ᠤᠪᠤᠭᠠᠨ ᠤ ᠳᠠᠬᠢᠯᠭ᠎ᠠ ᠶᠢᠨ ᠡᠭᠦᠰᠦᠯᠳᠡ
ᠨᠡᠶᠢᠲᠡᠯᠡᠭᠰᠡᠨ ᠴᠠᠭ᠄
2020/10/22
        ᠮᠤᠩᠭᠤᠯ ᠭᠠᠵᠠᠷ ᠤᠨ ᠤᠪᠤᠭ᠎ᠠ ᠳᠠᠬᠢᠯᠭ᠎ᠠ ᠶᠢᠨ ᠠᠩᠬ᠎ᠠ ᠡᠭᠦᠰᠦᠯᠳᠡ ᠶᠢᠨ ᠳᠤᠬᠠᠢ ᠨᠤᠮ ᠰᠤᠳᠤᠷ ᠪᠠ ᠪᠤᠭᠤᠷᠤᠯᠴᠤᠳ ᠤᠨ ᠶᠠᠷᠢᠵᠦ ᠪᠠᠶᠢᠭᠰᠠᠨ ᠢ ᠦᠨᠳᠦᠰᠦᠯᠡᠪᠡᠯ᠂ ᠡᠷᠳᠡ ᠳᠡᠭᠡᠳᠦ ᠴᠠᠭ ᠲᠤ ᠮᠤᠩᠭᠤᠯ ᠦᠨᠳᠦᠰᠦᠳᠡᠨ ᠤ ᠨᠡᠭᠦᠳᠡᠯ ᠮᠠᠯᠵᠢᠯ ᠶᠠᠪᠤᠬᠤ ᠳᠤᠳᠤᠮ ᠪᠠᠭᠠᠰᠴᠤ᠂ ᠰᠠᠭᠤᠷᠢᠰᠢᠨ ᠮᠠᠯᠵᠢᠬᠤ ᠪᠤᠯᠵᠦ ᠴᠦᠭᠡᠨ ᠳᠤᠭᠠᠨ ᠤ ᠮᠤᠩᠭᠤᠯᠴᠤᠳ ᠭᠡᠷ ᠤᠨ ᠢᠶᠠᠨ ᠠᠷᠤ ᠬᠤᠶᠢᠨ᠎ᠠ ᠵᠦᠭ ᠲᠤ ᠪᠠᠶᠢᠭ᠎ᠠ ᠦᠨᠳᠦᠷ ᠤᠷᠤᠢ ᠪᠤᠶᠤ ᠬᠦᠳᠦᠭᠦᠷ ᠳᠤᠪᠤᠴᠠᠭ ᠳᠡᠭᠡᠷ᠎ᠡ ᠰᠢᠷᠤᠢ ᠨᠠᠮᠠᠵᠦ ᠭᠠᠯ ᠰᠢᠳᠠᠭᠠᠨ ᠴᠤᠭ ᠭᠠᠷᠭᠠᠵᠦ᠂ ᠠᠷᠴᠠ ᠪᠤᠯᠤᠨ ᠠᠬᠢ ᠬᠢᠯᠠᠭᠠᠨ᠎ᠠ ᠮᠡᠳᠦ ᠶᠢᠨ ᠠᠷᠢᠭᠤᠨ ᠰᠠᠶᠢᠬᠠᠨ ᠦᠨᠦᠷ ᠲᠠᠢ ᠡᠪᠡᠰᠦ ᠤᠷᠭᠤᠮᠠᠯ ᠢ ᠰᠢᠳᠠᠭᠠᠵᠦ᠂ ᠳᠡᠭᠷᠢ ᠳᠤ ᠮᠦᠷᠭᠦᠵᠦ ᠤᠷᠴᠢᠨ ᠠᠬᠤᠢ ᠪᠠᠨ ᠠᠷᠢᠭᠤᠳᠬᠠᠵᠦ ᠪᠠᠶᠢᠪᠠ ᠭᠡᠳᠡᠭ᠃ ᠦᠨᠳᠦᠷ ᠤᠷᠤᠢ ᠳᠤ ᠦᠷᠯᠦᠭᠡ ᠶᠢᠨ ᠨᠠᠷᠠ ᠡᠷᠳᠡ ᠳᠤᠰᠴᠤ ᠤᠷᠴᠢᠨ ᠲᠤᠭᠤᠷᠢᠨ ᠢᠶᠠᠨ ᠬᠡᠷᠡᠯᠳᠦᠭᠦᠯᠳᠡᠭ ᠪᠤᠯᠬᠤᠷ᠂ ᠮᠤᠩᠭᠤᠯᠴᠤᠳ ᠶᠡᠷᠦ ᠳᠤ ᠪᠠᠨ ᠦᠨᠳᠦᠷ ᠭᠠᠵᠠᠷ ᠢ ᠬᠦᠨᠳᠦᠳᠬᠡᠨ᠂ ᠦᠨᠳᠦᠷ ᠲᠤᠯᠤᠭᠠᠢ ᠶᠢᠨ ᠤᠷᠤᠢ ᠶᠢᠨ ᠳᠡᠭᠡᠷ᠎ᠡ ᠭᠠᠷᠴᠤ ᠠᠯᠤᠰ ᠢ ᠪᠠᠷᠠᠯᠠᠬᠤ᠂ ᠦᠨᠳᠦᠷ ᠤᠷᠤᠢ ᠶᠢᠨ ᠡᠩᠭᠡᠷ ᠲᠤ ᠨᠤᠳᠤᠭᠰᠢᠨ ᠰᠠᠭᠤᠬᠤ ᠪᠠ ᠭᠡᠷ ᠤᠨ ᠠᠷᠤ ᠶᠢᠨ ᠦᠨᠳᠦᠷ ᠤᠷᠤᠢ ᠤᠷᠤᠢ ᠪᠠᠨ ᠤᠢ ᠮᠤᠳᠤ ᠲᠠᠷᠢᠵᠦ ᠬᠠᠮᠠᠭᠠᠯᠠᠬᠤ᠂ ᠴᠠᠭᠠᠰᠢᠯᠠᠪᠠᠯ ᠵᠠᠷᠢᠮ ᠨᠢ ᠤᠪᠤᠭ᠎ᠠ ᠪᠤᠰᠬᠠᠵᠦ ᠳᠠᠬᠢᠬᠤ ᠮᠡᠳᠦ ᠶᠢᠨ ᠦᠢᠯᠡ ᠶᠠᠪᠤᠳᠠᠯ ᠢ ᠬᠢᠵᠦ ᠪᠠᠶᠢᠵᠠᠢ᠃ ᠴᠢᠩ ᠤᠯᠤᠰ ᠤᠨ ᠦᠶ᠎ᠡ ᠪᠤᠯᠬᠤ ᠳᠤ᠂ ᠮᠤᠩᠭᠤᠯ ᠭᠠᠵᠠᠷ ᠲᠤ ᠰᠢᠷ᠎ᠠ ᠶᠢᠨ ᠱᠠᠰᠢᠨ ᠳᠡᠯᠭᠡᠷᠡᠬᠦ ᠶᠢ ᠳᠠᠭᠠᠯᠳᠤᠨ ᠰᠦᠮ᠎ᠡ ᠬᠡᠶᠢᠳ ᠤᠨ ᠤᠪᠤᠭ᠎ᠠ᠂ ᠬᠤᠰᠢᠭᠤ ᠴᠢᠭᠤᠯᠭᠠᠨ ᠤ ᠤᠪᠤᠭ᠎ᠠ᠂ ᠬᠡᠭᠡᠨ ᠬᠤᠪᠢᠯᠭᠠᠨ ᠤ ᠤᠪᠤᠭ᠎ᠠ ᠪᠤᠰᠬᠠᠬᠳᠠᠵᠦ᠂ ᠪᠠᠰᠠ ᠮᠤᠩᠭᠤᠯᠴᠤᠳ ᠤᠨ ᠳᠤᠳᠤᠷ᠎ᠠ ᠪᠠᠶᠠᠨ ᠬᠦᠮᠦᠨ ᠪᠤᠶᠤ ᠨᠤᠶᠠᠨ ᠵᠡᠷᠭᠡᠳᠡᠨ ᠨᠠᠷ ᠪᠤᠶᠠᠨ ᠭᠡᠰᠢᠭ ᠢᠶᠠᠨ ᠨᠡᠮᠡᠭᠳᠡᠭᠦᠯᠵᠦ᠂ ᠦᠯᠵᠡᠢ ᠬᠤᠳᠤᠭ ᠤᠷᠤᠰᠢᠭᠤᠯᠬᠤ ᠶᠢᠨ ᠲᠦᠯᠦᠭᠡ ᠡᠷᠦᠬᠡ ᠭᠡᠷ ᠤᠨ ᠢᠶᠠᠨ ᠠᠷᠤ ᠬᠤᠶᠢᠭᠤᠷ ᠦᠨᠳᠦᠷ ᠭᠠᠵᠠᠷ ᠳᠡᠭᠡᠷ᠎ᠡ ᠯᠠᠮᠠ ᠬᠤᠸᠠᠷᠠᠭ ᠵᠠᠯᠠᠵᠦ ᠳᠠᠯᠠᠯᠭ᠎ᠠ ᠪᠦᠳᠦᠭᠡᠬᠦ᠂ ᠰᠠᠩ ᠰᠡᠷᠵᠢᠮ ᠡᠷᠭᠦᠵᠦ᠂ ᠱᠠᠩ ᠳᠠᠷᠤᠵᠦ ᠤᠪᠤᠭ᠎ᠠ ᠪᠤᠰᠬᠠᠵᠦ ᠳᠠᠬᠢᠳᠠᠭ ᠪᠤᠯᠵᠠᠢ᠃ ᠢᠩᠬᠢᠭᠡᠳ ᠤᠪᠤᠭ᠎ᠠ ᠨᠢ ᠮᠤᠩᠭᠤᠯᠴᠤᠳ ᠤᠨ ᠤᠤᠭᠠᠨ ᠰᠢᠳᠦᠭᠡᠨ ᠪᠤᠯᠤᠭᠰᠠᠨ ᠭᠡᠳᠡᠭ᠃ ᠭᠡᠪᠡᠴᠤ ᠤᠪᠤᠭ᠎ᠠ ᠶᠢ ᠡᠷᠦᠬᠡ ᠪᠦᠷᠢ ᠬᠦᠮᠦᠨ ᠪᠦᠬᠦᠨ ᠳᠤᠷ᠎ᠠ ᠪᠠᠷ ᠪᠤᠰᠬᠠᠳᠠᠭ ᠦᠭᠡᠢ᠃ ᠤᠴᠢᠷ ᠨᠢ ᠤᠪᠤᠭ᠎ᠠ ᠳᠠᠬᠢᠯᠭ᠎ᠠ ᠨᠢ ᠬᠦᠮᠦᠰ ᠤᠨ ᠳᠤᠭᠳᠠᠪᠤᠷᠢᠵᠢᠭᠰᠠᠨ ᠭᠠᠵᠠᠷ ᠤᠰᠤᠨ ᠤ ᠰᠢᠳᠦᠭᠡᠨ ᠳᠠᠬᠢᠯᠭ᠎ᠠ ᠪᠤᠯᠬᠤ ᠲᠤᠯᠠ ᠱᠠᠩ ᠳᠠᠷᠤᠵᠦ᠂ ᠪᠦᠳᠦᠭᠡᠭᠦᠯ ᠪᠦᠳᠦᠭᠡᠵᠦ ᠠᠮᠢᠯᠠᠭᠤᠯᠤᠭᠰᠠᠨ ᠬᠤᠶᠢᠨ᠎ᠠ ᠰᠠᠶ᠋ᠢ ᠳᠠᠬᠢᠳᠠᠭ᠃          ︽ᠤᠷᠳᠤᠰ ᠰᠤᠶᠤᠯ ᠵᠠᠩ ᠦᠢᠯᠡ︾ ᠭᠡᠬᠦ ᠨᠤᠮ ᠠᠴᠠ ᠪᠠᠭᠤᠯᠭᠠᠪᠠ᠃    
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号