ᠪᠦᠬᠦ ᠠᠶᠢᠮᠠᠭ ᠤᠨ ᠤᠳᠬ᠎ᠠ ᠤᠷᠠᠯᠢᠭ ᠤᠨ ᠡᠲᠡᠭᠡᠳ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠰᠠᠭᠤᠳᠠᠯ ᠤᠨ ᠬᠤᠷᠠᠯ ᠭᠢᠵᠡᠢ
ᠨᠡᠶᠢᠲᠡᠯᠡᠭᠰᠡᠨ ᠴᠠᠭ᠄
2019-04-02
    ᠤᠢᠢᠷ᠎ᠠ ᠳᠤ᠂ ᠪᠥᠭᠦ ᠠᠶᠢᠮᠠᠭ ᠤᠨ ᠤᠳᠬ᠎ᠠ ᠤᠷᠠᠯᠢᠭ ᠤᠨ ᠡᠲᠡᠭᠡᠳ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯᠳᠤᠭᠠᠨ ᠳᠤ ᠣᠷᠤᠯᠴᠠᠭᠰᠠᠨ ᠰᠣᠶᠤᠯ ᠤᠷᠠᠯᠢᠭ ᠨᠡᠶᠢᠭᠡᠮ ᠤᠨ ᠰᠢᠨᠵᠢᠯᠡᠭᠦ ᠤᠬᠠᠭᠠᠨ ᠤ ᠡᠲᠡᠭᠡᠳ ᠤᠨ ᠭᠡᠰᠢᠭᠦᠳ ᠲᠠᠢ ᠠᠭᠤᠯᠵᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠰᠠᠭᠤᠳᠠᠯ ᠤᠨ ᠬᠤᠷᠠᠯ ᠠᠶᠢᠮᠠᠭ ᠤᠨ ᠨᠠᠮ ᠵᠠᠰᠠᠭ ᠤᠨ ᠠᠯᠪᠠᠯᠠᠬᠤ ᠶᠡᠭᠡ ᠠᠰᠠᠷ ᠲᠤ ᠶᠠᠪᠤᠭᠳᠠᠪᠠ᠃    ᠲᠤᠰ ᠤᠳᠠᠭᠠᠨ ᠤ ᠬᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠤᠯᠭ᠎ᠠ᠂ ᠵᠢᠷᠭᠤᠭᠠᠨ ᠬᠤᠰᠢᠭᠤ ᠰᠢᠶᠠᠨ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ᠂ ᠠᠶᠢᠮᠠᠭ ᠤᠨ ᠤᠳᠬ᠎ᠠ ᠤᠷᠠᠯᠢᠭ ᠤᠨ ᠬᠤᠯᠪᠤᠭᠠᠨ ᠳᠤ ᠬᠠᠷᠢᠶᠠᠯᠠᠭᠳᠠᠬᠤ ᠤᠳᠬ᠎ᠠ ᠤᠷᠠᠯᠢᠭᠴᠢᠳ ᠤᠨ 11 ᠨᠡᠶᠢᠭᠡᠮᠯᠢᠭ ᠪᠠ ᠪᠦᠬᠦ ᠠᠵᠢᠯᠲᠠᠨ ᠬᠤᠷᠠᠯ ᠳᠤ ᠤᠷᠤᠯᠴᠠᠵᠠᠢ᠃    ᠬᠤᠷᠠᠯ ᠳᠤ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠭᠦᠢ ᠰᠧᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯᠳᠤᠭᠠᠨ ᠳᠤ ᠣᠷᠤᠯᠴᠠᠭᠰᠠᠨ ᠰᠣᠶᠤᠯ ᠤᠷᠠᠯᠢᠭ ᠨᠡᠶᠢᠭᠡᠮ ᠤᠨ ᠰᠢᠨᠵᠢᠯᠡᠭᠦ ᠤᠬᠠᠭᠠᠨ ᠤ ᠡᠲᠡᠭᠡᠳ ᠤᠨ ᠭᠡᠰᠢᠭᠦᠳ ᠲᠠᠢ ᠠᠭᠤᠯᠵᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠥᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠬᠤ ᠶᠢᠨ ᠬᠠᠮᠲᠤ ᠰᠤᠷᠤᠯᠴᠠᠵᠠᠢ᠃ ᠬᠤᠷᠠᠯ ᠳᠤ᠂ ᠵᠢᠷᠭᠤᠭᠠᠨ ᠬᠤᠰᠢᠭᠤ ᠰᠢᠶᠠᠨ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ᠂ ᠠᠶᠢᠮᠠᠭ ᠤᠨ ᠣᠳᠬ᠎ᠠ ᠤᠷᠠᠯᠢᠭᠴᠢᠳ ᠤᠨ 11 ᠨᠡᠶᠢᠭᠡᠮᠯᠢᠭ ᠤᠨ ᠲᠠᠷᠢᠭᠦᠯᠡᠭᠴᠢ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ 2 ᠨᠠᠶᠢᠷᠠᠭᠤᠯᠬᠤ ᠬᠡᠯᠲᠡᠰ ᠤᠨ ᠡᠷᠬᠢᠯᠡᠭᠴᠢ ᠠᠴᠠ ᠲᠤᠰ ᠲᠤᠰ ᠦᠭᠡ ᠶᠠᠷᠢᠵᠠᠢ᠃     ᠬᠤᠷᠠᠯ ᠳᠤ ᠪᠠᠰᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ 7 ᠰᠠᠯᠠᠭ᠎ᠠ ᠮᠦᠴᠢᠷ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ︽ᠠᠷᠪᠠ ᠶᠢ ᠭᠠᠴᠠᠭ᠎ᠠ ᠲᠤᠰᠬᠤᠨ ᠳᠤ ᠬᠦᠷᠭᠡᠬᠦ︾ ᠠᠵᠢᠯᠯᠠᠭ᠎ᠠ ᠶᠢᠨ 2019 ᠣᠨ ᠤ ᠠᠵᠢᠯ ᠤᠨ ᠳᠣᠬᠢᠷᠠᠭᠤᠯᠤᠯᠲᠠ ᠶᠢ ᠳᠠᠮᠵᠢᠭᠤᠯᠵᠤ᠂ ᠪᠦᠬᠦ ᠠᠶᠢᠮᠠᠭ ᠤᠨ ︽ᠠᠷᠪᠠ ᠶᠢ ᠭᠠᠴᠠᠭ᠎ᠠ ᠲᠤᠰᠬᠤᠨ ᠳᠤ ᠬᠦᠷᠭᠡᠬᠦ︾ ᠤᠳᠬ᠎ᠠ ᠣᠷᠠᠯᠢᠭ ᠤᠨ ᠰᠠᠶᠢᠨ ᠳᠤᠷᠠᠴᠤᠤᠯ ᠤᠨ ᠦᠢᠯᠡᠴᠢᠯᠡᠭᠡ ᠶᠢ ᠭᠠᠴᠠᠭ᠎ᠠ ᠲᠤᠰᠬᠤᠨ ᠳᠤ ᠬᠦᠷᠭᠡᠬᠦ ᠠᠵᠢᠯᠯᠠᠭ᠎ᠠ ᠶᠢ ᠶᠠᠷᠢᠯᠴᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号