ᠮᠠᠨ ᠤ ᠠᠶᠢᠮᠠᠭ ᠵᠤᠭᠠᠴᠠᠯ ᠤᠨ ᠦᠢᠯᠡᠰ ᠡᠷᠬᠢᠯᠡᠵᠤ ᠪᠠᠶᠢᠭ᠎ᠠ ᠬᠦᠮᠤᠰ ᠲᠤ ᠪᠤᠯᠪᠠᠰᠤᠷᠠᠯ ᠬᠦᠷᠳᠡᠭᠡᠵᠡᠢ
ᠨᠡᠶᠢᠲᠡᠯᠡᠭᠰᠡᠨ ᠴᠠᠭ᠄
2019-04-02
    3 ᠰᠠᠷ᠎ᠠ ᠶᠢᠨ 25 ᠤ ᠡᠳᠤᠷ᠂ ᠠᠶᠢᠮᠠᠭ ᠤᠨ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠠᠴᠠ ᠭᠤᠥᠯᠯᠠᠨ ᠡᠷᠬᠢᠯᠡᠵᠤ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠤᠭᠠᠴᠠᠯ ᠤᠨ ᠲᠡᠭᠡᠳᠤ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠠᠴᠠ ᠲᠠᠭᠠᠭᠠᠴᠢᠯᠠᠨ ᠡᠷᠬᠢᠯᠡᠭᠰᠡᠨ ᠪᠦᠬᠦ ᠠᠶᠢᠮᠠᠭ ᠤᠨ ᠵᠤᠭᠠᠴᠠᠯ ᠤᠨ ᠦᠢᠯᠡᠰ ᠡᠷᠬᠢᠯᠡᠵᠤ ᠪᠠᠶᠢᠭ᠎ᠠ ᠬᠦᠮᠤᠰ ᠲᠤ ᠪᠤᠯᠪᠠᠰᠤᠷᠠᠯ ᠬᠦᠷᠳᠡᠭᠡᠬᠦ ᠠᠩᠬᠢ ᠶᠢᠨ ᠡᠬᠢᠯᠡᠯᠳᠠ ᠶᠢᠨ ᠶᠤᠰᠤᠯᠠᠯ ᠶᠠᠪᠤᠭᠳᠠᠭᠤᠯᠵᠤ᠂ ᠠᠶᠢᠮᠠᠭ ᠤᠨ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠶᠤᠰᠤᠯᠠᠯ ᠳᠤ ᠤᠷᠤᠯᠴᠠᠭᠰᠠᠨ ᠪᠠᠶᠢᠨ᠎ᠠ᠃ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠠᠴᠠ ᠬᠦᠷᠤᠯᠴᠡᠨ ᠢᠷᠡᠭᠰᠡᠨ 190 ᠵᠤᠭᠠᠴᠠᠯ ᠤᠨ ᠦᠢᠯᠡᠰ ᠡᠷᠬᠢᠯᠡᠵᠤ ᠪᠠᠶᠢᠭ᠎ᠠ ᠬᠦᠮᠤᠰ ᠶᠤᠰᠤᠯᠠᠯ ᠳᠤ ᠤᠷᠤᠯᠴᠠᠬᠤ ᠶᠢᠨ ᠬᠠᠮᠳᠤ ᠪᠤᠯᠪᠠᠰᠤᠷᠠᠯ ᠬᠦᠷᠳᠡᠵᠠᠢ᠃     ᠲᠤᠰ ᠤᠳᠠᠭᠠᠨ ᠤ ᠪᠤᠯᠪᠠᠰᠤᠷᠠᠯ ᠨᠢ 5 ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠤᠭᠠᠴᠠᠯ ᠤᠨ ᠲᠡᠭᠡᠳᠤ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠲᠡᠭᠡᠳᠤ ᠰᠤᠷᠭᠠᠭᠯᠢ ᠶᠢᠨ ᠪᠠᠭᠰᠢ ᠪᠠ ᠨᠡᠷᠡᠳᠤ ᠵᠤᠭᠠᠴᠡᠯ ᠡᠷᠬᠢᠯᠡᠭᠴᠢ ᠶᠢ ᠤᠷᠢᠵᠤ᠂ ᠨᠢᠭᠤᠷᠳᠠᠨ ᠬᠢᠴᠢᠶᠡᠯ ᠤᠷᠤᠬᠤ᠂ ᠲᠤᠬᠠᠢ ᠶᠢᠨ ᠲᠠᠯᠠᠪᠠᠢ ᠶᠢᠨ ᠦᠵᠡᠬᠦᠯᠤᠯᠭᠡ ᠶᠢᠨ ᠬᠢᠴᠢᠶᠡᠯ ᠵᠡᠷᠭᠡ ᠠᠷᠭ᠎ᠠ ᠠᠪᠴᠠᠯ ᠢᠶᠠᠷ ᠬᠢᠩᠭᠠᠨ ᠤ ᠬᠤᠪᠢᠰᠬᠠᠯᠳᠤ ᠰᠤᠶᠤᠯ ᠢ ᠤᠯᠠᠮᠵᠢᠯᠠᠬᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠯ ᠤᠨ ᠬᠦᠭᠵᠢᠯᠳᠠ ᠶᠢᠨ ᠪᠠᠶᠢᠳᠠᠯ᠂ ᠵᠤᠭᠠᠴᠠᠯ ᠤᠨ ᠲᠦᠷᠥ ᠶᠢᠨ ᠪᠤᠳᠤᠯᠭ᠎ᠠ ᠲᠦᠷᠢᠮ ᠲᠤᠭᠳᠠᠭᠠᠯ᠂ ᠵᠤᠭᠠᠴᠠᠯ ᠤᠨ ᠠᠮᠤᠷ ᠲᠦᠪᠰᠢᠨ ᠤ ᠮᠡᠳᠡᠯᠭᠡ᠂ ᠦᠵᠡᠮᠵᠢ ᠶᠢᠨ ᠤᠷᠤᠨ ᠤ ᠬᠠᠮᠢᠶᠠᠷᠤᠯᠳᠠ ᠪᠠ ᠪᠠᠭᠤᠳᠠᠯ ᠵᠤᠭᠠᠴᠠᠭᠰᠠᠳ ᠢ ᠬᠦᠯᠢᠶᠠᠨ ᠠᠪᠬᠤ ᠶᠤᠰᠤ ᠲᠦᠷᠢᠮ ᠵᠡᠷᠭᠡ ᠲᠠᠯ᠎ᠠ ᠤᠨ ᠠᠭᠤᠯᠭ ᠎ᠠ ᠪᠠᠷ ᠪᠤᠯᠪᠠᠰᠤᠷᠠᠯ ᠬᠦᠷᠳᠡᠭᠡᠬᠦ ᠪᠤᠯᠤᠨ᠎ᠠ᠃ ᠡᠬᠦᠨ ᠢᠶᠠᠷ ᠲᠠᠮᠵᠢᠨ᠂ ᠮᠠᠨ ᠤ ᠠᠶᠢᠮᠠᠭ ᠤᠨ ᠬᠤᠪᠢᠰᠬᠠᠯᠳᠤ ᠰᠤᠶᠤᠯ ᠤᠨ ᠠᠭᠤᠯᠬᠤᠨ ᠪᠠ ᠪᠦᠬᠦ ᠠᠶᠢᠮᠠᠭ ᠤᠨ ᠵᠤᠭᠠᠴᠠᠯ ᠤᠨ ᠡᠬᠢ ᠪᠠᠶᠠᠯᠢᠭ ᠲᠤ ᠤᠯᠠᠮ ᠨᠢᠭᠡ ᠠᠯᠬᠤᠮ ᠲᠠᠨᠢᠯᠳᠠ ᠲᠠᠢ ᠪᠤᠯᠵᠤ᠂ ᠮᠠᠨ ᠤ ᠠᠶᠢᠮᠠᠭ ᠤᠨ ᠵᠤᠭᠠᠴᠠᠯ ᠤᠨ ᠦᠢᠯᠡᠰ ᠤᠨ ᠶᠡᠷᠤᠩᠬᠡᠢ ᠦᠢᠯᠡᠴᠢᠯᠡᠭᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠡᠭᠡᠭᠰᠢᠯᠡᠬᠦᠯᠬᠦ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号