ᠬᠤᠷᠴᠢᠨ ᠪᠠᠷᠡᠭᠤᠨ ᠭᠠᠷᠣᠨ ᠡᠮᠤᠨᠡᠲᠦ ᠬᠤᠰᠢᠭᠤᠨ ᠤ ᠵᠠᠰᠠᠬᠲᠦ ᠠᠷᠡᠳ ᠤᠨ ᠳᠠᠭᠤᠤ ᠶᠢᠨ ᠠᠵᠢᠯ ᠤᠨ ᠴᠢᠯᠦᠭᠡᠨ ᠤ ᠳᠠᠭᠤᠴᠢᠳ ᠤᠨ ᠱᠠᠩᠨᠠᠯᠲᠦ ᠤᠷᠤᠯᠳᠤᠭᠠᠨ ᠠᠮᠵᠢᠯᠲᠠ ᠲᠠᠢ ᠦᠨᠳᠦᠷᠯᠡᠪᠠ
ᠨᠡᠶᠢᠲᠡᠯᠡᠭᠰᠡᠨ ᠴᠠᠭ᠄
2020/11/20
      ᠤᠤᠭᠠᠯ ᠰᠤᠶᠤᠯ ᠤᠨ ᠢᠷᠠᠭᠤ ᠡᠭᠡᠰᠢᠭ ᠴᠤᠤᠷᠢᠶᠠᠳᠦᠵᠦ᠂ ᠤᠶᠠᠩᠭᠠᠲᠦ ᠰᠠᠶᠢᠬᠠᠨ ᠬᠤᠷᠴᠢᠨ ᠤ ᠠᠶᠠᠯᠭᠤ ᠬᠠᠨᠭ᠍ᠬᠢᠨᠠᠬᠰᠠᠨ 11 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠠᠷᠡᠳ ᠤᠨ ᠵᠠᠰᠠᠬ ᠤᠨ ᠤᠷᠳᠤᠨ ᠠᠴᠠ ᠭᠤᠤᠯᠯᠡᠨ ᠡᠷᠬᠢᠯᠡᠵᠦ᠂ ᠬᠤᠰᠢᠭᠤᠨ ᠤ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ᠂ ᠮᠠᠨᠵᠤᠲ᠋ᠦ᠋ᠨ ᠤ ᠮᠠᠨᠵᠦ ᠦᠨᠳᠦᠰᠦᠲᠡᠨ ᠤ ᠰᠢᠶᠠᠩ ᠠᠴᠠ ᠳᠠᠭᠠᠭᠠᠴᠢᠯᠡᠨ ᠡᠷᠬᠢᠯᠡᠭᠰᠡᠨ 2020 ᠤᠨ ᠤ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠠᠰᠠᠬᠲᠦ ᠠᠷᠡᠳ ᠤᠨ ᠳᠠᠭᠤᠤ ᠶᠢᠨ ᠠᠵᠢᠯ ᠤᠨ ᠴᠢᠯᠦᠭᠡᠨ ᠤ ᠳᠠᠭᠤᠴᠢᠳ ᠤᠨ ᠱᠠᠩᠨᠠᠯᠲᠦ ᠤᠷᠤᠯᠳᠤᠭᠠᠨ ᠨᠢ ᠬᠤᠰᠢᠭᠤᠨ ᠤ ᠪᠠᠨ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶᠠᠨ ᠤ ᠨᠢᠭᠡᠳᠦᠭᠡᠷ ᠲᠠᠪᠬᠤᠷᠭ᠎ᠠ ᠶᠢᠨ ᠲᠢᠶᠠᠲᠷ ᠲᠤ ᠠᠮᠵᠢᠯᠲᠠ ᠲᠠᠢ ᠦᠨᠳᠦᠷᠯᠡᠪᠠ᠃       ᠲᠤᠰ ᠤᠳᠠᠭᠠᠨ ᠤ ᠤᠷᠤᠯᠳᠤᠭᠠᠨ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠦᠨ᠂ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠦᠪ ᠰᠤᠶᠤᠯ ᠢ ᠤᠯᠠᠮ ᠨᠢᠭᠡ ᠠᠯᠬᠤᠮ ᠵᠠᠯᠭᠠᠮᠵᠢᠯᠠᠨ ᠪᠠᠳᠠᠷᠠᠭᠤᠯᠵᠦ᠂ ᠬᠤᠷᠴᠢᠨ ᠠᠷᠡᠳ ᠤᠨ ᠳᠠᠭᠤᠤ ᠶᠢᠨ ᠷᠢᠳᠢ ᠰᠢᠳᠢ ᠶᠢ ᠭᠠᠶᠢᠬᠠᠭᠤᠯᠤᠨ᠂ ᠦᠨᠳᠦᠰᠦᠲᠡᠨ ᠤ ᠰᠤᠶᠤᠯ ᠤᠨ ᠬᠦᠭᠵᠢᠯᠲᠠ ᠶᠢ ᠨᠡᠩ ᠢᠯᠡᠭᠦᠦ ᠲᠦᠯᠬᠢᠨ ᠠᠬᠢᠭᠤᠯᠬᠤ ᠪᠠᠷ ᠭᠤᠤᠯ ᠵᠤᠷᠢᠯᠭ᠎ᠠ ᠪᠠᠨ ᠪᠤᠯᠭᠠᠵᠠᠢ᠃       ᠤᠷᠤᠯᠳᠤᠭᠠᠨ ᠢᠶᠠᠨ ᠤᠶᠠᠩᠭᠠᠳᠤ ᠠᠷᠡᠳ ᠤᠨ ᠳᠠᠭᠤᠤ ᠪᠤᠯᠦᠨ ᠦᠯᠢᠭᠡᠷᠲᠦ ᠠᠷᠡᠳ ᠤᠨ ᠳᠠᠭᠤᠤ ᠭᠡᠵᠦ ᠬᠤᠶᠠᠷ ᠲᠤᠭᠤᠢᠢᠯᠠᠩ ᠬᠤᠪᠢᠶᠠᠨ ᠶᠠᠪᠤᠬᠳᠠᠭᠤᠯᠵᠦ᠂ ᠲᠦᠡᠭᠯᠢᠶᠤᠤ ᠬᠤᠲᠠ᠂ ᠡᠷᠢᠶᠡᠨ ᠬᠤᠲᠠ ᠵᠢᠴᠢ ᠮᠠᠨ ᠤ ᠠᠶᠢᠮᠠᠭ ᠤᠨ ᠡᠯ᠎ᠠ ᠬᠤᠰᠢᠭᠤ ᠬᠤᠲᠠ ᠶᠢᠨ ᠠᠵᠢᠯ ᠤᠨ ᠴᠢᠯᠦᠭᠡᠨ ᠤ 130 ᠭᠠᠷᠦᠢ ᠳᠠᠭᠤᠴᠢᠨ ᠤᠷᠤᠯᠴᠠᠬᠰᠠᠨ ᠪᠠᠶᠢᠨ᠎ᠠ᠃ ᠡᠭᠦᠨ ᠳᠤ ᠨᠤᠭᠤᠯᠤᠭ᠎ᠠ ᠤᠷᠤᠯᠳᠤᠭᠠᠨ ᠢᠶᠠᠷ ᠳᠠᠮᠵᠢᠨ 40 ᠨᠡᠷᠡᠰ ᠤᠷᠤᠯᠳᠤᠬᠴᠢ ᠶᠢ ᠰᠢᠢᠳᠪᠦᠷᠢᠲᠦ ᠤᠷᠤᠯᠳᠤᠭᠠᠨ ᠳᠤ ᠤᠷᠤᠯᠴᠠᠭᠤᠯᠵᠦ᠂ ᠰᠤᠳᠤᠨ ᠳᠠᠭᠤᠴᠢᠨ ᠢ ᠰᠢᠯᠭᠠᠷᠠᠭᠤᠯᠵᠦ ᠭᠠᠷᠭᠠᠵᠠᠢ᠃ ᠲᠤᠰ ᠤᠳᠠᠭᠠᠨ ᠤ ᠤᠷᠤᠯᠳᠤᠭᠠᠨ ᠨᠢ ᠦᠡᠭᠭᠡᠷᠡᠭᠰᠡᠨ ᠤ ᠬᠢ ᠲᠠᠢ ᠬᠠᠷᠢᠴᠠᠭᠤᠯᠪᠠᠯ᠂ ᠤᠷᠤᠯᠴᠠᠬᠰᠠᠨ ᠬᠦᠮᠦᠨ ᠤ ᠲᠤᠭ᠎ᠠ ᠪᠠᠷ ᠤᠯᠠᠨ ᠮᠦᠷᠳᠡᠭᠡᠨ ᠱᠠᠩᠨᠠᠯ ᠤᠨ ᠮᠦᠡᠭᠬᠦ ᠨᠢ ᠴᠦ ᠦᠡᠭᠭᠡᠷᠡᠭᠰᠡᠨ ᠤ ᠬᠢ ᠠᠴᠠ ᠦᠨᠳᠤᠷ ᠪᠤᠯᠵᠠᠢ᠃ ᠤᠷᠤᠯᠳᠤᠭᠠᠨ ᠢᠶᠠᠨ ᠤᠶᠠᠩᠭᠠᠳᠤ ᠠᠷᠡᠳ ᠤᠨ ᠳᠠᠭᠤᠤ ᠪᠤᠯᠦᠨ ᠦᠯᠢᠭᠡᠷᠲᠦ ᠠᠷᠡᠳ ᠤᠨ ᠳᠠᠭᠤᠤ ᠭᠡᠵᠦ ᠬᠤᠶᠠᠷ ᠪᠦᠯᠦᠭ ᠬᠤᠪᠢᠶᠠᠨ ᠶᠠᠪᠤᠬᠳᠠᠭᠤᠯᠤᠬᠰᠠᠨ ᠨᠢ ᠦᠡᠭᠭᠡᠷᠡᠭᠰᠡᠨ ᠤ ᠬᠢ ᠲᠠᠢ ᠬᠠᠷᠢᠴᠠᠭᠤᠯᠪᠠᠯ ᠪᠠᠰᠠ ᠨᠢᠭᠡᠨ ᠠᠳᠠᠯᠢ ᠪᠤᠰᠤ ᠲᠠᠯ᠎ᠠ ᠪᠤᠯᠦᠨ᠎ᠠ᠃ ᠡᠯ᠎ᠠ ᠭᠠᠵᠠᠷ ᠠᠴᠠ ᠢᠷᠡᠭᠰᠡᠨ ᠤᠷᠤᠯᠳᠤᠬᠴᠢᠳ ᠮᠠᠨᠢ ᠤᠷᠤᠯᠳᠤᠭᠠᠨ ᠳᠤ ᠤᠷᠤᠯᠴᠠᠬᠤ ᠳᠤ ᠪᠠᠨ ᠮᠤᠩᠭᠤᠯ ᠬᠤᠪᠴᠠᠰᠦ ᠵᠠᠰᠠᠯ ᠢᠶᠠᠷ ᠢᠶᠠᠨ ᠭᠤᠶᠤᠯᠠᠨ᠂ ᠨᠤᠲᠤᠭ ᠤᠰᠤ᠂ ᠬᠦᠮᠦᠨ ᠠᠷᠡᠳ᠂ ᠪᠠᠶᠢᠭᠠᠯᠢ ᠤᠷᠴᠢᠨ ᠢᠶᠠᠨ ᠮᠠᠬᠳᠠᠨ ᠰᠠᠶᠢᠰᠢᠶᠠᠬᠰᠠᠨ ᠤᠶᠠᠩᠭᠠᠲᠦ ᠰᠠᠶᠢᠬᠠᠨ ᠬᠤᠷᠴᠢᠨ ᠠᠷᠠᠳ ᠤᠨ ᠳᠠᠭᠤᠤ ᠪᠠᠷ ᠢᠶᠠᠨ ᠦᠵᠡᠭᠴᠢ ᠤᠯᠠᠨ ᠤ ᠪᠠᠨ ᠬᠠᠷᠠᠭ᠎ᠠ ᠰᠤᠨᠤᠷ ᠢ ᠪᠠᠶᠠᠰᠬᠠᠵᠦ ᠤᠷᠤᠯᠳᠤᠭᠠᠨ ᠤ ᠲᠤᠬᠠᠢ ᠶᠢᠨ ᠲᠠᠯᠠᠪᠦᠷ ᠢ ᠬᠦᠷ ᠬᠦᠭᠵᠢᠶᠠᠨ ᠢᠶᠠᠷ ᠪᠢᠯᠬᠠᠭᠤᠯᠵᠠᠢ᠃       ᠬᠢᠨᠠᠬᠴᠢ ᠪᠠᠭᠰᠢ ᠨᠠᠷ ᠤᠨ ᠲᠦᠪ ᠭᠤᠤᠯᠴᠢ ᠬᠢᠨᠠᠯᠲᠠ ᠪᠠᠷ ᠦᠯᠢᠭᠡᠷᠲᠦ ᠠᠷᠡᠳ ᠤᠨ ᠳᠠᠭᠤᠤ ᠶᠢᠨ ᠲᠤᠭᠤᠢᠢᠯᠠᠩ ᠳᠤ᠂ ᠲᠢᠶᠧ ᠮᠢᠩ ᠲᠡᠷᠢᠭᠦᠨ ᠨᠡᠷᠡᠰ ᠢ ᠰᠢᠬᠦᠷᠴᠦ᠂ ᠾᠧ ᠯᠢᠶᠠᠨ ᠰᠦᠸᠧ ᠬᠤᠶᠠᠳᠤᠭᠠᠷ ᠲᠤ ᠳᠤᠳᠤᠷᠠᠵᠦ᠂ ᠵᠦ ᠪᠠᠶᠠᠷ ᠭᠤᠳᠠᠭᠠᠷᠯᠠᠵᠦ ᠱᠠᠩᠨᠠᠯ ᠲᠤᠰᠤᠬᠰᠠᠨ ᠪᠠᠶᠢᠨ᠎ᠠ᠃ ᠤᠶᠠᠩᠭᠠᠳᠤ ᠠᠷᠡᠳ ᠤᠨ ᠳᠠᠭᠤᠤ ᠶᠢᠨ ᠲᠤᠭᠤᠢᠢᠯᠠᠩ ᠳᠤ᠂ ᠢᠷᠦᠭᠡᠯᠲᠦ ᠨᠢᠭᠡᠳᠦᠭᠡᠷ ᠨᠡᠷᠡᠰ᠂ ᠪᠠᠶᠡᠨᠳᠦ᠋ᠭᠦᠷᠡᠩ ᠬᠤᠶᠠᠳᠤᠭᠠᠷ ᠨᠡᠷᠡᠰ᠂ ᠪᠤᠤ ᠪᠠᠶᠠᠷ ᠭᠤᠷᠪᠠᠳᠤᠭᠠᠷ ᠲᠤ ᠳᠤᠳᠤᠷᠠᠵᠦ ᠱᠠᠩᠨᠠᠯ ᠲᠤᠰᠤᠬᠰᠠᠨ ᠪᠠᠶᠢᠨ᠎ᠠ᠃ ᠡᠭᠦᠨ ᠠᠴᠠ ᠭᠠᠳᠠᠨ᠎ᠠ ᠵᠤᠬᠢᠬᠤ ᠲᠤᠭᠠᠨ ᠤ ᠳᠠᠭᠤᠴᠢᠨ ᠳᠤ ᠰᠢᠯᠢᠳᠡᠭ ᠱᠠᠩᠨᠠᠯ ᠭᠠᠷᠳᠠᠭᠤᠯᠵᠠᠢ᠃       ᠤᠷᠤᠯᠳᠤᠭᠠᠨ ᠤ ᠳᠠᠷᠠᠭ᠎ᠠ ᠦᠯᠢᠭᠡᠷᠲᠦ ᠠᠷᠡᠳ ᠤᠨ ᠳᠠᠭᠤᠤ ᠶᠢᠨ ᠲᠦᠷᠦᠭᠦᠦ ᠨᠡᠷᠡᠰ ᠲᠤ ᠳᠤᠳᠤᠷᠠᠬᠰᠠᠨ ᠲᠢᠶᠧ ᠮᠢᠩ ᠰᠤᠷᠪᠤᠯᠵᠢᠯᠠᠭ᠎ᠠ ᠬᠦᠯᠢᠶᠡᠬᠦ ᠳᠤ ᠪᠠᠨ᠄ ︽ᠠᠩᠬ᠎ᠠ ᠤᠳᠠᠭ᠎ᠠ ᠬᠢᠨᠭ᠍ᠭᠠᠨ ᠠᠶᠢᠮᠠᠭ ᠲᠤ ᠢᠷᠡᠵᠦ ᠡᠶᠢᠮᠤᠷᠬᠦᠦ ᠲᠤᠮᠤ ᠤᠷᠤᠯᠳᠤᠭᠠᠨ ᠳᠤ ᠤᠷᠤᠯᠴᠠᠭᠠᠳ ᠰᠢᠯᠢᠳᠡᠭ ᠬᠢᠷᠢ ᠪᠦᠲᠦᠮᠵᠢ ᠤᠯᠤᠬᠰᠠᠨ ᠳᠤ ᠪᠠᠨ ᠰᠡᠳᠬᠢᠯ ᠮᠠᠰᠢ ᠦᠨᠳᠦᠷ ᠪᠠᠶᠢᠬᠤ ᠪᠦᠭᠡᠳ ᠬᠢᠨᠭ᠍ᠭᠠᠨ ᠤ ᠬᠦᠮᠦᠨ ᠠᠷᠡᠳ ᠤᠨ ᠬᠠᠯᠠᠭᠤᠮᠰᠤᠭ ᠲᠤᠲᠤᠨᠤᠰᠤᠬ ᠨᠢ ᠦᠨᠡᠭᠡᠷ ᠮᠢᠨᠦ ᠰᠡᠳᠬᠢᠯ ᠢ ᠳᠤᠬᠳᠤᠯᠤᠭᠤᠯᠤᠬᠰᠠᠨ ᠪᠠᠶᠢᠨ᠎ᠠ᠂ ᠬᠤᠵᠢᠮ ᠬᠤᠶᠢᠰᠢᠲᠠ ᠡᠶᠢᠮᠦᠷᠭᠦᠤ ᠤᠷᠤᠯᠳᠤᠭᠠᠨ ᠳᠤ ᠨᠡᠩ ᠢᠯᠡᠭᠦᠦ ᠤᠷᠤᠯᠴᠠᠵᠦ ᠦᠨᠳᠦᠰᠦᠲᠡᠨ ᠤ ᠪᠠᠨ ᠦᠪ ᠰᠤᠶᠤᠯ ᠢᠶᠠᠨ ᠨᠡᠩ ᠰᠠᠶᠢᠨ ᠤᠯᠠᠮᠵᠢᠯᠠᠨ ᠪᠠᠳᠠᠷᠠᠭᠤᠯᠬᠤ ᠪᠠᠷ ᠴᠢᠷᠮᠠᠶᠢᠨ᠎ᠠ︾ ᠭᠡᠵᠦ ᠦᠪᠡᠷ ᠤᠨ ᠪᠤᠳᠤᠯ ᠢᠶᠠᠨ ᠲᠡᠯᠭᠡᠵᠦ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号