠯᠳᠤ ᠤᠳᠤᠮᠰᠢᠯ ᠢ ᠤᠯᠠᠮᠵᠢᠯᠠᠬᠤ᠂ ᠪᠤᠬᠢᠷᠳᠤᠯ ᠦᠭᠡᠢ ᠬᠦᠭᠵᠢᠯᠳᠠ ᠶᠢ ᠡᠷᠬᠢᠮᠯᠡᠬᠦ᠂ ᠤᠯᠤᠰ ᠲᠦᠷᠥ᠂ ᠠᠵᠤ ᠠᠬᠤᠢ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠪᠠ ᠨᠠᠮ ᠤᠨ ᠪᠦᠳᠤᠭᠡᠨ ᠪᠠᠶᠢᠭᠤᠯᠤᠯᠳᠠ ᠶᠢᠨ ᠲᠠᠯ᠎ᠠ ᠪᠠᠷ ᠤᠯᠤᠭᠰᠠᠨ ᠠᠮᠵᠢᠯᠳᠠ᠂ ᠬᠢᠩᠭᠠᠨ ᠠᠶᠢᠮᠠᠭ ᠤᠨ ᠦᠨᠳᠤᠰᠤᠳᠡᠨ ᠤ ᠪᠦᠯᠬᠦᠮᠳᠠᠯ ᠲᠠᠪᠰᠢᠯᠳᠠ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠢᠯᠡᠬᠤ ᠵᠡᠷᠭᠡ ᠦᠷ᠎ᠠ ᠪᠦᠳᠤᠮᠵᠢ ᠶᠢ ᠭᠡᠷᠡᠯ ᠵᠢᠷᠤᠭ ᠢᠶᠠᠷ ᠲᠤᠰᠬᠠᠭᠰᠠᠨ ᠪᠠᠶᠢᠨ᠎ᠠ᠃     ᠠᠶᠢᠮᠠᠭ ᠤᠨ ᠨᠠᠮ ᠤᠨ ᠬᠤᠷᠢᠶ᠎ᠠ ᠪᠤᠯᠤᠨ ᠵᠠᠬᠢᠷᠭ᠎ᠠ᠂ ᠦᠪᠤᠷ ᠮᠤᠩᠭᠤᠯ ᠤᠨ ᠦᠨᠳᠤᠰᠤᠳᠡᠨ ᠤ ᠤᠷᠠᠯᠢᠭ ᠤᠨ ᠵᠦᠴᠤᠭᠡ ᠶᠢᠨ ᠬᠦᠷᠢᠶᠡᠯᠡᠩ ᠠᠴᠠ ᠭᠤᠥᠯᠯᠠᠨ ᠡᠷᠬᠢᠯᠡᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠠᠶᠢᠮᠠᠭ ᠤᠨ ᠰᠤᠶᠤᠯ ᠪᠡᠶ᠎ᠠ ᠲᠠᠮᠢᠷ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠤᠪᠴᠢᠶ ᠎ᠠ ᠠᠴᠠ ᠲᠠᠭᠠᠭᠠᠴᠢᠯᠠᠨ ᠡᠷᠬᠢᠯᠡᠭᠰᠡᠨ ᠰᠢᠨ᠎ᠠ ᠵᠢᠯ ᠤᠨ ᠲᠠᠭᠤᠥ ᠬᠦᠭᠵᠢᠮ ᠤᠨ ᠴᠤᠭᠯᠠᠭᠠᠨ ᠳᠤ ᠦᠪᠤᠷ ᠮᠤᠩᠭᠤᠯ ᠤᠨ ᠦᠨᠳᠤᠰᠤᠳᠡᠨ ᠤ ᠤᠷᠠᠯᠢᠭ ᠤᠨ ᠵᠦᠴᠤᠭᠡ ᠶᠢᠨ ᠬᠦᠷᠢᠶᠡᠯᠡᠩ ᠪᠠ ᠬᠢᠩᠭᠠᠨ ᠤᠯᠠᠭᠠᠨᠮᠦ᠋ᠴᠢᠷ ᠠᠴᠠ ᠦᠨᠳᠤᠰᠤᠳᠡᠨ ᠤ ᠨᠠᠶᠢᠷᠠᠯ ᠬᠦᠭᠵᠢᠮ᠂ ᠵᠠᠰᠠᠭᠳᠤ ᠤᠷᠳᠤ ᠶᠢᠨ ᠲᠠᠭᠤᠥ᠂ ᠡᠷᠡᠭᠳᠠᠢ ᠡᠮᠡᠭᠳᠠᠢ ᠶᠢᠨ ᠭᠤᠴᠤᠯᠠᠯ ᠲᠠᠭᠤᠥ᠂ ᠲᠦᠷᠪᠡᠨ ᠤᠳᠠᠰᠤᠳᠤ ᠬᠤᠭᠤᠷ ᠵᠡᠷᠭᠡ ᠲᠠᠭᠤᠥ ᠬᠦᠭᠵᠢᠮ ᠤᠨ ᠲᠤᠭᠯᠠᠯᠳᠠ ᠪᠠᠷ ᠦᠵᠡᠭᠴᠢ ᠤᠯᠠᠨ ᠤ ᠬᠠᠷᠠᠭ᠎ᠠ ᠰᠤᠨᠤᠷ ᠢ ᠪᠠᠶᠠᠰᠬᠠᠬᠰᠠᠨ ᠤ ᠬᠠᠮᠳᠤ ᠬᠠᠯᠠᠭᠤᠨ ᠲᠠᠭᠠᠰᠢᠶᠠᠯ ᠢ ᠤᠯᠵᠤ᠂ ᠨᠢᠵᠢᠬᠢᠨᠡᠭᠰᠡᠨ ᠠᠯᠠᠭ᠎ᠠ ᠲᠠᠰᠢᠯᠳᠠ ᠶᠢᠨ ᠲᠠᠭᠤᠨ ᠤ ᠲᠤᠮᠳᠠ ᠲᠤᠰ ᠤᠳᠠᠭᠠᠨ ᠤ ᠲᠤᠭᠯᠠᠯᠳᠠ ᠪᠠᠨ ᠠᠮᠵᠢᠯᠳᠠᠳᠠᠢ ᠰᠠᠶᠢᠬᠠᠨ ᠦᠨᠳᠤᠷᠯᠡᠬᠦᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号