ᠰᠢᠳᠢᠳᠤ ᠷᠠᠰᠢᠶᠠᠨ — ︽ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠡᠷᠡᠯ ᠵᠢᠷᠤᠭ ᠤᠨ ᠱᠠᠩᠨᠠᠯ ᠤᠯᠭᠤᠬᠤ ᠦᠪᠡᠳᠡᠭᠰᠢ ᠶᠤᠰᠤᠯᠠᠯ︾ ᠷᠠᠰᠢᠶᠠᠨ ᠬᠤᠳᠠᠨ ᠳᠤ ᠶᠠᠪᠤᠬᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/11/25
      ᠲᠦᠪ ᠤᠨ ᠷᠠᠳᠢᠤ᠋ ᠰᠦᠯᠵᠢᠶᠡᠨ ᠤ ᠭᠤᠸᠠᠩᠵᠸᠤ ᠶᠢᠨ 11 ᠰᠠᠷ᠎ᠠ ᠶᠢᠨ 17 ᠤ ᠡᠳᠦᠷ ᠤᠨ ᠮᠡᠳᠡᠭᠡ  ᠄  ᠬᠢᠩᠭᠠᠨ ᠠᠶᠢᠮᠠᠭ ᠤᠨ ᠷᠠᠰᠢᠶᠠᠨ ᠬᠤᠳᠠᠨ ᠤ ᠠᠷᠠᠳ ᠤᠨ ᠵᠠᠰᠠᠭ ᠤᠨ ᠤᠷᠳᠤᠨ᠂ ᠤᠯᠠᠨ ᠤᠯᠤᠰ ᠤᠨ ᠬᠡᠷᠡᠯ ᠵᠢᠷᠤᠭ  ᠤᠨ ᠨᠡᠶᠢᠬᠡᠮᠯᠢᠭ᠂ ᠭᠤᠸᠠᠩᠵᠸᠤ ᠶᠢᠨ ᠤᠯᠠᠨ ᠤᠯᠤᠰ ᠤᠨ ᠤᠷᠠᠯᠢᠭ ᠤᠨ ᠦᠵᠡᠰᠬᠦᠯᠡᠩ ᠤᠨ  ᠵᠤᠬᠢᠶᠠᠨ ᠪᠠᠶᠢᠭᠤᠯᠬᠤ ᠵᠦᠪᠯᠡᠯ ᠤᠨ ᠬᠠᠮᠳᠦᠷᠠᠨ ᠡᠷᠬᠢᠯᠡᠭᠰᠡᠨ ︽ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠡᠷᠡᠯ ᠵᠢᠷᠤᠭ ᠤᠨ ᠱᠠᠩᠨᠠᠯ ᠤᠯᠭᠤᠬᠤ ᠦᠪᠡᠳᠡᠭᠰᠢ ᠶᠤᠰᠤᠯᠠᠯ︾ ᠢ 2021 ᠤᠨ ᠤ 1 ᠰᠠᠷ᠎ᠠ ᠳᠤ ᠷᠠᠰᠢᠶᠠᠨ ᠬᠤᠳᠠᠨ ᠳᠤ ᠶᠠᠪᠤᠬᠳᠠᠭᠤᠯᠬᠤ ᠪᠠᠷ ᠪᠠᠶᠢᠨ᠎ᠠ᠃       ᠤᠶᠢᠷ᠎ᠠ ᠳᠤ᠂ ᠤᠷᠤᠯᠳᠤᠭᠠᠨ ᠤ ᠵᠤᠬᠢᠶᠠᠨ ᠪᠠᠶᠢᠭᠤᠯᠬᠤ ᠵᠦᠪᠯᠡᠯ ᠭᠤᠸᠠᠩᠵᠸᠤ ᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ᠃ ᠵᠤᠬᠢᠶᠠᠨ ᠪᠠᠶᠢᠭᠤᠯᠬᠤ  ᠵᠦᠪᠯᠡᠯ ᠤᠨ ᠲᠠᠨᠢᠯᠴᠠᠭᠤᠯᠤᠬᠰᠠᠨ ᠢᠶᠠᠷ᠂ ᠤᠯᠠᠨ ᠤᠯᠤᠰ ᠤᠨ ᠬᠡᠷᠡᠯ ᠵᠢᠷᠤᠭ ᠤᠨ ᠱᠠᠩᠨᠠᠯ ᠤᠯᠭᠤᠬᠤ ᠦᠪᠡᠳᠡᠭᠰᠢ ᠶᠤᠰᠤᠯᠠᠯ ᠪᠤᠯ ᠤᠯᠠᠨ ᠤᠯᠤᠰ ᠤᠨ ᠬᠡᠷᠡᠯ ᠵᠢᠷᠤᠭ  ᠤᠨ ᠨᠡᠶᠢᠬᠡᠮᠯᠢᠭ ᠠᠴᠠ ᠡᠬᠦᠰᠬᠡᠵᠦ ᠪᠦᠬᠦ ᠪᠦᠮᠪᠦᠷᠴᠡᠭ ᠤᠨ ᠬᠡᠷᠡᠯ ᠵᠢᠷᠤᠭ ᠤᠨ ᠡᠳᠡᠭᠡᠳ ᠲᠤ ᠬᠠᠨᠳᠤᠭᠤᠯᠤᠬᠰᠠᠨ ᠱᠠᠩᠨᠠᠯ ᠤᠯᠭᠤᠬᠤ ᠦᠪᠡᠳᠡᠭᠰᠢ ᠶᠠᠪᠤᠳᠠᠯ ᠪᠤᠯᠤᠨ᠎ᠠ᠃ ᠰᠢᠯᠢᠳᠡᠭ ᠠᠮᠵᠢᠯᠳᠠ ᠤᠯᠤᠬᠰᠠᠨ ᠬᠤᠪᠢ ᠬᠦᠮᠦᠨ ᠵᠢᠴᠢ ᠨᠢᠬᠡᠴᠡ   ᠶᠢ ᠬᠦᠬᠢᠬᠦᠯᠦᠨ ᠰᠠᠶᠢᠰᠢᠶᠠᠬᠤ ᠲᠡᠪᠴᠡᠩ  ᠪᠤᠯᠤᠨ᠎ᠠ᠃       ᠤᠯᠠᠨ ᠤᠯᠤᠰ ᠤᠨ ᠬᠡᠷᠡᠯ ᠵᠢᠷᠤᠭ ᠤᠨ ᠨᠡᠶᠢᠬᠡᠮᠯᠢᠭ ᠤᠨ ᠲᠡᠷᠢᠬᠦᠯᠡᠭᠴᠢ ᠵᠤᠤ ᠰᠢᠤᠢ ᠰᠢᠨ ᠤ ᠲᠠᠨᠢᠯᠴᠠᠭᠤᠯᠤᠬᠰᠠᠨ ᠢᠶᠠᠷ᠂ ᠱᠠᠩᠨᠠᠯ ᠤᠯᠭᠤᠬᠤ ᠦᠪᠡᠳᠡᠭᠰᠢ ᠶᠡᠭᠡ ᠶᠤᠰᠤᠯᠠᠯ ᠳᠤ 8 ᠰᠢᠯᠭᠠᠷᠠᠭᠤᠯᠤᠯᠳᠠ ᠵᠢᠴᠢ ᠱᠠᠩᠨᠠᠯ ᠤᠯᠭᠤᠬᠤ ᠠᠭᠤᠯᠭ᠎ᠠ ᠲᠤᠬᠢᠷᠠᠭᠤᠯᠵᠠᠢ᠃ ᠡᠬᠦᠨ ᠳᠤ ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠡᠷᠡᠯ ᠵᠢᠷᠤᠭ ᠤᠨ ᠱᠠᠩᠨᠠᠯ ᠤᠯᠭᠤᠬᠤ ᠦᠪᠡᠳᠡᠭᠰᠢ ᠶᠡᠭᠡ ᠶᠤᠰᠤᠯᠠᠯ ᠤᠨ ᠪᠦᠬᠦ ᠪᠦᠮᠪᠦᠷᠴᠡᠭ ᠤᠨ ᠬᠡᠷᠡᠯ ᠵᠢᠷᠤᠬᠴᠢᠨ  ᠤ ᠨᠠᠰᠦᠨ ᠲᠤᠷᠰᠢᠳᠠ ᠶᠢᠨ ᠠᠮᠵᠢᠯᠳᠠ ᠪᠦᠳᠦᠮᠵᠢ ᠶᠢᠨ ᠱᠠᠩᠨᠠᠯ ︵ᠬᠠᠮᠤᠭ ᠲᠡᠭᠡᠳᠦ ᠢᠷᠠᠭᠤ ᠠᠯᠳᠠᠷ ᠤᠨ ᠭᠠᠪᠢᠶᠠᠨ ᠲᠡᠮᠳᠡᠭ︶᠂ ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠡᠷᠡᠯ ᠵᠢᠷᠤᠭ ᠤᠨ ᠱᠠᠩᠨᠠᠯ ᠤᠯᠭᠤᠬᠤ ᠦᠪᠡᠳᠡᠭᠰᠢ ᠶᠤᠰᠤᠯᠠᠯ ᠤᠯᠠᠨ ᠤᠯᠤᠰ ᠤᠨ ᠬᠡᠷᠡᠯ ᠵᠢᠷᠤᠭ ᠤᠨ 10 ᠰᠤᠳᠤᠨ ᠬᠡᠷᠡᠯ ᠵᠢᠷᠤᠬᠴᠢᠨ ︵ᠬᠦᠮᠦᠨ ᠰᠤᠶᠤᠯ ᠤᠨ ᠪᠤᠳᠠᠳᠤ ᠲᠡᠮᠳᠡᠭᠯᠡᠯ᠂ ᠤᠷᠠᠯᠢᠭ ᠤᠨ ᠦᠩᠭᠡ ᠦᠵᠡᠮᠵᠢ᠂ ᠤᠷᠠᠯᠢᠭ ᠤᠨ ᠬᠦᠮᠦᠨ ᠤ ᠬᠦᠷᠦᠭ᠂ ᠬᠤᠳᠠᠯᠳᠤᠭᠠᠨ ᠤ ᠵᠠᠷ᠂ ᠬᠤᠷᠢᠮ ᠤᠨ ᠬᠤᠪᠴᠠᠰᠦ ᠤᠷᠤᠭ ᠤᠨ ᠶᠤᠰᠤᠯᠠᠯ᠂ ᠠᠮᠢᠳᠠᠨ ᠤᠷᠭᠤᠮᠠᠯ᠂ ᠪᠢᠴᠢᠯ ᠵᠠᠶᠢᠳᠤ ᠤᠬᠳᠠᠷᠭᠤᠢ ᠠᠴᠠ ᠰᠡᠬᠦᠳᠡᠷᠯᠡᠬᠦ᠂ ᠪᠡᠶ᠎ᠡ ᠶᠢᠨ ᠲᠠᠮᠢᠷ ᠤᠨ ᠬᠦᠳᠡᠯᠬᠡᠬᠡᠨ᠂ ᠬᠡᠷᠡᠯ ᠵᠢᠷᠤᠭ ᠤᠨ ᠬᠤᠵᠢᠭᠤ ᠦᠢᠯᠡᠳᠬᠦ ᠠᠷᠪᠠᠨ ᠲᠦᠷᠦᠯ︶ ᠵᠢᠴᠢ ᠬᠡᠷᠡᠯ ᠵᠢᠷᠤᠬᠴᠢᠨ ᠤ ᠬᠠᠮᠤᠭ ᠲᠤᠷᠠᠳᠠᠢ ᠬᠡᠷᠡᠯ ᠵᠢᠷᠤᠭ ᠤᠨ ᠵᠤᠬᠢᠶᠠᠨ ᠪᠦᠳᠦᠬᠡᠯ ᠤᠨ  ᠵᠡᠷᠭᠡ ᠱᠠᠩᠨᠠᠯ ᠤᠨ ᠠᠭᠤᠯᠭ᠎ᠠ ᠪᠠᠭᠳᠠᠨ᠎ᠠ᠃
 
ᠢᠷᠡᠯᠲᠡ᠄ ᠷᠡᠰᠢᠶᠠᠨ ᠬᠤᠳᠡ ᠶᠢᠨ ᠰᠣᠶᠣᠯ ᠵᠣᠭᠠᠴᠠᠯ ᠪᠠᠶ᠎ᠠ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号