ᠮᠠᠯᠴᠢᠨ ᠲᠦᠮᠡᠨ ᠳᠤ ᠲᠠᠭᠠᠰᠢᠶᠠᠭᠳᠠᠭᠰᠠᠨ ︽ᠮᠠᠩᠬᠠᠨ ᠪᠠᠯᠠᠷ ᠤᠨ ᠳᠠᠭᠤᠯᠠᠯ︾
ᠨᠡᠶᠢᠲᠡᠯᠡᠭᠰᠡᠨ ᠴᠠᠭ᠄
2020/10/23
      2019 ᠤᠨ ᠤ ᠤᠯᠤᠰ ᠤᠨ ᠰᠤᠶᠤᠯ ᠤᠷᠠᠯᠢᠭ ᠤᠨ ᠰᠠᠭᠤᠷᠢ ᠮᠦᠡᠭᠭᠦᠨ ᠤ ᠳᠡᠮᠵᠢᠯᠬᠡ ᠶᠢᠨ ᠲᠦᠷᠦᠯ ᠵᠦᠢᠯ ᠤᠨ ᠰᠢᠨ᠎ᠡ ᠶᠢ ᠡᠬᠦᠳᠤᠨ᠂ ᠵᠠᠭᠤᠨ ᠠᠯᠤᠰᠯᠠᠭᠰᠠᠨ ᠬᠦᠭᠵᠢᠯᠲᠡ ᠶᠢᠨ ᠪᠠᠶᠢᠳᠠᠯ ᠢ ᠠᠭᠤᠰᠤᠯᠴᠠᠭᠤᠯᠤᠭᠰᠠᠨ ᠦᠤᠰᠢᠨ ᠬᠤᠰᠢᠭᠤᠨ ᠤ ᠤᠯᠠᠭᠠᠠᠮᠦ᠋ᠴᠢᠷ ᠤᠨ ᠲᠤᠭᠯᠠᠭᠰᠠᠨ ︽ᠮᠠᠩᠬᠠᠨ ᠪᠠᠯᠠᠷ ᠤᠨ ᠳᠠᠭᠤᠯᠠᠯ︾ ᠬᠡᠬᠦ ᠮᠤᠩᠭᠤᠯ ᠵᠦᠴᠦᠬᠡ ᠲᠦᠷᠦᠬᠦᠭᠡᠨ ᠦᠤᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠳᠤ ᠠᠩᠬᠠᠨ ᠤ ᠲᠤᠭᠯᠠᠯᠲᠠ ᠪᠠᠨ ᠡᠬᠢᠯᠡᠬᠦᠯᠵᠤ᠂ ᠮᠠᠯᠴᠢᠨ ᠲᠦᠮᠡᠨ ᠤ ᠮᠠᠩᠨᠠᠢ ᠶᠢ ᠲᠠᠨᠢᠢᠯᠬᠡᠭᠰᠡᠨ ᠪᠠᠶᠢᠨ᠎ᠠ᠃       ᠠᠩᠬ᠎ᠠ ᠤᠳᠠᠭ᠎ᠠ ᠪᠠᠨ ᠦᠵᠡᠭᠴᠢᠳ ᠲᠠᠢ ᠵᠤᠯᠭᠠᠭᠤᠯᠵᠤ ᠪᠠᠶᠢᠭ᠎ᠠ ᠲᠤᠰ ᠵᠦᠴᠦᠬᠡ ᠪᠠᠨ ᠦᠤᠰᠢᠨ ᠬᠤᠰᠢᠭᠤᠨ ᠤ ᠤᠯᠠᠭᠠᠠᠮᠦ᠋ᠴᠢᠷ ᠤᠨ ᠬᠢᠨ ᠮᠠᠯᠴᠢᠨ ᠲᠦᠮᠡᠨ ᠳᠡᠭᠡᠨ ᠳᠡᠬᠡᠵᠢ ᠪᠤᠯᠭᠠᠨ ᠡᠷᠬᠦᠬᠦ ᠶᠢᠨ ᠬᠠᠮᠲᠤ ᠡᠵᠡᠨ ᠬᠤᠷᠤᠭ᠎ᠠ ᠬᠤᠰᠢᠭᠤ᠂ ᠬᠠᠨᠭ᠍ᠭᠢᠨ ᠬᠤᠰᠢᠭᠤ᠂ ᠤᠲᠤᠭ ᠬᠤᠰᠢᠭᠤ᠂ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠤ ᠬᠤᠰᠢᠭᠤ᠂ ᠬᠦᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠬᠦᠨ ᠬᠤᠰᠢᠭᠤ ᠵᠡᠷᠬᠡ ᠠᠶᠢᠮᠠᠭ ᠬᠤᠲᠠ ᠬᠤᠰᠢᠭᠤᠨ ᠤ ᠤᠯᠠᠭᠠᠠᠮᠦ᠋ᠴᠢᠷ ᠢ ᠤᠷᠢᠨ ᠰᠤᠨᠢᠷᠬᠠᠭᠤᠯᠤᠭᠰᠠᠨ ᠪᠠᠶᠢᠨ᠎ᠠ᠃       ᠤᠢᠢᠯᠠᠭᠠᠭᠰᠠᠨ ᠢᠶᠠᠷ᠂ ︽ᠮᠠᠩᠬᠠᠨ ᠪᠠᠯᠠᠷ ᠤᠨ ᠳᠠᠭᠤᠯᠠᠯ︾ ᠵᠦᠴᠦᠬᠡ ᠶᠢᠨ ᠵᠤᠬᠢᠶᠠᠯ ᠢ 2016 ᠤᠨ ᠳᠤ ᠠᠩᠬᠠᠯᠠᠨ ᠪᠢᠴᠢᠵᠤ᠂ ᠲᠤᠰ ᠤᠳᠠᠭ᠎ᠠ ᠠᠩᠬᠠᠨ ᠤ ᠲᠠᠯᠠᠪᠠᠢ ᠪᠠᠨ ᠲᠤᠭᠯᠠᠵᠤ ᠪᠤᠢ ᠪᠦᠬᠡᠳ ᠡᠨᠡ ᠵᠢᠯ 30 ᠳᠠᠯᠠᠪᠠᠢ ᠲᠤᠭᠯᠠᠬᠤ ᠪᠠᠷ ᠪᠠᠶᠢᠭ᠎ᠠ ᠭᠡᠨ᠎ᠠ᠃       ᠲᠤᠰ ᠵᠦᠴᠦᠬᠡ ᠨᠢ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠨᠢᠭᠲᠠ ᠤᠶᠠᠯᠳᠤᠨ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠠᠷᠠᠳ ᠲᠦᠮᠡᠨ ᠤ ᠰᠢᠨ᠎ᠡ ᠠᠮᠢᠳᠤᠷᠠᠯ ᠤᠨ ᠬᠠᠭᠤᠳᠠᠰᠤ ᠶᠢ ᠵᠦᠴᠦᠬᠡᠴᠢᠯᠡᠭᠰᠡᠨ ᠠᠴᠠ ᠮᠠᠯᠴᠢᠨ ᠲᠦᠮᠡᠨ ᠤ ᠪᠠᠨ ᠰᠡᠳᠬᠢᠯ ᠳᠤ ᠬᠦᠷᠴᠤ ᠴᠢᠳᠠᠭᠰᠠᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号