ᠡᠩᠭᠦᠷᠠᠢ ᠰᠤᠷᠤᠭᠴᠢᠳ ᠤᠨ ᠠᠪᠢᠶᠠᠰ ᠪᠢᠯᠢᠭ ᠢ ᠪᠠᠳᠠᠷᠠᠭᠤᠯᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠬᠦᠯᠤᠨ᠎ᠠ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ︽ᠪᠢᠳᠡ ᠬᠢᠴᠢᠶᠡᠯ ᠤᠨ ᠵᠦᠴᠦᠭᠡ ᠲᠠᠢ ᠪᠠᠨ ᠬᠠᠮᠳᠤ ᠪᠠᠶᠠᠰᠤᠨ᠎ᠠ︾ ᠭᠡᠭᠦ ᠭᠤᠤᠯ ᠰᠡᠳᠤᠪᠳᠤ ᠤᠷᠤᠯᠳᠤᠭᠠᠨ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2020/12/11
      ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠬᠢᠲᠠᠳ ᠬᠡᠯᠡᠨ ᠤ ᠵᠢᠭᠠᠨ ᠰᠤᠷᠭᠠᠯᠲᠠ ᠶᠢᠨ ᠪᠠᠶᠠᠯᠢᠭ ᠠᠭᠤᠯᠭ᠎ᠠ ᠪᠠᠨ ᠪᠤᠳᠠᠲᠠᠶᠢᠴᠢᠯᠠᠬᠰᠠᠨ ᠦᠵᠡᠭᠦᠯᠭᠡ ᠪᠤᠯᠭᠠᠨ ᠲᠡᠯᠭᠡᠵᠤ᠂ ᠰᠤᠷᠤᠭᠴᠢᠳ ᠤᠨ ᠤᠩᠰᠢᠯᠭ᠎ᠠ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠨ᠂ ᠲᠡᠳᠡᠨᠡᠷ ᠤᠨ ᠬᠢᠴᠢᠶᠡᠯ ᠤᠨ ᠠᠭᠤᠯᠭ᠎ᠠ ᠰᠠᠨᠠᠭ᠎ᠠ ᠶᠢ ᠪᠡᠶᠡᠴᠢᠯᠡᠨ ᠰᠡᠷᠡᠵᠤ᠂ ᠲᠣᠭᠯᠠᠨ ᠢᠯᠡᠳᠭᠡᠬᠦ ᠤᠷ᠎ᠠ ᠴᠢᠳᠠᠪᠦᠷᠢ ᠶᠢ ᠨᠢ ᠳᠡᠭᠡᠭᠰᠢᠯᠡᠭᠦᠯᠬᠦ ᠵᠣᠷᠢᠯᠭ᠎ᠠ ᠪᠠᠷ ᠬᠢᠲᠠᠳ ᠬᠡᠯᠡᠨ ᠤ ᠳᠤᠭᠤᠶᠢᠯᠠᠩ ᠤᠨ ᠬᠢᠨ 12 ᠰᠠᠷ᠎ᠠ ᠶᠢᠨ 1 ᠤ ᠣᠷᠤᠢ᠂ ︽ᠪᠢᠳᠡ ᠬᠢᠴᠢᠶᠡᠯ ᠤᠨ ᠵᠦᠴᠦᠭᠡ ᠲᠠᠢ ᠪᠠᠨ ᠬᠠᠮᠲᠦ ᠪᠠᠶᠠᠰᠤᠨ᠎ᠠ︾ ᠭᠡᠬᠦ ᠭᠤᠣᠯ ᠰᠡᠳᠦᠪᠲᠦ ᠤᠷᠤᠯᠳᠤᠭᠠᠨ ᠢ ᠳᠡᠭᠡᠳᠦ ᠨᠢᠭᠡᠳᠦᠭᠡᠷ ᠣᠨ ᠨᠢᠭᠡᠴᠢ ᠳᠤ ᠠᠮᠵᠢᠯᠲᠠ ᠲᠠᠢ ᠶᠠᠪᠤᠭᠳᠠᠭᠤᠯᠵᠠᠢ᠃       ᠤᠷᠤᠯᠳᠤᠭᠠᠨ ᠳᠤ ᠳᠡᠭᠡᠳᠦ ᠨᠢᠭᠡ ᠶᠢᠨ ᠠᠩᠭᠢ ᠪᠦᠷᠢ ᠠᠴᠠ 6 — 8 ᠬᠦᠮᠦᠨ ᠢᠶᠠᠷ ᠪᠦᠷᠢᠯᠳᠦᠭᠰᠡᠨ ᠲᠤᠭᠤᠢᠢᠯᠠᠩ ᠢ ᠵᠤᠬᠢᠶᠠᠨ ᠪᠠᠶᠢᠭᠤᠯᠵᠤ᠂ ᠰᠢᠪᠠᠭ᠎ᠠ ᠰᠤᠭᠤᠯᠤᠭᠰᠠᠨ ᠳᠡᠰ ᠳᠠᠷᠠᠭ᠎ᠠ ᠪᠠᠷ ᠢᠶᠠᠨ ᠪᠡᠯᠡᠳᠭᠡᠭᠰᠡᠨ ᠬᠢᠴᠢᠶᠡᠯ ᠤᠨ ᠵᠦᠴᠦᠭᠡ ᠪᠠᠨ ᠲᠣᠭᠯᠠᠵᠤ ᠤᠷᠤᠯᠳᠤᠭᠰᠠᠨ ᠪᠦᠭᠡᠳ ᠬᠢᠨᠠᠭᠴᠢᠳ ᠤᠨ ᠰᠢᠯᠭᠠᠷᠠᠭᠤᠯᠤᠯᠲᠠ ᠪᠠᠷ ᠳᠠᠮᠵᠢᠵᠤ᠂ ᠨᠢᠭᠡ ᠶᠢᠨ ᠬᠤᠶᠠᠷ᠂ ᠨᠢᠭᠡ ᠶᠢᠨ ᠳᠥᠷᠪᠡ ᠮᠠᠩᠯᠠᠶᠢᠯᠠᠵᠤ᠂ ᠨᠢᠭᠡ ᠶᠢᠨ ᠠᠷᠪᠠ᠂ ᠨᠢᠭᠡ ᠶᠢᠨ ᠠᠷᠪᠠᠨ ᠨᠢᠭᠡ᠂ ᠨᠢᠭᠡ ᠶᠢᠨ ᠶᠢᠰᠦ ᠪᠠ ᠨᠢᠭᠡ ᠶᠢᠨ ᠨᠠᠢᠮᠠ ᠳᠡᠳ᠋ᠯᠡᠵᠤ᠂ ᠨᠢᠭᠡ ᠶᠢᠨ ᠠᠷᠪᠠᠨ ᠬᠤᠶᠠᠷ ᠵᠡᠷᠭᠡ ᠳᠥᠷᠪᠡᠨ ᠠᠩᠭᠢ ᠭᠤᠷᠪᠠᠳᠤᠭᠠᠷ ᠲᠡᠰ ᠲᠤ ᠤᠷᠤᠵᠠᠢ᠃       ᠲᠤᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠣᠶᠣᠯ ᠤᠨ ᠬᠦᠳᠡᠯᠭᠡᠭᠡᠨ ᠤ ᠠᠭᠤᠯᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠰᠤᠷᠤᠭᠴᠢᠳ ᠤᠨ ᠬᠢᠴᠢᠶᠡᠯ ᠤᠨ ᠠᠭᠤᠯᠭ᠎ᠠ ᠪᠠᠨ ᠤᠢᠢᠯᠠᠭᠠᠵᠤ᠂ ᠮᠡᠳᠡᠯᠭᠡ ᠴᠢᠳᠠᠪᠦᠷᠢ ᠪᠠᠨ ᠨᠡᠮᠡᠭᠳᠡᠭᠦᠯᠵᠤ᠂ ᠠᠮᠢᠳᠤᠷᠠᠯ ᠢ ᠪᠡᠶᠡᠴᠢᠯᠡᠨ ᠲᠠᠨᠢᠬᠤ ᠦᠢᠯᠡᠳᠦᠯᠭᠡ ᠶᠢᠨ ᠴᠢᠳᠠᠪᠦᠷᠢ ᠶᠢ ᠬᠤᠪᠢ ᠳᠠᠬᠢᠨ ᠦᠨᠳᠦᠷᠵᠢᠭᠦᠯᠵᠤ᠂ ᠰᠤᠷᠤᠯᠴᠠᠬᠤ ᠤᠷᠮ᠎ᠠ ᠪᠠᠬ᠎ᠠ ᠪᠠ ᠢᠳᠡᠪᠬᠢᠵᠢᠯ ᠢ ᠨᠢ ᠳᠠᠶᠢᠴᠢᠯᠠᠭᠰᠠᠨ ᠤᠳᠬ᠎ᠠ ᠠᠭᠤᠯᠭ᠎ᠠ ᠲᠠᠢ ᠬᠦᠳᠡᠯᠭᠡᠭᠡᠨ ᠪᠤᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号