ᠪᠠᠶᠠᠨᠬᠤᠰᠢᠭᠤ ᠲᠦᠷᠪᠡᠳᠤᠭᠡᠷ ᠲᠤᠮᠳᠠᠳᠤ ᠰᠤᠷᠭᠠᠭᠤᠯᠢ ᠨᠠᠮ ᠤᠨ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠢᠳᠡᠪᠬᠢᠳᠠᠢ ᠰᠤᠷᠤᠯᠴᠠᠨ ᠲᠤᠭᠤᠰᠢᠯᠠᠭᠤᠯᠵᠤ ᠪᠤᠢ
ᠨᠡᠶᠢᠲᠡᠯᠡᠭᠰᠡᠨ ᠴᠠᠭ᠄
2020/11/27
      ᠨᠠᠮ ᠤᠨ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠮᠵᠢᠯᠳᠠ ᠲᠠᠢ ᠬᠤᠷᠠᠯᠳᠤᠵᠤ᠂ ᠮᠠᠨ ᠤ ᠠᠶᠢᠮᠠᠭ ᠤᠨ ᠦᠷᠭᠡᠨ ᠤᠯᠠᠨ ᠪᠠᠭᠰᠢ ᠨᠠᠷ ᠤᠨ ᠲᠤᠮᠳᠠ ᠰᠤᠷᠤᠯᠴᠠᠬᠤ ᠬᠠᠯᠠᠭᠤᠷᠠᠯ ᠪᠤᠯᠵᠤ ᠪᠤᠢ᠃ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠥᠬᠡᠨ ᠠᠭᠤᠯᠵᠠᠷ ᠲᠡᠭᠡᠷ᠎ᠠ ᠬᠤᠷᠠᠯᠳᠤᠭᠤᠯᠤᠭᠰᠠᠨ ᠨᠠᠮ ᠤᠨ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠨᠢ 2035 ᠤᠨ ᠤ ᠠᠯᠤᠰ ᠤᠨ ᠬᠠᠷᠠᠯᠳᠠ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠬᠤᠭᠤᠴᠠᠭᠠᠨ ᠳᠠᠬᠢ ᠬᠦᠭᠵᠢᠯᠳᠠ ᠶᠢᠨ ᠵᠢᠯᠤᠭᠤᠳᠬᠤ ᠴᠢᠭᠯᠡᠯᠳᠠ᠂ ᠪᠠᠷᠢᠮᠳᠠᠯᠠᠬᠤ ᠵᠠᠷᠴᠢᠮ᠂ ᠭᠤᠥᠯ ᠬᠠᠷᠠᠯᠳᠠ ᠪᠠ ᠴᠢᠬᠤᠯᠠ ᠡᠬᠦᠷᠭᠡ ᠶᠢ ᠲᠤᠳᠤᠷᠬᠠᠢ ᠲᠤᠷᠠᠳᠤᠭᠰᠠᠨ ᠪᠠᠶᠢᠨ᠎ᠠ᠃ ᠡ᠊ᠨᠠ ᠨᠢ ᠲᠤᠮᠳᠠᠳᠤ ᠤᠯᠤᠰ ᠤᠨ ᠬᠤᠶᠢᠰᠢᠳᠠ ᠶᠢᠨ 5 ᠵᠢᠯ ᠵᠢᠴᠢ 15 ᠵᠢᠯ ᠤᠨ ᠬᠦᠭᠵᠢᠯᠳᠠ ᠶᠢᠨ ᠴᠢᠬᠤᠯᠠ ᠪᠠᠷᠢᠮᠳᠠᠯᠠᠯ ᠪᠤᠯᠵᠤ᠂ ᠬᠤᠤᠰ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠠ ᠲᠤᠮᠳᠠᠳᠤ ᠶᠢᠨ ᠦᠨᠳᠤᠰᠤᠳᠡᠨ ᠤ ᠠᠭᠤᠥ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠬᠦᠰᠡᠯ ᠵᠡᠬᠦᠳᠤ ᠶᠢ ᠲᠡᠷᠭᠡᠯᠰᠢᠬᠦᠯᠬᠦ ᠳᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠮᠵᠢ ᠬᠠᠩᠭᠠᠵᠠᠢ᠃ ᠪᠦᠬᠦᠳᠠ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠦᠬᠦᠷ ᠢᠶᠠᠷ ᠭᠤᠥᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠠᠵᠤ᠂ ᠨᠢᠭᠡ ᠰᠡᠳᠬᠢᠯ ᠨᠢᠭᠡ ᠵᠤᠷᠢᠭ ᠢᠶᠠᠷ ᠰᠢᠷᠭᠠᠭᠤ ᠲᠡᠮᠡᠴᠡᠵᠤ᠂ ᠨᠡᠶᠢᠭᠡᠮ ᠵᠢᠷᠥᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠠ ᠢᠯᠠᠯᠳᠠ ᠶᠢ ᠲᠡᠮᠡᠴᠡᠨ ᠤᠯᠰᠤᠭᠠᠢ ᠭᠡᠵᠤ ᠤᠷᠢᠶᠠᠯᠠᠭᠰᠠᠨ ᠪᠠᠶᠢᠨ᠎ᠠ᠃       ᠪᠦᠬᠦᠳᠡ ᠬᠤᠷᠠᠯ ᠤᠨ ᠳᠠᠷᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠢ ᠡᠬᠦᠷ ᠠᠴᠠ ᠪᠦᠬᠦ ᠪᠠᠭᠰᠢ ᠠᠵᠢᠯᠳᠠᠨ ᠢᠶᠠᠨ ᠤᠷᠢᠶᠠᠯᠠᠨ᠂ ᠳᠤᠭᠤᠶᠢᠯᠠᠩ ᠨᠢᠬᠡᠴᠢᠯᠡᠵᠦ ᠵᠤᠬᠢᠶᠠᠨ ᠪᠠᠶᠢᠭᠤᠯᠤᠨ ᠰᠤᠷᠤᠯᠴᠠᠬᠰᠠᠨ ᠪᠠᠶᠢᠨ᠎ᠠ᠃ ᠡᠬᠦᠨ ᠳᠤ᠂ ᠨᠠᠮ ᠤᠨ ᠬᠡᠰᠢᠬᠦᠨ ᠪᠠᠭᠰᠢ ᠨᠠᠷ ᠲᠠᠭᠠᠭᠤᠯᠤᠨ ᠰᠤᠷᠤᠯᠴᠠᠵᠦ᠂ ᠰᠤᠳᠤᠯᠤᠨ ᠶᠠᠷᠢᠯᠴᠠᠬᠤ ᠬᠤᠷᠠᠯ ᠬᠢᠵᠦ ᠤᠯᠤᠯᠳᠠ ᠳᠦᠷᠦᠭᠳᠡᠯ ᠢᠶᠠᠨ ᠬᠤᠪᠢᠶᠠᠯᠴᠠᠵᠠᠢ᠃ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ ᠰᠤᠶᠤᠯ ᠤᠨ ᠦᠢᠯᠡᠰ ᠴᠡᠴᠡᠭᠯᠡᠨ ᠬᠦᠭᠵᠢᠵᠦ᠂ ᠳᠡᠬᠡᠳᠤ ᠵᠡᠷᠬᠡ ᠶᠢᠨ ᠰᠤᠷᠭᠠᠨ ᠬᠦᠮᠦᠵᠢᠯ ᠳᠦᠬᠡᠮᠡᠯᠵᠢᠬᠦ ᠱᠠᠳᠤᠨ ᠳᠤ ᠤᠷᠤᠵᠦ᠂ ᠬᠦᠮᠦᠰ ᠢ ᠪᠠᠶᠠᠷᠯᠠᠭᠤᠯᠤᠮ᠎ᠠ ᠦᠨᠳᠤᠷ ᠠᠮᠵᠢᠯᠳᠠ ᠤᠯᠵᠦ᠂ ︽ᠠᠷᠪᠠᠨ ᠳᠦᠷᠪᠡᠳᠦᠭᠡᠷ ᠳᠠᠪᠤᠨ ᠵᠢᠯ ᠤᠨ ᠳᠦᠯᠦᠪᠵᠢᠬᠦᠯᠬᠡ︾ ᠨᠢ ᠬᠦᠮᠦᠰ ᠤᠨ ᠠᠵᠢᠯ ᠤᠨ ᠪᠠᠶᠢᠷᠢ ᠳᠤ ᠪᠠᠨ ᠮᠠᠷᠡᠶᠢᠨ ᠴᠢᠷᠮᠠᠶᠢᠵᠤ᠂ ᠰᠢᠯᠢᠳᠡᠭ ᠬᠢᠷᠢ ᠪᠦᠳᠤᠮᠵᠢ ᠤᠯᠬᠤ ᠤᠷᠮ᠎ᠠ ᠵᠤᠷᠢᠭ ᠢ ᠬᠦᠪᠴᠢᠯᠡᠭᠰᠡᠨ ᠪᠠᠶᠢᠨ᠎ᠠ᠃ ᠡᠬᠦᠨ ᠳᠤ᠂ ᠤᠯᠠᠨ ᠪᠠᠭᠰᠢ ᠨᠠᠷ ᠤᠷᠮ᠎ᠠ ᠵᠤᠷᠢᠭ ᠪᠠᠳᠠᠷᠠᠩᠭᠤᠢ᠂ ᠡᠬᠡ ᠤᠯᠤᠰ ᠲᠤ ᠪᠠᠨ ᠨᠡᠩ ᠢᠳᠡᠬᠡᠯ ᠲᠠᠢ ᠪᠤᠯᠵᠤ᠂ ᠦᠪᠡᠷ ᠤᠨ ᠠᠵᠢᠯ ᠤᠨ ᠪᠠᠶᠢᠷᠢ ᠪᠠᠨ ᠨᠡᠩ ᠨᠠᠨᠳᠢᠩᠨᠠᠨ ᠬᠠᠶᠢᠷᠠᠯᠠᠵᠦ᠂ ᠰᠤᠷᠭᠠᠨ ᠬᠦᠮᠦᠵᠢᠯ ᠤᠨ ᠦᠨᠡᠨᠴᠢ ᠬᠠᠶᠢᠷ᠎ᠠ ᠰᠡᠳᠬᠢᠯᠬᠡ ᠪᠠᠨ ᠦᠢᠯᠡᠰ ᠲᠤ ᠪᠠᠨ ᠡᠷᠬᠦᠵᠦ ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠪᠡᠯᠡᠬᠡᠨ ᠪᠠᠶᠢᠨ᠎ᠠ ᠬᠡᠵᠦ ᠵᠤᠷᠢᠭ ᠢᠶᠠᠨ ᠢᠯᠡᠳᠬᠡᠭᠰᠡᠨ ᠪᠠᠶᠢᠨ᠎ᠠ᠃        ᠳᠤᠰ ᠰᠤᠷᠭᠠᠭᠤᠯᠢ ᠶᠢᠨ ᠨᠠᠮ ᠤᠨ ᠶᠡᠷᠦᠩᠭᠡᠢ ᠡᠬᠦᠷ ᠤᠨ ᠳᠡᠳ᠋ ᠱᠦᠵᠢ ᠱᠤ᠋ ᠭᠤᠸᠠᠩ᠄ ︽ᠪᠢ ᠨᠢᠬᠡᠨ ᠨᠠᠮ ᠤᠨ ᠬᠡᠰᠢᠬᠦᠨ ᠠᠷᠠᠳ ᠤᠨ ᠪᠠᠭᠰᠢ ᠪᠤᠯᠤᠬᠰᠠᠨ ᠤ ᠬᠤᠪᠢ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠦᠪᠡᠷ ᠤᠨ ᠠᠵᠢᠯ ᠰᠤᠷᠤᠯᠴᠠᠯᠭ᠎ᠠ ᠲᠠᠢ ᠪᠠᠨ ᠤᠶᠠᠯᠳᠤᠭᠤᠯᠤᠨ ᠳᠤᠭᠤᠰᠢᠯᠠᠭᠤᠯᠵᠦ᠂ ᠰᠤᠷᠭᠠᠨ ᠬᠦᠮᠦᠵᠢᠯ ᠤᠨ ᠶᠠᠰᠤ ᠴᠢᠨᠠᠷ ᠢᠶᠠᠨ ᠪᠠᠳᠤᠯᠠᠵᠦ᠂ ᠪᠦᠬᠦ ᠪᠠᠭᠰᠢ ᠠᠵᠢᠯᠳᠠᠨ ᠢᠶᠠᠨ ᠳᠠᠶᠢᠴᠢᠯᠠᠨ ᠰᠡᠳᠬᠢᠯ ᠨᠢᠬᠡᠳᠤᠨ᠂ ᠬᠦᠴᠦ ᠪᠠᠨ ᠬᠠᠮᠳᠤᠳᠬᠠᠵᠦ᠂ ᠰᠢᠨ᠎ᠡ ᠴᠠᠭ ᠦᠶ᠎ᠡ ᠶᠢᠨ ᠦᠨᠳᠦᠰᠦᠳᠡᠨ ᠤ ᠰᠤᠶᠤᠯ ᠢ ᠤᠯᠠᠮᠵᠢᠯᠠᠬᠤ ᠰᠢᠨ᠎ᠡ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ ᠠᠵᠢᠯᠯᠠᠬᠤ ᠪᠠᠷ ᠴᠠᠭ ᠢᠮᠠᠬᠳᠠ ᠪᠡᠯᠡᠬᠡᠨ ᠪᠠᠶᠢᠨ᠎ᠠ︾ ᠬᠡᠵᠡᠢ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号