ᠲᠤᠮᠳᠠᠳᠤ ᠬᠤᠰᠢᠭᠤ ᠦᠨᠳᠤᠰᠤᠳᠠᠡ ᠤ ᠤᠯᠠᠮᠵᠢᠯᠠᠯᠳᠤ ᠰᠤᠶᠤᠯ ᠤᠷᠠᠯᠢᠭ ᠢᠶᠠᠨ ᠬᠦᠴᠤᠯᠡᠨ ᠬᠦᠭᠵᠢᠬᠦᠯᠵᠤ ᠤᠷᠤᠨ ᠨᠤᠳᠤᠭ ᠤᠨ ᠨᠡᠷ᠎ᠠ ᠠᠯᠳᠠᠷᠰᠢᠯ ᠢᠶᠠᠨ ᠲᠠᠰᠤᠷᠠᠯᠳᠠ ᠦᠭᠡᠢ ᠨᠡᠮᠡᠭᠳᠡᠬᠦᠯᠵᠤ ᠪᠤᠢ
ᠨᠡᠶᠢᠲᠡᠯᠡᠭᠰᠡᠨ ᠴᠠᠭ᠄
2019-04-12
    ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠬᠤᠷᠴᠢᠨ ᠰᠤᠶᠤᠯ ᠤᠨ ᠴᠢᠬᠤᠯᠠ ᠡᠬᠦᠰᠤᠯᠳᠠ ᠶᠢᠨ ᠭᠠᠵᠠᠷ ᠪᠤᠯᠤᠭᠰᠠᠨ ᠤ ᠬᠤᠪᠢ ᠳᠤ ᠬᠦᠨ ᠵᠤᠵᠠᠭᠠᠨ ᠰᠤᠶᠤᠯ ᠤᠨ ᠠᠭᠤᠯᠬᠤᠨ ᠲᠠᠢ ᠪᠠᠶᠢᠵᠤ᠂ ᠤᠷᠢᠳ ᠬᠤᠵᠢᠳ ᠪᠦᠬᠦ ᠤᠯᠤᠰ ᠤᠨ ᠰᠤᠶᠤᠯ ᠤᠨ ᠰᠢᠯᠢᠳᠡᠭ ᠬᠤᠰᠢᠭᠤ᠂ ᠪᠦᠬᠦ ᠤᠯᠤᠰ ᠤᠨ ᠤᠷᠭᠠᠨᠢᠭ ᠢᠳᠡᠭᠡᠨ ᠤ ᠨᠤᠳᠤᠭ᠂ ᠲᠤᠮᠳᠠᠳᠤ ᠤᠯᠤᠰ ᠤᠨ ᠠᠷᠠᠳ ᠤᠨ ᠤᠷᠠᠯᠢᠭ ᠤᠨ ᠨᠤᠳᠤᠭ᠂ ᠪᠦᠬᠦ ᠤᠷᠤᠨ ᠤ ᠦᠯᠢᠭᠡᠷ ᠤᠨ ᠨᠤᠳᠤᠭ᠂ ᠮᠤᠷᠢᠨ ᠤᠷᠤᠯᠳᠤᠭᠠᠨ ᠤ ᠨᠤᠳᠤᠭ᠂ ᠠᠨᠳᠠᠢ ᠪᠦᠵᠢᠭ ᠤᠨ ᠨᠤᠳᠤᠭ᠂ ᠲᠦᠷᠪᠡᠨ ᠤᠳᠠᠰᠤᠳᠤ ᠬᠤᠭᠤᠷ ᠤᠨ ᠨᠤᠳᠤᠭ᠂ ᠬᠤᠷᠴᠢᠨ ᠠᠷᠠᠳ ᠤᠨ ᠲᠠᠭᠤᠥ ᠶᠢᠨ ᠨᠤᠳᠤᠭ᠂ ᠮᠤᠩᠭᠤᠯ ᠤᠷᠠᠨ ᠪᠢᠴᠢᠯᠭᠡ ᠶᠢᠨ ᠨᠤᠳᠤᠭ ᠢᠶᠠᠷ ᠦᠨᠡᠯᠡᠭᠳᠡᠵᠤ᠂ ᠦᠯᠢᠭᠡᠷ᠂ ᠮᠤᠩᠭᠤᠯ ᠦᠨᠳᠤᠰᠤᠳᠡᠨ ᠤ ᠬᠤᠭᠤᠷ ᠬᠦᠭᠵᠢᠮ ᠤᠨ ᠵᠤᠬᠢᠶᠠᠨ ᠦᠢᠯᠡᠳᠬᠦ ᠮᠡᠷᠭᠡᠵᠢᠯ᠂ ᠬᠤᠷᠴᠢᠨ ᠤ ᠮᠤᠩᠭᠤᠯ ᠡᠮ ᠡᠮᠨᠡᠯᠭᠡ ᠶᠢᠨ ᠤᠬᠢᠶᠠᠯᠭ᠎ᠠ ᠶᠢᠨ ᠡᠮᠴᠢᠯᠡᠭᠡ᠂ ᠮᠤᠩᠭᠤᠯ ᠲᠦᠷᠪᠡᠨ ᠤᠳᠠᠰᠤᠳᠤ ᠬᠤᠭᠤᠷ ᠨᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠦᠨᠡᠯᠡᠭᠳᠡᠵᠠᠢ᠃     ᠤᠢᠢᠷ᠎ᠠ ᠶᠢᠨ ᠬᠡᠳᠤᠨ ᠵᠢᠯ ᠳᠤ᠂ ᠲᠤᠮᠳᠠᠳᠤ ᠬᠤᠰᠢᠭᠤ ᠦᠨᠳᠤᠰᠤᠳᠡᠨ ᠤ ᠰᠤᠶᠤᠯ ᠤᠨ ᠡᠬᠢ ᠪᠠᠶᠠᠯᠢᠭ ᠲᠤ ᠪᠠᠨ ᠲᠦᠰᠢᠭᠯᠡᠨ᠂ ︽ᠬᠠᠮᠠᠭᠠᠯᠠᠯᠳᠠ ᠶᠢᠨ ᠲᠤᠮᠳᠠ ᠬᠦᠭᠵᠢᠵᠤ᠂ ᠬᠦᠭᠵᠢᠯᠳᠠ ᠶᠢᠨ ᠲᠤᠮᠳᠠ ᠤᠯᠠᠮᠵᠢᠯᠠᠬᠤ︾ ᠶᠢ ᠪᠠᠷᠢᠮᠳᠠᠯᠠᠵᠤ᠂ ᠦᠨᠳᠤᠰᠤᠳᠡᠨ ᠤ ᠰᠤᠶᠤᠯ ᠤᠨ ᠪᠤᠳᠠᠳᠤ ᠬᠦᠴᠤᠨ ᠪᠠ ᠤᠷᠤᠨ ᠨᠤᠳᠤᠭ ᠤᠨ ᠨᠡᠷ᠎ᠠ ᠠᠯᠳᠠᠷᠰᠢᠯ ᠲᠠᠰᠤᠷᠠᠯᠳᠠ ᠦᠭᠡᠢ ᠨᠡᠮᠡᠭᠳᠡᠵᠤ᠂ ᠠᠵᠤ ᠠᠬᠤᠢ ᠶᠢᠨ ᠦᠳᠳᠠᠷ ᠲᠦᠷᠭᠡᠨ ᠬᠦᠭᠵᠢᠯᠳᠠ ᠳᠤ ᠬᠦᠴᠤᠳᠠᠢ ᠲᠡᠮᠵᠢᠯᠭᠡ ᠦᠵᠡᠬᠦᠯᠵᠤ ᠪᠢᠯᠠ᠃     ᠦᠨᠳᠤᠰᠤᠳᠡᠨ ᠤ ᠭᠠᠷ ᠤᠷᠠᠯᠠᠯ ᠤᠨ ᠦᠢᠯᠡᠳᠬᠦᠨ ᠪᠤᠯ ᠲᠤᠮᠳᠠᠳᠤ ᠶᠢᠨ ᠦᠨᠳᠤᠰᠤᠳᠡᠨ ᠤ ᠰᠤᠶᠤᠯ ᠤᠷᠠᠯᠢᠭ ᠤᠨ ᠦᠨᠡᠳᠤ ᠡᠷᠳᠡᠨᠢ ᠮᠦᠷᠳᠡᠬᠡᠨ ᠦᠪᠠᠷᠮᠢᠴᠠ ᠤᠷᠠᠯᠢᠭ ᠤᠨ ᠷᠢᠳᠢ ᠰᠢᠳᠢ ᠪᠠ ᠯᠤᠳᠤ ᠶᠡᠭᠡ ᠵᠠᠬ᠎ᠠ ᠲᠡᠯᠭᠡᠬᠦᠷ ᠤᠨ ᠦᠨ᠎ᠠ ᠦᠷᠳᠡᠭ ᠲᠠᠢ ᠪᠠᠶᠢᠳᠠᠭ᠃ ᠤᠢᠢᠷ᠎ᠠ ᠶᠢᠨ ᠬᠡᠳᠤᠨ ᠵᠢᠯ᠂ ᠲᠤᠮᠳᠠᠳᠤ ᠬᠤᠰᠢᠭᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠪᠠ ᠤᠯᠠᠮᠵᠢᠯᠠᠬᠤ ᠬᠦᠴᠤᠯᠠᠴᠠ ᠪᠠᠨ ᠲᠠᠰᠤᠷᠠᠯᠳᠠ ᠦᠭᠡᠢ ᠴᠢᠩᠭᠠᠷᠠᠭᠤᠯᠵᠤ᠂ ᠦᠨᠳᠤᠰᠤᠳᠡᠨ ᠤ ᠤᠯᠠᠮᠵᠢᠯᠠᠯᠳᠤ ᠭᠠᠷ ᠤᠷᠠᠯᠠᠯ ᠳᠤ ᠰᠢᠨ᠎ᠠ ᠰᠤᠷᠭᠤᠭ ᠡᠯᠧᠮᠧᠨ᠋ᠲ ᠢ ᠲᠠᠳᠠᠨ ᠤᠷᠤᠭᠤᠯᠵᠤ᠂ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ ᠤᠨ ᠠᠵᠤ ᠦᠢᠯᠡᠰᠵᠢᠯᠳᠠ ᠶᠢ ᠪᠦᠳᠤᠮᠵᠢᠳᠠᠢ ᠲᠦᠯᠬᠢᠨ ᠠᠬᠢᠭᠤᠯᠤᠨ᠂ ᠡᠯ᠎ᠠ ᠦᠨᠳᠤᠰᠤᠳᠡᠨ ᠤ ᠤᠯᠠᠨ ᠲᠦᠮᠡᠨ ᠤ ᠶᠠᠳᠠᠭᠤ ᠠᠴᠠ ᠠᠩᠬᠢᠵᠢᠷᠠᠭᠤᠯᠬᠤ ᠰᠢᠨ᠎ᠠ ᠠᠷᠭ᠎ᠠ ᠵᠠᠮ ᠢ ᠨᠡᠭᠡᠭᠡᠭᠰᠡᠨ ᠪᠢᠯᠠ᠃    2016 ᠤᠨ ᠳᠤ᠂ ᠲᠤᠮᠳᠠᠳᠤ ᠬᠤᠰᠢᠭᠤ ᠲᠦᠰᠢᠶᠡᠳᠤ ᠸᠠᠩ ᠤᠨ ᠤᠷᠳᠤᠨ ᠤ ᠬᠠᠳᠬᠤᠮᠠᠯ ᠤᠨ ᠦᠢᠯᠡᠰ ᠢᠶᠠᠨ ᠬᠦᠭᠵᠢᠬᠦᠯᠤᠨ᠂ ︽ᠠᠵᠤ ᠠᠬᠤᠢᠢᠯᠠᠯ + ᠨᠡᠶᠢᠭᠡᠮᠯᠢᠭ + ᠰᠠᠭᠤᠷᠢᠨ ᠭᠠᠵᠠᠷ︾ ᠭᠤᠷᠪᠠ ᠪᠠᠷ ᠨᠢᠭᠡ ᠴᠤᠭᠴᠠ ᠪᠤᠯᠭᠠᠭᠰᠠᠨ ᠬᠤᠷᠰᠢᠶᠠᠵᠢᠯ ᠤᠨ ᠬᠡᠯᠪᠡᠷᠢ ᠪᠤᠢ ᠪᠤᠯᠵᠠᠢ᠃ ᠲᠠᠭᠠᠭᠤᠯᠤᠬᠴᠢ ᠠᠵᠤ ᠠᠬᠤᠢᠢᠯᠠᠯ ᠤᠨ ᠪᠡᠯᠡ ᠤᠷᠤᠭᠤᠯᠬᠤ ᠂ ᠶᠡᠭᠡ ᠲᠡᠭᠡᠳᠤ ᠰᠤᠷᠭᠠᠭᠤᠯᠢ ᠶᠢᠨ ᠤᠶᠤᠳᠠᠨ ᠤ ᠦᠢᠯᠡᠰ ᠪᠤᠰᠠᠬᠠᠬᠤ᠂ ᠮᠠᠯᠴᠢᠨ ᠲᠠᠷᠢᠶᠠᠴᠢᠳ ᠦᠢᠯᠡᠳᠪᠤᠷᠢᠯᠠᠯ ᠳᠤ ᠤᠷᠤᠯᠴᠠᠬᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠢᠶᠠᠷ ᠵᠠᠬ ᠎ᠠ ᠲᠡᠯᠭᠡᠬᠦᠷ ᠢᠶᠠᠨ ᠨᠡᠭᠡᠭᠡᠭᠰᠡᠨ ᠪᠠᠶᠢᠨ᠎ᠠ᠃ ᠪᠦᠬᠦ ᠬᠤᠰᠢᠭᠤᠨ ᠤ 173 ᠭᠠᠴᠠᠭ᠎ᠠ ᠳᠤ 1 ᠲᠦᠮᠠ ᠭᠠᠷᠤᠢ ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠵᠤ᠂ 2.1 ᠲᠦᠮᠡᠨ ᠡᠮᠡᠭᠳᠡᠶᠢᠴᠤᠳ ᠢ ᠲᠠᠶᠢᠴᠢᠯᠠᠨ ᠬᠠᠳᠬᠤᠮᠠᠯ ᠤᠨ ᠦᠢᠯᠡᠰ ᠲᠤ ᠤᠷᠤᠯᠴᠠᠭᠤᠯᠵᠤ᠂ ᠵᠢᠯ ᠳᠤ 1809 ᠲᠦᠬᠦᠷᠢᠭ ᠤᠨ ᠤᠷᠤᠯᠭ᠎ᠠ ᠨᠡᠮᠡᠭᠳᠡᠭᠰᠡᠨ ᠪᠠᠶᠢᠨ᠎ᠠ᠃ ᠤᠬᠤᠷᠬᠠᠨ ᠬᠤᠶᠠᠷ ᠵᠢᠯ ᠤᠨ ᠬᠤᠭᠤᠴᠠᠭᠠᠨ ᠳᠤ᠂ ᠸᠠᠩ ᠤᠨ ᠤᠷᠳᠤᠨ ᠤ ᠬᠠᠳᠬᠤᠮᠠᠯ ᠨᠢ ᠨᠢᠭᠡᠨᠳᠠ 17 ᠠᠵᠤ ᠠᠬᠤᠢᠢᠯᠠᠯ ᠪᠠ ᠬᠤᠪᠢ ᠬᠦᠮᠤᠨ ᠲᠠᠢ 2200 ᠲᠦᠮᠡᠨ ᠲᠦᠬᠦᠷᠢᠭ ᠤᠨ ᠰᠢᠭᠤᠳ ᠬᠠᠩᠭᠠᠬᠤ ᠲᠠᠩᠰᠠ ᠶᠢᠨ ᠭᠡᠷ᠎ᠠ ᠪᠠᠶᠢᠭᠤᠯᠵᠤ᠂ ᠤᠷᠤᠨ ᠤ ᠲᠤᠳᠤᠨ᠎ᠠ ᠭᠠᠳᠠᠨ᠎ᠠ 37 ᠪᠤᠳᠠᠳᠤ ᠲᠡᠯᠭᠡᠬᠦᠷ ᠢ ᠪᠠᠶᠢᠭᠤᠯᠵᠤ᠂ ᠦᠢᠯᠡᠳᠬᠦᠨ ᠢᠶᠠᠨ ᠪᠡᠭᠡᠵᠢᠩ᠂ ᠴᠠᠩᠱᠠ᠂ ᠱᠧᠨᠵᠧᠨ᠂ ᠰᠢᠶᠠᠩᠭᠠᠩ ᠵᠡᠷᠭᠡ ᠭᠠᠵᠠᠷ ᠢᠶᠠᠷ ᠪᠤᠷᠤᠯᠠᠭᠤᠯᠵᠤ ᠪᠤᠢ᠃     ᠲᠤᠮᠳᠠᠳᠤ ᠬᠤᠰᠢᠭᠤ ᠰᠢᠯᠢᠳᠡᠭ ᠦᠨᠳᠤᠰᠤᠳᠡᠨ ᠤ ᠰᠤᠶᠤᠯ ᠢ ᠵᠤᠭᠠᠴᠠᠯ ᠤᠨ ᠦᠢᠯᠡᠰ ᠲᠠᠢ ᠠᠭᠤᠰᠤᠯᠴᠠᠭᠤᠯᠬᠤ ᠶᠢ ᠪᠠᠷᠢᠮᠳᠠᠯᠠᠨ᠂ ︽ᠰᠤᠶᠤᠯ + ᠵᠤᠭᠠᠴᠠᠯ + ᠪᠡᠶ᠎ᠠ ᠲᠠᠮᠢᠷ︾ ᠤᠨ ᠬᠦᠭᠵᠢᠯᠳᠠ ᠶᠢᠨ ᠪᠠᠶᠢᠳᠠᠯ ᠢ ᠪᠤᠢ ᠪᠤᠯᠭᠠᠵᠤ᠂ ᠬᠤᠷᠴᠢᠨ ᠤ ᠰᠤᠶᠤᠯ ᠨᠢ ᠲᠤᠮᠳᠠᠳᠤ ᠬᠤᠰᠢᠭᠤᠨ ᠤ ᠵᠤᠭᠠᠴᠠᠯ ᠤᠨ ᠢᠯᠭᠤᠮ ᠨᠡᠷᠡᠳᠤ ᠲᠡᠮᠳᠡᠭ ᠪᠤᠯᠵᠤ ᠴᠢᠳᠠᠭᠰᠠᠨ ᠪᠠᠶᠢᠨ᠎ᠠ᠃     ︽ᠠᠳᠤᠭᠤᠨ ᠰᠤᠶᠤᠯ ᠢ ᠤᠯᠠᠮᠵᠢᠯᠠᠨ᠂ ᠠᠳᠤᠭᠤᠨ ᠦᠢᠯᠡᠰ ᠢ ᠬᠦᠭᠵᠢᠬᠦᠯᠤᠨ᠂ ᠠᠳᠤᠭᠤᠨ ᠤ ᠭᠤᠥᠯ ᠰᠡᠳᠤᠪᠳᠤ ᠪᠠᠯᠭᠠᠰᠤ ᠶᠢ ᠪᠠᠶᠢᠭᠤᠯᠬᠤ︾ ᠪᠤᠯ ᠲᠤᠮᠳᠠᠳᠤ ᠬᠤᠰᠢᠭᠤᠨ ᠤ ᠰᠤᠶᠤᠯ ᠢᠶᠠᠷ ᠵᠤᠭᠠᠴᠠᠯ ᠢ ᠲᠠᠶᠢᠴᠢᠯᠠᠬᠤ ᠴᠢᠬᠤᠯᠠ ᠠᠭᠤᠯᠭ᠎ᠠ ᠶᠢᠨ ᠨᠢᠭᠡ ᠪᠤᠯᠪᠠ᠃ ᠲᠤᠮᠳᠠᠳᠤ ᠬᠤᠰᠢᠭᠤ ᠤᠷᠢᠳ ᠬᠤᠵᠢᠳ ᠪᠦᠬᠦ ᠤᠯᠤᠰ ᠤᠨ ᠬᠤᠷᠳᠤᠨ ᠮᠤᠷᠢᠨ ᠤ ᠤᠷᠤᠯᠳᠤᠭᠠᠨ᠂ ᠮᠤᠩᠭᠤᠯ ᠮᠤᠷᠢᠨ ᠤ ᠤᠷᠤᠯᠳᠤᠭᠠᠨ᠂ ᠲᠤᠮᠳᠠᠳᠤ ᠶᠢᠨ ᠦᠨᠳᠤᠰᠤᠳᠡᠨ ᠤ ᠮᠤᠷᠢᠨ ᠤᠷᠤᠯᠳᠤᠭᠠᠨ᠂ ᠤᠯᠠᠨ ᠤᠯᠤᠰ ᠤᠨ ᠮᠤᠷᠢᠨ ᠤᠷᠤᠯᠳᠤᠭᠠᠨ ᠤ ᠰᠤᠶᠤᠯ ᠵᠤᠭᠠᠴᠠᠯ ᠤᠨ ᠠᠵᠢᠯᠯᠠᠭᠠᠨ ᠤ ᠭᠠᠷᠠᠭ᠂ ᠤᠯᠠᠨ ᠤᠯᠤᠰ ᠤᠨ ᠮᠤᠷᠢᠨ ᠦᠢᠯᠡᠰ ᠤᠨ ᠲᠠᠪᠴᠠᠩ ᠵᠡᠷᠭᠡ ᠰᠢᠷᠢᠰ ᠠᠵᠢᠯᠯᠠᠭ᠎ᠠ ᠶᠢ ᠠᠮᠵᠢᠯᠳᠠᠳᠠᠢ ᠦᠷᠨᠢᠬᠦᠯᠵᠤ᠂ ᠲᠤᠮᠳᠠᠳᠤ ᠬᠤᠰᠢᠭᠤᠨ ᠤ ᠠᠳᠤᠭᠤᠨ ᠰᠤᠶᠤᠯ ᠤᠨ ᠨᠠᠷ᠎ᠠ ᠠᠯᠳᠠᠷᠰᠢᠯ ᠨᠢ ᠵᠢᠯ ᠲᠠᠷᠠᠭᠠᠯᠠᠨ ᠨᠡᠮᠡᠭᠳᠡᠵᠤ ᠪᠤᠢ᠃ ᠡᠬᠦᠨ ᠤ ᠬᠠᠮᠳᠤ᠂ ᠤᠯᠤᠰ ᠤᠨ ᠪᠠ ᠦᠪᠠᠷᠳᠡᠭᠡᠨ ᠵᠠᠰᠠᠬᠤ ᠤᠷᠤᠨ ᠤ ᠤᠨᠴᠠᠯᠢᠭᠳᠤ ᠪᠠᠯᠭᠠᠰᠤ ᠶᠢ ᠪᠦᠳᠤᠭᠡᠨ ᠪᠠᠶᠢᠭᠤᠯᠬᠤ ᠲᠦᠷᠥ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠳᠬᠤᠨ᠂ ᠮᠤᠷᠢᠨ ᠤᠷᠤᠯᠳᠤᠭᠠᠨ ᠤ ᠦᠵᠡᠬᠦᠯᠤᠯᠭᠡ᠂ ᠪᠡᠶᠡᠳᠠᠨ ᠤᠢᠢᠯᠠᠭᠠᠯᠳᠠ ᠪᠠᠷ ᠭᠤᠥᠯ ᠪᠤᠯᠭᠠᠭᠰᠠᠨ ᠠᠳᠤᠭᠤᠨ ᠰᠤᠶᠤᠯ ᠤᠨ ᠭᠤᠥᠯ ᠰᠡᠳᠤᠪᠳᠤ ᠪᠠᠯᠭᠠᠰᠤ ᠶᠢ ᠡᠬᠦᠳᠤᠨ ᠪᠠᠶᠢᠭᠤᠯᠵᠤ᠂ ︽ᠪᠠᠳᠤᠴᠠᠭᠠᠨ ᠰᠤᠯᠤᠩᠭᠠᠷᠠᠭᠰᠠᠨ ᠠᠳᠤᠭᠤᠨ ᠨᠤᠳᠤᠭ︾ ᠤᠨ ᠤᠨᠴᠠᠯᠢᠭᠳᠤ ᠵᠤᠭᠠᠴᠠᠯ ᠢ ᠷᠠᠰᠢᠶᠠᠨ ᠤ ᠵᠤᠭᠠᠴᠠᠯ ᠤᠨ ᠰᠢᠯᠢᠳᠡᠭ ᠵᠠᠮ ᠱᠤᠭᠤᠮ ᠲᠠᠢ ᠠᠭᠤᠰᠤᠯᠴᠠᠬᠤ ᠶᠢ ᠲᠦᠯᠬᠢᠨ ᠠᠬᠢᠭᠤᠯᠵᠤ ᠪᠤᠢ᠃     ᠤᠳᠤᠬᠠᠨ ᠳᠤ᠂ ᠬᠤᠷᠴᠢᠨ ᠰᠤᠶᠤᠯ ᠨᠢ ᠲᠤᠮᠳᠠᠳᠤ ᠬᠤᠰᠢᠭᠤᠨ ᠤ ᠵᠤᠭᠠᠴᠠᠯ ᠤᠨ ᠡᠯᠪᠡᠭ ᠪᠠᠶᠠᠯᠢᠭ ᠠᠭᠤᠯᠬᠤᠨ ᠪᠠ ᠤᠨᠴᠠᠯᠢᠭᠳᠤ ᠨᠡᠷᠡᠳᠤ ᠲᠡᠮᠳᠡᠭ ᠪᠤᠯᠵᠤ᠂ ᠪᠠᠳᠤᠴᠠᠭᠠᠨ ᠤ ᠰᠤᠶᠤᠯ ᠤᠷᠠᠯᠢᠭ ᠤᠨ ᠨᠠᠶᠢᠷ᠂ ᠲᠠᠯ᠎ᠠ ᠨᠤᠳᠤᠭ ᠤᠨ ᠰᠡᠯᠡᠬᠦᠴᠡᠯ ᠪᠡᠶ᠎ᠠ ᠲᠠᠮᠢᠷ ᠤᠨ ᠨᠠᠶᠢᠷ᠂ ᠲᠦᠰᠢᠶᠡᠳᠤ ᠸᠠᠩ ᠤᠨ ᠤᠷᠳᠤᠨ ᠤ ᠵᠤᠭᠠᠴᠠᠯ᠂ ᠮᠤᠩᠭᠤᠯ ᠡᠮ ᠡᠮᠨᠡᠯᠭᠡ ᠶᠢᠨ ᠵᠤᠭᠠᠴᠠᠯ᠂ ᠬᠠᠩᠭᠠᠯ ᠤᠰᠤᠨ ᠴᠦᠬᠦᠷᠠᠮ ᠤᠨ ᠲᠤᠭᠤᠢ ᠲᠡᠷᠭᠡ ᠶᠢᠨ ᠤᠷᠤᠯᠳᠤᠭᠠᠨ ᠵᠡᠷᠭᠡ ᠰᠢᠷᠢᠰ ᠰᠤᠶᠤᠯ ᠵᠤᠭᠠᠴᠠᠯ ᠤᠨ ᠰᠢᠨ᠎ᠠ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃     ᠲᠤᠮᠳᠠᠳᠤ ᠬᠤᠰᠢᠭᠤ ᠨᠢ ᠦᠨᠳᠤᠰᠤᠳᠡᠨ ᠤ ᠰᠢᠯᠢᠳᠡᠭ ᠤᠯᠠᠮᠵᠢᠯᠠᠯᠳᠤ ᠰᠤᠶᠤᠯ ᠤᠨ ᠬᠦᠷᠤᠰᠤᠨ ᠳᠤ ᠦᠨᠳᠤᠰᠤᠯᠡᠵᠤ᠂ ᠰᠤᠶᠤᠯ ᠤᠷᠠᠯᠢᠭ ᠤᠨ ᠰᠢᠨ᠎ᠠ ᠶᠢ ᠡᠬᠦᠳᠬᠦ ᠬᠦᠴᠤᠯᠡᠴᠠ ᠪᠠᠨ ᠴᠢᠩᠭᠠᠷᠠᠭᠤᠯᠤᠨ᠂ ᠬᠤᠷᠴᠢᠨ ᠠᠷᠠᠳ ᠤᠨ ᠰᠤᠶᠤᠯ ᠤᠷᠠᠯᠢᠭ ᠤᠨ ᠨᠠᠶᠢᠷ᠂ ᠲᠦᠷᠪᠡᠨ ᠤᠳᠠᠰᠤᠳᠤ ᠬᠤᠭᠤᠷ ᠤᠨ ᠤᠷᠤᠯᠳᠤᠭᠠᠨ᠂ ᠬᠤᠷᠴᠢᠨ ᠠᠷᠠᠳ ᠤᠨ ᠲᠠᠭᠤᠥ ᠶᠢᠨ ᠤᠷᠤᠯᠳᠤᠭᠠᠨ᠂ ᠦᠯᠢᠭᠡᠷ ᠬᠤᠯᠪᠤᠭ᠎ᠠ ᠶᠢᠨ ᠤᠷᠤᠯᠳᠤᠭᠠᠨ᠂ ᠠᠨᠳᠠᠢ ᠪᠦᠵᠢᠭ ᠤᠨ ᠲᠤᠭᠯᠠᠯᠳᠠ ᠵᠡᠷᠭᠡ ᠡᠯ ᠎ᠠ ᠲᠦᠷᠤᠯ ᠤᠨ ᠰᠤᠶᠤᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠤ᠂ ᠰᠤᠶᠤᠯ ᠤᠨ ᠬᠦᠭᠵᠢᠯᠳᠠ ᠶᠢ ᠪᠦᠳᠤᠮᠵᠢᠳᠠᠢ ᠲᠦᠯᠬᠢᠨ ᠠᠬᠢᠭᠤᠯᠵᠤ ᠴᠢᠳᠠᠵᠠᠢ᠃     ︽ᠪᠦᠬᠦ ᠤᠷᠤᠨ ᠤ ᠠᠷᠪᠠᠨ ᠰᠢᠯᠢᠳᠡᠭ ᠤᠯᠠᠭᠠᠨᠮᠦ᠋ᠴᠢᠷ︾ ᠢᠶᠠᠷ ᠦᠨᠡᠯᠡᠭᠳᠡᠭᠰᠡᠨ ᠲᠤᠮᠳᠠᠳᠤ ᠬᠤᠰᠢᠭᠤᠨ ᠤ ᠤᠯᠠᠭᠠᠨᠮᠦ᠋ᠴᠢᠷ ᠪᠤᠯ ᠰᠤᠶᠤᠯ ᠤᠨ ᠰᠢᠨ᠎ᠠ ᠶᠢ ᠡᠬᠦᠳᠬᠦ ᠶᠢᠨ ᠭᠤᠥᠯ ᠬᠦᠴᠤᠨ ᠪᠤᠯᠵᠤ᠂ ᠤᠯᠠᠨ ᠵᠢᠯ ᠤᠨ ᠲᠤᠷᠰᠢ᠂ ᠦᠨᠳᠤᠰᠤᠨ ᠱᠠᠳᠤᠨ ᠳᠤ ᠬᠦᠨᠵᠡᠭᠡᠶᠢᠷᠡᠬᠦ᠂ ᠤᠯᠠᠨ ᠲᠦᠮᠡᠨ ᠳᠤ ᠦᠢᠯᠡᠴᠢᠯᠡᠬᠦ᠂ ᠴᠠᠭ ᠦᠶ᠎ᠠ ᠲᠠᠢ ᠨᠡᠶᠢᠴᠡᠭᠰᠡᠨ ᠰᠢᠷᠢᠰ ᠠᠵᠢᠯᠯᠠᠭ᠎ᠠ ᠶᠢ ᠢᠳᠡᠪᠬᠢᠳᠠᠢ ᠦᠷᠨᠢᠬᠦᠯᠥᠭᠰᠡᠭᠡᠷ ᠢᠷᠡᠵᠠᠢ᠃    ︽ᠤᠯᠠᠭᠠᠨᠮᠦ᠋ᠴᠢᠷ ᠤᠨ ᠲᠠᠯ᠎ᠠ ᠨᠤᠳᠤᠭ ᠤᠨ ᠰᠤᠶᠤᠯ ᠤᠷᠠᠯᠢᠭ ᠡᠳᠤᠷ ᠪᠦᠷᠢ ᠲᠤᠭᠯᠠᠬᠤ ᠢᠨᠵᠧᠨᠧᠷᠢᠩ︾ ᠨᠢ ᠵᠢᠯ ᠪᠦᠷᠢ ᠠᠷᠠᠳ ᠲᠤ ᠠᠰᠢᠭ ᠬᠦᠷᠳᠡᠭᠡᠬᠦ ᠬᠦᠳᠡᠭᠡ ᠲᠤᠰᠬᠤᠨ ᠳᠤ ᠵᠠᠭᠤ ᠭᠠᠷᠤᠢ ᠲᠠᠯᠠᠪᠠᠢ ᠲᠤᠭᠯᠠᠯᠳᠠ ᠭᠠᠷᠭᠠᠵᠤ᠂ ᠠᠷᠠᠳ ᠲᠦᠮᠡᠨ ᠳᠤ ᠲᠦᠰᠢᠭᠯᠡᠨ᠂ ᠠᠮᠢᠳᠤᠷᠠᠯ ᠲᠠᠢ ᠤᠢᠢᠷᠠᠳᠤᠭᠰᠠᠨ ᠪᠦᠳᠤᠭᠡᠯ ᠢ ᠤᠯᠠᠨ ᠠᠷᠪᠢᠨ ᠡᠬᠦᠳᠥᠭᠰᠡᠨ ᠪᠠᠶᠢᠨ᠎ᠠ᠃ ᠡᠬᠦᠨ ᠳᠤ᠂ ᠰᠢᠨ᠎ᠠ ᠪᠠᠷ ᠵᠤᠬᠢᠶᠠᠭᠰᠠᠨ ᠪᠦᠵᠢᠭ᠂ ᠮᠤᠩᠭᠤᠯ ᠵᠦᠴᠤᠭᠡ᠂ ᠬᠤᠷᠴᠢᠨ ᠠᠷᠠᠳ ᠤᠨ ᠲᠠᠭᠤᠥ ᠶᠢᠨ ᠴᠦᠷᠬᠦᠭᠡᠯᠡᠬᠦᠯᠤᠨ ᠲᠠᠭᠤᠯᠠᠬᠤ᠂ ᠦᠨᠳᠤᠰᠤᠳᠡᠨ ᠤ ᠬᠤᠪᠴᠠᠰᠤ ᠵᠠᠰᠠᠯ ᠤᠨ ᠦᠵᠡᠬᠦᠯᠤᠯᠭᠡ᠂ ᠤᠷᠠᠨ ᠵᠢᠷᠤᠭ ᠤᠷᠠᠨ ᠪᠢᠴᠢᠯᠭᠡ ᠶᠢᠨ ᠦᠵᠡᠬᠦᠯᠤᠯᠭᠡ ᠵᠡᠷᠭᠡ ᠨᠢ ᠦᠪᠠᠷᠳᠡᠭᠡᠨ ᠵᠠᠰᠬᠠᠤ ᠤᠷᠤᠨ ᠤ ᠤᠶᠤᠨ ᠤ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢᠨ ︽ᠲᠠᠪᠦ‍ ᠨᠢᠭᠡ ᠶᠢᠨ ᠢᠨᠵᠧᠨᠧᠷᠢᠩ︾ ᠤᠨ ᠱᠠᠩᠨᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠲᠤᠭᠤᠷᠢᠨ ᠲᠤᠭᠯᠠᠯᠳᠠ ᠶᠢᠨ ᠵᠦᠴᠤᠭᠡ ᠳᠤ ᠰᠤᠩᠭᠤᠭᠳᠠᠭᠰᠠᠨ ᠵᠡᠷᠭᠡ ᠱᠠᠩᠨᠠᠯ ᠢ ᠭᠠᠷᠳᠠᠵᠤ ᠪᠢᠯᠠ᠃ 2018 ᠤᠨ ᠳᠤ᠂ ᠲᠤᠮᠳᠠᠳᠤ ᠬᠤᠰᠢᠭᠤᠨ ᠤ ᠤᠯᠠᠭᠠᠨᠮᠦ᠋ᠴᠢᠷ ᠨᠢ ᠤᠤᠮᠧᠨ ᠳᠤ ︽ᠰᠢᠯᠢᠳᠡᠭ ᠪᠠᠶᠠᠷ ᠲᠤᠷᠠᠰᠬᠠᠯ ᠤᠨ ᠡᠳᠤᠷ ᠤᠨ ᠤᠯᠠᠮᠵᠢᠯᠠᠯᠳᠤ ᠭᠠᠷ ᠤᠷᠠᠯᠠᠯ︾ ᠤᠨ ᠦᠨᠳᠤᠰᠤᠳᠡᠨ ᠤ ᠤᠨᠴᠠᠯᠢᠭᠳᠤ ᠲᠤᠭᠯᠠᠯᠳᠠ ᠶᠢᠨ ᠠᠵᠢᠯᠯᠠᠭ᠎ᠠ ᠳᠤ ᠤᠷᠤᠯᠴᠠᠵᠤ ᠂ ᠲᠠᠯ᠎ᠠ ᠨᠤᠳᠤᠭ ᠤᠨ ᠬᠤᠪᠢᠰᠬᠠᠯᠳᠤ ᠤᠷᠠᠯᠢᠭ ᠤᠨ ᠬᠦᠩᠬᠡᠨ ᠮᠤᠷᠢᠳᠤ ᠴᠡᠷᠢᠭ ᠨᠢ ᠬᠤᠷᠴᠢᠨ ᠤ ᠰᠤᠶᠤᠯ ᠢᠶᠠᠨ ᠨᠡᠩ ᠦᠷᠭᠡᠨ ᠲᠡᠯᠭᠡᠷ ᠤᠷᠠᠯᠢᠭ ᠤᠨ ᠲᠠᠶᠢᠰᠠᠨ᠎ᠠ ᠭᠠᠶᠢᠬᠠᠭᠤᠯᠵᠤ ᠪᠢᠯᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号