ᠮᠤᠩᠭᠤᠯᠴᠤᠳ ᠤᠨ ᠤᠯᠠᠮᠵᠢᠯᠠᠯᠳᠤ ᠴᠡᠭᠡᠷ ᠶᠤᠰᠤᠨ
ᠨᠡᠶᠢᠲᠡᠯᠡᠭᠰᠡᠨ ᠴᠠᠭ᠄
2019-04-25
     ᠤᠷᠳᠤ ᠤᠳᠠᠭᠠᠨ ᠲᠡᠥᠬᠡᠨ ᠶᠠᠪᠤᠴᠠ ᠳᠤ ᠮᠤᠩᠭᠤᠯ ᠦᠨᠳᠤᠰᠤᠳᠡᠨ ᠤ ᠠᠵᠤ ᠠᠮᠢᠳᠤᠷᠠᠯ ᠤᠨ ᠲᠤᠮᠳᠠ ᠮᠠᠰᠢ ᠠᠷᠪᠢᠨ ᠶᠤᠰᠤ ᠵᠠᠩᠰᠢᠯ ᠪᠤᠢ ᠪᠤᠯᠵᠤ ᠪᠦᠷᠢᠯᠳᠥᠭᠰᠡᠨ ᠪᠢᠯᠠ᠃ ᠲᠡᠳᠡᠭᠡᠷ ᠶᠤᠰᠤ ᠵᠠᠩᠰᠢᠯ ᠤᠨ ᠲᠤᠳᠤᠷ᠎ᠠ ᠠᠴᠠ ᠴᠡᠭᠡᠷ ᠶᠤᠰᠤᠨ ᠨᠢ ᠲᠦᠢᠯ ᠤᠨ ᠴᠢᠬᠤᠯᠠ ᠪᠦᠷᠢᠯᠳᠤᠬᠦᠨ ᠪᠤᠯᠬᠤ ᠨᠢ ᠲᠠᠮᠵᠢᠭ ᠦᠭᠡᠢ᠃ ᠲᠤᠥᠷ᠎ᠠ ᠮᠤᠩᠭᠤᠯᠴᠤᠳ ᠤᠨ ᠴᠡᠭᠡᠷ ᠶᠤᠰᠤᠨ ᠤ ᠲᠤᠬᠠᠢ ᠲᠦᠬᠦᠮ ᠲᠠᠨᠢᠯᠴᠠᠭᠤᠯᠤᠶ᠎ᠠ᠃     ᠭᠠᠯ ᠤᠨ ᠲᠤᠬᠠᠢ ᠴᠡᠭᠡᠷ ᠶᠤᠰᠤᠨ᠄ ᠮᠤᠩᠭᠤᠯᠴᠤᠳ ᠭᠠᠯ ᠤᠨ ᠪᠤᠷᠬᠠᠨ᠂ ᠭᠤᠯᠤᠮᠳᠠ ᠲᠤᠯᠭ᠎ᠠ ᠪᠠᠨ ᠲᠡᠭᠡᠳᠤᠯᠡᠨ ᠰᠢᠳᠤᠵᠤ᠂ ᠭᠠᠯ ᠢ ᠠᠯᠢᠪᠠ ᠮᠠᠭᠤ ᠮᠠᠭᠤᠬᠠᠢ ᠶᠠᠭᠤᠮ᠎ᠠ ᠪᠤᠯᠤᠨ ᠭᠠᠢ ᠪᠠᠷᠴᠢᠳ ᠢ ᠵᠠᠶᠢᠯᠠᠭᠤᠯᠳᠠᠭ ᠭᠡᠮᠡᠨ ᠦᠵᠡᠳᠡᠭ᠃ ᠡᠶᠢᠮᠤ ᠠᠴᠠ ᠮᠤᠩᠭᠤᠯ ᠭᠡᠷ ᠲᠤ ᠤᠷᠤᠭᠰᠠᠨ ᠤ ᠲᠠᠷᠠᠭ᠎ᠠ ᠲᠤᠯᠭ᠎ᠠ ᠶᠢᠨ ᠲᠡᠭᠡᠷ᠎ᠠ ᠬᠦᠯ ᠢᠶᠠᠨ ᠡᠬᠡᠬᠦ ᠶᠢ ᠴᠡᠭᠡᠷᠯᠡᠳᠡᠭ ᠮᠦᠳᠡᠬᠡᠨ ᠲᠤᠯᠭ᠎ᠠ ᠶᠢᠨ ᠬᠠᠵᠠᠭᠤ ᠳᠤ ᠨᠦᠢᠳᠠᠨ ᠭᠤᠳᠤᠯ ᠱᠠᠬᠠᠢ ᠪᠠᠨ ᠬᠠᠳᠠᠭᠠᠬᠤ ᠶᠢ ᠨᠡᠩ ᠶᠡᠭᠡ ᠴᠡᠭᠡᠷᠯᠡᠳᠡᠭ ᠶᠤᠮ᠃ ᠪᠠᠰᠠ ᠲᠤᠯᠭ᠎ᠠ ᠶᠢᠨ ᠲᠡᠭᠡᠬᠦᠷ ᠠᠯᠬᠤᠬᠤ ᠪᠤᠶᠤ ᠲᠤᠯᠭ᠎ᠠ ᠶᠢᠨ ᠲᠡᠭᠡᠷ ᠎ᠠ ᠬᠢᠰᠬᠢᠬᠦ᠂ ᠲᠠᠮᠠᠬᠢᠨ ᠭᠠᠩᠰᠠ ᠪᠠᠨ ᠲᠤᠯᠭ᠎ᠠ ᠶᠢᠨ ᠲᠡᠭᠡᠷ᠎ᠠ ᠬᠦᠪᠢᠬᠦ᠂ ᠶᠠᠭᠤᠮ᠎ᠠ ᠴᠤᠬᠢᠬᠤ᠂ ᠪᠤᠵᠠᠷ ᠪᠤᠷᠳᠠᠭ ᠶᠠᠭᠤᠮ᠎ᠠ ᠬᠠᠶᠠᠬᠤ ᠶᠢ ᠴᠡᠭᠡᠷᠯᠡᠨ᠎ᠠ᠃ ᠬᠢᠳᠤᠭ᠎ᠠ ᠪᠠᠷ ᠭᠠᠯ ᠢᠶᠠᠨ ᠰᠢᠯᠡᠭᠡᠬᠦ᠂ ᠭᠠᠯ ᠳᠤ ᠬᠢᠳᠤᠭ᠎ᠠ ᠤᠷᠤᠭᠤᠯᠬᠤ ᠪᠤᠶᠤ ᠲᠤᠭᠤᠭᠠᠨ ᠠᠴᠠ ᠬᠢᠳᠤᠭ᠎ᠠ ᠪᠠᠷ ᠮᠢᠬ᠎ᠠ ᠠᠪᠬᠤ ᠶᠢ ᠶᠡᠭᠡ ᠴᠡᠭᠡᠷᠯᠡᠳᠡᠭ᠃     ᠤᠰᠤᠨ ᠤ ᠲᠤᠬᠠᠢ ᠴᠡᠭᠡᠷ ᠶᠤᠰᠤᠨ᠄ ᠮᠤᠩᠭᠤᠯᠴᠤᠳ ᠤᠰᠤ ᠶᠢ ᠷᠠᠰᠢᠶᠠᠨ ᠤ ᠲᠡᠭᠡᠳᠤ ᠭᠡᠵᠤ ᠲᠡᠭᠡᠳᠤᠯᠡᠳᠡᠭ᠃ ᠡᠶᠢᠮᠤ ᠠᠴᠠ ᠭᠤᠤᠯ ᠮᠦᠷᠡᠨ ᠳᠤ ᠭᠠᠷ ᠪᠤᠶᠤ ᠪᠡᠶ᠎ᠠ ᠪᠠᠨ ᠤᠬᠢᠶᠠᠳᠠᠭ ᠦᠭᠡᠢ᠃ ᠨᠡᠩ ᠴᠤ ᠭᠤᠥᠯ ᠮᠦᠷᠡᠨ ᠳᠤ ᠬᠤᠭ ᠨᠤᠪᠰᠢ ᠬᠠᠶᠠᠬᠤ ᠶᠢ ᠴᠡᠭᠡᠷᠯᠡᠳᠡᠭ᠃ ᠮᠤᠩᠭᠤᠯ ᠨᠤᠳᠤᠭ ᠭᠠᠩ ᠬᠠᠭᠤᠷᠠᠢ᠂ ᠤᠰᠤ ᠲᠤᠳᠠᠮᠠᠭ᠂ ᠤᠰᠤ ᠡᠪᠡᠰᠤ ᠪᠠᠨ ᠲᠠᠭᠠᠵᠤ ᠨᠡᠬᠦᠳᠡᠯᠯᠡᠨ ᠮᠠᠯᠵᠢᠵᠤ ᠠᠵᠤ ᠲᠦᠷᠤᠳᠡᠭ ᠮᠤᠩᠭᠤᠯᠴᠤᠳ ᠲᠤ ᠠᠪᠴᠤ ᠬᠡᠯᠡᠪᠡᠯ ᠤᠰᠤ ᠪᠤᠯ ᠠᠮᠢ ᠨᠠᠰᠤᠨ ᠤ ᠡᠬᠢ ᠰᠤᠷᠪᠤᠯᠵᠢ ᠪᠤᠯᠬᠤ ᠤᠴᠢᠷᠳᠠᠢ᠃ ᠡᠶᠢᠮᠤ ᠠᠴᠠ ᠮᠤᠩᠭᠤᠯᠴᠤᠳ ᠤᠰᠤᠨ ᠤ ᠴᠡᠪᠡᠷ ᠲᠤᠩᠭᠠᠯᠠᠭ ᠢ ᠬᠠᠮᠠᠭᠠᠯᠠᠵᠤ᠂ ᠭᠠᠮᠨᠠᠨ ᠠᠷᠪᠢᠯᠠᠭᠰᠠᠭᠠᠷ ᠢᠷᠡᠭᠰᠡᠨ ᠪᠢᠯᠠ᠃     ᠡᠪᠡᠳᠴᠢᠨ ᠤ ᠲᠤᠬᠠᠢ ᠴᠡᠭᠡᠷ ᠶᠤᠰᠤᠨ᠄ ᠠᠶᠢᠯ ᠳᠤ ᠬᠡᠷᠪᠡ ᠬᠦᠨᠳᠤ ᠡᠪᠡᠳᠴᠢᠡ ᠲᠠᠢ ᠪᠤᠶᠤ ᠠᠶᠤᠯᠳᠤ ᠠᠷᠬᠠᠭ ᠲᠤ ᠨᠡᠷᠪᠡᠭᠳᠡᠭᠰᠡᠨ ᠬᠦᠮᠤᠨ ᠪᠠᠶᠢᠬᠤ ᠳᠤ ᠬᠦᠷᠪᠠᠯ ᠭᠡᠷ ᠤᠨ ᠢᠶᠠᠨ ᠵᠡᠬᠦᠨ ᠲᠠᠯ᠎ᠠ ᠳᠤ ᠲᠡᠭᠡᠰᠤ ᠡᠯᠬᠦᠳᠡᠭ᠃ ᠡ᠊ᠨᠠ ᠨᠢ ᠠᠶᠢᠯ ᠤᠨ ᠭᠡᠷ ᠲᠤ ᠡᠪᠡᠳᠴᠢᠨ ᠲᠠᠢ ᠬᠦᠮᠤᠨ ᠪᠠᠶᠢᠭ᠎ᠠ᠂ ᠵᠤᠴᠢᠨ ᠵᠤᠴᠢᠯᠠᠬᠤ ᠳᠤ ᠲᠦᠬᠦᠮ ᠦᠭᠡᠢ ᠭᠡᠳᠡᠭ ᠢ ᠢᠯᠡᠳᠭᠡᠵᠤ ᠪᠠᠶᠢᠳᠠᠭ᠃     ᠲᠦᠷᠤᠵᠤ ᠮᠡᠨᠳᠤᠯᠡᠬᠦ ᠶᠢᠨ ᠲᠤᠬᠠᠢ ᠴᠡᠭᠡᠷ ᠶᠤᠰᠤᠨ᠄ ᠮᠤᠩᠭᠤᠯ ᠨᠤᠳᠤᠭ ᠠᠭᠤᠳᠠᠮ ᠪᠤᠯᠬᠤᠷ ᠭᠠᠵᠠᠷ ᠭᠠᠵᠠᠷ ᠤᠨ ᠵᠠᠩ ᠲᠠᠳᠬᠠᠯ ᠶᠡᠬᠡᠩᠬᠢ ᠳᠡᠭᠡᠨ ᠠᠳᠠᠯᠢ ᠪᠤᠯᠪᠠᠴᠤ ᠪᠠᠰᠠ ᠠᠳᠠᠯᠢ ᠦᠭᠡᠢ ᠲᠠᠯ ᠎ᠠ ᠴᠤ ᠪᠤᠢ᠃ ᠮᠤᠩᠭᠤᠯ ᠪᠦᠰᠡᠬᠦ᠋ᠢᠴᠤᠳ ᠬᠡᠥᠬᠡᠳ ᠲᠦᠷᠤᠵᠤ᠂ ᠰᠠᠷ᠎ᠠ ᠳᠤ ᠰᠠᠭᠤᠭᠰᠠᠨ ᠦᠶ᠎ᠠ ᠳᠤ ᠭᠠᠳᠠᠨ᠎ᠠ ᠶᠢᠨ ᠬᠦᠮᠤᠨ ᠢ ᠤᠷᠤᠭᠤᠯᠳᠠᠭ ᠦᠭᠡᠢ᠃ ᠡᠬᠦᠳᠡᠨ ᠤ ᠲᠡᠷᠭᠡᠳᠠ ᠢᠯᠠ ᠬᠠᠷᠠᠭᠳᠠᠬᠤ ᠲᠡᠮᠳᠡᠭ ᠲᠠᠯᠪᠢᠳᠠᠭ᠃ ᠬᠡᠷᠪᠡ ᠬᠦᠪᠡᠬᠦᠨ ᠲᠦᠷᠥᠭᠰᠡᠨ ᠪᠤᠯ ᠨᠤᠮᠤ ᠰᠤᠮᠤ ᠡᠯᠬᠦᠬᠦ᠂ ᠦᠬᠢᠨ ᠲᠦᠷᠥᠭᠰᠡᠨ ᠪᠤᠯ ᠤᠯᠠᠭᠠᠨ ᠪᠦᠰ ᠤᠶᠠᠳᠠᠭ᠃ ᠵᠤᠴᠢᠨ ᠡ᠊ᠨᠡᠬᠦ ᠲᠡᠮᠳᠡᠭ ᠢ ᠬᠠᠷᠠᠪᠠᠯ ᠡ᠊ᠨᠠ ᠠᠶᠢᠯ ᠤᠨ ᠪᠦᠰᠡᠬᠦᠢ ᠰᠠᠶ᠋ᠢ ᠬᠡᠥᠬᠡᠳ ᠲᠦᠷᠤᠵᠤ ᠰᠠᠷ᠎ᠠ ᠳᠤ ᠰᠠᠭᠤᠭᠰᠠᠨ ᠶᠤᠮ ᠪᠠᠶᠢᠨ᠎ᠠ ᠭᠡᠵᠤ ᠮᠡᠳᠡᠭᠡᠳ ᠭᠡᠷ ᠲᠤᠨᠢ ᠤᠷᠤᠳᠠᠭ ᠦᠭᠡᠢ᠃     ᠡᠬᠦᠳᠡᠨ ᠪᠤᠱᠤᠭᠠᠨ ᠤ ᠲᠤᠬᠠᠢ ᠴᠡᠭᠡᠷ ᠶᠤᠰᠤᠨ᠄ ᠡᠬᠦᠳᠡᠨ ᠪᠤᠱᠤᠭ᠎ᠠ ᠲᠡᠭᠡᠷ᠎ᠠ ᠬᠢᠰᠬᠢᠳᠡᠭ ᠦᠭᠡᠢ᠂ ᠭᠡᠷ ᠲᠤ ᠤᠷᠤᠵᠤ ᠭᠠᠷᠬᠤ ᠦᠶᠡᠰ ᠡᠬᠦᠳᠡᠨ ᠪᠤᠱᠤᠭ᠎ᠠ ᠶᠢ ᠶᠠᠭᠠᠬᠢᠭᠰᠠᠨ ᠴᠤ ᠬᠢᠰᠬᠢᠵᠤ ᠪᠤᠯᠳᠠᠭ ᠦᠭᠡᠢ᠃ ᠲᠠᠷᠢᠶᠠᠯᠠᠬᠤ ᠤᠷᠤᠨ ᠤ ᠮᠤᠩᠭᠤᠯᠴᠤᠳ ᠪᠤᠶᠤ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠤ ᠮᠤᠩᠭᠤᠯᠴᠤᠳ ᠴᠤ ᠡᠨᠡᠬᠦ ᠴᠡᠭᠡᠷ ᠢ ᠶᠡᠬᠡᠳᠠ ᠡᠷᠬᠢᠮᠯᠡᠳᠡᠭ᠃ ᠡᠷᠳᠠ ᠳᠤ ᠵᠠᠷᠢᠮ ᠬᠦᠮᠤᠨ ᠬᠢᠴᠢᠶᠡᠮᠵᠢ ᠦᠭᠡᠢ ᠠᠴᠠ ᠪᠤᠯᠵᠤ ᠮᠤᠩᠭᠤᠯ ᠤᠨ ᠬᠠᠭᠠᠨ ᠤ ᠤᠷᠳᠤᠨ ᠤ ᠪᠤᠱᠤᠭ᠎ᠠ ᠶᠢ ᠬᠢᠰᠬᠢᠭᠰᠡᠨ ᠠᠴᠠ ᠪᠤᠯᠵᠤ ᠴᠠᠭᠠᠵᠠᠯᠠᠭᠤᠯᠤᠭᠰᠠᠨ ᠶᠠᠪᠤᠳᠠᠯ ᠴᠤ ᠪᠤᠢ᠃ ᠡ᠊ᠨᠡᠬᠦ ᠴᠡᠭᠡᠷ ᠶᠤᠰᠤᠨ ᠨᠢ ᠤᠳᠤ ᠪᠤᠯᠳᠠᠯ᠎ᠠ ᠤᠯᠠᠮᠵᠢᠯᠠᠭᠳᠠᠭᠰᠠᠭᠠᠷ ᠶᠤᠮ᠃     ᠲᠤᠯᠤᠭᠠᠢ ᠢᠯᠪᠢᠵᠤ ᠪᠤᠯᠳᠠᠭ ᠦᠭᠡᠢ ᠶᠢᠨ ᠴᠡᠭᠡᠷ ᠶᠤᠰᠤᠨ᠄ ᠮᠤᠩᠭᠤᠯᠴᠤᠳ ᠤᠨ ᠲᠤᠮᠳᠠ ᠦᠯᠤ ᠲᠠᠨᠢᠬᠤ ᠬᠦᠮᠤᠨ ᠬᠡᠥᠬᠡᠳ ᠤᠨ ᠲᠤᠯᠤᠭᠠᠢ ᠶᠢ ᠢᠯᠪᠢᠵᠤ ᠪᠤᠯᠳᠠᠭ ᠦᠭᠡᠢ ᠴᠡᠭᠡᠷ ᠶᠤᠰᠤᠨ ᠪᠤᠢ᠃ ᠬᠠᠭᠤᠴᠢᠨ ᠤ ᠦᠵᠡᠯᠳᠠ ᠪᠠᠷ ᠪᠤᠯ ᠦᠯᠤ ᠲᠠᠨᠢᠬᠤ ᠬᠦᠮᠤᠨ ᠤ ᠭᠠᠷ ᠪᠤᠵᠠᠷ ᠪᠠᠷᠴᠢᠳ ᠲᠠᠢ ᠪᠠᠶᠢᠳᠠᠭ᠂ ᠡᠶᠢᠮᠤ ᠠᠴᠠ ᠬᠡᠷᠪᠡ ᠬᠡᠥᠬᠡᠳ ᠤᠨ ᠲᠤᠯᠤᠭᠠᠢ ᠶᠢ ᠢᠯᠪᠢᠪᠡᠯ ᠬᠡᠥᠬᠡᠳ ᠤᠨ ᠡᠷᠡᠬᠦᠯ ᠮᠡᠨᠳᠤ ᠳᠤ ᠠᠰᠢᠭ ᠦᠭᠡᠢ ᠭᠡᠮᠡᠨ ᠦᠵᠡᠳᠡᠭ᠃     ᠨᠤᠬᠠᠢ ᠴᠤᠬᠢᠳᠠᠭ ᠦᠭᠡᠢ ᠴᠡᠭᠡᠷ ᠶᠤᠰᠤᠨ᠄ ᠮᠠᠯᠴᠢᠨ ᠠᠶᠢᠯ ᠳᠤ ᠵᠤᠴᠢᠯᠠᠬᠤ ᠦᠶᠡᠰ ᠭᠡᠷ ᠤᠨ ᠬᠢᠨᠢ ᠬᠠᠵᠠᠭᠤᠷ ᠪᠠᠷ ᠠᠭᠠᠵᠢᠮ ᠮᠤᠷᠢᠯᠠᠵᠤ᠂ ᠭᠡᠷ ᠤᠨ ᠡᠵᠡᠨ ᠭᠠᠷᠴᠤ ᠢᠷᠡᠨ ᠤᠭᠳᠤᠬᠤ ᠶᠢ ᠬᠦᠯᠢᠶᠡᠨ᠂ ᠨᠤᠬᠠᠢ ᠶᠢ ᠨᠢ ᠰᠠᠶᠢᠨ ᠠᠩᠬᠠᠷᠤᠭᠰᠠᠨ ᠤ ᠲᠠᠷᠠᠭ᠎ᠠ ᠰᠠᠶ᠋ᠢ ᠮᠤᠷᠢᠨ ᠠᠴᠠ ᠪᠠᠨ ᠪᠠᠭᠤᠳᠠᠭ᠃ ᠡ᠊ᠨᠠ ᠨᠢ ᠨᠤᠬᠠᠢ ᠳᠤᠨᠢ ᠬᠠᠵᠠᠭᠳᠠᠬᠤ ᠠᠴᠠ ᠰᠡᠷᠭᠡᠶᠢᠯᠡᠵᠤ ᠪᠠᠶᠢᠭ᠎ᠠ ᠶᠢᠨ ᠬᠡᠷᠡᠭ ᠪᠢᠯᠠ᠃ ᠠᠶᠢᠯ ᠤᠨ ᠨᠤᠬᠠᠢ ᠶᠢ ᠵᠤᠳᠤᠵᠤ ᠴᠤᠬᠢᠵᠤ ᠪᠤᠶᠤ ᠬᠠᠷᠢᠶᠠᠵᠤ ᠵᠦᠭᠡᠬᠦ ᠶᠢ ᠴᠡᠭᠡᠷᠯᠡᠳᠡᠭ᠃ ᠶᠠᠭᠠᠬᠢᠭᠠᠳ ᠭᠡᠪᠡᠯ ᠮᠤᠩᠭᠤᠯᠴᠤᠳ ᠨᠤᠬᠠᠢ ᠶᠢ ᠨᠦᠬᠦᠷ ᠢᠶᠠᠨ ᠭᠡᠵᠤ ᠦᠵᠡᠳᠡᠭ᠃     ᠵᠤᠴᠢᠯᠠᠭᠤᠯᠬᠤ ᠴᠡᠭᠡᠷ ᠶᠤᠰᠤ᠄ ᠮᠠᠯᠴᠢᠳ ᠬᠠᠯᠠᠭᠤᠮᠰᠤᠭ ᠵᠤᠴᠢᠨᠰᠠᠭ ᠪᠤᠯᠪᠠᠴᠤ ᠵᠤᠴᠢᠯᠠᠭᠤᠯᠬᠤ ᠬᠦᠮᠤᠨ ᠳᠤ ᠠᠩᠬᠠᠷᠬᠤ ᠴᠢᠬᠤᠯᠠᠳᠠᠢ ᠴᠡᠭᠡᠷ ᠶᠤᠰᠤᠨ ᠠᠷᠪᠢᠨ ᠪᠤᠢ᠃ ᠵᠤᠴᠢᠨ ᠭᠡᠷ ᠲᠤ ᠤᠷᠤᠬᠤ ᠦᠶ᠎ᠠ ᠳᠤ ᠲᠡᠪᠡᠯ ᠬᠤᠪᠴᠠᠰᠤ ᠪᠠᠨ ᠠᠩᠬᠠᠷᠬᠤ ᠬᠡᠷᠡᠭᠳᠠᠢ᠃ ᠠᠶᠢᠯ ᠤᠨ ᠭᠡᠷ ᠲᠤ ᠲᠠᠰᠢᠭᠤᠷ ᠠᠪᠴᠤ ᠤᠷᠤᠳᠠᠭ ᠦᠭᠡᠢ᠃ ᠲᠠᠰᠢᠭᠤᠷ ᠢᠶᠠᠨ ᠮᠤᠩᠭᠤᠯ ᠭᠡᠷ ᠤᠨ ᠪᠠᠷᠠᠭᠤᠨ ᠲᠠᠯ ᠎ᠠ ᠳᠤᠨᠢ ᠵᠤᠭᠰᠤᠭ᠎ᠠ ᠲᠠᠯᠪᠢᠨ᠎ᠠ᠃ ᠭᠡᠷ ᠲᠤ ᠤᠷᠤᠭᠰᠠᠨ ᠤ ᠲᠠᠷᠠᠭ᠎ᠠ ᠪᠤᠷᠬᠠᠨ ᠤ ᠬᠢᠨᠢ ᠡᠮᠤᠨ᠎ᠠ ᠰᠠᠭᠤᠵᠤ ᠪᠤᠯᠬᠤ ᠦᠭᠡᠢ᠃ ᠬᠡᠷᠪᠡ ᠴᠡᠭᠡᠷ ᠶᠤᠰᠤ ᠶᠢ ᠲᠠᠭᠠᠬᠤ ᠦᠭᠡᠢ ᠪᠤᠯ ᠠᠶᠢᠯ ᠤᠨ ᠡᠵᠡᠨ ᠢ ᠬᠦᠨᠳᠤᠳᠭᠡᠭᠰᠡᠨ ᠦᠭᠡᠢ᠂ ᠲᠤᠥᠷ᠎ᠠ ᠦᠵᠡᠭᠰᠡᠨ ᠳᠤ ᠲᠤᠭᠠᠴᠠᠭᠳᠠᠵᠤ᠂ ᠶᠤᠰᠤ ᠴᠡᠭᠡᠷ ᠮᠡᠳᠡᠬᠦ ᠦᠭᠡᠢ᠂ ᠤᠬᠠᠭᠠᠨ ᠲᠤᠮᠤᠭ᠎ᠠ ᠦᠭᠡᠢ ᠬᠦᠮᠤᠨ ᠭᠡᠵᠤ ᠤᠢᠢᠯᠠᠭᠠᠭᠳᠠᠬᠤ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号