ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠦᠨᠳᠤᠰᠤᠨ ᠱᠠᠳᠤᠨ ᠤ ᠬᠡᠤᠬᠡᠳ ᠤᠨ ᠴᠡᠴᠡᠷᠯᠢᠭ ᠲᠤ ᠬᠢᠴᠢᠶᠡᠯ ᠬᠦᠷᠭᠡᠵᠠᠢ
ᠨᠡᠶᠢᠲᠡᠯᠡᠭᠰᠡᠨ ᠴᠠᠭ᠄
2020/11/27
      ᠤᠯᠠᠭᠠᠨᠬᠤᠳᠠ ᠶᠢᠨ ᠰᠤᠷᠭᠠᠨ ᠬᠦᠮᠤᠵᠢᠯ ᠤᠨ ᠳᠤᠪᠴᠢᠶᠠᠨ ᠤ ᠵᠢᠭᠠᠨ ᠰᠤᠷᠭᠠᠬᠤ ᠲᠠᠰᠤᠭ ᠤᠨ ︽ᠤᠯᠠᠭᠠᠨᠬᠤᠳᠠ ᠶᠢᠨ ᠬᠡᠥᠬᠡᠳ ᠤᠨ ᠴᠡᠴᠡᠷᠯᠢᠭ ᠤᠨ ᠦᠨᠳᠤᠰᠤᠨ ᠱᠠᠳᠤᠨ ᠳᠤ ᠬᠢᠴᠢᠶᠡᠯ ᠬᠦᠷᠭᠡᠬᠦ ᠠᠵᠢᠯᠯᠠᠭ᠎ᠠ︾ ᠶᠢ ᠦᠷᠨᠢᠬᠦᠯᠬᠦ ᠲᠤᠬᠠᠢ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠬᠡᠥᠬᠡᠳ ᠤᠨ ᠴᠡᠴᠡᠷᠯᠢᠭ ᠢ ᠬᠠᠪᠰᠤᠷᠤᠨ ᠲᠡᠳᠬᠦᠬᠦ ᠬᠦᠴᠤᠯᠡᠴᠡ ᠪᠠᠨ ᠴᠢᠩᠭᠠᠷᠠᠭᠤᠯᠵᠤ᠂ ᠬᠤᠳᠠ ᠬᠦᠳᠡᠭᠡ ᠪᠠ ᠤᠷᠤᠨ ᠲᠤᠭᠤᠷᠢᠭ ᠤᠨ ᠬᠤᠭᠤᠷᠤᠨᠳᠤᠬᠢ ᠵᠢᠭᠠᠨ ᠰᠤᠷᠭᠠᠬᠤ ᠵᠦᠷᠢᠶ᠎ᠠ ᠶᠢ ᠪᠠᠭᠠᠰᠬᠠᠨ᠂ ᠰᠤᠷᠭᠠᠨ ᠬᠦᠮᠤᠵᠢᠯ ᠤᠨ ᠡᠬᠢ ᠪᠠᠶᠠᠯᠢᠭ ᠢ ᠬᠠᠮᠳᠤᠪᠠᠷ ᠡᠳ᠋ᠯᠡᠬᠦ ᠶᠢ ᠪᠡᠶᠡᠯᠡᠬᠦᠯᠬᠦ ᠪᠠᠷ᠂ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠤᠨ 8 ᠪᠠᠭᠰᠢ ᠠᠴᠠ 11 ᠰᠠᠷ᠎ᠠ ᠶᠢᠨ 17 ᠤ ᠡᠳᠤᠷ ᠤᠯᠠᠭᠠᠨᠬᠤᠳᠠ ᠶᠢᠨ ᠭᠡᠭᠡᠨᠰᠦ᠋ᠮ᠎ᠠ ᠭᠤᠥᠯ ᠬᠡᠥᠬᠡᠳ ᠤᠨ ᠴᠡᠴᠡᠷᠯᠢᠭ ᠪᠠ ᠬᠦᠭᠵᠢᠯᠳᠤ ᠬᠡᠥᠬᠡᠳ ᠤᠨ ᠴᠡᠴᠡᠷᠯᠢᠭ ᠲᠤ ᠬᠢᠴᠢᠶᠡᠯ ᠬᠦᠷᠭᠡᠬᠦ ᠠᠵᠢᠯᠯᠠᠭ᠎ᠠ ᠦᠷᠨᠢᠬᠦᠯᠥᠭᠰᠡᠨ ᠪᠠᠶᠢᠨ᠎ᠠ᠃       ᠬᠢᠴᠢᠶᠡᠯ ᠤᠷᠤᠬᠤ ᠡᠬᠦᠷᠭᠡ ᠶᠢ ᠲᠠᠭᠠᠭᠠᠴᠢᠯᠠᠨ ᠠᠪᠤᠭᠰᠠᠨ 8 ᠪᠠᠭᠰᠢ ᠠᠴᠠ ᠤᠷᠢᠳᠠᠪᠠᠷ ᠲᠤᠰ ᠬᠤᠶᠠᠷ ᠬᠦᠳᠡᠭᠡ ᠲᠤᠰᠬᠤᠨ ᠤ ᠬᠡᠤᠬᠡᠳ ᠤᠨ ᠴᠡᠴᠡᠷᠯᠢᠭ ᠤᠨ ᠬᠦᠭᠵᠢᠯᠳᠠ ᠵᠢᠴᠢ ᠴᠡᠴᠡᠷᠯᠢᠭ ᠤᠨ ᠲᠤᠨᠤᠭ ᠲᠦᠬᠦᠭᠡᠷᠤᠮᠵᠢ ᠶᠢᠨ ᠪᠠᠶᠢᠳᠠᠯ ᠢ ᠨᠠᠷᠢᠨ ᠨᠢᠭᠳᠠ ᠤᠢᠢᠯᠠᠭᠠᠵᠤ᠂ ᠪᠤᠳᠠᠳᠠᠢ ᠪᠠᠶᠢᠳᠠᠯ ᠳᠤ ᠨᠢ ᠲᠤᠬᠢᠷᠠᠭᠤᠯᠤᠨ 3 ᠮᠤᠩᠭᠤᠯ ᠬᠡᠯᠡᠨ ᠤ ᠬᠢᠴᠢᠶᠡᠯ ᠪᠠ 5 ᠬᠢᠳᠠᠳ ᠬᠡᠯᠡᠨ ᠤ ᠬᠢᠴᠢᠶᠡᠯ ᠪᠡᠯᠡᠳᠭᠡᠭᠰᠡᠨ ᠪᠠᠶᠢᠨ᠎ᠠ᠃ ᠪᠠᠭᠰᠢ ᠨᠠᠷ ᠠᠴᠠ ᠨᠠᠷᠢᠨ ᠬᠢᠨᠠᠮᠠᠭᠠᠢ ᠬᠢᠴᠢᠶᠡᠯ ᠢᠶᠠᠨ ᠪᠡᠯᠡᠳᠭᠡᠵᠤ᠂ ᠡᠳᠤᠷ ᠲᠤᠳᠤᠮ ᠤᠨ ᠦᠷᠬᠦᠯᠵᠢ ᠲᠤᠬᠢᠶᠠᠯᠳᠤᠳᠠᠭ᠂ ᠬᠡᠥᠬᠡᠳ ᠤᠨ ᠠᠮᠢᠳᠤᠷᠠᠯ ᠲᠠᠢ ᠤᠢᠢᠷᠠᠳᠤᠭᠰᠠᠨ ᠵᠢᠭᠠᠨ ᠰᠤᠷᠭᠠᠯᠳᠠ ᠶᠢᠨ ᠪᠠᠭᠠᠵᠢ ᠬᠡᠷᠡᠭᠰᠡᠯ ᠢ ᠬᠦᠢᠴᠡᠳ ᠠᠰᠢᠭᠯᠠᠨ᠂ ᠬᠡᠥᠬᠡᠳ ᠤᠨ ᠰᠤᠷᠤᠯᠴᠠᠬᠤ ᠢᠳᠡᠪᠬᠢᠵᠢᠯ᠂ ᠲᠤᠭᠯᠠᠭᠠᠮ ᠤᠨ ᠲᠤᠮᠳᠠ ᠰᠢᠨ᠎ᠠ ᠮᠡᠳᠡᠯᠭᠡ ᠮᠡᠷᠭᠡᠵᠢᠯ ᠢ ᠰᠠᠶᠢᠨ ᠲᠤᠷ᠎ᠠ ᠠᠴᠠ ᠪᠠᠨ ᠰᠤᠷᠤᠯᠴᠠᠬᠤ ᠶᠢ ᠲᠠᠶᠢᠴᠢᠯᠠᠵᠠᠢ᠃       ᠵᠢᠭᠠᠨ ᠰᠤᠷᠭᠠᠯᠳᠠ ᠶᠢᠨ ᠠᠵᠢᠯᠯᠠᠭ᠎ᠠ ᠶᠢᠨ ᠲᠠᠷᠠᠭ᠎ᠠ᠂ ᠬᠢᠴᠢᠶᠡᠯ ᠤᠷᠤᠭᠰᠠᠨ ᠪᠠᠭᠰᠢ ᠠᠴᠠ ᠬᠢᠴᠢᠶᠡᠯ ᠤᠨ ᠲᠦᠯᠤᠪᠯᠡᠭᠡ ᠶᠢᠨ ᠵᠤᠷᠢᠯᠭ᠎ᠠ᠂ ᠬᠠᠷᠠᠯᠳᠠ᠂ ᠠᠵᠢᠯᠯᠠᠭᠠᠨ ᠤ ᠶᠠᠪᠤᠴᠠ ᠶᠢᠨ ᠲᠤᠩᠭᠠᠯᠳᠠ ᠵᠢᠴᠢ ᠬᠢᠴᠢᠶᠡᠯ ᠰᠤᠨᠤᠰᠤᠭᠰᠠᠨ ᠪᠠᠭᠰᠢ ᠨᠠᠷ ᠲᠠᠢ ᠰᠠᠭᠤᠳᠠᠯ ᠤᠨ ᠬᠤᠷᠠᠯ ᠬᠢᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ᠂ ᠬᠡᠤᠬᠡᠳ ᠤᠨ ᠴᠡᠴᠡᠷᠯᠢᠭ ᠤᠨ ᠬᠤᠭᠤᠷᠤᠨᠳᠤᠬᠢ ᠡᠬᠢ ᠪᠡᠶᠠᠯᠢᠬ ᠢ ᠬᠠᠮᠳᠤᠪᠠᠷ ᠡᠳ᠋ᠯᠡᠬᠦ ᠶᠢ ᠪᠡᠶᠡᠯᠡᠬᠦᠯᠥᠭᠰᠡᠨ ᠤ ᠬᠠᠮᠳᠤ᠂ ᠪᠠᠭᠰᠢ ᠨᠠᠷ ᠤᠨ ᠬᠠᠷᠢᠯᠴᠠᠨ ᠰᠤᠷᠤᠯᠴᠠᠬᠤ᠂ ᠵᠢᠭᠠᠨ ᠰᠤᠷᠭᠠᠯᠳᠠ ᠶᠢᠨ ᠲᠤᠷᠰᠢᠯᠭ᠎ᠠ ᠪᠠ ᠠᠷᠭ᠎ᠠ ᠠᠪᠴᠠᠯ ᠢ ᠰᠤᠯᠢᠯᠴᠠᠬᠤ ᠲᠠᠪᠴᠠᠩ ᠬᠠᠩᠭᠠᠵᠤ ᠴᠢᠳᠠᠵᠠᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号