ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠭᠡ ᠶᠢ ᠬᠦᠨᠵᠡᠭᠡᠢ | ᠨᠠᠶᠢᠳᠠᠪᠤᠷᠢᠵᠢᠭᠤᠯᠬᠤ ᠪᠠᠷ᠂ 11 ᠰᠠᠷ᠎ᠠ ᠶᠢᠨ 20 ᠤ ᠡᠳᠤᠷ᠂ ᠵᠠᠯᠠᠶᠢᠳ ᠬᠤᠰᠢᠭᠤᠨ ᠤ ᠰᠤᠷᠭᠠᠨ ᠬᠦᠮᠤᠵᠢᠯ ᠤᠨ | ᠲᠤᠪᠴᠢᠶ᠎ᠠ ᠠᠩᠬᠠᠳᠤᠭᠠᠷ ᠬᠤᠭᠤᠴᠠᠭᠠᠨ ᠤ ᠠᠩᠬᠢ ᠶᠢᠨ ᠡᠷᠬᠢᠯᠡᠭᠴᠢ ᠶᠢᠨ ᠭᠤᠥᠯᠯᠠᠬᠤ ᠬᠡᠪ ᠪᠤᠯᠪᠠᠰᠤᠷᠠᠯ ᠤᠨ | ᠤᠷᠤᠯᠳᠤᠭᠠᠨ ᠢ ᠡᠷᠬᠢᠯᠡᠨ ᠶᠠᠪᠤᠭᠳᠠᠭᠤᠯᠵᠤ᠂ ᠰᠤᠷᠭᠠᠨ ᠬᠦᠮᠤᠵᠢᠯ ᠤᠨ ᠲᠤᠪᠴᠢᠶ᠎ᠠ ᠶᠢᠨ ᠬᠠᠮᠢᠶ᠎ᠠ ᠪᠦᠬᠦᠢ | ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠡᠯ᠎ᠠ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ | ᠪᠠᠭᠰᠢ 500 ᠭᠠᠷᠤᠢ ᠬᠦᠮᠤᠨ ᠤᠷᠤᠯᠴᠠᠪᠠ᠃ | ᠤᠷᠤᠯᠳᠤᠭᠠᠨ ᠨᠢ ᠲᠦᠪ ᠭᠤᠥᠯᠴᠢ᠂ ᠲᠦᠷᠢᠮᠵᠢᠬᠦᠨ ᠵᠠᠷᠴᠢᠮ ᠢ ᠪᠠᠷᠢᠮᠳᠠᠯᠠᠨ᠂ ︽ᠮᠢᠨᠤ ᠵᠢᠭᠠᠨ | ᠰᠤᠷᠭᠠᠯᠳᠠ ᠶᠢᠨ ᠦᠯᠢᠭᠡᠷ︾ ︽ᠶᠤᠰᠤ ᠰᠤᠷᠳᠠᠬᠤᠨ ᠤ ᠬᠡᠷᠡᠭ ᠵᠢᠱᠢᠶ᠎ᠠ ᠶᠢᠨ ᠵᠠᠳᠠᠯᠤᠯᠳᠠ︾ ︽ᠤᠷ᠎ᠠ | ᠠᠪᠢᠶᠠᠰ ᠢᠶᠠᠨ ᠭᠠᠶᠢᠬᠠᠭᠤᠯᠬᠤ︾ ᠭᠡᠬᠦ ᠭᠤᠷᠪᠠᠨ ᠠᠭᠤᠯᠭ᠎ᠠ ᠪᠠᠷ ᠶᠠᠪᠤᠭᠳᠠᠵᠤ᠂ ᠡᠬᠦᠨ ᠢᠶᠠᠷ ᠲᠠᠮᠵᠢᠨ᠂ ᠠᠩᠬᠢ ᠶᠢᠨ | ᠡᠷᠬᠢᠯᠡᠭᠴᠢ ᠶᠢᠨ ᠠᠵᠢᠯ ᠤᠨ ᠲᠤᠷᠰᠢᠯᠭ᠎ᠠ᠂ ᠰᠤᠷᠭᠠᠨ ᠬᠦᠮᠤᠵᠢᠯ ᠤᠨ ᠠᠰᠠᠭᠤᠳᠠᠯ ᠢ ᠢᠯᠡᠷᠡᠬᠦᠯᠬᠦ ᠪᠠ ᠰᠢᠢᠳᠪᠤᠷᠢᠯᠡᠬᠦ | ᠂ ᠠᠩᠬᠢ ᠶᠢᠨ ᠡᠷᠬᠢᠯᠡᠭᠴᠢ ᠶᠢᠨ ᠬᠤᠪᠢ ᠬᠦᠮᠤᠨ ᠤ ᠤᠷ᠎ᠠ ᠠᠪᠢᠶᠠᠰ ᠵᠡᠷᠭᠡ ᠠᠴᠠ ᠠᠩᠬᠢ ᠶᠢᠨ ᠡᠷᠬᠢᠯᠡᠭᠴᠢ ᠶᠢᠨ | ᠶᠡᠷᠤᠩᠬᠡᠶᠢᠯᠡᠭᠰᠡᠨ ᠬᠡᠪ ᠪᠤᠯᠪᠠᠰᠤᠷᠠᠯ ᠪᠠ ᠰᠤᠷᠤᠭᠴᠢ ᠶᠢ ᠬᠦ᠋ᠮᠤᠵᠢᠬᠦᠯᠬᠦ ᠴᠢᠳᠠᠪᠤᠷᠢ ᠶᠢ ᠰᠢᠯᠭᠠᠵᠠᠢ᠃ | ᠲᠤᠰ ᠤᠳᠠᠭᠠᠨ ᠤ ᠤᠷᠤᠯᠳᠤᠭᠠᠨ ᠢᠶᠠᠷ ᠪᠦᠬᠦ ᠬᠤᠰᠢᠭᠤᠨ ᠤ ᠰᠢᠯᠢᠳᠡᠭ ᠠᠩᠬᠢ ᠶᠢᠨ ᠡᠷᠬᠢᠯᠡᠭᠴᠢ ᠶᠢ | ᠰᠢᠯᠭᠠᠷᠠᠭᠤᠯᠵᠤ᠂ ᠭᠤᠥᠯᠯᠠᠭᠴᠢ ᠪᠠᠭᠰᠢ ᠶᠢ ᠪᠤᠯᠪᠠᠰᠤᠷᠠᠭᠤᠯᠵᠤ᠂ ᠰᠢᠯᠢᠳᠡᠭ ᠪᠠᠭᠰᠢ ᠶᠢ ᠰᠢᠯᠭᠠᠷᠠᠭᠤᠯᠤᠨ᠂ | ᠨᠡᠶᠢᠳᠡᠯᠢᠭ ᠵᠢᠱᠢᠶ᠎ᠠ ᠶᠢ ᠱᠤᠭᠤᠵᠤ᠂ ᠠᠩᠬᠢ ᠶᠢᠨ ᠡᠷᠬᠢᠯᠡᠭᠴᠢ ᠶᠢᠨ ᠬᠠᠷᠢᠯᠴᠠᠨ ᠰᠤᠷᠤᠯᠴᠠᠵᠤ ᠬᠠᠮᠳᠤ ᠪᠠᠷ | ᠲᠡᠭᠡᠭᠰᠢᠯᠡᠬᠦ ᠲᠠᠪᠴᠠᠩ ᠢ ᠬᠠᠩᠭᠠᠨ᠂ ᠰᠢᠯᠢᠳᠡᠭ ᠠᠩᠬᠢ ᠶᠢᠨ ᠡᠷᠬᠢᠯᠡᠭᠴᠢ ᠶᠢᠨ ᠡᠩᠨᠡᠭᠡ ᠶᠢ ᠲᠠᠰᠤᠷᠠᠯᠳᠠ ᠦᠭᠡᠢ | ᠪᠤᠵᠠᠭᠠᠢᠢᠷᠠᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ ᠤᠷᠤᠯᠳᠤᠭᠠᠨ ᠨᠢ᠂ ᠪᠦᠬᠦ ᠬᠤᠰᠢᠭᠤᠨ ᠤ ᠡᠯ᠎ᠠ | ᠰᠤᠷᠭᠠᠭᠤᠯᠢ ᠶᠢᠨ ᠬᠤᠭᠤᠷᠤᠨᠳᠤᠬᠢ ᠬᠠᠮᠵᠢᠯᠴᠠᠭ᠎ᠠ ᠬᠠᠷᠢᠯᠴᠠᠭ᠎ᠠ ᠶᠢ ᠴᠢᠩᠭᠠᠳᠬᠠᠵᠤ᠂ ᠵᠢᠭᠠᠨ ᠰᠤᠷᠭᠠᠯᠳᠠ ᠶᠢᠨ ᠡᠬᠢ | ᠪᠠᠶᠠᠯᠢᠭ ᠢ ᠬᠠᠮᠳᠤ ᠪᠠᠷ ᠡᠳ᠋ᠯᠡᠬᠦ ᠶᠢ ᠠᠬᠢᠭᠤᠯᠵᠠᠢ᠃ ᠪᠦᠬᠦ ᠬᠤᠰᠢᠭᠤᠨ ᠤ ᠡᠯ᠎ᠠ ᠰᠤᠷᠭᠠᠭᠤᠯᠢ ᠲᠤᠰ | ᠤᠷᠤᠯᠳᠤᠭᠠᠨ ᠢᠶᠠᠷ ᠠᠵᠠ ᠲᠤᠬᠢᠶᠠᠯ ᠪᠤᠯᠭᠠᠨ᠂ ᠠᠩᠬᠢ ᠶᠢᠨ ᠡᠷᠬᠢᠯᠡᠭᠴᠢ ᠶᠢᠨ ᠡᠩᠨᠡᠭᠡ ᠶᠢᠨ ᠪᠦᠳᠤᠭᠡᠨ | ᠪᠠᠶᠢᠭᠤᠯᠤᠯᠳᠠ ᠪᠠᠨ ᠴᠢᠩᠭᠠᠳᠬᠠᠵᠤ᠂ ᠠᠩᠬᠢ ᠶᠢᠨ ᠡᠷᠬᠢᠯᠡᠭᠴᠢ ᠶᠢᠨ ᠬᠡᠪ ᠪᠤᠯᠪᠠᠰᠤᠷᠠᠯ ᠪᠠ ᠦᠢᠯᠡᠳᠤᠯᠭᠡ ᠶᠢᠨ | ᠴᠢᠳᠠᠪᠤᠷᠢ ᠶᠢ ᠲᠡᠭᠡᠭᠰᠢᠯᠡᠬᠦᠯᠤᠨ᠂ ᠠᠩᠬᠢ ᠶᠢᠨ ᠡᠷᠬᠢᠯᠡᠭᠴᠢ ᠶᠢᠨ ᠰᠤᠷᠭᠠᠨ ᠬᠦᠮᠤᠵᠢᠯ ᠵᠢᠭᠠᠨ ᠰᠤᠷᠭᠠᠯᠳᠠ ᠲᠤᠮᠳᠠᠬᠢ | ᠴᠢᠬᠤᠯᠠ ᠦᠢᠯᠡᠳᠤᠯ ᠢ ᠪᠠᠳᠠᠷᠠᠭᠤᠯᠵᠤ᠂ ᠡᠬᠦᠨ ᠢᠶᠠᠷ ᠲᠠᠮᠵᠢᠨ ᠵᠠᠯᠠᠶᠢᠳ ᠬᠤᠰᠢᠭᠤᠨ ᠤ ᠬᠡᠪ ᠴᠢᠨᠠᠷ ᠤᠨ ᠰᠤᠷᠭᠠᠨ | ᠬᠦᠮᠤᠵᠢᠯ ᠢ ᠲᠦᠯᠬᠢᠨ ᠠᠬᠢᠭᠤᠯᠬᠤ ᠪᠤᠯᠤᠨ᠎ᠠ᠃ | ᠤᠷᠤᠯᠳᠤᠭᠠᠨ ᠤ ᠬᠦᠯᠢᠶᠡᠨ ᠠᠪᠬᠤ ᠬᠡᠪᠴᠢᠶ᠎ᠠ ᠶᠢ ᠦᠷᠭᠡᠳᠭᠡᠨ᠂ ᠨᠡᠩ ᠤᠯᠠᠨ ᠰᠤᠷᠭᠠᠨ ᠬᠦᠮᠤᠵᠢᠯ ᠤᠨ | ᠠᠵᠢᠯᠳᠠᠨ ᠤ ᠬᠤᠵᠢᠮ ᠤᠨ ᠠᠵᠢᠯ ᠢ ᠵᠢᠯᠤᠭᠤᠳᠤᠭᠤᠯᠬᠤ ᠪᠠᠷ᠂ ᠲᠤᠰ ᠤᠳᠠᠭᠠᠨ ᠤ ᠤᠷᠤᠯᠳᠤᠭᠠᠨ ᠢ ᠰᠢᠭᠤᠳ | ᠨᠡᠪᠳᠡᠷᠡᠬᠦᠯᠭᠡ ᠬᠢᠵᠤ᠂ ᠨᠡᠶᠢᠳᠠ 13027 ᠬᠦᠮᠤᠨ ᠬᠦᠯᠢᠶᠡᠨ ᠠᠪᠴᠤ ᠦᠵᠡᠭᠰᠡᠨ ᠪᠠᠶᠢᠨ᠎ᠠ᠃ | |