ᠬᠢᠨᠭ᠍ᠭᠠᠨ ᠤᠯᠠᠭᠠᠨᠮᠦ᠋ᠴᠢᠷ ᠤᠨ ᠬᠢᠨ ᠲᠦᠴᠢᠤᠸᠠᠨ ᠰᠢᠶᠠᠨ ᠳᠤ ᠤᠷᠠᠨ ᠰᠠᠶᠢᠬᠠᠨ ᠤ ᠲᠤᠬᠯᠠᠯᠲᠠ ᠭᠠᠷᠭᠠᠵᠦ ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠠᠢ
ᠨᠡᠶᠢᠲᠡᠯᠡᠭᠰᠡᠨ ᠴᠠᠭ᠄
2020/12/11
      ᠤᠢᠢᠷ᠎ᠠ ᠶᠢᠨ ᠡᠳᠦᠷ᠂ ᠬᠢᠨᠭ᠍ᠭᠠᠨ ᠤᠯᠠᠭᠠᠨᠮᠦ᠋ᠴᠢᠷ ᠤᠨ ᠬᠢᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠲᠠ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠠᠵᠢᠯᠯᠠᠭᠠᠨ ᠤ ᠨᠢᠭᠡ ᠪᠤᠯᠬᠤ ︽ᠲᠠᠯ᠎ᠠ ᠨᠤᠲᠤᠭ ᠤᠨ ᠬᠦᠪᠡᠭᠦᠳ ᠦᠬᠢᠳ ᠡᠭᠡ ᠤᠯᠤᠰ ᠢᠶᠠᠨ ᠬᠠᠶᠢᠷᠠᠯᠠᠵᠦ᠂ ᠲᠤᠮᠳᠠᠲᠦ ᠶᠢᠨ ᠦᠨᠳᠦᠰᠦᠲᠠᠨ ᠨᠦᠭᠦᠳ ᠬᠠᠮᠲᠦ ᠪᠠᠷ ᠪᠠᠶᠠᠰᠤᠯᠴᠠᠬᠤ︾ ᠭᠡᠬᠦ ᠭᠤᠤᠯ ᠰᠡᠳᠤᠪᠳᠤ ᠤᠷᠠᠨ ᠰᠠᠶᠢᠬᠠᠨ ᠤ ᠲᠤᠬᠯᠠᠯᠲᠠ ᠨᠢ ᠦᠨᠳᠤᠰᠤᠨ ᠱᠠᠳᠤᠨ ᠤ ᠤᠯᠠᠨ ᠲᠦᠮᠡᠨ ᠳᠤ ᠪᠠᠶᠠᠷ ᠵᠢᠷᠭᠠᠯ ᠬᠦᠷᠭᠡᠭᠰᠡᠨ ᠪᠠᠶᠢᠨ᠎ᠠ᠃        ᠠᠵᠢᠯᠯᠠᠭ᠎ᠠ ᠨᠢ ᠲᠤᠬᠳᠠᠬᠰᠠᠨ ᠴᠠᠬ ᠲᠤ ᠪᠠᠨ ᠡᠭᠢᠯᠡᠵᠦ᠂ ᠦᠨᠳᠦᠰᠦᠲᠡᠨ ᠤ ᠤᠨᠴᠠᠯᠢᠬ ᠪᠦᠬᠦᠢ ︽ᠲᠡᠭᠦᠯᠢᠨᠡᠮ︾ ᠭᠡᠬᠦ ᠪᠦᠵᠢᠭ ᠤᠨ ᠳᠤᠮᠳᠠ ᠬᠦᠰᠢᠭᠡ ᠪᠠᠨ ᠢᠷᠡᠵᠦ ᠦᠵᠡᠭᠴᠢ ᠲᠦᠮᠡᠨ ᠤ ᠪᠠᠨ ᠬᠠᠯᠠᠭᠤᠨ ᠠᠯᠠᠭ᠎ᠠ ᠲᠠᠰᠢᠯᠲᠠ ᠶᠢ ᠬᠦᠷᠲᠡᠪᠠ᠃ ᠤᠯᠠᠭᠠᠨᠮᠦ᠋ᠴᠢᠷ ᠤᠨ ᠭᠡᠰᠢᠭᠦᠳ ᠤᠨ ᠬᠤᠪᠢ ᠪᠠᠷ ᠢᠶᠠᠨ ᠪᠡᠯᠡᠳᠭᠡᠭᠰᠡᠨ ︽ᠦᠵᠡᠰᠭᠦᠯᠠᠩᠲᠦ ᠰᠠᠶᠢᠬᠠᠨ ᠳᠤᠮᠳᠠᠲᠦ ᠤᠯᠤᠰ︾᠂ ︽ᠲᠠᠯ᠎ᠠ ᠨᠤᠲᠤᠭ ᠲᠤ ᠮᠦᠡᠭᠭᠡ ᠶᠢᠨ ᠨᠠᠷᠠ ᠮᠠᠨᠳᠤᠯ᠎ᠠ︾ ︽ᠮᠠᠶᠢᠮᠠᠶᠢᠴᠢᠨ︾᠂ ︽ᠠᠬᠳᠠ ᠬᠦᠯᠦᠭ ᠤᠨ ᠮᠠᠬᠳᠠᠭᠠᠯ︾ ᠵᠡᠷᠭᠡ ᠡᠭᠡ ᠤᠯᠤᠰ᠂ ᠲᠠᠯ᠎ᠠ ᠨᠤᠲᠤᠭ᠂ ᠬᠦᠮᠦᠨ ᠪᠠᠶᠢᠭᠠᠯᠢ ᠪᠠᠨ ᠮᠠᠬᠳᠠᠨ ᠳᠠᠭᠤᠯᠠᠬᠰᠠᠨ ᠡᠯᠪᠡᠭ ᠠᠭᠤᠯᠭ᠎ᠠ ᠪᠦᠬᠦᠢ ᠤᠷᠠᠨ ᠰᠠᠶᠢᠬᠠᠨ ᠤ ᠲᠤᠬᠯᠠᠯᠲᠠ ᠨᠢ ᠦᠵᠡᠭᠴᠢᠳ ᠤᠯᠠᠨ ᠤ ᠪᠠᠨ ᠪᠠᠭ᠋ᠠᠷᠬᠠᠯ ᠢ ᠲᠠᠳᠠᠵᠤ᠂ ᠲᠤᠬᠠᠢ ᠶᠢᠨ ᠲᠠᠯᠠᠪᠦᠷ ᠢ ᠬᠦᠷ ᠬᠦᠭᠵᠢᠶᠠᠨ ᠢᠶᠠᠷ ᠪᠢᠯᠬᠠᠭᠤᠯᠵᠠᠢ᠃       ᠦᠨᠳᠤᠰᠤᠨ ᠱᠠᠳᠤᠨ ᠤ ᠣᠯᠠᠨ ᠲᠦᠮᠡᠨ ᠤ ᠪᠣᠳᠠᠲᠤ ᠱᠠᠭᠠᠷᠳᠠᠯᠭ᠎ᠠ ᠲᠠᠢ ᠵᠤᠬᠢᠴᠠᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠤᠬᠠᠭᠤᠯᠬᠤ ᠪᠠᠷ ᠬᠢᠩᠭᠠᠨ ᠤᠯᠠᠭᠠᠨᠮᠥ᠋ᠴᠢᠷ ᠤᠨ ᠬᠢᠨ ᠤᠳᠬ᠎ᠠ ᠤᠷᠠᠯᠢᠭ ᠤᠨ ᠰᠢᠷᠢᠰ ᠫᠷᠤᠭ᠍ᠷᠠᠮ ᠢ ᠨᠢᠮᠪᠠᠶ ᠲᠥᠰᠦᠪᠯᠡᠵᠦ᠂ ᠬᠢᠨᠠᠮᠠᠭᠠᠶ ᠨᠠᠶᠢᠷᠠᠭᠤᠯᠤᠨ ᠵᠤᠬᠢᠶᠠᠵᠦ᠂ ᠡᠯᠪᠡᠭ ᠪᠠᠶᠠᠯᠢᠭ ᠠᠭᠤᠯᠭ᠎ᠠ ᠪᠦᠬᠦᠢ ᠲᠤᠬᠯᠠᠯᠳᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠲᠡᠯᠭᠡᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠤᠯᠠᠮ ᠨᠢᠭᠡ ᠠᠯᠬᠤᠮ ᠲᠡᠭᠡᠭᠰᠢᠯᠡᠭᠦᠯᠵᠠᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号