ᠬᠦᠷᠦᠰᠦᠨ ᠳᠤ ᠶᠠᠭᠠᠬᠢᠭᠠᠳ ᠬᠦᠬᠦᠷ ᠳᠤᠳᠠᠳᠠᠭ ᠪᠤᠢ
ᠨᠡᠶᠢᠲᠡᠯᠡᠭᠰᠡᠨ ᠴᠠᠭ᠄
2019-05-07
    1. ᠪᠤᠷᠳᠤᠭᠤᠷ ᠬᠡᠷᠡᠭᠯᠡᠬᠦ ᠬᠡᠮᠵᠢᠶ᠎ᠡ ᠨᠡᠮᠡᠭᠳᠡᠵᠤ᠂ ᠳᠠᠷᠢᠶᠠᠯᠠᠩ ᠤᠨ ᠦᠢᠯᠡᠳᠪᠦᠷᠢᠯᠡᠯ ᠢ ᠡᠷᠴᠢᠮᠵᠢᠭᠦᠯᠬᠦ ᠪᠠ ᠦᠨᠳᠦᠷ ᠭᠠᠷᠤᠯᠳᠠ ᠲᠠᠢ ᠰᠤᠷᠲ ᠢ ᠲᠦᠭᠡᠮᠡᠯᠵᠢᠭᠦᠯᠬᠦ ᠶᠢ ᠳᠠᠭᠠᠯᠳᠤᠨ ᠳᠠᠷᠢᠮᠠᠯ ᠤᠨ ᠤᠨᠠᠯᠳᠠ ᠮᠡᠳᠡᠭᠳᠡᠮ᠎ᠡ ᠨᠡᠮᠡᠭᠳᠡᠵᠤ᠂ ᠳᠠᠷᠢᠮᠠᠯ ᠬᠦᠷᠦᠰᠦᠨ ᠠᠴᠠ ᠤᠯᠠᠮ ᠠᠷᠪᠢᠨ ᠬᠦᠬᠦᠷ ᠤᠨ ᠰᠢᠮ᠎ᠡ ᠠᠪᠬᠤ ᠪᠤᠯᠤᠭᠰᠠᠨ ᠪᠠᠶᠢᠨ᠎ᠠ᠃    2. ᠰᠢᠭᠡᠰᠦᠯᠢᠭ ᠡᠳ᠋᠂ ᠹᠤᠰᠹᠤᠷ ᠠᠮᠮᠤᠨᠢ ᠵᠡᠷᠭᠡ ᠦᠨᠳᠦᠷ ᠦᠳᠭᠡᠴᠡ ᠲᠠᠢ᠂ ᠬᠦᠬᠦᠷ ᠦᠭᠡᠢ ᠪᠤᠷᠳᠤᠭᠤᠷ ᠢ ᠶᠡᠭᠡ ᠪᠠᠷ ᠬᠡᠷᠡᠭᠯᠡᠬᠦ ᠪᠤᠯᠤᠭᠰᠠᠨ ᠠᠴᠠ ᠬᠡᠳᠦ ᠹᠤᠰᠹᠤᠷ ᠬᠦᠴᠢᠯ ᠤᠨ ᠺᠠᠯᠼ᠂ ᠬᠦᠨᠳᠤ ᠺᠠᠯᠼ᠂ ᠤᠷᠭᠠᠨᠢᠭ ᠪᠤᠷᠳᠤᠭᠤᠷ ᠵᠡᠷᠭᠡ ᠬᠦᠬᠦᠷ ᠠᠭᠤᠯᠤᠭᠰᠠᠨ ᠪᠤᠷᠳᠤᠭᠤᠷ ᠢ ᠬᠡᠷᠡᠭᠯᠡᠬᠦ ᠬᠡᠮᠵᠢᠶ᠎ᠡ ᠵᠢᠯ ᠠᠴᠠ ᠵᠢᠯ ᠪᠠᠭᠠᠰᠴᠤ᠂ ᠬᠦᠷᠦᠰᠦᠨ ᠳᠤ ᠨᠦᠬᠦᠬᠦ ᠬᠦᠬᠦᠷ ᠤᠨ ᠰᠢᠮ᠎ᠡ ᠶᠠᠪᠤᠬᠤ ᠳᠤᠳᠤᠮ ᠪᠠᠭᠠᠰᠴᠠᠢ᠃     3. ᠤᠷᠴᠢᠨ ᠳᠤᠭᠤᠷᠢᠨ ᠰᠠᠶᠢᠵᠢᠷᠠᠪᠠ᠃ ᠠᠭᠠᠷ ᠮᠠᠨᠳᠠᠯ ᠤᠨ ᠳᠤᠳᠤᠷᠠᠬᠢ ᠬᠦᠬᠦᠷ ᠤᠨ ᠳᠠᠪᠬᠤᠷ ᠢᠰᠦᠯ ᠤᠨ ᠭᠠᠷᠭᠠᠯᠳᠠ ᠶᠢ ᠬᠢᠵᠠᠭᠠᠷᠯᠠᠭᠰᠠᠨ ᠠᠴᠠ ᠭᠠᠷᠭᠠᠯᠳᠠ ᠨᠢ ᠵᠢᠯ ᠢᠷᠡᠭᠦᠶ᠎ᠡ ᠳᠤᠷᠤᠭᠰᠢᠯᠠᠵᠤ᠂ ᠠᠭᠠᠷ ᠳᠤᠳᠤᠷᠠᠬᠢ ᠬᠦᠬᠦᠷ ᠤᠨ ᠳᠠᠪᠬᠤᠷ ᠢᠰᠦᠯ ᠤᠨ ᠰᠠᠭᠤᠯᠳᠠ ᠪᠠᠭᠠᠰᠴᠠᠢ᠃ ᠭᠡᠳᠡᠯ᠎ᠡ ᠠᠵᠤ ᠦᠢᠯᠡᠳᠪᠦᠷᠢ ᠶᠢᠨ ᠳᠤᠭᠤᠷᠢᠭ ᠤᠨ ᠤᠷᠴᠢᠨ ᠳᠤᠭᠤᠷᠢᠨ ᠳᠠᠬᠢ ᠠᠭᠠᠷ ᠮᠠᠨᠳᠠᠯ ᠤᠨ ᠰᠠᠭᠤᠯᠳᠠ ᠨᠢ ᠳᠠᠷᠢᠶᠠᠯᠠᠩ ᠤᠨ ᠬᠦᠷᠦᠰᠦᠨ ᠤ ᠬᠦᠬᠦᠷ ᠤᠨ ᠰᠢᠮ᠎ᠡ ᠳᠡᠵᠢᠭᠡᠯ ᠤᠨ ᠴᠢᠬᠤᠯᠠ ᠨᠢᠭᠡᠨ ᠢᠷᠡᠯᠳᠡ ᠶᠤᠮ᠃     4. ᠠᠽᠤᠲ᠂ ᠹᠤᠰᠹᠤᠷ᠂ ᠺᠠᠯᠢ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠡᠮᠡᠭᠳᠡᠭᠰᠡᠨ ᠠᠴᠠ ᠰᠢᠮ᠎ᠡ ᠳᠡᠵᠢᠭᠡᠯ ᠤᠨ ᠬᠠᠷᠢᠴᠠᠯ ᠳᠡᠩᠴᠡᠭᠦᠷᠢ ᠪᠠᠨ ᠠᠯᠳᠠᠵᠤ᠂ ᠬᠦᠬᠦᠷ ᠤᠨ ᠰᠢᠩᠭᠡᠭᠡᠯᠳᠡ ᠪᠠ ᠠᠰᠢᠭᠯᠠᠯᠳᠠ ᠶᠢ ᠨᠦᠯᠦᠭᠡᠯᠡᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号